ᠵᠢᠯ ᠪᠦᠷᠢ 2 ᠲᠦᠮᠡᠨ ᠲᠦᠬᠦᠷᠢᠭ ᠡᠴᠡ 30 ᠲᠦᠮᠡᠨ ᠲᠥᠭᠥᠷᠢᠭ ᠱᠠᠡᠭᠨᠠᠨ᠎ᠠ
2025-02-07 10:24:49
ᠵᠣᠬᠢᠶᠠᠭ᠍ᠴᠢ᠄
​ ᠼᠠᠢ ᠬᠤᠡᠭ
ᠣᠩᠱᠢᠭ᠍ᠰᠠᠨ ᠣᠳᠠᠭ᠎ᠠ᠄
★★★☆☆

— ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠵᠢ ᠳᠡᠮᠵᠢᠬᠦ᠌ ᠠᠷᠭ᠎ᠠ ᠬᠡᠮᠵᠢᠶ᠎ᠡ ᠵᠢᠨ ᠲᠤᠬᠠᠢ ᠲᠠᠢᠯᠦᠮᠵᠢ (ᠳᠤᠮᠳᠠᠳᠤ)

ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠵᠥᠪᠱᠢᠶᠡᠷᠡᠯ ᠶ᠋ᠢᠡᠷ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠠᠯᠪᠠᠨ ᠲᠢᠩᠬᠢᠮ ᠤᠢᠷ᠎ᠠ ᠳ᠋ᠤ 《ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠵᠢ ᠳᠡᠮᠵᠢᠬᠦ᠌ ᠠᠷᠭ᠎ᠠ ᠬᠡᠮᠵᠢᠶ᠎ᠡ ᠨᠤᠭᠦᠳ ᠤ᠋ᠨ ᠲᠤᠬᠠᠶ ᠮᠡᠳᠡᠭ᠌ᠳᠡᠯ》 ᠢ᠋ ᠳᠠᠷᠤᠮᠠᠯᠯᠠᠨ ᠲᠠᠷᠬᠠᠭᠠᠵᠤ᠂ 9 ᠵᠤᠢᠯ ᠤ᠋ᠨ ᠠᠷᠭ᠎ᠠ ᠬᠡᠮᠵᠢᠶ᠎ᠠ ᠲᠤᠷᠠᠳᠤᠭᠰᠠᠨ ᠪᠦᠬᠡᠳ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤ᠋ᠨ ᠬᠢᠨ ᠪᠣᠳᠠᠲᠤ ᠪᠠᠢᠳᠠᠯ ᠲᠠᠶ ᠪᠠᠨ ᠤᠶᠠᠯᠳᠤᠭᠤᠯᠤᠨ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠢ ᠱᠠᠭᠠᠷᠳᠠᠵᠠᠢ᠃

ᠠᠷᠭ᠎ᠠ ᠬᠡᠮᠵᠢᠶ᠎ᠠ ④

ᠪᠡᠯᠡᠨ ᠵᠠᠭᠤᠰᠢ ᠶ᠋ᠢᠨ ᠠᠵᠤ ᠦᠢᠯᠡᠰ ᠤ᠋ᠨ ᠬᠥᠭ᠌ᠵᠢᠯᠲᠡ ᠵᠢ ᠠᠬᠢᠭᠤᠯᠤᠨ᠎ᠠ

ᠵᠢᠯ ᠪᠦᠷᠢ ᠥᠪᠡᠷᠲᠡᠭᠡᠨ ᠵᠠᠰᠠᠬᠤ ᠣᠷᠣᠨ ᠤ᠋ ᠪᠡᠯᠡᠨ ᠵᠠᠭᠤᠰᠢ ᠶ᠋ᠢᠨ ᠳᠠᠭᠠᠭᠤᠯᠤᠭ᠍ᠴᠢ ᠠᠵᠤ ᠠᠬᠤᠢᠯᠠᠯ᠂ ᠰᠦᠯᠵᠢᠶᠡᠨ ᠳᠡᠭᠡᠷᠡᠬᠢ ᠪᠤᠷᠤᠯᠠᠭᠤᠯᠭ᠎ᠠ ᠪᠠ ᠣᠨᠴᠠᠯᠢᠠᠠᠳᠦ ᠲᠥᠷᠥᠯ ᠲᠡᠮᠳᠡᠭ᠌ᠲᠦ᠍ ᠶ᠋ᠢᠨ ᠠᠷᠪᠠᠨ ᠬᠦᠴᠦᠷᠬᠡᠭ ᠶ᠋ᠢᠡᠷ ᠰᠢᠯᠭᠠᠷᠠᠭᠰᠠᠨ ᠠᠵᠤ ᠠᠬᠤᠢᠯᠠᠯ ᠤ᠋ᠨ ᠪᠤᠷᠤᠯᠠᠭᠤᠯᠭ᠎ᠠ ᠶ᠋ᠢᠨ ᠬᠡᠮᠵᠢᠶ᠎ᠠ ᠨᠢ ᠲᠦᠷᠦᠭᠦᠦ ᠵᠢᠯ ᠤ᠋ᠨ ᠬᠢ ᠡᠴᠡ ᠪᠡᠨ 100 ᠲᠦᠮᠡᠨ ᠲᠥᠭᠥᠷᠢᠭ ᠨᠡᠮᠡᠭᠳᠡᠬᠦ ᠪᠦᠷᠢ 2 ᠲᠦᠮᠡᠨ ᠲᠥᠭᠥᠷᠢᠭ ᠱᠠᠡᠭᠨᠠᠨ᠂ ᠬᠠᠮᠤᠭ ᠤ᠋ᠨ ᠥᠨᠳᠥᠷ ᠲᠡᠬᠡᠨ 30 ᠲᠦᠮᠡᠨ ᠲᠥᠭᠥᠷᠢᠭ ᠱᠠᠡᠭᠨᠠᠵᠤ᠂ ᠢᠵᠢᠯ ᠨᠢᠭᠡ ᠠᠵᠤ ᠠᠬᠤᠢᠯᠠᠯ ᠢ᠋ ᠲᠤᠬᠠᠢ ᠶ᠋ᠢᠨ ᠵᠢᠯ ᠳ᠋ᠤ ᠳᠠᠪᠬᠤᠷᠳᠠᠭᠤᠯᠤᠨ ᠱᠠᠩᠨᠠᠬᠤ ᠥᠬᠡᠶ᠃

ᠠᠷᠭ᠎ᠠ ᠬᠡᠮᠵᠢᠶ᠎ᠠ ⑤

ᠨᠠᠷᠢᠯᠢᠭ ᠪᠤᠯᠪᠠᠰᠤᠷᠠᠭᠤᠯᠬᠤ ᠠᠵᠤ ᠠᠬᠤᠢᠯᠠᠯ ᠤ᠋ᠨ ᠬᠦᠷᠢᠶᠡᠯᠡᠩ ᠲᠣᠭᠣᠷᠢᠭ ᠲᠠᠢᠰᠢ ᠲᠥᠪᠯᠡᠷᠡᠬᠦ᠌ ᠵᠢ ᠠᠬᠢᠭᠤᠯᠤᠨ᠎ᠠ

