ᠬᠠᠮᠤᠭ ᠤ᠋ᠨ ᠶᠡᠬᠡ ᠳ᠋ᠡᠬᠡᠨ 200 — 600 ᠲᠦᠮᠡᠨ ᠲᠦᠬᠦᠷᠢᠭ ᠤ᠋ᠨ ᠬᠦᠦ᠍ ᠮᠦᠡᠭᠬᠦ ᠶ᠋ᠢᠨ ᠨᠦᠬᠦᠪᠦᠷᠢ ᠪᠡᠷ ᠲᠠᠮᠵᠢᠨ᠎ᠠ
2025-02-07 16:48:51
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

— ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠵᠢ ᠳᠡᠮᠵᠢᠬᠦ᠌ ᠠᠷᠭ᠎ᠠ ᠬᠡᠮᠵᠢᠶ᠎ᠡ ᠵᠢᠨ ᠲᠤᠬᠠᠢ ᠲᠠᠢᠯᠦᠮᠵᠢ (ᠲᠠᠬᠡᠳᠤ)

ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠵᠥᠪᠱᠢᠶᠡᠷᠡᠯ ᠶ᠋ᠢᠡᠷ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠵᠠᠰᠠᠭ ᠤ᠋ᠨ ᠣᠷᠳᠣᠨ ᠤ᠋ ᠠᠯᠪᠠᠨ ᠲᠢᠩᠬᠢᠮ ᠤᠢᠷ᠎ᠠ ᠳ᠋ᠤ 《ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠵᠢ ᠳᠡᠮᠵᠢᠬᠦ᠌ ᠠᠷᠭ᠎ᠠ ᠬᠡᠮᠵᠢᠶ᠎ᠡ ᠨᠤᠭᠦᠳ ᠤ᠋ᠨ ᠲᠤᠬᠠᠶ ᠮᠡᠳᠡᠭ᠌ᠳᠡᠯ》ᠢ᠋ ᠳᠠᠷᠤᠮᠠᠯᠯᠠᠨ ᠲᠠᠷᠬᠠᠭᠠᠵᠤ᠂ 9 ᠵᠤᠢᠯ ᠤ᠋ᠨ ᠠᠷᠭ᠎ᠠ ᠬᠡᠮᠵᠢᠶ᠎ᠠ ᠲᠤᠷᠠᠳᠤᠭᠰᠠᠨ ᠪᠦᠬᠡᠳ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤ᠋ᠨ ᠬᠢᠨ ᠪᠣᠳᠠᠲᠤ ᠪᠠᠢᠳᠠᠯ ᠲᠠᠶ ᠪᠠᠨ ᠤᠶᠠᠯᠳᠤᠭᠤᠯᠤᠨ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠢ ᠱᠠᠭᠠᠷᠳᠠᠵᠠᠢ᠃

