ᠳᠤᠮᠳᠠᠳᠤ ᠤᠯᠤᠰ ᠎ᠤᠨ ᠠᠷᠠᠳ ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠭᠤᠷᠪᠠᠳᠤᠭᠠᠷ ᠬᠤᠷᠠᠯ ᠤ᠋ᠨ ᠤᠯᠤᠰ ᠲᠥᠷᠥ᠎ᠶ᠋ᠢᠨ ᠱᠢᠶ᠋ᠳᠪᠦᠷᠢ
2025-03-11 10:05:21
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2025 ᠣᠨ ᠎ᠤ  3 ᠰᠠᠷ᠎ᠠ᠎ᠶ᠋ᠢᠨ 10  ᠤ᠋ ᠡᠳᠦᠷ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ  ᠬᠤᠭᠤᠴᠠᠭᠠᠨ ᠎ᠤ ᠪᠥᠬᠥ᠌ ᠤᠯᠤᠰ᠎ᠤᠨ ᠬᠣᠷᠢᠶ᠎ᠠ ᠵᠢᠨ ᠭᠤᠷᠪᠠᠳᠤᠭᠠᠷ ᠬᠤᠷᠠᠯ᠎ᠡᠴᠡ ᠪᠠᠲᠤᠯᠠᠪᠠ)


ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠣᠷᠢᠶ᠎ᠠ ᠵᠢᠨ ᠭᠤᠷᠪᠠᠳᠤᠭᠠᠷ ᠬᠤᠷᠠᠯ 2025 ᠣᠨ᠎ᠤ 3 ᠰᠠᠷ᠎ᠠ᠎ᠶ᠋ᠢᠨ 4 ᠡᠴᠡ 10 ᠤ᠋ ᠡᠳᠦᠷ  ᠪᠣᠯᠲᠠᠯ᠎ᠠ ᠪᠡᠭᠡᠵᠢᠩ᠎ᠳᠦ ᠬᠤᠷᠠᠯᠳᠤᠪᠠ᠃

ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ  ᠰᠢ ᠵᠢᠨ ᠫᠢᠩ  ᠵᠡᠷᠭᠡ  ᠨᠠᠮ  ᠪᠠ ᠲᠦᠷᠦ᠍᠎ᠶ᠋ᠢᠨ ᠤᠳᠤᠷᠢᠳᠭᠤ ᠨᠥᠬᠥᠳ ᠬᠤᠷᠠᠯ᠎ᠳᠤ ᠣᠷᠣᠯᠴᠠᠵᠤ᠂ ᠭᠡᠱᠢᠭᠦᠳ᠎ᠲᠡᠶ ᠤᠯᠤᠰ ᠤ᠋ᠨ ᠶᠠᠪᠤᠳᠠᠯ᠎ᠢ ᠬᠠᠮᠳᠦ ᠪᠡᠷ ᠵᠥᠪᠯᠡᠪᠡ᠃ ᠬᠤᠷᠠᠯ᠎ᠡᠴᠡ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠭᠡᠵᠦ᠍ ᠂ ᠪᠣᠳᠠᠲᠠᠢ᠎ᠶ᠋ᠢ ᠡᠷᠬᠢᠮᠯᠡᠨ ᠵᠥᠪᠯᠡᠯᠭᠡ ᠬᠢᠵᠦ᠍ ᠲᠦᠷᠦ᠍᠎ᠶ᠋ᠢᠨ ᠶᠠᠪᠤᠳᠠᠯ᠎ᠢ ᠵᠥᠪᠯᠡᠵᠦ᠍᠂ ᠡᠯ᠎ᠡ ᠵᠦᠢᠯ᠎ᠦᠨ ᠵᠥᠪᠯᠡᠬᠦ᠌ ᠵᠦᠢᠯ᠎ᠢᠶᠡᠨ ᠪᠡᠶᠡᠯᠡᠭᠦᠯᠵᠦ᠍᠂ ᠴᠢᠬᠤᠯᠠ ᠦᠷ᠎ᠡ ᠪᠦᠲᠦᠭᠡᠯ ᠤᠯᠪᠠ᠃

ᠬᠤᠷᠠᠯ᠎ᠡᠴᠡ ᠸᠠᠩ ᠬᠤ᠌ ᠨᠢᠩ᠎ᠦᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠪᠠᠢᠩᠭᠤ᠎ᠶ᠋ᠢᠨ ᠬᠣᠷᠢᠶ᠎ᠠ ᠵᠢᠨ ᠡᠮᠦᠨ᠎ᠡ ᠡᠴᠡ ᠬᠢᠭ᠌ᠰᠡᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠵᠥᠪᠱᠢᠶᠡᠷᠡᠨ᠂ ᠵᠢᠶᠠᠩ ᠽᠦᠸᠧ ᠵᠢᠶᠦ᠋ᠨ᠎ᠦ ᠬᠢᠭ᠌ᠰᠡᠨ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠵᠦ᠍ ᠵᠥᠪᠱᠢᠶᠡᠷᠡᠪᠡ᠃ ᠭᠡᠱᠢᠭᠦᠳ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠳᠤ ᠰᠤᠯᠠ ᠣᠷᠣᠯᠴᠠᠵᠤ᠂ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠨ ᠶᠠᠷᠢᠯᠴᠠᠵᠤ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ  ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢ  ᠰᠤᠨᠤᠰᠤᠨ  ᠶᠠᠷᠢᠯᠴᠠᠵᠤ᠂ ᠪᠤᠰᠤᠳ ᠬᠣᠯᠪᠣᠭ᠍ᠳᠠᠯ ᠪᠦᠬᠦᠢ ᠮᠡᠳᠡᠭᠦᠯᠦᠯᠲᠡ᠎ᠶ᠋ᠢ ᠶᠠᠷᠢᠯᠴᠠᠵᠤ᠂ ᠵᠥᠪᠱᠢᠶᠡᠷᠡᠵᠦ᠍ ᠪᠠᠢᠬᠤ᠎ᠪᠠᠨ ᠢᠯᠡᠳᠭᠡᠭ᠌ᠰᠡᠨ ᠪᠥᠭᠡᠳ ᠰᠠᠨᠠᠯ ᠰᠠᠨᠠᠭᠤᠯᠭ᠎ᠠ ᠳᠤᠷᠠᠳᠴᠠᠢ᠃

ᠬᠤᠷᠠᠯ᠎ᠡᠴᠡ᠂ ᠥᠩᠭᠡᠷᠡᠭ᠌ᠰᠡᠨ ᠨᠢᠭᠡ ᠵᠢᠯ ᠳ᠋ᠤ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠪᠥᠬᠥ᠌ ᠨᠠᠮ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭ᠍ᠲᠠᠭᠤᠨ᠎ᠢᠶᠡᠷ ᠬᠤᠪᠢᠷᠠᠯᠳᠠ ᠵᠢ ᠠᠷᠭᠠᠴᠠᠭᠠᠵᠤ᠂ ᠶᠡᠷᠦᠩᠬᠡᠢᠯᠡᠭᠰᠡᠨ ᠠᠷᠭ᠎ᠠ ᠪᠤᠳᠤᠯᠭ᠎ᠠ ᠬᠡᠷᠡᠭ᠌ᠵᠢᠭᠦᠯᠵᠤ᠂ ᠬᠦᠴᠢᠷ ᠢ᠋ ᠲᠤᠭᠤᠯᠤᠨ ᠪᠠᠷᠭᠡ ᠵᠢ ᠲᠠᠪᠠᠵᠤ᠂ ᠡᠷᠡᠮᠡᠬᠡᠢᠯᠡᠨ ᠤᠷᠤᠭ᠍ᠰᠢᠯᠠᠵᠤ᠂ ᠠᠵᠤ ᠠᠬᠤᠢ᠎ᠶ᠋ᠢᠨ ᠠᠵᠢᠯᠯᠠᠭᠠᠨ ᠶᠡᠷᠦᠩᠬᠡᠢ᠎ᠳᠡᠭᠡᠨ ᠲᠣᠭ᠍ᠲᠠᠭᠤᠨ᠎ᠪᠠᠢᠬᠤ ᠵᠢ ᠪᠠᠳᠤᠯᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠰᠢᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠢᠷᠡᠵᠤ᠂ ᠨᠡᠢᠭᠡᠮ ᠵᠢᠷᠤᠮ᠎ᠤᠨ ᠰᠣᠶᠣᠯ ᠴᠡᠴᠡᠭ᠌ᠯᠡᠨ ᠬᠥᠭ᠌ᠵᠢᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠯᠠᠪᠳᠠᠭᠤᠨ ᠪᠥᠭᠡᠳ ᠬᠦᠴᠦᠲᠡᠶ ᠪᠤᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠢᠵᠢᠷᠠᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠲᠤᠮᠤ ᠤᠯᠤᠰ᠎ᠤᠨ ᠭᠠᠳᠠᠭᠠᠳᠤ ᠬᠠᠷᠢᠯᠴᠠᠭ᠎ᠠ ᠱᠢᠨ᠎ᠡ ᠪᠠᠢᠳᠠᠯ ᠎ᠢ ᠡᠭᠦᠳᠴᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠴᠢᠬᠤᠯᠠ ᠶᠡᠬᠡ ᠱᠢᠨ᠎ᠡ ᠠᠮᠵᠢᠯᠲᠠ ᠪᠦᠲᠦᠮᠵᠢ ᠤᠯᠵᠤ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠱᠢᠨ᠎ᠡ ᠢᠯᠠᠯᠲᠠ᠎ᠶ᠋ᠢ ᠲᠡᠮᠡᠴᠡᠨ ᠤᠯᠬᠤ  ᠢᠲᠡᠭᠡᠯ  ᠵᠣᠷᠢᠭ᠎ᠢ ᠨᠡᠩ ᠪᠠᠲᠤᠳᠭᠠᠵᠠᠢ ᠭᠡᠵᠤ ᠦᠵᠡᠪᠡ᠃

ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠪᠣᠯ ᠨᠠᠮ ᠪᠣᠯᠤᠨ ᠤᠯᠤᠰ᠎ᠤᠨ ᠡᠯ᠎ᠡ ᠵᠦᠢᠯ᠎ᠦᠨ ᠠᠵᠢᠯ᠎ᠢ ᠰᠠᠢᠲᠤᠷ ᠬᠢᠬᠦ᠌᠎ᠶ᠋ᠢᠨ ᠦᠨᠳᠦᠰᠦᠨ ᠪᠠᠲᠤᠯᠠᠭ᠎ᠠ ᠮᠥᠨ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠬᠦᠴᠦᠷᠬᠡᠭ ᠶᠡᠬᠡ ᠦᠨᠡᠨ ᠶᠣᠰᠣᠨ᠎ᠤ ᠬᠦᠴᠦᠨ ᠪᠣᠯᠤᠨ ᠦᠢᠯᠡᠳᠦᠯᠭᠡ᠎ᠶ᠋ᠢᠨ ᠠᠤᠭ᠎ᠠ ᠬᠦᠴᠦᠨ᠎ᠲᠡᠶ ᠶᠤᠮ ᠭᠡᠳᠡᠭ ᠢ᠋ ᠦᠢᠯᠡᠳᠤᠯᠭᠡ ᠬᠦᠢᠴᠡᠳ ᠭᠡᠷᠡᠴᠢᠯᠡᠪᠡ᠃ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠦ᠍᠂ 