(2025 ᠣᠨ᠎ᠤ 3 ᠰᠠᠷ᠎ᠠ᠎ᠶ᠋ᠢᠨ 10 ᠤ᠋ ᠡᠳᠦᠷ)
ᠸᠠᠩ ᠬᠤ᠌ ᠨᠢᠩ
ᠭᠡᠱᠢᠭᠦᠳ ᠡ᠂ ᠨᠥᠬᠥᠳ ᠡ᠄
ᠳᠤᠮᠳᠠᠳᠤ ᠤᠯᠤᠰ ᠤᠨ ᠠᠷᠠᠳ ᠤᠨ ᠤᠯᠤᠰ ᠲᠦᠷᠦ᠍ ᠶ᠋ᠢᠨ ᠵᠥᠪᠯᠡᠯᠭᠡᠨ ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠭᠤᠷᠪᠠᠳᠤᠭᠠᠷ ᠬᠤᠷᠠᠯ ᠪᠦᠬᠦ᠌ ᠭᠡᠱᠢᠭᠦᠳ ᠦᠨ ᠬᠠᠮᠲᠤ ᠶ᠋ᠢᠨ ᠴᠢᠷᠮᠠᠢᠯᠭ᠎ᠠ ᠪᠠᠷ ᠡᠯ᠎ᠡ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠪᠡ᠃
ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠡᠨᠡ ᠤᠳᠠᠭ᠎ᠠ᠎ᠶ᠋ᠢᠨ ᠬᠤᠷᠠᠯ᠎ᠢ ᠳᠡᠭᠡᠳᠦ ᠬᠡᠮᠵᠢᠶ᠎ᠠ᠎ᠪᠡᠷ ᠴᠢᠬᠤᠯᠠᠴᠢᠯᠠᠵᠤ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠵᠡᠷᠭᠡ ᠨᠠᠮ ᠪᠣᠯᠤᠨ ᠲᠦᠷᠦ ᠵᠢᠨ ᠤᠳᠤᠷᠢᠳᠭᠤ ᠨᠥᠬᠥᠳ ᠶᠡᠬᠡ ᠬᠤᠷᠠᠯ ᠤᠨ ᠡᠬᠢᠯᠡᠯᠲᠡ᠎ᠶ᠋ᠢᠨ ᠬᠤᠷᠠᠯ ᠪᠣᠯᠤᠨ ᠲᠡᠭᠦᠰᠭᠦ ᠬᠤᠷᠠᠯ᠎ᠳᠤ ᠣᠷᠣᠯᠴᠠᠵᠤ᠂ ᠭᠡᠱᠢᠭᠦᠳ ᠢ ᠡᠷᠬᠢᠨ ᠦᠵᠡᠭ᠌ᠰᠡᠨ ᠪᠥᠭᠡᠳ ᠳᠤᠭᠤᠢᠯᠠᠩ ᠬᠠᠮᠲᠤᠷᠠᠭ᠍ᠰᠠᠨ ᠶᠠᠷᠢᠯᠴᠠᠭ᠎ᠠ᠎ᠳᠤ ᠣᠷᠣᠯᠴᠠᠵᠤ᠂ ᠭᠡᠱᠢᠭᠦᠳ᠎ᠲᠡᠶ ᠤᠯᠤᠰ᠎ᠤᠨ ᠶᠡᠬᠡ ᠪᠤᠳᠤᠯᠭ᠎ᠠ᠎ᠶ᠋ᠢ ᠬᠠᠮᠳᠦ ᠪᠡᠷ ᠵᠥᠪᠯᠡᠪᠡ᠃
ᠪᠦᠬᠦ᠌ ᠭᠡᠱᠢᠭᠦᠳ ᠥᠩᠭᠡᠷᠡᠭ᠌ᠰᠡᠨ ᠨᠢᠭᠡ ᠵᠢᠯ ᠳᠦ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠦᠬᠦ᠌ ᠲᠠᠯ᠎ᠠ᠎ᠶ᠋ᠢ ᠶᠡᠷᠦᠩᠬᠡᠢᠯᠡᠨ ᠵᠢᠯᠣᠭᠣᠳᠴᠤ᠌᠂ ᠯᠠᠪᠳᠠᠭᠤᠨ ᠲᠣᠭ᠍ᠲᠠᠭᠤᠨ᠎ᠢᠶᠠᠷ ᠬᠤᠪᠢᠷᠠᠯᠲᠠ᠎ᠶ᠋ᠢ ᠠᠷᠭᠠᠴᠠᠭᠠᠵᠤ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠲᠤᠭᠤᠯᠤᠨ ᠪᠡᠷᠬᠡ᠎ᠶ᠋ᠢ ᠳᠠᠪᠠᠵᠤ᠂ ᠡᠷᠡᠮᠡᠬᠡᠢᠯᠡᠨ ᠤᠷᠤᠭ᠍ᠰᠢᠯᠠᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠴᠢᠬᠤᠯᠠ ᠶᠡᠬᠡ ᠱᠢᠨ᠎ᠡ ᠠᠮᠵᠢᠯᠲᠠ ᠪᠦᠲᠦᠮᠵᠢ ᠣᠯᠤᠭ᠍ᠰᠠᠨ᠎ᠢ ᠳᠡᠭᠡᠳᠦ ᠬᠡᠮᠵᠢᠶ᠎ᠡ᠎ᠪᠡᠷ ᠦᠨᠡᠯᠡᠪᠡ; ᠱᠢᠨ᠎ᠡ ᠴᠠᠭ ᠦᠶ᠎ᠡ᠎ᠶ᠋ᠢᠨ ᠨᠠᠮ ᠪᠣᠯᠤᠨ ᠤᠯᠤᠰ᠎ᠤᠨ ᠳᠦᠷᠰᠦ ᠪᠠᠢᠳᠠᠯ ᠳ᠋ᠤ ᠴᠤ᠋ ᠱᠢᠨ᠎ᠡ ᠬᠤᠪᠢᠷᠠᠯᠳᠠ ᠭᠠᠷᠴᠤ᠂ ᠨᠢᠭᠡ ᠵᠢᠯ᠎ᠦᠨ ᠲᠤᠷᠰᠢ ᠳᠡᠯᠡᠬᠡᠢ᠎ᠶ᠋ᠢᠨ ᠬᠤᠪᠢᠰᠤᠯᠲᠠ᠎ᠶ᠋ᠢᠨ ᠳᠤᠮᠳᠠ《ᠦᠩᠬᠡ ᠦᠵᠡᠮᠵᠢ ᠡᠨᠳᠡ ᠯᠡ ᠭᠤᠶᠤᠬᠠᠨ》 ᠱᠢᠨ᠎ᠡ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠵᠤ ᠴᠢᠳᠠᠬᠰᠠᠨ ᠶᠠᠪᠤᠳᠠᠯ ᠳ᠋ᠤ ᠱᠢᠢᠳᠪᠦᠷᠢᠲᠦ ᠴᠢᠨᠠᠷᠲᠠᠢ ᠦᠢᠯᠡᠳᠦᠯ ᠦᠵᠡᠭᠦᠯᠦᠭ᠌ᠰᠡᠨ ᠨᠢ ᠶᠡᠷᠦᠩᠬᠡᠢ ᠱᠦᠵᠢ ᠰᠢ ᠵᠢᠨ ᠫᠢᠩ᠎ᠦᠨ ᠠᠶᠠᠯᠠᠯ ᠢ᠋ ᠵᠢᠯᠤᠭᠤᠳᠤᠨ ᠵᠠᠯᠠᠭᠤᠷ᠎ᠢ ᠡᠵᠡᠮᠳᠡᠭᠰᠡᠨ ᠳ᠋ᠤ ᠪᠠᠢᠨ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠳ᠋ᠤ ᠪᠠᠢᠨ᠎ᠠ ᠭᠡᠵᠤ ᠰᠠᠨᠠᠯ ᠨᠢᠭᠡᠲᠡᠢ ᠦᠵᠡᠵᠡᠭᠡᠪᠡ;《ᠬᠣᠶᠠᠷ᠎ᠢ ᠲᠣᠭ᠍ᠲᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠲᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠲᠦᠷᠪᠡᠨ ᠤᠬᠠᠮᠰᠠᠷ 》 ᠵᠢᠡᠨ ᠴᠢᠩᠭᠠᠳᠭᠠᠵᠤ᠂ 《ᠲᠦᠷᠪᠡᠨ ᠢᠲᠡᠭᠡᠯ 》 ᠵᠢᠡᠨ ᠪᠠᠲᠤᠳᠭᠠᠵᠤ᠂ 《 ᠬᠣᠶᠠᠷ᠎ᠢ ᠬᠠᠮᠠᠭᠠᠯᠠᠬᠤ 》 ᠵᠢ ᠪᠡᠶᠡᠯᠡᠭᠦᠯᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠱᠢᠨ᠎ᠡ ᠢᠯᠠᠯᠲᠠ᠎ᠶ᠋ᠢ ᠲᠡᠮᠡᠴᠡᠨ ᠤᠯᠬᠤ ᠡᠷᠡᠰ ᠵᠤᠷᠢᠭ ᠪᠠ ᠢᠲᠡᠭᠡᠯ ᠵᠣᠷᠢᠭ᠎ᠢᠶᠠᠨ ᠤᠯᠠᠮ ᠨᠢᠭᠡ ᠠᠯᠬᠤᠮ ᠪᠠᠳᠤᠳᠬᠠᠨ᠎ᠠ ᠭᠡᠵᠤ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃
ᠬᠤᠷᠠᠯ᠎ᠤᠨ ᠬᠤᠭᠤᠴᠠᠭᠠᠨ᠎ᠳᠤ᠂ ᠪᠦᠬᠦ᠌ ᠭᠡᠱᠢᠭᠦᠳ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠣᠯᠤᠨ ᠪᠤᠰᠤᠳ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠢ ᠶᠠᠷᠢᠯᠴᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ ᠵᠡᠷᠭᠡ ᠪᠢᠴᠢᠭ ᠮᠠᠲ᠋ᠧᠷᠢᠶᠠᠯ᠎ᠢ ᠨᠠᠷᠢᠨ ᠬᠢᠨᠠᠮᠠᠭᠠᠢ ᠬᠢᠨᠠᠨ ᠵᠥᠪᠯᠡᠵᠦ᠍᠂ ᠲᠦᠷᠦ᠍᠎ᠶ᠋ᠢᠨ ᠶᠠᠪᠤᠳᠠᠯ᠎ᠢ ᠵᠥᠪᠯᠡᠭ᠌ᠰᠡᠨ ᠦᠯᠡᠮᠵᠢ ᠦᠷ᠎ᠡ ᠪᠦᠲᠦᠭᠡᠯ ᠤᠯᠪᠠ᠃ ᠡᠨᠡ ᠪᠣᠯ ᠨᠢᠬᠡ ᠤᠳᠠᠭ᠎ᠠ ᠵᠢᠨ ᠲᠤᠭ᠎ᠢ ᠥᠨᠳᠥᠷ ᠮᠠᠨᠳᠤᠭᠤᠯᠤᠭ᠍ᠰᠠᠨ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠭ᠍ᠰᠠᠨ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠭ᠌ᠰᠡᠨ᠂ ᠪᠦᠯᠬᠦᠮᠳᠡᠨ ᠤᠷᠤᠭ᠍ᠰᠢᠯᠠᠭ᠍ᠰᠠᠨ ᠶᠡᠬᠡ ᠬᠤᠷᠠᠯ ᠪᠤᠯᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠤᠯᠤᠰ ᠲᠦᠷᠦ᠍᠎ᠶ᠋ᠢᠨ ᠢᠯᠡᠷᠬᠡᠢ ᠳᠠᠪᠠᠭᠤᠯᠢᠭ᠎ᠢ ᠭᠦᠢᠴᠡᠳ ᠢᠯᠡᠷᠡᠭᠦᠯᠵᠦ᠍᠂ ᠮᠠᠨ᠎ᠤ ᠤᠯᠤᠰ᠎ᠤᠨ ᠪᠦᠬᠦ᠌ ᠶᠠᠪᠤᠴᠠ ᠵᠢᠨ ᠠᠷᠠᠳ᠎ᠤᠨ ᠠᠷᠠᠳᠴᠢᠯᠠᠯ᠎ᠤᠨ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠢ ᠭᠦᠢᠴᠡᠳ ᠢᠯᠡᠷᠡᠭᠦᠯᠪᠡ᠃
ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷ᠎ᠡ᠄ 《ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠱᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠤᠨ ᠣᠷᠭᠠᠨᠢᠭ ᠤᠶᠠᠯᠳᠤᠯ᠎ᠢ ᠪᠠᠷᠢᠮᠲᠠᠯᠠᠵᠤ᠂ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠥᠮᠦᠰ᠎ᠦᠨ ᠰᠡᠳᠭᠢᠯ᠎ᠢ ᠥᠷᠭᠡᠨ᠎ᠢᠶᠡᠷ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠤᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠬᠤ᠎ᠵᠢ ᠬᠦᠰᠡᠵᠦ ᠪᠠᠢᠨ᠎ᠠ》ᠭᠡᠵᠤ ᠴᠢᠬᠤᠯᠠᠴᠢᠯᠠᠪᠠ᠃ ᠪᠢᠳᠡ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠪᠦᠯᠬᠦᠮᠳᠡᠯ ᠪᠠ ᠠᠷᠠᠳᠴᠢᠯᠠᠯ ᠭᠡᠬᠦ᠌ ᠬᠣᠶᠠᠷ ᠶᠡᠬᠡ ᠭᠤᠤᠯ ᠰᠡᠳᠦᠪ ᠢ ᠪᠠᠷᠢᠮᠲᠠᠯᠠᠵᠤ᠂ 《ᠳᠥᠷᠪᠡ᠎ᠶ᠋ᠢ ᠨᠢᠭ᠍ᠲᠠᠷᠠᠭᠤᠯᠬᠤ 》 ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠤᠯᠤᠰ ᠲᠥᠷᠥ᠎ᠶ᠋ᠢᠨ ᠵᠥᠪᠯᠡᠯᠭᠡ ᠬᠢᠬᠦ᠌᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠲᠥᠷᠥ᠎ᠶ᠋ᠢᠨ ᠶᠠᠪᠤᠳᠠᠯ᠎ᠳᠤ ᠣᠷᠣᠯᠴᠠᠨ ᠲᠥᠷᠥ᠎ᠶ᠋ᠢᠨ ᠶᠠᠪᠤᠳᠠᠯ᠎ᠢ ᠵᠥᠪᠯᠡᠬᠦ᠌ ᠲᠦᠪᠱᠢᠨ᠎ᠢᠶᠡᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠤᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ ᠦᠨ ᠣᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠨᠠᠩ ᠰᠠᠢᠲᠤᠷ ᠡᠭᠦᠷᠭᠡᠯᠡᠬᠦ᠌ ᠬᠡᠷᠡᠭ᠌ᠲᠡᠶ᠃
ᠨᠢᠭᠡᠳᠦᠭᠡᠷ᠎ᠲᠦ᠂《ᠲᠦᠷᠪᠡ᠎ᠶ᠋ᠢ ᠨᠢᠭ᠍ᠲᠠᠷᠠᠭᠤᠯᠬᠤ》ᠠᠵᠢᠯ᠎ᠢ ᠰᠠᠢᠲᠤᠷ ᠬᠢᠬᠦ᠌᠎ᠳᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠬᠤ ᠬᠡᠷᠡᠭ᠌ᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠬᠦᠴᠦᠷᠬᠡᠭ ᠶᠡᠬᠡ ᠨᠢᠭ᠍ᠲᠠᠷᠠᠯ᠎ᠤᠨ ᠬᠦᠴᠦᠨ᠂ ᠬᠦᠴᠦᠷᠬᠡᠭ ᠶᠡᠬᠡ ᠢᠲᠡᠭᠡᠯ ᠵᠣᠷᠢᠭ᠎ᠢ ᠪᠤᠢ ᠪᠣᠯᠭᠠᠬᠤ ᠪᠠ ᠪᠠᠲᠤᠯᠠᠬᠤ᠎ᠶ᠋ᠢᠨ ᠦᠨᠳᠦᠰᠦᠨ ᠪᠠᠲᠤᠯᠠᠭ᠎ᠠ ᠮᠥᠨ᠃ ᠪᠢᠳᠡ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠭᠤᠯᠤᠯ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ᠎ᠶ᠋ᠢᠨ ᠢᠯᠡ ᠲᠣᠳᠣ ᠤᠯᠤᠰ ᠲᠦᠷᠦ᠍᠎ᠶ᠋ᠢᠨ ᠱᠢᠨᠵᠢ ᠴᠢᠨᠠᠷ ᠪᠠ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠦᠨ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠦ ᠣᠷᠣᠯᠴᠠᠭ᠍ᠰᠠᠨ ᠡᠯ᠎ᠡ ᠨᠠᠮ ᠪᠦᠯᠦᠭ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠢ ᠪᠦᠯᠬᠦᠮᠳᠡᠭᠦᠯᠦᠨ ᠨᠢᠭ᠍ᠲᠠᠷᠠᠭᠤᠯᠵᠤ᠂ ᠤᠯᠤᠰ ᠲᠦᠷᠦ᠍᠎ᠶ᠋ᠢᠨ ᠵᠣᠭ᠍ᠰᠣᠯᠲᠠ᠂ ᠤᠯᠤᠰ ᠲᠦᠷᠦ᠍᠎ᠶ᠋ᠢᠨ ᠴᠢᠭ᠌ᠯᠡᠯ᠂ ᠤᠯᠤᠰ ᠲᠦᠷᠦ᠍᠎ᠶ᠋ᠢᠨ ᠵᠠᠷᠴᠢᠮ᠂ ᠤᠯᠤᠰ ᠲᠦᠷᠦ᠍᠎ᠶ᠋ᠢᠨ ᠵᠠᠮ ᠳᠡᠭᠡᠷ᠎ᠡ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠵᠤ᠂ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢ᠎ᠶ᠋ᠢ ᠲᠠᠰᠤᠷᠠᠯᠳᠠ ᠦᠭᠡᠢ ᠪᠡᠬᠢᠵᠢᠭᠦᠯᠦᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠵᠣᠷᠢᠭ ᠰᠠᠨᠠᠭ᠎ᠠ ᠵᠣᠷᠢᠯᠲᠠ᠎ᠶ᠋ᠢ ᠡᠯ᠎ᠡ ᠨᠠᠮ ᠪᠦᠯᠦᠭ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠦᠨ ᠳᠡᠭᠡᠳᠦ ᠬᠡᠮᠵᠢᠶᠡᠨ᠎ᠦ ᠬᠠᠮᠲᠤ᠎ᠶ᠋ᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭ᠌ᠲᠡᠢ᠃
ᠬᠣᠶᠠᠳᠤᠭᠠᠷ᠎ᠲᠤ᠂ 《ᠲᠦᠷᠪᠡ᠎ᠶ᠋ᠢ ᠨᠢᠭ᠍ᠲᠠᠷᠠᠭᠤᠯᠬᠤ》 ᠠᠵᠢᠯ᠎ᠢ ᠰᠠᠢᠲᠤᠷ ᠬᠢᠬᠦ᠌᠎ᠳᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠵᠢᠨ ᠲᠣᠭᠣᠷᠢᠨ᠎ᠳᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠡᠷᠡᠭ᠌ᠲᠡᠢ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠦᠢᠯᠡᠴᠢᠯᠡᠬᠦ᠌ ᠪᠠ ᠬᠦᠴᠦᠨ ᠨᠡᠮᠡᠷᠢᠯᠡᠬᠦ᠌ ᠪᠣᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠭᠣᠣᠯ ᠱᠢᠵᠢᠮ ᠮᠥᠨ᠂ ᠨᠠᠮ ᠪᠠ ᠤᠯᠤᠰ᠎ᠤᠨ ᠭᠣᠣᠯ ᠡᠭᠦᠷᠭᠡ ᠵᠢ ᠠᠬᠢᠭᠤᠯᠵᠤ ᠬᠠᠮᠢᠭ᠎ᠠ ᠬᠦᠷᠪᠡᠯ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠳᠠᠷᠤᠢ ᠬᠥᠮᠦᠨ᠎ᠦ ᠰᠡᠳᠭᠢᠯ᠂ ᠬᠠᠮᠲᠤ᠎ᠶ᠋ᠢᠨ ᠲᠠᠨᠢᠯᠲᠠ᠂ ᠤᠶᠤᠨ ᠤᠬᠠᠭᠠᠨ᠂ ᠬᠦᠴᠦᠨ ᠴᠢᠳᠠᠯ᠎ᠢᠶᠠᠨ ᠲᠡᠨᠳᠡ ᠨᠢᠭ᠍ᠲᠠᠷᠠᠭᠤᠯᠬᠤ ᠬᠡᠷᠡᠭ᠌ᠲᠡᠢ᠃ ᠪᠢᠳᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠣᠯᠤᠭ᠍ᠰᠠᠨ ᠠᠭᠤᠤ ᠶᠡᠬᠡ ᠠᠮᠵᠢᠯᠲᠠ ᠪᠦᠲᠦᠮᠵᠢ᠎ᠪᠡᠷ ᠬᠥᠮᠦᠰ᠎ᠢ ᠤᠷᠢᠶᠠᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠭᠡᠭᠡᠨ ᠰᠠᠷᠠᠭᠤᠯ ᠠᠯᠤᠰ ᠢᠷᠡᠭᠡᠳᠦᠢ᠎ᠪᠡᠷ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠬᠤ ᠬᠡᠷᠡᠭ᠌ᠲᠡᠢ᠃ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ᠎ᠢ ᠬᠠᠮᠠᠭᠠᠯᠠᠬᠤ ᠵᠡᠷᠭᠡ ᠲᠠᠯ᠎ᠠ᠎ᠶ᠋ᠢᠨ ᠭᠣᠣᠯᠳᠠᠯᠭ᠎ᠠ᠎ᠲᠠᠶ ᠬᠦᠴᠢᠷ ᠠᠰᠠᠭᠤᠳᠠᠯ ᠬᠠᠯᠠᠮᠱᠢᠯ ᠠᠰᠠᠭᠤᠳᠠᠯ᠎ᠤᠨ ᠲᠣᠭᠣᠷᠢᠨ᠎ᠳᠤ᠂ ᠭᠦᠨᠵᠡᠭᠡᠢ ᠪᠠᠢᠴᠠᠭᠠᠨ ᠰᠤᠳᠤᠯᠵᠤ᠂ ᠦᠨᠡᠨ ᠦᠭᠡ ᠬᠡᠯᠡᠵᠦ᠍᠂ ᠰᠠᠢ᠌ᠨ ᠠᠷᠭ᠎ᠠ ᠪᠤᠳᠤᠯᠭ᠎ᠠ ᠰᠦᠪᠡᠭ᠌ᠴᠢᠯᠡᠵᠦ᠍᠂《ᠤᠯᠤᠰ᠎ᠤᠨ ᠶᠡᠬᠡ ᠶᠠᠪᠤᠳᠠᠯ》 ᠪᠣᠯᠤᠨ ᠠᠷᠠᠳ ᠤᠯᠠᠨ᠎ᠤ ᠠᠩᠬᠠᠷᠴᠤ᠌ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠭ᠌ᠰᠡᠨ ᠴᠢᠨᠠᠷ ᠰᠠᠢᠲᠠᠢ ᠵᠥᠪᠯᠡᠯᠭᠡ ᠬᠢᠬᠦ᠌᠂ ᠥᠨᠳᠥᠷ ᠲᠦᠪᠱᠢᠨ᠎ᠪᠦᠬᠦᠢ ᠰᠠᠨᠠᠯ ᠰᠠᠨᠠᠭᠤᠯᠭ᠎ᠠ ᠳᠤᠷᠠᠳᠭᠤ ᠳᠤᠮᠳᠠ ᠶᠡᠬᠡ ᠲᠠᠯ᠎ᠠ᠎ᠳᠤ ᠨᠡᠩ ᠰᠠᠢᠲᠤᠷ ᠦᠢᠯᠡᠴᠢᠯᠡᠵᠦ᠍᠂ ᠪᠦᠯᠬᠦᠮᠳᠡᠯ᠎ᠢ ᠠᠬᠢᠭᠤᠯᠬᠤ ᠬᠡᠷᠡᠭ᠌ᠲᠡᠢ᠃ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠥᠪᠡᠷ᠎ᠦᠨ ᠠᠵᠢᠯ᠎ᠤᠨ ᠪᠠᠢᠷᠢ᠎ᠳᠠᠭᠠᠨ ᠰᠠᠭᠤᠷᠢᠯᠠᠨ ᠦᠨᠡᠨ ᠰᠡᠳᠬᠢᠯ ᠡᠴᠡ ᠪᠠᠨ ᠴᠢᠷᠮᠠᠢᠨ ᠪᠣᠳᠠᠲᠠᠢ ᠠᠵᠢᠯᠯᠠᠵᠤ᠂ ᠭᠠᠪᠢᠶ᠎ᠠ ᠪᠠᠢᠭᠤᠯᠤᠨ ᠦᠢᠯᠡᠰ ᠪᠦᠲᠦᠭᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠬᠠᠷᠢᠭᠤᠴᠠᠯᠭ᠎ᠠ ᠡᠭᠦᠷᠭᠡᠯᠡᠯ᠎ᠢᠶᠡᠨ ᠢᠯᠡᠷᠡᠭᠦᠯᠬᠦ᠌ ᠬᠡᠷᠡᠭ᠌ᠲᠡᠢ᠃
ᠭᠤᠷᠪᠠᠳᠤᠭᠠᠷ᠎ᠲᠤ᠂ 《ᠳᠥᠷᠪᠡ᠎ᠶᠢ ᠨᠢᠭ᠍ᠲᠠᠷᠠᠭᠤᠯᠬᠤ》ᠠᠵᠢᠯ ᠢ ᠰᠠᠢᠲᠤᠷ ᠬᠢᠬᠦ᠎ᠳᠦ ᠬᠠᠮᠤᠭ᠎ᠤᠨ ᠥᠷᠭᠡᠨ ᠳᠡᠯᠭᠡᠷ ᠤᠯᠤᠰ᠎ᠢᠶᠡᠨ ᠬᠠᠢᠷᠠᠯᠠᠬᠤ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ᠎ᠶᠢᠨ ᠤᠯᠤᠰ ᠲᠦᠷᠤ᠎ᠶᠢᠨ ᠦᠢᠯᠡᠳᠦᠯ᠎ᠢ ᠦᠨᠡᠨ ᠬᠦ᠌ ᠪᠠᠳᠠᠷᠠᠭᠤᠯᠬᠤ ᠬᠡᠷᠡᠭᠲᠡᠢ᠃ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠢ ᠪᠠᠷᠢᠮᠲᠠᠯᠠᠬᠤ ᠪᠣᠯ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠬᠠᠮᠤᠭ᠎ᠤᠨ ᠥᠷᠭᠡᠨ ᠳᠡᠯᠭᠡᠷ ᠤᠯᠤᠰ᠎ᠢᠶᠡᠨ ᠬᠠᠢᠷᠠᠯᠠᠬᠤ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ ᠪᠣᠯᠤᠭᠰᠠᠨ᠎ᠤ ᠬᠤᠪᠢ᠎ᠳᠠᠬᠢ ᠡᠭᠦᠷᠭᠡ ᠬᠠᠷᠢᠭᠤᠴᠠᠯᠭ᠎ᠠ ᠮᠥᠨ᠃ ᠬᠠᠷᠢᠭᠤᠴᠠᠯᠭ᠎ᠠ ᠪᠠ ᠬᠠᠢᠷ᠎ᠠ ᠰᠡᠳᠬᠢᠯᠭᠡ᠎ᠪᠡᠷ ᠰᠡᠳᠬᠢᠯ᠎ᠦᠨ ᠦᠭᠡ᠎ᠪᠡᠨ ᠬᠡᠯᠡᠯᠴᠡᠨ ᠰᠣᠯᠢᠯᠴᠠᠬᠤ᠂ ᠪᠦᠯᠬᠦᠮᠳᠡᠨ ᠨᠥᠬᠥᠷᠯᠡᠬᠦ ᠠᠵᠢᠯ᠎ᠢ ᠭᠦᠨᠵᠡᠭᠡᠢ ᠪᠥᠭᠡᠳ ᠪᠣᠳᠠᠲᠠᠢᠬᠢᠵᠦ᠂ ᠬᠠᠮᠲᠤ᠎ᠶᠢᠨ ᠲᠠᠨᠢᠯᠲᠠ᠎ᠪᠠᠨ ᠳᠡᠭᠡᠭᠰᠢᠯᠡᠭᠦᠯᠤᠨ᠂ ᠪᠦᠯᠬᠦᠮᠳᠡᠯ ᠦᠨ ᠬᠡᠪᠴᠢᠶ᠎ᠡ᠎ᠪᠡᠨ ᠥᠷᠭᠡᠳᠬᠡᠬᠦ ᠬᠡᠷᠡᠭᠲᠡᠢ᠃ ᠭᠡᠰᠢᠭᠦᠳ᠎ᠦᠨ ᠡᠲᠡᠭᠡᠳ᠎ᠦᠨ ᠢᠯᠭᠠᠯ᠎ᠤᠨ ᠤᠯᠠᠨ ᠲᠦᠮᠡᠨ᠎ᠲᠠᠢ ᠬᠠᠷᠢᠯᠴᠠᠬᠤ ᠳᠦᠷᠢᠮ ᠲᠣᠭᠲᠡᠴᠡ᠎ᠶᠢ ᠲᠡᠭᠦᠯᠳᠡᠷᠵᠢᠭᠦᠯᠵᠦ᠂ ᠢᠲᠡᠭᠡᠯ ᠵᠣᠷᠢᠭ᠋᠎ᠢ ᠪᠠᠲᠤᠳᠬᠠᠬᠤ᠂ ᠠᠷᠠᠳ᠎ᠤᠨ ᠰᠡᠳᠬᠢᠯ᠎ᠢ ᠨᠢᠭ᠍ᠲᠠᠷᠠᠭᠤᠯᠬᠤ᠂ ᠬᠥᠮᠥᠰ᠎ᠦᠨ ᠰᠡᠳᠬᠢᠯ᠎ᠢ ᠳᠤᠯᠠᠭᠠᠴᠠᠭᠤᠯᠬᠤ᠂ ᠰᠡᠳᠬᠢᠯ᠎ᠢ ᠨᠢᠭᠡᠳᠬᠡᠬᠦ ᠠᠵᠢᠯ᠎ᠢ ᠢᠯᠡᠭᠦᠬᠡᠨ ᠬᠢᠵᠦ᠂ ᠭᠣᠣᠯ ᠬᠦᠭ ᠠᠶᠠᠰ᠎ᠢ ᠴᠢᠪᠬᠠᠳᠠᠨ᠂ ᠢᠳᠡᠪᠬᠢ ᠬᠦᠴᠦᠨ᠎ᠢ ᠳᠠᠮᠵᠢᠭᠤᠯᠬᠤ ᠬᠡᠷᠡᠭᠲᠡᠢ᠃ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠠᠷᠠᠳ ᠲᠦᠮᠡᠨ᠎ᠳᠦ ᠦᠢᠯᠡᠴᠢᠯᠡᠬᠦ᠎ᠶᠢ ᠪᠠᠷᠢᠮᠲᠠᠯᠠᠵᠤ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶᠢ ᠲᠤᠰᠬᠠᠬᠤ᠂ ᠤᠯᠠᠨ ᠲᠦᠮᠡᠨ᠎ᠲᠠᠢ ᠬᠠᠷᠢᠯᠴᠠᠬᠤ᠂ ᠠᠷᠠᠳ ᠲᠦᠮᠡᠨ᠎ᠳᠦ ᠦᠢᠯᠡᠴᠢᠯᠡᠬᠦ ᠲᠣᠭᠲᠡᠴᠡ᠎ᠶᠢᠨ ᠪᠠᠢᠭᠤᠯᠤᠯᠲᠠ᠎ᠶᠢ ᠴᠢᠩᠭᠠᠳᠬᠠᠵᠤ᠂ ᠪᠦᠬᠦ ᠤᠯᠤᠰ᠎ᠤᠨ ᠦᠨᠳᠦᠰᠦᠲᠡᠨ᠎ᠨᠦᠭᠦᠳ ᠦᠨ ᠠᠷᠠᠳ ᠲᠦᠮᠡᠨ᠎ᠦ ᠶᠡᠬᠡ ᠪᠦᠯᠬᠦᠮᠳᠡᠯ᠎ᠢ ᠲᠠᠰᠤᠷᠠᠯᠲᠠ ᠦᠭᠡᠢ ᠪᠡᠬᠢᠵᠢᠭᠦᠯᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠳᠤᠮᠳᠠᠳᠤ᠎ᠶᠢᠨ ᠬᠥᠪᠡᠭᠦᠳ ᠦᠬᠢᠳ᠎ᠤᠨ ᠶᠡᠬᠡ ᠪᠦᠯᠬᠦᠮᠳᠡᠯ᠎ᠢ ᠴᠢᠨᠭᠭᠠᠳᠬᠠᠬᠤ ᠬᠡᠷᠡᠭᠳᠡᠢ᠃
ᠳᠥᠷᠪᠡᠳᠦᠭᠡᠷ᠎ᠲᠦ᠂《ᠳᠥᠷᠪᠡ᠎ᠶᠢ ᠨᠢᠭ᠍ᠲᠠᠷᠠᠭᠤᠯᠬᠤ》ᠠᠵᠢᠯ᠎ᠢ ᠰᠠᠢᠲᠤᠷ ᠬᠢᠬᠦ᠎ᠳᠦ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠨᠡᠢᠭᠡᠮ ᠵᠢᠷᠤᠮ᠎ᠤᠨ ᠵᠥᠪᠯᠡᠬᠦ ᠠᠷᠠᠳᠴᠢᠯᠠᠯ᠎ᠤᠨ ᠴᠢᠬᠤᠯᠠ ᠠᠷᠭ᠎ᠠ ᠵᠠᠮ ᠪᠠ ᠲᠤᠰᠬᠠᠢ ᠵᠥᠪᠯᠡᠬᠦ ᠪᠠᠢᠭᠤᠯᠤᠮᠵᠢ ᠪᠣᠯᠬᠤ ᠦᠢᠯᠡᠳᠦᠯ᠎ᠢ ᠨᠡᠩ ᠰᠠᠢᠲᠤᠷ ᠪᠠᠳᠠᠷᠠᠭᠤᠯᠬᠤ ᠬᠡᠷᠡᠭᠲᠡᠢ᠃ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ ᠪᠣᠯ ᠡᠯ᠎ᠡ ᠨᠠᠮ ᠪᠦᠯᠦᠭ᠎ᠤᠨ ᠪᠦᠯᠬᠦᠮ ᠪᠠ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠥᠰ᠎ᠦᠨ ᠠᠷᠠᠳᠴᠢᠯᠠᠯ᠎ᠢ ᠪᠠᠳᠠᠷᠠᠭᠤᠯᠬᠤ᠂ ᠤᠯᠤᠰ᠎ᠤᠨ ᠶᠡᠬᠡ ᠪᠣᠳᠣᠯᠭ᠎ᠠ᠎ᠳᠤ ᠣᠷᠣᠯᠴᠠᠬᠤ᠂ ᠪᠦᠯᠬᠦᠮᠳᠡᠨ ᠬᠠᠮᠲᠤᠷᠠᠯᠴᠠᠬᠤ᠎ᠶᠢᠨ ᠴᠢᠬᠤᠯᠠ ᠲᠠᠪᠴᠠᠩ ᠮᠥᠨ᠃ ᠭᠦᠨᠵᠡᠭᠡᠢ ᠵᠥᠪᠳᠡᠯᠴᠡᠨ ᠬᠤᠷᠰᠢᠯᠴᠠᠬᠤ᠂ ᠰᠠᠨᠠᠯ᠎ᠢᠶᠠᠨ ᠭᠦᠢᠴᠡᠳ ᠢᠯᠡᠳᠬᠡᠬᠦ᠂ ᠬᠠᠮᠲᠤ᠎ᠶᠢᠨ ᠲᠠᠨᠢᠯᠲᠠ᠎ᠶᠢ ᠥᠷᠭᠡᠨ᠎ᠢᠶᠡᠷ ᠨᠢᠭ᠍ᠲᠠᠷᠠᠭᠤᠯᠬᠤ ᠲᠣᠭᠲᠡᠴᠡ᠎ᠶᠢ ᠪᠦᠷᠢᠨᠰᠢᠭᠦᠯᠵᠦ᠂ ᠤᠯᠤᠰ ᠲᠦᠷᠦ᠎ᠶᠢᠨ ᠵᠥᠪᠯᠡᠯᠭᠡᠨ᠎ᠦ ᠵᠥᠪᠯᠡᠯᠭᠡ ᠪᠠ ᠪᠤᠰᠤᠳ ᠵᠥᠪᠯᠡᠬᠦ ᠬᠡᠯᠪᠡᠷᠢ᠎ᠶᠢᠨ ᠬᠠᠮᠵᠢᠯᠴᠠᠭ᠎ᠠ᠎ᠶᠢ ᠴᠢᠩᠭᠠᠳᠬᠠᠵᠤ᠂ ᠵᠥᠪᠯᠡᠬᠦ ᠶᠠᠪᠤᠴᠠ᠎ᠳᠤ ᠠᠷᠭ᠎ᠠ ᠤᠬᠠᠭᠠᠨ ᠵᠦᠪᠯᠡᠵᠤ ᠭᠠᠷᠭᠠᠨ᠂ ᠬᠠᠮᠲᠤ ᠶᠢᠨ ᠲᠠᠨᠢᠯᠲᠠ᠎ᠵᠢ ᠪᠦᠷᠢᠯᠳᠦᠬᠦᠯᠵᠤ᠂ ᠬᠠᠢᠷ᠎ᠠ ᠰᠡᠳᠬᠢᠯᠭᠡ᠎ᠵᠢ ᠵᠤᠵᠠᠭᠠᠳᠬᠠᠨ᠂ ᠪᠦᠯᠬᠦᠮᠳᠡᠯ ᠢ ᠪᠠᠳᠤᠳᠬᠠᠵᠤ᠂ ᠨᠠᠮ ᠤᠨ ᠲᠦᠷᠦ᠎ᠶᠢᠨ ᠪᠣᠳᠣᠯᠭ᠎ᠠ᠎ᠶᠢᠨ ᠤᠬᠠᠭᠤᠯᠤᠭ᠍ᠴᠢ᠂ ᠤᠯᠠᠨ ᠲᠦᠮᠡᠨ ᠦ ᠠᠰᠢᠭ᠋ ᠲᠤᠰᠠ᠎ᠶᠢᠨ ᠬᠠᠮᠠᠭᠠᠯᠠᠭ᠍ᠴᠢ᠂ ᠨᠡᠢᠭᠡᠮ᠎ᠦᠨ ᠡᠶ᠎ᠡ ᠵᠣᠬᠢᠴᠠᠯ᠎ᠦᠨ ᠠᠬᠢᠭᠤᠯᠤᠭ᠍ᠴᠢ ᠪᠣᠯᠬᠤ ᠬᠡᠷᠡᠭᠲᠡᠢ᠃
ᠭᠡᠰᠢᠭᠦᠳ ᠠ᠋᠂ ᠨᠥᠬᠥᠳ ᠠ᠋!
ᠪᠢᠳᠡ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠬᠣᠶᠠᠳᠤᠭᠠᠷ᠂ ᠭᠤᠷᠪᠠᠳᠤᠭᠠᠷ ᠪᠦᠬᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠦᠴᠦ ᠪᠡᠨ ᠬᠠᠮᠲᠤᠳᠬᠠᠨ ᠰᠡᠳᠬᠢᠯ᠎ᠢᠶᠡᠨ ᠨᠢᠭᠡᠳᠬᠡᠨ᠂ ᠪᠦᠯᠬᠦᠮᠳᠡᠨ ᠲᠡᠮᠡᠴᠡᠵᠦ᠂ ᠨᠡᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ᠎ᠶᠢᠨ ᠲᠥᠯᠥᠭᠡ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠳᠤᠮᠳᠠᠳᠤ᠎ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢ ᠪᠦᠬᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠴᠢᠷᠮᠠᠢᠨ ᠲᠡᠮᠡᠴᠡᠵᠡᠭᠡᠶ᠎ᠡ!
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 10 ᠤ᠋ ᠴᠠᠬᠢᠯᠭᠠᠨ ᠮᠡᠳᠡᠭᠡ)