ᠵᠤᠷᠢᠯᠳᠠ᠄ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ᠎ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ ᠤ᠋ ᠪᠦᠲᠦᠭᠡᠨ ᠪᠠᠢᠭᠤᠯᠤᠯᠲᠠ ᠵᠢ ᠭᠦᠨᠵᠡᠭᠡᠶ ᠠᠬᠢᠭᠤᠯᠤᠨ᠂ ᠮᠠᠯ ᠤ᠋ᠨ ᠠᠱᠢᠭ ᠱᠢᠮ᠎ᠡ᠎ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠳᠤᠲᠠᠭᠤᠳᠠᠯ ᠢ᠋ ᠲᠦᠷᠭᠡᠳᠭᠡᠨ ᠨᠥᠬᠥᠪᠥᠷᠢᠯᠡᠵᠦ᠍᠂ ᠬᠡᠪᠴᠢᠶᠡᠵᠢᠭᠰᠡᠨ᠂ ᠠᠵᠤ ᠦᠢᠯᠡᠰᠵᠢᠭᠰᠡᠨ᠂ ᠲᠦᠷᠦᠯ ᠲᠡᠮᠳᠡᠭᠵᠢᠭᠰᠡᠨ ᠬᠦᠭᠵᠢᠯᠳᠡ ᠵᠢ ᠠᠬᠢᠭᠤᠯᠤᠨ᠂ ᠮᠠᠯ ᠠᠵᠤ ᠠᠬᠤᠶ ᠲᠠᠷᠢᠶᠠᠯᠠᠡᠭ ᠤ᠋ᠨ ᠪᠦᠬᠦ᠌ ᠠᠵᠤ ᠦᠢᠯᠡᠰ ᠤ᠋ᠨ ᠬᠡᠯᠬᠢᠶ᠎ᠡ ᠶ᠋ᠢᠨ ᠦᠢᠯᠡᠳᠬᠦᠨ ᠤ᠋ ᠥᠷᠲᠡᠭ ᠢ᠋ ᠲᠦᠮᠡᠨ ᠳ᠋ᠦᠩᠱᠢᠭᠤᠷ ᠲᠥᠭᠥᠷᠢᠭ ᠡᠴᠡ ᠳᠠᠪᠠᠭᠤᠯᠬᠤ ᠵᠢ ᠲᠦᠷᠭᠡᠳᠬᠡᠨ ᠪᠡᠶᠡᠯᠡᠭᠦᠯᠵᠦ᠍᠂ ᠮᠠᠯ ᠠᠵᠤ ᠠᠬᠤᠶ ᠲᠠᠷᠢᠶᠠᠯᠠᠡᠭ ᠢ᠋ ᠭᠠᠷᠤᠯᠲᠠ ᠶ᠋ᠢᠨ ᠲᠣᠮᠣ ᠣᠷᠣᠨ ᠡᠴᠡ ᠠᠵᠤ ᠦᠢᠯᠡᠰ ᠤ᠋ᠨ ᠬᠦᠴᠦᠷᠬᠡᠭ ᠣᠷᠣᠨ ᠲᠠᠢᠰᠢ ᠬᠤᠪᠢᠷᠠᠭᠤᠯᠬᠤ ᠵᠢ ᠠᠬᠢᠭᠤᠯᠤᠨ᠎ᠠ᠃

ᠠᠷᠭ᠎ᠠ  ᠬᠡᠮᠵᠢᠶ᠎ᠠ ①

ᠣᠳᠣ ᠶ᠋ᠢᠨ ᠪᠠᠢᠭ᠎ᠠ ᠠᠵᠤ ᠠᠬᠤᠢᠯᠠᠯ ᠤ᠋ᠨ ᠪᠤᠵᠠᠭᠠᠢᠷᠠᠨ ᠬᠦᠴᠦᠷᠬᠡᠭ᠌ᠵᠢᠬᠦ᠌ ᠵᠢ ᠲᠡᠳᠬᠦᠨ᠎ᠡ

