ᠦᠷᠨᠢᠬᠦᠨ ᠬᠦᠭᠵᠢᠨᠭᠬᠦᠢ 20 ᠪᠣᠭᠣᠮᠲᠠ ᠠᠮᠢᠵᠢᠷᠠᠯ᠎ᠤᠨ ᠬᠦᠴᠦᠨ ᠵᠢᠨᠷ ᠪᠢᠯᠬᠠᠭ᠍ᠰᠠᠨ ᠥᠪᠥᠷ ᠮᠣᠩᠭᠣᠯ
2025-03-11 10:48:35
ᠵᠣᠬᠢᠶᠠᠭ᠍ᠴᠢ᠄
ᠠᠨᠠᠷ ᠭᠤᠤ ᠬᠤᠢ
ᠣᠩᠱᠢᠭ᠍ᠰᠠᠨ ᠣᠳᠠᠭ᠎ᠠ᠄
★★★☆☆

ᠪᠣᠰᠣᠭ᠎ᠠ ᠴᠣᠭ᠍ᠴᠠᠵᠢᠭᠤᠯᠤᠭᠰᠠᠨ ᠨᠡᠭᠡᠭᠡᠯᠲᠡ᠎ᠶ᠋ᠢᠨ ᠨᠡᠪᠳᠡᠷᠡᠬᠦ ᠵᠠᠮ ᠨᠠᠩ ᠳᠥᠭᠥᠮ ᠳᠥᠲᠡ ᠪᠣᠯᠵᠣ᠂ ᠲᠡᠭᠡᠭᠡᠪᠦᠷᠢᠯᠡᠬᠦ ᠪᠠᠷᠠᠭ᠎ᠠ ᠡᠳᠦᠷ ᠢᠷᠡᠬᠦᠶ᠎ᠡ ᠪᠠᠶᠠᠯᠢᠭ᠍ᠵᠢᠨ᠂ ᠨᠤᠲᠤᠬᠰᠢᠨ ᠰᠠᠭᠤᠷᠢᠰᠢᠬᠰᠠᠨ ᠡᠳ᠋ᠱᠢᠭᠦᠯᠦᠨ ᠪᠣᠯᠪᠠᠰᠤᠷᠠᠭᠤᠯᠬᠤ ᠠᠵᠤ ᠦᠶ᠋ᠯᠡᠰ ᠲᠠᠰᠤᠷᠠᠯᠲᠠ ᠦᠬᠡᠢ ᠬᠦᠭᠵᠢᠨ ᠪᠤᠵᠠᠭᠠᠢᠷᠠᠨ᠎ᠠ ᠁ ᠥᠪᠥᠷ ᠮᠣᠩᠭᠣᠯ᠎ᠤᠨ 20 ᠪᠣᠭᠣᠮᠲᠠ᠎ᠵᠢᠨ ᠬᠥᠳᠡᠯᠭᠡᠬᠦ᠌ ᠬᠦᠴᠦᠨ ᠴᠢᠩᠭᠠᠷᠠᠵᠤ᠂ ᠱᠢᠨ᠎ᠡ ᠨᠡᠭᠡᠭᠡᠯᠲᠡ᠎ᠶ᠋ᠢᠨ ᠦᠶ᠋ᠯᠡᠳᠦᠯᠭᠡ᠎ᠶ᠋ᠢ ᠬᠦᠴᠦᠯᠡᠨ ᠥᠷᠭᠡᠳᠭᠡᠨ᠎ᠠ᠃

ᠡᠨᠡ ᠵᠢᠯ᠎ᠦᠨ ᠪᠥᠬᠥ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠦ᠍᠂ ᠢᠳᠡᠪᠬᠢᠲᠡᠶ ᠪᠡᠷ ᠭᠠᠳᠠᠭᠠᠳᠤ ᠠᠷᠠᠯᠵᠢᠶ᠎ᠠ᠎ᠶ᠋ᠢ ᠲᠣᠭ᠍ᠲᠠᠪᠤᠷᠢᠵᠢᠭᠤᠯᠵᠤ ᠭᠠᠳᠠᠭᠠᠳᠤ ᠪᠠᠯᠠ᠎ᠶ᠋ᠢ ᠲᠣᠭ᠍ᠲᠠᠭᠤᠨ ᠪᠠᠢᠯᠭᠠᠬᠤ ᠬᠡᠷᠡᠭ᠌ᠲᠡᠶ ᠭᠡᠵᠦ᠍ ᠳᠤᠷᠠᠳᠴᠠᠶ᠃ ᠮᠠᠰᠢ ᠣᠯᠠᠨ ᠲᠡᠮᠦᠷ ᠵᠠᠮ᠂ ᠵᠠᠰᠠᠮᠠᠯ ᠵᠠᠮ᠂ ᠠᠭᠠᠷ᠎ᠤᠨ ᠠᠶᠠᠯᠠᠯ᠎ᠤᠨ ᠭᠠᠳᠠᠭᠠᠳᠤ ᠨᠡᠭᠡᠭᠡᠯᠲᠡ᠎ᠶ᠋ᠢᠨ ᠪᠣᠭᠣᠮᠲᠠ ᠪᠠ ᠮᠠᠰᠢ ᠣᠯᠠᠨ ᠬᠢᠯᠢ᠎ᠶ᠋ᠢᠨ ᠠᠷᠠᠳ᠎ᠤᠨ ᠬᠠᠷᠢᠯᠴᠠᠨ ᠠᠷᠠᠯᠵᠢᠶᠠᠯᠠᠬᠤ ᠠᠷᠠᠯᠵᠢᠶᠠᠨ᠎ᠤ ᠲᠣᠭᠣᠷᠢᠭ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠲᠣᠭᠣᠷᠢᠭ᠂ ᠭᠠᠳᠠᠭᠠᠳᠤ ᠠᠷᠠᠯᠵᠢᠶᠠᠨ᠎ᠤ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠭᠦᠯᠬᠦ᠌ ᠰᠠᠭᠤᠷᠢᠨ᠂ ᠶᠡᠷᠦᠩᠬᠡᠢᠯᠡᠭ᠌ᠰᠡᠨ ᠭᠠᠢᠯᠢ ᠵᠢ ᠪᠠᠲᠤᠯᠠᠬᠤ ᠲᠣᠭᠣᠷᠢᠭ ᠵᠡᠷᠭᠡ ᠨᠡᠭᠡᠭᠡᠯᠲᠡ᠎ᠶ᠋ᠢᠨ ᠠᠴᠢᠶᠠᠯᠠᠪᠤᠷᠢ᠎ᠳᠤ ᠲᠦᠱᠢᠭ᠌ᠯᠡᠨ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠭ᠌ᠰᠡᠨ ᠥᠪᠥᠷ ᠮᠣᠩᠭᠣᠯ ᠠᠮᠢᠵᠢᠷᠠᠯ᠎ᠤᠨ ᠬᠦᠴᠦᠨ᠎ᠢᠶᠡᠷ ᠪᠢᠯᠬᠠᠨ᠎ᠠ ᠁

ᠬᠡᠪᠴᠢᠶ᠎ᠡ᠎ᠪᠡᠨ ᠥᠷᠭᠡᠳᠭᠡᠨ ᠪᠦᠲᠦᠴᠡ᠎ᠵᠢ ᠱᠢᠯᠢᠳᠡᠭ᠌ᠵᠢᠭᠦᠯᠵᠦ᠍ ᠭᠠᠳᠠᠭᠠᠳᠤ ᠭᠠᠷᠭᠠᠯᠲᠠ᠎ᠶ᠋ᠢᠨ ᠱᠢᠨ᠎ᠡ ᠳᠠᠪᠠᠭᠤᠯᠢᠭ᠎ᠢ ᠪᠡᠬᠢᠵᠢᠭᠦᠯᠦᠨ᠎ᠡ

