3 ᠰᠠᠷ᠎ᠠ᠎ᠶ᠋ᠢᠨ 10 ᠤ᠋ ᠦᠳᠡ᠎ᠶ᠋ᠢᠨ ᠡᠮᠦᠨ᠎ᠡ᠂ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠲᠥᠪ ᠲᠢᠩᠬᠢᠮ᠎ᠳᠦ ᠳ᠋ᠧᠩ᠎ᠦᠨ ᠬᠡᠷᠡᠯ ᠳᠤᠸᠠᠯᠠᠵᠤ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ᠎ᠶ᠋ᠢᠨ ᠭᠤᠷᠪᠠᠳᠤᠭᠠᠷ ᠬᠤᠷᠠᠯ᠎ᠤᠨ ᠭᠤᠷᠪᠠᠳᠤᠭᠠᠷ ᠲᠠᠯᠠᠪᠠᠶ 《ᠭᠡᠰᠢᠭᠦᠳ ᠤ᠋ᠨ ᠰᠤᠷᠪᠤᠯᠵᠢᠯᠠᠭ᠎ᠠ ᠬᠦᠯᠢᠶᠡᠬᠦ ᠵᠠᠮ》 ᠤ᠋ᠨ ᠬᠠᠮᠲᠤ᠎ᠶ᠋ᠢᠨ ᠰᠤᠷᠪᠤᠯᠵᠢᠯᠠᠭ᠎ᠠ ᠡᠨᠳᠡ ᠶᠠᠪᠤᠭ᠍ᠳᠠᠪᠠ᠃ ᠡᠯ᠎ᠡ ᠭᠠᠵᠠᠷ ᠣᠷᠣᠨ ᠡᠯ᠎ᠡ ᠬᠦᠷᠢᠶ᠎ᠡ ᠴᠠᠷᠠᠭ᠎ᠠ᠎ᠡᠴᠡ ᠢᠷᠡᠭ᠌ᠰᠡᠨ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ 9 ᠭᠡᠱᠢᠭᠦᠨ ᠰᠤᠷᠪᠤᠯᠵᠢᠯᠠᠭ᠎ᠠ ᠬᠦᠯᠢᠶᠡᠬᠦ ᠵᠠᠮ ᠳᠡᠭᠡᠷ᠎ᠠ ᠳᠤᠮᠳᠠᠳᠤ ᠭᠠᠳᠠᠭᠠᠳᠤ᠎ᠶ᠋ᠢᠨ ᠰᠤᠷᠪᠤᠯᠵᠢᠯᠠᠭ᠍ᠴᠢ᠎ᠲᠠᠶ ᠨᠢᠭᠤᠷᠳᠠᠵᠦ᠂ ᠲᠤᠬᠠᠶ᠎ᠶ᠋ᠢᠨ ᠲᠠᠯᠠᠪᠠᠶ᠎ᠶ᠋ᠢᠨ ᠠᠰᠠᠭᠤᠯᠲᠠ᠎ᠶ᠋ᠢ ᠬᠠᠷᠢᠭᠤᠯᠵᠤ᠂ ᠬᠠᠯᠠᠮᠱᠢᠯ ᠠᠰᠠᠭᠤᠳᠠᠯ᠎ᠳᠤ ᠬᠠᠷᠢᠭᠤᠯᠲᠠ ᠥᠭ᠌ᠴᠦ᠂ ᠭᠡᠱᠢᠭᠦᠳ᠎ᠦᠨ ᠴᠣᠭ ᠵᠢᠪᠬᠤᠭ᠎ᠠ᠎ᠶ᠋ᠢ ᠢᠯᠡᠷᠡᠭᠦᠯᠪᠡ᠃

ᠠᠯᠲᠠᠨᠳᠠᠯᠠᠢ ᠭᠡᠱᠢᠭᠦᠨ ᠰᠤᠷᠪᠤᠯᠵᠢᠯᠠᠭ᠎ᠠ ᠬᠦᠯᠢᠶᠡᠵᠦ ᠪᠠᠢᠭ᠎ᠠ ᠨᠢ᠃
