ᠪᠠᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠵᠤ ᠡᠷᠡᠮᠡᠭᠡᠢᠯᠡᠨ ᠤᠷᠤᠭ᠍ᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠰᠤᠭᠠᠢ
2025-03-11 09:48:50
ᠵᠣᠬᠢᠶᠠᠭ᠍ᠴᠢ᠄
ᠠᠷᠠᠳ᠎ᠤᠨ ᠡᠳᠦᠷ᠎ᠦᠨ ᠰᠣᠨᠢᠨ᠎ᠤ ᠬᠤᠷᠢᠶᠠᠨ᠎ᠤ ᠥᠭᠦᠯᠡᠯ
ᠣᠩᠱᠢᠭ᠍ᠰᠠᠨ ᠣᠳᠠᠭ᠎ᠠ᠄
★★★☆☆

— ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ ᠠᠮᠵᠢᠯᠲᠠ ᠲᠠᠶ ᠲᠡᠭᠦᠰᠦᠭ᠌ᠰᠡᠨ᠎ᠳᠦ ᠬᠠᠯᠠᠭᠤᠨ ᠪᠠᠶᠠᠷ ᠬᠦᠷᠭᠡᠶ᠎ᠡ


ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ ᠠᠭᠤᠤ ᠦᠢᠯᠡᠰ᠎ᠢ ᠴᠣᠭ᠍ᠴᠠᠯᠠᠨ᠂ ᠨᠢᠭᠡ ᠰᠡᠳᠭᠢᠯ ᠨᠢᠭᠡ ᠵᠣᠷᠢᠭ᠎ᠢᠶᠠᠷ ᠡᠭᠦᠷᠭᠡᠯᠡᠯ᠎ᠢᠶᠡᠨ ᠢᠯᠡᠷᠡᠭᠦᠯᠤᠨ᠎ᠠ᠃ 3 ᠰᠠᠷ᠎ᠠ᠎ᠶ᠋ᠢᠨ 10 ᠤ᠋ ᠡᠳᠦᠷ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ ᠵᠢᠨ ᠭᠤᠷᠪᠠᠳᠤᠭᠠᠷ ᠬᠤᠷᠠᠯ ᠡᠯ᠎ᠡ ᠵᠥᠪᠯᠡᠬᠦ᠌ ᠵᠦᠢᠯᠡᠰ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠦᠭᠡᠳ ᠪᠡᠭᠡᠵᠢᠩ᠎ᠳᠦ ᠠᠮᠵᠢᠯᠲᠠ᠎ᠲᠠᠶ ᠲᠡᠭᠦᠰᠪᠡ᠃ ᠪᠢᠳᠡ ᠶᠡᠬᠡ ᠬᠤᠷᠠᠯ᠎ᠤᠨ ᠠᠮᠵᠢᠯᠲᠠ ᠣᠯᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!

ᠡᠨᠡ ᠪᠣᠯ ᠨᠢᠭᠡ ᠤᠳᠠᠭ᠎ᠠ ᠵᠢᠨ ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭ᠌ᠰᠡᠨ ᠶᠡᠬᠡ ᠬᠤᠷᠠᠯ ᠮᠦᠨ᠃ ᠬᠤᠷᠠᠯ᠎ᠤᠨ ᠬᠤᠭᠤᠴᠠᠭᠠᠨ᠎ᠳᠤ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠵᠡᠷᠭᠡ ᠨᠠᠮ ᠪᠠ ᠲᠦᠷᠦ᠍᠎ᠶ᠋ᠢᠨ ᠤᠳᠤᠷᠢᠳᠭᠤ ᠨᠥᠬᠥᠳ ᠶᠡᠬᠡ ᠬᠤᠷᠠᠯ᠎ᠤᠨ ᠡᠬᠢᠯᠡᠯᠲᠡ᠎ᠶ᠋ᠢᠨ ᠬᠤᠷᠠᠯ ᠪᠣᠯᠤᠨ ᠲᠡᠭᠦᠰᠭᠦ ᠬᠤᠷᠠᠯ᠎ᠳᠤ ᠣᠷᠣᠯᠴᠠᠵᠤ᠂ ᠬᠤᠷᠠᠯ᠎ᠳᠤ ᠣᠷᠣᠯᠴᠠᠭ᠍ᠰᠠᠨ ᠭᠡᠱᠢᠭᠦᠳ᠎ᠢ ᠡᠷᠬᠢᠨ ᠦᠵᠡᠭ᠌ᠰᠡᠨ ᠪᠥᠭᠡᠳ ᠲᠤᠭᠤᠢᠯᠠᠩ ᠬᠠᠮᠳᠤᠷᠠᠬᠰᠡᠨ ᠬᠤᠷᠠᠯ ᠳ᠋ᠤ ᠣᠷᠣᠯᠴᠠᠵᠤ᠂ ᠭᠡᠱᠢᠭᠦᠳ᠎ᠲᠡᠶ ᠬᠠᠮᠲᠤ᠎ᠪᠠᠷ ᠤᠯᠤᠰ ᠤ᠋ᠨ ᠶᠠᠪᠤᠳᠠᠯ᠎ᠢ ᠵᠥᠪᠯᠡᠪᠡ᠃ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠤᠨ ᠬᠢᠨᠠᠨ ᠵᠥᠪᠯᠡᠵᠦ᠍᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠳᠤ ᠰᠤᠯᠠ ᠣᠷᠣᠯᠴᠠᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠵᠢᠴᠢ ᠪᠤᠰᠤᠳ ᠬᠣᠯᠪᠣᠭ᠍ᠳᠠᠯ ᠪᠦᠬᠦᠢ ᠮᠡᠳᠡᠭᠦᠯᠦᠯᠲᠡ᠎ᠶ᠋ᠢ ᠰᠣᠨᠣᠰᠤᠨ ᠶᠠᠷᠢᠯᠴᠠᠵᠤ᠂ ᠭᠦᠨᠵᠡᠭᠡᠢ ᠵᠥᠪᠯᠡᠨ ᠶᠠᠷᠢᠯᠴᠠᠵᠤ᠂ ᠢᠳᠡᠪᠬᠢᠲᠡᠢ᠎ᠪᠡᠷ ᠠᠷᠭ᠎ᠠ ᠤᠬᠠᠭᠠᠨ ᠭᠠᠷᠭᠠᠨ ᠵᠠᠰᠠᠭ ᠲᠤ᠌ ᠲᠤᠰᠠᠯᠠᠵᠤ᠂ ᠲᠦᠷᠦ᠍᠎ᠶ᠋ᠢᠨ ᠶᠠᠪᠤᠳᠠᠯ᠎ᠢ ᠵᠥᠪᠯᠡᠭ᠌ᠰᠡᠨ ᠡᠯᠪᠡᠭ ᠦᠷ᠎ᠡ ᠪᠦᠳᠦᠮᠵᠢ ᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ᠎ᠳᠦ᠂ ᠶᠡᠬᠡ ᠬᠤᠷᠠᠯ᠎ᠨᠢ ᠢᠳᠡᠪᠬᠢ ᠬᠦᠴᠦᠨ᠎ᠢ ᠨᠢᠭ᠍ᠲᠠᠷᠠᠭᠤᠯᠵᠤ᠂ ᠡᠷᠴᠢ ᠵᠣᠷᠢᠭ᠎ᠢ ᠬᠥᠪᠴᠢᠯᠡᠵᠦ᠍᠂ ᠮᠠᠨ᠎ᠤ ᠤᠯᠤᠰ᠎ᠤᠨ ᠪᠥᠬᠥ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠪᠠᠢᠭᠤᠯᠤᠯ᠎ᠤᠨ ᠳᠠᠪᠠᠭᠤᠯᠢᠭ ᠪᠠ ᠥᠷᠨᠢᠭᠦᠨ ᠪᠠᠳᠠᠷᠠᠩᠭᠤᠶ ᠠᠮᠢᠵᠢᠷᠠᠯ᠎ᠤᠨ ᠬᠦᠴᠦᠨ᠎ᠢ ᠭᠦᠶ᠋ᠴᠡᠳ ᠢᠯᠡᠷᠡᠭᠦᠯᠪᠡ᠃

ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠦᠬᠦ᠌ ᠠᠷᠠᠳ ᠲᠦᠮᠡᠨ᠎ᠦ ᠬᠠᠮᠲᠤ᠎ᠶ᠋ᠢᠨ ᠦᠢᠯᠡᠰ ᠮᠥᠨ᠂ ᠪᠠᠰᠠ ᠴᠤ᠌ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠦᠨ ᠬᠠᠮᠲᠤ᠎ᠶ᠋ᠢᠨ ᠬᠦᠰᠡᠯ ᠡᠷᠡᠮᠡᠯᠵᠡᠯ ᠪᠠᠢᠵᠤ᠂ ᠬᠡᠳᠦᠨ ᠦᠶ᠎ᠡ᠎ᠶ᠋ᠢᠨ ᠬᠥᠮᠦᠰ᠎ᠦᠨ ᠬᠠᠮᠲᠤ᠎ᠶ᠋ᠢᠨ ᠲᠡᠮᠡᠴᠡᠯ᠎ᠢ ᠨᠢᠭ᠍ᠲᠠᠷᠠᠭᠤᠯᠵᠤ ᠪᠠᠢᠳᠠᠭ᠃ ᠣᠳᠣᠬᠠᠨ᠎ᠳᠤ᠂ ᠬᠦᠴᠤᠷᠭᠡᠭ ᠤᠯᠤᠰ ᠤ᠋ᠨ ᠪᠦᠲᠦᠭᠡᠨ ᠪᠠᠢᠭᠤᠯᠤᠯᠲᠠ ᠨᠢᠭᠡᠨᠲᠡ ᠰᠦᠷ ᠵᠢᠪᠬᠤᠯᠠᠩᠲᠤ ᠬᠠᠭᠤᠳᠠᠰᠤ᠎ᠶ᠋ᠢ ᠳᠡᠯᠭᠡᠭ᠌ᠰᠡᠨ ᠪᠥᠭᠡᠳ ᠬᠢᠵᠠᠭᠠᠯᠠᠰᠢ ᠦᠭᠡᠢ ᠭᠡᠭᠡᠨ ᠰᠠᠷᠠᠭᠤᠯ ᠢᠷᠡᠭᠡᠳᠦᠢ᠎ᠲᠡᠶ ᠪᠤᠯᠵᠤ᠂ ᠳᠤᠮᠳᠠᠳᠤ᠎ᠶ᠋ᠢᠨ ᠦᠨᠳᠦᠰᠦᠲᠡᠨ ᠶᠠᠭ ᠬᠤᠷᠢᠭ᠍ᠯᠠᠭ᠍ᠳᠠᠰᠢ ᠦᠭᠡᠢ ᠠᠯᠬᠤᠭ᠎ᠠ᠎ᠪᠠᠷ ᠠᠭᠤᠤ ᠶᠡᠬᠡ ᠰᠡᠷᠭᠦᠨ ᠮᠠᠨᠳᠤᠯᠲᠠ ᠲᠡᠢᠰᠢ ᠤᠷᠤᠭ᠍ᠰᠢᠯᠠᠵᠤ ᠪᠠᠢᠨ᠎ᠠ᠃ ᠬᠠᠷᠠᠯᠲᠠ᠎ᠳᠤ ᠣᠢᠷᠠᠳᠭᠤ ᠳᠤᠳᠤᠮ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠤᠯᠠᠮ ᠪᠠᠲᠤᠯᠠᠵᠤ᠂ ᠬᠦᠴᠦᠷᠬᠡᠭ ᠶᠡᠬᠡ ᠬᠠᠮᠲᠤᠷᠠᠯ ᠬᠦᠴᠦᠨ᠎ᠢ ᠤᠯᠠᠮ ᠨᠢᠭ᠍ᠲᠠᠷᠠᠭᠤᠯᠵᠤ᠂ ᠪᠦᠬᠦ᠌ ᠳᠤᠮᠳᠠᠳᠤ᠎ᠶ᠋ᠢᠨ ᠬᠥᠪᠡᠭᠦᠳ ᠥᠬᠢᠳ᠎ᠢ ᠳᠠᠢ᠌ᠴᠢᠯᠠᠨ ᠬᠠᠮᠲᠤ᠎ᠪᠠᠷ ᠪᠣᠳᠣᠯᠬᠢᠯᠠᠵᠤ᠂ ᠬᠠᠮᠲᠤ᠎ᠪᠠᠷ ᠠᠵᠢᠯᠯᠠᠬᠤ ᠬᠡᠷᠡᠭ᠌ᠲᠡᠢ᠃

ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌ ᠪᠣᠯ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢ᠎ᠶ᠋ᠢ ᠪᠡᠬᠢᠵᠢᠭᠦᠯᠬᠦ᠌ ᠭᠣᠣᠯ ᠲᠡᠩᠭᠡᠯᠢᠭ ᠮᠥᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠶᠡᠷᠦᠩᠬᠡᠢᠯᠡᠨ ᠵᠢᠯᠣᠭᠣᠳᠭᠤ ᠶᠡᠷᠦᠩᠬᠡᠢ ᠬᠥᠲᠥᠯᠪᠦᠷᠢ ᠮᠥᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠬᠤ ᠪᠣᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠬᠥᠭ᠌ᠵᠢᠯᠲᠡ ᠳᠠᠪᠱᠢᠯᠲᠠ᠎ᠶ᠋ᠢᠨ ᠦᠨᠳᠦᠰᠦᠨ ᠪᠠᠲᠤᠯᠠᠭ᠎ᠠ ᠮᠥᠨ᠃ ᠤᠯᠤᠰ ᠲᠦᠷᠦ᠍᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠪᠠᠲᠤ ᠡᠵᠡᠮᠳᠡᠵᠦ᠍᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠣᠯᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠲᠤᠬᠠᠢ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠦᠨ ᠤᠶᠤᠨ ᠤᠬᠠᠭᠠᠨ ᠪᠣᠯᠤᠨ ᠬᠦᠴᠦᠨ ᠴᠢᠳᠠᠯ᠎ᠢ ᠨᠢᠭ᠍ᠲᠠᠷᠠᠭᠤᠯᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠪᠡᠯ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠯᠠᠪᠲᠠᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠥᠮᠦᠰ᠎ᠦᠨ ᠰᠡᠳᠭᠢᠯ᠎ᠢ ᠥᠷᠭᠡᠨ᠎ᠢᠶᠡᠷ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠤᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠵᠦ᠍ ᠴᠢᠳᠠᠨ᠎ᠠ᠃

