ᠡᠨᠡ ᠪᠣᠯ ᠬᠦᠮᠦᠷᠭᠡ ᠳᠦᠭᠦᠷᠡᠩ ᠠᠮᠤ ᠪᠤᠳᠠᠭ᠎ᠠ ᠲᠠᠢ ᠥᠪᠥᠷ ᠮᠣᠩᠭᠣᠯ
2025-03-10 14:52:49
ᠵᠣᠬᠢᠶᠠᠭ᠍ᠴᠢ᠄
ᠬᠠᠨ ᠱᠢᠤᠸᠠᠢ ᠷᠦ
ᠣᠩᠱᠢᠭ᠍ᠰᠠᠨ ᠣᠳᠠᠭ᠎ᠠ᠄
★★★☆☆

ᠨᠠᠷᠠᠲᠤ ᠣᠨᠴᠠ ᠤᠬᠢ ᠱᠢᠨ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠶᠡᠷᠦᠩᠬᠡᠶ ᠲᠤᠭ᠎ᠠ ᠪᠥᠬᠥ᠌ ᠤᠯᠤᠰ ᠲᠤ᠌ ᠲᠦᠷᠦᠭᠦᠯᠡᠪᠡ


ᠪᠣᠷᠣᠲᠣᠬᠣᠶ ᠵᠢᠨ ᠲᠠᠯ᠎ᠠ ᠭᠠᠵᠠᠷ ᠤ᠋ᠨ ᠲᠦᠮᠡᠨ ᠮᠥ᠍ ᠰᠢᠮ᠎ᠠ ᠰᠠᠢᠳᠠᠢ ᠲᠠᠷᠢᠶ᠎ᠠ ᠡᠴᠡ ᠲᠠᠯ᠎ᠠ ᠨᠤᠲᠤᠭ ᠤ᠋ᠨ ᠦᠷᠦᠴᠡᠨ᠎ᠳᠡᠬᠢ ᠤᠶᠤᠨᠲᠤ ᠲᠠᠷᠢᠶᠠᠯᠠᠩ ᠤ᠋ᠨ ᠲᠠᠯᠠᠪᠠᠶ ᠬᠦᠷᠲᠡᠯ᠎ᠡ᠂ ᠲᠠᠷᠢᠶᠠᠯᠠᠩ ᠤ᠋ᠨ ᠮᠠᠰᠢᠨ ᠰᠦᠯᠵᠢᠯᠳᠦᠭᠰᠡᠨ ᠬᠠᠷ᠎ᠠ ᠬᠥᠷᠥᠰᠥᠲᠤ ᠭᠠᠵᠠᠷ᠎ᠡᠴᠡ ᠲᠠᠷᠢᠮᠠᠯ ᠢ᠋ ᠳᠠᠷᠢᠵᠤ ᠪᠣᠢᠵᠢᠭᠤᠯᠬᠤ ᠲᠤᠷᠱᠢᠯᠲᠠ ᠵᠢᠨ ᠲᠠᠷᠢᠶ᠎ᠠ ᠬᠦᠷᠲᠡᠯ᠎ᠡ᠂ ᠥᠪᠥᠷ ᠮᠣᠩᠭᠣᠯ ᠤ᠋ᠨ ᠥᠩ ᠱᠢᠮᠡᠯᠢᠭ ᠬᠦᠷᠦᠰᠤ ᠨᠢ ᠳᠤᠮᠳᠠᠳᠤ ᠤᠯᠤᠰ ᠤ᠋ᠨ ᠪᠤᠳᠠᠭᠠᠨ ᠠᠶᠠᠭ᠎ᠠ ᠶ᠋ᠢ ᠯᠠᠪᠳᠠᠭᠤᠨ ᠠᠳᠬᠤᠬᠤ ᠪᠠᠲᠤ ᠪᠡᠬᠢ ᠢᠲᠡᠭᠡᠯ ᠵᠣᠷᠢᠭ ᠢ᠋ ᠬᠦᠪᠴᠢᠯᠠᠨ᠎ᠠ᠃

2024 ᠣᠨ ᠳ᠋ᠤ᠂ ᠥᠪᠥᠷ ᠮᠣᠩᠭᠣᠯ ᠤ᠋ᠨ ᠠᠮᠤ ᠪᠤᠳᠠᠭᠠᠨ ᠤ᠋ ᠶᠡᠷᠦᠩᠬᠡᠶ ᠤᠨᠠᠯᠲᠠ 820.1 ᠳ᠋ᠦᠩᠱᠢᠭᠤᠷ ᠵᠢᠩ ᠳ᠋ᠤ ᠬᠦᠷᠴᠦ᠍᠂ ᠦᠬᠡᠷ ᠬᠣᠨᠢᠨ ᠮᠢᠬ᠎ᠠ᠂ ᠦᠨᠢᠶᠡᠨ ᠰᠦ ᠵᠢᠨ ᠭᠠᠷᠤᠯᠲᠠ ᠪᠥᠬᠥ᠌ ᠤᠯᠤᠰ ᠲᠤ᠌ ᠲᠠᠷᠢᠬᠦᠯᠡᠵᠤ᠂ ᠰᠦ ᠮᠢᠬ᠎ᠠ ᠲᠥᠮᠥᠰᠥ ᠨᠣᠤᠯᠤᠭᠤᠷ ᠵᠡᠷᠭᠡ 7 ᠵᠦᠶ᠋ᠯ ᠤ᠋ᠨ ᠭᠤᠤᠯᠳᠠᠯᠭ᠎ᠠ᠎ᠲᠠᠶ ᠠᠵᠤ ᠦᠶ᠋ᠯᠡᠰ ᠤ᠋ᠨ ᠬᠡᠯᠬᠢᠶ᠎ᠡ ᠵᠢᠨ ᠦᠶ᠋ᠯᠡᠳᠬᠦᠨ ᠤ᠋ ᠥᠷᠲᠡᠭ 7000 ᠳ᠋ᠦᠩᠱᠢᠭᠤᠷ ᠲᠥᠭᠥᠷᠢᠭ ᠢ᠋ ᠳᠠᠪᠠᠵᠤ᠂ ᠨᠠᠷᠠᠲᠤ ᠣᠨᠴᠠ ᠤᠬᠢ ᠱᠢᠨ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠶᠡᠷᠦᠩᠬᠡᠶ ᠲᠤᠭ᠎ᠠ ᠪᠥᠬᠥ᠌ ᠤᠯᠤᠰ ᠲᠤ᠌ ᠲᠦᠷᠦᠬᠦᠯᠡᠨ᠂ ᠪᠥᠬᠥ᠌ ᠤᠯᠤᠰ ᠤ᠋ᠨ ᠠᠷᠠᠳ ᠲᠦᠮᠡᠨ ᠤ᠋ ᠬᠣᠭᠣᠯᠠᠨ ᠱᠢᠷᠡᠭᠡᠨ ᠳᠡᠭᠡᠷ᠎ᠡ ᠲᠠᠯ᠎ᠠ ᠨᠤᠲᠤᠭ ᠤ᠋ᠨ ᠪᠣᠬᠢᠷᠲᠤᠯ ᠥᠬᠡᠶ ᠢᠳᠡᠭᠡᠨ ᠶᠠᠪᠤᠬᠤ ᠲᠤᠲᠤᠮ ᠤᠯᠠᠰᠢᠷᠠᠪᠠ᠃

