ᠨᠡᠭᠡᠭᠡᠯᠲᠡ ᠬᠢᠪᠡᠯ ᠤᠷᠤᠭᠰᠢᠯᠠᠨ ᠲᠠᠪᠰᠢᠵᠤ᠂ ᠬᠠᠮᠲᠤᠷᠠᠯᠴᠠᠪᠠᠯ ᠰᠠᠶᠢ ᠬᠠᠮᠲᠤ ᠪᠠᠷ ᠠᠰᠢᠭ᠋ ᠬᠦᠷᠲᠡᠵᠦ ᠴᠢᠳᠠᠨ᠎ᠠ᠃ ᠥᠪᠥᠷ ᠮᠣᠩᠭᠣᠯ᠎ᠤᠨ ᠨᠡᠭᠡᠭᠡᠯᠲᠡᠬᠢᠵᠦ ᠬᠠᠮᠲᠤᠷᠠᠯᠴᠠᠬᠤ᠎ᠶᠢᠨ ᠭᠦᠨᠴᠡ ᠪᠠ ᠥᠷᠭᠡᠴᠡ᠎ᠶᠢ ᠬᠡᠷᠬᠢᠨ ᠴᠢᠨᠠᠭᠰᠢᠳᠠ ᠳᠡᠭᠡᠭᠰᠢᠯᠡᠭᠦᠯᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠠᠵᠤ ᠠᠬᠤᠢ ᠠᠷᠠᠯᠵᠢᠶᠠᠨ᠎ᠤ ᠲᠠᠪᠴᠠᠩ᠎ᠳᠤ ᠨᠡᠩ ᠶᠡᠭᠡ ᠲᠠᠳᠠᠬᠤ ᠬᠦᠴᠦᠨ᠎ᠢ ᠪᠡᠶᠡᠯᠡᠬᠦᠯᠬᠦ ᠪᠤᠢ? ᠶᠠᠭ ᠰᠠᠶᠢᠬᠠᠨ ᠬᠤᠷᠠᠯᠳᠤᠵᠤ ᠪᠠᠢᠭ᠎ᠠ ᠪᠦᠬᠦ ᠤᠯᠤᠰ᠎ᠤᠨ ᠬᠣᠶᠠᠷ ᠬᠤᠷᠠᠯ ᠳᠡᠭᠡᠷ᠎ᠡ ᠲᠥᠯᠥᠭᠡᠯᠡᠭᠴᠢᠳ ᠭᠡᠰᠢᠭᠦᠳ ᠬᠣᠢᠨ᠎ᠠ ᠬᠣᠢᠨ᠎ᠠ ᠡᠴᠡ᠎ᠪᠠᠨ ᠬᠥᠭᠵᠢᠶᠡᠨᠲᠡᠢ ᠶᠠᠷᠢᠯᠴᠠᠵᠤ᠂ ᠠᠷᠭ᠎ᠠ ᠪᠤᠳᠤᠯᠭ᠎ᠠ ᠲᠡᠪᠰᠢᠭᠦᠯᠵᠦ ᠪᠠᠢᠯ᠎ᠠ᠃
2024 ᠣᠨ᠎ᠳᠤ ᠥᠪᠥᠷ ᠮᠣᠩᠭᠣᠯ᠎ᠤᠨ ᠭᠠᠳᠠᠭᠠᠳᠤ ᠠᠷᠠᠯᠵᠢᠶᠠᠨ᠎ᠤ ᠣᠷᠣᠭᠤᠯᠤᠯᠲᠠ ᠭᠠᠷᠭᠠᠯᠲᠠ᠎ᠶᠢᠨ ᠶᠡᠷᠦᠩᠬᠡᠢ ᠥᠷᠲᠡᠭ 2073.1 ᠳ᠋ᠦᠩᠰᠢᠭᠤᠷ ᠲᠥᠭᠥᠷᠢᠭ᠎ᠲᠦ ᠬᠦᠷᠴᠦ᠂ ᠠᠳᠠᠯᠢ ᠬᠤᠭᠤᠴᠠᠭᠠᠨ᠎ᠤ ᠬᠢ᠎ᠡᠴᠡ 5.8% ᠪᠠᠷ ᠨᠡᠮᠡᠭᠳᠡᠨ᠂ ᠪᠥᠬᠥ ᠤᠯᠤᠰ᠎ᠤᠨ ᠭᠠᠳᠠᠭᠠᠳᠤ ᠠᠷᠠᠯᠵᠢᠶᠠᠨ᠎ᠤ ᠨᠡᠮᠡᠭᠳᠡᠯ᠎ᠦᠨ ᠬᠤᠷᠳᠤᠴᠠ ᠡᠴᠡ ᠵᠠᠭᠤᠨ᠎ᠤ ᠬᠠᠷᠢᠴᠠᠯ ᠢ᠋ᠢᠡᠷ 0.8 ᠬᠤᠪᠢ ᠥᠨᠳᠥᠷ ᠪᠣᠯᠪᠠ᠃ 2024 ᠣᠨ᠎ᠤ ᠰᠡᠭᠦᠯᠴᠢ ᠪᠣᠯᠲᠠᠯ᠎ᠠ᠂ ᠥᠪᠥᠷ ᠮᠣᠩᠭᠣᠯ ᠪᠦᠬᠦ ᠪᠥᠮᠪᠥᠷᠴᠡᠭ᠎ᠦᠨ 158 ᠤᠯᠤᠰ᠎ᠲᠠᠢ ᠠᠷᠠᠯᠵᠢᠶᠠᠨ᠎ᠤ ᠶᠠᠪᠤᠯᠴᠠᠭ᠎ᠠ ᠥᠷᠨᠢᠭᠦᠯᠵᠦ᠂ 120 ᠠᠷᠠᠯᠵᠢᠶᠠᠨ᠎ᠤ ᠬᠠᠨᠢᠲᠠᠨ᠎ᠲᠠᠢ ᠣᠷᠣᠭᠤᠯᠤᠯᠲᠠ ᠭᠠᠷᠭᠠᠯᠲᠠ᠎ᠶᠢᠨ ᠨᠡᠮᠡᠭᠳᠡᠯ᠎ᠢ ᠪᠡᠶᠡᠯᠡᠭᠦᠯᠵᠡᠢ᠃ ᠠᠯᠢ ᠤᠯᠠᠨ ᠲᠣᠭ᠎ᠠ ᠪᠠᠷᠢᠮᠲᠠ᠂ ᠠᠯᠢ ᠤᠯᠠᠨ ᠦᠷ᠎ᠡ ᠪᠦᠲᠦᠭᠡᠯ ᠪᠣᠯ ᠥᠪᠥᠷ ᠮᠣᠩᠭᠣᠯ᠎ᠤᠨ ᠨᠡᠭᠡᠭᠡᠯᠲᠡ ᠬᠢᠵᠦ ᠬᠠᠮᠲᠦᠷᠠᠯᠴᠠᠭ᠎ᠠ ᠪᠠᠨ ᠥᠷᠭᠡᠳᠬᠡᠭᠰᠡᠨᠤ ᠠᠮᠢᠳᠤᠯᠢᠭ᠋ ᠲᠠᠢᠯᠪᠤᠷᠢᠯᠠᠯᠲᠠ ᠪᠣᠯᠣᠨ᠎ᠠ᠃ ᠪᠥᠬᠥ ᠲᠠᠯ᠎ᠠ᠎ᠶᠢᠨ᠂ ᠣᠯᠠᠨ ᠲᠠᠰ ᠳᠠᠪᠬᠤᠷᠭ᠎ᠠ᠎ᠶᠢᠨ ᠭᠠᠳᠠᠭᠠᠳᠤ ᠨᠡᠭᠡᠭᠡᠯᠲᠡ᠎ᠪᠡᠷ ᠳᠡᠮᠵᠢᠨ᠂ ᠥᠪᠥᠷ ᠮᠣᠩᠭᠣᠯ᠎ᠤᠨ ᠭᠠᠳᠠᠭᠠᠳᠤ ᠠᠷᠠᠯᠵᠢᠶ᠎ᠠ᠎ᠶᠢᠨ 《ᠨᠠᠢᠵᠠ᠎ᠶᠢᠨ ᠲᠤᠭᠤᠷᠢᠭ》 ᠶᠠᠪᠤᠬᠤ ᠲᠤᠲᠤᠮ ᠥᠷᠭᠡᠵᠢᠵᠦ᠂ ᠴᠢᠨᠠᠷ ᠰᠠᠢᠲᠠᠢ ᠬᠥᠭᠵᠢᠯᠲᠡ᠎ᠳᠦ ᠲᠠᠰᠤᠷᠠᠯᠲᠠ ᠦᠭᠡᠢ ᠬᠥᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ ᠨᠡᠮᠡᠷᠢᠯᠡᠵᠦ ᠪᠠᠢᠨ᠎ᠠ᠃
ᠥᠪᠥᠷ ᠮᠣᠩᠭᠣᠯ 《ᠤᠮᠠᠷᠠᠲᠤ᠎ᠶᠢᠨ ᠭᠤᠷᠪᠠᠨ ᠣᠷᠣᠨ》 ᠢ᠋ ᠰᠤᠨᠳᠠᠯᠠᠵᠤ᠂ ᠭᠠᠳᠠᠭ᠍ᠰᠢ᠎ᠪᠠᠨ ᠤᠷᠤᠰ ᠮᠣᠩᠭᠣᠯ᠎ᠲᠠᠢ ᠵᠠᠯᠭᠠᠯᠳᠤᠵᠤ᠂ ᠳᠣᠲᠣᠬᠰᠢ ᠪᠠᠨ ᠨᠠᠢ᠍ᠮᠠᠨ ᠮᠤᠵᠢ ᠣᠷᠣᠨ᠎ᠲᠠᠢ ᠵᠠᠯᠭᠠᠯᠳᠤᠵᠤ᠂ ᠭᠠᠳᠠᠭᠠᠳᠤ ᠨᠡᠭᠡᠭᠡᠯᠲᠡ ᠢᠯᠠᠩᠭᠤᠶ᠎ᠠ ᠤᠮᠠᠷᠠᠰᠢ ᠨᠡᠭᠡᠭᠡᠯᠲᠡ ᠬᠢᠬᠦ᠎ᠶᠢ ᠪᠦᠬᠦ ᠲᠠᠯ᠎ᠠ᠎ᠪᠠᠷ ᠥᠷᠭᠡᠳᠬᠡᠬᠦ ᠨᠢ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠪᠣᠳᠠᠲᠤ ᠬᠡᠷᠡᠭᠴᠡᠭᠡ ᠪᠣᠯᠬᠤ᠎ᠪᠠᠷ ᠪᠠᠷᠠᠬᠤ ᠦᠭᠡᠢ ᠪᠠᠰᠠ ᠤᠯᠤᠰ᠎ᠤᠨ ᠭᠠᠳᠠᠭᠠᠳᠤ ᠨᠡᠭᠡᠭᠡᠯᠲᠡ ᠬᠢᠬᠦ ᠪᠠᠢᠯᠳᠤᠬᠤ ᠪᠣᠳᠣᠯᠭ᠎ᠠ᠎ᠳᠤ ᠦᠢᠯᠡᠴᠢᠯᠡᠬᠦ ᠵᠠᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠣᠢᠷ᠎ᠠ᠎ᠶᠢᠨ ᠵᠢᠯ᠎ᠡᠴᠡ᠂ ᠥᠪᠥᠷ ᠮᠣᠩᠭᠣᠯ ᠰᠠᠭᠤᠷᠢ ᠲᠥᠬᠦᠭᠡᠷᠦᠮᠵᠢ᠎ᠶᠢ ᠰᠠᠢᠵᠢᠷᠠᠭᠤᠯᠤᠨ ᠳᠡᠭᠡᠭᠰᠢᠯᠡᠭᠦᠯᠬᠦ᠂ ᠪᠣᠭᠣᠮᠲᠠ᠎ᠶᠢᠨ ᠵᠥᠷᠢᠶᠡᠴᠢᠯᠡᠭᠰᠡᠨ ᠪᠠᠢᠷᠢ ᠲᠣᠭᠲᠠᠭᠠᠯᠲᠠ᠂ ᠣᠶᠤᠨᠴᠢᠯᠠᠭᠰᠠᠨ ᠥᠭᠡᠷᠡᠴᠢᠯᠡᠯᠲᠡ ᠬᠢᠬᠦ ᠵᠡᠷᠭᠡ ᠲᠠᠯ᠎ᠠ᠎ᠪᠠᠷ ᠪᠣᠭᠣᠮᠲᠠ᠎ᠶᠢᠨ ᠪᠦᠲᠦᠭᠡᠨ ᠪᠠᠢᠭᠤᠯᠤᠯᠲᠠ᠎ᠶᠢ ᠴᠢᠨᠠᠭᠰᠢᠳᠠ ᠰᠢᠯᠢᠳᠡᠭᠵᠢᠭᠦᠯᠵᠦ᠂ ᠤᠯᠠᠨ ᠲᠠᠯ᠎ᠠ ᠢ᠋ᠢᠨ᠂ ᠪᠣᠰᠣᠭ᠎ᠠ ᠴᠣᠭᠴᠠᠵᠢᠭᠤᠯᠤᠭᠰᠠᠨ ᠪᠣᠭᠣᠮᠲᠠ᠎ᠶᠢᠨ ᠨᠡᠭᠡᠭᠡᠯᠲᠡ᠎ᠶᠢᠨ ᠪᠠᠢᠷᠢᠰᠢᠯ᠎ᠢ ᠪᠦᠷᠢᠯᠳᠦᠭᠦᠯᠵᠦ᠂ ᠤᠮᠠᠷᠠᠰᠢ ᠨᠡᠭᠡᠭᠡᠯᠲᠡ ᠬᠢᠬᠦ ᠶᠡᠬᠡ ᠵᠠᠮ᠎ᠢ ᠲᠠᠰᠤᠷᠠᠯᠳᠡ ᠦᠭᠡᠢ ᠨᠡᠪᠲᠡᠷᠡᠭᠦᠯᠵᠡᠢ᠃
ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶᠢ ᠥᠷᠭᠡᠳᠬᠡᠵᠦ᠂ ᠢᠳᠡᠪᠬᠢᠲᠡᠢ᠎ᠪᠡᠷ ᠭᠠᠳᠠᠭᠠᠳᠤ ᠠᠷᠠᠯᠵᠢᠶ᠎ᠠ᠎ᠶᠢ ᠲᠣᠭᠲᠠᠪᠤᠷᠢᠵᠢᠭᠤᠯᠵᠤ ᠭᠠᠳᠠᠭᠠᠳᠤ ᠪᠡᠯᠡ᠎ᠶᠢ ᠲᠤᠭᠳᠠᠭᠤᠨ ᠪᠠᠢᠯᠭᠠᠨ᠎ᠠ ᠭᠡᠵᠦ ᠲᠤᠷᠠᠳᠤᠨ ᠭᠠᠷᠭᠠᠪᠠ᠃ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠣᠰ ᠣᠷᠴᠢᠯ᠎ᠢ ᠬᠣᠯᠪᠣᠯᠳᠤᠭᠤᠯᠤᠨ ᠨᠡᠪᠲᠡᠷᠡᠭᠦᠯᠬᠦ᠎ᠳᠦ ᠨᠡᠩ ᠶᠡᠬᠡ ᠦᠢᠯᠡᠳᠦᠯ ᠢ᠋ᠢᠡᠨ ᠪᠠᠲᠠᠷᠠᠭᠤᠯᠬᠤ ᠬᠡᠷᠡᠭᠲᠡᠢ ᠮᠦᠷᠲᠡᠭᠡᠨ ᠪᠠᠰᠠ 《ᠣᠷᠣᠨ ᠪᠦᠰᠡ᠎ᠶᠢᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠬᠦ ᠨᠢ ᠴᠸ᠋ ᠨᠡᠭᠡᠭᠡᠯᠲᠡ ᠬᠢᠬᠦ ᠶᠠᠪᠤᠳᠠᠯ ᠮᠥᠨ》 ᠭᠡᠬᠦ ᠦᠵᠡᠯᠲᠡ᠎ᠶᠢ ᠪᠤᠶ ᠪᠣᠯᠭᠠᠵᠤ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠦ ᠭᠤᠷᠪᠠᠯᠵᠢᠨ ᠬᠣᠢᠭ᠋᠂ ᠭᠤᠸᠠᠩᠳᠦ᠋ᠩ ᠰᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ ᠪᠠ ᠵᠡᠭᠦᠨ ᠭᠤᠷᠪᠠᠨ ᠮᠤᠵᠢ ᠲᠠᠢ ᠬᠣᠯᠪᠤᠭᠠᠯᠠᠨ ᠨᠡᠪᠲᠡᠷᠡᠯᠴᠡᠬᠦ᠎ᠶᠢ ᠲᠦᠷᠭᠡᠳᠬᠡᠵᠦ᠂ ᠤᠯᠤᠰ᠎ᠤᠨ ᠳᠣᠲᠣᠭᠠᠳᠤ᠎ᠶᠢᠨ ᠲᠡᠷᠢᠭᠦᠨ᠎ᠦ ᠠᠵᠤ ᠦᠢᠯᠡᠰ᠎ᠦᠨ ᠰᠢᠯᠵᠢᠯᠲᠡ᠎ᠶᠢ ᠢᠲᠡᠪᠬᠢᠲᠡᠢ ᠬᠦᠯᠢᠶᠡᠨ ᠠᠪᠴᠤ᠂ ᠥᠪᠥᠷ ᠮᠣᠩᠭᠣᠯ ᠬᠢᠭᠡᠳ ᠪᠥᠬᠥ ᠤᠯᠤᠰ᠎ᠤᠨ ᠲᠣᠮᠣ᠌ ᠵᠠᠬ᠎ᠠ ᠳᠡᠯᠭᠡᠭᠦᠷ᠎ᠢ ᠪᠥᠬᠥ ᠲᠠᠯ᠎ᠠ᠎ᠪᠠᠷ ᠵᠣᠯᠭᠠᠭᠤᠯᠬᠤ᠂ ᠭᠦᠨᠵᠡᠭᠡᠢ ᠠᠭᠤᠰᠤᠯᠴᠠᠭᠤᠯᠬᠤ᠎ᠶᠢ ᠠᠬᠢᠭᠤᠯᠵᠤ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠲᠦᠭᠡᠨ ᠪᠠᠶ᠋ᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠭᠢᠯ᠎ᠤᠨ ᠪᠦᠲᠦᠭᠡᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢᠨ ᠲᠠᠲᠠᠬᠤ ᠬᠦᠴᠦᠨ ᠪᠠ ᠨᠥᠯᠥᠭᠡᠯᠡᠬᠦ ᠦᠢᠯᠡᠳᠦᠯ᠎ᠢ ᠭᠦᠢᠴᠡᠳ ᠪᠠᠳᠠᠷᠠᠭᠤᠯᠤᠨ᠂ ᠭᠠᠳᠠᠭ᠍ᠰᠢ ᠨᠡᠭᠡᠭᠡᠯᠲᠡ ᠬᠢᠬᠦ ᠬᠢᠷᠢ ᠬᠡᠮᠵᠢᠶ᠎ᠡ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠣᠰ ᠣᠷᠴᠢᠯ᠎ᠳᠤ ᠨᠠᠩ ᠰᠠᠢᠲᠤᠷ ᠠᠭᠤᠰᠤᠯᠴᠠᠨ᠂ ᠳᠣᠲᠣᠭᠠᠳᠤ ᠭᠠᠳᠠᠭᠠᠳᠤ᠎ᠶᠢᠨ ᠬᠣᠯᠪᠤᠭᠠᠯᠠᠨ ᠬᠥᠳᠡᠯᠦᠯᠴᠡᠬᠦ ᠨᠡᠭᠡᠭᠡᠯᠲᠡ᠎ᠶᠢᠨ ᠪᠠᠢᠷᠢᠰᠢᠯ᠎ᠢ ᠪᠠᠢᠭᠤᠯᠬᠤ ᠬᠡᠷᠡᠭᠲᠡᠢ᠃
ᠨᠡᠩ ᠶᠡᠬᠡ ᠬᠡᠪᠴᠢᠶ᠎ᠡ᠂ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠎ᠶᠢᠨ ᠨᠡᠭᠡᠭᠡᠯᠲᠡ ᠬᠢᠬᠦ ᠶᠠᠪᠤᠴᠠ᠎ᠳᠤ ᠥᠪᠥᠷ ᠮᠣᠩᠭᠣᠯ ᠬᠠᠷᠢᠯᠴᠠᠨ ᠠᠰᠢᠭ᠍ᠲᠠᠢ ᠬᠠᠮᠲᠤ ᠪᠠᠷ ᠠᠰᠢᠭ᠋ ᠬᠦᠷᠳᠡᠬᠦ ᠰᠢᠨ᠎ᠡ ᠪᠠᠢᠳᠠᠯ᠎ᠢ ᠨᠡᠭᠡᠭᠡᠵᠦ᠂ ᠬᠥᠭᠵᠢᠯᠲᠡ᠎ᠶᠢᠨ ᠰᠢᠨ᠎ᠡ ᠳᠠᠪᠠᠭᠤᠯᠢᠭ᠋᠎ᠢ ᠡᠭᠦᠳᠴᠦ᠂ ᠤᠮᠠᠷᠠᠲᠤ ᠬᠢᠯᠢ᠎ᠶᠢᠨ ᠡᠬᠡ ᠭᠠᠵᠠᠷ᠎ᠲᠤ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠲᠠᠰᠤᠷᠠᠯᠳᠠ ᠦᠭᠡᠢ ᠪᠢᠴᠢᠭᠯᠡᠬᠦ ᠨᠢ ᠯᠠᠪᠳᠠᠢ᠃