ᠤᠷᠢᠬᠠᠨ ᠬᠠᠪᠤᠷ ᠤᠷᠳᠤᠰ ᠬᠤᠳᠠ᠎ᠶ᠋ᠢᠨ ᠪᠦᠬᠦ᠌ ᠪᠥᠮᠪᠥᠷᠴᠡᠭ᠎ᠦᠨ ᠠᠩᠬᠠᠳᠠᠭ᠍ᠴᠢ ᠨᠡᠭᠦᠷᠡᠰᠦᠲᠥ᠋ᠷᠥᠭ᠌ᠴᠢ ᠦᠭᠡᠢ ᠠᠵᠤ ᠦᠢᠯᠡᠰ᠎ᠦᠨ ᠬᠦᠷᠢᠶᠡᠯᠡᠩ᠎ᠳᠦ ᠬᠦᠷᠪᠡᠯ ᠤᠶᠤᠨᠴᠢᠯᠠᠬ᠍ᠰᠠᠨ ᠦᠢᠯᠡᠳᠪᠦᠷᠢᠯᠡᠯ᠎ᠦᠨ ᠱᠤᠭᠤᠮ ᠳᠡᠭᠡᠷ᠎ᠡ ᠴᠢᠨᠠᠷ ᠰᠠᠢᠳᠠᠢ ᠯᠢᠲ᠋ᠢ ᠳ᠋ᠢᠶᠠᠨ ᠤ᠋ᠥᠢ᠎ᠵᠢ ᠬᠠᠢᠷᠴᠠᠭᠯᠠᠨ ᠵᠡᠷᠭᠡᠯᠡᠵᠦ᠂ ᠲᠡᠭᠡᠭᠡᠪᠦᠷᠢᠯᠡᠬᠦ ᠪᠡᠷ ᠪᠡᠯᠡᠭᠡᠨ ᠪᠤᠯᠤᠭᠠᠳ ᠪᠠᠢᠯ᠎ᠠ᠃ ᠡᠨᠡ ᠬᠦ᠌ ᠪᠦᠬᠦ᠌ ᠳᠡᠯᠡᠬᠡᠢ ᠵᠢᠨ ᠲᠡᠷᠢᠬᠦᠨ᠎ᠤ ᠤᠶᠤᠨᠲᠤ ᠳ᠋ᠢᠶᠠᠨ ᠤ᠋ᠥᠢ᠎ᠶᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ᠎ᠤᠨ ᠬᠢᠨ ᠤᠷᠳᠤᠰ᠎ᠤᠨ ᠪᠦᠷᠢᠨ ᠲᠦᠬᠦᠷ ᠠᠵᠤ ᠦᠢᠯᠡᠰ᠎ᠦᠨ ᠬᠡᠯᠬᠢᠶ᠎ᠡ᠎ᠳᠦ ᠲᠦᠱᠢᠭ᠌ᠯᠡᠨ ᠦᠢᠯᠡᠳᠬᠦᠨ᠎ᠢᠶᠡᠨ ᠤᠮᠠᠷᠠᠲᠤ ᠠᠮᠧᠷᠢᠺᠠ᠂ ᠧᠦ᠋ᠷᠣᠫᠠ ᠲᠢᠪ᠂ ᠵᠡᠭᠦᠨ ᠡᠮᠦᠨᠡᠲᠦ ᠠᠽᠢᠶ᠎ᠠ᠎ᠶᠢᠨ ᠵᠠᠬ᠎ᠠ ᠳᠡᠯᠭᠡᠬᠦᠷ ᠲᠸ᠋ ᠪᠣᠷᠣᠯᠠᠭᠤᠯᠵᠤ ᠪᠠᠢᠭ᠎ᠠ ᠠᠵᠢ᠃

2024 ᠣᠨ᠎ᠳᠤ᠂ ᠣᠷᠳᠣᠰ ᠬᠣᠲᠠ᠎ᠶ᠋ᠢᠨ 《ᠱᠢᠨ᠎ᠡ ᠭᠤᠷᠪᠠᠨ ᠬᠡᠯᠪᠡᠷᠢ》 ᠵᠢᠨ ᠦᠶ᠋ᠯᠡᠳᠬᠦᠨ᠎ᠦ ᠭᠠᠳᠠᠭᠠᠳᠤ ᠭᠠᠷᠭᠠᠯᠲᠠ 38.3 ᠳ᠋ᠦᠩᠱᠢᠭᠤᠷ ᠲᠥᠭᠥᠷᠢᠭ᠎ᠲᠦ ᠬᠦᠷᠴᠦ᠍᠂ 67.3% ᠪᠠᠷ ᠨᠡᠮᠡᠭ᠌ᠳᠡᠵᠦ᠍᠂ ᠥᠪᠥᠷ ᠮᠣᠩᠭᠣᠯ᠎ᠤᠨ 《ᠱᠢᠨ᠎ᠡ ᠭᠤᠷᠪᠠᠨ ᠬᠡᠯᠪᠡᠷᠢ》 ᠵᠢᠨ ᠦᠶ᠋ᠯᠡᠳᠬᠦᠨ᠎ᠦ ᠭᠠᠳᠠᠭᠠᠳᠤ ᠭᠠᠷᠭᠠᠯᠲᠠ᠎ᠶ᠋ᠢᠨ 91.6%᠎ᠶ᠋ᠢ ᠡᠵᠡᠯᠡᠵᠦ᠍᠂ 《ᠪᠣᠬᠢᠷᠲᠤᠯ ᠥᠬᠡᠶ ᠭᠠᠳᠠᠭᠠᠳᠤ ᠠᠷᠠᠯᠵᠢᠶ᠎ᠠ》 ᠶ᠋ᠢᠨ ᠬᠢᠯᠠᠯᠵᠠᠮ᠎ᠠ ᠠᠮᠵᠢᠯᠳᠠ ᠵᠢ ᠪᠢᠴᠢᠭᠯᠡᠪᠡ᠃ 《ᠨᠡᠬᠦᠷᠡᠰᠦᠨ ᠬᠣᠲᠠ》 ᠡᠴᠡ 《ᠪᠤᠬᠢᠷᠳᠤᠯ ᠦᠬᠡᠢ ᠬᠣᠲᠠ》 ᠬᠦᠷᠲᠡᠯ᠎ᠡ᠂ 《ᠱᠢᠨ᠎ᠡ ᠭᠤᠷᠪᠠᠨ ᠬᠡᠯᠪᠡᠷᠢ》 ᠶ᠋ᠢᠨ ᠦᠢᠯᠡᠳᠬᠦᠨ᠎ᠦ ᠭᠠᠳᠠᠭᠠᠳᠤ ᠭᠠᠷᠭᠠᠯᠲᠠ ᠨᠢ ᠣᠷᠳᠣᠰ ᠬᠣᠲᠠ᠎ᠶ᠋ᠢᠨ ᠭᠠᠳᠠᠭᠠᠳᠤ ᠠᠷᠠᠯᠵᠢᠶᠠᠨ᠎ᠤ ᠨᠡᠮᠡᠭ᠌ᠳᠡᠯ᠎ᠢ ᠳᠠᠢᠴᠢᠯᠠᠬᠤ ᠴᠢᠬᠤᠯᠠ ᠬᠦᠴᠦᠨ ᠵᠦᠢᠯ ᠪᠣᠯᠤᠭ᠍ᠰᠠᠨ ᠪᠠᠢᠨ᠎ᠠ᠃

ᠣᠷᠳᠣᠰ ᠪᠣᠭᠣᠮᠲᠠ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠲᠠᠨᠢᠯᠴᠠᠭᠤᠯᠬᠤ᠎ᠳᠠᠭᠠᠨ᠂ ᠱᠢᠨ᠎ᠡ ᠡᠨᠧᠷᠭᠢ᠎ᠶ᠋ᠢᠨ ᠦᠶ᠋ᠯᠡᠳᠬᠦᠨ᠎ᠦ ᠭᠠᠳᠠᠭᠠᠳᠤ ᠭᠠᠷᠭᠠᠯᠲᠠ᠎ᠶ᠋ᠢ ᠥᠷᠭᠡᠳᠭᠡᠬᠦ᠌᠎ᠶ᠋ᠢ ᠠᠬᠢᠭᠤᠯᠬᠤ᠎ᠶ᠋ᠢᠨ ᠲᠥᠯᠥᠭᠡ ᠣᠷᠳᠣᠰ ᠪᠣᠭᠣᠮᠲᠠ ᠱᠢᠨ᠎ᠡ ᠡᠨᠧᠷᠭᠢ᠎ᠶ᠋ᠢᠨ ᠦᠶ᠋ᠯᠡᠳᠬᠦᠨ᠎ᠦ 《ᠭᠠᠢᠯᠢ᠎ᠶ᠋ᠢ ᠪᠠᠲᠤᠯᠠᠬᠤ + ᠬᠥᠮᠥᠷᠭᠡᠯᠡᠨ ᠬᠠᠳᠠᠭᠠᠯᠠᠬᠤ》 ᠵᠠᠭ᠍ᠪᠤᠷ᠎ᠢ ᠱᠢᠯᠢᠳᠡᠭ᠌ᠵᠢᠭᠦᠯᠵᠦ᠍᠂ ᠭᠠᠳᠠᠭᠠᠳᠤ ᠳ᠋ᠤ ᠭᠠᠷᠭᠠᠬᠤ ᠱᠢᠨ᠎ᠡ ᠡᠨᠧᠷᠭᠢ᠎ᠶ᠋ᠢᠨ ᠦᠶ᠋ᠯᠡᠳᠬᠦᠨ᠎ᠦ ᠭᠠᠢᠯᠢ᠎ᠶ᠋ᠢ 《ᠭᠠᠢᠯᠢ ᠵᠢ ᠪᠠᠳᠤᠯᠠᠬᠤ ᠲᠣᠭᠣᠷᠢᠭ᠎ᠲᠤ ᠤᠷᠤᠭᠰᠠᠨ ᠲᠠᠷᠤᠢᠬᠠᠨ ᠪᠤᠴᠠᠭᠠᠬᠤ》 ᠶ᠋ᠢ ᠪᠡᠶᠡᠯᠡᠭᠦᠯᠪᠡ᠃ 2024 ᠣᠨ᠎ᠳᠤ᠂ ᠣᠷᠳᠣᠰ ᠬᠣᠲᠠ᠎ᠶ᠋ᠢᠨ ᠱᠢᠨ᠎ᠡ ᠡᠨᠧᠷᠭᠢ᠎ᠶ᠋ᠢᠨ ᠦᠶ᠋ᠯᠡᠳᠬᠦᠨ᠎ᠦ ᠭᠠᠢᠯᠢ ᠵᠢ ᠪᠠᠲᠤᠯᠠᠵᠤ ᠬᠥᠮᠥᠷᠭᠡᠯᠡᠨ ᠬᠠᠳᠠᠭᠠᠯᠠᠭᠰᠠᠨ ᠪᠠᠷᠠᠭᠠᠨ᠎ᠤ ᠥᠷᠲᠡᠭ 36.9 ᠳ᠋ᠦᠩᠱᠢᠭᠤᠷ ᠲᠥᠭᠥᠷᠢᠭ᠎ᠲᠦ ᠬᠦᠷᠴᠦ᠍᠂ ᠭᠠᠳᠠᠭᠠᠳᠤ ᠭᠠᠷᠭᠠᠯᠲᠠ᠎ᠶ᠋ᠢᠨ ᠭᠠᠢᠯᠢ᠎ᠶ᠋ᠢ ᠪᠠᠷᠤᠭ 2.4 ᠳ᠋ᠦᠩᠱᠢᠭᠤᠷ ᠲᠥᠭᠥᠷᠢᠭ ᠪᠤᠴᠠᠭᠠᠵᠠᠢ᠃

ᠨᠢᠭᠡ ᠪᠦᠯᠦᠭ 《ᠱᠢᠨ᠎ᠡ ᠭᠤᠷᠪᠠᠨ ᠬᠡᠯᠪᠡᠷᠢ》 ᠵᠢᠨ ᠦᠢᠯᠡᠳᠬᠦᠨ᠎ᠢ ᠭᠠᠳᠠᠭᠠᠳᠤ᠎ᠳᠤ ᠭᠠᠷᠭᠠᠬᠤ᠎ᠶ᠋ᠢᠨ ᠬᠠᠮᠲᠤ᠂ 《ᠳᠤᠮᠳᠠᠳᠤ ᠤᠯᠤᠰ᠎ᠤᠨ ᠦᠶ᠋ᠯᠡᠳᠦᠭ᠌ᠰᠡᠨ》 ᠭᠠᠷ ᠳᠠᠮᠵᠢᠭ᠍ᠰᠠᠨ ᠮᠠᠱᠢᠨ ᠲᠡᠷᠭᠡ ᠴᠦ᠍ ᠥᠪᠥᠷ ᠮᠣᠩᠭᠣᠯ᠎ᠤᠨ ᠪᠣᠭᠣᠮᠲᠠ᠎ᠪᠠᠷ ᠳᠡᠮᠵᠢᠨ ᠣᠯᠠᠨ ᠤᠯᠤᠰ᠎ᠤᠨ ᠵᠠᠬ᠎ᠠ ᠳᠡᠯᠭᠡᠭᠦᠷ᠎ᠲᠦ ᠪᠣᠷᠣᠯᠠᠭᠤᠯᠭ᠎ᠠ ᠰᠠᠢᠲᠠᠶ ᠪᠣᠯᠪᠠ᠃ 2024 ᠣᠨ᠎ᠠᠴᠠ ᠨᠠᠭᠠᠰᠢ᠂ ᠥᠪᠥᠷ ᠮᠣᠩᠭᠣᠯ ᠡᠷᠢᠶᠡᠨ ᠬᠣᠲᠠ᠂ ᠮᠠᠨᠵᠤᠤᠷ᠂ ᠬᠠᠢᠯᠠᠷ ᠲᠸ᠋ 3 (ᠲᠦᠷᠦᠭᠦᠦ ᠪᠦᠯᠦᠭ) ᠭᠠᠷ ᠳᠠᠮᠵᠢᠭ᠍ᠰᠠᠨ ᠮᠠᠱᠢᠨ ᠲᠡᠷᠭᠡᠨ᠎ᠦ ᠭᠠᠳᠠᠭᠠᠳᠤ ᠳ᠋ᠤ ᠭᠠᠷᠭᠠᠬᠤ ᠰᠠᠭᠤᠷᠢᠨ᠎ᠢ ᠬᠢᠨᠠᠨ ᠲᠣᠭ᠍ᠲᠠᠭᠠᠵᠤ᠂ ᠭᠠᠳᠠᠭᠠᠳᠤ ᠳ᠋ᠤ ᠭᠠᠷᠭᠠᠬᠤ ᠠᠵᠤ ᠠᠬᠤᠢᠯᠠᠯ᠎ᠳᠤ ᠨᠢᠭᠡ ᠥᠷᠲᠡᠭᠡᠴᠢᠯᠡᠭᠰᠡᠨ ᠪᠥᠬᠥ᠌ ᠶᠠᠪᠤᠴᠠ᠎ᠶ᠋ᠢᠨ ᠦᠶ᠋ᠯᠡᠴᠢᠯᠡᠭᠡ ᠬᠠᠩᠭᠠᠵᠤ᠂ ᠪᠥᠬᠥ᠌ ᠣᠷᠣᠨ᠎ᠤ ᠭᠠᠷ ᠳᠠᠮᠵᠢᠭ᠍ᠰᠠᠨ ᠮᠠᠱᠢᠨ ᠲᠡᠷᠭᠡᠨ᠎ᠦ ᠭᠠᠳᠠᠭᠠᠳᠤ ᠭᠠᠷᠭᠠᠯᠲᠠ᠎ᠶ᠋ᠢᠨ ᠲᠦᠷᠭᠡᠨ ᠨᠡᠮᠡᠭ᠌ᠳᠡᠯ᠎ᠢ ᠳᠠᠢᠴᠢᠯᠠᠪᠠ᠃ ᠨᠢᠳᠤᠨᠤᠨ ᠪᠥᠬᠥ᠌ ᠵᠢᠯ᠎ᠳᠦ ᠭᠠᠳᠠᠭᠠᠳᠤ᠎ᠳᠤ ᠭᠠᠷᠭᠠᠭ᠍ᠰᠠᠨ ᠭᠠᠷ ᠳᠠᠮᠵᠢᠭ᠍ᠰᠠᠨ ᠮᠠᠱᠢᠨ ᠲᠡᠷᠭᠡ ᠨᠡᠢᠲᠡ 8357 ᠪᠤᠯᠵᠤ᠂ ᠠᠳᠠᠯᠢ ᠬᠤᠭᠤᠴᠠᠭᠠᠨ᠎ᠤ᠎ᠬᠢ᠎ᠡᠴᠡ 68.3% ᠪᠠᠷ ᠨᠡᠮᠡᠭ᠌ᠳᠡᠪᠡ᠃

《ᠡᠨᠡ ᠵᠢᠯ ᠪᠢᠳᠡ ᠭᠠᠳᠠᠭᠠᠳᠤ ᠣᠷᠣᠭᠤᠯᠤᠯᠲᠠ ᠭᠠᠳᠠᠭᠠᠳᠤ ᠭᠠᠷᠭᠠᠯᠲᠠ᠎ᠶ᠋ᠢᠨ ᠬᠡᠪᠴᠢᠶ᠎ᠡ ᠪᠡᠨ ᠥᠷᠭᠡᠳᠭᠡᠨ ᠪᠦᠲᠦᠴᠡ᠎ᠶ᠋ᠢ ᠱᠢᠯᠢᠳᠡᠭ᠌ᠵᠢᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠠᠳᠠᠭᠠᠳᠤ ᠠᠷᠠᠯᠵᠢᠶ᠎ᠠ᠎ᠶ᠋ᠢ ᠲᠣᠭ᠍ᠲᠠᠪᠤᠷᠢᠵᠢᠭᠤᠯᠬᠤ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠰᠠᠢᠲᠤᠷ ᠬᠡᠷᠡᠭ᠌ᠯᠡᠵᠦ᠍᠂ ᠭᠠᠷ ᠳᠠᠮᠵᠢᠭ᠍ᠰᠠᠨ ᠮᠠᠱᠢᠨ ᠲᠡᠷᠭᠡ᠂ 〈ᠱᠢᠨ᠎ᠡ ᠭᠤᠷᠪᠠᠨ ᠬᠡᠯᠪᠡᠷᠢ〉᠂ ᠵᠠᠪᠰᠠᠷ᠎ᠤᠨ ᠦᠶ᠋ᠯᠡᠳᠬᠦᠨ ᠵᠡᠷᠭᠡ ᠲᠠᠸᠠᠷ᠎ᠤᠨ ᠭᠠᠳᠠᠭᠠᠳᠤ ᠭᠠᠷᠭᠠᠯᠲᠠ᠎ᠶ᠋ᠢᠨ ᠬᠡᠪᠴᠢᠶ᠎ᠡ᠎ᠶ᠋ᠢ ᠥᠷᠭᠡᠳᠭᠡᠬᠦ᠌᠎ᠶ᠋ᠢ ᠠᠬᠢᠭᠤᠯᠤᠨ᠎ᠠ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠎ᠦᠨ ᠬᠠᠮᠢᠶ᠎ᠠ ᠪᠥᠬᠥᠶ ᠬᠠᠷᠢᠭᠤᠴᠠᠯᠭᠠᠲᠠᠨ ᠢᠯᠡᠷᠬᠡᠢᠯᠡᠪᠡ᠃