ᠡᠳᠡᠭᠡᠷ ᠲᠣᠭ᠎ᠠ ᠪᠠᠷᠢᠮᠲᠠ ᠡᠴᠡ ᠠᠮᠤ ᠪᠤᠳᠠᠭ᠎ᠠ ᠬᠦᠮᠦᠷᠭᠡ ᠳᠦᠭᠦᠷᠡᠩ ᠥᠪᠥᠷ ᠮᠣᠩᠭᠣᠯ ᠢ᠋ ᠤᠢᠯᠠᠭᠠᠵᠤ ᠪᠤᠯᠤᠨ᠎ᠠ᠃ ᠪᠥᠬᠥ᠌ ᠣᠷᠣᠨ ᠤ᠋ ᠡᠯ᠎ᠡ ᠭᠠᠵᠠᠷ ᠤ᠋ᠨ᠎ᠬᠢᠨ ᠳᠠᠪᠠᠭᠤᠯᠢᠭ ᠠᠵᠤ ᠦᠶ᠋ᠯᠡᠰ᠎ᠲᠦ ᠰᠠᠭᠤᠷᠢᠯᠠᠨ᠂ ᠲᠤᠬᠠᠶ ᠵᠢᠨ ᠭᠠᠵᠠᠷ ᠤ᠋ᠨ 《ᠨᠤᠲᠤᠭ ᠤ᠋ᠨ ᠣᠨᠴᠠ ᠭᠠᠷᠤᠯᠲᠠ》 ᠶ᠋ᠢ ᠭᠦᠨᠵᠡᠭᠡᠶ ᠠᠭᠤᠳᠠᠯᠵᠤ᠂ 《ᠠᠮᠤ ᠵᠢᠨ ᠰᠠᠩ》᠂ 《ᠮᠢᠬᠠᠨ ᠤ᠋ ᠬᠥᠮᠥᠷᠭᠡ》᠂ 《ᠰᠦ ᠵᠢᠨ ᠬᠦᠨᠦᠭ》᠂ 《ᠨᠣᠤᠯᠤᠭᠤᠷ ᠤ᠋ᠨ ᠬᠣᠲᠠ》 ᠵᠡᠷᠭᠡ ᠨᠡᠷ᠎ᠡ ᠵᠢᠨ ᠬᠠᠭᠤᠳᠠᠰᠤ ᠵᠢᠨ ᠲᠣᠭᠣᠷᠢᠨ ᠳ᠋ᠤ 《ᠥᠪᠥᠷ ᠮᠣᠩᠭᠣᠯ ᠨᠡᠷᠡᠮᠵᠢᠳᠤ》 ᠪᠣᠬᠢᠷᠲᠤᠯ ᠥᠬᠡᠶ ᠴᠢᠨᠠᠷ ᠰᠠᠢᠲᠠᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠪᠣᠶ ᠪᠣᠯᠭᠠᠵᠤ᠂ ᠥᠪᠥᠷ ᠮᠣᠩᠭᠣᠯ ᠤ᠋ᠨ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠠᠯᠳᠠᠷᠱᠢᠯ ᠪᠠ ᠥᠷᠢᠰᠥᠯᠳᠦᠬᠦ᠌ ᠬᠦᠴᠦᠨ ᠢ᠋ ᠳᠡᠭᠡᠭ᠌ᠰᠢᠯᠡᠭᠦᠯᠪᠡ᠃

《ᠲᠣᠭ᠍ᠲᠠᠭᠤᠨ》 ᠢ᠋ ᠲᠡᠷᠢᠭᠦᠨ ᠳ᠋ᠤ ᠲᠠᠯᠪᠢᠵᠤ ᠭᠠᠷᠤᠯᠲᠠ ᠵᠢ ᠨᠡᠮᠡᠭ᠌ᠳᠡᠭᠦᠯᠬᠦ᠌ ᠳᠠᠯᠳᠠ ᠬᠦᠴᠦᠨ ᠢ᠋ ᠭᠦᠨᠵᠡᠭᠡᠶ ᠠᠭᠤᠳᠠᠯᠤᠨ᠎ᠠ

ᠮᠠᠱᠢᠨᠴᠢᠯᠠᠭᠰᠠᠨ᠂ ᠲᠣᠭᠠᠴᠢᠯᠠᠭ᠍ᠰᠠᠨ ᠲᠠᠷᠢᠶᠠᠯᠠᠭ᠎ᠠ ᠨᠢ ᠬᠠᠪᠤᠷ ᠤ᠋ᠨ ᠲᠠᠷᠢᠶᠠᠯᠠᠭ᠎ᠠ᠎ᠵᠢᠨ ᠨᠢᠭᠡᠨ ᠭᠤᠶᠤ ᠰᠠᠢᠬᠠᠨ ᠦᠵᠡᠮᠵᠢ ᠪᠠᠢᠵᠤ᠂ ᠲᠠᠷᠢᠶᠠᠯᠠᠩ ᠤ᠋ᠨ ᠦᠶ᠋ᠯᠡᠳᠪᠦᠷᠢᠯᠡᠯ ᠢ᠋ ᠨᠠᠩ ᠥᠨᠳᠥᠷ ᠦᠷ᠎ᠠ ᠪᠦᠳᠤᠮᠵᠢ ᠲᠠᠢ ᠪᠤᠯᠭᠠᠨ᠎ᠠ᠃

ᠭᠠᠵᠠᠷ ᠲᠡᠭ᠌ᠰᠢᠯᠡᠬᠦ᠌᠂ ᠲᠠᠷᠢᠶᠠᠨ ᠭᠠᠵᠠᠷ ᠤᠷᠪᠠᠭᠤᠯᠬᠤ᠂ ᠳᠠᠷᠢᠬᠤ ᠁ ᠪᠠᠶᠠᠨᠨᠠᠭᠤᠷ ᠬᠣᠲᠠ ᠵᠢᠨ ᠬᠠᠩᠭᠢᠨ ᠬᠣᠢᠲᠤ ᠬᠣᠱᠢᠭᠤᠨ ᠤ᠋ ᠰᠠᠨ ᠳ᠋ᠤᠤ ᠴᠢᠶᠣᠤ ᠪᠠᠯᠭᠠᠰᠤᠨ ᠤ᠋ ᠪᠣᠭᠣᠳᠠᠶ ᠳᠠᠷᠢᠬᠤ ᠣᠷᠣᠨ ᠳ᠋ᠤ᠂ ᠮᠠᠰᠢᠨ ᠮᠧᠬᠠᠨᠢᠭ ᠬᠦᠷᠴᠢᠭᠢᠨᠡᠨ᠂ ᠲᠠᠷᠢᠶᠠᠴᠢᠳ ᠲᠠᠷᠢᠶᠠᠨ ᠠᠵᠢᠯ᠎ᠳᠠᠭᠠᠨ᠎ᠶᠠᠭᠠᠷᠠᠯᠳᠤᠨ᠎ᠠ᠃

