ᠲᠢᠩ·ᠪᠠᠭᠠᠲᠤᠷ᠄ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠱᠢᠯᠢ᠎ᠶ᠋ᠢᠨ ᠭᠤᠤᠯ ᠠᠢᠮᠠᠭ᠎ᠤᠨ ᠠᠪᠠᠭ᠎ᠠ ᠬᠣᠱᠢᠭᠤᠨ᠎ᠤ ᠬᠣᠩᠭᠣᠷᠭᠤᠤᠯ ᠪᠠᠯᠭᠠᠰᠤᠨ᠎ᠤ ᠰᠠᠷᠠᠭᠤᠯᠲᠤᠶᠠᠭ᠎ᠠ ᠭᠠᠴᠠᠭᠠᠨ᠎ᠤ ᠮᠠᠯᠴᠢᠨ

ᠦᠨᠳᠦᠰᠦᠨ ᠱᠠᠲᠤᠨ᠎ᠠᠴᠠ ᠢᠷᠡᠭ᠌ᠰᠡᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠣᠯᠤᠭ᠍ᠰᠠᠨ᠎ᠤ ᠬᠤᠪᠢ᠎ᠳᠤ᠂ ᠬᠦᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ᠎ᠤ ᠠᠰᠠᠭᠤᠳᠠᠯ᠎ᠢ ᠪᠢ ᠢᠮᠠᠭ᠍ᠲᠠ ᠠᠩᠬᠠᠷᠤᠭ᠍ᠰᠠᠭᠠᠷ ᠢᠷᠡᠭ᠌ᠰᠡᠨ ᠶᠤᠮ᠃ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠤᠨ ᠠᠵᠤ ᠦᠢᠯᠡᠰ᠎ᠢ ᠬᠥᠭ᠌ᠵᠢᠭᠦᠯᠬᠦ᠂ ᠱᠢᠶᠠᠨ᠎ᠢ ᠬᠦᠴᠦᠷᠬᠡᠭ᠌ᠵᠢᠭᠦᠯᠬᠦ᠂ ᠠᠷᠠᠳ᠎ᠢ ᠪᠠᠶᠠᠵᠢᠭᠤᠯᠬᠤ᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠬᠦᠯᠬᠦ᠌᠎ᠶ᠋ᠢ ᠠᠬᠢᠭᠤᠯᠵᠤ᠂ 《ᠨᠤᠲᠤᠭ᠎ᠤᠨ ᠤᠨᠴᠠ ᠭᠠᠷᠤᠯᠲᠠ》 ᠵᠢᠨ ᠠᠵᠢᠯ᠎ᠢ ᠰᠠᠢᠲᠤᠷ ᠬᠢᠵᠦ᠍᠂ ᠠᠭᠤᠯᠠ ᠬᠦᠳᠡᠭᠡ᠎ᠶ᠋ᠢᠨ ᠠᠵᠤ ᠠᠬᠤᠶ᠎ᠶ᠋ᠢ ᠬᠥᠭ᠌ᠵᠢᠭᠦᠯᠵᠦ᠂ ᠬᠥᠳᠡᠭᠡ ᠲᠣᠰᠭᠤᠨ᠎ᠤ ᠣᠨᠴᠠᠯᠢᠭ᠍ᠲᠤ ᠠᠵᠤ ᠦᠢᠯᠡᠰ᠎ᠤᠨ ᠬᠡᠯᠬᠢᠶ᠎ᠡ᠎ᠶ᠋ᠢ ᠤᠷᠲᠤᠳᠭᠠᠨ ᠦᠷ᠎ᠡ ᠠᠱᠢᠭ᠎ᠢ ᠨᠡᠮᠡᠭ᠌ᠳᠡᠭᠦᠯᠬᠦ᠂ ᠲᠠᠷᠢᠶᠠᠴᠢᠨ᠎ᠲᠠᠢ ᠬᠤᠯᠪᠣᠭᠠᠯᠠᠵᠤ ᠲᠠᠷᠢᠶᠠᠴᠢᠨ᠎ᠢ ᠳᠠᠢᠴᠢᠯᠠᠬᠤ᠎ᠶ᠋ᠢ ᠠᠬᠢᠭᠤᠯᠵᠤ ᠂ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌ ᠠᠷᠭ᠎ᠠ ᠵᠠᠮ᠎ᠢ ᠥᠷᠭᠡᠳᠭᠡᠨ᠎ᠡ ᠭᠡᠵᠦ᠍ ᠳᠤᠷᠠᠳᠪᠠ᠃