《ᠨᠡᠪᠲᠡᠷᠡᠬᠦ ᠵᠠᠮ》 ᠡᠴᠡ 《ᠠᠵᠤ ᠦᠢᠯᠡᠰ》 ᠬᠦᠷᠲᠡᠯ᠎ᠡ ᠵᠠᠩᠬᠢᠯᠠᠭ᠎ᠠ ᠵᠢᠨ ᠭᠤᠭᠴᠤᠭᠠᠨ᠎ᠤ ᠰᠢᠨ᠎ᠡ ᠬᠥᠳᠡᠯᠭᠡᠭᠦ ᠬᠦᠴᠦᠨ᠎ᠢ ᠪᠣᠶ ᠪᠣᠯᠭᠠᠨ᠎ᠠ

ᠪᠣᠭᠣᠮᠲᠠ᠎ᠪᠠᠷ 《ᠣᠷᠣᠭᠤᠯᠬᠤ》 ᠦᠢᠯᠡᠳᠬᠦᠨ᠎ᠢ ᠬᠡᠷᠬᠢᠨ ᠰᠠᠢᠲᠤᠷ ᠬᠡᠷᠡᠭᠯᠡᠬᠦ ᠪᠣᠯ ᠥᠨᠳᠥᠷ ᠲᠦᠪᠰᠢᠨ᠎ᠪᠦᠬᠦᠢ ᠨᠡᠭᠡᠭᠡᠯᠲᠡ᠎ᠶᠢ ᠠᠬᠢᠭᠤᠯᠬᠤ᠎ᠳᠤ ᠡᠷᠬᠡᠪᠰᠢ ᠬᠠᠷᠢᠭᠤᠯᠬᠤ ᠴᠢᠬᠤᠯᠠᠲᠠᠢ ᠴᠢᠬᠤᠯᠠ ᠶᠡᠬᠡ ᠰᠡᠳᠦᠪ ᠪᠣᠯᠣᠨ᠎ᠠ᠃

ᠣᠢᠷ᠎ᠠ᠎ᠶᠢᠨ ᠵᠢᠯ᠎ᠦᠨ ᠲᠤᠷᠰᠢ᠂ ᠥᠪᠥᠷ ᠮᠣᠩᠭᠣᠯ ᠰᠠᠭᠠᠳ ᠦᠭᠡᠢ ᠨᠡᠪᠲᠡᠷᠡᠬᠦ ᠪᠣᠭᠣᠮᠲᠠ᠎ᠶᠢᠨ ᠵᠠᠮ᠎ᠳᠤ ᠲᠦᠰᠢᠭᠯᠡᠨ ᠰᠠᠭᠤᠷᠢᠰᠢᠭᠤᠯᠤᠨ ᠡᠳ᠋ᠰᠢᠭᠦᠯᠬᠦ ᠠᠵᠢᠯ᠎ᠢ ᠰᠠᠢᠲᠤᠷ ᠬᠢᠵᠦ᠂ ᠤᠳᠤ ᠨᠢᠭᠡᠨᠲᠡ ᠨᠡᠭᠦᠷᠡᠰᠦ ᠬᠡᠤᠷᠰᠢᠬᠦᠯᠬᠦ ᠬᠢᠮᠢ᠎ᠶᠢᠨ ᠠᠵᠤ ᠦᠢᠯᠡᠳᠪᠦᠷᠢ᠂ ᠠᠮᠤ ᠲᠣᠰᠣ᠌᠎ᠶᠢ ᠨᠠᠷᠢᠯᠢᠭ᠋ ᠡᠳ᠋ᠰᠢᠭᠦᠯᠬᠦ᠂ ᠮᠣᠳᠣᠨ ᠮᠠᠲᠧᠷᠢᠶᠠᠯ ᠡᠳ᠋ᠰᠢᠭᠦᠯᠬᠦ᠂ ᠢᠮᠠᠭᠠᠨ ᠨᠣᠤᠯᠤᠭᠤᠷ ᠡᠳ᠋ᠰᠢᠭᠦᠯᠬᠦ ᠵᠡᠷᠭᠡ 8 ᠶᠡᠬᠡ ᠲᠦᠷᠦᠯ᠎ᠦᠨ ᠰᠠᠭᠤᠷᠢᠰᠢᠭᠤᠯᠤᠨ ᠡᠳ᠋ᠰᠢᠭᠦᠯᠬᠦ ᠠᠵᠤ ᠦᠢᠯᠡᠰ᠎ᠢ ᠪᠦᠷᠢᠯᠳᠦᠭᠦᠯᠵᠡᠢ᠃

ᠡᠷᠢᠶᠡᠨ ᠬᠣᠲᠠ ᠪᠣᠭᠣᠮᠲᠠ ᠪᠣᠯ ᠮᠠᠨ᠎ᠤ ᠤᠯᠤᠰ᠎ᠤᠨ ᠮᠣᠩᠭᠣᠯ ᠤᠯᠤᠰ᠎ᠲᠸ᠋ ᠨᠡᠭᠡᠭᠡᠭᠰᠡᠨ ᠶᠡᠷᠦᠩᠬᠡᠢᠯᠡᠭᠰᠡᠨ ᠴᠢᠨᠠᠷᠲᠠᠢ ᠬᠦᠢᠰᠦ ᠪᠣᠭᠣᠮᠲᠠ ᠪᠣᠯᠣᠨ᠎ᠠ᠃ ᠪᠣᠭᠣᠮᠲᠠ᠎ᠶᠢᠨ ᠠᠵᠤ ᠠᠬᠤᠢ᠎ᠶᠢ ᠬᠥᠭᠵᠢᠭᠦᠯᠦᠨ ᠪᠤᠵᠠᠭᠠᠢᠷᠠᠭᠤᠯᠬᠤ᠎ᠶᠢᠨ ᠲᠥᠯᠥᠭᠡ 2023 ᠣᠨ᠎ᠳᠤ ᠡᠷᠢᠶᠡᠨ ᠬᠣᠲᠠ ᠪᠣᠭᠣᠮᠲᠠ 《ᠬᠢᠯᠢ ᠵᠢᠨ ᠠᠷᠠᠳ᠎ᠤᠨ ᠬᠠᠷᠢᠯᠴᠠᠨ ᠠᠷᠠᠯᠵᠢᠶᠠᠯᠠᠬᠤ ᠵᠠᠬ᠎ᠠ ᠲᠡᠯᠭᠡᠭᠦᠷ + ᠰᠠᠭᠤᠷᠢᠰᠢᠭᠤᠯᠤᠨ ᠡᠳ᠋ᠰᠢᠭᠦᠯᠬᠦ》 ᠵᠠᠭᠪᠤᠷ᠎ᠢ ᠡᠬᠢᠯᠡᠨ ᠬᠡᠷᠡᠭᠵᠢᠭᠦᠯᠵᠦ᠂ 2025 ᠣᠨ᠎ᠤ 1 ᠰᠠᠷ᠎ᠠ ᠪᠣᠯᠲᠠᠯ᠎ᠠ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ᠎ᠦᠨ ᠠᠷᠠᠯᠵᠢᠶᠠᠨ᠎ᠤ ᠬᠡᠮᠵᠢᠶ᠎ᠡ ᠨᠡᠶ᠋ᠢᠲᠡ 15.31 ᠳ᠋ᠦᠩᠰᠢᠭᠤᠷ ᠲᠥᠭᠥᠷᠢᠭ᠎ᠲᠦ ᠬᠦᠷᠴᠦ᠂ ᠰᠠᠭᠤᠷᠢᠰᠢᠭᠤᠯᠤᠨ ᠡᠳ᠋ᠰᠢᠭᠦᠯᠬᠦ ᠠᠷᠠᠯᠵᠢᠶᠠᠨ᠎ᠤ ᠬᠡᠮᠵᠢᠶ᠎ᠡ 8.42 ᠳ᠋ᠦᠩᠰᠢᠭᠤᠷ ᠲᠥᠭᠥᠷᠢᠭ᠎ᠲᠦ ᠬᠦᠷᠴᠡᠢ᠃ ᠠᠷᠠᠯᠵᠢᠶᠠᠨ᠎ᠤ ᠡᠳ᠋ ᠪᠠᠷᠠᠭ᠎ᠠ ᠨᠢ ᠭᠣᠣᠯᠳᠠᠭᠤ ᠠᠮᠤ ᠪᠤᠳᠠᠭ᠎ᠠ᠂ ᠨᠣᠣᠯᠤᠭᠤᠷ ᠨᠣᠣᠰᠣ᠌᠂ ᠮᠢᠬᠠᠨ᠎ᠤ ᠵᠦᠢᠯ ᠪᠠᠭᠲᠠᠵᠤ᠂ ᠠᠷᠠᠯᠵᠢᠶᠠᠯᠠᠬᠤ ᠤᠯᠤᠰ ᠨᠢ ᠮᠣᠩᠭᠣᠯ ᠤᠯᠤᠰ᠂ ᠣᠷᠣᠰ᠂ ᠪᠸᠯᠠᠷᠦ᠋ᠰ ᠢ᠋ ᠬᠠᠮᠤᠷᠴᠠᠢ᠃ ᠣᠳᠣᠬᠠᠨ᠎ᠳᠤ ᠡᠷᠢᠶᠡᠨ ᠬᠣᠲᠠ ᠪᠣᠭᠣᠮᠲᠠ᠎ᠳᠤ ᠨᠡᠶ᠋ᠢᠲᠡ 20 ᠰᠠᠭᠤᠷᠢᠰᠢᠭᠤᠯᠤᠨ ᠡᠳ᠋ᠰᠢᠭᠦᠯᠬᠦ ᠠᠵᠤ ᠠᠬᠤᠢᠯᠠᠯ᠂ 23 ᠬᠢᠯᠢ᠎ᠶᠢᠨ ᠠᠷᠠᠳ᠎ᠤᠨ ᠬᠠᠪᠰᠤᠷᠤᠯᠴᠠᠬᠤ ᠳᠤᠭᠤᠢᠯᠠᠩ᠂ 7 ᠬᠢᠯᠢ᠎ᠶᠢᠨ ᠠᠷᠠᠳ᠎ᠤᠨ ᠬᠣᠷᠰᠢᠶ᠎ᠠ ᠲᠠᠢ ᠪᠠᠢᠵᠦ᠂ ᠬᠢᠯᠢ᠎ᠶᠢᠨ ᠠᠷᠠᠳ᠎ᠤᠨ ᠳᠠᠩᠰᠠᠯᠠᠭᠤᠯᠤᠭᠰᠠᠨ ᠬᠥᠮᠥᠨ᠎ᠦ ᠲᠣᠭ᠎ᠠ 1.3 ᠲᠦᠮᠡ᠎ᠶᠢ ᠳᠠᠪᠠᠵᠠᠢ᠃

