ᠠᠮᠤᠷ ᠲᠦᠪᠱᠢᠨ ᠲᠣᠭ᠍ᠲᠠᠭᠤᠨ ᠪᠣᠯ ᠠᠷᠠᠳ ᠤ᠋ᠨ ᠠᠮᠢᠳᠤᠷᠠᠯ ᠤ᠋ᠨ ᠬᠦᠰᠡᠯ᠂ ᠬᠥᠭ᠌ᠵᠢᠯᠲᠡ ᠶ᠋ᠢᠨ ᠰᠠᠭᠤᠷᠢ ᠮᠥᠨ᠃《ᠬᠢᠯᠢ ᠬᠢᠵᠠᠭᠠᠷ ᠢ᠋ ᠮᠠᠨᠳᠤᠭᠤᠯᠵᠤ ᠠᠷᠠᠳ ᠢ᠋ ᠪᠠᠶᠠᠵᠢᠭᠤᠯᠬᠤ ᠠᠵᠢᠯᠯᠠᠭ᠎ᠠ ᠵᠢ ᠡᠷᠴᠢᠮ ᠲᠠᠢ ᠠᠬᠢᠭᠤᠯᠬᠤ ᠬᠡᠷᠡᠭᠲᠡᠢ》᠂ 《ᠬᠢᠯᠢ ᠬᠢᠵᠠᠭᠠᠷ ᠣᠷᠣᠨ ᠤ᠋ ᠵᠠᠮ ᠬᠠᠷᠢᠯᠴᠠᠭ᠎ᠠ᠂ ᠴᠢᠮᠡᠭᠡ ᠬᠣᠯᠪᠣᠭ᠎ᠠ ᠵᠡᠷᠭᠡ ᠰᠠᠭᠤᠷᠢ ᠲᠥᠬᠥᠭᠡᠷᠦᠮᠵᠢ ᠶ᠋ᠢᠨ ᠳᠤᠲᠠᠭᠤᠳᠠᠯ ᠢ᠋ ᠱᠢᠰᠲ᠋ᠧᠮ ᠲᠠᠢ ᠱᠢᠢᠳᠪᠦᠷᠢᠯᠡᠬᠦ ᠬᠡᠷᠡᠭᠲᠡᠢ》 ᠁ ᠡᠨᠡ ᠵᠢᠯ ᠤ᠋ᠨ ᠪᠦᠬᠦ᠌ ᠤᠯᠤᠰ ᠤ᠋ᠨ ᠬᠣᠶᠠᠷ ᠬᠤᠷᠠᠯ ᠳ᠋ᠤ ᠴᠥᠭᠡᠨ ᠪᠤᠰᠤ ᠲᠥᠯᠥᠭᠡᠯᠡᠭ᠌ᠴᠢ ᠭᠡᠱᠢᠭᠦᠨ ᠬᠢᠯᠢ ᠬᠢᠵᠠᠭᠠᠷ ᠤ᠋ᠨ ᠠᠮᠤᠷ ᠲᠦᠪᠱᠢᠨ ᠲᠣᠭ᠍ᠲᠠᠭᠤᠨ ᠤ᠋ ᠲᠣᠭᠣᠷᠢᠨ ᠳ᠋ᠤ ᠠᠷᠭ᠎ᠠ ᠪᠤᠳᠤᠯᠭ᠎ᠠ ᠲᠡᠪᠰᠢᠬᠦᠯᠵᠤ᠂ ᠡᠬᠡ ᠤᠯᠤᠰ ᠤ᠋ᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠵᠢ ᠪᠠᠲᠤ ᠴᠣᠭ᠍ᠴᠠᠯᠠᠬᠤ ᠳ᠋ᠤ ᠤᠶᠤᠨ ᠤᠬᠠᠭᠠᠨ ᠬᠦᠴᠦᠨ ᠴᠢᠳᠠᠯ ᠢ᠋ᠶ᠋ᠡᠨ ᠡᠷᠭᠦᠪᠡ᠃