2020 ᠣᠨ ᠳ᠋ᠤ 《ᠬᠠᠩᠭᠢᠨ ᠬᠣᠢᠲᠤ ᠬᠣᠱᠢᠭᠤᠨ ᠤ᠋ ᠪᠣᠭᠣᠳᠠᠶ》 ᠪᠥᠬᠥ᠌ ᠤᠯᠤᠰ ᠤ᠋ᠨ ᠨᠠᠷᠠᠲᠤ ᠣᠨᠴᠠ ᠤᠬᠢ ᠱᠢᠨ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠨᠡᠷᠡᠰ᠎ᠲᠦ ᠲᠤᠳᠤᠷᠠᠵᠤ᠂ ᠪᠣᠭᠣᠳᠠᠶ ᠵᠢᠨ ᠦᠨᠦᠷ ᠠᠩᠬᠢᠯᠤᠮ᠎ᠠ᠂ ᠰᠢᠨᠳᠠᠰᠤᠯᠢᠭ ᠣᠨᠴᠠᠯᠢᠭ᠎ᠵᠢᠡᠷ ᠵᠢᠡᠨ ᠬᠡᠷᠡᠭ᠌ᠯᠡᠭ᠌ᠴᠢᠳ ᠤ᠋ᠨ ᠲᠠᠭᠠᠰᠢᠶᠠᠯ ᠢ᠋ ᠬᠦᠷᠳᠡᠪᠠ᠃ ᠤᠭᠤᠷᠠᠭ ᠤ᠋ᠨ ᠠᠭᠤᠯᠤᠭ᠍ᠳᠠᠴᠠ᠂ ᠭᠤᠯᠢᠷ ᠤ᠋ᠨ ᠰᠢᠨᠳᠠᠰᠤ ᠵᠢᠨ ᠠᠭᠤᠯᠤᠭ᠍ᠳᠠᠴᠠ᠂ ᠨᠤᠨᠲᠠᠭ ᠤ᠋ᠨ ᠭᠦᠶ᠋ᠴᠡᠳᠭᠡᠯ ᠲᠣᠭ᠎ᠠ᠂ ᠰᠤᠨᠤᠯᠲᠠ ᠵᠢᠨ ᠭᠦᠶ᠋ᠴᠡᠳᠭᠡᠯ ᠲᠣᠭ᠎ᠠ ᠵᠡᠷᠭᠡ ᠲᠠᠯ᠎ᠠ ᠪᠠᠷ᠎ᠵᠢᠡᠨ ᠪᠥᠬᠥ᠌ ᠤᠯᠤᠰ ᠤ᠋ᠨ ᠲᠡᠷᠢᠭᠦᠨ ᠳ᠋ᠤ ᠵᠢᠬᠰᠠᠪᠠ᠃

2024 ᠣᠨ ᠳ᠋ᠤ᠂ ᠬᠠᠩᠭᠢᠨ ᠬᠣᠢᠲᠤ ᠬᠣᠱᠢᠭᠤᠨ ᠤ᠋ ᠳᠧᠦ ᠳ᠋ᠤᠤ ᠴᠢᠶᠣᠤ ᠪᠠᠯᠭᠠᠰᠤᠨ ᠤ᠋ ᠮᠢᠨ ᠵᠢᠶᠠᠨ ᠰᠠᠨ ᠱᠸ  ᠵᠢᠱ᠌ᠢᠶ᠎ᠡ ᠦᠵᠡᠭᠦᠯᠬᠦ᠌ ᠣᠷᠣᠨ ᠤ᠋ ᠪᠤᠭᠤᠳᠠᠢ ᠵᠢᠨ ᠮᠦ᠍ ᠪᠦᠷᠢ ᠵᠢᠨ ᠤᠨᠠᠯᠲᠠ 705.8 ᠺᠢᠯᠣᠭ᠌ᠷᠠᠮ ᠳ᠋ᠤ ᠬᠦᠷᠴᠦ᠍᠂ ᠥᠪᠥᠷ ᠮᠣᠩᠭᠣᠯ ᠤ᠋ᠨ ᠪᠤᠭᠤᠳᠠᠢ ᠵᠢᠨ ᠮᠦ᠍ ᠪᠦᠷᠢ ᠵᠢᠨ ᠤᠨᠠᠯᠲᠠ ᠵᠢᠨ ᠲᠡᠮᠳᠡᠭ᠌ᠯᠡᠯ ᠢ᠋ ᠱᠢᠨᠡᠳᠭᠡᠪᠡ᠃ 《2025 ᠣᠨ ᠳ᠋ᠤ᠂ ᠪᠢᠳᠡ 2 ᠲᠦᠮᠡᠨ ᠮᠦ᠍ ᠪᠤᠭᠤᠳᠠᠢ ᠲᠠᠷᠢᠬᠤ ᠰᠠᠭᠤᠷᠢᠨ ᠢ᠋ ᠪᠠᠢᠭᠤᠯᠵᠤ᠂ ᠪᠤᠭᠤᠳᠠᠢ ᠶ᠋ᠢ ᠠᠵᠤ ᠠᠬᠤᠢ ᠵᠢᠨ ᠲᠠᠷᠢᠮᠠᠯ ᠲᠠᠢ ᠳᠠᠪᠬᠤᠷᠯᠠᠵᠤ ᠲᠠᠷᠢᠬᠤ᠂ ᠪᠤᠭᠤᠳᠠᠢ ᠵᠢᠨ ᠳᠠᠷᠠᠭ᠎ᠠ ᠳᠠᠬᠢᠨ ᠲᠠᠷᠢᠬᠤ ᠵᠡᠷᠭᠡ ᠲᠠᠷᠢᠮᠠᠯ ᠤ᠋ᠨ ᠵᠠᠭ᠍ᠪᠤᠷ ᠢ᠋ ᠬᠡᠷᠡᠭ᠌ᠵᠢᠭᠦᠯᠵᠦ᠍᠂ ᠳᠣᠬᠢᠭᠤᠷ ᠲᠤᠯᠤᠭᠠᠨ ᠤᠳᠤ ᠪᠡᠷ ᠵᠠᠮᠴᠢᠯᠠᠬᠤ᠂ ᠵᠢᠯᠣᠭᠣᠴᠢ ᠦᠭᠡᠢ ᠨᠢᠰᠭᠡᠯ ᠎ᠵᠢᠡᠷ ᠳᠠᠮᠵᠢᠨ ᠲᠤᠮᠤ ᠬᠡᠯᠪᠡᠷᠢ ᠵᠢᠨ ᠮᠠᠱᠢᠨ ᠮᠧᠬᠠᠨᠢᠭ ᠵᠢᠡᠷ ᠬᠤᠷᠢᠶᠠᠬᠤ ᠠᠵᠢᠯ ᠢ᠋ ᠪᠦᠬᠦᠨ ᠢ᠋ ᠪᠦᠷᠬᠦᠬᠦᠯᠬᠦ᠌ ᠶ᠋ᠢ ᠪᠡᠶᠡᠯᠡᠭᠦᠯᠵᠦ᠍᠂ ᠪᠤᠭᠤᠳᠠᠢ ᠲᠠᠷᠢᠬᠤ ᠬᠤᠷᠢᠶᠠᠬᠤ ᠶᠡᠷᠦᠩᠬᠡᠢᠯᠡᠭ᠌ᠰᠡᠨ ᠮᠠᠱᠢᠨᠴᠢᠯᠠᠯᠲᠠ ᠵᠢᠨ ᠨᠤᠷᠮ᠎ᠠ ᠶ᠋ᠢ 100% ᠳ᠋ᠤ ᠬᠦᠷᠭᠡᠬᠦ ᠪᠡᠷ ᠲᠦᠯᠦᠪᠯᠡᠵᠤ ᠪᠤᠢ᠃ ᠵᠢᠱ᠌ᠢᠯᠲᠡ᠎ᠪᠡᠷ ᠪᠥᠬᠥ᠌ ᠬᠣᠱᠢᠭᠤᠨ ᠤ᠋ ᠪᠣᠭᠣᠳᠠᠶ ᠳᠠᠷᠢᠬᠤ ᠲᠠᠯᠠᠪᠠᠶ ᠶ᠋ᠢ 11 ᠲᠦᠮᠡᠨ ᠮᠦ᠍ ᠡᠴᠡ ᠳᠡᠭᠡᠭ᠌ᠰᠢ ᠲᠣᠭ᠍ᠲᠠᠪᠤᠷᠢᠵᠢᠭᠤᠯᠤᠨ᠎ᠠ᠃》 ᠭᠡᠵᠦ᠍ ᠬᠠᠩᠭᠢᠨ ᠬᠣᠢᠲᠤ ᠬᠣᠱᠢᠭᠤᠨ ᠤ᠋ ᠲᠠᠷᠢᠶᠠᠯᠠᠩ ᠮᠠᠯ ᠠᠵᠤ ᠠᠬᠤᠢ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠣᠪᠴᠢᠶ᠎ᠠ᠎ᠵᠢᠨ ᠠᠯᠪᠠᠨ ᠭᠡᠷ ᠤ᠋ᠨ ᠳᠡᠳ᠋ ᠡᠷᠬᠢᠯᠡᠭ᠌ᠴᠢ ᠵᠠᠩ ᠲᠢᠶᠠᠨ ᠶᠠᠩ ᠬᠡᠯᠡᠨ᠎ᠠ᠃

2025 ᠣᠨ ᠳ᠋ᠤ᠂ ᠥᠪᠥᠷ ᠮᠣᠩᠭᠣᠯ 《ᠬᠣᠶᠠᠷ ᠨᠢᠭᠡ ᠮᠢᠩᠭ᠎ᠠ》 ᠶ᠋ᠢᠨ ᠠᠵᠢᠯᠯᠠᠭ᠎ᠠ ᠶ᠋ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠨᠢᠭᠡᠴᠢ ᠲᠠᠯᠠᠪᠠᠶ ᠵᠢᠨ ᠤᠨᠠᠯᠲᠠ ᠶ᠋ᠢ ᠳᠡᠭᠡᠭ᠌ᠰᠢᠯᠡᠭᠦᠯᠬᠦ᠌ ᠢᠨᠵᠧᠨᠧᠷᠢᠩ᠂ ᠪᠣᠬᠢᠷᠲᠤᠯ ᠥᠬᠡᠶ ᠥᠨᠳᠥᠷ ᠤᠨᠠᠯᠲᠠ ᠥᠨᠳᠥᠷ ᠦᠷ᠎ᠡ ᠠᠱᠢᠭ ᠪᠠ ᠠᠮᠤ ᠲᠣᠰᠣᠨ ᠤ᠋ ᠬᠡᠪᠴᠢᠶᠡᠲᠦ ᠭᠤᠤᠯ ᠴᠣᠭ᠍ᠴᠠ ᠵᠢᠨ ᠨᠢᠭᠡᠴᠢ ᠲᠠᠯᠠᠪᠠᠶ ᠵᠢᠨ ᠤᠨᠠᠯᠲᠠ ᠶ᠋ᠢ ᠳᠡᠭᠡᠭ᠌ᠰᠢᠯᠡᠭᠦᠯᠬᠦ᠌ ᠵᠡᠷᠭᠡ ᠲᠥᠷᠥᠯ ᠵᠦᠶ᠋ᠯ ᠢ᠋ ᠨᠢᠭᠡᠳᠦᠯᠲᠡᠶ ᠲᠥᠯᠥᠪᠯᠡᠨ ᠠᠱᠢᠭ᠍ᠯᠠᠵᠤ᠂ ᠪᠥᠬᠥ᠌ ᠵᠢᠯ ᠳ᠋ᠤ ᠨᠢᠭᠡᠴᠢ ᠲᠠᠯᠠᠪᠠᠶ ᠵᠢᠨ ᠤᠨᠠᠯᠲᠠ ᠶ᠋ᠢ ᠳᠡᠭᠡᠭ᠌ᠰᠢᠯᠡᠭᠦᠯᠬᠦ᠌ ᠵᠢᠱ᠌ᠢᠶ᠎ᠡ ᠦᠵᠡᠭᠦᠯᠬᠦ᠌ ᠣᠷᠣᠨ ᠢ᠋ 1000 ᠲᠦᠮᠡᠨ ᠮᠥ᠍ ᠪᠠᠢᠭᠤᠯᠤᠨ᠂ 《ᠮᠤ᠌ ᠪᠦᠷᠢ ᠵᠢᠨ ᠤᠨᠠᠯᠲᠠ ᠮᠢᠩᠭᠠᠨ ᠺᠢᠯᠦᠭᠷᠠᠮ ᠬᠦᠷᠬᠦ ᠲᠠᠷᠢᠶᠠᠨ ᠭᠠᠵᠠᠷ》 ᠤ᠋ᠨ ᠲᠠᠯᠠᠪᠠᠶ ᠶ᠋ᠢ 1000 ᠲᠦᠮᠡᠨ ᠮᠥ᠍ ᠣᠷᠴᠢᠮ ᠦᠷᠭᠡᠳᠭᠡᠵᠤ᠂ ᠠᠮᠤ ᠪᠤᠳᠠᠭᠠᠨ ᠤ᠋ ᠤᠨᠠᠯᠲᠠ ᠶ᠋ᠢ ᠨᠡᠮᠡᠭ᠌ᠳᠡᠭᠦᠯᠬᠦ᠌ ᠳ᠋ᠤ ᠬᠦᠴᠦᠲᠡᠶ ᠬᠥᠳᠡᠯᠭᠡᠬᠦ᠌ ᠬᠦᠴᠦᠨ ᠨᠡᠮᠡᠷᠢᠯᠡᠨ᠎ᠠ᠃

《ᠤᠬᠢ》᠎ᠵᠢ ᠴᠢᠬᠤᠯᠠᠴᠢᠯᠠᠵᠦ ᠳᠡᠰ ᠳᠡᠪᠱᠢᠭᠦᠯᠬᠦ᠌ ᠬᠥᠳᠡᠯᠭᠡᠬᠦ᠌ ᠬᠦᠴᠦᠨ᠎ᠢ ᠬᠦᠭᠵᠢᠭᠡᠨ᠎ᠡ

ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠠᠮᠤ ᠪᠤᠳᠠᠭ᠎ᠠ ᠵᠡᠷᠬᠡ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠠᠷᠤᠯᠳᠠ᠎ᠶ᠋ᠢ ᠲᠣᠭ᠍ᠲᠠᠪᠤᠷᠢᠵᠢᠭᠤᠯᠵᠤ ᠬᠠᠩᠭᠠᠯᠭ᠎ᠠ᠎ᠶ᠋ᠢ ᠪᠠᠲᠤᠯᠠᠬᠤ ᠴᠢᠳᠠᠪᠤᠷᠢ᠎ᠶ᠋ᠢ ᠦᠷᠭᠦᠯᠵᠢᠯᠡᠨ ᠴᠢᠩᠭᠠᠷᠠᠭᠤᠯᠤᠨ᠎ᠠ ᠭᠡᠵᠦ᠍ ᠳᠤᠷᠠᠳᠪᠠ᠃ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠬᠡᠷᠬᠢᠨ 《ᠳᠤᠮᠳᠠᠳᠤ ᠤᠯᠤᠰ᠎ᠤᠨ ᠠᠶᠠᠭ᠎ᠠ》 ᠳᠣᠲᠣᠷᠠᠬᠢ 《ᠥᠪᠥᠷ ᠮᠣᠩᠭᠣᠯ᠎ᠤᠨ ᠠᠮᠤ ᠪᠤᠳᠠᠭ᠎ᠠ》 ᠵᠢᠨ ᠬᠦᠨᠳᠦ᠍᠎ᠶ᠋ᠢᠨ ᠵᠢᠩ᠎ᠢ ᠨᠡᠮᠡᠭᠳᠡᠬᠦᠯᠵᠦ᠂ ᠶᠠᠰᠤ ᠴᠢᠨᠠᠷ᠎ᠢ ᠨᠡᠩ ᠭᠦᠢᠴᠡᠳ ᠪᠣᠯᠭᠠᠬᠤ ᠨᠢ ᠥᠪᠥᠷ ᠮᠣᠩᠭᠣᠯ᠎ᠤᠨ ᠠᠮᠤ ᠪᠤᠳᠠᠭᠠᠨ᠎ᠤ ᠦᠢᠯᠡᠳᠪᠦᠷᠢᠯᠡᠯ᠎ᠦᠨ ᠱᠢᠨ᠎ᠡ ᠭᠠᠷᠤᠭ᠎ᠠ ᠳᠡᠭᠡᠷ᠎ᠡ ᠡᠷᠬᠡᠪᠰᠢ ᠨᠡᠩ ᠢᠯᠡᠬᠦᠦ ᠠᠩᠬᠠᠷᠬᠤ ᠴᠢᠬᠤᠯᠠᠲᠠᠢ ᠠᠰᠠᠭᠤᠳᠠᠯ ᠪᠣᠯᠵᠠᠢ᠃

ᠬᠠᠪᠤᠷ᠎ᠤᠨ ᠲᠠᠷᠢᠶᠠᠯᠠᠭ᠎ᠠ᠎ᠶ᠋ᠢᠨ ᠠᠵᠢᠯ᠎ᠤᠨ ᠪᠡᠯᠡᠳᠭᠡᠯ ᠬᠤᠭᠤᠴᠠᠭᠠᠨ᠎ᠳᠤ᠂ ᠬᠢᠩᠭᠠᠨ ᠠᠢᠮᠠᠭ᠎ᠤᠨ ᠵᠠᠯᠠᠢᠳ ᠬᠣᠱᠢᠭᠤᠨ᠎ᠤ ᠤᠯᠤᠰ᠎ᠤᠨ ᠤᠳᠤᠬᠢᠴᠢᠯᠠᠭᠰᠠᠨ ᠲᠠᠷᠢᠶᠠᠯᠠᠩ᠎ᠤᠨ ᠠᠵᠤ ᠦᠢᠯᠡᠰ᠎ᠦᠨ ᠬᠦᠷᠢᠶᠡᠯᠡᠩ᠎ᠦᠨ ᠤᠶᠤᠨᠲᠤ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ᠌ ᠣᠷᠣᠨ᠎ᠳᠤ᠂ ᠡᠯ᠎ᠡ ᠲᠦᠷᠦᠯ᠎ᠦᠨ ᠲᠠᠷᠢᠶᠠᠨ ᠭᠠᠵᠠᠷ᠎ᠤᠨ ᠬᠢᠨᠠᠨ ᠬᠡᠮᠵᠢᠬᠦ᠌ ᠲᠥᠬᠥᠭᠡᠷᠦᠮᠵᠢ ᠵᠡᠷᠭᠡ᠎ᠪᠡᠷ ᠠᠵᠢᠯᠯᠠᠵᠦ᠂ ᠴᠠᠭ ᠠᠭᠤᠷ᠎ᠤᠨ ᠪᠠᠢᠳᠠᠯ᠂ ᠬᠥᠷᠥᠰᠥ᠍ ᠱᠢᠷᠣᠢ᠎ᠶ᠋ᠢᠨ ᠴᠢᠭᠢᠭ ᠵᠡᠷᠭᠡ ᠲᠣᠭ᠎ᠠ ᠪᠠᠷᠢᠮᠲᠠ᠎ᠶ᠋ᠢ ᠤᠶᠤᠨᠲᠤ ᠲᠠᠷᠢᠶᠠᠯᠠᠩ᠎ᠤᠨ ᠲᠠᠪᠴᠠᠩ᠎ᠳᠤ ᠳᠠᠮᠵᠢᠭᠤᠯᠤᠨ᠎ᠠ᠃ ᠠᠵᠤ ᠦᠶ᠋ᠯᠡᠰ᠎ᠦᠨ ᠬᠦᠷᠢᠶᠡᠯᠡᠩ᠎ᠨᠢ ᠲᠤᠰᠭᠠᠶ ᠮᠡᠷᠭᠡᠵᠢᠯ᠎ᠦᠨ ᠪᠦᠯᠬᠦᠮ᠎ᠳᠦ ᠲᠦᠱᠢᠭ᠌ᠯᠡᠨ ᠲᠣᠭ᠎ᠠ ᠪᠠᠷᠢᠮᠲᠠ᠎ᠳᠤ ᠵᠠᠳᠠᠯᠤᠯᠲᠠ ᠬᠢᠵᠦ᠍᠂ ᠴᠢᠬᠢ ᠪᠣᠢᠵᠢᠭᠤᠯᠬᠤ ᠪᠠ ᠴᠢᠬᠢ ᠰᠠᠭᠤᠯᠭᠠᠬᠤ᠎ᠳᠤ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭᠠᠨ᠎ᠠ᠃

ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠢᠩᠭᠠᠨ ᠠᠢᠮᠠᠭ᠎ᠤᠨ ᠵᠠᠯᠠᠢᠳ ᠬᠣᠱᠢᠭᠤᠨ᠎ᠤ ᠬᠣᠯᠪᠣᠭ᠎ᠠ ᠪᠠᠯᠭᠠᠰᠤᠨ᠎ᠤ ᠦ᠋ ᠳ᠋ᠤᠤ ᠾᠧ ᠽᠢ ᠮᠠᠯ ᠠᠵᠤ ᠠᠬᠤᠶ ᠲᠠᠷᠢᠶᠠᠯᠠᠩ᠎ᠤᠨ ᠲᠤᠰᠭᠠᠶ ᠬᠣᠷᠱᠢᠶ᠎ᠠ᠎ᠶ᠋ᠢᠨ ᠬᠡᠷᠡᠭ ᠡᠷᠬᠢᠯᠡᠭ᠌ᠴᠢᠳ᠎ᠦᠨ ᠳᠠᠷᠤᠭ᠎ᠠ ᠳ᠋ᠦ᠋ ᠭᠠᠩ᠄ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠰᠠᠢᠨ᠎ᠢᠶᠡᠷ ᠡᠯᠪᠡᠭ ᠬᠤᠷᠢᠶᠠᠯᠲᠠ ᠣᠯᠵᠤ᠂ ᠪᠢᠳᠡᠨ᠎ᠤ ᠴᠠᠭ ᠪᠠ ᠬᠦᠴᠦ᠍᠎ᠵᠢ ᠠᠷᠪᠢᠯᠠᠭᠰᠠᠨ᠎ᠢᠶᠠᠷ ᠪᠠᠷᠠᠬᠤ ᠥᠬᠡᠶ ᠪᠠᠰᠠ ᠲᠠᠷᠢᠮᠠᠯ᠎ᠤᠨ ᠤᠨᠠᠯᠲᠠ ᠪᠠ ᠶᠠᠰᠤ ᠴᠢᠨᠠᠷ᠎ᠢ ᠳᠡᠭᠡᠭ᠌ᠰᠢᠯᠡᠭᠦᠯᠪᠡ᠃ ᠡᠳᠡᠭᠡᠷ ᠵᠢᠯ᠎ᠳ᠋ᠤ ᠪᠢᠳᠡ ᠭᠠᠭ᠍ᠴᠠ ᠬᠦ᠌ ᠰᠠᠢ᠌ᠨ ᠲᠠᠷᠢᠪᠠᠯ ᠰᠠᠶᠢ ᠰᠠᠢ᠌ᠨ ᠬᠤᠷᠢᠶᠠᠯᠲᠠ ᠣᠯᠵᠤ᠂ ᠴᠢᠨᠠᠷ ᠰᠠᠢ᠌ᠨ ᠪᠠᠢᠪᠠᠯ ᠰᠠᠶᠢ ᠦᠨᠳᠦᠷ ᠦᠨ᠎ᠡ᠎ᠳᠦ ᠬᠦᠷᠴᠦ ᠴᠢᠳᠠᠨ᠎ᠠ ᠭᠡᠳᠡᠭ᠎ᠢ ᠲᠠᠨᠢᠵᠤ ᠣᠯᠪᠠ》ᠭᠡᠵᠦ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠵᠡᠬᠦᠯᠦᠭᠰᠡᠨ ᠱᠢᠨ᠎ᠡ ᠬᠤᠪᠢᠷᠠᠯᠲᠠ᠎ᠳᠤ ᠰᠡᠳᠬᠢᠯ ᠪᠠᠬᠠᠳᠤᠨ ᠭᠡᠯᠡᠨ᠎ᠠ᠃ ᠥᠪᠥᠷ ᠮᠣᠩᠭᠣᠯ ᠨᠡᠷᠡᠳᠦ ᠣᠨᠴᠠ ᠤᠬᠢ ᠱᠢᠨ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠬᠥᠭ᠌ᠵᠢᠭᠦᠯᠬᠦ᠌᠎ᠶ᠋ᠢ ᠠᠷᠠᠳ ᠣᠯᠠᠨ᠎ᠤ ᠠᠮᠤᠷ ᠲᠦᠪᠱᠢᠨ ᠴᠢᠨᠠᠷ ᠰᠠᠢᠲᠠᠶ᠂ ᠱᠢᠮ᠎ᠡ ᠲᠡᠵᠢᠭᠡᠯ ᠲᠠᠢ ᠡᠷᠡᠭᠦᠯ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠲᠥᠷᠥᠯ ᠵᠦᠶ᠋ᠯ᠎ᠢ ᠱᠢᠯᠢᠳᠡᠭ᠌ᠵᠢᠭᠦᠯᠦᠨ᠂ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠲᠥᠷᠥᠯ ᠲᠡᠮᠳᠡᠭ᠎ᠢ ᠴᠣᠭ᠍ᠴᠠᠯᠠᠬᠤ᠎ᠶ᠋ᠢ ᠢᠳᠡᠪᠬᠢᠲᠡᠶ ᠠᠬᠢᠭᠤᠯᠵᠤ᠂ ᠳᠠᠪᠠᠭᠤᠯᠢᠭᠳᠦ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ ᠪᠣᠶ᠃ ᠣᠳᠣᠬᠠᠨ᠎ᠳᠤ᠂ ᠥᠪᠥᠷ ᠮᠣᠩᠭᠣᠯ᠎ᠤᠨ ᠨᠡᠷᠡᠳᠦ ᠤᠨᠴᠠ ᠤᠬᠢ ᠱᠢᠨ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠦᠨᠡᠯᠡᠨ ᠲᠣᠭ᠍ᠲᠠᠭᠠᠭ᠍ᠰᠠᠨ ᠶᠡᠷᠦᠩᠬᠡᠶ ᠲᠣᠭ᠎ᠠ 848 ᠪᠣᠯᠵᠣ᠂ ᠲᠣᠭ᠎ᠠ ᠬᠡᠮᠵᠢᠶ᠎ᠡ᠎ᠪᠡᠷ ᠪᠥᠬᠥ᠌ ᠤᠯᠤᠰ᠎ᠲᠤ ᠲᠡᠷᠢᠭᠦᠯᠡᠵᠦ᠍ ᠪᠠᠢᠨ᠎ᠠ᠃ ᠥᠪᠥᠷ ᠮᠣᠩᠭᠣᠯ᠎ᠡᠴᠡ ᠰᠣᠩᠭᠣᠭ᠍ᠳᠠᠭ᠍ᠰᠠᠨ ᠨᠡᠷᠡᠳᠦ ᠣᠨᠴᠠ ᠤᠬᠢ ᠱᠢᠨ᠎ᠡ ᠲᠠᠷᠢᠶᠠᠯᠠᠩ᠎ᠤᠨ ᠪᠦᠲᠦᠭᠡᠭ᠌ᠳᠡᠬᠦᠨ ᠨᠢ ᠲᠠᠷᠢᠮᠠᠯ᠎ᠤᠨ ᠦᠶ᠋ᠯᠡᠰ᠎ᠦᠨ ᠪᠦᠲᠦᠭᠡᠭ᠌ᠳᠡᠬᠦᠨ᠂ ᠮᠠᠯ ᠠᠵᠤ ᠠᠬᠤᠶ᠎ᠶ᠋ᠢᠨ ᠪᠦᠲᠦᠭᠡᠭ᠌ᠳᠡᠬᠦᠨ᠂ ᠵᠢᠭᠠᠰᠤᠨ ᠠᠵᠤ ᠠᠬᠤᠶ᠎ᠶ᠋ᠢᠨ ᠪᠦᠲᠦᠭᠡᠭ᠌ᠳᠡᠬᠦᠨ ᠵᠡᠷᠭᠡ 3 ᠶᠡᠬᠡ ᠲᠥᠷᠥᠯ᠎ᠢ ᠬᠠᠮᠤᠷᠴᠤ᠌᠂ ᠥᠪᠥᠷ ᠮᠣᠩᠭᠣᠯ᠎ᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠲᠥᠷᠥᠯ ᠵᠦᠶ᠋ᠯ ᠡᠯᠪᠡᠭ᠂ ᠶᠠᠰᠤ ᠴᠢᠨᠠᠷ ᠱᠢᠯᠢᠳᠡᠭ ᠪᠠᠢᠬᠤ ᠣᠨᠴᠠᠯᠢᠭ᠎ᠢ ᠭᠦᠶ᠋ᠴᠡᠳ ᠢᠯᠡᠷᠡᠭᠦᠯᠪᠡ᠃

《ᠲᠤᠷᠱᠢᠯᠭ᠎ᠠ ᠪᠠᠷ ᠲᠠᠷᠢᠶ᠎ᠠ ᠳᠠᠷᠢᠬᠤ》 ᠡᠴᠠ 《ᠲᠣᠭᠠᠴᠢᠯᠠᠭ᠍ᠰᠠᠨ ᠲᠠᠷᠢᠶ᠎ᠠ ᠳᠠᠷᠢᠬᠤ》 ᠬᠦᠷᠲᠡᠯ᠎ᠡ᠂《ᠪᠦᠳᠦᠭᠦᠯᠢᠭ ᠦᠶ᠋ᠯᠡᠳᠪᠦᠷᠢᠯᠡᠯ》 ᠡᠴᠡ 《ᠨᠠᠷᠢᠯᠢᠭ ᠣᠨᠣᠴᠠᠲᠠᠶ ᠦᠶ᠋ᠯᠡᠳᠬᠦᠨ᠎ᠦ ᠡᠵᠡᠮᠳᠡᠯ》 ᠬᠦᠷᠲᠡᠯ᠎ᠡ᠂ ᠥᠪᠥᠷ ᠮᠣᠩᠭᠣᠯ 《ᠱᠢᠯᠢᠳᠡᠭ ᠦᠢᠯᠡᠳᠬᠦᠨ ᠲᠠᠢ ᠪᠤᠯᠬᠤ》 ᠳᠠᠪᠱᠢᠯᠲᠠ᠎ᠶ᠋ᠢᠨ ᠵᠠᠮ ᠳᠡᠭᠡᠷ᠎ᠡ ᠴᠣ ᠱᠢᠨ᠎ᠡ ᠬᠠᠭᠤᠳᠠᠰᠤ᠎ᠶ᠋ᠢ ᠪᠢᠴᠢᠭ᠌ᠯᠡᠵᠠᠢ᠃