2024 ᠣᠨ ᠵᠢᠴᠢ ᠲᠡᠬᠦᠨ ᠡᠴᠡ ᠬᠣᠢᠰᠢ ᠨᠡᠢᠯᠡᠭᠦᠯᠵᠦ᠍ ᠳᠠᠬᠢᠨ ᠵᠣᠬᠢᠶᠠᠨ ᠪᠠᠢᠭᠤᠯᠬᠤ᠂ ᠬᠡᠪᠴᠢᠶ᠎ᠡ ᠪᠠᠨ ᠥᠷᠭᠡᠳᠭᠡᠨ ᠦᠢᠯᠡᠳᠪᠦᠷᠢᠯᠡᠯ ᠶ᠋ᠢᠡᠨ ᠨᠡᠮᠡᠭᠳᠡᠭᠦᠯᠬᠦ ᠵᠡᠷᠭᠡ ᠠᠷᠭ᠎ᠠ ᠬᠡᠯᠪᠡᠷᠢ ᠪᠡᠷ ᠳᠡᠮᠵᠢᠨ ᠵᠢᠯ ᠤ᠋ᠨ ᠭᠤᠤᠯ ᠲᠤᠬᠠᠢᠯᠠᠭ᠍ᠰᠠᠨ ᠠᠵᠢᠯ ᠤ᠋ᠨ ᠣᠷᠣᠯᠭ᠎ᠠ ᠪᠠᠨ 2 ᠳ᠋ᠦᠩᠱᠢᠭᠤᠷ ᠲᠥᠭᠥᠷᠢᠭ ᠢ᠋ ᠳᠠᠪᠠᠭᠤᠯᠤᠭᠰᠠᠨ ᠮᠠᠯ ᠤ᠋ᠨ ᠠᠱᠢᠭ ᠱᠢᠮ᠎ᠡ᠎ᠲᠠᠷᠢᠶᠠᠯᠠᠡᠭ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠠᠵᠤ ᠠᠬᠤᠢᠯᠠᠯ ᠳ᠋ᠦ ᠤᠯᠤᠰ ᠤ᠋ᠨ ᠮᠥᠩᠭᠥᠨ ᠭᠦᠶ᠋ᠯᠭᠡᠭᠡᠨ ᠤ᠋ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠡᠴᠡ ᠵᠥᠪᠱᠢᠶᠡᠷᠡᠨ ᠪᠠᠢᠭᠤᠯᠤᠭ᠍ᠰᠠᠨ ᠮᠥᠩᠭᠥᠨ ᠭᠦᠶ᠋ᠯᠭᠡᠭᠡᠨ ᠤ᠋ ᠪᠠᠢᠭᠤᠯᠤᠮᠵᠢ ᠡᠴᠡ ᠭᠦᠶ᠋ᠯᠭᠡᠭᠡᠨ ᠤ᠋ ᠪᠠᠯᠠ ᠮᠥᠩᠭᠥ᠌ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠰᠤᠳᠤᠯᠤᠨ ᠨᠡᠬᠡᠬᠡᠯᠳᠡ ᠵᠢᠨ ᠪᠠᠯᠠ ᠮᠥᠩᠭᠥ ᠵᠢᠭᠡᠯᠡᠭᠦᠯᠵᠦ᠂ ᠨᠢᠭᠡ ᠵᠢᠯ ᠤ᠋ᠨ ᠬᠤᠭᠤᠴᠠᠭ᠎ᠠ ᠪᠦᠬᠦᠢ ᠵᠢᠭᠡᠯᠡᠯᠭᠡ ᠶ᠋ᠢᠨ ᠵᠠᠬ᠎ᠠ ᠳᠡᠯᠭᠡᠭᠦᠷ ᠤ᠋ᠨ ᠬᠦᠦ ᠮᠦᠡᠭᠬᠦ ᠶ᠋ᠢᠨ ᠨᠣᠷᠮ᠎ᠠ (LPR) ᠶ᠋ᠢᠨ 70% ᠪᠠᠷ᠂ ᠲᠡᠷᠡᠴᠢᠯᠡᠨ 2% ᠡᠴᠡ ᠦᠯᠦ ᠳᠠᠪᠠᠭᠤᠯᠬᠤ ᠬᠦᠦ ᠮᠥᠩᠭᠥ ᠶ᠋ᠢᠨ ᠨᠤᠷᠮ᠎ᠠ ᠪᠡᠷ ᠵᠢᠯ ᠪᠦᠷᠢ 200 ᠲᠦᠮᠡᠨ ᠲᠥᠭᠥᠷᠢᠭ ᠡᠴᠡ ᠦᠯᠤ ᠲᠠᠪᠠᠬᠤ ᠬᠦᠦ᠍ ᠮᠦᠡᠭᠬᠦ ᠶ᠋ᠢᠨ ᠨᠦᠬᠦᠪᠦᠷᠢ ᠶ᠋ᠢᠨ ᠳᠡᠮᠵᠢᠯᠭᠡ ᠦᠵᠡᠭᠦᠯᠵᠦ᠂ ᠠᠵᠤ ᠠᠬᠤᠢᠯᠠᠯ ᠤ᠋ᠨ ᠲᠠᠷᠢᠶᠠᠯᠠᠩ ᠤ᠋ᠨ ᠠᠵᠤ ᠦᠢᠯᠡᠰᠵᠢᠯᠳᠠ ᠵᠢᠨ ᠤᠯᠤᠰ ᠤ᠋ᠨ ᠭᠤᠤᠯᠳᠠᠯᠭ᠎ᠠ ᠲᠠᠶ ᠳᠠᠭᠠᠭᠤᠯᠤᠭᠴᠢ ᠠᠵᠤ ᠠᠬᠤᠢᠯᠠᠯ ᠪᠠ ᠥᠪᠡᠷᠲᠡᠭᠡᠨ ᠵᠠᠰᠠᠬᠤ ᠤᠷᠤᠨ ᠤ᠋ ᠮᠠᠯ ᠠᠵᠤ ᠠᠬᠤᠢ ᠲᠠᠷᠢᠶᠠᠯᠠᠡᠭ ᠤ᠋ᠨ ᠠᠵᠤ ᠦᠢᠯᠡᠰᠵᠢᠯᠳᠡ ᠵᠢᠨ ᠵᠢᠱ᠌ᠢᠶ᠎ᠡ ᠦᠵᠡᠭᠦᠯᠬᠦ ᠬᠤᠯᠪᠤᠭᠠᠲᠤ ᠴᠤᠭᠴᠠ ᠪᠡᠷ ᠬᠢᠨᠠᠨ ᠲᠤᠭᠳᠠᠭᠠᠯᠭᠠᠬᠤ ᠵᠢ ᠵᠤᠷᠢᠭᠵᠢᠭᠤᠯᠤᠨ᠎ᠠ ᠃ ᠱᠢᠨ᠎ᠡ ᠪᠡᠷ ᠬᠢᠨᠠᠨ ᠲᠤᠭᠳᠠᠭᠠᠭᠳᠠᠭᠰᠠᠨ ᠲᠠᠷᠢᠶᠠᠯᠠᠩ ᠤ᠋ᠨ ᠠᠵᠤ ᠦᠢᠯᠡᠰᠵᠢᠯᠳᠠ ᠵᠢᠨ ᠤᠯᠤᠰ ᠤ᠋ᠨ ᠭᠣᠣᠯᠳᠠᠯᠭ᠎ᠠ ᠲᠠᠶ ᠲᠠᠭᠠᠭᠤᠯᠤᠭᠴᠢ ᠠᠵᠤ ᠠᠬᠤᠢᠯᠠᠯ ᠳ᠋ᠦ ᠨᠢᠭᠡ ᠯᠡ ᠤᠳᠠᠭ᠎ᠠ ᠶ᠋ᠢᠨ ᠴᠢᠨᠠᠷᠲᠠᠢ 50 ᠲᠦᠮᠡᠨ ᠲᠥᠭᠥᠷᠢᠭ ᠤ᠋ᠨ ᠱᠠᠩᠨᠠᠯ ᠣᠯᠭᠣᠨ᠎ᠠ᠃ ᠤᠯᠤᠰ ᠤ᠋ᠨ ᠲᠠᠰ ᠤ᠋ᠨ ᠠᠵᠤ ᠦᠢᠯᠡᠰᠵᠢᠯᠳᠠ ᠵᠢᠨ ᠳᠠᠭᠠᠭᠤᠯᠤᠭᠴᠢ ᠠᠵᠤ ᠠᠬᠤᠢᠯᠠᠯ ᠢ᠋ ᠨᠢᠭᠡᠳ ᠨᠢᠭᠡ ᠪᠡᠷ ᠲᠡᠳᠬᠦᠬᠦ᠌ ᠲᠣᠭ᠍ᠲᠠᠴᠠ ᠵᠢ ᠪᠠᠢᠭᠤᠯᠵᠤ ᠂ ᠡᠬᠢ ᠪᠠᠶᠠᠯᠢᠭ ᠤ᠋ᠨ ᠬᠦᠴᠦᠨ ᠶ᠋ᠢᠡᠨ ᠲᠥᠪᠯᠡᠷᠡᠭᠦᠯᠦᠨ᠂ 《ᠨᠢᠭᠡ ᠠᠵᠤ ᠠᠬᠤᠢᠯᠠᠯ ᠳ᠋ᠦ ᠨᠢᠭᠡ ᠲᠥᠷᠥ ᠶ᠋ᠢᠨ ᠪᠣᠳᠣᠯᠭ᠎ᠠ》 ᠵᠢ ᠬᠡᠷᠡᠭᠵᠢᠭᠦᠯᠵᠤ ᠪᠠᠢᠭᠠᠳ ᠠᠵᠤ ᠠᠬᠤᠢᠯᠠᠯ ᠳ᠋ᠦ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ᠋ ᠱᠢᠶ᠋ᠳᠪᠦᠷᠢᠯᠡᠨ᠎ᠡ ᠃