ᠵᠢᠯ ᠪᠦᠷᠢ ᠨᠠᠷᠢᠯᠢᠭ ᠪᠤᠯᠪᠠᠰᠤᠷᠠᠭᠤᠯᠬᠤ ᠪᠡᠷ ᠭᠣᠣᠯ ᠪᠣᠯᠭᠠᠭ᠍ᠰᠠᠨ ᠥᠪᠡᠷᠲᠡᠭᠡᠨ ᠵᠠᠰᠠᠬᠤ ᠣᠷᠣᠨ ᠤ᠋ ᠣᠳᠣ ᠦᠶ᠎ᠡ ᠶ᠋ᠢᠨ ᠮᠠᠯ ᠠᠵᠤ ᠠᠬᠤᠶ ᠲᠠᠷᠢᠶᠠᠯᠠᠡᠭ ᠤ᠋ᠨ 2 ᠠᠵᠤ ᠦᠢᠯᠡᠰ ᠤ᠋ᠨ ᠬᠦᠷᠢᠶᠡᠯᠡᠩ ᠢ᠋ ᠱᠢᠯᠢᠨ ᠰᠣᠩᠭᠣᠵᠤ ᠳᠡᠮᠵᠢᠯᠭᠡ ᠦᠵᠡᠭᠦᠯᠦᠨ᠎ᠡ᠃ ᠤᠯᠤᠰ ᠤ᠋ᠨ ᠣᠳᠣ ᠦᠶ᠎ᠡ ᠶ᠋ᠢᠨ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ ᠢ᠋ ᠡᠭᠦᠳᠦᠨ ᠪᠠᠢᠭᠤᠯᠬᠤ ᠦᠶ᠎ᠡ ᠳ᠋ᠤ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠪᠡᠷ ᠭᠣᠣᠯ ᠪᠣᠯᠭᠠᠭ᠍ᠰᠠᠨ ᠠᠵᠤ ᠦᠢᠯᠡᠳᠪᠦᠷᠢ ᠶ᠋ᠢᠨ ᠬᠦᠷᠢᠶᠡᠯᠡᠩ ᠲᠣᠭᠣᠷᠢᠭ ᠢ᠋ ᠠᠳᠠᠯᠢ ᠨᠥᠬᠥᠴᠡᠯ ᠤ᠋ᠨ ᠳᠣᠣᠷ᠎ᠠ ᠤᠷᠢᠳ ᠵᠢᠡᠷ ᠳᠡᠮᠵᠢᠨ᠎ᠡ᠃ ᠠᠵᠤ ᠦᠢᠯᠡᠳᠪᠦᠷᠢ ᠶ᠋ᠢᠨ ᠬᠦᠷᠢᠶᠡᠯᠡᠩ ᠲᠣᠭᠣᠷᠢᠭ ᠤ᠋ᠨ ᠲᠤᠰᠭᠠᠶ ᠵᠦᠢᠯ ᠤ᠋ᠨ ᠪᠡᠯᠡ ᠮᠥᠩᠭᠥ ᠵᠢ ᠬᠡᠷᠡᠭ᠌ᠯᠡᠬᠦ᠌ ᠦᠶ᠎ᠡ ᠳ᠋ᠤ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠪᠡᠷ ᠭᠣᠣᠯ ᠪᠣᠯᠭᠠᠭ᠍ᠰᠠᠨ ᠠᠵᠤ ᠦᠢᠯᠡᠳᠪᠦᠷᠢ ᠶ᠋ᠢᠨ ᠬᠦᠷᠢᠶᠡᠯᠡᠩ ᠲᠣᠭᠣᠷᠢᠭ ᠢ᠋ ᠠᠳᠠᠯᠢ ᠨᠥᠬᠥᠴᠡᠯ ᠤ᠋ᠨ ᠳᠣᠣᠷ᠎ᠠ ᠤᠷᠢᠳ ᠵᠢᠡᠷ ᠳᠡᠮᠵᠢᠨ᠎ᠡ᠃

