ᠠᠷᠪᠠᠨ ᠳᠥᠷᠪᠡᠳᠦᠭᠡᠷ ᠬᠤᠭᠤᠴᠠᠭᠠᠨ ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠤ᠋ᠨ ᠲᠡᠷᠢᠭᠦᠯᠡᠭ᠌ᠴᠢᠳ᠎ᠦᠨ ᠪᠦᠯᠬᠦᠮ 10 ᠤ᠋ ᠦᠳᠡ᠎ᠶ᠋ᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠭᠤᠷᠪᠠᠳᠤᠭᠠᠷ ᠤᠳᠠᠭ᠎ᠠ ᠵᠢᠨ ᠬᠤᠷᠠᠯ ᠬᠢᠪᠠ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ᠎ᠶ᠋ᠢᠨ ᠨᠠᠢᠳᠠᠯᠭ᠎ᠠ᠎ᠪᠠᠷ᠂ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠬᠣᠩ ᠵᠦᠩ ᠬᠤᠷᠠᠯ᠎ᠢ ᠡᠷᠬᠢᠯᠡᠪᠡ᠃
ᠬᠤᠷᠠᠯ᠎ᠳᠤ ᠤᠷᠤᠯᠴᠠᠬᠤ ᠶᠤᠰᠤᠳᠠᠢ ᠬᠦᠮᠦᠨ 176 ᠬᠥᠮᠦᠨ ᠪᠠᠢᠵᠤ᠂ 172 ᠬᠥᠮᠦᠨ ᠣᠷᠣᠯᠴᠠᠵᠤ᠂ 4 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠪᠠ᠃
3 ᠰᠠᠷ᠎ᠠ᠎ᠶ᠋ᠢᠨ 9 ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠤᠨ ᠲᠥᠰᠦᠯ᠎ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ ᠢ ᠦᠨᠳᠦᠰᠦᠯᠡᠵᠦ᠍᠂ ᠲᠣᠭ᠍ᠲᠠᠭᠠᠯ᠎ᠤᠨ ᠲᠥᠰᠦᠯ᠎ᠢ ᠬᠢᠨᠠᠨ ᠵᠥᠪᠯᠡᠵᠦ᠍᠂ ᠲᠣᠭ᠍ᠲᠠᠭᠠᠯ᠎ᠤᠨ ᠲᠥᠰᠦᠯ ᠤ᠋ᠨ ᠪᠠᠲᠤᠯᠠᠭᠤᠯᠬᠤ ᠨᠤᠤᠷᠠᠭ᠎ᠢ ᠳᠤᠷᠠᠳᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ ᠡᠴᠡ ᠪᠦᠬᠦ᠌ ᠤᠯᠤᠰ ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠱᠢᠨ ᠴᠦᠨ ᠶᠢᠩ᠎ᠦᠨ ᠬᠢᠭ᠌ᠰᠡᠨ ᠲᠥᠯᠥᠭᠡᠯᠡᠭ᠌ᠴᠢ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠣᠭ᠍ᠲᠠᠭᠠᠯ᠎ᠤᠨ ᠲᠥᠰᠦᠯ᠎ᠳᠦ ᠵᠠᠰᠠᠪᠤᠷᠢ ᠣᠷᠣᠭᠤᠯᠬᠤ ᠰᠠᠨᠠᠯ᠎ᠤᠨ ᠲᠤᠬᠠᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠮᠡᠳᠡᠭᠦᠯᠦᠯᠲᠡ᠎ᠶ᠋ᠢ ᠰᠣᠨᠣᠰᠪᠠ᠃ ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠳᠡᠭᠡᠷ᠎ᠡ ᠳᠤᠷᠠᠳᠤᠭ᠍ᠰᠠᠨ ᠮᠡᠳᠡᠭᠦᠯᠦᠯᠲᠡ ᠪᠣᠯᠤᠨ ᠲᠣᠭ᠍ᠲᠠᠭᠠᠯ᠎ᠤᠨ ᠲᠥᠰᠦᠯ᠎ᠦᠨ ᠪᠠᠲᠤᠯᠠᠭᠤᠯᠬᠤ ᠨᠤᠤᠷᠠᠭ ᠢ ᠪᠠᠲᠤᠯᠠᠵᠤ᠂ ᠲᠥᠯᠥᠭᠡᠯᠡᠭ᠌ᠴᠢ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠣᠭ᠍ᠲᠠᠭᠠᠯ ᠤᠨ ᠲᠥᠰᠦᠯ᠎ᠦᠨ ᠪᠠᠲᠤᠯᠠᠭᠤᠯᠬᠤ ᠨᠤᠤᠷᠠᠭ᠎ᠢ ᠶᠡᠬᠡ ᠬᠤᠷᠠᠯ᠎ᠤᠨ ᠪᠦᠬᠦᠳᠠ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠪᠠᠷ ᠲᠣᠭ᠍ᠲᠠᠪᠠ᠃
3 ᠰᠠᠷ᠎ᠠ᠎ᠶ᠋ᠢᠨ 8 ᠤ᠋ ᠦᠳᠡ᠎ᠶ᠋ᠢᠨ ᠬᠣᠢᠨ᠎ᠠ ᠪᠣᠯᠤᠨ 10 ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠲᠥᠯᠥᠭᠡᠯᠡᠭ᠌ᠴᠢᠳ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠬᠣᠢᠱᠢᠳᠠ᠎ᠶ᠋ᠢᠨ ᠨᠢᠭᠡ ᠵᠢᠯ᠎ᠦᠨ ᠠᠵᠢᠯ᠎ᠤᠨ ᠲᠤᠬᠢᠷᠠᠭᠤᠯᠤᠯᠳᠠ᠎ᠶ᠋ᠢ ᠵᠥᠪᠱᠢᠶᠡᠷᠡᠵᠦ᠍ ᠪᠠᠢᠬᠤ᠎ᠪᠠᠨ ᠢᠯᠡᠳᠭᠡᠪᠡ᠃ ᠬᠢᠨᠠᠨ ᠵᠥᠪᠯᠡᠬᠦ᠌ ᠳᠤᠮᠳᠠ᠂ ᠲᠥᠯᠥᠭᠡᠯᠡᠭ᠌ᠴᠢᠳ ᠮᠡᠳᠡᠭᠦᠯᠦᠯᠳᠡ ᠪᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠳᠤ ᠵᠠᠷᠢᠮ ᠰᠠᠨᠠᠯ ᠰᠠᠨᠠᠭᠤᠯᠭ᠎ᠠ ᠳᠤᠷᠠᠳᠴᠠᠢ᠃ ᠬᠤᠷᠢᠶᠠᠨ ᠳᠠᠷᠤᠭ᠎ᠠ᠎ᠵᠢᠨ ᠬᠤᠷᠠᠯ᠎ᠡᠴᠡ ᠲᠥᠯᠥᠭᠡᠯᠡᠭ᠌ᠴᠢᠳ᠎ᠦᠨ ᠬᠢᠨᠠᠨ ᠵᠥᠪᠯᠡᠭ᠌ᠰᠡᠨ ᠰᠠᠨᠠᠯ᠎ᠢ ᠨᠠᠷᠢᠨ ᠬᠢᠨᠠᠮᠠᠭᠠᠢ ᠰᠤᠳᠤᠯᠵᠤ᠂ ᠮᠡᠳᠡᠭᠦᠯᠦᠯᠳᠡ᠎ᠳᠦ ᠵᠠᠰᠠᠪᠤᠷᠢ ᠣᠷᠣᠭᠤᠯᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠲᠥᠯᠥᠭᠡᠯᠡᠭ᠌ᠴᠢᠳ᠎ᠦᠨ ᠬᠢᠨᠠᠨ ᠵᠥᠪᠯᠡᠭ᠌ᠰᠡᠨ ᠰᠠᠨᠠᠯ ᠪᠣᠯᠤᠨ ᠮᠡᠳᠡᠭᠦᠯᠦᠯᠲᠡ᠎ᠳᠦ ᠵᠠᠰᠠᠪᠤᠷᠢ ᠣᠷᠣᠭᠤᠯᠤᠭ᠍ᠰᠠᠨ ᠪᠠᠢᠳᠠᠯ᠎ᠢ ᠦᠨᠳᠦᠰᠦᠯᠡᠵᠦ᠍᠂ ᠪᠠᠢᠩᠭᠤ ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠶ᠋ᠢ ᠰᠠᠨᠠᠭᠤᠯᠬᠤ ᠵᠢᠨ ᠵᠡᠷᠬᠡ ᠪᠡᠷ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠱᠢᠢᠳᠪᠦᠷᠢ᠎ᠶ᠋ᠢᠨ ᠲᠥᠰᠦᠯ᠎ᠢ ᠣᠷᠣᠯᠠᠨ ᠲᠤᠭᠤᠷᠪᠢᠪᠠ᠃ ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠱᠢᠢᠳᠪᠦᠷᠢ᠎ᠶ᠋ᠢᠨ ᠲᠥᠰᠦᠯ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃
3 ᠰᠠᠷ᠎ᠠ᠎ᠶᠢᠨ 9᠎ᠤ᠋ ᠪᠦᠬᠦᠯᠢ ᠡᠳᠦᠷ ᠪᠣᠯᠣᠨ 10 ᠤ᠋ ᠦᠳᠡ᠎ᠶᠢᠨ ᠡᠮᠦᠨ᠎ᠡ᠂ ᠡᠯ᠎ᠡ ᠲᠥᠯᠥᠭᠡᠯᠡᠭᠴᠢᠳ᠎ᠦᠨ ᠪᠦᠯᠬᠦᠮ ᠠᠷᠠᠳ᠎ᠤᠨ ᠳᠡᠭᠡᠳᠦ ᠰᠢᠭᠦᠬᠦ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ᠎ᠶᠢ ᠨᠠᠷᠢᠨ ᠬᠢᠨᠠᠮᠠᠭᠠᠢ ᠬᠢᠨᠠᠨ ᠵᠦᠪᠯᠡᠪᠡ᠃ ᠲᠥᠯᠥᠭᠡᠯᠡᠭᠴᠢᠳ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠡ ᠵᠢᠨ ᠥᠩᠭᠡᠷᠡᠭᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠬᠣᠢᠰᠢᠳᠠ ᠶᠢᠨ ᠨᠢᠭᠡ ᠵᠢᠯ ᠦᠨ ᠠᠵᠢᠯ᠎ᠤᠨ ᠲᠣᠬᠢᠷᠠᠭᠤᠯᠤᠯᠲᠠ ᠶᠢ ᠵᠥᠪᠰᠢᠶᠡᠷᠡᠵᠦ ᠪᠠᠢᠬᠤ᠎ᠪᠠᠨ ᠢᠯᠡᠳᠬᠡᠪᠡ᠃ ᠬᠢᠨᠠᠨ ᠵᠥᠪᠯᠡᠬᠦ ᠶᠠᠪᠤᠴᠠ᠎ᠳᠤ᠂ ᠲᠥᠯᠥᠭᠡᠯᠡᠭᠴᠢᠳ ᠪᠠᠰᠠ ᠵᠠᠷᠢᠮ ᠰᠠᠨᠠᠯ ᠰᠠᠨᠠᠭᠤᠯᠭ᠎ᠠ ᠳᠤᠷᠠᠳᠪᠠ᠃ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠲᠥᠯᠥᠭᠡᠯᠡᠭᠴᠢᠳ᠎ᠦᠨ ᠬᠢᠨᠠᠨ ᠵᠦᠪᠯᠡᠭᠰᠡᠨ ᠰᠠᠨᠠᠯ ᠪᠠ ᠬᠣᠯᠪᠣᠭᠳᠠᠯ ᠪᠦᠬᠦᠢ ᠲᠠᠯ᠎ᠠ᠎ᠶᠢᠨ ᠬᠢᠨ᠎ᠦ ᠰᠠᠨᠠᠯ᠎ᠢ ᠨᠠᠷᠢᠨ ᠬᠢᠨᠠᠮᠠᠭᠠᠢ ᠰᠤᠳᠤᠯᠵᠤ᠂ ᠮᠡᠳᠡᠭᠦᠯᠦᠯᠲᠡ᠎ᠳᠦ ᠵᠠᠰᠠᠪᠤᠷᠢ ᠣᠷᠣᠭᠤᠯᠪᠠ᠃ ᠲᠡᠷᠢᠭᠦᠯᠡᠭᠴᠢᠳ᠎ᠦᠨ ᠪᠦᠯᠬᠦᠮ᠎ᠦᠨ ᠪᠠᠢᠩᠭᠤ᠎ᠶᠢᠨ ᠲᠡᠷᠢᠭᠦᠯᠡᠭᠴᠢ᠎ᠡᠴᠡ ᠲᠥᠯᠥᠭᠡᠯᠡᠭᠴᠢᠳ᠎ᠦᠨ ᠬᠢᠨᠠᠨ ᠵᠥᠪᠯᠡᠭᠰᠡᠨ ᠰᠠᠨᠠᠯ ᠪᠠ ᠮᠡᠳᠡᠭᠦᠯᠦᠯᠲᠡ ᠳᠦ ᠵᠠᠰᠠᠪᠤᠷᠢ ᠣᠷᠣᠭᠤᠯᠤᠭᠰᠠᠨ ᠪᠠᠢᠳᠠᠯ ᠢ ᠦᠨᠳᠦᠰᠦᠯᠡᠨ᠂ ᠠᠷᠠᠳ᠎ᠤᠨ ᠳᠡᠭᠡᠳᠦ ᠰᠢᠭᠦᠬᠦ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ᠎ᠶᠢ ᠵᠥᠪᠰᠢᠶᠡᠷᠡᠬᠦ᠎ᠶᠢ ᠰᠠᠨᠠᠭᠤᠯᠬᠤ᠎ᠶᠢᠨ ᠬᠠᠮᠲᠤ ᠠᠷᠠᠳ᠎ᠤᠨ ᠳᠡᠭᠡᠳᠦ ᠰᠢᠭᠦᠬᠦ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠡ ᠵᠢᠨ ᠠᠵᠢᠯ᠎ᠤᠨ ᠮᠡᠳᠡᠭᠦᠯᠦᠯᠲᠡ᠎ᠶᠢᠨ ᠲᠤᠬᠠᠢ ᠬᠣᠶᠠᠷ ᠰᠢᠢᠳᠪᠦᠷᠢ᠎ᠶᠢᠨ ᠲᠥᠰᠥᠯ᠎ᠢ ᠣᠷᠣᠯᠠᠨ ᠲᠤᠭᠤᠷᠪᠢᠪᠠ᠃ ᠬᠤᠷᠠᠯ᠎ᠡᠴᠡ ᠪᠠᠲᠤᠯᠠᠯᠲᠠ ᠬᠢᠬᠦ᠎ᠪᠡᠷ ᠲᠠᠮᠵᠢᠨ᠂ ᠡᠨᠡ ᠬᠣᠶᠠᠷ ᠰᠢᠢᠳᠪᠦᠷᠢ᠎ᠶᠢᠨ ᠲᠥᠰᠥᠯ᠎ᠢ ᠡᠯ᠎ᠡ ᠲᠥᠯᠥᠭᠡᠯᠡᠭᠴᠢᠳ᠎ᠦᠨ ᠪᠦᠯᠬᠦᠮ᠎ᠳᠦ ᠳᠡᠪᠰᠢᠭᠦᠯᠵᠦ ᠬᠢᠨᠠᠨ ᠵᠥᠪᠯᠡᠭᠦᠯᠬᠦ᠎ᠪᠡᠷ ᠲᠣᠭᠲᠠᠪᠠ᠃
ᠬᠤᠷᠠᠯ᠎ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ ᠯᠢᠦ ᠵᠢᠶᠦ᠋ᠨ ᠴᠧᠨᠦ ᠬᠢᠭᠰᠡᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠲᠥᠯᠥᠭᠡᠯᠡᠭᠴᠢᠳ᠎ᠦᠨ ᠳᠤᠷᠠᠳᠤᠭᠰᠠᠨ ᠰᠠᠨᠠᠯ ᠵᠥᠪᠯᠡᠯᠭᠡ᠎ᠶᠢ ᠰᠢᠢᠳᠪᠦᠷᠢᠯᠡᠬᠦ ᠰᠠᠨᠠᠯ᠎ᠤᠨ ᠲᠤᠬᠠᠢ ᠮᠡᠳᠡᠭᠦᠯᠦᠯᠲᠡ᠎ᠶᠢ ᠰᠣᠨᠣᠰᠪᠠ᠃ ᠯᠢᠦ ᠵᠢᠶᠦ᠋ᠨ ᠴᠧᠨ᠂ 3 ᠰᠠᠷ᠎ᠠ᠎ᠶᠢᠨ 8 ᠤ᠋ 12 ᠴᠠᠭ ᠪᠣᠯᠲᠠᠯ᠎ᠠ᠂ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ ᠨᠡᠶ᠋ᠢᠲᠡ 269 ᠰᠠᠨᠠᠯ ᠵᠥᠪᠯᠡᠯᠭᠡ᠎ᠶᠢ ᠬᠦᠯᠢᠶᠡᠨ ᠠᠪᠴᠦ᠂ ᠡᠭᠦᠨ᠎ᠳᠦ ᠲᠥᠯᠥᠭᠡᠯᠡᠭᠴᠢᠳ᠎ᠦᠨ ᠪᠦᠯᠬᠦᠮ᠎ᠦᠨ ᠳᠤᠷᠠᠳᠤᠭᠰᠠᠨ ᠰᠠᠨᠠᠯ ᠵᠥᠪᠯᠡᠯᠭᠡ 26᠂ 30 ᠡᠴᠡ ᠳᠡᠭᠡᠭᠰᠢ ᠲᠣᠭᠠᠨ᠎ᠤ ᠲᠥᠯᠥᠭᠡᠯᠡᠭᠴᠢ ᠨᠡᠷ᠎ᠡ ᠬᠣᠯᠪᠣᠨ ᠳᠤᠷᠠᠳᠤᠭᠰᠠᠨ ᠰᠠᠨᠠᠯ ᠵᠥᠪᠯᠡᠯᠭᠡ 243 ᠵᠦᠢᠯ ᠪᠤᠶ᠃ ᠡᠳᠡᠭᠡᠷ ᠰᠠᠨᠠᠯ ᠵᠥᠪᠯᠡᠯᠭᠡ᠎ᠶᠢᠨ ᠳᠣᠲᠣᠷ᠎ᠠ ᠬᠠᠤᠯᠢ ᠲᠣᠭᠲᠠᠭᠠᠬᠤ ᠲᠠᠯ᠎ᠠ᠎ᠳᠤ ᠬᠣᠯᠪᠣᠭᠳᠠᠭᠰᠠᠨ ᠰᠠᠨᠠᠯ ᠵᠥᠪᠯᠡᠯᠭᠡ 268 ᠵᠦᠢᠯ ᠪᠤᠢ; ᠬᠢᠨᠠᠯᠲᠠ ᠲᠠᠯᠪᠢᠬᠤ ᠲᠠᠯ᠎ᠠ᠎ᠳᠤ ᠬᠣᠯᠪᠣᠭᠳᠠᠭᠰᠠᠨ ᠰᠠᠨᠠᠯ ᠵᠥᠪᠯᠡᠯᠭᠡ 1 ᠵᠦᠢᠯ ᠪᠤᠢ᠃ ᠠᠭᠤᠯᠭ᠎ᠠ ᠨᠢ ᠭᠣᠣᠯᠳᠠᠭᠤ᠄ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠤᠨ ᠳᠦᠷᠢᠮ᠎ᠦᠨ ᠰᠢᠰᠲᠧᠮ᠎ᠢ ᠪᠦᠷᠢᠨᠰᠢᠭᠦᠯᠵᠦ᠂ ᠠᠷᠠᠳ ᠲᠦᠮᠡᠨ᠎ᠦ ᠡᠷᠬᠡ ᠮᠡᠳᠡᠵᠦ ᠡᠵᠡᠨ ᠰᠠᠭᠤᠬᠤ᠎ᠶᠢ ᠪᠠᠲᠤᠯᠠᠬᠤ; ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶᠢᠨ ᠪᠠᠢᠭᠤᠯᠤᠯ᠎ᠢ ᠪᠦᠷᠢᠨᠰᠢᠭᠦᠯᠵᠦ᠂ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠳᠤ ᠠᠰᠢᠭ᠍ᠲᠠᠢ ᠪᠠᠢᠭᠤᠯᠤᠯ ᠲᠣᠭᠲᠡᠴᠡ᠎ᠶᠢ ᠲᠡᠭᠦᠯᠳᠡᠷᠵᠢᠭᠦᠯᠬᠦ; ᠪᠦᠬᠦ ᠲᠠᠯ᠎ᠠ᠎ᠪᠠᠷ ᠰᠢᠨ᠎ᠡ᠎ᠶᠢ ᠡᠭᠦᠳᠬᠦ᠎ᠶᠢ ᠳᠡᠮᠵᠢᠬᠦ ᠪᠠᠢᠭᠤᠯᠤᠯ ᠲᠣᠭᠲᠡᠴᠡ᠎ᠶᠢ ᠪᠠᠢᠭᠤᠯᠵᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠴᠢᠳᠠᠪᠤᠷᠢᠲᠠᠨ᠎ᠤ ᠪᠠᠢᠭᠤᠯᠤᠯ ᠲᠣᠭᠲᠡᠴᠡ᠎ᠶᠢ ᠨᠢᠭᠡ ᠴᠣᠭᠴᠠᠵᠢᠭᠤᠯᠤᠭᠰᠠᠨ ᠥᠭᠡᠷᠡᠴᠢᠯᠡᠯᠲᠡ᠎ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ; ᠨᠡᠢᠭᠡᠮ ᠵᠢᠷᠤᠮ᠎ᠤᠨ ᠰᠣᠶᠣᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠵᠤ᠂ ᠪᠣᠳᠠᠰ᠎ᠤᠨ ᠪᠣᠯᠪᠠᠰᠤᠨ ᠪᠠ ᠤᠶᠤᠨ᠎ᠤ ᠪᠣᠯᠪᠠᠰᠤᠨ᠎ᠤ ᠬᠠᠷᠢᠯᠴᠠᠨ ᠵᠣᠬᠢᠴᠠᠯᠳᠤᠭᠰᠠᠨ ᠣᠳᠣᠬᠢᠴᠢᠯᠠᠯᠲᠠ᠎ᠶᠢ ᠠᠬᠢᠭᠤᠯᠬᠤ; ᠠᠷᠠᠳ ᠲᠦᠮᠡᠨ᠎ᠢ ᠳᠡᠭᠡᠳᠦᠯᠡᠬᠦ᠎ᠶᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠳᠦᠷᠢᠮ᠎ᠦᠨ ᠰᠢᠰᠲᠧᠮ᠎ᠢ ᠪᠦᠷᠢᠨᠰᠢᠭᠦᠯᠬᠦ; ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ᠎ᠶᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠠᠮᠢ ᠠᠬᠤᠢ᠎ᠶᠢᠨ ᠪᠣᠯᠪᠠᠰᠤᠨ᠎ᠤ ᠬᠠᠤᠯᠢ ᠴᠠᠭᠠᠵᠠ᠎ᠶᠢᠨ ᠳᠦᠷᠢᠮ᠎ᠢ ᠲᠡᠭᠦᠯᠳᠡᠷᠵᠢᠭᠦᠯᠬᠦ; ᠤᠯᠤᠰ ᠤᠨ ᠶᠡᠷᠦᠩᠬᠡᠢ ᠠᠮᠤᠷ ᠲᠦᠪᠰᠢᠨ᠎ᠦ ᠦᠵᠡᠯᠲᠡ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠤᠯᠤᠰ᠎ᠤᠨ ᠠᠮᠤᠷ ᠲᠦᠪᠰᠢᠨ᠎ᠦ ᠰᠢᠰᠲᠧᠮ ᠪᠣᠯᠣᠨ ᠤᠯᠠᠨ ᠨᠡᠶ᠋ᠢᠲᠡ᠎ᠶᠢᠨ ᠠᠮᠤᠷ ᠲᠦᠪᠰᠢᠨ᠎ᠦ ᠵᠠᠰᠠᠯᠲᠠ᠎ᠶᠢᠨ ᠲᠣᠭᠲᠡᠴᠡ᠎ᠶᠢ ᠪᠦᠷᠢᠨᠰᠢᠭᠦᠯᠬᠦ; ᠭᠠᠳᠠᠭᠠᠳᠤ ᠳᠤ ᠬᠣᠯᠪᠣᠭᠳᠠᠬᠤ ᠬᠠᠤᠯᠢ᠎ᠪᠠᠷ ᠵᠠᠰᠠᠬᠤ ᠪᠠᠢᠭᠤᠯᠤᠯᠲᠠ᠎ᠶᠢ ᠴᠢᠩᠭᠠᠳᠬᠠᠵᠤ᠂ ᠭᠠᠳᠠᠭᠠᠳᠤ᠎ᠳᠤ ᠬᠣᠯᠪᠣᠭᠳᠠᠬᠤ ᠬᠦᠷᠢᠶᠡᠨ᠎ᠳᠡᠬᠢ ᠬᠠᠤᠯᠢ ᠲᠤᠭᠲᠠᠭᠠᠯᠲᠠ ᠵᠢ ᠪᠦᠷᠢᠨᠰᠢᠭᠦᠯᠬᠦ᠎ᠳᠦ ᠲᠦᠪᠯᠡᠷᠡᠵᠤ ᠪᠠᠢᠨ᠎ᠠ᠃ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠨᠢᠭᠡᠳ ᠨᠢᠭᠡ᠎ᠪᠡᠷ ᠨᠠᠷᠢᠨ ᠬᠢᠨᠠᠮᠠᠭᠠᠢ ᠵᠠᠳᠠᠯᠤᠨ ᠰᠤᠳᠤᠯᠤᠭᠠᠳ᠂ ᠲᠤᠰ ᠤᠳᠠᠭᠠᠨ᠎ᠤ ᠬᠤᠷᠠᠯ᠎ᠤᠨ ᠬᠢᠨᠠᠨ ᠵᠦᠪᠯᠡᠬᠦ ᠵᠦᠢᠯ᠎ᠳᠦ ᠣᠷᠣᠭᠤᠯᠬᠤ ᠴᠢᠬᠤᠯᠠᠲᠠᠢ ᠰᠠᠨᠠᠯ ᠵᠥᠪᠯᠡᠯᠭᠡ ᠪᠠᠢᠬᠤ ᠦᠭᠡᠢ ᠭᠡᠵᠦ᠍ ᠦᠵᠡᠪᠡ᠃ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠡᠴᠡ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠣᠯᠪᠣᠭ᠍ᠳᠠᠯ ᠪᠦᠬᠦᠢ ᠲᠤᠰᠭᠠᠢ ᠵᠦᠪᠯᠡᠯᠳᠦ ᠲᠤᠰ ᠲᠤᠰ ᠲᠤᠱᠢᠶᠠᠨ ᠥᠭ᠌ᠴᠦ ᠬᠢᠨᠠᠨ ᠵᠦᠪᠯᠡᠭᠦᠯᠬᠦ᠎ᠪᠠᠷ ᠰᠠᠨᠠᠭᠤᠯᠪᠠ᠃ ᠬᠣᠯᠪᠣᠭ᠍ᠳᠠᠯ ᠪᠥᠬᠥᠶ ᠲᠤᠰᠭᠠᠶ ᠵᠥᠪᠯᠡᠯ᠎ᠡᠴᠡ ᠳᠡᠭᠡᠷ᠎ᠡ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠬᠢᠨᠠᠨ ᠵᠥᠪᠯᠡᠭ᠌ᠰᠡᠨᠦ ᠳᠠᠷᠠᠭ᠎ᠠ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠳᠤ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠮᠡᠳᠡᠭᠦᠯᠦᠯᠲᠡ ᠲᠤᠰᠢᠶᠠᠵᠤ ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠡᠴᠡ ᠬᠢᠨᠠᠨ ᠵᠥᠪᠯᠡᠵᠦ᠍ ᠪᠠᠲᠤᠯᠠᠭ᠍ᠰᠠᠨ᠎ᠤ ᠳᠠᠷᠠᠭ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠳᠠᠷᠤᠮᠠᠯᠯᠠᠨ ᠲᠠᠷᠬᠠᠭᠠᠨ ᠦᠭᠬᠦᠨ᠎ᠠ᠃ ᠶᠡᠬᠡ ᠬᠤᠷᠠᠯ ᠤᠨ ᠨᠠᠷᠢᠨ ᠪᠢᠴᠢᠭ᠎ᠦᠨ ᠭᠠᠵᠠᠷ᠎ᠡᠴᠡ ᠲᠥᠯᠥᠭᠡᠯᠡᠭ᠌ᠴᠢᠳ᠎ᠦᠨ ᠰᠠᠨᠠᠯ ᠵᠥᠪᠯᠡᠯᠭᠡ᠎ᠶ᠋ᠢ ᠬᠢᠨᠠᠨ ᠵᠦᠪᠯᠡᠬᠦ ᠪᠠ ᠬᠣᠯᠪᠣᠭ᠍ᠳᠠᠯ ᠪᠦᠬᠦᠢ ᠠᠵᠢᠯ᠎ᠤᠨ ᠲᠤᠬᠠᠢ ᠳᠣᠣᠷᠠᠬᠢ ᠮᠡᠲᠦ ᠰᠠᠨᠠᠭᠤᠯᠭ᠎ᠠ ᠳᠤᠷᠠᠳᠪᠠ᠄ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ᠎ᠶ᠋ᠢ ᠬᠠᠤᠯᠢ ᠲᠣᠭ᠍ᠲᠠᠭᠠᠬᠤ ᠠᠵᠢᠯ᠎ᠤᠨ ᠡᠯ᠎ᠡ ᠲᠠᠯ᠎ᠠ ᠪᠦᠬᠦ᠌ ᠶᠠᠪᠤᠴᠠ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠤᠨ᠎ᠠ ;ᠥᠭᠡᠷᠡᠴᠢᠯᠡᠯᠲᠡ ᠪᠠ ᠬᠠᠤᠯᠢ᠎ᠪᠠᠷ ᠵᠠᠰᠠᠬᠤ᠎ᠶ᠋ᠢ ᠨᠢᠭᠡᠳᠭᠡᠬᠦ᠌᠎ᠶ᠋ᠢ ᠪᠠᠷᠢᠮᠲᠠᠯᠠᠵᠤ᠂ ᠥᠭᠡᠷᠡᠴᠢᠯᠡᠯᠲᠡ᠎ᠶ᠋ᠢᠨ ᠬᠠᠷᠰᠢ ᠰᠠᠭᠠᠳ᠎ᠢ ᠠᠷᠢᠯᠭᠠᠬᠤ᠂ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠢ ᠪᠡᠬᠢᠵᠢᠭᠦᠯᠬᠦ᠌ ᠳᠤᠮᠳᠠᠬᠢ ᠬᠠᠤᠯᠢ ᠪᠠᠷ ᠵᠠᠰᠠᠬᠤ᠎ᠶ᠋ᠢᠨ ᠢᠳᠡᠪᠬᠢ ᠦᠢᠯᠡᠳᠦᠯ᠎ᠢ ᠨᠡᠩ ᠰᠠᠢ᠌ᠳᠤᠷ ᠪᠠᠳᠠᠷᠠᠭᠤᠯᠤᠨ᠎ᠠ ; ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠭᠦᠨᠵᠡᠭᠡᠢ ᠠᠬᠢᠭᠤᠯᠵᠤ᠂ ᠬᠠᠤᠯᠢ ᠲᠣᠭ᠍ᠲᠠᠭᠠᠬᠤ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ; ᠲᠥᠯᠥᠭᠡᠯᠡᠭ᠌ᠴᠢᠳ᠎ᠲᠡᠶ ᠬᠠᠷᠢᠯᠴᠠᠬᠤ ᠳᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠲᠥᠯᠥᠭᠡᠯᠡᠭ᠌ᠴᠢᠳ᠎ᠦᠨ ᠬᠠᠤᠯᠢ ᠲᠣᠭ᠍ᠲᠠᠭᠠᠬᠤ ᠠᠵᠢᠯ᠎ᠳᠤ ᠣᠷᠣᠯᠴᠠᠬᠤ᠎ᠶ᠋ᠢ ᠲᠠᠰᠤᠷᠠᠯᠲᠠ ᠦᠭᠡᠢ ᠥᠷᠭᠡᠳᠭᠡᠨ᠎ᠡ ᠭᠡᠵᠠᠢ᠃
ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ ᠶ᠋ᠢ ᠱᠢᠢᠳᠪᠦᠷᠢᠯᠡᠬᠦ᠌ ᠰᠠᠨᠠᠯ᠎ᠤᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠮᠡᠳᠡᠭᠦᠯᠦᠯᠲᠡ᠎ᠶ᠋ᠢ ᠪᠠᠲᠤᠯᠠᠪᠠ᠃
ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠨᠭᠵᠠᠯᠰᠠᠨ᠂ ᠱᠢᠤᠸᠠᠢᠺᠧᠯᠠᠢ᠌ᠲ᠋ᠢ· ᠵᠠᠺᠸᠯ᠂ ᠯᠢᠦ ᠴᠢ ᠬᠤᠷᠠᠯ᠎ᠳᠤ ᠣᠷᠣᠯᠴᠠᠪᠠ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 10 ᠤ᠋ ᠴᠠᠬᠢᠯᠭᠠᠨ ᠮᠡᠳᠡᠭᠡ)