ᠵᠠᠩ ᠷᠦᠢ ᠲᠥᠯᠥᠭᠡᠯᠡᠭ᠌ᠴᠢ᠄ ᠰᠣᠶᠣᠯ ᠪᠠ ᠵᠢᠭᠤᠯᠴᠢᠯᠠᠯ᠎ᠤᠨ ᠦᠶ᠋ᠯᠡᠰ᠎ᠢ ᠲᠤᠯᠭᠠᠭᠤᠷᠢ ᠠᠵᠤ ᠦᠶ᠋ᠯᠡᠰ ᠪᠣᠯᠭᠠᠨ ᠪᠥᠲᠥᠭᠡᠨ ᠪᠠᠢᠭᠤᠯᠤᠨ᠎ᠠ
2025-03-10 10:22:05
ᠵᠣᠬᠢᠶᠠᠭ᠍ᠴᠢ᠄
ᠸᠠᠩ ᠬᠤᠤ ᠴᠧᠩ ᠶᠢᠩ ᠵᠢᠶᠦ᠋ᠨ
ᠣᠩᠱᠢᠭ᠍ᠰᠠᠨ ᠣᠳᠠᠭ᠎ᠠ᠄
★★★☆☆


QQ20250310-102057.png


《ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ ᠶᠡᠷᠦᠩᠬᠡᠶ ᠱᠦᠵᠢ ᠰᠢ ᠵᠢᠨ ᠫᠢᠩ ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠠᠩᠬᠠᠷᠤᠯ᠎ᠢᠶᠠᠨ ᠲᠥᠪᠯᠡᠷᠡᠭᠦᠯᠦᠨ ᠭᠦᠴᠤᠨ ᠵᠢᠨᠨ ᠬᠠᠮᠳᠤᠳᠭᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳ᠋ᠡᠬᠢ ᠰᠣᠶᠣᠯ ᠪᠠ ᠵᠢᠭᠤᠯᠴᠢᠯᠠᠯ᠎ᠤᠨ ᠠᠵᠢᠯ᠎ᠤᠨ ᠲᠤᠬᠠᠶ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠤᠤᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠲᠥᠷᠥᠯ ᠲᠡᠮᠳᠡᠭ᠎ᠢ ᠡᠭᠦᠳᠬᠦ᠌᠎ᠪᠡᠷ ᠵᠢᠯᠣᠭᠣᠳᠤᠮᠵᠢ ᠪᠣᠯᠭᠠᠵᠤ᠂ ᠵᠢᠭᠤᠯᠴᠢᠯᠠᠯ᠎ᠤᠨ ᠡᠬᠢ ᠪᠠᠶᠠᠯᠢᠭ᠎ᠤᠨ ᠲᠣᠮᠣ ᠣᠷᠣᠨ᠎ᠡᠴᠡ ᠵᠢᠭᠤᠯᠴᠢᠯᠠᠯ᠎ᠤᠨ ᠠᠵᠤ ᠦᠶ᠋ᠯᠡᠰ᠎ᠦᠨ ᠬᠦᠴᠦᠷᠬᠡᠭ ᠣᠷᠣᠨ ᠳᠠᠢᠰᠢ ᠱᠢᠯᠵᠢᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠤᠨ᠎ᠠ》᠃ 3 ᠰᠠᠷ᠎ᠠ᠎ᠶ᠋ᠢᠨ 9 ᠤ᠋ ᠡᠳᠦᠷ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ ᠵᠠᠩ ᠷᠦᠢ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠬᠡᠯᠡᠪᠡ᠃

ᠤᠮᠠᠷᠠᠲᠤ ᠬᠢᠯᠢ᠎ᠶ᠋ᠢᠨ ᠰᠣᠶᠣᠯ ᠭᠡᠬᠦ᠌ ᠡᠨᠡ ᠬᠦ᠌ 《ᠣᠶᠤᠨ ᠰᠠᠨᠠᠭᠠᠨ᠎ᠤ ᠪᠠᠶᠠᠨ ᠠᠭᠤᠷᠬᠠᠶ》 ᠳ᠋ᠤ ᠠᠩᠬᠠᠷᠤᠯ᠎ᠢᠶᠠᠨ ᠲᠥᠪᠯᠡᠷᠡᠭᠦᠯᠵᠦ᠂ ᠤᠷᠠᠯᠢᠭ᠎ᠤᠨ ᠴᠢᠳᠠᠪᠤᠷᠢᠲᠠᠨ ᠪᠠ ᠪᠦᠲᠦᠭᠡᠯ᠎ᠦᠨ ᠰᠠᠭᠤᠷᠢ᠎ᠶ᠋ᠢ ᠪᠡᠬᠢᠵᠢᠭᠦᠯᠬᠦ᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠪᠠ ᠰᠣᠶᠣᠯ᠎ᠤᠨ ᠥᠪ᠎ᠦᠨ ᠦᠨᠳᠦᠰᠦ ᠵᠢ ᠪᠡᠬᠢᠵᠢᠭᠦᠯᠬᠦ᠂ ᠤᠯᠤᠰ᠎ᠤᠨ ᠥᠮᠴᠢᠯᠡᠯ᠎ᠦᠨ ᠬᠦᠷᠢᠶᠡᠯᠡᠩ ᠪᠦᠯᠬᠦᠮ᠎ᠦᠨ ᠥᠭᠡᠷᠡᠴᠢᠯᠡᠯᠲᠡ᠎ᠶ᠋ᠢᠨ ᠪᠤᠭᠤᠮᠳᠠ ᠰᠢᠪᠳᠤᠯᠬᠤ᠂ ᠵᠠᠬ᠎ᠠ ᠳᠡᠯᠭᠡᠭᠦᠷ᠎ᠦᠨ ᠭᠣᠣᠯ ᠴᠣᠭ᠍ᠴᠠ᠎ᠶ᠋ᠢ ᠪᠣᠢᠵᠢᠭᠤᠯᠤᠨ ᠪᠤᠵᠠᠭᠠᠢᠷᠠᠭᠤᠯᠬᠤ᠂ ᠰᠣᠶᠣᠯ ᠪᠠ ᠵᠢᠭᠤᠯᠴᠢᠯᠠᠯ᠎ᠤᠨ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠵᠡᠷᠭᠡ 《ᠲᠠᠪᠤᠨ ᠪᠣᠳᠠᠲᠠᠶ ᠠᠵᠢᠯᠯᠠᠭ᠎ᠠ》ᠶ᠋ᠢ ᠰᠠᠢᠲᠤᠷ ᠬᠡᠷᠡᠭ᠌ᠵᠢᠭᠦᠯᠵᠦ᠂ ᠤᠮᠠᠷᠠᠲᠤ ᠬᠢᠯᠢ᠎ᠶ᠋ᠢᠨ ᠰᠣᠶᠣᠯ᠎ᠤᠨ ᠠᠭᠤᠯᠤᠭ᠍ᠳᠠᠬᠤᠨ᠂ ᠤᠮᠠᠷᠠᠲᠤ ᠬᠢᠯᠢ᠎ᠶ᠋ᠢᠨ ᠰᠣᠶᠣᠯ᠎ᠤᠨ ᠠᠭᠤᠯᠬᠤᠨ᠎ᠢ ᠪᠠᠶᠠᠯᠢᠭ᠍ᠵᠢᠭᠤᠯᠬᠤ ᠵᠢ ᠲᠠᠰᠤᠷᠠᠯᠲᠠ ᠦᠭᠡᠢ ᠰᠦᠪᠡᠭ᠌ᠴᠢᠯᠡᠵᠦ᠂ ᠤᠮᠠᠷᠠᠲᠤ ᠬᠢᠯᠢ᠎ᠶ᠋ᠢᠨ ᠰᠣᠶᠣᠯ᠎ᠳᠤ ᠠᠭᠤᠯᠤᠭ᠍ᠳᠠᠵᠤ ᠪᠠᠢᠭ᠎ᠠ ᠲᠡᠦᠬᠡ᠎ᠶ᠋ᠢᠨ ᠡᠬᠢ ᠰᠤᠷᠪᠤᠯᠵᠢ᠂ ᠬᠥᠭ᠌ᠵᠢᠯᠲᠡ᠎ᠶ᠋ᠢᠨ ᠰᠤᠳᠠᠰᠤ᠂ ᠰᠣᠶᠣᠯ᠎ᠤᠨ ᠦᠷᠳᠡᠭ ᠢ᠋ ᠰᠠᠢᠲᠤᠷ ᠠᠭᠤᠳᠠᠯᠵᠤ᠂ ᠲᠠᠢᠯᠪᠤᠷᠢᠯᠠᠵᠤ ᠂  ᠤᠬᠠᠭᠤᠯᠵᠤ᠂ 《 ᠤᠯᠠᠮᠵᠢᠯᠠᠬᠤ — ᠤᠯᠠᠷᠢᠭᠤᠯᠬᠤ — ᠲᠠᠮᠵᠢᠭᠤᠯᠬᠤ 》 ᠪᠦᠬᠦ᠌ ᠬᠡᠯᠬᠢᠶᠡᠨ᠎ᠦ ᠰᠣᠶᠣᠯ᠎ᠤᠨ ᠠᠮᠢ ᠠᠬᠤᠢ᠎ᠶ᠋ᠢ ᠢᠳᠡᠪᠬᠢᠲᠡᠢ ᠴᠣᠭ᠍ᠴᠠᠯᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠭᠧᠨ᠎ᠢᠶᠡᠷ ᠰᠣᠶᠣᠯ ᠪᠠ ᠵᠢᠭᠤᠯᠴᠢᠯᠠᠯ᠎ᠤᠨ ᠬᠥᠭ᠌ᠵᠢᠯᠲᠡ᠎ᠶ᠋ᠢ ᠠᠬᠢᠭᠤᠯᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠨᠥᠯᠥᠭᠡᠯᠡᠬᠦ᠌ ᠬᠦᠴᠦᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ ᠭᠡᠵᠦ ᠤᠮᠠᠷᠠᠲᠤ ᠬᠢᠯᠢ᠎ᠶ᠋ᠢᠨ ᠰᠣᠶᠣᠯ᠎ᠤᠨ ᠲᠦᠷᠦᠯ ᠲᠡᠮᠳᠡᠭ᠎ᠢ ᠬᠡᠷᠬᠢᠨ ᠨᠠᠩ ᠰᠠᠢᠳᠤᠷ ᠴᠤᠭᠴᠠᠯᠠᠵᠤ᠂ ᠨᠠᠩ ᠨᠡᠷ᠎ᠡ ᠠᠯᠳᠠᠷ ᠲᠠᠢ ᠪᠤᠯᠭᠠᠬᠤ ᠲᠤᠬᠠᠢ ᠡᠮᠦᠨᠡᠬᠢ ᠪᠠᠢᠴᠠᠭᠠᠨ ᠰᠤᠳᠤᠯᠤᠯᠲᠠ᠎ᠶ᠋ᠢᠨ ᠦᠷ᠎ᠡ ᠪᠦᠲᠦᠭᠡᠯ᠎ᠲᠡᠶ ᠤᠶᠠᠯᠳᠤᠭᠤᠯᠤᠨ ᠵᠠᠩ ᠷᠦᠢ ᠢᠯᠡᠳᠭᠡᠪᠡ᠃

ᠵᠠᠩ ᠷᠦᠢ ᠂ ᠪᠢᠳᠡ ᠪᠠᠰᠠ ᠮᠠᠨ᠎ᠤ ᠣᠷᠣᠨ᠎ᠤ ᠵᠢᠭᠤᠯᠴᠢᠯᠠᠯ᠎ᠤᠨ ᠡᠬᠢ ᠪᠠᠶᠠᠯᠢᠭ ᠡᠯᠪᠡᠭ ᠪᠠᠶᠠᠯᠢᠭ᠂᠎ᠪᠠᠢᠭᠠᠯᠢ᠎ᠶ᠋ᠢᠨ ᠥᠩᠭᠡ ᠦᠵᠡᠮᠵᠢ᠎ᠦᠵᠡᠰᠭᠦᠯᠡᠩᠳᠤ ᠰᠠᠢᠬᠠᠨ ᠪᠣᠳᠠᠲᠤ ᠪᠠᠢᠳᠠᠯ ᠲᠠᠢ ᠤᠶᠠᠯᠳᠤᠭᠤᠯᠤᠨ ᠰᠣᠶᠣᠯ ᠪᠠ ᠵᠢᠭᠤᠯᠴᠢᠯᠠᠯ᠎ᠤᠨ ᠲᠦᠷᠦᠯ ᠲᠡᠮᠳᠡᠭ᠎ᠢ ᠴᠤᠭᠴᠠᠯᠠᠬᠤ᠂ ᠴᠢᠨᠠᠷ ᠰᠠᠢᠲᠠᠶ ᠦᠵᠡᠮᠵᠢ᠎ᠶ᠋ᠢᠨ ᠣᠷᠣᠨ᠎ᠢ ᠪᠣᠢᠵᠢᠭᠤᠯᠬᠤ᠂ ᠠᠵᠤ ᠦᠶ᠋ᠯᠡᠰ᠎ᠦᠨ ᠠᠭᠤᠰᠤᠯᠴᠠᠯ᠎ᠢ ᠠᠬᠢᠭᠤᠯᠬᠤ ᠂ ᠣᠷᠣᠨ ᠪᠦᠰᠡ᠎ᠶ᠋ᠢᠨ ᠬᠠᠮᠲᠤᠷᠠᠯᠴᠠᠭ᠎ᠠ ᠵᠢ ᠵᠤᠬᠢᠴᠠᠭᠤᠯᠬᠤ᠂ ᠲᠣᠰ ᠪᠡᠶ᠎ᠡ᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠵᠡᠷᠭᠡ 《ᠲᠠᠪᠤᠨ ᠨᠠᠢᠳᠠᠪᠤᠷᠢᠵᠢᠭᠤᠯᠤᠯᠳᠠ ᠵᠢᠨ ᠢᠨᠵᠧᠨᠧᠷᠢᠩ》 ᠢ᠋ ᠬᠡᠷᠡᠭ᠌ᠵᠢᠭᠦᠯᠵᠦ ᠂ ᠪᠦᠬᠦ᠌ ᠠᠬᠤᠢ ᠦᠵᠡᠭᠳᠡᠯ ᠵᠢᠡᠷ ᠪᠠᠢᠷᠢᠱᠢᠭᠤᠯᠬᠤ᠂ ᠵᠥᠷᠢᠶᠡᠴᠢᠯᠡᠭᠰᠡᠨ ᠪᠠᠢᠷᠢ ᠲᠣᠭ᠍ᠲᠠᠭᠠᠯᠲᠠ᠂ ᠠᠭᠤᠰᠤᠯᠴᠠᠭᠰᠠᠨ ᠮᠠᠶᠢᠭ ᠵᠢᠡᠷ ᠡᠨᠧᠷᠭᠢ ᠣᠯᠭᠣᠬᠤ ᠪᠡᠷ ᠭᠠᠷᠳᠠᠴᠠ ᠪᠤᠯᠭᠠᠵᠤ᠂ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠬᠤᠳᠠᠯᠳᠤᠭ᠎ᠠ᠎ᠶ᠋ᠢ ᠨᠢᠭᠡ ᠴᠣᠭ᠍ᠴᠠᠵᠢᠭᠤᠯᠤᠭ᠍ᠰᠠᠨ ᠬᠡᠷᠡᠭ᠌ᠯᠡᠭᠡᠨ᠎ᠦ ᠠᠵᠤ ᠦᠢᠯᠡᠰ᠎ᠦᠨ ᠬᠡᠯᠬᠢᠶ᠎ᠠ᠎ᠶ᠋ᠢ ᠲᠦᠷᠭᠡᠳᠭᠡᠨ ᠪᠦᠷᠢᠯᠳᠦᠭᠦᠯᠵᠦ᠂ 《ᠳᠥᠷᠪᠡᠨ ᠤᠯᠠᠷᠢᠯ ᠦᠵᠡᠮᠵᠢ ᠲᠠᠢ᠂ ᠪᠦᠬᠦ ᠤᠷᠤᠨ ᠪᠦᠰᠡ ᠪᠡᠷ ᠵᠢᠭᠤᠯᠴᠢᠯᠠᠵᠤ ᠪᠤᠯᠬᠤ》 ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠪᠠᠢᠷᠢᠱᠢᠯ ᠢ᠋ ᠬᠦᠴᠦᠯᠡᠨ ᠴᠣᠭ᠍ᠴᠠᠯᠠᠵᠤ᠂ ᠵᠢᠭᠤᠯᠴᠢᠯᠠᠯ᠎ᠤᠨ ᠬᠥᠮᠦᠨ ᠤᠳᠠᠭ᠎ᠠ᠂ ᠶᠡᠷᠦᠩᠬᠡᠶ ᠣᠷᠣᠯᠭ᠎ᠠ᠂ ᠬᠥᠮᠦᠨ ᠳᠤᠮᠳᠠᠴᠢ᠎ᠶ᠋ᠢᠨ ᠵᠠᠷᠤᠯᠭ᠎ᠠ ᠵᠢᠨ《ᠭᠤᠷᠪᠠᠨ ᠨᠡᠮᠡᠭ᠌ᠳᠡᠯ》 ᠢ᠋ ᠠᠬᠢᠭᠤᠯᠵᠤ᠂ 2025 ᠣᠨ᠎ᠳᠤ ᠪᠥᠬᠥ᠌ ᠣᠷᠣᠨ᠎ᠤ ᠵᠢᠭᠤᠯᠴᠢᠯᠠᠭ᠍ᠰᠠᠳ᠎ᠤᠨ ᠲᠣᠭ᠎ᠠ᠎ᠶ᠋ᠢ 3 ᠳ᠋ᠦᠩᠱᠢᠭᠤᠷ ᠬᠥᠮᠦᠨ ᠤᠳᠠᠭ᠎ᠠ᠎ᠶ᠋ᠢ ᠳᠠᠪᠠᠭᠤᠯᠬᠤ᠎ᠪᠠᠷ ᠴᠢᠷᠮᠠᠢᠨ᠂ ᠰᠣᠶᠣᠯ ᠪᠠ ᠵᠢᠭᠤᠯᠴᠢᠯᠠᠯ᠎ᠤᠨ ᠦᠶ᠋ᠯᠡᠰ᠎ᠢ ᠲᠤᠯᠭᠠᠭᠤᠷᠢ ᠠᠵᠤ ᠦᠶ᠋ᠯᠡᠰ ᠪᠣᠯᠭᠠᠨ ᠪᠥᠬᠥ᠌ ᠬᠦᠴᠦᠨ᠎ᠢᠶᠡᠷ᠎ᠢᠶᠡᠨ ᠪᠥᠲᠥᠭᠡᠨ ᠪᠠᠢᠭᠤᠯᠤᠨ᠎ᠠ ᠭᠡᠵᠦ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号