《ᠣᠨᠴᠠ》 ᠵᠢ ᠬᠦᠴᠦᠯᠡᠵᠦ ᠠᠵᠤ ᠦᠢᠯᠡᠰ᠎ᠦᠨ ᠠᠮᠢᠵᠢᠷᠠᠯ᠎ᠤᠨ ᠬᠦᠴᠦᠨ᠎ᠢ ᠪᠠᠳᠠᠷᠠᠭᠤᠯᠤᠨ᠎ᠠ

ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ ᠪᠣᠬᠢᠷᠲᠤᠯ ᠥᠬᠡᠶ ᠴᠢᠨᠠᠷ ᠰᠠᠢᠲᠠᠶ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠤ ᠬᠠᠩᠭᠠᠯᠭ᠎ᠠ᠎ᠶ᠋ᠢ ᠨᠡᠮᠡᠭ᠌ᠳᠡᠭᠦᠯᠬᠦ᠌᠎ᠪᠡᠷ ᠭᠤᠤᠯ ᠪᠣᠯᠭᠠᠵᠤ᠂ ᠪᠣᠬᠢᠷᠲᠤᠯ ᠥᠬᠡᠶ ᠴᠢᠨᠠᠷ ᠰᠠᠢᠲᠠᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠡᠷᠡᠴᠢᠯᠡᠬᠦ᠌ ᠣᠨ᠎ᠤ ᠲᠥᠯᠥᠪᠯᠡᠭᠡ ᠲᠣᠭ᠍ᠲᠠᠭᠠᠨ᠂ ᠳᠡᠩᠰᠡᠯᠡᠵᠦ᠍ ᠬᠢᠨᠠᠨ ᠪᠠᠢᠴᠠᠭᠠᠬᠤ᠂ ᠬᠢᠨᠠᠨ ᠱᠢᠯᠭᠠᠵᠤ ᠪᠣᠯᠪᠠᠰᠤᠷᠠᠭᠤᠯᠬᠤ᠂ ᠭᠡᠷᠡᠴᠢᠯᠡᠵᠦ᠍ ᠨᠥᠬᠥᠪᠥᠷᠢ ᠥᠭ᠌ᠬᠦ ᠲᠣᠭ᠍ᠲᠠᠴᠠ᠎ᠶ᠋ᠢ ᠪᠠᠢᠭᠤᠯᠵᠤ᠂ ᠡᠯ᠎ᠡ ᠠᠢᠮᠠᠭ ᠬᠣᠲᠠ᠎ᠶ᠋ᠢ ᠵᠢᠯᠣᠭᠣᠳᠤᠨ ᠲᠤᠬᠠᠶ᠎ᠶ᠋ᠢᠨ ᠭᠠᠵᠠᠷ᠎ᠤᠨ ᠣᠨᠴᠠᠯᠢᠭᠳᠤ᠂ ᠴᠢᠨᠠᠷ ᠰᠠᠢᠲᠠᠶ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠦᠶ᠋ᠴᠡᠳ ᠢᠯᠡᠷᠡᠬᠦᠯᠵᠦ᠂ ᠤᠬᠢ᠎ᠵᠢ ᠨᠢ ᠰᠣᠩᠭᠣᠵᠤ ᠨᠠᠷᠠᠲᠤ ᠣᠨᠴᠠ ᠤᠬᠢ ᠱᠢᠨ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠤᠶᠤᠴᠢᠯᠠᠨ ᠮᠡᠳᠡᠭᠦᠯᠵᠦ᠍᠂ ᠲᠠᠷᠢᠶᠠᠯᠠᠩ ᠮᠠᠯ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠵᠦ᠍ ᠪᠠᠢᠨ᠎ᠠ᠃

ᠨᠡᠩ ᠤᠯᠠᠨ 《ᠨᠤᠲᠤᠭ᠎ᠤᠨ ᠣᠨᠴᠠ ᠭᠠᠷᠤᠯᠲᠠ》 ᠲᠦᠷᠦᠯ ᠲᠡᠮᠳᠡᠭ᠎ᠢ ᠠᠯᠳᠠᠷᠰᠢᠭᠤᠯᠤᠭᠰᠠᠨ ᠪᠥᠭᠡᠳ ᠤᠨᠴᠠᠯᠢᠬ᠍ᠳᠤ ᠠᠵᠤ ᠦᠢᠯᠡᠰ᠎ᠦᠨ ᠲᠥᠪᠯᠡᠷᠡᠨ ᠲᠡᠰ ᠳᠡᠪᠱᠢᠬᠦ᠌᠎ᠶ᠋ᠢ ᠠᠬᠢᠭᠤᠯᠪᠠ᠃ ᠣᠳᠣᠬᠠᠨ᠎ᠳᠤ᠂ ᠥᠪᠥᠷ ᠮᠣᠩᠭᠣᠯ᠎ᠤᠨ ᠨᠢᠭᠡᠨᠲᠡ ᠡᠭᠦᠳᠦᠨ ᠪᠠᠢᠭᠤᠯᠤᠭ᠍ᠰᠠᠨ ᠤᠯᠤᠰ᠎ᠤᠨ ᠳᠠᠪᠠᠭᠤᠯᠢᠭ ᠤᠨᠴᠠᠯᠢᠬ᠍ᠳᠤ ᠠᠵᠤ ᠦᠶ᠋ᠯᠡᠰ᠎ᠦᠨ 8 ᠪᠦᠯᠦᠭ᠌ᠵᠢᠯ᠎ᠳᠦ ᠡᠯ᠎ᠡ ᠲᠥᠷᠥᠯ᠎ᠦᠨ ᠱᠢᠨ᠎ᠡ ᠬᠡᠯᠪᠡᠷᠢ᠎ᠶ᠋ᠢᠨ ᠡᠵᠡᠩᠨᠡᠯᠲᠡ᠎ᠶ᠋ᠢᠨ ᠭᠤᠤᠯ ᠴᠣᠭ᠍ᠴᠠ 2369 ᠱᠢᠨ᠎ᠡ᠎ᠪᠡᠷ ᠨᠡᠮᠡᠭ᠌ᠳᠡᠵᠦ᠍᠂ ᠣᠯᠠᠩᠬᠢ ᠠᠵᠤ ᠦᠶ᠋ᠯᠡᠰ᠎ᠦᠨ ᠪᠦᠯᠦᠭ᠌ᠵᠢᠯ ᠨᠢ ᠠᠵᠤ ᠦᠶ᠋ᠯᠡᠰ᠎ᠦᠨ ᠪᠠᠢᠷᠢᠱᠢᠯ᠎ᠢ ᠣᠷᠣᠨ ᠪᠦᠰᠡᠵᠢᠭᠦᠯᠦᠭ᠌ᠰᠡᠨ᠂ ᠰᠠᠭᠤᠷᠢᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠬᠡᠪᠴᠢᠶᠡᠵᠢᠭᠦᠯᠦᠭ᠌ᠰᠡᠨ᠂ ᠦᠶ᠋ᠯᠡᠳᠪᠦᠷᠢᠯᠡᠵᠦ᠍ ᠡᠳ᠋ᠱᠢᠭᠦᠯᠬᠦ᠌᠎ᠶ᠋ᠢ ᠡᠷᠴᠢᠮᠵᠢᠭᠦᠯᠦᠭ᠌ᠰᠡᠨ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠪᠣᠬᠢᠷᠲᠤᠯ ᠥᠬᠡᠶ ᠪᠣᠯᠭᠠᠭ᠍ᠰᠠᠨ᠂ ᠲᠥᠷᠥᠯ ᠲᠡᠮᠳᠡᠭ᠎ᠢᠶᠡᠷ ᠡᠵᠡᠩᠨᠡᠨ ᠪᠣᠷᠣᠯᠠᠭᠤᠯᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠶ᠋ᠯᠡᠰ᠎ᠦᠨ ᠠᠭᠤᠰᠤᠯᠴᠠᠨ ᠬᠥᠭ᠌ᠵᠢᠬᠰᠡᠨ ᠪᠠᠢᠷᠢᠱᠢᠯ᠎ᠢ ᠪᠦᠷᠢᠯᠳᠦᠭᠦᠯᠪᠡ᠃

ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠲᠠᠷᠢᠶᠠᠯᠠᠩ᠎ᠤᠨ ᠶᠡᠬᠡ ᠰᠤᠷᠭᠠᠭᠤᠯᠢ᠎ᠶ᠋ᠢᠨ ᠰᠦ᠎ᠵᠢᠨ ᠦᠢᠯᠡᠰ᠎ᠦᠨ ᠳᠡᠭᠡᠳᠦ ᠰᠤᠷᠭᠠᠭᠤᠯᠢ᠎ᠶ᠋ᠢᠨ ᠵᠠᠬᠢᠷᠤᠯ᠂ ᠴᠠᠭᠠᠨ ᠢᠳᠡᠭᠡᠨ᠎ᠦ ᠠᠮᠢᠳᠤ ᠪᠣᠳᠠᠰ᠎ᠤᠨ ᠮᠡᠷᠭᠡᠵᠢᠯ ᠬᠢᠭᠡᠳ ᠢᠨᠵᠧᠨᠧᠷᠢᠩ᠎ᠦᠨ ᠰᠤᠷᠭᠠᠨ ᠬᠥᠮᠦᠵᠢᠯ᠎ᠦᠨ ᠶᠠᠮᠤᠨ᠎ᠤ ᠭᠣᠣᠯᠳᠠᠯᠭ᠎ᠠ ᠲᠠᠶ ᠲᠤᠷᠱᠢᠯᠲᠠ᠎ᠶ᠋ᠢᠨ ᠲᠠᠰᠤᠭ᠎ᠤᠨ ᠳᠡᠳ᠋ ᠡᠷᠬᠢᠯᠡᠭ᠌ᠴᠢ ᠰᠦᠨ ᡁᠢ ᠬᠣᠩ᠄ 《ᠤᠨᠴᠠᠯᠢᠬ᠍ᠳᠤ ᠠᠵᠤ ᠦᠢᠯᠡᠰ᠎ᠦᠨ ᠬᠥᠭ᠌ᠵᠢᠯᠲᠡ ᠨᠢ ᠵᠠᠩᠭᠢᠯᠠᠭ᠎ᠠ᠎ᠶ᠋ᠢᠨ ᠮᠡᠷᠭᠡᠵᠢᠯ᠎ᠦᠨ ᠡᠭᠦᠳᠦᠯᠲᠡ᠎ᠡᠴᠡ ᠰᠠᠯᠵᠤ ᠴᠢᠳᠠᠬᠤ ᠦᠭᠡᠢ ᠶᠤᠮ᠃ ᠣᠳᠣᠬᠠᠨ᠎ᠳᠤ᠂ ᠰᠦ᠎ᠶᠢᠨ ᠬᠦᠴᠢᠯ᠎ᠦᠨ ᠪᠠᠺᠲ᠋ᠧᠷᠢ᠎ᠶ᠋ᠢᠨ ᠬᠡᠷᠡᠭ᠌ᠯᠡᠯᠲᠡ ᠨᠢ ᠴᠠᠭᠠᠨ ᠢᠳᠡᠭᠡ ᠡᠳ᠋ᠰᠢᠬᠦᠯᠤᠨ ᠪᠣᠯᠪᠠᠰᠤᠷᠠᠭᠤᠯᠬᠤ᠂ ᠠᠮᠢᠲᠠᠨ ᠲᠡᠵᠢᠭᠡᠨ ᠦᠷᠡᠵᠢᠭᠦᠯᠬᠦ᠌ ᠪᠠ ᠲᠠᠷᠢᠮᠠᠯ ᠲᠠᠷᠢᠬᠤ ᠵᠡᠷᠭᠡ ᠤᠯᠠᠮᠵᠢᠯᠠᠯᠲᠤ ᠠᠵᠤ ᠦᠢᠯᠡᠰ᠎ᠦᠨ ᠳᠡᠰ ᠳᠡᠪᠱᠢᠬᠦ᠌᠎ᠶ᠋ᠢ ᠲᠠᠰᠤᠷᠠᠯᠲᠠ ᠤᠢ᠍ᠭᠡᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ᠎ᠶ᠋ᠢᠨ ᠪᠣᠬᠢᠷᠲᠤᠯ ᠦᠭᠡᠶ᠂ ᠦᠷᠭᠦᠯᠵᠢᠯᠡᠨ ᠬᠥᠭ᠌ᠵᠢᠬᠦ᠌᠎ᠳᠦ ᠱᠢᠨ᠎ᠡ ᠠᠷᠭ᠎ᠠ ᠵᠠᠮ᠎ᠢ ᠬᠠᠩᠭᠠᠭ᠍ᠰᠠᠨ ᠪᠠᠢᠨ᠎ᠠ᠃ ᠪᠢᠳᠡ ᠰᠦ᠎ᠶᠢᠨ ᠬᠦᠴᠢᠯ᠎ᠦᠨ ᠪᠠᠺᠲ᠋ᠧᠷᠢ᠎ᠶ᠋ᠢᠨ ᠱᠢᠨ᠎ᠡ ᠴᠢᠳᠠᠮᠵᠢ᠎ᠶ᠋ᠢ ᠰᠤᠳᠤᠯᠤᠨ ᠨᠡᠭᠡᠭᠡᠬᠦ᠌ ᠪᠠ ᠱᠢᠨ᠎ᠡ ᠲᠠᠯᠠᠪᠠᠶ᠎ᠶ᠋ᠢᠨ ᠬᠡᠷᠡᠭ᠌ᠯᠡᠯᠲᠡ᠎ᠶ᠋ᠢ ᠲᠦᠷᠭᠡᠳᠭᠡᠵᠦ᠍᠂ ᠥᠪᠥᠷ ᠮᠣᠩᠭᠣᠯ᠎ᠤᠨ ᠰᠦ᠎ᠶᠢᠨ ᠬᠦᠴᠢᠯ᠎ᠦᠨ ᠪᠠᠺᠲ᠋ᠧᠷᠢ᠎ᠶ᠋ᠢᠨ ᠲᠦᠷᠦᠯ ᠵᠦᠢᠯ᠎ᠦᠨ ᠡᠬᠢ ᠪᠠᠶᠠᠯᠢᠭ᠎ᠤᠨ ᠳᠠᠪᠠᠭᠤᠯᠢᠭ᠂ ᠮᠡᠷᠭᠡᠵᠢᠯ᠎ᠦᠨ ᠳᠠᠪᠠᠭᠤᠯᠢᠭ᠎ᠢ ᠠᠵᠤ ᠦᠶ᠋ᠯᠡᠰ᠎ᠦᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ》 ᠭᠡᠵᠦ ᠬᠡᠯᠡᠨ᠎ᠠ᠃

ᠴᠢᠨᠠᠷ ᠴᠢᠨᠰᠠᠭ᠎ᠠ᠎ᠵᠢ ᠪᠦᠳᠦᠮᠵᠢᠳᠠᠢ ᠲᠡᠭᠡᠭᠰᠢᠯᠡᠬᠦᠯᠤᠨ᠂ ᠲᠦᠷᠦᠯ ᠲᠡᠮᠳᠡᠭ᠎ᠢ ᠬᠦᠴᠤᠳᠠᠢ ᠠᠳᠬᠤᠵᠤ ᠡᠷᠡᠯᠭᠡᠭᠯᠡᠨ ᠤᠷᠤᠭ᠍ᠰᠢᠯᠠᠨ᠎ᠠ᠃ ᠥᠪᠥᠷ ᠮᠣᠩᠭᠣᠯ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠤ ᠶᠡᠷᠦᠩᠬᠡᠢᠯᠡᠭ᠌ᠰᠡᠨ ᠦᠢᠯᠡᠳᠪᠦᠷᠢᠯᠡᠯ᠎ᠦᠨ ᠴᠢᠳᠠᠪᠤᠷᠢ᠎ᠪᠠᠨ ᠦᠷᠭᠦᠯᠵᠢᠯᠡᠨ ᠳᠡᠭᠡᠭ᠌ᠰᠢᠯᠡᠭᠦᠯᠵᠦ᠍᠂ ᠨᠡᠩ ᠥᠨᠳᠥᠷ ᠭᠠᠷᠤᠯᠲᠠ᠎ᠲᠠᠶ᠂ ᠨᠡᠩ ᠴᠢᠨᠠᠷ ᠰᠠᠢᠲᠠᠢ ᠮᠠᠯ ᠠᠵᠤ ᠠᠬᠤᠢ ᠲᠠᠷᠢᠶᠠᠯᠠᠩ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号