ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠭᠤᠷᠪᠠᠳᠤᠭᠠᠷ ᠬᠤᠷᠠᠯ ᠎ᠤᠨ ᠰᠠᠨᠠᠯ ᠲᠤᠷᠠᠳᠤᠯᠭ᠎ᠠ᠎ᠶ᠋ᠢ ᠬᠢᠨᠠᠨ ᠪᠠᠢᠴᠠᠭᠠᠭ᠍ᠰᠠᠨ ᠪᠠᠢᠳᠠᠯ᠎ᠤᠨ ᠲᠤᠬᠠᠶ ᠳᠤᠮᠳᠠᠳᠤ ᠤᠯᠤᠰ ᠎ᠤᠨ ᠠᠷᠠᠳ᠎ᠤᠨ ᠤᠯᠤᠰ ᠲᠥᠷᠥ ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ ᠎ᠤ ᠪᠦᠬᠦ᠌ ᠤᠯᠤᠰ᠎ᠤᠨ ᠬᠤᠷᠢᠶ᠎ᠠ ᠵᠢᠨ ᠰᠠᠨᠠᠯ ᠲᠤᠷᠠᠳᠤᠯᠭ᠎ᠠ ᠵᠢ ᠬᠢᠨᠠᠨ ᠪᠠᠢᠴᠠᠭᠠᠬᠤ ᠵᠦᠪᠯᠡᠯ᠎ᠤᠨ ᠮᠡᠳᠡᠭᠦᠯᠦᠯᠲᠡ
2025-03-11 10:18:11
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2025 ᠣᠨ᠎ᠤ 3 ᠰᠠᠷ᠎ᠠ᠎ᠶ᠋ᠢᠨ 10 ᠎ᠤ᠋ ᠡᠳᠦᠷ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠬᠤᠷᠢᠶ᠎ᠠ ᠵᠢᠨ ᠭᠤᠷᠪᠠᠳᠤᠭᠠᠷ ᠬᠤᠷᠠᠯ᠎ᠡᠴᠡ ᠪᠠᠲᠤᠯᠠᠪᠠ)


ᠪᠦᠬᠦ᠌ ᠤᠯᠤᠰ ᠎ᠤᠨ ᠤᠯᠤᠰ ᠲᠥᠷᠥ ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠭᠤᠷᠪᠠᠳᠤᠭᠠᠷ ᠬᠤᠷᠠᠯ ᠎ᠤᠨ ᠬᠤᠭᠤᠴᠠᠭᠠᠨ᠎ᠳᠤ᠂ ᠤᠯᠤᠰ ᠲᠦᠷᠦ᠍᠎ᠶ᠋ᠢᠨ ᠵᠥᠪᠯᠡᠯᠭᠡᠨ᠎ᠦ ᠥᠷᠭᠡᠨ ᠤᠯᠠᠨ ᠭᠡᠱᠢᠭᠦᠨ᠂ ᠤᠯᠤᠰ ᠲᠥᠷᠥ᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠴᠢ ᠨᠢᠭᠡᠴᠢ ᠪᠠ ᠤᠯᠤᠰ ᠲᠥᠷᠥ᠎ᠶ᠋ᠢᠨ ᠵᠥᠪᠯᠡᠯᠭᠡᠨ᠎ᠦ ᠡᠯ᠎ᠡ ᠲᠤᠰᠭᠠᠶ ᠵᠥᠪᠯᠡᠯ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭᠠᠷ ᠶᠡᠬᠡ ᠬᠤᠷᠠᠯ ᠪᠤᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ᠎ᠪᠦᠭᠦᠳᠡ ᠬᠤᠷᠠᠯ ᠎ᠤᠨ ᠵᠤᠷᠢᠭ ᠰᠠᠨᠠᠭ᠎ᠠ ᠵᠢ ᠪᠦᠬᠦ᠌ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠦᠨ ᠣᠶ᠎ᠶ᠋ᠢ ᠪᠡᠯᠭᠡᠯᠡᠬᠦ᠌ ᠶᠡᠬᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠠᠨᠠᠯ ᠳᠤᠷᠠᠳᠤᠯᠭ᠎ᠠ᠎ᠶ᠋ᠢ ᠢᠳᠡᠪᠬᠢᠲᠡᠶ ᠳᠡᠪᠱᠢᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠂ ᠥᠭᠡᠷᠡᠴᠢᠯᠡᠯᠲᠡ᠎ᠶ᠋ᠢ  ᠤᠯᠠᠮ ᠨᠢᠭᠡ   ᠠᠯᠬᠤᠮ ᠪᠦᠬᠦ  ᠲᠠᠯ᠎ᠡ ᠪᠡᠷ ᠭᠦᠨᠵᠡᠭᠡᠢᠷᠡᠭᠦᠯᠬᠦ᠌᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠨᠡᠢᠭᠡᠮ᠎ᠦᠨ ᠡᠶ᠎ᠡ ᠵᠣᠬᠢᠴᠠᠯ ᠪᠠ ᠲᠣᠭ᠍ᠲᠠᠭᠤᠨ ᠪᠠᠢᠳᠠᠯ᠎ᠢ ᠬᠠᠮᠠᠭᠠᠯᠠᠬᠤ᠎ᠳᠤ ᠠᠷᠭ᠎ᠠ ᠤᠬᠠᠭᠠᠨ ᠭᠠᠷᠭᠠᠵᠤ ᠬᠦᠴᠦᠨ ᠴᠢᠳᠠᠯ᠎ᠢᠶᠠᠨ ᠡᠷᠭᠦᠪᠡ᠃

3 ᠰᠠᠷ᠎ᠠ᠎ᠶ᠋ᠢᠨ 5 ᠎ᠤ᠋ ᠡᠳᠦᠷ᠎ᠦᠨ 20 ᠴᠠᠭ ᠪᠣᠯᠲᠠᠯ᠎ᠠ ᠨᠡᠢᠲᠡ 5890 ᠬᠤᠪᠢ ᠰᠠᠨᠠᠯ ᠲᠤᠷᠠᠳᠤᠯᠭ᠎ᠠ ᠵᠢ ᠬᠦᠯᠢᠶᠡᠨ ᠠᠪᠴᠠᠶ᠃ 《ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠦᠬᠦ᠌ ᠤᠯᠤᠰ᠎ᠤᠨ ᠬᠤᠷᠢᠶ᠎ᠠ ᠵᠢᠨ ᠰᠠᠨᠠᠯ ᠲᠤᠷᠠᠳᠤᠯᠭ᠎ᠠ᠎ᠶ᠋ᠢᠨ ᠠᠵᠢᠯ᠎ᠤᠨ ᠲᠦᠷᠢᠮ》 ᠪᠠ ᠰᠠᠨᠠᠯ ᠲᠤᠷᠠᠳᠤᠯᠭ᠎ᠠ᠎ᠶ᠋ᠢ ᠬᠢᠨᠠᠨ ᠪᠠᠢᠴᠠᠭᠠᠬᠤ ᠠᠵᠢᠯ ᠎ᠤᠨ ᠨᠠᠷᠢᠨ ᠲᠦᠷᠢᠮ᠎ᠢ ᠦᠨᠳᠦᠰᠦᠯᠡᠨ᠂ ᠬᠢᠨᠠᠨ ᠪᠠᠢᠴᠠᠭᠠᠭᠠᠳ 5002 ᠬᠤᠪᠢ ᠰᠠᠨᠠᠯ ᠲᠤᠷᠠᠳᠤᠯᠭ᠎ᠠ᠎ᠶ᠋ᠢ ᠲᠠᠩᠰᠠᠯᠠᠵᠤ᠂ 262 ᠬᠤᠪᠢ ᠰᠠᠨᠠᠯ ᠲᠤᠷᠠᠳᠤᠯᠭ᠎ᠠ᠎ᠶ᠋ᠢ ᠨᠡᠢᠯᠡᠭᠦᠯᠵᠦ᠂ 626 ᠬᠤᠪᠢ ᠵᠢ ᠨᠢ ᠰᠠᠨᠠᠯ ᠪᠠ ᠰᠠᠨᠠᠭᠤᠯᠭ᠎ᠠ ᠪᠣᠯᠭᠠᠨ ᠬᠤᠪᠢᠷᠠᠭᠤᠯᠪᠠ᠃

ᠳᠠᠩᠰᠠᠯᠠᠭ᠍ᠰᠠᠨ ᠰᠠᠨᠠᠯ ᠳᠤᠷᠠᠳᠤᠯᠭ᠎ᠠ᠎ᠳᠤ᠂ ᠭᠡᠱᠢᠭᠦᠳ ᠎ᠦᠨ ᠰᠠᠨᠠᠯ ᠳᠤᠷᠠᠳᠤᠯᠭ᠎ᠠ 4531 ᠬᠤᠪᠢ ᠪᠠᠢᠵᠤ᠂ 90.6% ᠵᠢ ᠡᠵᠡᠯᠡᠪᠡ; ᠬᠠᠮᠲᠤ᠎ᠶ᠋ᠢᠨ ᠰᠠᠨᠠᠯ ᠳᠤᠷᠠᠳᠤᠯᠭ᠎ᠠ 471 ᠬᠤᠪᠢ ᠪᠠᠢᠵᠤ᠂ 9.4% ᠵᠢ ᠡᠵᠡᠯᠡᠪᠡ᠃ ᠡᠭᠦᠨ᠎ᠤ ᠲᠤᠳᠤᠷ᠎ᠠ᠂ ᠠᠵᠤ ᠠᠬᠤᠶ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠠᠯ᠎ᠠ ᠪᠡᠷ ᠬᠢ ᠰᠠᠨᠠᠯ ᠲᠤᠷᠠᠳᠤᠯᠭ᠎ᠠ 2133 ᠬᠤᠪᠢ ᠪᠠᠢᠵᠤ᠂ 42.6% ᠎ᠶ᠋ᠢ ᠡᠵᠡᠯᠡᠪᠡ; ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠳᠤᠷᠠᠳᠤᠯᠭ᠎ᠠ 419 ᠬᠤᠪᠢ ᠪᠠᠢᠵᠤ᠂ 8.4% ᠎ᠶ᠋ᠢ ᠡᠵᠡᠯᠡᠪᠡ; ᠰᠣᠶᠣᠯ ᠎ᠤᠨ ᠪᠠᠢᠭᠤᠯᠤᠯᠲᠠ᠎ᠶ᠋ᠢᠨ ᠲᠠᠯ᠎ᠠ ᠎ᠪᠠᠷ ᠬᠢ ᠰᠠᠨᠠᠯ ᠳᠤᠷᠠᠳᠤᠯᠭ᠎ᠠ 459 ᠬᠤᠪᠢ ᠪᠠᠢᠵᠤ᠂ 9.2% ᠎ᠢ᠋  ᠡᠵᠡᠯᠡᠪᠡ; ᠨᠡᠢᠭᠡᠮ᠎ᠦᠨ ᠪᠠᠢᠭᠤᠯᠤᠯᠲᠠ᠎ᠶ᠋ᠢᠨ ᠲᠠᠯ᠎ᠠ ᠎ᠪᠠᠷ ᠬᠢ ᠰᠠᠨᠠᠯ ᠳᠤᠷᠠᠳᠤᠯᠭ᠎ᠠ 1387 ᠬᠤᠪᠢ ᠪᠠᠢᠵᠤ᠂ 27.7% ᠎ᠶ᠋ᠢ ᠡᠵᠡᠯᠡᠪᠡ; ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠠᠯ᠎ᠠ᠎ᠪᠠᠷ ᠬᠢ ᠰᠠᠨᠠᠯ ᠲᠤᠷᠠᠳᠤᠯᠭ᠎ᠠ 604 ᠬᠤᠪᠢ ᠪᠠᠢᠵᠤ᠂ 12.1% ᠎ᠶ᠋ᠢ ᠡᠵᠡᠯᠡᠪᠡ᠃