ᠲᠤᠰ ᠰᠣᠨᠢᠨ᠎ᠤ ᠰᠤᠷᠪᠤᠯᠵᠢᠯᠠᠭ᠍ᠴᠢ ᠸᠠᠩ ᠫᠸᠩ ᠰᠡᠭᠦᠳᠡᠷᠯᠡᠪᠡ
《 ᠰᠠᠢᠨ ᠪᠠᠢᠵᠠᠭᠠᠨ᠎ᠠ ᠦᠦ᠂ ᠪᠢ ᠪᠣᠯ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠵᠡᠭᠦᠨ ᠬᠣᠱᠢᠭᠤᠨ᠎ᠤ ᠤᠯᠠᠭᠠᠨᠮᠥ᠋ᠴᠢᠷ᠎ᠦᠨ ᠳᠠᠷᠤᠭ᠎ᠠ ᠠᠯᠲᠠᠨᠳᠠᠯᠠᠢ ᠪᠤᠯᠤᠨ᠎ᠠ》ᠭᠡᠵᠤ ᠶᠠᠷᠢᠬᠰᠠᠭᠠᠷ 8 ᠴᠠᠭ 15 ᠮᠢᠨᠦ᠋ᠲ᠎ᠦᠨ ᠦᠶ᠎ᠡ᠎ᠪᠡᠷ ᠮᠣᠩᠭᠣᠯ ᠬᠤᠪᠴᠠᠰᠤ ᠵᠠᠰᠠᠯ᠎ᠢᠶᠠᠨ ᠡᠮᠦᠰᠦᠭᠰᠡᠨ ᠠᠯᠲᠠᠨᠳᠠᠯᠠᠢ 《ᠭᠡᠰᠢᠭᠦᠳ ᠤ᠋ᠨ ᠰᠤᠷᠪᠤᠯᠵᠢᠯᠠᠭ᠎ᠠ ᠬᠦᠯᠢᠶᠡᠬᠦ ᠵᠠᠮ》 ᠵᠢᠡᠷ ᠠᠯᠬᠤᠨ ᠢᠷᠡᠪᠡ᠃
《 ᠬᠢᠯᠢ ᠬᠢᠵᠠᠭᠠᠷ ᠣᠷᠣᠨ᠎ᠡᠴᠡ ᠢᠷᠡᠭ᠌ᠰᠡᠨ ᠤᠳᠭ᠎ᠠ ᠤᠷᠠᠯᠢᠭ᠎ᠤᠨ ᠠᠵᠢᠯᠲᠠᠨ᠂ ᠤᠯᠠᠭᠠᠨᠮᠥ᠋ᠴᠢᠷ᠎ᠦᠨ ᠳᠠᠷᠤᠭ᠎ᠠ ᠪᠣᠯᠤᠭ᠍ᠰᠠᠨ᠎ᠤ ᠬᠤᠪᠢ᠎ᠳᠤ᠂ ᠲᠠ ᠪᠣᠯᠤᠨ ᠤᠯᠠᠭᠠᠨᠮᠥ᠋ᠴᠢᠷ᠎ᠦᠨ ᠥᠯᠢᠭᠡᠷ ᠵᠢᠡᠨ ᠶᠠᠷᠢᠵᠤ ᠥᠭ᠌ᠬᠦᠨ᠎ᠠ ᠦᠦ? ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠲᠠᠯ᠎ᠠ᠎ᠪᠠᠷ ᠴᠥᠭᠡᠨ ᠲᠣᠭᠠᠲᠤ ᠦᠨᠳᠦᠰᠦᠲᠡᠨ᠎ᠦ ᠤᠳᠭ᠎ᠠ ᠤᠷᠠᠯᠢᠭ᠎ᠤᠨ ᠠᠵᠢᠯᠲᠠᠳ ᠶᠠᠮᠠᠷ ᠦᠢᠯᠡᠳᠦᠯ ᠪᠠᠳᠠᠷᠠᠭᠤᠯᠵᠤ ᠪᠣᠯᠬᠤ ᠪᠤᠢ?》ᠭᠡᠵᠤ ᠳᠤᠮᠳᠠᠳᠤ ᠤᠯᠤᠰ᠎ᠤᠨ ᠰᠣᠶᠣᠯ᠎ᠤᠨ ᠰᠣᠨᠢᠨ᠎ᠤ ᠰᠤᠷᠪᠤᠯᠵᠢᠯᠠᠭ᠍ᠴᠢ ᠠᠯᠲᠠᠨᠳᠠᠯᠠᠢ᠎ᠡᠴᠡ ᠠᠰᠠᠭᠤᠯᠲᠠ ᠠᠰᠠᠭᠤᠪᠠ᠃