《ᠬᠣᠶᠠᠷ᠎ᠢ ᠲᠣᠭ᠍ᠲᠠᠭᠠᠬᠰᠡᠨ》 ᠤ᠋ ᠱᠢᠶ᠋ᠳᠪᠦᠷᠢᠯᠡᠭ᠌ᠴᠢ ᠴᠢᠨᠠᠷᠳᠠᠢ  ᠠᠴᠢ  ᠬᠣᠯᠪᠣᠭ᠍ᠳᠠᠯ ᠎ᠢ  ᠨᠠᠩ  ᠭᠦᠨᠵᠡᠭᠡᠶ  ᠣᠢᠯᠠᠭᠠᠵᠤ ᠂ 《ᠳᠥᠷᠪᠡᠨ ᠤᠬᠠᠮᠰᠠᠷ 》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂《ᠬᠣᠶᠠᠷ᠎ᠢ ᠬᠠᠮᠠᠭᠠᠯᠠᠬᠤ》ᠶ᠋ᠢ ᠪᠡᠶᠡᠯᠡᠭᠦᠯᠵᠦ᠍᠂ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠶ᠋ᠢᠨ ᠲᠠᠯ᠎ᠠ᠎ᠪᠠᠷ ᠢᠮᠠᠭ᠍ᠲᠠ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠲᠠᠶ  ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠬᠡᠷᠡᠭ᠌ᠲᠡᠶ᠃

ᠬᠤᠷᠠᠯ᠎ᠡᠴᠡ᠂ ᠶᠡᠷᠦᠩᠬᠡᠶ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠣᠶ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶ᠎ᠠ᠎ᠨᠢ ᠥᠨᠳᠥᠷ᠎ᠲᠦ ᠵᠣᠭ᠍ᠰᠣᠨ ᠠᠯᠤᠰ᠎ᠢ ᠪᠡᠷᠡᠯᠡᠵᠦ᠍᠂ ᠨᠠᠷᠢᠨ ᠲᠣᠳᠣᠷᠬᠠᠶ ᠭᠦᠨ ᠭᠦᠨᠵᠡᠭᠡᠶ᠂ ᠡᠯᠪᠡᠭ ᠪᠠᠶᠠᠯᠢᠭ ᠠᠭᠤᠯᠤᠭ᠍ᠳᠠᠬᠤᠨ᠎ᠲᠠᠶ ᠪᠠᠢᠵᠤ᠂ ᠮᠠᠷᠺᠰ᠎ᠤᠨ ᠦᠵᠡᠯ᠎ᠦᠨ ᠦᠨᠳᠦᠰᠦᠨ ᠣᠭ ᠶᠣᠰᠣ᠎ᠶ᠋ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠶ ᠤᠶᠠᠯᠳᠤᠭᠤᠯᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠶ ᠤᠶᠠᠯᠳᠤᠭᠤᠯᠬᠤ᠎ᠶ᠋ᠢ ᠪᠠᠷᠢᠮᠲᠠᠯᠠᠬᠤ ᠦᠨᠡᠨ ᠶᠣᠰᠣᠨ᠎ᠤ ᠬᠡᠷᠡᠯ ᠭᠢᠯᠪᠠᠭ᠎ᠠ᠎ᠶ᠋ᠢ ᠰᠠᠴᠤᠷᠠᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ᠎ᠳᠤ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠦᠶ᠋ᠯᠡᠰ᠎ᠦᠨ ᠬᠥᠭ᠌ᠵᠢᠯᠲᠡ᠎ᠶ᠋ᠢᠨ ᠤᠷᠤᠭ᠍ᠰᠢᠯᠠᠬᠤ ᠴᠢᠭ᠌ᠯᠡᠯ᠎ᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠶ᠃ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ  ᠴᠢᠩᠭᠠᠳᠭᠠᠨ  ᠰᠠᠢᠵᠢᠷᠠᠭᠤᠯᠬᠤ  ᠲᠤᠬᠠᠢ ᠴᠢᠬᠤᠯᠠ ᠦᠵᠡᠯ ᠰᠠᠨᠠᠭ᠎ᠠ᠎ᠶ᠋ᠢ  ᠰᠠᠢᠲᠤᠷ  ᠣᠢᠯᠠᠭᠠᠵᠤ  ᠲᠤᠭᠤᠷᠠᠳᠠᠯ᠎ᠠ ᠮᠡᠳᠡᠵᠤ  ᠪᠣᠳᠠᠲᠠᠢ  ᠬᠢᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠦᠢᠯᠡᠰ᠎ᠦᠨ ᠬᠥᠭ᠌ᠵᠢᠯᠲᠡ ᠲᠠᠪᠱᠢᠯᠳᠠ᠎ᠶ᠋ᠢᠨ ᠦᠨᠳᠦᠰᠦᠨ ᠪᠠᠲᠤᠯᠠᠭ᠎ᠠ ᠪᠣᠯᠬᠤ᠎ᠶ᠋ᠢ ᠭᠦᠨᠵᠡᠭᠡᠢ ᠣᠢᠯᠠᠭᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠭᠤᠯᠤᠯ ᠪᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠵᠣᠬᠢᠶᠠᠨ ᠪᠠᠢᠭᠤᠯᠤᠯᠲᠠ᠎ᠶ᠋ᠢᠨ ᠢᠯᠡ ᠲᠣᠳᠣ ᠤᠯᠤᠰ ᠲᠦᠷᠦ᠍᠎ᠶ᠋ᠢᠨ ᠱᠢᠨᠵᠢ ᠴᠢᠨᠠᠷ᠎ᠢ ᠭᠦᠨᠵᠡᠭᠡᠢ ᠲᠠᠨᠢᠵᠤ᠂ ᠱᠢᠨ᠎ᠡ ᠠᠶᠠᠨ᠎ᠳᠡᠬᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠬᠦᠴᠦᠯᠡᠬᠦ᠌ ᠭᠣᠣᠯᠳᠠᠯᠭ᠎ᠠ᠎ᠶ᠋ᠢ ᠭᠦᠨᠵᠡᠭᠡᠢ ᠡᠵᠡᠮᠳᠡᠵᠦ᠍᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠢ ᠰᠠᠢᠲᠤᠷ ᠬᠢᠬᠦ᠌ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠠ ᠲᠡᠦᠬᠡᠨ ᠡᠭᠦᠷᠭᠡᠲᠦ ᠰᠡᠳᠭᠢᠯᠭᠡ᠎ᠪᠡᠨ ᠴᠢᠩᠭᠠᠳᠭᠠᠬᠤ ᠬᠡᠷᠡᠭ᠌ᠲᠡᠢ ᠭᠡᠵᠦ ᠦᠵᠡᠪᠡ᠃

ᠬᠤᠷᠠᠯ᠎ᠡᠴᠡ᠂ ᠥᠩᠭᠡᠷᠡᠭ᠌ᠰᠡᠨ ᠨᠢᠭᠡ ᠵᠢᠯ᠎ᠳᠦ᠂ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦ᠌ ᠤᠯᠤᠰ᠎ᠤᠨ ᠬᠣᠷᠢᠶ᠎ᠠ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠤᠳᠤᠷᠢᠳᠤᠯᠭ᠎ᠠ ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠠᠷᠠᠳ ᠲᠦᠮᠡᠨ᠎ᠦ ᠲᠥᠯᠥᠭᠡ ᠪᠠᠢᠬᠤ᠎ᠶ᠋ᠢ ᠪᠠᠷᠢᠮᠲᠠᠯᠠᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠵᠢᠨ ᠲᠣᠭᠣᠷᠢᠨ᠎ᠳᠤ ᠵᠠᠰᠠᠭ᠎ᠤᠨ ᠶᠠᠪᠤᠳᠠᠯ᠎ᠢ ᠵᠥᠪᠯᠡᠨ ᠰᠠᠨᠠᠯ ᠰᠠᠨᠠᠭᠤᠯᠭ᠎ᠠ ᠳᠤᠷᠠᠳᠴᠤ᠌᠂ ᠤᠯᠤᠰ ᠲᠦᠷᠦ᠍᠎ᠶ᠋ᠢᠨ ᠵᠥᠪᠯᠡᠯᠭᠡᠨ᠎ᠦ ᠠᠵᠢᠯ᠎ᠤᠨ ᠳᠦᠷᠢᠮᠵᠢᠯᠲᠡ᠂ ᠵᠢᠷᠤᠮᠵᠢᠭᠤᠯᠤᠯᠲᠠ᠂ ᠲᠡᠰ ᠲᠠᠷᠠᠭᠠᠯᠠᠯᠵᠢᠭᠤᠯᠤᠯᠲᠠ ᠵᠢᠨ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠡᠯ᠎ᠡ ᠵᠦᠢᠯ᠎ᠦᠨ ᠠᠵᠢᠯ ᠱᠢᠨ᠎ᠡ ᠠᠬᠢᠴᠠ ᠱᠢᠨ᠎ᠡ  ᠦᠷ᠎ᠡ  ᠪᠦᠲᠦᠮᠵᠢ  ᠤᠯᠪᠠ ᠭᠡᠵᠦ ᠦᠵᠡᠪᠡ᠃

ᠬᠤᠷᠠᠯ᠎ᠡᠴᠡ᠂ ᠡᠨᠡ ᠵᠢᠯ ᠪᠣᠯ《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ ᠪᠣᠯᠤᠨ᠎ᠠ᠂ ᠪᠠᠰᠠ ᠴᠤ᠌ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠴᠢᠬᠤᠯᠠ ᠨᠢᠭᠡ ᠵᠢᠯ ᠪᠣᠯᠤᠨ᠎ᠠ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠦᠢᠯᠡᠴᠢᠯᠡᠬᠦ᠌᠎ᠪᠡᠷ ᠠᠵᠢᠯ᠎ᠤᠨ ᠭᠣᠣᠯ ᠱᠢᠵᠢᠮ ᠪᠣᠯᠭᠠᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ᠌᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ᠎ᠢ ᠬᠠᠮᠠᠭᠠᠯᠠᠬᠤ ᠵᠡᠷᠭᠡ ᠲᠠᠯ᠎ᠠ᠎ᠶ᠋ᠢᠨ ᠭᠣᠣᠯᠳᠠᠯᠭ᠎ᠠ᠎ᠲᠠᠶ  ᠬᠦᠴᠢᠷ  ᠠᠰᠠᠭᠤᠳᠠᠯ  ᠬᠠᠯᠠᠮᠱᠢᠯ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠭᠦᠨᠵᠡᠭᠡᠢ ᠵᠥᠪᠯᠡᠯᠭᠡ ᠬᠢᠵᠦ᠍ ᠲᠦᠷᠦ᠍᠎ᠶ᠋ᠢᠨ ᠶᠠᠪᠤᠳᠠᠯ᠎ᠢ ᠵᠥᠪᠯᠡᠵᠦ᠍᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠥᠷᠨᠢᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠴᠢᠨᠠᠷ ᠰᠠᠢᠲᠠᠢ ᠪᠡᠶᠡᠯᠡᠭᠦᠯᠬᠦ᠌᠎ᠳᠦ ᠬᠦᠴᠦᠨ ᠨᠡᠮᠡᠷᠢᠯᠡᠬᠦ᠌ ᠬᠡᠷᠡᠭ᠌ᠲᠡᠢ᠃ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠳᠦ ᠬᠣᠯᠪᠣᠭ᠍ᠳᠠᠬᠤ ᠴᠢᠬᠤᠯᠠ ᠶᠡᠬᠡ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ᠂ ᠠᠯᠤᠰ ᠬᠡᠳᠦ ᠵᠢᠨ ᠴᠢᠨᠠᠷᠲᠠᠢ ᠠᠰᠠᠭᠤᠳᠠᠯ᠎ᠳᠤ ᠴᠢᠭ᠌ᠯᠡᠭᠦᠯᠦᠨ᠂ ᠬᠦᠷᠢᠶ᠎ᠡ ᠴᠠᠷᠠᠭ᠎ᠠ ᠠᠯᠤᠰᠯᠠᠭ᠍ᠰᠠᠨ ᠲᠤᠰᠭᠠᠢ ᠰᠡᠳᠦᠪᠲᠦ ᠰᠤᠳᠤᠯᠭᠠᠨ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ《ᠠᠷᠪᠠᠨ ᠲᠠᠪᠤᠳᠤᠭᠠᠷ ᠲᠠᠪᠤᠨ ᠵᠢᠯ 》ᠤ᠋ᠨ ᠲᠥᠯᠥᠪᠵᠢᠭᠦᠯᠭᠡ᠎ᠶ᠋ᠢ ᠲᠣᠭ᠍ᠲᠠᠭᠠᠬᠤ ᠰᠠᠨᠠᠭᠤᠯᠭ᠎ᠠ᠎ᠳᠤ ᠦᠨᠡᠨ ᠦᠭᠡ ᠬᠡᠯᠡᠵᠦ᠍᠂ ᠰᠠᠢ᠌ᠨ ᠠᠷᠭ᠎ᠠ ᠪᠤᠳᠤᠯᠭ᠎ᠠ ᠭᠠᠷᠭᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠡᠴᠡ᠂ ᠬᠥᠮᠦᠨ᠎ᠦ ᠰᠡᠳᠭᠢᠯ ᠪᠣᠯ ᠬᠠᠮᠤᠭ᠎ᠤᠨ ᠶᠡᠬᠡ ᠤᠯᠤᠰ ᠲᠦᠷᠦ᠍᠂ ᠬᠠᠮᠲᠤ᠎ᠶ᠋ᠢᠨ ᠲᠠᠨᠢᠯᠲᠠ ᠪᠣᠯ ᠡᠷᠡᠮᠡᠬᠡᠢᠯᠡᠨ ᠤᠷᠤᠭ᠍ᠰᠢᠯᠠᠬᠤ ᠬᠥᠳᠡᠯᠭᠡᠬᠦ᠌ ᠬᠦᠴᠦᠨ ᠮᠥᠨ᠃ ᠠᠷᠠᠳ ᠎ᠤᠨ ᠤᠯᠤᠰ ᠲᠦᠷᠦ᠍᠎ᠶ᠋ᠢᠨ ᠵᠥᠪᠯᠡᠯᠭᠡᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠣᠭᠣᠳᠤᠮᠵᠢ᠎ᠶ᠋ᠢ ᠴᠢᠩᠭᠠᠳᠭᠠᠬᠤ᠂ ᠬᠠᠮᠲᠤ ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠬᠤ᠎ᠪᠠᠷ ᠭᠣᠣᠯ ᠭᠣᠭ᠍ᠴᠣᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠢᠭᠡᠳᠦᠮᠡᠯ ᠹᠷᠣᠨᠲ᠎ᠤᠨ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ᠂ ᠬᠦᠴᠦᠨ᠎ᠢ ᠨᠢᠭ᠍ᠲᠠᠷᠠᠭᠤᠯᠬᠤ ᠤᠯᠤᠰ ᠲᠦᠷᠦ᠍᠎ᠶ᠋ᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠦ ᠣᠷᠣᠯᠴᠠᠭ᠍ᠰᠠᠨ ᠡᠯ᠎ᠡ ᠨᠠᠮ ᠪᠦᠯᠦᠭ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠬᠥᠮᠦᠰ᠎ᠢ ᠬᠦᠳᠦᠯᠥᠨ ᠳᠠᠭᠠᠭᠤᠯᠵᠤ ᠪᠠᠢᠭᠠᠳ ᠢᠮᠠᠭ᠍ᠲᠠ ᠳᠤᠮᠳᠠᠳᠤ ᠤᠯᠤᠰ᠎ᠤᠨ ᠡᠪ ᠬᠠᠮᠲᠤ ᠨᠠᠮ᠎ᠲᠠᠶ ᠪᠤᠳᠤᠯ ᠰᠡᠳᠭᠢᠯ᠎ᠢᠶᠡᠨ ᠬᠣᠯᠪᠣᠵᠤ᠂ ᠬᠠᠮᠲᠤ ᠵᠣᠭ᠍ᠰᠣᠵᠤ᠂ ᠬᠠᠮᠲᠤ ᠠᠵᠢᠯᠯᠠᠬᠤ ᠪᠣᠯᠭᠠᠬᠤ ᠬᠡᠷᠡᠭ᠌ᠲᠡᠢ᠃ ᠭᠡᠱᠢᠭᠦᠳ᠎ᠦᠨ ᠨᠣᠮ ᠤᠩᠱᠢᠬᠤ᠂ ᠤᠨᠤᠯ᠎ᠤᠨ ᠰᠤᠷᠤᠯᠴᠠᠯᠭ᠎ᠠ ᠪᠠ ᠤᠯᠤᠰ ᠲᠦᠷᠦ᠍᠎ᠶ᠋ᠢᠨ ᠪᠣᠯᠪᠠᠰᠤᠷᠠᠯ᠎ᠢ ᠪᠠᠢᠩᠭᠤ  ᠥᠷᠨᠢᠭᠦᠯᠵᠦ᠍᠂  ᠪᠦᠯᠬᠦᠮᠳᠡᠨ  ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ  ᠰᠠᠭᠤᠷᠢ᠎ᠶ᠋ᠢ  ᠲᠠᠰᠤᠷᠠᠯᠳᠠ ᠦᠭᠡᠢ  ᠪᠡᠬᠢᠵᠢᠭᠦᠯᠬᠦ᠌ ᠬᠡᠷᠡᠭ᠌ᠲᠡᠢ᠃ ᠨᠠᠮ ᠪᠠ ᠵᠠᠰᠠᠭ᠎ᠤᠨ ᠣᠷᠳᠣᠨ᠎ᠢ ᠬᠠᠮᠵᠢᠨ ᠲᠦᠷᠦ᠍᠎ᠶ᠋ᠢᠨ ᠪᠤᠳᠤᠯᠭ᠎ᠠ᠎ᠶ᠋ᠢ ᠤᠬᠠᠭᠤᠯᠬᠤ᠂ ᠵᠥᠷᠢᠴᠡᠯ᠎ᠢ ᠠᠷᠢᠯᠭᠠᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂  ᠢᠲᠡᠭᠡᠯ  ᠵᠣᠷᠢᠭ᠎ᠢ  ᠬᠥᠪᠴᠢᠯᠡᠬᠦ᠌  ᠠᠵᠢᠯ᠎ᠢ ᠰᠠᠢᠲᠤᠷ ᠬᠢᠵᠦ᠂ ᠡᠲᠡᠭᠡᠳ ᠢᠯᠭᠠᠯ᠎ᠤᠨ ᠤᠯᠠᠨ ᠲᠦᠮᠡᠨ ᠪᠠ ᠬᠣᠯᠪᠣᠭ᠍ᠳᠠᠯ ᠪᠦᠬᠦᠢ ᠲᠠᠯ᠎ᠠ᠎ᠶ᠋ᠢᠨ ᠬᠢᠨ᠎ᠦ ᠠᠵᠤ ᠠᠬᠤᠢ᠎ᠶ᠋ᠢᠨ ᠪᠠᠢᠳᠠᠯ᠂ ᠬᠥᠭ᠌ᠵᠢᠯᠲᠡ᠎ᠶ᠋ᠢᠨ ᠶᠡᠬᠡ ᠬᠠᠨᠳᠤᠰᠢ᠎ᠳᠤ ᠪᠦᠬᠦ᠌ ᠲᠠᠯ᠎ᠠ᠎ᠪᠠᠷ ᠬᠤᠪᠢᠰᠤᠩᠭᠤᠢ᠎ᠪᠠᠷ ᠬᠠᠨᠳᠤᠬᠤ᠎ᠶ᠋ᠢ ᠬᠦᠳᠦᠯᠦᠨ ᠵᠢᠯᠣᠭᠣᠳᠴᠤ᠌᠂ ᠭᠣᠣᠯ ᠬᠦᠭ ᠠᠶᠠᠰ᠎ᠢ ᠴᠤᠤᠷᠢᠶᠠᠲᠤᠭᠤᠯᠤᠨ᠂ ᠢᠳᠡᠪᠬᠢ ᠬᠦᠴᠦᠨ᠎ᠢ ᠳᠠᠮᠵᠢᠭᠤᠯᠬᠤ ᠬᠡᠷᠡᠭ᠌ᠲᠡᠢ᠃ ᠰᠡᠳᠭᠢᠯ᠎ᠦᠨ ᠦᠭᠡ᠎ᠪᠡᠨ ᠰᠣᠯᠢᠯᠴᠠᠬᠤ᠂ ᠨᠥᠬᠥᠷᠯᠡᠯ ᠪᠠᠢᠭᠤᠯᠵᠤ ᠨᠥᠬᠥᠷᠯᠡᠬᠦ᠌ ᠠᠵᠢᠯ᠎ᠢ ᠭᠦᠨᠵᠡᠭᠡᠢᠷᠡᠭᠦᠯᠵᠦ᠍᠂ ᠭᠡᠱᠢᠭᠦᠳ᠎ᠦᠨ ᠡᠲᠡᠭᠡᠳ ᠢᠯᠭᠠᠯ᠎ᠤᠨ ᠤᠯᠠᠨ ᠲᠦᠮᠡᠨ᠎ᠲᠡᠶ ᠬᠠᠷᠢᠯᠴᠠᠬᠤ ᠪᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍ 《ᠠᠷᠠᠳ᠎ᠤᠨ ᠲᠥᠯᠥᠭᠡ ᠦᠢᠯᠡᠴᠢᠯᠡᠬᠦ᠌ 》 ᠠᠵᠢᠯᠯᠠᠭ᠎ᠠ᠎ᠶ᠋ᠢ ᠯᠠᠪᠳᠠᠭᠤᠨ ᠪᠠᠲᠤᠲᠠᠢ ᠬᠢᠵᠦ᠍᠂ ᠠᠷᠠᠳ᠎ᠤᠨ ᠪᠠᠢᠳᠠᠯ᠎ᠢ ᠨᠡᠩ ᠰᠠᠢ᠌ᠳᠤᠷ ᠣᠢᠯᠠᠭᠠᠵᠤ᠂ ᠠᠷᠠᠳ᠎ᠤᠨ ᠵᠣᠪᠠᠭᠤᠷᠢ᠎ᠶ᠋ᠢ ᠠᠷᠢᠯᠭᠠᠵᠤ᠂ ᠠᠷᠠᠳ᠎ᠤᠨ ᠰᠡᠳᠭᠢᠯ᠎ᠢ ᠳᠤᠯᠠᠭᠠᠴᠠᠭᠤᠯᠬᠤ ᠬᠡᠷᠡᠭ᠌ᠲᠡᠢ᠃  ᠮᠠᠨ᠎ᠤ ᠤᠯᠤᠰ᠎ᠤᠨ ᠰᠢᠨ᠎ᠡ ᠮᠠᠶᠢᠭ᠋᠎ᠤᠨ ᠲᠥᠷᠥ᠎ᠶᠢᠨ ᠨᠠᠮ᠎ᠤᠨ ᠪᠠᠢᠭᠤᠯᠤᠯ᠎ᠤᠨ ᠳᠠᠪᠠᠭᠤᠯᠢᠭ᠎ᠢ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠳᠠ ᠵᠢ ᠠᠬᠢᠭᠤᠯᠵᠤ᠂ ᠮᠠᠨ᠎ᠤ ᠤᠯᠤᠰ᠎ᠤᠨ ᠱᠠᠰᠢᠨ ᠰᠤᠷᠲᠠᠬᠤᠨ᠎ᠢ ᠳᠤᠮᠳᠠᠳᠤ ᠤᠯᠤᠰᠴᠢᠯᠠᠬᠤ ᠴᠢᠭᠯᠡᠯ᠎ᠢ ᠪᠠᠷᠢᠮᠲᠠᠯᠠᠵᠤ᠂ ᠨᠠᠮ᠎ᠤᠨ ᠭᠠᠳᠠᠨᠠᠬᠢ ᠰᠡᠬᠡᠭᠡᠲᠡᠨ᠂ ᠨᠡᠶ᠋ᠢᠲᠡ᠎ᠶᠢᠨ ᠥᠮᠴᠢᠯᠡᠯ᠎ᠦᠨ ᠪᠤᠰᠤ ᠠᠵᠤ ᠠᠬᠤᠢ᠎ᠶᠢᠨ ᠬᠥᠮᠥᠰ᠂ ᠰᠢᠨ᠎ᠡ ᠨᠡᠢᠭᠡᠮ᠎ᠦᠨ ᠳᠠᠪᠬᠤᠷᠭ᠎ᠠ᠎ᠶᠢᠨ ᠬᠥᠮᠥᠰ ᠯᠦ᠍ᠭᠡ᠎ᠶᠢᠨ ᠬᠠᠷᠢᠯᠴᠠᠭ᠎ᠠ᠎ᠪᠠᠨ ᠴᠢᠩᠭᠠᠳᠬᠠᠵᠤ᠂《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭᠵᠢᠭᠦᠯᠬᠦ》᠂ 《ᠰᠢᠶᠠᠨᠭᠭᠠᠨᠭᠴᠤᠳ ᠰᠢᠶᠠᠩᠭᠠᠩ᠎ᠢᠶᠡᠨ ᠵᠠᠰᠠᠬᠤ》᠂ 《ᠣᠣᠮᠧᠨᠴᠤᠳ ᠣᠣᠮᠧᠨ᠎ᠢᠶᠡᠨ ᠵᠠᠰᠠᠬᠤ》᠂ ᠳᠡᠭᠡᠳᠦ ᠬᠡᠮᠵᠢᠶ᠎ᠡ᠎ᠪᠡᠷ ᠥᠪᠡᠷᠲᠡᠭᠡᠨ ᠵᠠᠰᠠᠬᠤ ᠴᠢᠭᠯᠡᠯᠲᠡ᠎ᠶᠢ ᠪᠦᠬᠦ ᠲᠠᠯ᠎ᠠ᠎ᠪᠠᠷ ᠣᠨᠣᠪᠴᠢᠲᠠᠶ ᠡᠷᠡᠰ ᠭᠤᠢᠪᠢᠰᠢ ᠦᠭᠡᠢ ᠲᠤᠭᠤᠰᠢᠯᠠᠭᠤᠯᠵᠤ᠂ ᠡᠬᠡ ᠤᠯᠤᠰ᠎ᠢᠶᠡᠨ ᠨᠢᠭᠡᠳᠬᠡᠬᠦ ᠶᠡᠬᠡ ᠦᠢᠯᠡᠰ᠎ᠢ ᠡᠷᠡᠰ ᠭᠤᠢᠪᠢᠰᠢ ᠦᠭᠡᠢ ᠠᠬᠢᠭᠤᠯᠵᠤ᠂ ᠲᠦᠷᠦ᠎ᠶᠢᠨ ᠨᠠᠮ᠎ᠤᠨ ᠬᠠᠷᠢᠴᠠᠭ᠎ᠠ᠂ ᠦᠨᠳᠦᠰᠦᠲᠡᠨ᠎ᠦ ᠬᠠᠷᠢᠴᠠᠭ᠎ᠠ᠂ ᠱᠠᠰᠢᠨ ᠰᠤᠷᠲᠠᠬᠤᠨ᠎ᠤ ᠬᠠᠷᠢᠴᠠᠭ᠎ᠠ᠂ ᠳᠠᠪᠬᠤᠷᠭ᠎ᠠ᠎ᠶᠢᠨ ᠬᠠᠷᠢᠴᠠᠭ᠎ᠠ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠠᠬ᠎ᠠ ᠳᠡᠭᠦᠦ ᠨᠠᠷ᠎ᠦᠨ ᠬᠠᠷᠢᠴᠠᠭ᠎ᠠ᠎ᠶᠢᠨ ᠡᠶ᠎ᠡ ᠵᠣᠬᠢᠴᠠᠯ᠎ᠢ ᠠᠬᠢᠭᠤᠯᠵᠤ᠂ ᠬᠠᠮᠤᠭ᠎ᠤᠨ ᠥᠷᠭᠡᠨ ᠳᠡᠯᠭᠡᠷ ᠤᠯᠤᠰ᠎ᠢᠶᠡᠨ ᠬᠠᠢᠷᠠᠯᠠᠬᠤ ᠨᠢᠭᠡᠳᠦᠮᠡᠯ ᠹᠷᠣᠨᠲ᠎ᠢ ᠪᠡᠬᠢᠵᠢᠭᠦᠯᠦᠨ ᠬᠥᠭᠵᠢᠭᠦᠯᠬᠦ ᠬᠡᠷᠡᠭᠳᠡᠢ᠃ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠵᠥᠪᠯᠡᠬᠦ  ᠠᠷᠠᠳᠴᠢᠯᠠᠯ᠎ᠤᠨ ᠲᠣᠭᠲᠡᠴᠡ᠎ᠶᠢ ᠪᠦᠷᠢᠨᠰᠢᠭᠦᠯᠵᠦ᠂ ᠲᠤᠰᠬᠠᠢ ᠵᠥᠪᠯᠡᠯ᠎ᠦᠨ ᠰᠠᠭᠤᠷᠢᠯᠠᠬᠤ ᠴᠢᠨᠠᠷᠲᠠᠢ ᠦᠢᠯᠡᠳᠦᠯ ᠪᠠ ᠡᠲᠡᠭᠡᠳ᠎ᠦᠨ ᠢᠯᠭᠠᠯ᠎ᠤᠨ ᠦᠪᠡᠷᠮᠢᠴᠡ ᠤᠨᠴᠠᠯᠢᠭ ᠲᠡᠢ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠲᠤᠰᠬᠠᠢ ᠵᠥᠪᠯᠡᠬᠦ ᠪᠠᠢᠭᠤᠯᠤᠮᠵᠢ᠎ᠶᠢᠨ ᠦᠢᠯᠡᠳᠦᠯ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠲᠡᠢ᠃ ᠤᠯᠤᠰ ᠲᠦᠷᠦ᠎ᠶᠢᠨ ᠵᠥᠪᠯᠡᠯᠭᠡᠨ᠎ᠦ ᠭᠠᠳᠠᠭᠠᠳᠤ ᠯᠤᠭ᠎ᠠ᠎ᠶᠢᠨ ᠨᠥᠬᠥᠷᠰᠡᠭ ᠶᠠᠪᠤᠯᠴᠠᠭ᠎ᠠ᠎ᠶᠢ ᠰᠢᠨ᠎ᠡ᠎ᠪᠡᠷ ᠡᠭᠦᠳᠦᠨ ᠥᠷᠨᠢᠭᠦᠯᠵᠦ᠂ ᠳᠤᠮᠳᠠᠳᠤ ᠤᠯᠤᠰ᠎ᠤᠨ ᠦᠯᠢᠭᠡᠷ᠂ ᠳᠤᠮᠳᠠᠳᠤ ᠤᠯᠤᠰ᠎ᠤᠨ ᠠᠷᠠᠳ᠎ᠤᠨ ᠠᠷᠠᠳᠴᠢᠯᠠᠯ᠎ᠤᠨ ᠦᠯᠢᠭᠡᠷ᠎ᠢ ᠰᠠᠢᠲᠤᠷ ᠶᠠᠷᠢᠵᠤ᠂ ᠳᠤᠮᠳᠠᠳᠤ ᠵᠢ ᠣᠢᠯᠠᠭᠠᠬᠤ ᠳᠤᠮᠳᠠᠳᠤ᠎ᠶᠢᠨ ᠨᠥᠬᠥᠷᠰᠡᠭ ᠨᠠᠢᠵᠨ ᠵᠢᠨ ᠲᠤᠭᠤᠷᠢᠭ ᠎ᠢ ᠥᠷᠭᠡᠳᠬᠡᠬᠦ᠎ᠳᠦ ᠬᠦᠴᠦᠨ ᠨᠡᠮᠡᠷᠢᠯᠡᠬᠦ ᠬᠡᠷᠡᠭᠳᠡᠢ  ᠭᠡᠵᠤ ᠴᠢᠬᠤᠯᠠᠴᠢᠯᠠᠪᠠ᠃

