ᠼᠤᠤ ᠵᠢᠨ ᠱᠠᠨ᠄ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠨᠡᠢᠭᠡᠮᠯᠢᠭ᠎ᠦᠨ ᠲᠡᠷᠢᠭᠦᠯᠡᠭ᠌ᠴᠢ

ᠥᠪᠥᠷ ᠮᠣᠩᠭᠣᠯ ᠪᠣᠯ ᠤᠯᠤᠰ᠎ᠤᠨ 《ᠠᠮᠤ᠎ᠶᠢᠨ ᠰᠠᠩ》᠂ 《ᠮᠢᠬᠠᠨ᠎ᠤ ᠬᠥᠮᠥᠷᠭᠡ》᠂ 《ᠰᠦ᠎ᠶᠢᠨ ᠬᠦᠨᠦᠭ》 ᠪᠠᠢᠵᠤ᠂ ᠥᠷᠭᠡᠨ ᠠᠭᠤᠳᠠᠮ ᠲᠠᠯ᠎ᠠ ᠨᠤᠲᠤᠭ ᠪᠠ ᠥᠩ ᠱᠢᠮᠡᠯᠢᠭ ᠲᠠᠷᠢᠶᠠᠨ ᠭᠠᠵᠠᠷ ᠲᠠᠶ᠂ ᠲᠠᠷᠢᠶᠠᠯᠠᠩ᠎ᠤᠨ ᠬᠥᠭ᠌ᠵᠢᠯᠲᠡ᠎ᠶ᠋ᠢᠨ ᠲᠠᠯ᠎ᠠ᠎ᠪᠠᠷ ᠥᠪᠡᠷᠮᠢᠴᠡ ᠳᠠᠪᠠᠭᠤᠯᠢᠭ᠎ᠲᠠᠶ ᠪᠠᠢᠳᠠᠭ᠂ ᠣᠢᠷ᠎ᠠ᠎ᠶ᠋ᠢᠨ ᠬᠡᠳᠦᠨ ᠵᠢᠯ᠎ᠳᠦ ᠬᠢᠩᠭᠠᠨ ᠠᠢᠮᠠᠭ᠎ᠤᠨ ᠣᠷᠭᠠᠨᠢᠭ ᠲᠤᠲᠤᠷᠭ᠎ᠠ᠂ ᠲᠦᠩᠯᠢᠶᠣᠤ᠎ᠶ᠋ᠢᠨ ᠦᠬᠡᠷ᠎ᠦᠨ ᠮᠢᠬ᠎ᠠ᠂ ᠪᠠᠶᠠᠨᠨᠠᠭᠤᠷ᠎ᠤᠨ ᠭᠤᠧᠠ᠎ᠶᠢᠨ ᠦᠷ᠎ᠡ᠂ ᠱᠢᠯᠢ᠎ᠶ᠋ᠢᠨ ᠭᠤᠤᠯ᠎ᠤᠨ ᠬᠣᠨᠢᠨ ᠮᠢᠬ᠎ᠠ᠂ ᠣᠷᠳᠣᠰ᠎ᠤᠨ ᠢᠮᠠᠭᠠᠨ ᠨᠣᠤᠯᠤᠭᠤᠷ ᠵᠡᠷᠭᠡ ᠨᠡᠷ᠎ᠡ ᠨᠦᠯᠦᠭᠡ ᠨᠡᠯᠢᠶᠡᠳ ᠥᠨᠳᠥᠷ ᠨᠢᠭᠡ ᠪᠦᠯᠦᠭ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠴᠣᠯᠭᠣᠷᠠᠨ ᠭᠠᠷᠴᠠᠶ᠃
ᠥᠪᠥᠷ ᠮᠣᠩᠭᠣᠯ᠎ᠨᠢ ᠮᠠᠨ᠎ᠤ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠶ᠋ᠯᠡᠳᠪᠦᠷᠢᠯᠡᠯ᠎ᠦᠨ ᠲᠣᠮᠣ ᠣᠷᠣᠨ ᠪᠣᠯᠤᠭ᠍ᠰᠠᠨ᠎ᠤ ᠬᠤᠪᠢ᠎ᠳᠤ᠂ ᠲᠠᠷᠢᠶᠠᠯᠠᠩ ᠮᠠᠯ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠱᠢᠨ᠎ᠡ ᠠᠵᠠ ᠲᠣᠬᠢᠶᠠᠯ᠎ᠢ ᠬᠡᠷᠬᠢᠨ ᠵᠠᠪᠳᠤᠨ ᠠᠳᠭᠤᠬᠤ᠎ᠶ᠋ᠢᠨ ᠵᠠᠩᠭᠢᠯᠠᠭ᠎ᠠ᠎ᠨᠢ ᠥᠨᠳᠥᠷ᠎ᠲᠦ ᠵᠣᠭ᠍ᠰᠣᠨ᠂ ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠢ ᠬᠦᠴᠦᠷᠬᠡᠭ᠌ᠵᠢᠭᠦᠯᠬᠦ᠌᠎ᠳᠦ ᠪᠣᠶ᠃ ᠡᠨᠡ ᠨᠢ ᠵᠠᠬ᠎ᠠ ᠳᠡᠯᠭᠡᠭᠦᠷ᠎ᠦᠨ ᠬᠡᠷᠡᠭ᠌ᠴᠡᠭᠡ ᠱᠠᠭᠠᠷᠳᠠᠯᠭ᠎ᠠ᠎ᠳᠤ ᠵᠣᠬᠢᠴᠠᠵᠤ᠂ ᠥᠪᠥᠷ ᠮᠣᠩᠭᠣᠯ᠎ᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠥᠷᠢᠰᠥᠯᠳᠦᠬᠦ᠌ ᠬᠦᠴᠦᠨ᠎ᠢ ᠴᠢᠡᠭᠭᠠᠷᠠᠭᠤᠯᠬᠤ ᠶ᠋ᠢᠨ ᠵᠠᠢᠯᠠᠰᠢ ᠥᠬᠡᠶ ᠰᠣᠩᠭᠣᠯᠲᠠ ᠪᠣᠯᠬᠤ ᠪᠦᠭᠡᠳ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠳᠤ ᠲᠤᠱᠢᠶᠠᠭ᠍ᠰᠠᠨ ᠲᠠᠪᠤᠨ ᠶᠡᠬᠡ ᠡᠭᠦᠷᠭᠡ᠎ᠶ᠋ᠢ ᠴᠢᠨᠠᠷ ᠰᠠᠢᠲᠠᠶ ᠪᠡᠶᠡᠯᠡᠭᠦᠯᠬᠦ᠌᠎ᠶ᠋ᠢᠨ ᠲᠤᠯᠭᠠᠮ ᠱᠠᠭᠠᠷᠳᠠᠯᠭ᠎ᠠ ᠪᠣᠯᠤᠨ᠎ᠠ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤ᠋ᠨ ᠲᠠᠯ᠎ᠠ ᠪᠠᠷ ᠬᠢ ᠪᠡᠯᠡ ᠣᠷᠣᠭᠤᠯᠤᠯᠲᠠ᠎ᠪᠠᠨ ᠨᠡᠮᠡᠭ᠌ᠳᠡᠭᠦᠯᠬᠦ᠌ ᠪᠠ ᠥᠨᠳᠥᠷ ᠤᠨᠠᠯᠲᠠ᠎ᠶ᠋ᠢᠨ ᠮᠡᠷᠭᠡᠵᠢᠯ᠎ᠢ ᠳᠡᠯᠭᠡᠷᠡᠭᠦᠯᠦᠨ ᠲᠦᠭᠡᠮᠡᠯᠵᠢᠭᠦᠯᠵᠦ᠍᠂ ᠭᠠᠵᠠᠷ ᠱᠢᠷᠣᠶ᠎ᠶ᠋ᠢ ᠣᠯᠠᠨ ᠡᠱᠢᠵᠢᠭᠦᠯᠦᠨ ᠡᠵᠡᠩᠨᠡᠬᠦ᠌ ᠵᠠᠭ᠍ᠪᠤᠷ᠎ᠢ ᠬᠠᠢᠨ ᠰᠦᠪᠡᠭ᠌ᠴᠢᠯᠡᠵᠦ᠍᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠪᠣᠭᠣᠳᠠᠯᠯᠠᠬᠤ᠂ ᠶᠠᠰᠤ ᠴᠢᠨᠠᠷ᠎ᠢ ᠱᠢᠯᠭᠠᠨ ᠪᠠᠢᠴᠠᠭᠠᠬᠤ᠂ ᠪᠣᠷᠣᠯᠠᠭᠤᠯᠬᠤ ᠵᠡᠷᠭᠡ ᠣᠯᠠᠨ ᠲᠠᠯ᠎ᠠ᠎ᠪᠠᠷ ᠪᠣᠭᠣᠮᠲᠠ ᠱᠢᠪᠲᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠶ ᠲᠠᠷᠢᠶᠠᠯᠠᠩ᠎ᠤᠨ ᠪᠦᠲᠦᠭᠡᠭ᠌ᠳᠡᠬᠦᠨ᠎ᠢ ᠪᠥᠬᠥ᠌ ᠤᠯᠤᠰ᠎ᠤᠨ ᠡᠯ᠎ᠡ ᠭᠠᠵᠠᠷ᠎ᠤᠨ ᠵᠠᠬ᠎ᠠ ᠳᠡᠯᠭᠡᠭᠦᠷᠵᠢᠡᠷ ᠢᠳᠡᠭ ᠢᠳᠡᠭᠵᠢᠡᠷ ᠪᠤᠷᠤᠯᠠᠭᠤᠯᠤᠨ ᠳᠡᠯᠭᠡᠷᠡᠭᠦᠯᠵᠦ᠍ ᠪᠣᠯᠤᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号