ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠣᠨᠢᠨ ᠮᠡᠳᠡᠭᠡ ᠨᠡᠢᠲᠡᠯᠡᠬᠦ᠌ ᠠᠵᠢᠯᠯᠠᠭ᠎ᠠ ᠶᠠᠪᠤᠭᠤᠯᠪᠠ
2025-03-11 09:36:17
ᠵᠣᠬᠢᠶᠠᠭ᠍ᠴᠢ᠄
ᠵᠠᠩ ᠺᠦᠢ
ᠣᠩᠱᠢᠭ᠍ᠰᠠᠨ ᠣᠳᠠᠭ᠎ᠠ᠄
★★★☆☆

1 ᠬᠤᠪᠢ ᠪᠦᠬᠦ ᠪᠦᠯᠬᠦᠮ ᠤ᠋ᠨ ᠰᠠᠨᠠᠭᠤᠯᠭ᠎ᠠ 110 ᠬᠤᠪᠢ ᠲᠦᠯᠦᠭᠡᠯᠡᠭᠴᠢᠳ ᠤ᠋ᠨ ᠲᠤᠷᠠᠳᠤᠬᠰᠡᠨ ᠰᠠᠨᠠᠭᠤᠯᠭ᠎ᠠ ᠵᠢ ᠲᠠᠪᠰᠢᠬᠦᠯᠵᠠᠢ


ᠶᠡᠬᠡ ᠬᠤᠷᠠᠯ᠎ᠤᠨ ᠲᠤᠬᠢᠷᠠᠭᠤᠯᠤᠯᠳᠠ ᠶᠣᠰᠣᠭᠠᠷ᠂ 3 ᠰᠠᠷ᠎ᠠ᠎ᠶ᠋ᠢᠨ 10 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠳᠤ ᠣᠷᠣᠯᠴᠠᠵᠤ ᠪᠠᠢᠭ᠎ᠠ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠰᠣᠨᠢᠨ ᠮᠡᠳᠡᠭᠡ ᠨᠡᠢᠲᠡᠯᠡᠬᠦ᠌ ᠠᠵᠢᠯᠯᠠᠭ᠎ᠠ ᠶᠠᠪᠤᠭᠤᠯᠵᠤ᠂ ᠲᠥᠯᠥᠭᠡᠯᠡᠭ᠌ᠴᠢᠳ᠎ᠦᠨ ᠪᠦᠯᠬᠦᠮ᠎ᠦᠨ ᠰᠣᠨᠢᠨ ᠮᠡᠳᠡᠭᠡᠨ᠎ᠦ ᠥᠭᠦᠯᠡᠭ᠌ᠴᠢ ᠬᠤᠤ ᠰᠦᠩ ᠱᠠᠨ ᠲᠥᠯᠥᠭᠡᠯᠡᠭ᠌ᠴᠢᠳ᠎ᠦᠨ ᠪᠦᠯᠬᠦᠮ᠎ᠦᠨ ᠬᠣᠯᠪᠣᠭ᠍ᠳᠠᠯ ᠪᠦᠬᠦᠢ ᠪᠠᠢᠳᠠᠯ᠎ᠢ ᠲᠠᠨᠢᠯᠴᠠᠭᠤᠯᠪᠠ᠃

ᠲᠠᠨᠢᠯᠴᠠᠭᠤᠯᠤᠭ᠍ᠰᠠᠨ᠎ᠢᠶᠠᠷ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠳ᠋ᠤ ᠨᠠᠢᠳᠠ 57 ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠲᠣᠰ ᠤᠳᠠᠭ᠎ᠠ᠎ᠶ᠋ᠢᠨ ᠬᠤᠷᠠᠯ᠎ᠳᠤ ᠣᠷᠣᠯᠴᠠᠪᠠ᠃ ᠬᠤᠷᠠᠯ᠎ᠤᠨ ᠬᠤᠭᠤᠴᠠᠭᠠᠨ᠎ᠳᠤ᠂ ᠲᠥᠯᠥᠭᠡᠯᠡᠭ᠌ᠴᠢᠳ᠎ᠦᠨ ᠪᠦᠯᠬᠦᠮ ᠪᠥᠬᠥᠳᠡ ᠬᠤᠷᠠᠯ ᠢ᠋ 4 ᠤᠳᠠᠭ᠎ᠠ᠂ ᠲᠥᠯᠥᠭᠡᠯᠡᠭ᠌ᠴᠢᠳ᠎ᠦᠨ ᠳᠤᠭᠤᠢᠯᠠᠩ᠎ᠬᠤᠪᠢᠶᠠᠬᠰᠡᠨ ᠬᠤᠷᠠᠯ ᠢ᠋ 8 ᠤᠳᠠᠭ᠎ᠠ ᠲᠣᠬᠢᠷᠠᠭᠤᠯᠵᠤ᠂ ᠡᠯ᠎ᠡ ᠵᠦᠢᠯ᠎ᠦᠨ ᠮᠡᠳᠡᠭᠦᠯᠦᠯᠲᠡ ᠪᠠ ᠰᠠᠨᠠᠯ ᠵᠥᠪᠯᠡᠯᠭᠡ᠎ᠶ᠋ᠢ ᠬᠢᠨᠠᠨ ᠵᠦᠪᠯᠡᠪᠡ᠃ ᠪᠦᠬᠦ᠌ ᠲᠥᠯᠥᠭᠡᠯᠡᠭ᠌ᠴᠢᠳ ᠶᠡᠷᠦᠩᠬᠡᠢ ᠱᠦᠵᠢ ᠰᠢ ᠵᠢᠨ ᠫᠢᠩ᠎ᠦᠨ ᠬᠣᠶᠠᠷ ᠬᠤᠷᠠᠯ᠎ᠤᠨ ᠬᠤᠭᠤᠴᠠᠭᠠᠨ᠎ᠳᠠᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ ᠡᠭᠦᠷᠭᠡ᠎ᠪᠡᠨ ᠨᠠᠷᠢᠨ ᠬᠢᠨᠠᠮᠠᠭᠠᠢ ᠭᠦᠢᠴᠡᠳᠭᠡᠨ᠂ ᠨᠠᠮ ᠪᠠ ᠤᠯᠤᠰ᠎ᠤᠨ ᠭᠣᠣᠯ ᠶᠡᠬᠡ ᠲᠠᠯ᠎ᠠ᠎ᠶ᠋ᠢᠨ ᠠᠵᠢᠯ᠎ᠲᠠᠶ ᠨᠢᠭ᠍ᠲᠠ ᠤᠶᠠᠯᠳᠤᠭᠤᠯᠵᠤ᠂ ᠠᠷᠠᠳ ᠤᠯᠠᠨ ᠪᠠ ᠦᠨᠳᠦᠰᠦᠨ ᠱᠠᠲᠤᠨ᠎ᠤ ᠨᠢᠭᠡᠳᠤᠭᠡᠷ ᠹᠷᠣᠨᠲ᠎ᠤᠨ ᠬᠦᠰᠡᠯ ᠱᠠᠭᠠᠷᠳᠠᠯᠭ᠎ᠠ ᠬᠦᠰᠡᠯ ᠡᠷᠡᠮᠡᠯᠵᠡᠯ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠪᠤᠳᠤᠵᠤ ᠰᠠᠨᠠᠭ᠍ᠰᠠᠨ᠎ᠢᠶᠠᠨ ᠠᠭᠤᠵᠢᠷᠠᠲᠠᠯ᠎ᠠ ᠶᠠᠷᠢᠵᠤ᠂ ᠲᠦᠷᠦ᠍᠎ᠶ᠋ᠢᠨ ᠪᠠᠢᠭᠤᠯᠭ᠎ᠠ᠎ᠶ᠋ᠢᠨ ᠠᠵᠢᠯ᠎ᠢ ᠦᠨᠡᠨ᠎ᠢ ᠪᠠᠷᠢᠮᠲᠠᠯᠠᠨ ᠦᠨᠡᠯᠡᠵᠦ᠍᠂ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠢᠳᠡᠪᠬᠢᠲᠡᠢ᠎ᠪᠡᠷ ᠪᠣᠳᠠᠲᠠᠢ ᠠᠷᠭ᠎ᠠ ᠭᠠᠷᠭᠠᠵᠤ᠂ ᠰᠠᠢ᠌ᠨ ᠠᠷᠭ᠎ᠠ ᠪᠤᠳᠤᠯᠭ᠎ᠠ ᠳᠤᠷᠠᠳᠪᠠ᠃

3 ᠰᠠᠷ᠎ᠠ᠎ᠶ᠋ᠢᠨ 6 ᠎ᠤ᠋ ᠡᠳᠦᠷ᠎ᠦᠨ ᠦᠳᠡ᠎ᠶ᠋ᠢᠨ ᠬᠣᠢᠨ᠎ᠠ᠂ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠪᠦᠯᠬᠦᠮ ᠳᠤᠭᠤᠢᠯᠠᠩ᠎ᠤᠨ ᠨᠡᠭᠡᠭᠡᠯᠲᠡ ᠬᠢᠬᠦ᠌ ᠠᠵᠢᠯᠯᠠᠭ᠎ᠠ ᠥᠷᠨᠢᠭᠦᠯᠵᠦ᠍᠂ ᠪᠥᠬᠥ᠌ ᠤᠯᠤᠰ᠎ᠤᠨ ᠬᠣᠶᠠᠷ ᠬᠤᠷᠠᠯ᠎ᠤᠨ ᠮᠡᠳᠡᠭᠡᠯᠡᠯ᠎ᠳᠦ ᠣᠷᠣᠯᠴᠠᠵᠤ ᠪᠠᠢᠭ᠎ᠠ 29 ᠳᠤᠮᠳᠠᠳᠤ ᠭᠠᠳᠠᠭᠠᠳᠤ᠎ᠶ᠋ᠢᠨ ᠵᠠᠭᠤᠴᠢᠯᠠᠭᠤᠷ ᠤ᠋ᠨ 57 ᠰᠤᠷᠪᠤᠯᠵᠢᠯᠠᠭ᠍ᠴᠢ ᠬᠤᠷᠠᠯ᠎ᠳᠤ ᠢᠷᠡᠵᠦ᠍ ᠰᠤᠷᠪᠤᠯᠵᠢᠯᠠᠨ᠂ 8 ᠲᠥᠯᠥᠭᠡᠯᠡᠭ᠌ᠴᠢ ᠵᠠᠭᠤᠴᠢᠯᠠᠭᠤᠷ᠎ᠤᠨ ᠠᠩᠬᠠᠷᠤᠯ᠎ᠤᠨ ᠲᠣᠭᠣᠷᠢᠨ᠎ᠳᠤ ᠠᠰᠠᠭᠤᠯᠲᠠ᠎ᠶ᠋ᠢ ᠬᠠᠷᠢᠭᠤᠯᠵᠤ᠂ ᠪᠥᠬᠥ᠌ ᠣᠷᠣᠨ᠎ᠤ ᠳᠡᠭᠡᠳᠦ ᠳᠤᠤᠷᠠᠳᠤ ᠱᠠᠲᠤ ᠪᠠᠷ᠎ᠢᠶᠠᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠴᠤᠴᠠᠯᠲᠠ ᠥᠬᠡᠶ ᠤᠷᠤᠭ᠍ᠰᠢᠯᠠᠨ ᠱᠢᠨ᠎ᠡ ᠵᠠᠮ ᠨᠡᠭᠡᠭᠡᠵᠤ᠂ ᠳᠤᠮᠳᠠ ᠲᠦᠪᠰᠢᠨ ᠳ᠋ᠤ ᠤᠷᠤᠬᠤ ᠱᠢᠨ᠎ᠡ ᠰᠣᠷᠭᠣᠭ ᠥᠯᠢᠭᠡᠷ᠎ᠢ ᠶᠠᠷᠢᠵᠤ᠂ ᠥᠪᠥᠷ ᠮᠣᠩᠭᠣᠯ᠎ᠤᠨ ᠬᠢᠯᠪᠠᠷ ᠪᠤᠰᠤ᠎ᠪᠠᠷ ᠤᠯᠤᠬᠰᠡᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠪᠣᠯᠤᠨ ᠥᠷᠨᠢᠨ ᠬᠥᠭ᠌ᠵᠢᠵᠦ᠍ ᠪᠠᠢᠭ᠎ᠠ ᠬᠥᠭ᠌ᠵᠢᠯᠲᠡ᠎ᠶ᠋ᠢᠨ ᠬᠠᠨᠳᠤᠰᠢ᠎ᠶ᠋ᠢ ᠭᠦᠶ᠋ᠴᠡᠳ ᠢᠯᠡᠷᠡᠭᠦᠯᠪᠡ᠃