ᠠᠷᠭ᠎ᠠ ᠬᠡᠮᠵᠢᠶ᠎ᠠ ⑥

ᠵᠠᠬ᠎ᠠ ᠳᠡᠯᠭᠡᠭᠦᠷ ᠤ᠋ᠨ ᠡᠵᠡᠩᠨᠡᠨ ᠪᠣᠷᠣᠯᠠᠭᠤᠯᠬᠤ ᠵᠠᠭ᠍ᠪᠤᠷ ᠤ᠋ᠨ ᠱᠢᠨ᠎ᠡ ᠵᠢ ᠡᠭᠦᠳᠦᠨ᠎ᠡ

ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠤ᠋ ᠲᠥᠷᠥᠯ ᠲᠡᠮᠲᠡᠭ ᠢ᠋ ᠪᠣᠢᠵᠢᠭᠤᠯᠬᠤ ᠪᠠ ᠵᠠᠬ᠎ᠠ ᠳᠡᠯᠭᠡᠭᠦᠷ ᠤ᠋ᠨ ᠡᠵᠡᠩᠨᠡᠨ ᠪᠣᠷᠣᠯᠠᠭᠤᠯᠭ᠎ᠠ ᠵᠢ ᠲᠡᠮᠵᠢᠵᠤ᠂ 《 ᠥᠪᠥᠷ ᠮᠣᠩᠭᠣᠯ ᠨᠡᠷᠡᠮᠵᠢᠲᠦ 》 ᠲᠦᠷᠦᠯ ᠲᠡᠮᠲᠡᠭᠲᠦ ᠶ᠋ᠢᠨ ᠭᠡᠷᠡᠴᠢᠯᠡᠯ ᠢ᠋ ᠦᠷᠬᠦᠯᠵᠢᠯᠡᠨ ᠦᠷᠨᠢᠭᠦᠯᠵᠦ᠂ ᠨᠢᠭᠡᠳᠦᠯᠲᠡᠶ ᠪᠠᠷᠢᠮᠵᠢᠶ᠎ᠠ᠂ ᠨᠢᠭᠡᠳᠦᠯᠲᠡᠶ ᠲᠥᠷᠥᠯ ᠲᠡᠮᠳᠡᠭ᠌᠂ ᠨᠢᠭᠡᠳᠦᠯᠲᠡᠶ ᠢᠯᠡᠷᠬᠡᠢᠯᠡᠯᠲᠦ ᠲᠡᠮᠳᠡᠭ᠂ ᠨᠢᠭᠡᠳᠦᠯᠲᠡᠶ ᠤᠬᠠᠭᠤᠯᠬᠤ᠂ ᠨᠢᠭᠡᠳᠦᠯᠲᠡᠶ ᠡᠵᠡᠩᠨᠡᠨ ᠪᠣᠷᠣᠯᠠᠭᠤᠯᠬᠤ ᠵᠢ ᠠᠬᠢᠭᠤᠯᠤᠨ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 《ᠥᠪᠥᠷ ᠮᠣᠩᠭᠣᠯ ᠨᠡᠷᠡᠮᠵᠢᠲᠦ》 ᠲᠦᠷᠦᠯ ᠲᠡᠮᠲᠡᠭᠲᠦ — ᠲᠠᠯ᠎ᠠ ᠨᠤᠲᠤᠭ ᠤ᠋ᠨ ᠱᠢᠯᠢᠳᠡᠭ ᠪᠦᠲᠦᠭᠡᠭ᠌ᠳᠡᠬᠦᠨ ᠤ᠋ ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ ᠤ᠋ ᠲᠥᠷᠥᠯ ᠲᠡᠮᠳᠡᠭ᠌ ᠢ᠋ ᠴᠤᠭᠴᠠᠯᠠᠨ᠎ᠠ᠃ 《ᠥᠪᠥᠷ ᠮᠣᠩᠭᠣᠯ ᠨᠡᠷᠡᠮᠵᠢᠲᠦ》 ᠲᠦᠷᠦᠯ ᠲᠡᠮᠲᠡᠭᠲᠦ ᠪᠡᠷ ᠭᠡᠷᠡᠴᠢᠯᠡᠭ᠌ᠳᠡᠭ᠌ᠰᠡᠨ ᠠᠵᠤ ᠠᠬᠤᠢᠯᠠᠯ ᠤ᠋ᠨ ᠭᠡᠷᠡᠴᠢᠯᠡᠯ ᠪᠠ ᠬᠢᠨᠠᠨ ᠪᠠᠢᠴᠠᠭᠠᠯᠲᠠ ᠳ᠋ᠦ ᠬᠡᠷᠡᠭᠯᠡᠭᠰᠡᠨ ᠵᠠᠷᠤᠳᠠᠯ ᠳ᠋ᠦ ᠱᠠᠩᠨᠠᠯ ᠨᠥᠬᠥᠪᠥᠷᠢ ᠣᠯᠭᠣᠨ᠎ᠠ᠃ 2024 ᠣᠨ ᠳ᠋ᠦ ᠪᠣᠬᠢᠷᠲᠤᠯ ᠥᠬᠡᠶ ᠢᠳᠡᠭᠡᠨ᠂ ᠤᠷᠭᠠᠨᠢᠭ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠵᠢᠡᠷ ᠭᠡᠷᠡᠴᠢᠯᠡᠭᠦᠯᠦᠭᠰᠡᠨ ᠪᠦᠲᠦᠭᠡᠭᠳᠡᠭᠦᠨ ᠤ᠋ ᠬᠡᠮᠵᠢᠶ᠎ᠡ ᠨᠢ 