ᠥᠪᠥᠷ ᠮᠣᠩᠭᠣᠯ 《ᠤᠮᠠᠷᠠᠲᠤ ᠶ᠋ᠢᠨ ᠭᠤᠷᠪᠠᠨ ᠣᠷᠣᠨ》 ᠢ᠋ ᠰᠤᠨᠳᠠᠯᠠᠨ᠂ ᠨᠡᠢᠰᠯᠡᠯ ᠪᠡᠬᠡᠵᠢᠩ ᠡᠴᠡ ᠣᠢᠷᠠᠬᠠᠨ ᠮᠦᠷᠳᠡᠬᠡᠨ 4200 ᠭᠠᠷᠤᠢ ᠺᠢᠯᠤᠮᠸᠲᠷ ᠤ᠋ᠨ ᠬᠢᠯᠢ ᠶ᠋ᠢᠨ ᠱᠤᠭᠤᠮ᠂ 36 ᠲᠦᠮᠡᠨ ᠲᠡᠭ᠌ᠰᠢ ᠳᠥᠷᠪᠡᠯᠵᠢᠨ ᠺᠢᠯᠤᠮᠸᠲᠷ ᠤ᠋ᠨ ᠬᠢᠯᠢ ᠶ᠋ᠢᠨ ᠬᠠᠮᠢᠶᠠᠷᠤᠯᠲᠠ ᠶ᠋ᠢᠨ ᠣᠷᠣᠨ ᠲᠠᠢ ᠪᠤᠯᠬᠤᠷ ᠤᠯᠤᠰ ᠤ᠋ᠨ ᠠᠮᠤᠷ ᠲᠦᠪᠱᠢᠨ ᠲᠣᠭ᠍ᠲᠠᠭᠤᠨ ᠤ᠋ ᠶᠡᠬᠡ ᠲᠠᠯ᠎ᠠ ᠳ᠋ᠤ ᠴᠢᠬᠤᠯᠠ ᠪᠠᠢᠷᠢ ᠰᠠᠭᠤᠷᠢ ᠲᠠᠢ ᠪᠠᠢᠵᠤ᠂ ᠬᠠᠷᠢᠭᠤᠴᠠᠯᠭ᠎ᠠ ᠬᠦᠨᠳᠦ ᠶᠡᠬᠡ ᠶᠤᠮ᠃ ᠡᠭᠡ ᠤᠯᠤᠰ ᠤ᠋ᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠵᠢ ᠪᠠᠲᠤ ᠴᠣᠭ᠍ᠴᠠᠯᠠᠬᠤ ᠪᠣᠯ ᠶᠡᠷᠦᠩᠬᠡᠢ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠲᠤᠱᠢᠶᠠᠭ᠍ᠰᠠᠨ ᠲᠠᠪᠤᠨ ᠶᠡᠬᠡ ᠡᠭᠦᠷᠭᠡ ᠶ᠋ᠢᠨ ᠨᠢᠭᠡ ᠮᠦᠨ᠂ ᠥᠪᠥᠷ ᠮᠣᠩᠭᠣᠯ ᠤ᠋ᠨ ᠡᠷᠬᠡᠪᠰᠢ ᠰᠠᠢᠲᠤᠷ ᠭᠦᠢᠴᠡᠳᠭᠡᠬᠦ᠌ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠣᠯᠤᠨ᠎ᠠ᠃ ᠡᠳᠡᠭᠡᠷ ᠵᠢᠯ ᠤ᠋ᠳ ᠲᠦ᠍ ᠥᠪᠥᠷ ᠮᠣᠩᠭᠣᠯ ᠬᠢᠯᠢ ᠬᠢᠵᠠᠭᠠᠷ ᠢ᠋ ᠲᠣᠭ᠍ᠲᠠᠪᠤᠷᠢᠵᠢᠭᠤᠯᠵᠤ ᠬᠢᠯᠢ ᠬᠢᠵᠠᠭᠠᠷ ᠢ᠋ ᠪᠡᠬᠢᠵᠢᠭᠦᠯᠬᠦ᠌᠂ ᠠᠶᠤᠯᠭᠦᠢ ᠦᠢᠯᠡᠳᠪᠦᠷᠢᠯᠡᠯ ᠤ᠋ᠨ ᠦᠨᠳᠦᠰᠦ ᠡᠴᠡ ᠨᠢ ᠵᠠᠰᠠᠬᠤ ᠪᠣᠭᠣᠮᠲᠠ ᠱᠢᠪᠲᠤᠯᠬᠤ᠂ ᠡᠳ᠋ ᠤ᠋ᠨ ᠵᠠᠰᠠᠭ ᠮᠥᠩᠭᠥᠨ ᠭᠦᠢᠯᠭᠡᠭᠡᠨ ᠤ᠋ ᠠᠶᠤᠯ ᠲᠦᠭ᠌ᠰᠢᠭᠦᠷᠢ ᠵᠢ ᠠᠷᠢᠯᠭᠠᠬᠤ ᠵᠡᠷᠭᠡ ᠠᠵᠢᠯ ᠢ᠋ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠦᠢᠯᠡᠳᠪᠦᠷᠢᠯᠡᠯ ᠤ᠋ᠨ ᠠᠶᠤᠯᠬᠦᠢ ᠵᠢᠨ ᠡᠨᠳᠡᠯ ᠤ᠋ᠨ ᠲᠣᠭ᠎ᠠ᠂ ᠡᠨᠳᠡᠭ᠌ᠰᠡᠨ ᠬᠥᠮᠦᠨ ᠤ᠋ ᠲᠣᠭ᠎ᠠ ᠴᠦᠮ ᠪᠠᠭᠤᠷᠠᠵᠤ᠂ ᠭᠠᠴᠠᠭ᠎ᠠ ᠲᠣᠰᠭᠣᠨ ᠡᠴᠡ ᠥᠪᠡᠷᠲᠡᠭᠡᠨ ᠵᠠᠰᠠᠬᠤ ᠣᠷᠣᠨ ᠬᠦᠷᠲᠡᠯᠡᠬᠢ ᠲᠠᠪᠤᠨ ᠱᠠᠲᠤᠨ ᠤ᠋ ᠵᠠᠬᠢᠳᠠᠯ ᠰᠤᠷᠪᠤᠯᠵᠢᠯᠠᠯ ᠤ᠋ᠨ ᠣᠷᠣᠯᠠᠨ ᠭᠦᠢᠴᠡᠳᠭᠡᠬᠦ᠌ ᠠᠷᠭ᠎ᠠ ᠵᠠᠮ ᠢ᠋ ᠪᠦᠲᠦᠮᠵᠢᠲᠡᠢ ᠨᠡᠪᠲᠡᠷᠡᠭᠦᠯᠤᠨ᠂ ᠨᠡᠢᠭᠡᠮ ᠤ᠋ᠨ ᠶᠡᠬᠡ ᠲᠠᠯ᠎ᠠ ᠵᠢ ᠲᠣᠭ᠍ᠲᠠᠭᠤᠨ ᠪᠠᠢᠯᠭᠠᠵᠤ᠂ ᠡᠬᠡ ᠤᠯᠤᠰ ᠤ᠋ᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠵᠢ ᠨᠡᠩ ᠪᠡᠬᠢᠵᠢᠭᠦᠯᠪᠡ᠃
