ᠲᠤᠮᠳᠠᠳᠤ ᠤᠯᠤᠰ ᠤ᠋ᠨ ᠡᠪ ᠬᠠᠮᠳᠤ ᠨᠠᠮ ᠤᠨ ᠲᠥᠪ ᠬᠣᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬ᠍ᠤ ᠨᠢᠩ 10 ᠤ᠋ ᠦᠳᠡ᠎ᠶ᠋ᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠪᠦᠬᠦ᠌ ᠤᠯᠤᠰ ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ᠎ᠤᠨ ᠤᠬᠠᠭᠤᠯᠤᠨ ᠮᠡᠳᠡᠭᠡᠯᠡᠬᠦ᠌᠎ᠳᠦ ᠣᠷᠣᠯᠴᠠᠭ᠍ᠰᠠᠨ ᠰᠣᠨᠢᠨ ᠮᠡᠳᠡᠭᠡᠨ ᠦ ᠠᠵᠢᠯᠲᠠᠳ᠎ᠤᠨ ᠲᠥᠯᠥᠭᠡᠯᠡᠭ᠌ᠴᠢ᠎ᠶ᠋ᠢ ᠡᠷᠬᠢᠨ ᠦᠵᠡᠵᠦ᠍᠂ ᠪᠦᠬᠦ᠌ ᠤᠯᠤᠰ᠎ᠤᠨ ᠤᠯᠤᠰ ᠲᠦᠷᠦ᠍ ᠶ᠋ᠢᠨ ᠵᠥᠪᠯᠡᠯᠭᠡᠨ᠎ᠦ ᠡᠮᠦᠨ᠎ᠡ᠎ᠡᠴᠡ ᠤᠯᠠᠨ᠎ᠢ ᠴᠢᠩ ᠰᠡᠳᠭᠢᠯ᠎ᠡᠴᠡ᠎ᠪᠡᠨ ᠲᠣᠬᠣᠨᠢᠭᠤᠯᠵᠤ ᠪᠠᠢᠬᠤ ᠪᠠ ᠴᠢᠩ ᠰᠡᠳᠭᠢᠯ᠎ᠡᠴᠡ ᠪᠡᠨ ᠲᠠᠯᠠᠷᠬᠠᠵᠤ ᠪᠠᠢᠬᠤ᠎ᠪᠠᠨ ᠢᠯᠡᠳᠭᠡᠪᠡ᠃
ᠠᠷᠠᠳ᠎ᠤᠨ ᠡᠳᠦᠷ᠎ᠦᠨ ᠰᠣᠨᠢᠨ᠎ᠤ ᠬᠣᠷᠢᠶ᠎ᠠ᠂ ᠱᠢᠨᠬᠤᠸᠠ ᠬᠣᠷᠢᠶ᠎ᠠ᠂ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠂ ᠭᠤᠸᠠᠩᠮᠢᠩ ᠡᠳᠦᠷ᠎ᠦᠨ ᠰᠣᠨᠢᠨ ᠤ ᠬᠣᠷᠢᠶ᠎ᠠ᠂ ᠠᠵᠤ ᠠᠬᠤᠢ᠎ᠶ᠋ᠢᠨ ᠡᠳᠦᠷ᠎ᠦᠨ ᠰᠣᠨᠢᠨ᠎ᠤ ᠬᠣᠷᠢᠶ᠎ᠠ᠂ ᠳᠤᠮᠳᠠᠳᠤ ᠤᠯᠤᠰ ᠤᠨ ᠡᠳᠦᠷ᠎ᠦᠨ ᠰᠣᠨᠢᠨ᠎ᠤ ᠬᠣᠷᠢᠶ᠎ᠠ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠰᠣᠨᠢᠨ ᠤ ᠬᠣᠷᠢᠶ᠎ᠠ᠂ ᠳᠤᠮᠳᠠᠳᠤ ᠤᠯᠤᠰ᠎ᠤᠨ ᠰᠣᠨᠢᠨ ᠮᠡᠳᠡᠭᠡᠨ᠎ᠦ ᠬᠣᠷᠢᠶ᠎ᠠ ᠵᠡᠷᠭᠡ ᠲᠥᠪ᠎ᠦᠨ ᠭᠣᠣᠯ ᠪᠣᠯᠬᠤ ᠰᠣᠨᠢᠨ ᠮᠡᠳᠡᠭᠡᠨ᠎ᠦ ᠨᠢᠭᠡᠴᠢ ᠵᠢᠴᠢ ᠳᠤᠮᠳᠠᠳᠤ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠰᠡᠳᠬᠦᠯ᠎ᠦᠨ ᠬᠣᠷᠢᠶ᠎ᠠ ᠵᠢᠨ ᠬᠠᠷᠢᠭᠤᠴᠠᠯᠭᠠᠲᠠᠨ ᠨᠥᠬᠥᠳ ᠪᠣᠯᠤᠨ ᠶᠡᠬᠡ ᠬᠤᠷᠠᠯᠢ᠋ ᠮᠡᠳᠡᠭᠡᠯᠡᠬᠦ ᠳ᠋ᠤ ᠣᠷᠣᠯᠴᠠᠭ᠍ᠰᠠᠨ ᠰᠤᠷᠪᠤᠯᠵᠢᠯᠠᠭ᠍ᠴᠢ ᠨᠠᠢᠷᠠᠭᠤᠯᠤᠭ᠍ᠴᠢ ᠶ᠋ᠢᠨ ᠲᠥᠯᠥᠭᠡᠯᠡᠭ᠌ᠴᠢ ᠡᠷᠬᠢᠨ ᠦᠵᠡᠬᠦ᠌ ᠠᠵᠢᠯᠯᠠᠭ᠎ᠠ᠎ᠳᠤ ᠣᠷᠣᠯᠴᠠᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ᠎ᠤᠨ ᠤᠬᠠᠭᠤᠯᠤᠨ ᠮᠡᠳᠡᠭᠡᠯᠡᠭᠰᠡᠨ ᠠᠵᠢᠯ᠎ᠤᠨ ᠪᠠᠢᠳᠠᠯ᠎ᠢ ᠲᠠᠨᠢᠯᠴᠠᠭᠤᠯᠪᠠ᠃
ᠸᠠᠩ ᠬ᠍ᠤ ᠨᠢᠩ᠂ ᠡᠨᠡ ᠤᠳᠠᠭ᠎ᠠ᠎ᠶ᠋ᠢᠨ ᠶᠡᠬᠡ ᠬᠤᠷᠠᠯ ᠲᠡᠭᠦᠰ ᠠᠮᠵᠢᠯᠲᠠ ᠣᠯᠤᠭ᠍ᠰᠠᠨ᠎ᠤ ᠦᠨᠳᠦᠰᠦᠨ ᠱᠢᠯᠲᠠᠭᠠᠨ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ᠎ᠳᠤ ᠪᠠᠢᠨ᠎ᠠ᠂ ᠮᠥᠨ ᠴᠦ᠍ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠦᠨ ᠬᠠᠮᠲᠤ ᠶ᠋ᠢᠨ ᠴᠢᠷᠮᠠᠢᠯᠭ᠎ᠠ᠎ᠶ᠋ᠢ ᠢᠯᠡᠷᠡᠭᠦᠯᠦᠭ᠌ᠰᠡᠨ ᠪᠠᠢᠨ᠎ᠠ᠂ ᠡᠭᠦᠨ ᠦ ᠬᠠᠮᠲᠤ ᠰᠣᠨᠢᠨ ᠮᠡᠳᠡᠭᠡᠨ ᠦ ᠨᠢᠭᠡᠴᠢ ᠪᠣᠯᠤᠨ ᠰᠣᠨᠢᠨ ᠮᠡᠳᠡᠭᠡᠨ᠎ᠦ ᠠᠵᠢᠯᠲᠠᠳ᠎ᠤᠨ ᠱᠢᠷᠭᠠᠭᠤ ᠴᠢᠷᠮᠠᠢᠯᠭ᠎ᠠ᠎ᠡᠴᠡ ᠰᠠᠯᠵᠤ ᠴᠢᠳᠠᠬᠤ ᠦᠭᠡᠢ ᠶᠤᠮ ᠭᠡᠵᠦ ᠢᠯᠡᠳᠭᠡᠪᠡ᠃
ᠸᠠᠩ ᠬ᠍ᠤ ᠨᠢᠩ᠂ ᠶᠡᠬᠡ ᠬᠤᠷᠠᠯ᠎ᠤᠨ ᠬᠤᠭᠤᠴᠠᠭᠠᠨ᠎ᠳᠤ᠂ ᠰᠣᠨᠢᠨ ᠮᠡᠳᠡᠭᠡᠨ᠎ᠦ ᠨᠢᠭᠡᠴᠢ ᠪᠦᠬᠦ᠌ ᠲᠠᠯ᠎ᠠ᠎ᠪᠠᠷ᠂ ᠤᠯᠠᠨ ᠬᠠᠷᠠᠭᠠᠰᠤ ᠡᠴᠡ ᠬᠤᠷᠠᠯ᠎ᠤᠨ ᠦᠪᠡᠳᠡᠭ᠌ᠰᠢ ᠪᠠᠢᠳᠠᠯ᠎ᠢ ᠢᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠱᠢᠨ᠎ᠡ ᠢᠯᠠᠯᠲᠠ᠎ᠶ᠋ᠢ ᠲᠡᠮᠡᠴᠡᠨ ᠤᠯᠬᠤ ᠡᠷᠡᠰ ᠪᠠᠲᠤ ᠢᠲᠡᠭᠡᠯ ᠵᠣᠷᠢᠭ᠎ᠢ ᠳᠠᠮᠵᠢᠭᠤᠯᠪᠠ᠃ ᠲᠥᠪ᠎ᠦᠨ ᠰᠣᠨᠢᠨ ᠮᠡᠳᠡᠭᠡᠨ᠎ᠦ ᠨᠢᠭᠡᠴᠢ᠎ᠨᠦᠭᠦᠳ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠦᠷᠭᠦᠯᠵᠢᠯᠡᠨ ᠬᠠᠯᠠᠮᠵᠢᠯᠠᠨ ᠲᠡᠮᠵᠢᠵᠤ᠂ ᠠᠷᠠᠳ ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢᠶᠡᠨ ᠪᠠᠳᠠᠷᠠᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠪᠦᠳᠦᠭᠡᠨ ᠪᠠᠢᠭᠤᠯᠤᠯᠲᠠ᠎ᠳᠤ ᠦᠢᠯᠡᠴᠢᠯᠡᠬᠦ᠌ ᠤᠬᠠᠭᠤᠯᠭ᠎ᠠ᠎ᠶ᠋ᠢ ᠰᠠᠢᠲᠤᠷ ᠬᠢᠵᠦ᠍᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠎ᠦ ᠲᠤᠱᠢᠶᠠᠯ ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠭᠡᠬᠦ᠌᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠤᠬᠠᠭᠤᠯᠬᠤ ᠠᠵᠢᠯ ᠢ ᠰᠠᠢᠲᠤᠷ ᠬᠢᠵᠦ᠍᠂ ᠪᠦᠬᠦ᠌ ᠶᠠᠪᠤᠴᠠ ᠶ᠋ᠢᠨ ᠠᠷᠠᠳ᠎ᠤᠨ ᠠᠷᠠᠳᠴᠢᠯᠠᠯ᠎ᠤᠨ ᠦᠯᠢᠭᠡᠷ᠂ ᠠᠷᠠᠳ ᠤᠨ ᠤᠯᠤᠰ ᠲᠦᠷᠦ᠍ ᠶ᠋ᠢᠨ ᠵᠥᠪᠯᠡᠯᠭᠡᠨ᠎ᠦ ᠦᠯᠢᠭᠡᠷ᠎ᠢ ᠰᠠᠢᠲᠤᠷ ᠶᠠᠷᠢᠬᠤ᠎ᠶ᠋ᠢ ᠬᠦᠰᠡᠵᠦ᠍ ᠪᠠᠢᠨ᠎ᠠ ᠭᠡᠵᠦ ᠢᠯᠡᠳᠭᠡᠪᠡ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠤᠯᠤᠰ ᠲᠦᠷᠦ᠍᠎ᠶ᠋ᠢᠨ ᠲᠣᠪᠴᠢᠶᠠᠨ ᠤ ᠭᠡᠱᠢᠭᠦᠨ᠂ ᠲᠥᠪ ᠦᠨ ᠤᠬᠠᠭᠤᠯᠬᠤ ᠬᠡᠯᠲᠡᠰ᠎ᠦᠨ ᠳᠠᠷᠤᠭ᠎ᠠ ᠯᠢ ᠱᠤ᠌ ᠯᠸᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠬ᠍ᠤ ᠴᠦᠨ ᠬᠤᠸᠠ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠪᠥᠭᠡᠳ ᠨᠠᠷᠢᠨ ᠪᠢᠴᠢᠭ᠎ᠦᠨ ᠳᠠᠷᠤᠭ᠎ᠠ ᠸᠠᠩ ᠳ᠋ᠦᠩ ᠹᠸᠩ ᠬᠠᠮᠲᠤ᠎ᠪᠠᠷ ᠪᠣᠯᠭᠣᠭᠠᠨ ᠦᠵᠡᠪᠡ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 10 ᠤ᠋ ᠴᠠᠬᠢᠯᠭᠠᠨ ᠮᠡᠳᠡᠭᠡ)