
ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 《ᠣᠷᠣᠨ ᠪᠦᠰᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠡᠷᠴᠢᠮ᠎ᠢ ᠴᠢᠩᠭᠠᠷᠠᠭᠤᠯᠤᠨ᠎ᠠ》᠂ 《ᠵᠡᠭᠦᠨ᠂ ᠳᠤᠮᠳᠠ᠂ ᠪᠠᠷᠠᠭᠤᠨ᠂ ᠵᠡᠭᠦᠨ ᠬᠣᠢᠲᠤ ᠣᠷᠣᠨ᠎ᠤ ᠠᠵᠤ ᠦᠶ᠋ᠯᠡᠰ᠎ᠦᠨ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠵᠦ᠍᠂ ᠠᠵᠤ ᠦᠶ᠋ᠯᠡᠰ᠎ᠦᠨ ᠡᠮᠬᠢ ᠵᠢᠷᠤᠮ᠎ᠲᠠᠶ ᠱᠠᠲᠤᠯᠠᠨ ᠱᠢᠯᠵᠢᠬᠦ᠌᠎ᠶ᠋ᠢ ᠠᠬᠢᠭᠤᠯᠤᠨ᠎ᠠ》 ᠭᠡᠵᠦ᠍ ᠳᠤᠷᠠᠳᠤᠭᠰᠠᠨ ᠨᠢ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠯᠢ ᠰᠢᠳᠦ ᠭᠦᠨ ᠰᠠᠭᠤᠭ᠍ᠳᠠᠯ ᠦᠯᠡᠳᠡᠭᠡᠵᠡᠶ᠃
ᠥᠪᠥᠷ ᠮᠣᠩᠭᠣᠯ ᠪᠣᠯ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠴᠢᠬᠤᠯᠠ ᠡᠭᠦᠳᠡ ᠪᠤᠯᠬᠤ ᠪᠠ ᠪᠠᠷᠠᠭᠤᠨ ᠤᠷᠤᠨ ᠤ᠋ ᠡᠬᠡ ᠬᠠᠭᠤᠷᠠᠶ ᠲᠡᠯᠡᠶ᠎ᠶ᠋ᠢᠨ ᠱᠢᠨ᠎ᠡ ᠨᠡᠪᠳᠡᠷᠡᠬᠦ ᠵᠠᠮ᠎ᠤᠨ ᠴᠢᠬᠤᠯᠠ ᠵᠠᠩᠭᠢᠯᠠᠭ᠎ᠠ᠎ᠶ᠋ᠢᠨ ᠴᠡᠭ ᠮᠥᠨ᠃ ᠨᠡᠪᠳᠡᠷᠡᠬᠦ ᠵᠠᠮ᠎ᠤᠨ ᠳᠠᠪᠠᠭᠤᠯᠢᠭ ᠢᠯᠡᠷᠬᠡᠶ᠂ ᠨᠡᠭᠦᠷᠡᠰᠦ ᠵᠡᠷᠭᠡ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ ᠵᠢᠴᠢ ᠰᠠᠯᠬᠢᠨ ᠬᠦᠴᠦᠨ᠎ᠤ ᠴᠠᠬᠢᠯᠭᠠᠨ ᠭᠡᠷᠡᠯᠴᠢ ᠴᠡᠨᠡᠭ ᠵᠡᠷᠭᠡ ᠱᠢᠨ᠎ᠡ ᠡᠨᠧᠷᠭᠢ ᠡᠯᠪᠡᠭ ᠪᠠᠶᠠᠯᠢᠭ ᠪᠠᠢᠵᠤ᠂ ᠠᠵᠤ ᠦᠶ᠋ᠯᠡᠰ᠎ᠦᠨ ᠡᠮᠬᠢ ᠵᠢᠷᠤᠮ᠎ᠲᠠᠶ᠎ᠪᠠᠷ ᠱᠠᠲᠤᠯᠠᠨ ᠱᠢᠯᠵᠢᠬᠦ᠌᠎ᠶ᠋ᠢ ᠵᠠᠯᠭᠠᠵᠤ ᠠᠪᠬᠤ ᠰᠠᠭᠤᠷᠢ ᠪᠠ ᠨᠥᠬᠥᠴᠡᠯ᠎ᠢ ᠪᠦᠷᠢᠮᠦᠰᠦᠨ ᠪᠦᠷᠢᠯᠳᠦᠭᠦᠯᠦᠭ᠌ᠰᠡᠨ ᠪᠠᠢᠨ᠎ᠠ ᠭᠡᠵᠦ ᠯᠢ ᠰᠢ ᠬᠡᠯᠡᠨ᠎ᠡ᠃
