《ᠳᠤᠮᠳᠠᠳᠤ ᠤᠯᠤᠰ ᠤ᠋ᠨ ᠠᠶᠠᠭ᠎ᠠ》 ᠵᠢ ᠨᠡᠩ ᠰᠢᠮ᠎ᠠ ᠰᠠᠢᠳᠠᠢ ᠠᠮᠤ ᠪᠤᠳᠠᠭ᠎ᠠ ᠪᠠᠷ ᠲᠦᠬᠦᠷᠭᠡᠶ᠎ᠠ
2025-03-10 15:14:01
ᠵᠣᠬᠢᠶᠠᠭ᠍ᠴᠢ᠄
ᠠᠨ ᠬᠤᠸᠠ ᠢ
ᠣᠩᠱᠢᠭ᠍ᠰᠠᠨ ᠣᠳᠠᠭ᠎ᠠ᠄
★★★☆☆

ᠡᠷᠬᠢᠬᠦ ᠵᠢᠯ ᠤ᠋ᠨ ᠲᠦᠷᠪᠡᠨ ᠤᠯᠠᠷᠢᠯ ᠳ᠋ᠦ᠂ ᠭᠤᠷᠪᠠᠨ ᠡᠷᠢᠨ ᠤ᠋ ᠬᠤᠭᠤᠯᠠ᠂ ᠲᠦᠯᠡᠰᠢ ᠪᠤᠳᠠᠭ᠎ᠠ ᠳᠠᠪᠤᠰᠤ ᠲᠤᠰᠤ᠂ ᠨᠢᠭᠡ ᠱᠢᠷᠡᠭᠡ ᠬᠤᠭᠤᠯᠠ ᠵᠠᠭᠤᠰᠢ ᠨᠢ ᠲᠦᠭ ᠲᠦᠮᠡᠨ ᠠᠢᠯ ᠡᠷᠦᠬᠡ ᠶ᠋ᠢᠨ ᠶᠠᠪᠤᠳᠠᠯ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠪᠦᠬᠦ᠌ ᠤᠯᠤᠰ ᠤ᠋ᠨ ᠬᠣᠶᠠᠷ ᠬᠤᠷᠠᠯ ᠳᠡᠭᠡᠷᠡᠬᠢ ᠬᠠᠯᠠᠮᠱᠢᠯ ᠠᠰᠠᠭᠤᠳᠠᠯ ᠪᠤᠯᠵᠤ᠂ ᠲᠥᠯᠥᠭᠡᠯᠡᠭ᠌ᠴᠢᠳ ᠭᠡᠱᠢᠭᠦᠳ ᠢᠳᠡᠪᠬᠢᠳᠠᠢ ᠪᠡᠷ ᠮᠡᠷᠭᠡᠨ ᠠᠷᠭ᠎ᠠ ᠰᠤᠪᠢᠵᠦ᠂ ᠮᠠᠯ ᠠᠵᠤ ᠠᠬᠤᠢ ᠲᠠᠷᠢᠶᠠᠯᠠᠩ ᠤ᠋ᠨ ᠢᠷᠡᠭᠡᠳᠦᠢ ᠶ᠋ᠢᠨ ᠬᠥᠭ᠌ᠵᠢᠯᠲᠡ ᠳ᠋ᠦ ᠤᠶᠤᠨ ᠤᠬᠠᠭᠠᠨ ᠎ᠵᠢᠡᠨ ᠰᠢᠪᠬᠠᠨ᠎ᠠ᠃

ᠲᠦᠮᠡᠨ ᠬᠡᠷᠡᠭ ᠮᠢᠩᠭᠠᠨ ᠶᠠᠪᠤᠳᠠᠯ᠂ ᠠᠮᠤ ᠪᠤᠳᠠᠭᠠᠨ ᠤ᠋ ᠠᠰᠠᠭᠤᠳᠠᠯ ᠬᠦᠨᠳᠦ ᠴᠢᠬᠤᠯᠠ᠃ ᠡᠨᠡ ᠵᠢᠯ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠦ᠂ 2024 ᠣᠨ ᠤ᠋ ᠠᠵᠢᠯ ᠎ᠵᠢᠡᠨ ᠡᠷᠭᠢᠴᠡᠭᠦᠯᠦᠶ᠎ᠠ᠂ ᠨᠢᠭᠡᠨ ᠲᠣᠭ᠎ᠠ ᠪᠠᠷᠢᠮᠲᠠ ᠮᠠᠰᠢ ᠢᠯᠡ ᠲᠣᠳᠣ ᠪᠠᠢᠯ᠎ᠠ᠄ ᠠᠮᠤ ᠪᠤᠳᠠᠭᠠᠨ ᠤ᠋ ᠤᠨᠠᠯᠲᠠ ᠠᠩᠬ᠎ᠠ ᠤᠳᠠᠭ᠎ᠠ 1.4 ᠲᠦᠮᠡᠨ ᠳ᠋ᠦᠩᠱᠢᠭᠤᠷ ᠵᠢᠩ ᠤ᠋ᠨ ᠱᠢᠨ᠎ᠡ ᠳᠡᠭ᠌ᠲᠡᠷ ᠲᠦ᠍ ᠭᠠᠷᠴᠤ᠌᠂ ᠮᠥ᠍ ᠨᠢᠭᠡᠴᠢ ᠶ᠋ᠢᠨ ᠤᠨᠠᠯᠲᠠ 10.1 ᠵᠢᠩ ᠨᠡᠮᠡᠭᠳᠡᠪᠡ᠃ ᠬᠦᠮᠦᠷᠭᠡ᠎ᠳᠡᠭᠡᠨ ᠠᠮᠤ᠎ᠲᠠᠶ ᠪᠣᠯ ᠭᠡᠬᠦᠳᠡᠭ ᠲᠡᠭᠡᠨ ᠤᠮᠤᠭ ᠲᠠᠢ᠃ ᠲᠣᠮᠣ ᠤᠯᠤᠰ ᠤ᠋ᠨ ᠠᠮᠤ ᠪᠤᠳᠠᠭᠠᠨ ᠤ᠋ ᠬᠥᠮᠥᠷᠭᠡ ᠤᠯᠠᠮ ᠡᠴᠡ ᠤᠯᠠᠮ ᠳᠦᠭᠦᠷᠴᠦ᠍᠂ ᠤᠯᠠᠮ ᠡᠴᠡ ᠤᠯᠠᠮ ᠪᠡᠬᠢᠵᠢᠵᠦ᠍ ᠪᠠᠢᠨ᠎ᠠ᠂ ᠡᠭᠦᠨ ᠳ᠋ᠤ 《ᠪᠣᠭᠣᠮᠲᠠ ᠶ᠋ᠢᠨ ᠭᠠᠳᠠᠨᠠᠬᠢ ᠠᠮᠤ ᠪᠤᠳᠠᠭ᠎ᠠ》 ᠨᠢ ᠪᠠᠭ᠎ᠠ ᠪᠤᠰᠤ ᠬᠤᠪᠢ ᠶ᠋ᠢᠨ ᠵᠢᠩ᠎ᠲᠡᠶ ᠶᠤᠮ᠃ 2024 ᠣᠨ ᠳ᠋ᠦ᠂ ᠥᠪᠥᠷ ᠮᠣᠩᠭᠣᠯ ᠤ᠋ᠨ ᠠᠮᠤ ᠪᠤᠳᠠᠭᠠᠨ ᠤ᠋ ᠶᠡᠷᠦᠩᠬᠡᠶ ᠤᠨᠠᠯᠲᠠ ᠠᠩᠬ᠎ᠠ ᠤᠳᠠᠭ᠎ᠠ 800 ᠳ᠋ᠦᠩᠱᠢᠭᠤᠷ ᠵᠢᠩ ᠢ᠋ ᠳᠠᠪᠠᠵᠤ᠂ ᠪᠥᠬᠥ᠌ ᠤᠯᠤᠰ ᠤ᠋ᠨ ᠵᠢᠷᠭᠤᠳᠤᠭᠠᠷ ᠲᠦ᠍ ᠲᠤᠳᠤᠷᠠᠵᠤ᠂ ᠨᠡᠮᠡᠭ᠌ᠳᠡᠯ ᠤ᠋ᠨ ᠬᠡᠮᠵᠢᠶ᠎ᠡ ᠪᠡᠷ ᠪᠥᠬᠥ᠌ ᠤᠯᠤᠰ ᠤ᠋ᠨ ᠭᠤᠷᠪᠠᠳᠤᠭᠠᠷ ᠲᠦ᠍ ᠵᠢᠬᠰᠠᠪᠠ; ᠦᠬᠡᠷ ᠬᠤᠨᠢᠨ ᠮᠢᠬ᠎ᠠ᠂ ᠦᠨᠢᠶᠡᠨ ᠰᠦ ᠶ᠋ᠢᠨ ᠭᠠᠷᠤᠯᠲᠠ ᠪᠦᠬᠦ᠌ ᠤᠯᠤᠰ ᠎ᠤ᠋ᠨ ᠨᠢᠭᠡᠳᠦᠭᠡᠷ ᠲᠦ᠍ ᠴᠤᠯᠭᠤᠷᠠᠵᠤ᠂ ᠵᠢᠯ ᠪᠦᠷᠢ ᠬᠠᠭᠠᠰ ᠡᠴᠡ ᠳᠡᠭᠡᠭ᠌ᠰᠢᠬᠢ ᠠᠮᠤ ᠪᠤᠳᠠᠭ᠎ᠠ᠂ ᠮᠢᠬ᠎ᠠ᠂ ᠰᠦ ᠵᠢ ᠣᠷᠣᠨ ᠤ᠋ ᠭᠠᠳᠠᠨ᠎ᠠ ᠭᠠᠷᠭᠠᠵᠦ᠂ ᠪᠦᠬᠦ᠌ ᠤᠯᠤᠰ ᠲᠦ᠍ ᠬᠠᠩᠭᠠᠵᠤ ᠪᠠᠢᠨ᠎ᠠ᠃ ᠥᠨᠥᠳᠦᠷ ᠤ᠋ᠨ ᠥᠪᠥᠷ ᠮᠣᠩᠭᠣᠯ ᠨᠢ ᠠᠮᠤ ᠪᠤᠳᠠᠭᠠᠨ ᠤ᠋ ᠲᠤᠮᠤ ᠣᠷᠣᠨ᠂ ᠮᠠᠯ ᠠᠵᠤ ᠠᠬᠤᠢ ᠶ᠋ᠢᠨ ᠲᠤᠮᠤ ᠣᠷᠣᠨ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠪᠣᠬᠢᠷᠲᠤᠯ ᠦᠭᠡᠢ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠲᠤᠮᠤ ᠣᠷᠣᠨ ᠪᠣᠯᠵᠠᠢ᠃

ᠡᠯᠪᠡᠭ ᠬᠤᠷᠢᠶᠠᠯᠲᠠ᠎ᠲᠠᠶ ᠵᠢᠯ ᠤ᠋ᠨ ᠠᠷᠤ ᠳ᠋ᠦ᠂ ᠠᠵᠢᠯᠴᠢ ᠬᠥᠳᠡᠯᠮᠦᠷᠢᠴᠢ ᠪᠣᠷᠣᠭ᠍ᠵᠢᠭᠤᠨ ᠥᠪᠥᠷ ᠮᠣᠩᠭᠣᠯ ᠤ᠋ᠨ ᠠᠷᠠᠳ ᠲᠦᠮᠡᠨ 《ᠠᠷᠠᠳ ᠬᠢᠭᠡᠳ ᠬᠦᠨᠡᠰᠦ》᠂ 《ᠠᠷᠠᠳ ᠬᠢᠭᠡᠳ ᠤᠯᠤᠰ》 ᠤ᠋ᠨ ᠲᠤᠬᠠᠢ ᠭᠠᠷᠭᠠᠭᠰᠠᠨ ᠴᠥᠬᠥᠷᠡᠰᠢ ᠦᠭᠡᠢ ᠵᠢᠳᠬᠦᠯ ᠪᠠᠢᠳᠠᠭ᠃ ᠥᠪᠥᠷ ᠮᠣᠩᠭᠣᠯ ᠳ᠋ᠦ ᠠᠪᠴᠤ᠌ ᠬᠡᠯᠡᠪᠡᠯ᠂ ᠠᠮᠤ ᠪᠤᠳᠠᠭ᠎ᠠ ᠪᠣᠯᠤᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠠᠮᠤᠷ ᠲᠦᠪᠱᠢᠨ ᠬᠠᠩᠭᠠᠯᠭ᠎ᠠ ᠵᠢ ᠴᠢᠩᠭᠠᠳᠭᠠᠬᠤ ᠪᠣᠯ ᠬᠠᠷᠢᠭᠤᠴᠠᠯᠭ᠎ᠠ ᠮᠦᠷᠳᠡᠭᠡᠨ ᠡᠬᠦᠷᠬᠡᠯᠡᠯ ᠪᠤᠯᠤᠨ᠎ᠠ᠃ ᠱᠢᠨ᠎ᠡ ᠭᠠᠷᠤᠭ᠎ᠠ ᠳ᠋ᠦ ᠵᠣᠭ᠍ᠰᠣᠵᠤ᠂ ᠥᠭᠡᠷᠡᠴᠢᠯᠡᠯᠲᠡ᠎ᠪᠡᠷ ᠬᠦᠴᠢᠷ ᠠᠰᠠᠭᠤᠳᠠᠯ ᠢ᠋ ᠱᠢᠢᠳᠪᠦᠷᠢᠯᠡᠵᠦ᠍᠂ ᠮᠠᠯ ᠠᠵᠤ ᠠᠬᠤᠢ ᠲᠠᠷᠢᠶᠠᠯᠠᠩ ᠤ᠋ᠨ ᠬᠦᠷᠢᠶᠡᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠵᠢ ᠦᠷᠭᠦᠯᠵᠢᠯᠡᠨ ᠴᠢᠩᠭᠠᠳᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠳᠦᠭᠡᠨ ᠪᠠᠢᠭᠤᠯᠤᠯᠲᠠ ᠵᠢ ᠲᠦᠷᠭᠡᠳᠭᠡᠵᠦ᠍᠂ ᠤᠰᠤ ᠵᠢ ᠠᠮᠢᠨ ᠰᠤᠳᠠᠰᠤ᠎ᠪᠤᠯᠭᠠᠨ ᠠᠳᠬᠤᠵᠦ ᠂ ᠤᠶᠤᠨᠴᠢ ᠲᠠᠷᠢᠶᠠᠯᠠᠩ ᠢ᠋ ᠰᠠᠢᠳᠤᠷ ᠬᠦᠭᠵᠢᠬᠦᠯᠦᠨ᠂ ᠲᠠᠷᠢᠶᠠᠨ ᠭᠠᠵᠠᠷ᠂ ᠮᠠᠯᠵᠢᠯ ᠤ᠋ᠨ ᠲᠠᠯᠠᠪᠠᠢ ᠳ᠋ᠦ ᠱᠢᠨ᠎ᠡ ᠦᠢᠯᠡᠳᠪᠦᠷᠢᠯᠡᠯ ᠤ᠋ᠨ ᠬᠦᠴᠦᠨ ᠢ᠋ ᠪᠤᠢᠵᠢᠭᠤᠯᠵᠦ᠂ ᠲᠣᠭ᠎ᠠ ᠬᠡᠮᠵᠢᠶ᠎ᠡ ᠵᠢ ᠴᠢᠷᠮᠠᠢᠨ ᠥᠷᠭᠡᠳᠭᠡᠵᠦ᠍᠂ ᠤᠨᠠᠯᠲᠠ ᠵᠢ ᠨᠡᠮᠡᠭ᠌ᠳᠡᠭᠦᠯᠵᠦ᠍᠂ ᠶᠠᠰᠤ ᠴᠢᠨᠠᠷ ᠢ᠋ ᠳᠡᠭᠡᠭ᠌ᠰᠢᠯᠡᠭᠦᠯᠵᠦ᠍᠂ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ ᠢ᠋ ᠲᠣᠭ᠎ᠠ ᠬᠡᠮᠵᠢᠶ᠎ᠡ ᠶᠡᠬᠡ᠂ ᠶᠠᠰᠤ ᠴᠢᠨᠠᠷ ᠰᠠᠢᠲᠠᠢ ᠪᠦᠳᠦᠭᠡᠨ ᠪᠠᠢᠭᠤᠯᠵᠤ᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠤ᠋ 《ᠲᠣᠭ᠍ᠲᠠᠪᠤᠷᠢᠵᠢᠭᠤᠯᠤᠭ᠍ᠴᠢ》 ᠪᠣᠯᠭᠠᠨ᠎ᠠ᠃

ᠤᠷᠢᠬᠠᠨ ᠬᠠᠪᠤᠷ ᠰᠠᠭᠠᠲᠠᠵᠤ᠂ ᠲᠦᠮᠡᠨ ᠪᠣᠳᠠᠰ ᠲᠥᠯᠵᠢᠨ᠎ᠡ᠃ ᠤᠮᠠᠷᠠᠲᠤ ᠬᠢᠯᠢ ᠶ᠋ᠢᠨ ᠥᠷᠭᠡᠨ ᠠᠭᠤᠳᠠᠮ ᠲᠠᠷᠢᠶᠠᠨ ᠭᠠᠵᠠᠷ ᠲᠦ᠍᠂ ᠬᠠᠪᠤᠷ ᠤ᠋ᠨ ᠲᠠᠷᠢᠶᠠᠯᠠᠭ᠎ᠠ ᠶ᠋ᠢᠨ ᠪᠡᠯᠡᠳᠭᠡᠯ ᠠᠵᠢᠯ ᠡᠷᠴᠢᠮᠳᠠᠢ᠎ᠥᠷᠨᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠬᠥᠷ ᠬᠥᠭ᠌ᠵᠢᠶᠡᠨ᠎ᠲᠡᠶ ᠶᠠᠪᠤᠭ᠍ᠳᠠᠨ᠂ ᠣᠲᠣ ᠦᠶ᠎ᠡ ᠶ᠋ᠢᠨ ᠲᠠᠷᠢᠶᠠᠯᠠᠩ ᠮᠠᠯ ᠠᠵᠤ ᠠᠬᠤᠶ ᠶ᠋ᠢᠨ ᠠᠵᠤ ᠦᠶ᠋ᠯᠡᠰ ᠤ᠋ᠨ ᠬᠦᠷᠢᠶᠡᠯᠡᠩ ᠢ᠋ ᠪᠥᠲᠥᠭᠡᠨ ᠪᠠᠢᠭᠤᠯᠬᠤ ᠠᠵᠢᠯ ᠡᠮᠬᠢ ᠵᠢᠷᠤᠮ᠎ᠲᠠᠶ ᠠᠭᠢᠵᠤ᠂ ᠣᠷᠭᠠᠨᠢᠭ ᠲᠤᠲᠤᠷᠭ᠎ᠠ᠂ ᠲᠠᠯ᠎ᠠ ᠨᠤᠲᠤᠭ ᠤ᠋ᠨ ᠦᠬᠡᠷ ᠬᠣᠨᠢᠨ ᠮᠢᠬ᠎ᠠ ᠵᠡᠷᠭᠡ ᠪᠣᠬᠢᠷᠲᠤᠯ ᠥᠬᠡᠶ ᠴᠢᠨᠠᠷ ᠰᠠᠢᠲᠠᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠡᠯᠧᠺᠲ᠋ᠷᠣᠨ ᠬᠤᠳᠠᠯᠳᠤᠭᠠᠨ ᠤ᠋ ᠲᠠᠪᠴᠠᠡᠭ᠎ᠵᠢᠡᠷ ᠤᠯᠤᠰ ᠤ᠋ᠨ ᠳᠤᠳᠤᠭᠠᠳᠦ ᠭᠠᠳᠠᠭᠠᠳᠦ ᠳ᠋ᠦ ᠪᠣᠷᠣᠯᠠᠭᠤᠯᠤᠭ᠍ᠳᠠᠨ᠎ᠠ ᠁ ᠱᠢᠨ᠎ᠡ ᠨᠢᠭᠡ ᠵᠢᠯ ᠤ᠋ᠨ ᠲᠠᠷᠢᠶᠠᠯᠠᠭ᠎ᠠ ᠨᠢᠭᠡᠨᠲᠡ ᠡᠬᠢᠯᠡᠵᠦ᠍᠂ ᠱᠢᠨ᠎ᠡ ᠨᠢᠭᠡ ᠵᠢᠯ ᠤ᠋ᠨ ᠡᠯᠪᠡᠭ ᠬᠤᠷᠢᠶᠠᠯᠲᠠ ᠶᠠᠭ ᠰᠠᠢᠬᠠᠨ ᠬᠦᠪᠦᠷᠡᠨ ᠪᠣᠢᠵᠢᠵᠤ᠂ ᠬᠠᠷᠢᠭᠤᠴᠠᠯᠭ᠎ᠠ ᠪᠠᠨ ᠪᠠᠲᠤ ᠡᠭᠦᠷᠭᠡᠯᠡᠨ᠂ ᠡᠷᠴᠢ ᠵᠤᠷᠢᠭ᠎ᠵᠢᠡᠨ ᠬᠦᠪᠴᠢᠯᠠᠵᠤ ᠡᠷᠡᠯᠬᠡᠭ᠌ᠯᠡᠨ ᠤᠷᠤᠭ᠍ᠰᠢᠯᠠᠵᠤ᠂ ᠱᠢᠷᠭᠠᠭᠤ ᠬᠠᠲᠠᠭᠤᠵᠢᠯᠲᠠᠶ ᠠᠵᠢᠯᠯᠠᠨ᠂ 《ᠳᠤᠮᠳᠠᠳᠤ ᠤᠯᠤᠰ ᠤ᠋ᠨ ᠠᠶᠠᠭ᠎ᠠ》 ᠵᠢ ᠨᠡᠩ ᠰᠢᠮ᠎ᠠ ᠰᠠᠢᠳᠠᠢ ᠠᠮᠤ ᠪᠤᠳᠠᠭ᠎ᠠ ᠪᠠᠷ ᠲᠦᠬᠦᠷᠭᠡᠬᠦ᠎ᠳ᠋ᠦ ᠪᠢᠳᠠ ᠢᠳᠡᠭᠡᠯ ᠲᠦᠬᠦᠷᠡᠩ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号