ᠥᠷᠭᠡᠨ ᠠᠭᠤᠳᠠᠮ ᠥᠪᠥᠷ ᠮᠣᠩᠭᠣᠯ᠎ᠤᠨ ᠡᠬᠡ ᠭᠠᠵᠠᠷ ᠳᠡᠭᠡᠷ᠎ᠡ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠨᠢ ᠡᠯᠪᠡᠭ ᠪᠠᠶᠠᠯᠢᠭ ᠬᠦᠷᠦᠰᠦ ᠱᠢᠷᠣᠢ᠎ᠶᠢᠨ ᠦᠷ᠎ᠠ ᠰᠢᠮ᠎ᠠ ᠪᠤᠯᠬᠤ ᠪᠡᠷ ᠪᠠᠷᠠᠬᠤ ᠦᠬᠡᠢ᠂ ᠨᠡᠩ ᠴᠤ᠌ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠬᠦᠴᠦᠲᠦ ᠬᠥᠳᠡᠯᠭᠡᠭᠦᠷ ᠪᠣᠯᠵᠠᠢ᠃ ᠣᠢᠷ᠎ᠠ᠎ᠶ᠋ᠢᠨ ᠵᠢᠯ᠎ᠡᠴᠡ ᠨᠠᠭᠠᠰᠢ᠂ ᠥᠪᠥᠷ ᠮᠣᠩᠭᠣᠯ ᠪᠣᠬᠢᠷᠲᠤᠯ ᠥᠬᠡᠶ ᠴᠢᠨᠠᠷ ᠰᠠᠢᠲᠠᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠲᠠᠰᠤᠷᠠᠯᠲᠠ ᠥᠬᠡᠶ ᠪᠣᠢᠵᠢᠭᠤᠯᠤᠨ ᠪᠤᠵᠠᠭᠠᠢᠷᠠᠭᠤᠯᠵᠤ᠂ ᠨᠠᠩ ᠣᠯᠠᠨ ᠬᠦᠮᠤᠨ᠎ᠳᠤ ᠥᠪᠥᠷ ᠮᠣᠩᠭᠣᠯ᠎ᠤᠨ ᠪᠣᠬᠢᠷᠲᠤᠯ ᠥᠬᠡᠶ ᠢᠳᠡᠭᠡᠨ᠎ᠢ ᠠᠮᠳᠠᠭᠤᠯᠵᠤ ᠪᠠᠢᠨ᠎ᠠ᠃ ᠪᠣᠷᠣᠯᠠᠭᠤᠯᠭ᠎ᠠ᠎ᠶ᠋ᠢᠨ ᠠᠷᠭ᠎ᠠ ᠵᠠᠮ᠎ᠢ ᠤᠯᠠᠮ ᠴᠢᠨᠠᠭ᠍ᠰᠢᠳᠠ ᠥᠷᠭᠡᠳᠭᠡᠵᠦ᠍᠂ ᠴᠢᠨᠠᠷ ᠰᠠᠢᠲᠠᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠠᠷᠠᠯᠵᠢᠶᠠᠨ᠎ᠤ ᠲᠠᠪᠴᠠᠩ᠎ᠢ ᠪᠠᠢᠭᠤᠯᠵᠤ᠂ ᠪᠦᠲᠦᠭᠡᠭ᠌ᠳᠡᠬᠦᠨ᠎ᠦ ᠠᠷᠠᠯᠵᠢᠶᠠᠨ᠎ᠤ ᠲᠤᠤᠷ᠎ᠢ ᠪᠠᠢᠭᠤᠯᠵᠤ᠂ ᠰᠠᠢᠨ ᠪᠦᠲᠦᠭᠡᠭ᠌ᠳᠡᠬᠦᠨ᠎ᠢ ᠰᠠᠢᠨ ᠦᠨ᠎ᠡ ᠪᠡᠷ ᠬᠤᠳᠠᠯᠳᠤᠵᠤ᠂ ᠴᠢᠨᠠᠷ ᠰᠠᠢᠲᠠᠶ ᠪᠦᠳᠦᠭᠡᠭᠳᠡᠬᠦᠨ᠎ᠳᠤ ᠰᠠᠢᠨ ᠦᠨ᠎ᠡ ᠥᠭ᠌ᠬᠦ᠎ᠶ᠋ᠢ ᠪᠡᠶᠡᠯᠡᠭᠦᠯᠦᠨ᠎ᠡ᠃ ᠡᠭᠦᠨ᠎ᠦ ᠬᠠᠮᠲᠤ᠂ ᠠᠵᠤ ᠦᠶ᠋ᠯᠡᠰ᠎ᠢ ᠠᠭᠤᠰᠤᠯᠴᠠᠭᠤᠯᠤᠨ ᠲᠠᠰ ᠳᠡᠪᠱᠢᠭᠦᠯᠬᠦ᠌᠎ᠶ᠋ᠢ ᠴᠢᠬᠤᠯᠠᠴᠢᠯᠠᠵᠤ᠂ ᠨᠠᠷᠢᠯᠢᠭ ᠡᠳ᠋ᠱᠢᠭᠦᠯᠬᠦ᠌ ᠪᠠ ᠲᠥᠷᠥᠯ ᠲᠡᠮᠳᠡᠭ᠌ᠲᠦ᠎ᠵᠢ ᠡᠵᠡᠩᠨᠡᠨ ᠪᠣᠷᠣᠯᠠᠭᠤᠯᠬᠤ ᠪᠠᠷ ᠳᠠᠮᠵᠢᠭᠤᠯᠤᠨ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠵᠤ᠂ ᠲᠥᠷᠥᠯ ᠲᠡᠮᠳᠡᠭ᠌᠎ᠤᠨ ᠥᠷᠲᠡᠭ᠎ᠢ ᠳᠡᠭᠡᠭ᠌ᠰᠢᠯᠡᠭᠦᠯᠦᠨ᠂ ᠬᠥᠳᠡᠭᠡ ᠲᠣᠰᠭᠣᠨ᠎ᠤ ᠠᠵᠤ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号