ᠠᠷᠭ᠎ᠠ  ᠬᠡᠮᠵᠢᠶ᠎ᠠ ②

ᠨᠠᠷᠢᠯᠢᠭ ᠪᠤᠯᠪᠠᠰᠤᠷᠠᠭᠤᠯᠬᠤ ᠠᠵᠤ ᠠᠬᠤᠢᠯᠠᠯ ᠢ᠋ ᠬᠦᠴᠦᠯᠡᠨ ᠪᠤᠢᠵᠢᠭᠤᠯᠤᠨ᠎ᠠ

ᠣᠷᠣᠨ ᠨᠤᠲᠤᠭ ᠤ᠋ᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠬᠠᠮᠢᠶ᠎ᠠ ᠪᠥᠬᠥᠶ ᠪᠠᠯᠠ ᠮᠥᠩᠭᠥ ᠵᠢ ᠨᠢᠭᠡᠳᠦᠯᠲᠡᠶ ᠲᠥᠯᠥᠪᠵᠢᠭᠦᠯᠬᠦ᠌ ᠵᠢ ᠵᠣᠷᠢᠭ᠍ᠵᠢᠭᠤᠯᠵᠤ᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠨᠠᠷᠢᠯᠢᠭ ᠪᠤᠯᠪᠠᠰᠤᠷᠠᠭᠤᠯᠬᠤ ᠵᠢ ᠳᠡᠮᠵᠢᠬᠦ᠌ ᠶ᠋ᠢᠨ ᠬᠠᠮᠲᠤ ᠮᠠᠯᠴᠢᠨ ᠲᠠᠷᠢᠶᠠᠴᠢᠨ ᠲᠠᠢ ᠬᠣᠯᠪᠣᠭᠠᠯᠠᠨ ᠮᠠᠯᠴᠢᠨ ᠲᠠᠷᠢᠶᠠᠴᠢᠨ ᠢ᠋ ᠳᠠᠢᠴᠢᠯᠠᠬᠤ ᠲᠣᠭ᠍ᠲᠠᠴᠠ ᠵᠢ ᠲᠡᠭᠦᠯᠳᠡᠷᠵᠢᠭᠦᠯᠦᠨ᠎ᠡ᠃ ᠱᠢᠨ᠎ᠡ ᠪᠡᠷ ᠳᠠᠩᠰᠠᠯᠠᠭᠤᠯᠤᠭ᠍ᠰᠠᠨ ᠮᠥᠷᠲᠡᠭᠡᠨ ᠵᠢᠯ ᠤ᠋ᠨ ᠭᠤᠤᠯ ᠲᠤᠬᠠᠢᠯᠠᠭ᠍ᠰᠠᠨ ᠠᠵᠢᠯ ᠤ᠋ᠨ ᠣᠷᠣᠯᠭ᠎ᠠ ᠨᠢ 2 ᠳ᠋ᠦᠨᠭ᠌ᠰᠢᠭᠤᠷ ᠲᠥᠭᠥᠷᠢᠭ ᠢ᠋ ᠳᠠᠪᠠᠭᠰᠠᠨ ᠮᠠᠯ ᠤ᠋ᠨ ᠠᠱᠢᠭ ᠱᠢᠮ᠎ᠡ᠎ᠲᠠᠷᠢᠶᠠᠯᠠᠡᠭ ᠤ᠋ᠨ ᠪᠦᠲᠦᠭᠡᠭᠳᠡᠭᠦᠨ ᠢ᠋ ᠨᠠᠷᠢᠯᠢᠭ ᠪᠤᠯᠪᠠᠰᠤᠷᠠᠭᠤᠯᠬᠤ ᠠᠵᠤ ᠠᠬᠤᠢᠯᠠᠯ ᠳ᠋ᠦ ᠤᠯᠤᠰ ᠤ᠋ᠨ ᠮᠥᠩᠭᠥᠨ ᠭᠦᠶ᠋ᠯᠭᠡᠭᠡᠨ ᠤ᠋ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠡᠴᠡ ᠵᠥᠪᠱᠢᠶᠡᠷᠡᠨ ᠪᠠᠢᠭᠤᠯᠤᠭ᠍ᠰᠠᠨ ᠮᠥᠩᠭᠥᠨ ᠭᠦᠶ᠋ᠯᠭᠡᠭᠡᠨ ᠤ᠋ ᠪᠠᠢᠭᠤᠯᠤᠮᠵᠢ ᠡᠴᠡ ᠭᠦᠶ᠋ᠯᠭᠡᠭᠡᠨ ᠤ᠋ ᠪᠠᠯᠠ ᠮᠥᠩᠭᠥ᠌ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠰᠤᠳᠤᠯᠤᠨ ᠨᠡᠬᠡᠬᠡᠯᠳᠡ ᠵᠢᠨ ᠪᠠᠯᠠ ᠮᠥᠩᠭᠥ ᠵᠢᠭᠡᠯᠡᠭᠦᠯᠵᠦ᠂ ᠨᠢᠭᠡ ᠵᠢᠯ ᠤ᠋ᠨ ᠬᠤᠭᠤᠴᠠᠭ᠎ᠠ ᠪᠦᠬᠦᠢ ᠵᠢᠭᠡᠯᠡᠯᠭᠡ ᠶ᠋ᠢᠨ ᠵᠠᠬ᠎ᠠ ᠳᠡᠯᠭᠡᠭᠦᠷ ᠤ᠋ᠨ ᠬᠦᠦ ᠮᠦᠡᠭᠬᠦ ᠶ᠋ᠢᠨ ᠨᠣᠷᠮ᠎ᠠ (LPR) ᠶ᠋ᠢᠨ 70% ᠪᠠᠷ᠂ ᠲᠡᠷᠡᠴᠢᠯᠡᠨ 2% ᠡᠴᠡ ᠦᠯᠦ ᠳᠠᠪᠠᠭᠤᠯᠬᠤ ᠬᠦᠦ ᠮᠥᠩᠭᠥ ᠶ᠋ᠢᠨ ᠨᠤᠷᠮ᠎ᠠ ᠪᠡᠷ ᠵᠢᠯ ᠪᠦᠷᠢ 200 ᠲᠦᠮᠡᠨ ᠲᠥᠭᠥᠷᠢᠭ ᠡᠴᠡ ᠦᠯᠤ ᠲᠠᠪᠠᠬᠤ ᠬᠦᠦ᠍᠎ᠮᠦᠡᠭᠬᠦ ᠶ᠋ᠢᠨ ᠨᠦᠬᠦᠪᠦᠷᠢ ᠶ᠋ᠢᠨ ᠳᠡᠮᠵᠢᠯᠭᠡ ᠦᠵᠡᠭᠦᠯᠦᠨ᠎ᠡ᠃

ᠠᠷᠭ᠎ᠠ  ᠬᠡᠮᠵᠢᠶ᠎ᠠ ③

ᠨᠠᠷᠢᠯᠢᠭ ᠪᠤᠯᠪᠠᠰᠤᠷᠠᠭᠤᠯᠬᠤ ᠠᠵᠤ ᠦᠢᠯᠡᠰ ᠢ᠋ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌ ᠵᠢ ᠠᠬᠢᠭᠤᠯᠤᠨ᠎ᠠ

2024 ᠣᠨ ᠡᠴᠡ ᠬᠣᠢᠱᠢᠬᠢ ᠵᠢᠯ ᠤ᠋ᠨ ᠭᠤᠤᠯ ᠲᠤᠬᠠᠢᠯᠠᠭ᠍ᠰᠠᠨ ᠠᠵᠢᠯ ᠤ᠋ᠨ ᠣᠷᠣᠯᠭ᠎ᠠ ᠨᠢ 1.6 ᠳ᠋ᠦᠩᠱᠢᠭᠤᠷ ᠲᠥᠭᠥᠷᠢᠭ ᠲᠦ᠍ ᠬᠦᠷᠴᠦ᠍᠂ ᠤᠯᠤᠰ ᠤ᠋ᠨ ᠮᠥᠩᠭᠥᠨ ᠭᠦᠶ᠋ᠯᠭᠡᠭᠡᠨ ᠤ᠋ ᠬᠢᠨᠠᠯᠲᠠ ᠬᠠᠮᠢᠶᠠᠷᠤᠯᠲᠠ ᠶ᠋ᠢᠨ ᠰᠠᠯᠠᠭ᠎ᠠ ᠮᠥᠴᠢᠷ ᠡᠴᠡ ᠵᠥᠪᠱᠢᠶᠡᠷᠡᠨ ᠪᠠᠢᠭᠤᠯᠤᠭ᠍ᠰᠠᠨ ᠮᠥᠩᠭᠥᠨ ᠭᠦᠶ᠋ᠯᠭᠡᠭᠡᠨ ᠤ᠋ ᠪᠠᠢᠭᠤᠯᠤᠮᠵᠢ ᠡᠴᠡ ᠰᠢᠨ᠎ᠡ ᠪᠡᠷ ᠪᠠᠢᠭᠤᠯᠬᠤ ᠪᠠ ᠦᠭᠡᠷᠡᠴᠢᠯᠡᠨ ᠳᠡᠰ ᠳᠡᠪᠰᠢᠭᠦᠯᠬᠦ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠨᠠᠷᠢᠯᠢᠭ ᠪᠤᠯᠪᠠᠰᠤᠷᠠᠭᠤᠯᠬᠤ ᠲᠦᠷᠦᠯ ᠵᠦᠢᠯ ᠤ᠋ᠨ ᠵᠢᠭᠡᠯᠡᠯᠭᠡ ᠠᠪᠤᠭᠰᠠᠨ ᠠᠵᠤ ᠠᠬᠤᠢᠯᠠᠯ ᠳ᠋ᠦ ᠨᠢᠭᠡ ᠵᠢᠯ ᠤ᠋ᠨ ᠬᠤᠭᠤᠴᠠᠭ᠎ᠠ ᠪᠦᠬᠦᠢ ᠵᠢᠭᠡᠯᠡᠯᠭᠡ ᠶ᠋ᠢᠨ ᠵᠠᠬ᠎ᠠ ᠳᠡᠯᠭᠡᠭᠦᠷ ᠤ᠋ᠨ ᠬᠦᠦ ᠮᠦᠡᠭᠬᠦ ᠶ᠋ᠢᠨ ᠨᠣᠷᠮ᠎ᠠ (LPR) ᠶ᠋ᠢᠨ 70% ᠪᠠᠷ᠂ ᠲᠡᠷᠡᠴᠢᠯᠡᠨ 2% ᠡᠴᠡ ᠦᠯᠦ ᠳᠠᠪᠠᠭᠤᠯᠬᠤ ᠬᠦᠦ ᠮᠥᠩᠭᠥ ᠶ᠋ᠢᠨ ᠨᠤᠷᠮ᠎ᠠ ᠪᠡᠷ ᠵᠢᠯ ᠪᠦᠷᠢ 300 ᠲᠦᠮᠡᠨ ᠲᠥᠭᠥᠷᠢᠭ ᠡᠴᠡ ᠦᠯᠤ ᠲᠠᠪᠠᠬᠤ ᠬᠦᠦ᠍᠎ᠮᠦᠡᠭᠬᠦ ᠶ᠋ᠢᠨ ᠨᠦᠬᠦᠪᠦᠷᠢ ᠶ᠋ᠢᠨ ᠳᠡᠮᠵᠢᠯᠭᠡ ᠦᠵᠡᠭᠦᠯᠦᠨ᠎ᠡ᠃ ᠵᠢᠯ ᠳ᠋ᠤ 2 ᠲᠦᠮᠡ ᠡᠴᠡ ᠲᠠᠬᠡᠭᠰᠢ ᠦᠬᠡᠷ ᠨᠢᠳᠤᠯᠤᠨ ᠪᠤᠯᠪᠠᠰᠤᠷᠠᠭᠤᠯᠬᠤ ᠠᠵᠤ ᠠᠬᠤᠢᠯᠠᠯ ᠤ᠋ᠨ ᠠᠪᠤᠭᠰᠠᠨ ᠪᠤᠷᠳᠤᠨ ᠲᠠᠷᠭᠤᠯᠠᠭᠤᠯᠤᠭᠰᠠᠨ ᠦᠭᠡᠷ ᠬᠤᠳᠠᠯᠳᠤᠨ ᠠᠪᠬᠤ ᠭᠦᠢᠯᠭᠡᠭᠡᠨ ᠤ᠋ ᠪᠡᠯᠡ ᠮᠦᠡᠭᠬᠦ ᠵᠢᠨ ᠵᠢᠬᠡᠯᠡᠯᠬᠡ ᠳ᠋ᠦ ᠨᠢᠭᠡ ᠵᠢᠯ ᠤ᠋ᠨ ᠬᠤᠭᠤᠴᠠᠭ᠎ᠠ ᠪᠦᠬᠦᠢ ᠵᠢᠭᠡᠯᠡᠯᠭᠡ ᠶ᠋ᠢᠨ ᠵᠠᠬ᠎ᠠ ᠳᠡᠯᠭᠡᠭᠦᠷ ᠤ᠋ᠨ ᠬᠦᠦ ᠮᠦᠡᠭᠬᠦ ᠶ᠋ᠢᠨ ᠨᠣᠷᠮ᠎ᠠ (LPR) ᠶ᠋ᠢᠨ 70% ᠪᠠᠷ᠂ ᠲᠡᠷᠡᠴᠢᠯᠡᠨ 