ᠮᠠᠨᠵᠤᠤᠷ ᠪᠣᠭᠣᠮᠲᠠ ᠪᠣᠯ ᠪᠦᠬᠦ ᠤᠯᠤᠰ᠎ᠤᠨ ᠬᠠᠮᠤᠭ᠎ᠤᠨ ᠶᠡᠬᠡ ᠬᠠᠭᠤᠷᠠᠢ ᠵᠠᠮ᠎ᠤᠨ ᠪᠣᠭᠣᠮᠲᠠ ᠪᠣᠯᠣᠨ᠎ᠠ᠂ ᠵᠢᠯ ᠪᠦᠷᠢ ᠶᠡᠬᠡ ᠬᠡᠮᠵᠢᠶᠡᠨ᠎ᠦ ᠮᠣᠳᠣᠨ ᠮᠠᠲᠧᠷᠢᠶᠠᠯ᠂ ᠺᠠᠯᠢ ᠪᠣᠷᠳᠣᠭᠤᠷ᠂ ᠠᠮᠤ ᠲᠣᠰᠣ᠌ ᠵᠡᠷᠭᠡ ᠡᠬᠢ ᠪᠠᠶᠠᠯᠢᠭ᠋ ᠲᠤᠰ ᠪᠣᠭᠣᠮᠲᠠ᠎ᠪᠠᠷ ᠳᠠᠮᠵᠢᠨ ᠬᠢᠯᠢ᠎ᠪᠡᠷ ᠣᠷᠣᠵᠤ ᠢᠷᠡᠳᠡᠭ᠃ ᠡᠨᠡ᠎ᠬᠦ ᠳᠠᠪᠠᠭᠤᠯᠢᠭ᠋᠎ᠵᠢᠡᠨ ᠠᠰᠢᠭ᠍ᠯᠠᠨ ᠮᠠᠨᠵᠤᠤᠷ ᠬᠤᠳᠠ 《ᠪᠣᠭᠣᠮᠲᠠ᠎ᠶᠢᠨ ᠪᠠᠷᠠᠭ᠎ᠠ + ᠬᠦᠷᠢᠶᠡᠯᠡᠩ ᠲᠣᠭᠣᠷᠢᠭ ᠲᠸ᠋ ᠰᠠᠭᠤᠷᠢᠰᠢᠭᠤᠯᠤᠨ ᠡᠳ᠋ᠰᠢᠭᠦᠯᠬᠦ》 ᠵᠢ ᠠᠬᠢᠭᠤᠯᠵᠤ᠂ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ ᠬᠡᠪᠴᠢᠶᠡᠵᠢᠭᠰᠡᠨ᠂ ᠪᠦᠯᠦᠭᠵᠢᠭᠰᠡᠨ ᠬᠥᠭᠵᠢᠯᠲᠡ᠎ᠶᠢᠨ ᠬᠠᠨᠳᠤᠰᠢ᠎ᠲᠠᠢ ᠪᠣᠯᠵᠠᠢ᠃

ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠠᠨᠵᠤᠤᠷ ᠬᠣᠲᠠ᠎ᠶᠢᠨ ᠤᠯᠤᠰ ᠲᠥᠷᠥ᠎ᠶᠢᠨ ᠵᠥᠪᠯᠡᠯᠭᠡᠨ᠎ᠦ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠲᠡᠷᠢᠭᠦᠯᠡᠭᠴᠢ ᠯᠢᠩ ᠶᠦᠨ᠂ ᠡᠨᠡ ᠵᠢᠯ ᠮᠠᠨᠵᠤᠤᠷ ᠬᠣᠲᠠ᠎ᠶᠢᠨ ᠬᠢᠨ 《ᠦᠢᠯᠡᠳᠪᠦᠷᠢᠯᠡᠯ ᠠᠷᠠᠯᠵᠢᠶ᠎ᠠ᠎ᠶᠢ ᠨᠢᠭᠡ ᠴᠣᠭᠴᠠᠵᠢᠭᠤᠯᠬᠤ》 ᠬᠥᠭᠵᠢᠯᠲᠡ᠎ᠶᠢᠨ ᠰᠡᠳᠬᠢᠴᠡ᠎ᠪᠡᠨ ᠦᠷᠭᠦᠯᠵᠢᠯᠡᠨ ᠪᠠᠷᠢᠮᠲᠠᠯᠠᠵᠤ᠂ ᠮᠣᠳᠣᠨ ᠮᠠᠲᠧᠷᠢᠶᠠᠯ᠂ ᠠᠮᠤ ᠲᠣᠰᠣ᠌᠂ ᠰᠢᠩᠭᠡᠨᠵᠢᠮᠡᠯ ᠴᠢᠯᠠᠭᠤᠨ ᠳᠤᠰᠤ ᠰᠢᠲᠠᠮᠠᠬᠠᠢ ᠬᠡᠢ᠂ ᠺᠠᠯᠢ ᠪᠣᠷᠳᠣᠭᠤᠷ ᠵᠡᠷᠭᠡ ᠭᠠᠳᠠᠭᠠᠳᠤ᠎ᠡᠴᠡ ᠣᠷᠣᠭᠤᠯᠬᠤ ᠡᠬᠢ ᠪᠠᠶᠠᠯᠢᠭ᠋᠎ᠢ ᠭᠣᠣᠯᠳᠠᠯᠭ᠎ᠠ᠎ᠲᠠᠢ ᠲᠤᠬᠲᠠᠭᠠᠨ᠂ ᠰᠠᠭᠤᠷᠢᠰᠢᠭᠤᠯᠤᠨ ᠡᠳ᠋ᠰᠢᠭᠦᠯᠬᠦ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ 《ᠭᠠᠷ ᠲᠠᠮᠵᠢᠪᠠᠴᠤ ᠠᠰᠢᠭ ᠬᠦᠷᠲᠡᠬᠦ ᠦᠭᠡᠢ》 ᠠᠰᠠᠭᠤᠳᠠᠯ᠎ᠢ ᠪᠦᠲᠦᠮᠵᠢᠲᠡᠢ ᠰᠢᠢᠳᠪᠦᠷᠢᠯᠡᠵᠦ᠂ ᠤᠯᠤᠰ᠎ᠤᠨ ᠪᠠᠢᠯᠳᠤᠬᠤ ᠪᠣᠳᠣᠯᠭ᠎ᠠ᠎ᠳᠤ ᠦᠢᠯᠡᠴᠢᠯᠡᠵᠦ ᠳᠡᠶ᠋ᠢᠯᠬᠦ ᠮᠥᠷᠲᠡᠭᠡᠨ ᠣᠷᠣᠨ ᠨᠤᠲᠤᠭ᠎ᠤᠨ ᠠᠵᠤ ᠠᠬᠤᠢ᠎ᠶᠢ ᠲᠤᠯᠭᠠᠭᠤᠷᠢᠯᠠᠵᠤ ᠳᠡᠶ᠋ᠢᠯᠬᠦ ᠠᠵᠤ ᠦᠢᠯᠡᠰ᠎ᠦᠨ ᠪᠦᠯᠦᠭᠵᠢᠯ᠎ᠢ ᠲᠦᠷᠭᠡᠳᠭᠡᠨ ᠪᠠᠢᠭᠤᠯᠵᠤ᠂ ᠥᠪᠥᠷ ᠮᠣᠩᠭᠣᠯ᠎ᠤᠨ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢ ᠪᠦᠲᠦᠭᠡᠨ ᠪᠠᠢᠭᠤᠯᠬᠤ᠎ᠳᠤ ᠨᠡᠩ ᠤᠯᠠᠨ ᠬᠦᠴᠦᠨ ᠴᠢᠳᠠᠯ᠎ᠢᠶᠠᠨ ᠡᠷᠭᠦᠨ᠎ᠡ ᠬᠡᠵᠦ ᠢᠯᠡᠷᠬᠡᠢᠯᠡᠪᠡ᠃