ᠬᠤᠷᠠᠯ᠎ᠡᠴᠡ᠂ ᠥᠷᠭᠡᠨ ᠤᠯᠠᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠤᠯᠤᠰ ᠲᠦᠷᠦ᠎ᠶᠢᠨ ᠭᠠᠷᠤᠯ᠎ᠢᠶᠠᠨ ᠨᠠᠨᠳᠢᠩᠨᠠᠵᠤ᠂ ᠤᠯᠤᠰ ᠲᠦᠷᠦ᠎ᠶᠢᠨ ᠬᠡᠪ ᠰᠤᠷᠲᠠᠯ᠎ᠢᠶᠠᠨ ᠳᠠᠪᠲᠠᠨ ᠪᠣᠯᠪᠠᠰᠤᠷᠠᠭᠤᠯᠵᠤ᠂ ᠤᠯᠤᠰ ᠲᠦᠷᠦ᠎ᠶᠢᠨ ᠴᠢᠳᠠᠪᠤᠷᠢ᠎ᠪᠠᠨ ᠳᠡᠭᠡᠭᠰᠢᠯᠡᠭᠦᠯᠵᠦ᠂ ᠤᠯᠤᠰ ᠲᠦᠷᠦ᠎ᠶᠢᠨ ᠵᠥᠪᠯᠡᠯᠭᠡᠨ᠎ᠢ ᠣᠢᠯᠠᠭᠠᠬᠤ᠂ ᠵᠥᠪᠯᠡᠯᠭᠡ ᠬᠢᠵᠦ ᠴᠢᠳᠠᠬᠤ᠂ ᠵᠠᠰᠠᠭ᠎ᠤᠨ ᠶᠠᠪᠤᠳᠠᠯ᠎ᠢ ᠵᠥᠪᠯᠡᠬᠦ᠎ᠳᠡᠭᠡᠨ ᠴᠢᠳᠠᠮᠠᠭᠠᠢ᠂ ᠰᠠᠬᠢᠯᠭ᠎ᠠ ᠪᠠᠲᠤ᠎ᠶᠢ ᠰᠠᠬᠢᠬᠤ᠂ ᠶᠣᠰᠣ᠌ ᠳᠦᠷᠢᠮ᠎ᠢ  ᠡᠷᠬᠢᠮᠯᠡᠬᠦ ᠂ ᠵᠠᠩ  ᠰᠤᠷᠲᠠᠯ᠎ᠢ  ᠴᠢᠬᠤᠯᠠᠴᠢᠯᠠᠬᠤ᠎ᠶᠢ ᠪᠡᠶᠡᠯᠡᠭᠦᠯᠵᠦ᠂ ᠥᠨᠳᠥᠷ ᠲᠦᠪᠰᠢᠨ᠎ᠢᠶᠡᠷ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠎ᠪᠡᠷ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠎ᠦ ᠴᠠᠭ ᠦᠶ᠎ᠡ᠎ᠶᠢᠨ ᠴᠤᠭ ᠵᠢᠪᠬᠤᠭ᠎ᠠ᠎ᠶᠢ ᠢᠯᠡᠷᠡᠭᠦᠯᠬᠦ ᠬᠡᠷᠡᠭᠲᠡᠢ᠃ ᠤᠯᠤᠰ ᠲᠦᠷᠦ᠎ᠶᠢᠨ ᠪᠠᠢᠭᠤᠯᠤᠯᠲᠠ᠎ᠪᠠᠷ ᠶᠡᠷᠦᠩᠬᠡᠢᠯᠡᠨ ᠵᠢᠯᠣᠭᠣᠳᠤᠭᠤᠯᠵᠦ ᠤᠯᠤᠰ ᠲᠦᠷᠦ᠎ᠶᠢᠨ ᠵᠥᠪᠯᠡᠯᠭᠡᠨ᠎ᠦ ᠪᠠᠢᠭᠤᠯᠭ᠎ᠠ᠎ᠶᠢᠨ ᠡᠯ᠎ᠡ ᠵᠦᠢᠯ᠎ᠦᠨ ᠪᠠᠢᠭᠤᠯᠤᠯᠲᠠ᠎ᠶᠢ ᠠᠬᠢᠭᠤᠯᠵᠤ᠂ ᠤᠯᠤᠰ ᠲᠦᠷᠦ᠎ᠶᠢᠨ ᠲᠠᠯ᠎ᠠ᠎ᠪᠠᠷ ᠴᠢᠩᠭ᠎ᠠ᠂ ᠬᠡᠪ ᠴᠢᠨᠠᠷ ᠥᠨᠳᠥᠷ᠂ ᠲᠤᠬᠠᠢᠯᠠᠭᠰᠠᠨ ᠠᠵᠢᠯ᠎ᠳᠠᠭᠠᠨ ᠴᠠᠭᠠᠷᠠᠭᠰᠠᠨ᠂ ᠣᠪᠣᠷ ᠰᠤᠷᠲᠠᠯ ᠰᠠᠢᠨ ᠨᠢᠭᠡᠨ ᠰᠠᠯᠠᠭ᠎ᠠ ᠪᠠᠢᠭᠤᠯᠭ᠎ᠠ᠎ᠶᠢᠨ ᠺᠠᠳ᠋ᠷ᠎ᠤᠨ ᠡᠩᠨᠡᠭᠡ᠎ᠶᠢ ᠪᠠᠢᠭᠤᠯᠵᠤ᠂ ᠨᠠᠮ᠎ᠢ ᠰᠠᠨᠠᠭ᠎ᠠ ᠠᠮᠤᠷ᠂ ᠠᠷᠠᠳ ᠲᠦᠮᠡᠨ᠎ᠢ ᠰᠡᠳᠬᠢᠯ ᠬᠠᠨᠤᠮᠵᠢᠲᠠᠶ ᠪᠠᠢᠯᠭᠠᠬᠤ ᠵᠢᠱ᠌ᠢᠶᠡᠴᠢ ᠪᠠᠢᠭᠤᠯᠭ᠎ᠠ᠎ᠶᠢ ᠪᠠᠶ᠋ᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃

ᠬᠤᠷᠠᠯ᠎ᠡᠴᠡ᠂ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠳᠦ ᠣᠷᠣᠯᠴᠠᠭᠰᠠᠨ ᠡᠯ᠎ᠡ ᠨᠢᠭᠡᠴᠢ ᠪᠣᠯᠣᠨ ᠥᠷᠭᠡᠨ ᠤᠯᠠᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠰᠢᠯᠢᠳᠡᠭ ᠤᠯᠠᠮᠵᠢᠯᠠᠯ᠎ᠢᠶᠠᠨ ᠪᠠᠳᠠᠷᠠᠭᠤᠯᠵᠤ᠂ ᠤᠯᠤᠰ ᠲᠦᠷᠦ᠎ᠶᠢᠨ ᠬᠠᠷᠢᠭᠤᠴᠠᠯᠭ᠎ᠠ᠎ᠵᠢ ᠡᠭᠦᠷᠭᠡᠯᠡᠵᠦ᠂ ᠰᠢᠨ᠎ᠡ ᠴᠠᠭ ᠦᠶ᠎ᠡ᠎ᠶᠢᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠦ ᠦᠢᠯᠡᠰ᠎ᠦᠨ ᠲᠠᠰᠤᠷᠠᠯᠲᠠ ᠦᠭᠡᠢ ᠬᠥᠭᠵᠢᠬᠦ᠎ᠶᠢ ᠲᠦᠯᠬᠢᠨ ᠠᠬᠢᠭᠤᠯᠵᠤ᠂ ᠳᠤᠮᠳᠠᠳᠤ ᠤᠯᠤᠰ ᠎ᠤᠨ ᠮᠠᠶᠢᠭ᠋ ᠎ᠤᠨ ᠣᠳᠣᠬᠢᠴᠢᠯᠠᠯᠲᠠ᠎ᠶᠢ ᠠᠬᠢᠭᠤᠯᠬᠤ᠎ᠳᠤ  ᠨᠡᠩ  ᠶᠡᠬᠡ  ᠰᠢᠨ᠎ᠡ  ᠬᠤᠪᠢ  ᠨᠡᠮᠡᠷᠢ  ᠦᠵᠡᠭᠦᠯᠬᠦ  ᠬᠡᠷᠡᠭᠲᠡᠢ ᠭᠡᠵᠦ ᠤᠷᠢᠶᠠᠯᠠᠪᠠ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 10 ᠤ᠋ ᠴᠠᠬᠢᠯᠭᠠᠨ ᠮᠡᠳᠡᠭᠡ


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号