ᠠᠮᠤᠷ ᠲᠦᠪᠱᠢᠨ ᠲᠣᠭ᠍ᠲᠠᠭᠤᠨ ᠪᠠᠢᠬᠤ ᠪᠣᠯ ᠬᠥᠭ᠌ᠵᠢᠯᠲᠡ ᠶ᠋ᠢᠨ ᠤᠷᠢᠲᠠᠯ ᠮᠥᠨ᠃ ᠣᠳᠣᠬᠠᠨ ᠳ᠋ᠤ ᠳᠡᠯᠡᠬᠡᠢ ᠶ᠋ᠢᠨ ᠪᠠᠢᠳᠠᠯ ᠤᠷᠪᠠᠭᠠᠨ ᠬᠥᠷᠪᠡᠭᠡᠨ ᠲᠠᠢ ᠪᠠᠢᠵᠤ᠂ ᠤᠯᠤᠰ ᠤ᠋ᠨ ᠳᠣᠲᠣᠭᠠᠳᠤ ᠶ᠋ᠢᠨ ᠠᠵᠤ ᠠᠬᠤᠢ ᠨᠡᠢᠭᠡᠮ ᠳ᠋ᠤ ᠭᠦᠨᠵᠡᠭᠡᠢ ᠬᠤᠪᠢᠰᠤᠯᠲᠠ ᠭᠠᠷᠴᠤ᠌᠂ ᠤᠷᠢᠳᠴᠢᠯᠠᠨ ᠮᠡᠳᠡᠵᠦ᠍ ᠪᠣᠯᠬᠤ ᠪᠠ ᠤᠷᠢᠳᠴᠢᠯᠠᠨ ᠮᠡᠳᠡᠬᠦᠶ᠎ᠡ ᠪᠡᠷᠬᠡ ᠡᠯ᠎ᠡ ᠵᠦᠢᠯ ᠤ᠋ᠨ ᠠᠮᠤᠷ ᠲᠦᠪᠱᠢᠨ ᠤ᠋ ᠠᠶᠤᠯ ᠲᠦᠭ᠌ᠰᠢᠭᠦᠷᠢ ᠳ᠋ᠤ ᠤᠷᠢᠳ ᠭᠠᠷᠤᠭ᠎ᠠ ᠦᠭᠡᠢ ᠲᠤᠯᠭᠠᠷᠠᠵᠤ ᠪᠤᠢ᠃ ᠡᠨᠡ ᠨᠢ ᠪᠢᠳᠡᠨ ᠤ᠋ ᠬᠣᠷᠢᠭ᠎ᠠ ᠱᠤᠭᠤᠮ ᠤ᠋ᠨ ᠰᠡᠳᠭᠢᠬᠦᠶ᠂ ᠠᠶᠤᠯ ᠲᠦᠭ᠌ᠰᠢᠭᠦᠷᠢ ᠶ᠋ᠢᠨ ᠤᠬᠠᠮᠰᠠᠷ ᠪᠣᠯᠤᠨ ᠲᠡᠮᠡᠴᠡᠯ ᠤ᠋ᠨ ᠵᠣᠷᠢᠭ ᠰᠠᠨᠠᠭ᠎ᠠ ᠵᠢ ᠴᠢᠩᠭᠠᠳᠭᠠᠵᠤ᠂ ᠤᠯᠤᠰ ᠤ᠋ᠨ ᠶᠡᠷᠦᠩᠬᠡᠶ ᠠᠮᠤᠷ ᠲᠦᠪᠱᠢᠨ ᠤ᠋ ᠦᠵᠡᠯᠲᠡ ᠵᠢ ᠭᠦᠨᠵᠡᠭᠡᠶ ᠲᠤᠭᠤᠱᠢᠯᠠᠭᠤᠯᠤᠨ᠂ ᠨᠠᠩ ᠥᠨᠳᠥᠷ ᠲᠦᠪᠱᠢᠨ ᠪᠥᠬᠥᠶ ᠠᠮᠤᠭᠤᠯᠠᠩᠳᠤ ᠥᠪᠥᠷ ᠮᠣᠩᠭᠣᠯ ᠢ᠋ ᠪᠥᠲᠥᠭᠡᠨ ᠪᠠᠢᠭᠤᠯᠵᠤ᠂ ᠤᠮᠠᠷᠠᠲᠤ ᠬᠢᠯᠢ ᠶ᠋ᠢᠨ ᠠᠮᠤᠷ ᠲᠦᠪᠱᠢᠨ ᠲᠣᠭ᠍ᠲᠠᠭᠤᠨ ᠢ᠋ ᠡᠷᠡᠰ ᠬᠠᠮᠠᠭᠠᠯᠠᠬᠤ ᠵᠢ ᠱᠠᠭᠠᠷᠳᠠᠵᠤ ᠪᠠᠢᠨ᠎ᠠ᠃ ᠪᠢᠳᠡ ᠠᠶᠤᠯᠭᠦᠢ ᠦᠢᠯᠡᠳᠪᠦᠷᠢᠯᠡᠯ ᠢ᠋ ᠴᠠᠭ ᠢᠮᠠᠭ᠍ᠲᠠ ᠰᠤᠯᠠᠷᠠᠭᠤᠯᠤᠯ ᠦᠭᠡᠢ ᠰᠠᠢᠲᠤᠷ ᠠᠳᠭᠤᠵᠤ᠂ ᠡᠯ᠎ᠡ ᠬᠦᠷᠢᠶᠡᠨ ᠤ᠋ ᠠᠶᠤᠯ ᠲᠦᠭ᠌ᠰᠢᠭᠦᠷᠢ ᠵᠢ ᠰᠡᠷᠭᠡᠢᠯᠡᠨ ᠠᠷᠢᠯᠭᠠᠬᠤ ᠪᠠ ᠨᠡᠢᠭᠡᠮ ᠤ᠋ᠨ ᠵᠠᠰᠠᠯᠲᠠ ᠶ᠋ᠢᠨ ᠱᠢᠨ᠎ᠡ ᠵᠢ ᠡᠭᠦᠳᠤᠨ ᠲᠡᠭᠦᠯᠳᠡᠷᠵᠢᠭᠦᠯᠬᠦ᠌ ᠠᠵᠢᠯ ᠢ᠋ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠠᠮᠤᠷ ᠲᠦᠪᠱᠢᠨ ᠤ᠋ ᠲᠣᠣᠷ ᠢ᠋ ᠲᠠᠰᠤᠷᠠᠯᠳᠠ ᠦᠭᠡᠢ ᠨᠢᠭ᠍ᠲᠠ ᠪᠡᠬᠢ ᠰᠦᠯᠵᠢᠬᠦ᠌ ᠬᠡᠷᠡᠭ᠌ᠲᠡᠢ᠃ ᠬᠢᠯᠢ ᠬᠢᠵᠠᠭᠠᠷ ᠢ᠋ ᠬᠦᠴᠦᠷᠬᠡᠭ᠌ᠵᠢᠭᠦᠯᠵᠦ᠍ ᠬᠢᠯᠢ ᠬᠢᠵᠠᠭᠠᠷ ᠢ᠋ ᠪᠡᠬᠢᠵᠢᠭᠦᠯᠬᠦ᠌ ᠡᠷᠴᠢᠮ ᠢ᠋ᠶ᠋ᠡᠨ ᠴᠢᠩᠭᠠᠷᠠᠭᠤᠯᠤᠨ᠂ ᠬᠢᠯᠢ ᠬᠢᠵᠠᠭᠠᠷ ᠣᠷᠣᠨ ᠤ᠋《ᠬᠥᠨᠳᠡᠢᠷᠡᠬᠦ᠌》 ᠵᠡᠷᠭᠡ ᠠᠰᠠᠭᠤᠳᠠᠯ ᠢ᠋ ᠬᠦᠴᠦᠯᠡᠨ ᠱᠢᠶ᠋ᠳᠪᠦᠷᠢᠯᠡᠵᠦ᠍᠂ 《ᠣᠶᠤᠨᠴᠢ ᠬᠢᠯᠢ ᠶ᠋ᠢᠨ ᠬᠠᠮᠠᠭᠠᠯᠠᠯᠲᠠ》 ᠶ᠋ᠢᠨ ᠪᠠᠢᠭᠤᠯᠤᠯᠲᠠ ᠵᠢ ᠴᠢᠩᠭᠠᠳᠭᠠᠵᠤ᠂ ᠡᠬᠡ ᠤᠯᠤᠰ ᠤ᠋ᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ᠋ 《ᠪᠤᠯᠤᠳ ᠬᠡᠷᠡᠮ ᠲᠡᠮᠤᠷ ᠴᠠᠢᠵᠠ》 ᠵᠢ ᠦᠨᠡᠨ ᠬᠦ᠌ ᠪᠠᠳᠤ ᠴᠤᠭᠴᠠᠯᠠᠬᠤ ᠬᠡᠷᠡᠭ᠌ᠲᠡᠶ᠃