ᠵᠠᠮ ᠬᠠᠷᠢᠯᠴᠠᠭᠠᠨ᠎ᠤ ᠹᠷᠣᠨᠲ᠎ᠲᠠᠬᠢ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ᠎ᠤ ᠬᠤᠪᠢ᠎ᠳᠤ ᠯᠢ ᠰᠢ ᠶᠡᠷᠦᠩᠬᠡᠶ ᠱᠦᠵᠢ ᠰᠢ ᠵᠢᠨ ᠫᠢᠩ᠎ᠦᠨ ᠵᠠᠮ ᠬᠠᠷᠢᠯᠴᠠᠭᠠᠨ᠎ᠤ ᠬᠦᠴᠦᠷᠬᠡᠭ ᠤᠯᠤᠰ᠎ᠤᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ ᠵᠢᠨ ᠥᠪᠥᠷ ᠮᠣᠩᠭᠣᠯ᠎ᠤᠨ ᠲᠤᠬᠠᠶ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠍᠂ ᠵᠠᠮ ᠬᠠᠷᠢᠯᠴᠠᠭ᠎ᠠ ᠲᠡᠭᠡᠭᠡᠪᠦᠷᠢ ᠬᠡᠷᠬᠢᠨ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠳᠤᠮᠳᠠ ᠤᠷᠢᠳ᠎ᠢᠶᠠᠷ ᠬᠢᠬᠦ ᠵᠢᠨ ᠬᠥᠲᠥᠯᠥᠨ ᠳᠠᠭᠠᠭᠤᠯᠬᠤ ᠦᠶ᠋ᠯᠡᠳᠦᠯ᠎ᠢᠶᠡᠨ ᠰᠠᠢᠲᠤᠷ ᠪᠠᠳᠠᠷᠠᠭᠤᠯᠵᠤ᠂ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠨᠠᠩ ᠰᠠᠢᠲᠤᠷ ᠲᠤᠯᠭᠠᠭᠤᠷᠢᠯᠠᠨ ᠪᠠᠲᠤᠯᠠᠬᠤᠲᠤᠬᠠᠢ ᠭᠦᠨᠵᠡᠭᠡᠶ ᠪᠣᠳᠣᠯᠬᠢᠯᠠᠪᠠ᠃
ᠯᠢ ᠰᠢ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠳᠠᠯᠳᠠ ᠬᠦᠴᠦᠨ ᠯᠤᠲᠤ ᠶᠡᠬᠡ᠂ ᠤᠯᠤᠰ᠎ᠤᠨ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠳᠤ ᠢᠳᠡᠪᠬᠢᠲᠡᠶ ᠠᠭᠤᠰᠤᠯᠴᠠᠪᠠᠯ ᠱᠢᠨ᠎ᠡ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠤᠭ᠍ᠲᠤᠨ ᠠᠪᠴᠢᠷᠠᠵᠤ᠂ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠨᠡᠮᠡᠭ᠌ᠳᠡᠭᠦᠯᠬᠦ᠌ ᠨᠢ ᠯᠠᠪᠲᠠᠶ᠃ ᠵᠠᠮ ᠬᠠᠷᠢᠯᠴᠠᠭ᠎ᠠ ᠲᠡᠭᠡᠭᠡᠪᠦᠷᠢ᠎ᠳᠦ ᠵᠡᠭᠦᠨ᠂ ᠳᠤᠮᠳᠠ᠂ ᠪᠠᠷᠠᠭᠤᠨ ᠤᠷᠤᠨ᠎ᠯᠤᠭ᠎ᠠ᠎ᠶ᠋ᠢᠨ ᠪᠥᠬᠥ᠌ ᠲᠠᠯ᠎ᠠ᠎ᠶ᠋ᠢᠨ᠂ ᠶᠡᠷᠦᠩᠬᠡᠢᠯᠡᠭ᠌ᠰᠡᠨ ᠪᠣᠰᠣᠭ᠎ᠠ ᠴᠣᠭ᠍ᠴᠠᠲᠤ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ᠌᠎ᠶ᠋ᠢ ᠲᠦᠷᠭᠡᠬᠡᠨ ᠪᠡᠶᠡᠯᠡᠭᠦᠯᠵᠦ᠍᠂ ᠤᠷᠢᠳ ᠵᠢᠡᠷ ᠬᠢᠬᠦ ᠶ᠋ᠢᠨ ᠬᠥᠲᠥᠯᠦᠨ ᠳᠠᠭᠠᠭᠤᠯᠬᠤ ᠦᠶ᠋ᠯᠡᠳᠦᠯ᠎ᠢ ᠰᠠᠢᠲᠤᠷ ᠪᠠᠳᠠᠷᠠᠭᠤᠯᠪᠠᠯ ᠵᠤᠬᠢᠨ᠎ᠠ ᠭᠡᠵᠦ ᠦᠵᠡᠪᠡ᠃
ᠲᠡᠷᠡ᠂ ᠨᠢᠭᠡ᠎ᠳᠦ ᠵᠠᠮ ᠬᠠᠷᠢᠯᠴᠠᠭᠠᠨ᠎ᠤ ᠰᠠᠭᠤᠷᠢ ᠲᠥᠬᠥᠭᠡᠷᠦᠮᠵᠢ᠎ᠶ᠋ᠢᠨ ᠲᠣᠣᠷ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠪᠡᠭᠡᠵᠢᠩ ᠲᠢᠶᠠᠨᠵᠢᠨ ᠡᡁᠸᠪᠸᠢ᠂ ᠵᠡᠭᠦᠨ ᠬᠣᠢᠲᠤ᠎ᠶ᠋ᠢᠨ ᠭᠤᠷᠪᠠᠨ ᠮᠤᠵᠢ ᠯᠤᠭ᠎ᠠ ᠶ᠋ᠢᠨ ᠲᠡᠮᠤᠷ ᠵᠠᠮ᠂ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠲᠦᠭ᠌ᠵᠢᠷᠡᠯᠴᠡᠭ ᠢ᠋ ᠲᠦᠷᠭᠡᠨ ᠨᠡᠪᠲᠡᠷᠡᠭᠦᠯᠦᠨ᠎ᠠ᠃ ᠢᠯᠠᠩᠭᠤᠶ᠎ᠠ ᠵᠦᠶ ᠵᠣᠬᠢᠰᠲᠠᠶ ᠵᠠᠮ ᠱᠤᠭᠤᠮ᠎ᠤᠨ ᠪᠠᠢᠷᠢᠱᠢᠭᠤᠯᠤᠯᠲᠠ ᠪᠣᠯᠤᠨ ᠲᠥᠷᠥᠯ ᠵᠦᠶ᠋ᠯ᠎ᠦᠨ ᠲᠥᠯᠥᠪᠵᠢᠭᠦᠯᠭᠡ᠎ᠪᠡᠷ ᠳᠠᠮᠵᠢᠨ ᠵᠡᠭᠦᠨ᠂ ᠳᠤᠮᠳᠠ᠂ ᠪᠠᠷᠠᠭᠤᠨ ᠤᠷᠤᠨ᠎ᠢ ᠬᠣᠯᠪᠣᠭ᠍ᠰᠠᠨ ᠳᠦᠷᠬᠡᠨᠤ ᠳᠡᠮᠤᠷ ᠵᠠᠮ᠎ᠤᠨ ᠨᠡᠪᠲᠡᠷᠡᠬᠦ᠌ ᠵᠠᠮ ᠪᠣᠯᠤᠨ ᠵᠡᠭᠦᠨ ᠬᠣᠢᠲᠤ ᠤᠷᠤᠨ᠂ ᠪᠠᠷᠠᠭᠤᠨ ᠬᠣᠢᠲᠤ ᠣᠷᠣᠨ᠎ᠢ ᠱᠢᠭᠤᠳ ᠬᠣᠯᠪᠣᠭ᠍ᠰᠠᠨ ᠪᠠᠷᠠᠭᠠᠨ᠎ᠤ ᠭᠦᠢᠯᠭᠡᠭᠡ᠎ᠶ᠋ᠢᠨ ᠨᠡᠪᠲᠡᠷᠡᠬᠦ᠌ ᠵᠠᠮ᠎ᠢ ᠲᠦᠷᠭᠡᠳᠭᠡᠨ ᠪᠠᠢᠭᠤᠯᠵᠤ᠂ ᠪᠡᠭᠡᠵᠢᠩ ᠲᠢᠶᠠᠨᠵᠢᠨ ᠾᠧᠪᠧᠶ᠎ᠶ᠋ᠢᠨ ᠲᠦᠷᠭᠡᠨ ᠤ᠋ ᠲᠡᠮᠦᠷ ᠵᠠᠮ᠎ᠤᠨ ᠲᠤᠤᠷᠯᠤᠭᠠ ᠤᠢᠷᠠᠬᠠᠨ ᠡᠴᠡ ᠵᠣᠯᠭᠠᠭᠤᠯᠬᠤᠵᠢᠴᠢ ᠥᠪᠥᠷ ᠮᠣᠩᠭᠣᠯ᠎ᠢᠶᠠᠷ ᠦᠩᠭᠡᠷᠡᠬᠦ ᠪᠡᠷ ᠳᠠᠮᠵᠢᠨ ᠵᠡᠭᠦᠨ ᠬᠣᠢᠲᠤ ᠣᠷᠣᠨ ᠬᠢᠭᠡᠳ ᠪᠠᠷᠠᠭᠤᠨ ᠤᠷᠤᠨ ᠤ᠋ ᠲᠦᠷᠭᠡᠨ ᠤ᠋ ᠲᠡᠮᠦᠷ ᠵᠠᠮ᠎ᠤᠨ ᠲᠤᠤᠷ᠎ᠢ ᠬᠣᠯᠪᠣᠨ ᠨᠡᠪᠲᠡᠷᠡᠭᠦᠯᠬᠦ᠌᠎ᠶ᠋ᠢ ᠪᠡᠶᠡᠯᠡᠬᠦᠯᠦᠨ᠎ᠡ᠃ ᠬᠣᠶᠠᠷ᠎ᠲᠤ ᠲᠡᠮᠦᠷ ᠵᠠᠮ᠂ ᠵᠠᠰᠠᠮᠠᠯ ᠵᠠᠮ᠂ ᠤᠰᠤᠨ ᠵᠠᠮ᠎ᠤᠨ ᠲᠡᠭᠡᠭᠡᠪᠦᠷᠢ᠂ ᠠᠭᠠᠷ᠎ᠤᠨ ᠠᠶᠠᠯᠠᠯ ᠵᠡᠷᠭᠡ ᠲᠡᠭᠡᠭᠡᠪᠦᠷᠢ᠎ᠶ᠋ᠢᠨ ᠠᠷᠭ᠎ᠠ ᠬᠡᠯᠪᠡᠷᠢ᠎ᠶ᠋ᠢᠨ ᠬᠣᠭᠣᠷᠣᠨᠳᠣᠬᠢ ᠵᠢᠴᠢ ᠬᠤᠳᠠᠯᠳᠤᠭᠠᠨ᠎ᠤ ᠶᠠᠪᠤᠳᠠᠯ᠂ ᠪᠣᠭᠣᠮᠲᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠦᠨ ᠬᠣᠭᠣᠷᠣᠨᠳᠣᠬᠢ ᠮᠡᠳᠡᠭᠡ ᠵᠠᠩᠭᠢ᠎ᠶ᠋ᠢᠨ ᠡᠬᠢ ᠪᠠᠶᠠᠯᠢᠭ᠎ᠢ ᠬᠠᠷᠢᠯᠴᠠᠨ ᠬᠣᠯᠪᠣᠭᠠᠯᠠᠵᠤ ᠬᠠᠮᠲᠤ᠎ᠪᠠᠷ ᠡᠳ᠋ᠯᠡᠬᠦ᠌᠂ ᠪᠦᠬᠦ᠌ ᠱᠢᠰᠲ᠋ᠧᠮ᠎ᠦᠨ ᠪᠦᠬᠦᠯᠢ ᠴᠣᠭ᠍ᠴᠠ᠎ᠶ᠋ᠢᠨ ᠵᠢᠷᠤᠭ ᠲᠥᠯᠥᠪᠯᠡᠭᠡ᠎ᠶ᠋ᠢᠨ ᠱᠤᠭᠤᠮ᠎ᠤᠨ ᠲᠥᠯᠥᠪᠵᠢᠭᠦᠯᠭᠡ᠂ ᠲᠡᠷᠭᠡ ᠪᠠᠷᠠᠭᠠᠨ᠎ᠤ ᠲᠤᠬᠢᠷᠠᠭᠤᠯᠤᠯᠳᠠ᠂ ᠵᠠᠮ᠎ᠤᠨ ᠲᠡᠭᠡᠭᠡᠪᠦᠷᠢ ᠵᠡᠷᠭᠡ᠎ᠶ᠋ᠢ ᠲᠦᠷᠭᠡᠳᠭᠡᠨ ᠠᠬᠢᠭᠤᠯᠵᠤ᠂ ᠪᠦᠬᠦ᠌ ᠨᠡᠢᠭᠡᠮ᠎ᠦᠨ ᠪᠠᠷᠠᠭᠠᠨ᠎ᠤ ᠭᠦᠢᠯᠭᠡᠭᠡ᠎ᠶ᠋ᠢᠨ ᠥᠪᠡᠷ᠎ᠦᠨ ᠦᠷᠳᠡᠭ᠎ᠢ ᠪᠠᠭᠤᠷᠠᠭᠤᠯᠵᠤ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠤᠨ᠎ᠠ᠃ ᠭᠤᠷᠪᠠ᠎ᠳᠤ ᠭᠠᠳᠠᠭᠠᠳᠤ ᠨᠡᠭᠡᠭᠡᠯᠳᠠ᠎ᠶ᠋ᠢᠨ ᠶᠡᠬᠡ ᠨᠡᠪᠳᠡᠷᠡᠬᠦ ᠵᠠᠮ᠎ᠤᠨ ᠶᠡᠬᠡ ᠬᠦᠢᠰᠦ᠎ᠶ᠋ᠢᠨ ᠦᠢᠯᠡᠳᠦᠯ᠎ᠢ ᠰᠠᠢᠲᠤᠷ ᠪᠠᠳᠠᠷᠠᠭᠤᠯᠵᠤ᠂ ᠳᠤᠮᠳᠠᠳᠤ ᠮᠣᠩᠭᠣᠯ ᠤᠷᠤᠰ᠎ᠤᠨ ᠠᠵᠤ ᠠᠬᠤᠢ᠎ᠶ᠋ᠢᠨ ᠬᠤᠩᠬᠢᠯ ᠪᠣᠯᠤᠨ ᠠᠽᠢᠶ᠎ᠠ ᠧᠦ᠋ᠷᠣᠫᠠ᠎ᠶ᠋ᠢᠨ ᠡᠭᠡ ᠬᠠᠭᠤᠷᠠᠢ ᠵᠢᠨ ᠬᠥᠭᠥᠷᠭᠡ᠎ᠶ᠋ᠢᠨ ᠪᠣᠳᠠᠰ᠎ᠤᠨ ᠭᠦᠢᠯᠭᠡᠭᠡ ᠵᠢᠨ ᠵᠠᠮ᠎ᠤᠨ ᠲᠡᠰᠢ ᠳᠡᠭᠡᠭ᠌ᠰᠢᠯᠡᠭᠦᠯᠵᠦ᠍᠂ 《ᠬᠦᠢᠰᠦ ᠲᠠᠯᠠᠢ᠎ᠶ᠋ᠢᠨ ᠭᠠᠷᠠᠮ + ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠴᠤᠭ᠍ᠯᠠᠷᠠᠯ᠎ᠤᠨ ᠲᠥᠪ + ᠬᠢᠯᠢ ᠬᠢᠵᠠᠭᠠᠷ᠎ᠤᠨ ᠬᠠᠭᠤᠷᠠᠢ ᠵᠠᠮ᠎ᠤᠨ ᠪᠣᠭᠣᠮᠲᠠ》 ᠵᠢᠨ ᠬᠠᠮᠵᠢᠯᠴᠠᠭ᠍ᠰᠠᠨ ᠥᠨᠳᠥᠷ ᠪᠦᠲᠦᠮᠵᠢᠲᠡᠢ᠂ ᠤᠯᠠᠨ ᠡᠱᠢᠵᠢᠭ᠌ᠰᠡᠨ ᠬᠠᠷᠢᠯᠴᠠᠨ ᠨᠥᠬᠥᠪᠥᠷᠢᠯᠡᠬᠦ᠌ ᠤᠯᠠᠨ ᠤᠯᠤᠰ᠎ᠤᠨ ᠪᠣᠳᠠᠰ᠎ᠤᠨ ᠭᠦᠢᠯᠭᠡᠭᠡ᠎ᠶ᠋ᠢᠨ ᠱᠢᠰᠲᠸᠮ᠎ᠢ ᠲᠦᠷᠭᠡᠳᠭᠡᠨ ᠪᠠᠢᠭᠤᠯᠵᠤ᠂ ᠥᠪᠥᠷ ᠮᠣᠩᠭᠣᠯ᠎ᠤᠨ ᠤᠮᠠᠷᠠᠰᠢ ᠨᠡᠭᠡᠭᠡᠯᠳᠠ ᠬᠢᠬᠦ᠌ ᠴᠢᠬᠤᠯᠠ ᠪᠡᠬᠢᠯᠡᠯᠲᠡ ᠪᠣᠯᠬᠤ ᠦᠢᠯᠡᠳᠦᠯ ᠴᠢᠳᠠᠪᠬᠢ᠎ᠶ᠋ᠢ ᠰᠠᠢᠲᠤᠷ ᠪᠠᠳᠠᠷᠠᠭᠤᠯᠪᠠᠯ ᠵᠤᠬᠢᠨ᠎ᠠ ᠭᠡᠵᠦ ᠰᠠᠨᠠᠭᠤᠯᠪᠠ᠃