ᠲᠥᠯᠥᠭᠡᠯᠡᠭ᠌ᠴᠢᠳ᠎ᠦᠨ ᠪᠦᠯᠬᠦᠮ ᠥᠪᠥᠷ ᠮᠣᠩᠭᠣᠯ᠎ᠤᠨ ᠪᠣᠳᠠᠲᠤ ᠪᠠᠢᠳᠠᠯ᠎ᠳᠤ ᠰᠠᠭᠤᠷᠢᠯᠠᠨ᠂ ᠶᠡᠬᠡ ᠬᠤᠷᠠᠯ᠎ᠳᠤ 《ᠶᠡᠬᠡ ᠬᠡᠮᠵᠢᠶᠡᠨ᠎ᠦ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠠᠱᠢᠭ᠍ᠯᠠᠬᠤ᠎ᠶ᠋ᠢ ᠠᠬᠢᠭᠤᠯᠵᠤ ᠬᠥᠩᠭᠡᠨᠴᠠᠭᠠᠨ ᠶᠡᠬᠡᠲᠡᠶ ᠨᠤᠨᠲᠠᠭ ᠨᠡᠭᠦᠷᠡᠰᠦᠨ᠎ᠦ ᠦᠨᠡᠰᠦ᠎ᠶ᠋ᠢᠨ ᠣᠷᠴᠢᠯ ᠠᠵᠤ ᠠᠬᠤᠶ᠎ᠶ᠋ᠢᠨ ᠠᠵᠤ ᠦᠶ᠋ᠯᠡᠰ᠎ᠢ ᠲᠦᠷᠭᠡᠨ ᠬᠥᠭ᠌ᠵᠢᠭᠦᠯᠬᠦ᠌ ᠲᠤᠬᠠᠶ》 ᠭᠡᠬᠦ᠌ ᠪᠦᠯᠬᠦᠮ ᠤ᠋ᠨ ᠰᠠᠨᠠᠭᠤᠯᠭ᠎ᠠ ᠵᠢ 1 ᠬᠤᠪᠢ ᠳᠡᠪᠱᠢᠭᠦᠯᠵᠦ᠍᠂ ᠬᠥᠩᠭᠡᠨᠴᠠᠭᠠᠨ ᠶᠡᠬᠡᠲᠡᠶ ᠨᠤᠨᠲᠠᠭ ᠨᠡᠭᠦᠷᠡᠰᠦᠨ᠎ᠦ ᠦᠨᠡᠰᠦ᠎ᠶ᠋ᠢ ᠶᠡᠷᠦᠩᠬᠡᠢᠯᠡᠨ ᠥᠨᠳᠥᠷ ᠪᠦᠲᠦᠮᠵᠢᠲᠡᠶ᠎ᠪᠡᠷ ᠠᠱᠢᠭ᠍ᠯᠠᠬᠤ᠎ᠶ᠋ᠢ ᠠᠬᠢᠭᠤᠯᠵᠤ᠂ ᠤᠯᠤᠰ᠎ᠤᠨ ᠬᠥᠩᠭᠡᠨᠴᠠᠭᠠᠨ᠎ᠤ ᠡᠬᠢ ᠪᠠᠶᠠᠯᠢᠭ᠎ᠤᠨ ᠠᠮᠤᠷ ᠲᠦᠪᠱᠢᠨ᠎ᠢ ᠪᠠᠲᠤᠯᠠᠪᠠ᠃ ᠲᠥᠯᠥᠭᠡᠯᠡᠭ᠌ᠴᠢᠳ ᠪᠠᠰᠠ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠬᠤ᠂ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠥᠭ᠌ᠵᠢᠯᠲᠡ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌᠂ ᠤᠮᠠᠷᠠᠲᠤ ᠬᠢᠯᠢ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠪᠥᠲᠥᠭᠡᠨ ᠪᠠᠢᠭᠤᠯᠤᠯᠲᠠ᠂ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠡᠷᠭᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠰᠠᠭᠠᠷ ᠪᠤᠶᠤ ᠨᠡᠷ᠎ᠡ ᠬᠣᠯᠪᠣᠭᠠᠯᠠᠨ 110 ᠬᠤᠪᠢ ᠰᠠᠨᠠᠭᠤᠯᠭ᠎ᠠ ᠳᠤᠷᠠᠳᠪᠠ᠃