ᠤᠶᠤᠨᠲᠤ ᠪᠣᠭᠣᠮᠲᠠ ᠳᠡᠯᠡᠬᠡᠶ ᠲᠠᠢ ᠬᠤᠯᠪᠤᠯᠳᠤᠵᠤ ᠪᠠᠷᠠᠭᠠᠨ᠎ᠤ ᠭᠦᠶ᠋ᠯᠭᠡᠭᠡᠨ᠎ᠦ ᠱᠢᠨ᠎ᠡ ᠰᠤᠳᠠᠰᠤ᠎ᠶ᠋ᠢ ᠰᠠᠭᠠᠳ ᠥᠬᠡᠶ ᠨᠡᠪᠲᠡᠷᠡᠭᠦᠯᠦᠨ᠎ᠡ

ᠴᠡᠭᠡ ᠪᠣᠭᠣᠮᠲᠠᠨ᠎ᠠ ᠲᠠᠭᠠᠭ᠎ᠠ ᠶᠠᠳᠠᠮ᠎ᠠ ᠨᠡᠭᠦᠷᠡᠰᠦ ᠲᠡᠭᠡᠭᠡᠪᠦᠷᠢᠯᠡᠭᠰᠡᠨ ᠠᠴᠢᠶᠠᠨ᠎ᠤ ᠮᠠᠱᠢᠨ ᠲᠡᠷᠭᠡ ᠨᠤᠬᠦᠳ ᠤᠶᠤᠨᠲᠤ ᠪᠣᠭᠣᠮᠲᠠ᠎ᠪᠠᠷ ᠦᠳᠳᠡᠷ ᠲᠦᠷᠭᠡᠨ ᠥᠩᠭᠡᠷᠡᠵᠦ᠍᠂ AGV ᠵᠢᠯᠣᠭᠣᠴᠢ ᠦᠭᠡᠢ ᠮᠠᠱᠢᠨ ᠲᠡᠷᠭᠡ ᠪᠠᠷᠠᠭᠠᠨ᠎ᠤ ᠭᠦᠢᠯᠭᠡᠭᠡᠨ᠎ᠦ ᠬᠦᠷᠢᠶᠡᠯᠡᠩ ᠲᠣᠭᠣᠷᠢᠭ᠎ᠲᠤ ᠥᠨᠳᠥᠷ ᠪᠦᠲᠦᠮᠵᠢᠲᠡᠢ ᠠᠵᠢᠯᠯᠠᠨ᠎ᠠ᠃

ᠴᠡᠭᠡ ᠪᠣᠭᠣᠮᠲᠠ ᠪᠣᠯ ᠪᠦᠬᠦ᠌ ᠤᠯᠤᠰ᠎ᠤᠨ ᠠᠩᠬᠠᠳᠠᠭ᠍ᠴᠢ ᠠᠦ᠋ᠲ᠋ᠣ᠋ ᠵᠢᠯᠣᠭᠣᠳᠭᠤ᠎ᠶ᠋ᠢ ᠪᠡᠶᠡᠯᠡᠭᠦᠯᠦᠭ᠌ᠰᠡᠨ ᠬᠠᠭᠤᠷᠠᠢ ᠵᠠᠮ᠎ᠤᠨ ᠪᠣᠭᠣᠮᠲᠠ ᠪᠣᠯᠤᠨ᠎ᠠ᠃ AGV  ᠵᠢᠯᠣᠭᠣᠴᠢ ᠥᠬᠡᠶ ᠮᠠᠱᠢᠨ ᠪᠠ 5G ᠴᠢᠮᠡᠭᠡ ᠬᠣᠯᠪᠣᠭᠠᠨ᠎ᠤ ᠱᠢᠰᠲ᠋ᠧᠮ᠎ᠤᠨ ᠵᠢᠯᠣᠭᠣᠴᠢ ᠥᠬᠡᠶ ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢᠨ ᠱᠢᠨ᠎ᠡ᠎ᠶ᠋ᠢ ᠡᠭᠦᠳᠦᠨ ᠬᠡᠷᠡᠭ᠌ᠵᠢᠭᠦᠯᠦᠭ᠌ᠰᠡᠨ᠎ᠡᠴᠡ ᠨᠠᠭᠠᠰᠢ ᠪᠣᠭᠣᠮᠲᠠ᠎ᠶ᠋ᠢᠨ ᠠᠵᠤ ᠦᠶ᠋ᠯᠡᠰ᠎ᠦᠨ ᠨᠡᠮᠡᠯᠲᠡ ᠥᠷᠲᠡᠭ ᠪᠠ ᠲᠡᠭᠡᠭᠡᠪᠦᠷᠢ᠎ᠶ᠋ᠢᠨ ᠦᠷ᠎ᠡ ᠪᠦᠲᠦᠮᠵᠢ ᠲᠠᠰᠤᠷᠠᠯᠲᠠ ᠥᠬᠡᠶ ᠳᠡᠭᠡᠭ᠌ᠰᠢᠯᠡᠵᠦ᠍᠂ 2024 ᠣᠨ᠎ᠳᠤ ᠴᠡᠬᠡ ᠪᠣᠭᠣᠮᠲᠠ᠎ᠪᠠᠷ ᠥᠩᠭᠡᠷᠡᠭᠰᠡᠨ ᠪᠠᠷᠠᠭᠠᠨ᠎ᠤ ᠬᠡᠮᠵᠢᠶ᠎ᠡ ᠨᠡᠢᠲᠡ 2400 ᠲᠦᠮᠡᠨ ᠲᠣᠨ᠎ᠢ ᠳᠠᠪᠠᠵᠤ᠂ ᠪᠣᠭᠣᠮᠲᠠ ᠨᠡᠭᠡᠭᠡᠭ᠌ᠰᠡᠨ᠎ᠡᠴᠡ ᠨᠠᠭᠠᠱᠢᠬᠢ ᠲᠡᠦᠬᠡ᠎ᠶ᠋ᠢᠨ ᠱᠢᠨ᠎ᠡ ᠲᠡᠮᠳᠡᠭ᠌ᠯᠡᠯ᠎ᠢ ᠡᠭᠦᠳᠪᠡ᠃

ᠡᠷᠢᠶᠡᠨ ᠬᠣᠲᠠ  ᠪᠣᠭᠣᠮᠲᠠ᠎ᠳᠤ 《ᠪᠣᠯᠣᠳ ᠲᠡᠮᠡᠭᠡᠨ ᠵᠢᠩ》 ᠬᠡᠮᠡᠭ᠌ᠳᠡᠭ᠌ᠰᠡᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠨᠠᠭᠠᠰᠢ ᠴᠠᠭᠠᠰᠢ ᠳᠠᠪᠬᠢᠵᠤ ᠳᠡᠯᠡᠬᠡᠶ ᠳ᠋ᠠᠬᠢᠨ᠎ᠢ 《ᠬᠤᠯᠪᠤᠨ᠎ᠠ》᠃ 2013 ᠣᠨ᠎ᠳᠤ ᠠᠩᠬᠠᠳᠠᠭ᠍ᠴᠢ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ  ᠵᠢᠨ ᠲᠡᠭᠡᠭᠡᠪᠦᠷᠢ ᠵᠢ  ᠡᠬᠢᠯᠡᠬᠦᠯᠦᠭᠰᠡᠨ᠎ᠡᠴᠡ ᠨᠠᠭᠠᠰᠢ ᠣᠳᠣᠬᠠᠨ ᠪᠣᠯᠲᠠᠯ᠎ᠠ ᠡᠷᠢᠶᠡᠨ ᠬᠣᠲᠠ ᠪᠣᠭᠣᠮᠲᠠ 18000 ᠭᠠᠷᠤᠢ ᠴᠤᠪᠤᠭ᠎ᠠ ᠭᠠᠯᠳᠤ ᠲᠡᠷᠭᠡ ᠵᠢᠨ ᠲᠡᠭᠡᠭᠡᠪᠦᠷᠢ᠎ᠶ᠋ᠢ ᠪᠡᠶᠡᠯᠡᠬᠦᠯᠪᠡ᠃

ᠣᠳᠣᠬᠠᠨ᠎ᠳᠤ᠂ ᠡᠷᠢᠶᠡᠨ ᠬᠣᠲᠠ ᠪᠣᠭᠣᠮᠲᠠ ᠪᠠᠷ ᠳᠡᠮᠵᠢᠨ ᠬᠢᠯᠢ᠎ᠡᠴᠡ ᠭᠠᠷᠬᠤ ᠵᠢᠱᠢᠶᠠᠨ᠎ᠤ ᠭᠠᠯᠲᠤ ᠲᠡᠷᠭᠡ ᠭᠧᠷᠮᠠᠨ᠂ ᠫᠤᠯᠠᠨᠳ᠋᠂ ᠣᠷᠣᠰ  ᠵᠡᠷᠭᠡ 10 ᠭᠠᠷᠤᠶ ᠤᠯᠤᠰ᠎ᠤᠨ 60 ᠭᠠᠷᠤᠶ ᠭᠠᠵᠠᠷ ᠣᠷᠣᠨ᠎ᠳᠤ ᠨᠡᠪᠲᠡᠷᠡᠵᠦ᠍᠂ ᠤᠯᠤᠰ᠎ᠤᠨ ᠳᠣᠲᠣᠭᠠᠳᠤ᠎ᠳᠤ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ᠎ᠶ᠋ᠢᠨ ᠡᠬᠢᠯᠡᠵᠦ ᠮᠤᠷᠳᠠᠬᠤ ᠣᠯᠠᠩᠬᠢ ᠬᠣᠲᠠ᠎ᠲᠠᠶ ᠬᠣᠯᠪᠣᠭ᠍ᠳᠠᠵᠤ᠂ ᠲᠢᠶᠠᠨᠵᠢᠨ᠂ ᠠᠨᠾᠦ᠋ᠢ᠂ ᠬᠤᠨᠠᠨ᠂ ᠰᠸᠴᠤᠸᠠᠨ ᠵᠡᠷᠭᠡ 10 ᠭᠠᠷᠤᠶ ᠮᠤᠵᠢ ᠬᠣᠲᠠ ᠣᠷᠣᠨ᠎ᠤ  ᠪᠠᠷᠠᠭᠠᠨ᠎ᠤ ᠡᠬᠢ ᠰᠤᠷᠪᠤᠯᠵᠢ ᠵᠢ ᠲᠦᠪᠯᠡᠷᠡᠭᠦᠯᠦᠭᠰᠡᠨ  ᠪᠠᠢᠨ᠎ᠠ᠃ ᠨᠡᠪᠲᠡᠷᠡᠬᠦ᠌ ᠵᠠᠮ ᠨᠢ ᠠᠩᠬ᠎ᠠ ᠡᠬᠢᠨ᠎ᠦ 2 ᠵᠤᠷᠪᠤᠰ ᠪᠠᠢᠭ᠍ᠰᠠᠨ᠎ᠠᠴᠠ᠎ᠪᠠᠨ ᠨᠡᠮᠡᠭ᠌ᠳᠡᠭᠡᠳ 71 ᠵᠤᠷᠪᠤᠰ ᠪᠣᠯᠵᠤ᠂ ᠲᠡᠭᠡᠭᠡᠪᠦᠷᠢ᠎ᠶ᠋ᠢᠨ ᠪᠠᠷᠠᠭ᠎ᠠ ᠨᠢ ᠬᠠᠮᠤᠭ ᠠᠩᠬᠠᠨ᠎ᠤ ᠲᠡᠮᠦᠷᠯᠢᠭ᠂ ᠬᠢᠮᠢ᠎ᠶ᠋ᠢᠨ ᠠᠵᠤ ᠦᠢᠯᠡᠳᠪᠦᠷᠢ᠂ ᠬᠤᠪᠴᠠᠰᠤ ᠬᠤᠨᠠᠷ ᠱᠠᠬᠠᠶ ᠮᠠᠯᠠᠭᠠᠶ᠎ᠪᠠᠷ ᠭᠣᠣᠯᠳᠠᠭᠤᠯᠵᠤ ᠪᠠᠢᠭ᠍ᠰᠠᠨ᠎ᠠᠴᠠ᠎ᠪᠠᠨ ᠣᠳᠣ ᠤᠯᠤᠰ᠎ᠲᠠᠭᠠᠨ ᠦᠢᠯᠡᠳᠪᠦᠷᠢᠯᠡᠭ᠌ᠰᠡᠨ ᠮᠠᠱᠢᠨ ᠲᠡᠷᠭᠡ᠂ ᠭᠡᠷ᠎ᠦᠨ ᠴᠠᠬᠢᠯᠭᠠᠨ ᠬᠡᠷᠡᠭ᠌ᠰᠡᠯ᠎ᠢᠶᠡᠷ ᠭᠣᠣᠯᠯᠠᠭᠤᠯᠬᠤ ᠪᠤᠯᠵᠤ᠂ ᠥᠨᠳᠥᠷ ᠨᠡᠮᠡᠯᠲᠡ ᠥᠷᠲᠡᠭ᠂ ᠳᠡᠭᠡᠳᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠦᠢᠯᠡᠳᠬᠦᠨ᠎ᠦ ᠨᠡᠮᠡᠭ᠌ᠳᠡᠯ᠎ᠦᠨ ᠪᠠᠢᠳᠠᠯ ᠢᠯᠡᠷᠬᠡᠶ ᠪᠣᠯᠪᠡ᠃

ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ ᠵᠢᠨ ᠲᠣᠪᠴᠢᠶᠠᠨ᠎ᠤ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠨᠠᠮ᠎ᠤᠨ ᠬᠣᠷᠢᠶᠠᠨ᠎ᠤ ᠱᠦᠵᠢ᠂ ᠬᠡᠷᠡᠭ ᠮᠡᠳᠡᠭ᠌ᠴᠢᠳ᠎ᠦᠨ ᠳᠠᠷᠤᠭ᠎ᠠ ᠵᠤᠸᠠᠩ ᠾᠧ᠂ ᠡᠨᠡ ᠵᠢᠯ ᠤᠯᠤᠰ᠎ᠤᠨ 《ᠨᠢᠭᠡ ᠪᠦᠰᠡ ᠨᠢᠭᠡ ᠵᠠᠮ》 ᠤ᠋ᠨ ᠤᠷᠢᠶᠠᠯᠠᠭ᠎ᠠ᠎ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ᠎ᠤ ᠴᠢᠯᠥᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢᠭᠤᠯᠬᠤ ᠢᠨᠵᠧᠨᠧᠷᠢᠩ ᠳ᠋ᠦ ᠠᠭᠤᠰᠤᠯᠴᠠᠨ᠂ ᠡᠷᠢᠶᠡᠨ ᠬᠣᠲᠠ ᠪᠣᠭᠣᠮᠲᠠ᠎ᠶ᠋ᠢᠨ ᠳᠠᠭᠠᠭᠠᠴᠠ᠎ᠶ᠋ᠢᠨ ᠴᠢᠳᠠᠪᠤᠷᠢ ᠪᠠ ᠠᠷᠤ ᠲᠠᠯ᠎ᠠ᠎ᠶ᠋ᠢᠨ ᠨᠡᠪᠲᠡᠷᠡᠬᠦ᠌ ᠵᠠᠮ᠎ᠤᠨ ᠲᠥᠪᠯᠡᠷᠡᠭᠦᠯᠵᠦ᠍ ᠲᠠᠷᠬᠠᠭᠠᠵᠤ ᠲᠡᠭᠡᠭᠡᠪᠦᠷᠢᠯᠡᠬᠦ᠌ ᠴᠢᠳᠠᠪᠤᠷᠢ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠂ ᠲᠣᠭᠠᠴᠢᠯᠠᠭ᠍ᠰᠠᠨ ᠪᠣᠭᠣᠮᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ᠂ ᠪᠣᠭᠣᠮᠲᠠ᠎ᠪᠠᠷ ᠥᠩᠭᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠥᠲᠥᠭᠡᠨ ᠪᠠᠢᠭᠤᠯᠬᠤ᠎ᠳᠤ ᠲᠡᠭᠡᠭᠡᠪᠦᠷᠢ᠎ᠶ᠋ᠢᠨ ᠲᠤᠯᠭᠠᠭᠤᠷᠢᠯᠠᠯ ᠬᠠᠩᠭᠠᠵᠦ᠂ ᠴᠢᠨᠠᠷ ᠰᠠᠢᠲᠠᠶ ᠪᠣᠭᠣᠮᠲᠠ᠎ᠶ᠋ᠢᠨ ᠲᠡᠭᠡᠭᠡᠪᠦᠷᠢ᠎ᠶ᠋ᠢᠨ ᠦᠶ᠋ᠯᠡᠴᠢᠯᠡᠭᠡ᠎ᠪᠡᠷ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠨ᠎ᠡ ᠭᠡᠪᠡ᠃