ᠪᠦᠯᠬᠦᠮᠳᠡᠯ ᠪᠣᠯ ᠬᠦᠴᠦᠨ ᠮᠥᠨ᠂ ᠪᠦᠯᠬᠦᠮᠳᠡᠪᠡᠯ ᠰᠠᠶᠢ ᠢᠯᠠᠯᠲᠠ ᠣᠯᠵᠤ ᠴᠢᠳᠠᠨ᠎ᠠ᠃ ᠪᠢᠳᠡᠨ᠎ᠦ ᠠᠬᠢᠭᠤᠯᠬᠤ ᠭᠡᠵᠦ᠍ ᠪᠠᠢᠭ᠎ᠠ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ ᠪᠣᠯ ᠨᠠᠮ ᠲᠣᠭ᠍ᠲᠠᠭᠤᠨ ᠪᠠᠢᠳᠠᠯ᠎ᠤᠨ ᠳᠣᠣᠷ᠎ᠠ ᠠᠮᠵᠢᠯᠲᠠ ᠤᠯᠬᠤ ᠪᠢᠰᠢ᠂ ᠰᠣᠷᠭᠣᠭ ᠴᠡᠴᠡᠭ ᠠᠯᠠᠭ᠎ᠠ ᠲᠠᠱᠢᠯᠲᠠ᠎ᠶ᠋ᠢᠨ ᠳᠤᠮᠳᠠ ᠠᠮᠵᠢᠯᠲᠠ᠎ᠪᠠᠨ ᠡᠳ᠋ᠯᠡᠬᠦ᠌ ᠪᠢᠰᠢ ᠶᠤᠮ᠂ ᠤᠷᠤᠭ᠍ᠰᠢᠯᠠᠯᠲᠠ᠎ᠶ᠋ᠢᠨ ᠵᠠᠮ ᠳᠡᠭᠡᠷ᠎ᠡ ᠵᠠᠢᠯᠠᠰᠢ ᠦᠭᠡᠢ ᠬᠦᠴᠢᠷ ᠪᠡᠷᠬᠡᠱᠢᠶᠡᠯ ᠬᠠᠷᠰᠢ ᠰᠠᠭᠠᠳ᠂ ᠠᠶᠤᠯ ᠲᠦᠭᠰᠢᠭᠦᠷᠢ ᠴᠢᠨᠠᠭ᠍ᠰᠢᠯᠠᠪᠠᠯ ᠲᠤᠬ᠍ᠰᠢᠨ ᠳᠠᠪᠠᠯᠭᠠᠨ ᠱᠢᠷᠦᠭᠦᠨ ᠳᠣᠯᠭᠢᠶᠠᠨ᠎ᠳᠤ ᠤᠴᠠᠷᠠᠬᠤ ᠶᠤᠮ᠃ ᠪᠦᠯᠬᠦᠮᠳᠡᠨ ᠲᠡᠮᠡᠴᠡᠬᠦ᠌ ᠪᠣᠯ ᠳᠤᠮᠳᠠᠳᠤ ᠤᠯᠤᠰ᠎ᠤᠨ ᠠᠷᠠᠳ ᠲᠦᠮᠡᠨ᠎ᠦ ᠲᠡᠦᠬᠡ᠎ᠶ᠋ᠢᠨ ᠠᠭᠤᠤ ᠦᠢᠯᠡᠰ᠎ᠢ ᠡᠭᠦᠳᠦᠨ ᠪᠦᠲᠦᠭᠡᠬᠦ᠌᠎ᠶ᠋ᠢᠨ ᠵᠠᠢᠯᠠᠰᠢ ᠦᠭᠡᠢ ᠶᠠᠪᠤᠬᠤ ᠵᠠᠮ ᠮᠥᠨ᠃ ᠨᠠᠮ᠎ᠤᠨ ᠤᠳᠤᠷᠢᠳᠤᠯᠭ᠎ᠠ ᠳᠣᠣᠷ᠎ᠠ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠬᠠᠮᠤᠭ᠎ᠤᠨ ᠶᠡᠬᠡ ᠢᠵᠢᠯᠢ ᠲᠥᠪᠲᠦ ᠲᠣᠭᠣᠷᠢᠭ᠎ᠢ ᠰᠠᠢᠲᠤᠷ ᠵᠢᠷᠤᠳᠠᠭ ᠯᠠ ᠶᠤᠮ ᠪᠣᠯ ᠪᠦᠲᠦᠭᠡᠵᠦ᠍ ᠳᠡᠢᠯᠬᠦ᠌ ᠦᠭᠡᠢ ᠦᠢᠯᠡᠰ ᠭᠡᠵᠦ᠍ ᠦᠭᠡᠢ᠂ ᠳᠠᠪᠠᠵᠤ ᠳᠡᠢᠯᠬᠦ᠌ ᠦᠭᠡᠢ ᠬᠦᠴᠢᠷ ᠭᠡᠵᠦ᠍ ᠦᠭᠡᠢ ᠶᠤᠮ᠃ ᠬᠠᠮᠤᠭ᠎ᠤᠨ ᠥᠷᠭᠡᠨ ᠳᠡᠯᠭᠡᠷ ᠡᠬᠡ ᠣᠷᠣᠨᠴᠢ ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ ᠪᠣᠯᠤᠭ᠍ᠰᠠᠨ᠎ᠤ ᠬᠤᠪᠢ᠎ᠳᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠨᠢ ᠶᠡᠬᠡ ᠪᠦᠯᠬᠦᠮᠳᠡᠯ ᠶᠡᠬᠡ ᠬᠣᠯᠪᠣᠭᠠᠯᠠᠯ᠎ᠢ ᠪᠠᠷᠢᠮᠲᠠᠯᠠᠵᠤ᠂ ᠨᠢᠭᠡᠳᠦᠯᠲᠦ ᠴᠢᠨᠠᠷ ᠪᠠ ᠤᠯᠠᠨ ᠶᠠᠩᠵᠤᠲᠤ ᠴᠢᠨᠠᠷ᠎ᠤᠨ ᠬᠠᠷᠢᠴᠠᠭ᠎ᠠ᠎ᠶ᠋ᠢ ᠵᠥᠪ᠎ᠢᠶᠡᠷ ᠱᠢᠢᠳᠪᠦᠷᠢᠯᠡᠬᠦ᠌᠎ᠶ᠋ᠢ ᠪᠠᠷᠢᠮᠲᠠᠯᠠᠵᠤ᠂ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢ᠎ᠶ᠋ᠢ ᠲᠠᠰᠤᠷᠠᠯᠲᠠ ᠦᠭᠡᠢ ᠪᠡᠬᠢᠵᠢᠭᠦᠯᠵᠦ᠍᠂ ᠳᠤᠮᠳᠠᠳᠤ᠎ᠶ᠋ᠢᠨ ᠬᠥᠪᠡᠭᠦᠳ ᠥᠬᠢᠳ᠎ᠦᠨ ᠶᠡᠬᠡ ᠪᠦᠯᠬᠦᠮᠳᠡᠯ᠎ᠢ ᠤᠬᠠᠮᠰᠠᠷ᠎ᠡᠴᠡ᠎ᠪᠠᠨ ᠠᠬᠢᠭᠤᠯᠵᠤ᠂ ᠳᠠᠢ᠌ᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ᠎ᠢ ᠳᠠᠢ᠌ᠴᠢᠯᠠᠵᠤ᠂ ᠪᠦᠯᠬᠦᠮᠳᠡᠵᠦ᠍ ᠪᠣᠯᠬᠤ ᠬᠦᠴᠦᠨ ᠪᠦᠬᠦᠨ᠎ᠲᠡᠶ ᠪᠦᠯᠬᠦᠮᠳᠡᠵᠦ᠍᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌ ᠠᠤᠭ᠎ᠠ ᠶᠡᠬᠡ ᠬᠦᠴᠦᠨ᠎ᠢ ᠪᠦᠷᠢᠯᠳᠦᠭᠦᠯᠬᠦ᠌᠎ᠶ᠋ᠢ ᠠᠬᠢᠭᠤᠯᠬᠤ ᠬᠡᠷᠡᠭ᠌ᠲᠡᠢ᠃

ᠵᠥᠪᠯᠡᠬᠦ᠌ ᠠᠷᠠᠳᠴᠢᠯᠠᠯ ᠪᠣᠯ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠴᠢᠬᠤᠯᠠ ᠪᠦᠷᠢᠯᠳᠦᠬᠦᠨ ᠬᠡᠰᠡᠭ ᠮᠥᠨ᠃ ᠶᠡᠷᠦᠩᠬᠡᠢ ᠱᠦᠵᠢ ᠰᠢ ᠵᠢᠨ ᠫᠢᠩ᠂ 《ᠵᠥᠪᠯᠡᠬᠦ᠌ ᠠᠷᠠᠳᠴᠢᠯᠠᠯ᠎ᠢ ᠪᠦᠬᠦ᠌ ᠲᠠᠯ᠎ᠠ᠎ᠪᠠᠷ ᠬᠥᠭ᠌ᠵᠢᠭᠦᠯᠬᠦ᠌᠎ᠳᠦ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠤᠯᠤᠰ ᠲᠦᠷᠦ᠍᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ》 ᠭᠡᠵᠦ᠍ ᠵᠢᠭᠠᠵᠤ ᠭᠠᠷᠭᠠᠪᠠ᠃ ᠵᠣᠬᠢᠶᠠᠮᠠᠯ ᠤᠶᠤᠨ ᠴᠢᠳᠠᠪᠤᠷᠢ᠂ ᠤᠢᠷ᠎ᠠ ᠣᠭ᠍ᠲᠠᠷᠭᠤᠢ᠎ᠶ᠋ᠢᠨ ᠠᠵᠤ ᠠᠬᠤᠢ ᠵᠡᠷᠭᠡ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠬᠥᠭ᠌ᠵᠢᠭᠦᠯᠬᠦ᠌᠎ᠡᠴᠡ ᠠᠵᠤ ᠠᠬᠤᠢ ᠨᠡᠢᠭᠡᠮ᠎ᠦᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠬᠤ ᠬᠦᠷᠲᠡᠯ᠎ᠡ᠂ ᠲᠠᠬᠢᠭᠠᠳ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠦᠷᠲᠡᠯ᠎ᠡ᠂ ᠶᠡᠬᠡ ᠬᠤᠷᠠᠯ᠎ᠤᠨ ᠬᠤᠭᠤᠴᠠᠭᠠᠨ᠎ᠳᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ 《ᠤᠯᠤᠰ᠎ᠤᠨ ᠶᠡᠬᠡ ᠶᠠᠪᠤᠳᠠᠯ》᠂ ᠠᠷᠠᠳ᠎ᠤᠨ ᠠᠩᠬᠠᠷᠴᠤ ᠪᠠᠢᠭ᠎ᠠ ᠠᠰᠠᠭᠤᠳᠠᠯ ᠤ᠋ᠨ ᠲᠣᠭᠣᠷᠢᠨ᠎ᠳᠤ ᠰᠠᠢ᠌ᠨ ᠰᠠᠨᠠᠭᠤᠯᠭ᠎ᠠ ᠳᠤᠷᠠᠳᠴᠤ᠌᠂ ᠰᠠᠢ᠌ᠨ ᠳᠠᠭᠤᠨ᠎ᠢ ᠴᠤᠤᠷᠢᠶᠠᠲᠤᠭᠤᠯᠵᠤ᠂ ᠮᠠᠨ᠎ᠤ ᠤᠯᠤᠰ᠎ᠤᠨ ᠵᠥᠪᠯᠡᠬᠦ᠌ ᠠᠷᠠᠳᠴᠢᠯᠠᠯ᠎ᠤᠨ ᠥᠪᠡᠷᠮᠢᠴᠡ ᠳᠠᠪᠠᠭᠤᠯᠢᠭ᠎ᠢ ᠭᠦᠢᠴᠡᠳ ᠢᠯᠡᠷᠡᠭᠦᠯᠪᠡ᠃ ᠢᠷᠡᠭᠡᠳᠦᠢ᠎ᠳᠦ ᠬᠠᠨᠳᠤᠨ᠂ ᠠᠷᠠᠳᠴᠢᠯᠠᠯ᠎ᠢ ᠪᠠᠳᠠᠷᠠᠭᠤᠯᠬᠤ ᠪᠠ ᠪᠦᠯᠬᠦᠮᠳᠡᠯ᠎ᠢ ᠴᠢᠩᠭᠠᠳᠭᠠᠬᠤ᠎ᠶ᠋ᠢ ᠬᠠᠷᠢᠯᠴᠠᠨ ᠨᠡᠪᠲᠡᠷᠡᠯᠴᠡᠭᠦᠯᠬᠦ᠌᠂ ᠠᠷᠭ᠎ᠠ ᠤᠬᠠᠭᠠᠨ ᠭᠠᠷᠭᠠᠨ ᠵᠠᠰᠠᠭ ᠲᠤ᠌ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠬᠣᠣᠰ ᠴᠢᠭ᠌ᠯᠡᠯ᠎ᠢᠶᠡᠷ ᠬᠦᠴᠦᠯᠡᠬᠦ᠌ ᠵᠢᠷᠤᠮ᠎ᠤᠨ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠵᠥᠪᠯᠡᠬᠦ᠌ ᠠᠷᠠᠳᠴᠢᠯᠠᠯ᠎ᠢ ᠥᠷᠭᠡᠨ ᠳᠡᠯᠭᠡᠷ ᠤᠯᠠᠨ ᠳᠠᠪᠬᠤᠷᠭ᠎ᠠ᠎ᠪᠠᠷ ᠳᠦᠷᠢᠮᠵᠢᠭᠦᠯᠦᠨ ᠬᠥᠭ᠌ᠵᠢᠭᠦᠯᠬᠦ᠌᠎ᠶ᠋ᠢ ᠲᠠᠰᠤᠷᠠᠯᠳᠠ ᠦᠭᠡᠢ ᠠᠬᠢᠭᠤᠯᠤᠨ᠂ ᠤᠯᠤᠰ ᠲᠦᠷᠦ᠍᠎ᠶ᠋ᠢᠨ ᠵᠥᠪᠯᠡᠯᠭᠡ ᠬᠢᠬᠦ᠌᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠳᠦᠷᠦ᠍ ᠵᠢᠨ ᠶᠠᠪᠤᠳᠠᠯ ᠳ᠋ᠤ ᠤᠷᠤᠯᠴᠠᠵᠥ᠍ ᠳᠦᠷᠦ᠍ ᠵᠢᠨ ᠶᠠᠪᠤᠳᠠᠯ᠎ᠢ ᠵᠦᠪᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠦᠨᠡᠨ ᠬᠦ᠌ ᠵᠥᠪᠯᠡᠯᠭᠡ᠎ᠬᠢᠬᠦ ᠪᠡᠷ ᠳᠠᠮᠵᠢᠭᠤᠯᠤᠨ ᠠᠷᠭ᠎ᠠ ᠤᠬᠠᠭᠠᠨ ᠭᠠᠷᠭᠠᠵᠤ᠂ ᠬᠠᠮᠲᠤ᠎ᠶ᠋ᠢᠨ ᠲᠠᠨᠢᠯᠲᠠ ᠭᠠᠷᠭᠠᠵᠤ᠂ ᠬᠠᠢᠷ᠎ᠠ ᠰᠡᠳᠭᠢᠯᠭᠡ ᠭᠠᠷᠭᠠᠵᠤ᠂ ᠪᠦᠯᠬᠦᠮᠳᠡᠯ ᠭᠠᠷᠭᠠᠵᠤ ᠴᠢᠳᠠᠪᠠᠯ᠂ ᠯᠠᠪᠲᠠᠢ ᠴᠢᠨᠠᠷ ᠰᠠᠢᠲᠠᠢ ᠵᠥᠪᠯᠡᠯᠭᠡ ᠬᠢᠬᠦ᠌᠂ ᠥᠨᠳᠥᠷ ᠲᠦᠪᠱᠢᠨ ᠪᠦᠬᠦᠢ ᠰᠠᠨᠠᠯ ᠰᠠᠨᠠᠭᠤᠯᠭ᠎ᠠ ᠳᠤᠷᠠᠳᠭᠤ᠎ᠪᠠᠷ ᠳᠠᠮᠵᠢᠭᠤᠯᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠪᠦᠳᠦᠭᠡᠨ ᠪᠠᠢᠭᠤᠯᠤᠯᠲᠠ᠎ᠶ᠋ᠢᠨ ᠶᠡᠬᠡ ᠲᠠᠯ᠎ᠠ᠎ᠳᠤ ᠨᠡᠩ ᠰᠠᠢᠲᠤᠷ ᠦᠢᠯᠡᠴᠢᠯᠡᠵᠦ᠍ ᠴᠢᠳᠠᠨ᠎ᠠ᠃

ᠨᠢᠭᠡᠨᠲᠡ ᠲᠣᠭ᠍ᠲᠠᠭ᠍ᠰᠠᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠵᠤ᠂ 《ᠳᠤᠮᠳᠠᠳᠤ ᠤᠯᠤᠰ ᠨᠡᠷᠡᠮᠵᠢᠲᠦ》 ᠲᠤᠮᠤ ᠬᠥᠯᠭᠡ ᠣᠩᠭᠣᠴᠠ ᠲᠤᠰᠤ ᠨᠡᠮᠡᠨ᠂ ᠵᠠᠯᠠᠭᠤᠷ᠎ᠢᠶᠠᠨ ᠯᠠᠪᠳᠠᠭᠤᠨ ᠠᠳᠭᠤᠵᠤ᠂ ᠡᠷᠴᠢ ᠵᠣᠷᠢᠭ᠎ᠢᠶᠠᠨ ᠬᠥᠪᠴᠢᠯᠡᠨ᠂ ᠳᠠᠷᠪᠠᠭᠤᠯ ᠬᠡᠢᠰᠭᠡᠨ ᠬᠤᠯᠠ ᠠᠶᠠᠯᠠᠨ᠎ᠠ᠃ ᠪᠢᠳᠡ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠬᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠵᠠᠮ ᠨᠡᠭᠡᠭᠡᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠱᠢᠨ᠎ᠡ ᠠᠶᠠᠨ᠎ᠳᠤ ᠨᠠᠩ ᠶᠡᠬᠡ ᠱᠢᠨ᠎ᠡ ᠬᠡᠷᠡᠯ ᠰᠠᠴᠤᠷᠠᠩᠭᠤᠶ ᠠᠮᠵᠢᠯᠲᠠ᠎ᠶ᠋ᠢ ᠬᠠᠮᠲᠤ᠎ᠪᠠᠷ ᠡᠭᠦᠳᠦᠶ᠎ᠡ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 10᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号