ᠲᠥᠯᠥᠭᠡᠯᠡᠭ᠌ᠴᠢᠳ᠂ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ᠎ᠦᠨ ᠬᠣᠶᠠᠷ ᠬᠤᠷᠠᠯ᠎ᠤᠨ ᠬᠤᠭᠤᠴᠠᠭᠠᠨ᠎ᠳᠠᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ 《ᠲᠥᠯᠥᠭᠡᠯᠡᠭ᠌ᠴᠢ ᠵᠢᠨ ᠬᠠᠤᠯᠢ》 ᠶ᠋ᠢᠨ ᠲᠣᠭ᠍ᠲᠠᠭᠠᠯ ᠪᠣᠯᠤᠨ ᠱᠠᠭᠠᠷᠳᠠᠯᠭ᠎ᠠ ᠶᠣᠰᠣᠭᠠᠷ᠂ ᠤᠯᠤᠰ ᠲᠥᠷᠥ᠎ᠶ᠋ᠢᠨ ᠵᠣᠭ᠍ᠰᠣᠯᠲᠠ᠎ᠪᠠᠨ ᠪᠠᠲᠤᠳᠭᠠᠵᠤ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠤᠯᠤᠰ ᠲᠥᠷᠥ᠎ᠶ᠋ᠢᠨ ᠬᠠᠷᠢᠭᠤᠴᠠᠯᠭ᠎ᠠ ᠪᠠᠨ ᠭᠦᠶ᠋ᠴᠡᠳᠭᠡᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠨᠠᠮ ᠪᠣᠯᠤᠨ ᠤᠯᠤᠰ᠎ᠤᠨ ᠠᠷᠠᠳ ᠣᠯᠠᠨ᠎ᠲᠠᠶ ᠬᠠᠷᠢᠯᠴᠠᠬᠤ ᠬᠥᠭᠥᠷᠭᠡ ᠪᠣᠯᠵᠣ᠂ ᠬᠡᠬᠦᠳᠡᠭ ᠳᠦᠭᠦᠷᠡᠩ ᠤᠯᠤᠰ ᠲᠥᠷᠥ᠎ᠶ᠋ᠢᠨ ᠬᠠᠯᠠᠭᠤᠨ ᠰᠡᠳᠭᠢᠯᠭᠡ ᠪᠣᠯᠤᠨ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠎ᠢᠶᠡᠷ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ᠍ ᠰᠠᠨᠠᠯ ᠨᠢᠭᠡᠲᠡᠶ ᠢᠯᠡᠳᠭᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号