ᠪᠣᠭᠣᠮᠲᠠ ᠪᠣᠯ ᠤᠯᠤᠰ᠎ᠤᠨ ᠭᠠᠳᠠᠭᠠᠳᠤ ᠨᠡᠭᠡᠭᠡᠯᠲᠡ᠎ᠶ᠋ᠢᠨ ᠡᠭᠦᠳᠡ᠂ ᠭᠠᠳᠠᠭᠠᠳᠤ ᠨᠡᠭᠡᠭᠡᠯᠲᠡ᠎ᠶ᠋ᠢᠨ ᠳᠤᠲᠠᠭ᠍ᠳᠠᠵᠤ ᠪᠣᠯᠤᠰᠢ ᠦᠭᠡᠢ ᠴᠢᠬᠤᠯᠠ ᠰᠠᠭᠤᠷᠢ ᠲᠥᠬᠥᠭᠡᠷᠦᠮᠵᠢ ᠪᠣᠯᠤᠨ᠎ᠠ᠃ 2025 ᠣᠨ᠎ᠳᠤ᠂ ᠥᠪᠥᠷ ᠮᠣᠩᠭᠣᠯ ᠪᠣᠭᠣᠮᠲᠠ᠎ᠶ᠋ᠢᠨ ᠪᠠᠷᠠᠭᠠᠨ᠎ᠤ ᠲᠡᠭᠡᠭᠡᠪᠦᠷᠢ ᠵᠢ 1.3 ᠳ᠋ᠦᠩᠱᠢᠭᠤᠷ ᠲᠣᠨ ᠪᠡᠶᠡᠯᠡᠭᠦᠯᠵᠦ᠍᠂ 85 ᠴᠢᠬᠤᠯᠠ ᠶᠡᠬᠡ ᠲᠥᠷᠥᠯ ᠵᠦᠶ᠋ᠯ᠎ᠦᠨ ᠠᠵᠢᠯ ᠡᠬᠢᠯᠡᠭᠦᠯᠦᠭ᠌ᠰᠡᠨ ᠨᠣᠷᠮ᠎ᠠ᠎ᠶ᠋ᠢ 95%᠎ᠡᠴᠡ ᠳᠡᠭᠡᠭ᠌ᠰᠢ᠎ᠳᠦ ᠬᠦᠷᠦᠭᠦᠯᠵᠦ᠍᠂ 50᠎ᠡᠴᠡ ᠳᠡᠭᠡᠭ᠌ᠰᠢᠬᠢ᠎ᠶ᠋ᠢ ᠨᠢ ᠠᠵᠢᠯ ᠳᠠᠭᠤᠰᠭᠠᠨ᠎ᠠ᠃ ᠮᠠᠨᠵᠤᠤᠷ᠂ ᠡᠷᠢᠶᠡᠨ ᠬᠣᠲᠠ᠎ᠶ᠋ᠢᠨ ᠤᠶᠤᠨᠲᠤ ᠪᠣᠭᠣᠮᠲᠠ᠎ᠶ᠋ᠢᠨ ᠲᠤᠷᠱᠢᠯᠲᠠ᠎ᠶ᠋ᠢᠨ ᠴᠡᠭ᠎ᠤ᠋ᠨ ᠪᠦᠲᠦᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠪᠡᠶᠡᠯᠡᠭᠦᠯᠵᠦ᠍᠂ 《1 + 7》 ᠤᠶᠤᠨᠲᠤ ᠪᠣᠭᠣᠮᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠡᠬᠢᠯᠡᠭᠦᠯᠦᠨ᠎ᠡ᠃ ᠪᠥᠬᠥ᠌ ᠣᠷᠣᠨ᠎ᠤ ᠭᠤᠤᠯᠳᠠᠯᠭ᠎ᠠ᠎ᠲᠠᠶ ᠵᠠᠰᠠᠮᠠᠯ ᠵᠠᠮ᠎ᠤᠨ ᠪᠣᠭᠣᠮᠲᠠ᠎ᠳᠤ ᠤᠶᠤᠨᠲᠤ ᠺᠠᠷᠲ᠎ᠤᠨ ᠱᠢᠰᠲ᠋ᠧᠮ᠎ᠢ ᠪᠦᠷᠬᠦᠬᠦᠯᠵᠦ᠍᠂ ᠴᠡᠭᠡ ᠪᠣᠭᠣᠮᠲᠠ᠎ᠶ᠋ᠢᠨ AGV ᠲᠡᠭᠡᠭᠡᠪᠦᠷᠢ᠎ᠶ᠋ᠢᠨ ᠪᠠᠢᠩᠭᠤᠵᠢᠬᠰᠠᠨ ᠠᠵᠢᠯᠯᠠᠭᠠᠨ᠎ᠢ ᠪᠡᠶᠡᠯᠡᠭᠦᠯᠵᠦ᠍᠂ 5G ᠵᠢᠯᠤᠭᠤᠴᠢ ᠥᠬᠡᠶ ᠬᠦᠨᠳᠦ ᠠᠴᠢᠶᠠᠨ᠎ᠤ ᠮᠠᠰᠢᠨ᠎ᠤ ᠲᠤᠷᠱᠢᠨ ᠠᠵᠢᠯᠯᠠᠬᠤ᠎ᠶ᠋ᠢ ᠠᠬᠢᠭᠤᠯᠤᠨ᠎ᠠ᠃ ᠮᠠᠨᠳᠤᠯ᠂ ᠵᠡᠭᠦᠨ ᠬᠠᠲᠠᠪᠴᠢ ᠵᠡᠷᠭᠡ ᠪᠣᠭᠣᠮᠲᠠ᠎ᠳᠤ AGV ᠲᠥᠷᠥᠯ ᠵᠦᠶ᠋ᠯ᠎ᠢ ᠳᠡᠯᠭᠡᠷᠡᠭᠦᠯᠦᠨ᠎ᠡ᠃ AGV ᠵᠢᠯᠣᠭᠣᠴᠢ ᠥᠬᠡᠶ ᠬᠢᠯᠢ ᠠᠯᠤᠰᠯᠠᠭ᠍ᠰᠠᠨ ᠲᠡᠭᠡᠭᠡᠪᠦᠷᠢ᠎ᠶ᠋ᠢᠨ ᠪᠥᠬᠥ᠌ ᠤᠯᠤᠰ᠎ᠤᠨ ᠲᠤᠬᠠᠶ᠎ᠶ᠋ᠢᠨ ᠲᠠᠯᠠᠪᠤᠷ᠎ᠤᠨ ᠬᠤᠷᠠᠯ᠎ᠢ ᠳᠠᠭᠠᠭᠠᠴᠢᠯᠠᠨ ᠡᠷᠬᠢᠯᠡᠵᠦ᠂ ᠨᠡᠢᠲᠡᠯᠢᠭ ᠵᠢᠱ᠌ᠢᠶ᠎ᠡ ᠠᠮᠵᠢᠯᠲᠠ᠎ᠲᠠᠶ ᠲᠤᠷᠱᠢᠯᠭ᠎ᠠ᠎ᠶ᠋ᠢ ᠤᠯᠠᠮ ᠨᠢᠭᠡ ᠠᠯᠬᠤᠮ ᠳᠡᠯᠭᠡᠷᠡᠭᠦᠯᠦᠨ᠎ᠡ᠃ ᠣᠶᠤᠨᠴᠢᠯᠠᠭ᠍ᠰᠠᠨ ᠬᠢᠯᠢ ᠠᠯᠤᠰᠯᠠᠭ᠍ᠰᠠᠨ ᠲᠡᠭᠡᠭᠡᠪᠦᠷᠢ ᠪᠠ ᠬᠠᠭᠤᠷᠠᠶ ᠵᠠᠮ᠎ᠤᠨ ᠪᠣᠭᠣᠮᠲᠠ᠎ᠶ᠋ᠢᠨ ᠴᠢᠬᠤᠯᠠ ᠡᠨᠧᠷᠭᠢ᠎ᠶ᠋ᠢ ᠭᠠᠳᠠᠭᠠᠳᠤ᠎ᠠᠴᠠ ᠣᠷᠣᠭᠤᠯᠬᠤ ᠨᠡᠪᠳᠡᠷᠡᠬᠦ ᠵᠠᠮ᠎ᠤᠨ ᠪᠥᠲᠥᠭᠡᠨ ᠪᠠᠢᠭᠤᠯᠤᠯᠲᠠ᠎ᠶ᠋ᠢᠨ  ᠦᠯᠢᠭᠡᠷ ᠵᠢᠱ᠌ᠢᠶ᠎ᠡ ᠪᠤᠯᠤᠨ᠎ᠠ᠃

ᠤᠷᠢᠬᠠᠨ ᠬᠠᠪᠤᠷ ᠠᠮᠢ ᠠᠮᠢᠵᠢᠷᠠᠯ ᠵᠢᠡᠷ ᠪᠢᠯᠬᠠᠵᠤ᠂ ᠦᠪᠦᠷ ᠮᠤᠩᠭᠤᠯ ᠡᠷᠡᠮᠡᠭᠡᠢᠯᠡᠨ ᠤᠷᠤᠭᠰᠢᠯᠠᠬᠤ ᠢᠳᠡᠭᠡᠯ ᠬᠦᠴᠦᠨ ᠲᠡᠬᠦᠯᠳᠡᠷ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号