2% ᠡᠴᠡ ᠦᠯᠦ ᠳᠠᠪᠠᠭᠤᠯᠬᠤ ᠬᠦᠦ ᠮᠥᠩᠭᠥ ᠶ᠋ᠢᠨ ᠨᠤᠷᠮ᠎ᠠ ᠪᠡᠷ ᠵᠢᠯ ᠪᠦᠷᠢ 600 ᠲᠦᠮᠡᠨ ᠲᠥᠭᠥᠷᠢᠭ ᠡᠴᠡ ᠦᠯᠤ ᠲᠠᠪᠠᠬᠤ ᠬᠦᠦ᠍ ᠮᠦᠡᠭᠬᠦ ᠶ᠋ᠢᠨ ᠨᠦᠬᠦᠪᠦᠷᠢ ᠶ᠋ᠢᠨ ᠳᠡᠮᠵᠢᠯᠭᠡ ᠦᠵᠡᠭᠦᠯᠦᠨ᠎ᠡ᠃ ᠮᠢᠬᠠᠨ ᠤ᠋ ᠦᠬᠡᠷ ᠤ᠋ᠨ ᠠᠵᠤ ᠠᠬᠤᠢᠯᠠᠯ ᠤ᠋ᠨ ᠦᠬᠡᠷ ᠤ᠋ᠨ ᠮᠢᠬᠠᠨ ᠤ᠋ ᠪᠡᠯᠡᠨ ᠵᠠᠭᠤᠰᠢ᠂ ᠪᠤᠳᠤᠡᠭ ᠲᠠᠢ ᠪᠦᠲᠦᠭᠡᠭ᠌ᠳᠡᠬᠦᠨ᠂ ᠡᠷᠡᠭᠦᠯᠵᠢᠯ ᠤ᠋ᠨ ᠡᠳ᠋᠂ ᠢᠳᠡᠪᠬᠢ ᠢᠰᠭᠡᠭᠦᠷ ᠵᠡᠷᠭᠡ ᠱᠢᠨ᠎ᠡ ᠪᠦᠲᠦᠭᠡᠭᠳᠡᠭᠦᠨ ᠱᠢᠨ᠎ᠡ ᠮᠡᠷᠭᠡᠵᠢᠯ ᠢ᠋ ᠰᠤᠳᠤᠯᠤᠨ ᠨᠡᠭᠡᠭᠡᠬᠦ᠌ ᠪᠠ ᠬᠡᠷᠡᠭ᠌ᠯᠡᠬᠦ᠌ ᠵᠢ ᠳᠡᠮᠵᠢᠨ᠎ᠡ᠃ ᠥᠪᠡᠷᠲᠡᠭᠡᠨ ᠵᠠᠰᠠᠬᠤ ᠣᠷᠣᠨ ᠤ᠋ ᠲᠣᠮᠣ ᠬᠡᠯᠪᠡᠷᠢ ᠶ᠋ᠢᠨ ᠨᠡᠷᠡᠲᠦ ᠠᠵᠤ ᠠᠬᠤᠢᠯᠠᠯ ᠤ᠋ᠨ ᠮᠢᠬᠠᠨ ᠤ᠋ ᠦᠬᠡᠷ ᠤ᠋ᠨ ᠠᠵᠤ ᠦᠶ᠋ᠯᠡᠰ ᠡᠷᠬᠢᠯᠡᠬᠦ ᠵᠢ ᠵᠣᠷᠢᠭ᠍ᠵᠢᠭᠤᠯᠵᠤ᠂ ᠨᠠᠷᠠᠳᠤ ᠠᠵᠤ ᠠᠬᠤᠢᠯᠠᠯ ᠤ᠋ᠨ ᠪᠣᠷᠣᠯᠠᠭᠤᠯᠭ᠎ᠠ ᠶ᠋ᠢᠨ ᠠᠷᠭ᠎ᠠ ᠵᠠᠮ᠂ ᠲᠥᠷᠥᠯ ᠲᠡᠮᠳᠡᠭ᠌ ᠤ᠋ᠨ ᠳᠠᠪᠠᠭᠤᠯᠢᠭ ᠪᠠ ᠬᠠᠮᠢᠶᠠᠷᠤᠯᠲᠠ ᠶ᠋ᠢᠨ ᠲᠦᠪᠰᠢᠨ ᠳ᠋ᠦ ᠲᠦᠰᠢᠭᠯᠡᠨ ᠪᠥᠬᠥ᠌ ᠣᠷᠣᠨ ᠤ᠋ ᠮᠢᠬᠠᠨ ᠤ᠋ ᠦᠬᠡᠷ ᠤ᠋ᠨ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠴᠢᠳᠠᠪᠬᠢ ᠵᠢ ᠳᠡᠭᠡᠭ᠌ᠰᠢᠯᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号