1000 ᠳᠤᠨ ᠢ᠋ ᠲᠠᠪᠠᠭᠰᠠᠨ ᠠᠵᠤ ᠠᠬᠤᠢᠯᠠᠯ ᠤ᠋ᠨ ᠭᠡᠷᠡᠴᠢᠯᠡᠯ ᠤ᠋ᠨ ᠵᠠᠷᠤᠳᠠᠯ ᠢ᠋ ᠪᠦᠬᠦ ᠮᠦᠡᠭᠬᠦ ᠪᠡᠷ ᠱᠠᠡᠭᠨᠠᠨ ᠨᠦᠬᠦᠪᠦᠷᠢᠯᠡᠵᠦ᠂ ᠪᠣᠳᠠᠲᠠᠶ ᠪᠠᠷᠢᠮᠵᠢᠶ᠎ᠠ ᠵᠢ ᠳᠡᠭᠡᠷ᠎ᠡ ᠨᠢᠭᠡ ᠵᠢᠯ ᠤ᠋ᠨ ᠭᠡᠷᠡᠴᠢᠯᠡᠭᠰᠡᠨ ᠶᠡᠷᠦᠡᠭᠬᠡᠢ ᠬᠡᠮᠵᠢᠶ᠎ᠡ ᠵᠢ ᠦᠨᠳᠤᠰᠤᠯᠡᠨ ᠲᠣᠭ᠍ᠲᠠᠭᠠᠨ᠎ᠠ᠃ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠᠨ ᠤ᠋ 《ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠤ᠋ ᠪᠣᠷᠣᠯᠠᠭᠤᠯᠭ᠎ᠠ ᠵᠢ ᠳᠠᠬᠢᠨ ᠶ᠋ᠢᠡᠷ ᠨᠡᠮᠡᠭ᠌ᠳᠡᠭᠦᠯᠬᠦ᠌ ᠲᠥᠯᠥᠪᠯᠡᠭᠡ》 ᠶ᠋ᠢ ᠬᠡᠷᠡᠭ᠌ᠵᠢᠭᠦᠯᠬᠦ᠌ ᠵᠢ ᠠᠬᠢᠭᠤᠯᠵᠤ᠂ ᠪᠡᠭᠡᠵᠢᠩ ᠵᠡᠷᠭᠡ ᠶᠡᠬᠡ ᠬᠣᠲᠠ ᠳ᠋ᠦ 《ᠪᠣᠬᠢᠷᠲᠤᠯ ᠥᠬᠡᠶ ᠪᠦᠲᠦᠭᠡᠭ᠌ᠳᠡᠬᠦᠨ ᠢ᠋ ᠤᠷᠤᠨ ᠤ᠋ ᠭᠠᠳᠠᠨ᠎ᠠ ᠪᠤᠷᠤᠯᠠᠭᠤᠯᠬᠤ》ᠬᠡᠷᠡᠭ᠌ᠯᠡᠭᠡ ᠪᠡᠷ ᠬᠠᠪᠰᠤᠷᠤᠨ ᠲᠡᠳᠬᠦᠬᠦ ᠲᠠᠨᠢᠯᠴᠠᠭᠤᠯᠭ᠎ᠠ ᠵᠢᠨ ᠠᠵᠢᠯᠯᠠᠭ᠎ᠠ ᠵᠢ ᠦᠷᠭᠦᠯᠵᠢᠯᠡᠨ ᠦᠷᠨᠢᠬᠦᠯᠦᠨ᠎ᠠ᠃ ᠮᠠᠯ ᠤ᠋ᠨ ᠠᠱᠢᠭ ᠱᠢᠮ᠎ᠡ᠎ᠲᠠᠷᠢᠶᠠᠯᠠᠡᠭ ᠤ᠋ᠨ ᠪᠦᠲᠦᠭᠡᠭ᠌ᠳᠡᠬᠦᠨ ᠢ᠋ ᠶᠠᠮᠤᠨ ᠵᠥᠪᠯᠡᠯ᠂ ᠲᠥᠪ ᠤ᠋ᠨ ᠠᠵᠤ ᠠᠬᠤᠢᠯᠠᠯ᠂ ᠶᠡᠬᠡ ᠳᠡᠭᠡᠳᠦ ᠰᠤᠷᠭᠠᠭᠤᠯᠢ᠂ ᠬᠤᠳᠠᠯᠳᠤᠭᠠᠨ ᠤ᠋ ᠲᠠᠯᠠᠪᠠᠢ ᠬᠡᠲᠦ ᠳᠡᠯᠭᠡᠭᠦᠷ᠂ ᠢᠳᠡᠭᠡᠨ ᠤᠮᠳᠠᠭᠠᠨ ᠤ᠋ ᠭᠠᠵᠠᠷ ᠲᠦ᠍ ᠣᠷᠣᠭᠤᠯᠬᠤ ᠵᠢ ᠠᠬᠢᠭᠤᠯᠵᠤ᠂ ᠱᠢᠭᠤᠳ ᠨᠡᠪᠲᠡᠷᠡᠭᠦᠯᠭᠡ ᠪᠡᠷ ᠪᠠᠷᠠᠭ᠎ᠠ ᠬᠤᠳᠠᠯᠳᠤᠬᠤ ᠪᠠ ᠡᠯᠧᠺᠲ᠋ᠷᠣᠨ ᠬᠤᠳᠠᠯᠳᠤᠭᠠᠨ ᠤ᠋ ᠲᠠᠪᠴᠠᠩ ᠵᠡᠷᠭᠡ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠵᠢᠨ ᠡᠷᠴᠢᠮ ᠢ᠋ ᠴᠢᠩᠭᠠᠷᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号