ᠲᠤᠰ ᠤᠳᠠᠭ᠎ᠠ ᠵᠢᠨ ᠬᠤᠷᠠᠯ᠎ᠤᠨ ᠰᠠᠨᠠᠯ ᠳᠤᠷᠠᠳᠤᠯᠭ᠎ᠠ ᠨᠢ ᠳᠣᠣᠷᠠᠬᠢ ᠮᠡᠲᠦ ᠣᠨᠴᠠᠯᠢᠭ᠎ᠲᠠᠶ᠄ ᠨᠢᠭᠡ᠎ᠳᠦ᠂ ᠤᠯᠤᠰ ᠲᠦᠷᠦ᠍᠎ᠶ᠋ᠢᠨ ᠵᠥᠪ ᠴᠢᠭ᠌ᠯᠡᠯ᠎ᠢ ᠪᠠᠷᠢᠮᠲᠠᠯᠨᠪᠠ᠃ ᠭᠡᠱᠢᠭᠦᠳ ᠳᠡᠭᠡᠳᠦ ᠬᠡᠮᠵᠢᠶ᠎ᠡ᠎ᠪᠡᠷ ᠬᠠᠷᠢᠭᠤᠴᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ ᠪᠠ ᠲᠥᠪ ᠴᠢᠩᠭ᠎ᠠ ᠨᠠᠷᠢᠨ ᠬᠢᠨᠠᠮᠠᠭᠠᠶ ᠱᠢᠨᠵᠢᠯᠡᠬᠦ᠌ ᠤᠬᠠᠭᠠᠨᠴᠢ ᠣᠪᠣᠷ᠎ᠢᠶᠠᠷ ᠭᠤᠤᠯ ᠠᠵᠢᠯ᠎ᠲᠠᠶ ᠤᠶᠠᠯᠳᠤᠭᠤᠯᠤᠨ᠂ ᠶᠡᠬᠡ ᠲᠠᠯ᠎ᠠ᠎ᠳᠤ ᠦᠶ᠋ᠯᠡᠴᠢᠯᠡᠬᠦ᠌ ᠎ᠶ᠋ᠢ ᠪᠠᠷᠢᠮᠲᠠᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠲᠡᠭᠦᠰ ᠠᠮᠵᠢᠯᠲᠠ᠎ᠲᠠᠶ ᠰᠡᠭᠦᠯ ᠬᠤᠷᠢᠶᠠᠬᠤ᠎ᠶ᠋ᠢ ᠠᠬᠢᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠬᠦ᠌ ᠳ᠋ᠤ᠂ ᠪᠣᠳᠠᠲᠠᠶ᠎ᠶ᠋ᠢ ᠡᠷᠬᠢᠮᠯᠡᠭᠰᠡᠨ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠪᠠ᠃ ᠬᠣᠶᠠᠷ᠎ᠲᠤ᠂ ᠶᠠᠰᠤ ᠴᠢᠨᠠᠷ ᠤᠯᠠᠮ ᠨᠢᠭᠡ ᠠᠯᠬᠤᠮ ᠳᠡᠭᠡᠭ᠌ᠰᠢᠯᠡᠪᠡ᠃ ᠭᠡᠱᠢᠭᠦᠳ ᠰᠠᠨᠠᠯ ᠲᠤᠷᠠᠳᠤᠯᠭ᠎ᠠ ᠨᠢ ᠠᠷᠪᠢᠨ ᠪᠢᠰᠢ ᠪᠣᠯᠪᠠᠴᠤ᠌ ᠨᠠᠷᠢᠯᠢᠭ ᠪᠠᠢᠬᠤ ᠵᠠᠷᠴᠢᠮ᠎ᠢ ᠪᠠᠷᠢᠮᠲᠠᠯᠠᠵᠤ᠂ ᠲᠤᠰᠭᠠᠢ ᠮᠡᠷᠭᠡᠵᠢᠯ᠎ᠦᠨ ᠲᠠᠪᠠᠭᠤᠯᠢᠭ ᠵᠢᠡᠨ ᠲᠤᠪᠤᠢ᠌ᠯᠭᠠᠨ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠰᠠᠨᠠᠯ ᠲᠤᠷᠠᠳᠤᠯᠭ᠎ᠠ ᠰᠠᠨᠠᠭᠤᠯᠭ᠎ᠠ ᠨᠢ ᠨᠡᠩ ᠢᠯᠡᠭᠦᠦ ᠪᠠᠷᠠᠯᠠᠯᠳᠤ ᠴᠢᠨᠠᠷ᠂ ᠬᠠᠨᠳᠤᠯᠭᠠᠲᠤ ᠴᠢᠨᠠᠷ᠂ ᠬᠡᠷᠡᠭ᠌ᠵᠢᠭᠦᠯᠵᠦ᠍ ᠪᠣᠯᠬᠤᠢᠴᠠ ᠴᠢᠨᠠᠷ᠎ᠲᠠᠶ ᠪᠣᠯᠵᠠᠢ᠃ ᠭᠤᠷᠪᠠ᠎ᠳᠤ᠂ ᠡᠲᠡᠭᠡᠳ ᠢᠯᠭᠠᠯ᠎ᠤᠨ ᠦᠪᠡᠷᠮᠢᠴᠡ ᠣᠨᠴᠠᠯᠢᠭ ᠎ᠢ ᠤᠯᠠᠮ ᠨᠢᠭᠡ ᠠᠯᠬᠤᠮ ᠢᠯᠡᠷᠡᠭᠦᠯᠪᠡ᠃ ᠤᠯᠤᠰ ᠲᠦᠷᠦ᠍᠎ᠶ᠋ᠢᠨ ᠵᠥᠪᠯᠡᠯᠭᠡᠨ᠎ᠦ ᠡᠯ᠎ᠡ ᠣᠷᠣᠯᠴᠠᠭ᠍ᠴᠢ ᠨᠢᠭᠡᠴᠢ᠂ ᠤᠯᠤᠰ ᠲᠦᠷᠦ᠍᠎ᠶ᠋ᠢᠨ ᠵᠥᠪᠯᠡᠯᠭᠡᠨ ᠎ᠦ ᠲᠤᠰᠭᠠᠢ ᠵᠦᠪᠯᠡᠯ ᠪᠠ ᠡᠲᠡᠭᠡᠳ ᠢᠯᠭᠠᠯ᠂ ᠭᠡᠱᠢᠭᠦᠳ᠎ᠦᠨ ᠳᠤᠭᠤᠢᠯᠠᠩ ᠨᠢ ᠡᠲᠡᠭᠡᠳ ᠢᠯᠭᠠᠯ ᠎ᠤᠨ ᠥᠪᠡᠷᠮᠢᠴᠡ ᠣᠨᠴᠠᠯᠢᠭ᠎ᠤᠨ ᠳᠠᠪᠠᠭᠤᠯᠢᠭ᠎ᠢ ᠪᠠᠳᠠᠷᠠᠭᠤᠯᠬᠤ᠎ᠶ᠋ᠢ ᠴᠢᠬᠤᠯᠠᠴᠢᠯᠠᠵᠤ᠂ ᠥᠷᠭᠡᠨ ᠭᠦᠨᠵᠡᠭᠡᠢ ᠵᠥᠪᠳᠡᠯᠴᠡᠭ᠌ᠰᠡᠨ ᠰᠠᠭᠤᠷᠢᠨ ᠳᠡᠭᠡᠷ᠎ᠡ ᠬᠠᠮᠲᠤ᠎ᠶ᠋ᠢᠨ ᠰᠠᠨᠠᠯ ᠲᠤᠷᠠᠳᠤᠯᠭ᠎ᠠ᠎ᠶ᠋ᠢ ᠳᠤᠷᠠᠳᠤᠨ ᠭᠠᠷᠭᠠᠪᠠ᠃ ᠳᠥᠷᠪᠡ᠎ᠳᠦ᠂ ᠰᠡᠳᠭᠢᠯ᠎ᠨᠢᠭᠡᠳᠤᠨ ᠬᠦᠴᠦ᠍᠎ᠪᠡᠨ ᠬᠠᠮᠲᠤᠳᠭᠠᠬᠤ ᠦᠶ᠋ᠯᠡᠳᠦᠯ ᠎ᠢ ᠤᠯᠠᠮ ᠨᠢᠭᠡ ᠠᠯᠬᠤᠮ ᠪᠠᠳᠠᠷᠠᠭᠤᠯᠪᠠ᠃ ᠭᠡᠱᠢᠭᠦᠳ ᠰᠠᠨᠠᠯ ᠳᠤᠷᠠᠳᠤᠯᠭ᠎ᠠ᠎ᠪᠠᠷ ᠳᠠᠮᠵᠢᠭᠤᠯᠤᠨ ᠠᠷᠠᠳ ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠤᠰᠭᠠᠢ ᠵᠥᠪᠯᠡᠬᠦ᠌ ᠪᠠᠢᠭᠤᠯᠤᠮᠵᠢ ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠵᠥᠪᠯᠡᠬᠦ᠌ ᠠᠷᠠᠳᠴᠢᠯᠠᠯ᠎ᠢ ᠪᠦᠬᠦ᠌ ᠲᠠᠯ᠎ᠠ᠎ᠪᠠᠷ ᠬᠥᠭ᠌ᠵᠢᠭᠦᠯᠬᠦ᠌ ᠴᠢᠬᠤᠯᠠ ᠱᠠᠭᠠᠷᠳᠠᠯᠭ᠎ᠠ᠎ᠶ᠋ᠢ ᠦᠢᠯᠡᠳᠦᠯᠭᠡᠵᠢᠭᠦᠯᠵᠦ᠍᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠠᠷᠢᠭᠤᠴᠠᠯᠭ᠎ᠠ ᠡᠭᠦᠷᠭᠡᠯᠡᠯ᠎ᠢᠶᠡᠷ ᠵᠢᠳᠬᠦᠯ ᠴᠢᠷᠮᠠᠢᠯᠭ᠎ᠠ ᠭᠠᠷᠭᠠᠵᠤ᠂ ᠬᠥᠭ᠌ᠵᠢᠯᠲᠡ᠎ᠶ᠋ᠢᠨ ᠢᠲᠡᠭᠡᠯ ᠵᠣᠷᠢᠭ᠎ᠢᠶᠠᠨ ᠪᠠᠲᠤᠳᠭᠠᠵᠤ᠂ ᠡᠷᠡᠯᠬᠡᠭ᠌ᠯᠡᠨ ᠤᠷᠤᠭ᠍ᠰᠢᠯᠠᠬᠤ ᠬᠦᠴᠦᠨ ᠴᠢᠳᠠᠯ᠎ᠢᠶᠠᠨ ᠨᠢᠭ᠍ᠲᠠᠷᠠᠭᠤᠯᠪᠠ᠃

ᠶᠡᠬᠡ ᠬᠤᠷᠠᠯ ᠲᠡᠭᠦᠰᠦᠭ᠌ᠰᠡᠨ ᠎ᠦ ᠲᠠᠷᠠᠭ᠎ᠠ᠂ ᠰᠠᠨᠠᠯ ᠳᠤᠷᠠᠳᠤᠯᠭ᠎ᠠ᠎ᠶ᠋ᠢ ᠳᠠᠭᠠᠭᠠᠵᠤ ᠱᠢᠢᠳᠪᠦᠷᠢᠯᠡᠬᠦ᠌ ᠨᠢᠭᠡᠴᠢ᠎ᠳᠦ ᠲᠤᠱᠢᠶᠠᠨ ᠥᠭ᠌ᠴᠦ ᠱᠢᠢᠳᠪᠦᠷᠢᠯᠡᠭᠦᠯᠬᠦ᠌ ᠪᠣᠯᠤᠨ᠎ᠠ᠃ ᠲᠤᠰ ᠤᠳᠠᠭᠠᠨ᠎ᠤ ᠶᠡᠬᠡ ᠬᠤᠷᠠᠯ᠎ᠤᠨ ᠰᠠᠨᠠᠯ ᠳᠤᠷᠠᠳᠤᠯᠭ᠎ᠠ ᠳᠤᠷᠠᠳᠭᠤ᠎ᠬᠤᠭᠤᠴᠠᠭ᠎ᠠ ᠲᠠᠭᠤᠰᠤᠭᠰᠠᠨ᠎ᠤ ᠲᠠᠷᠠᠭ᠎ᠠ ᠬᠤᠷᠢᠶᠠᠵᠤ ᠣᠯᠤᠭ᠍ᠰᠠᠨ ᠰᠠᠨᠠᠯ ᠳᠤᠷᠠᠳᠤᠯᠭ᠎ᠠ ᠶ᠋ᠢ ᠡᠩ᠎ᠦᠨ ᠦᠶ᠎ᠡ᠎ᠶ᠋ᠢᠨ ᠰᠠᠨᠠᠯ ᠳᠤᠷᠠᠳᠤᠯᠭ᠎ᠠ᠎ᠪᠡᠷ ᠴᠠᠭ ᠲᠤᠬᠠᠢ᠎ᠳᠤᠨᠢ ᠬᠢᠨᠠᠨ ᠪᠠᠢᠴᠠᠭᠠᠵᠤ ᠱᠢᠢᠳᠪᠦᠷᠢᠯᠡᠨ᠎ᠡ᠃

ᠳᠡᠭᠡᠷᠡᠬᠢ  ᠮᠡᠳᠡᠭᠦᠯᠦᠯᠲᠡ᠎ᠶ᠋ᠢ ᠬᠢᠨᠠᠨ ᠵᠦᠪᠯᠡᠬᠦ ᠪᠣᠯᠪᠠᠤ᠃

ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 10 ᠎ᠤ᠋ ᠴᠠᠬᠢᠯᠭᠠᠨ ᠮᠡᠳᠡᠭᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号