ᠤᠯᠤᠰ ᠬᠦᠷᠤᠨ ᠠᠮᠤᠷ ᠲᠦᠪᠱᠢᠨ ᠪᠠᠢᠪᠠᠯ ᠰᠠᠶ᠍ᠢ ᠴᠡᠴᠡᠭᠯᠡᠨ ᠬᠦᠭᠵᠢᠵᠦ᠂ ᠠᠷᠠᠳ ᠲᠦᠮᠡᠨ ᠠᠮᠤᠷ ᠲᠦᠪᠰᠢᠨ ᠪᠠᠢᠪᠠᠯ ᠰᠠᠶ᠍ᠢ ᠵᠤᠯ ᠵᠢᠷᠭᠠᠯ ᠲᠠᠢ ᠪᠠᠢᠵᠤ ᠳᠡᠢᠯᠦᠨ᠎ᠡ᠃ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯ᠎ᠠ ᠪᠡᠷ ᠪᠦᠳᠦᠭᠡᠨ ᠪᠠᠢᠭᠤᠯᠬᠤ ᠱᠢᠨ᠎ᠡ ᠠᠶᠠᠨ ᠳ᠋ᠤ ᠪᠢᠳᠡ ᠡᠬᠡ ᠤᠯᠤᠰ ᠤ᠋ᠨ ᠵᠢᠡᠨ 《ᠤᠮᠠᠷᠠᠲᠤ ᠬᠠᠭᠠᠯᠭ᠎ᠠ》 ᠵᠢ ᠰᠠᠢᠲᠤᠷ ᠰᠠᠬᠢᠨ《ᠬᠠᠮᠠᠭᠠᠯᠠᠯᠲᠠ ᠶ᠋ᠢᠨ ᠭᠤᠤᠯ 》 ᠢ᠋ ᠰᠠᠢᠲᠤᠷ ᠪᠠᠢᠭᠤᠯᠵᠤ᠂ ᠪᠦᠬᠦ᠌ ᠬᠦᠴᠦ᠍ᠨ ᠢ᠋ᠶ᠋ᠡᠷ ᠢ᠋ᠶ᠋ᠡᠨ ᠠᠶᠤᠯ ᠲᠦᠭ᠌ᠰᠢᠭᠦᠷᠢ ᠵᠢ ᠰᠡᠷᠭᠡᠢᠯᠡᠨ᠂ ᠠᠮᠤᠷ ᠲᠦᠪᠱᠢᠨ ᠢ᠋ ᠪᠠᠲᠤᠯᠠᠵᠤ᠂ ᠲᠣᠭ᠍ᠲᠠᠭᠤᠨ ᠢ᠋ ᠬᠠᠮᠠᠭᠠᠯᠠᠵᠤ᠂ ᠬᠥᠭ᠌ᠵᠢᠯᠲᠡ ᠵᠢ ᠠᠬᠢᠭᠤᠯᠪᠠᠯ᠂ ᠡᠬᠡ ᠤᠯᠤᠰ ᠤ᠋ᠨ ᠤᠮᠠᠷᠠᠲᠤ ᠶ᠋ᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠡᠪᠳᠡᠷᠡᠰᠢ ᠦᠬᠡᠢ ᠨᠡᠩ ᠪᠠᠲᠤ ᠪᠡᠬᠢ ᠪᠤᠯᠬᠤ ᠨᠢ ᠯᠠᠪᠳᠠᠢ᠃