《 ᠤᠯᠠᠭᠠᠨᠮᠥ᠋ᠴᠢᠷᠭᠡᠳᠡᠭ ᠨᠢ〈ᠬᠤᠪᠢᠰᠭᠠᠯ᠎ᠤᠨ ᠨᠢᠯᠬ᠎ᠠ ᠨᠠᠬᠢᠶ᠎ᠠ 〉 ᠭᠡᠰᠡᠨ ᠤᠳᠭ᠎ᠠ᠎ᠲᠠᠶ᠂ ᠪᠠᠰᠠ 〈 ᠬᠤᠪᠢᠰᠭᠠᠯᠲᠤ ᠤᠳᠭ᠎ᠠ ᠤᠷᠠᠯᠢᠭ᠎ᠤᠨ ᠬᠥᠩᠭᠡᠨ ᠮᠣᠷᠢᠲᠤ ᠴᠡᠷᠢᠭ 〉ᠬᠡᠮᠡᠭᠳᠡᠪᠡ᠂ ᠡᠨᠡ ᠬᠦ᠌ ᠨᠡᠷ᠎ᠡ ᠨᠢᠭᠡᠨᠲᠡ ᠲᠠᠯ᠎ᠠ ᠨᠤᠲᠤᠭ᠎ᠲᠤ 70 ᠱᠢᠬᠠᠮ ᠵᠢᠯ ᠳᠠᠭᠤᠷᠢᠰᠴᠠᠶ》ᠭᠡᠵᠤ ᠠᠯᠲᠠᠨᠳᠠᠯᠠᠢ ᠤᠷᠢᠳ᠎ᠢᠶᠠᠷ ᠤᠯᠠᠭᠠᠨᠮᠥ᠋ᠴᠢᠷ᠎ᠦᠨ ᠲᠡᠦᠬᠡ᠎ᠶ᠋ᠢ ᠰᠤᠷᠪᠤᠯᠵᠢᠯᠠᠭ᠍ᠴᠢ᠎ᠳᠤ ᠲᠠᠨᠢᠯᠴᠠᠭᠤᠯᠪᠠ᠃
ᠠᠯᠳᠠᠨᠳᠠᠯᠠᠢ ᠵᠢᠨ ᠪᠠᠢᠭ᠎ᠠ ᠰᠥᠨᠢᠳ ᠵᠡᠭᠦᠨ ᠬᠣᠱᠢᠭᠤᠨ᠎ᠤ ᠤᠯᠠᠭᠠᠨᠮᠥ᠋ᠴᠢᠷ 1958 ᠣᠨ᠎ᠳᠤ ᠪᠠᠢᠭᠤᠯᠤᠭ᠍ᠳᠠᠭ᠍ᠰᠠᠨ ᠡᠬᠢᠨ᠎ᠦ ᠦᠶ᠎ᠡ᠎ᠳᠦ ᠵᠥᠪᠬᠡᠨ 9 ᠬᠥᠮᠦᠨ᠂ 1 ᠮᠣᠷᠢᠨ ᠲᠡᠷᠭᠡ᠎ᠲᠡᠶ ᠪᠠᠢᠵᠠᠢ᠃ ᠣᠳᠣᠬᠠᠨ᠎ᠳᠤ᠂ ᠲᠡᠳᠡᠨ᠎ᠦ ᠡᠩᠨᠡᠭᠡ ᠲᠠᠰᠤᠷᠠᠯᠲᠠ ᠦᠭᠡᠢ ᠪᠤᠵᠠᠭᠠᠢᠷᠠᠵᠤ᠂ ᠣᠳᠣᠬᠢᠴᠢᠯᠠᠭ᠍ᠰᠠᠨ ᠲᠣᠭ᠍ᠯᠠᠯᠲᠠ᠎ᠶ᠋ᠢᠨ ᠲᠥᠬᠥᠭᠡᠷᠦᠮᠵᠢ᠎ᠲᠡᠶ ᠪᠣᠯᠪᠠ᠃ ᠣᠨ ᠵᠢᠯ ᠥᠩᠭᠡᠷᠡᠭᠰᠡᠭᠡᠷ ᠪᠤᠯᠪᠠᠴᠤ ᠲᠡᠳᠡᠨ᠎ᠦ ᠠᠷᠠᠳ ᠲᠦᠮᠡᠨ᠎ᠳᠦ ᠦᠢᠯᠡᠴᠢᠯᠡᠬᠦ᠌ ᠤᠭ ᠰᠠᠨᠠᠭ᠎ᠠ ᠶᠡᠷᠦ᠍᠎ᠡᠴᠡ ᠬᠤᠪᠢᠷᠠᠭ᠎ᠠ ᠦᠭᠡᠢ᠂ ᠦᠶ᠎ᠡ ᠦᠶ᠎ᠡ᠎ᠶ᠋ᠢᠨ ᠤᠯᠠᠭᠠᠨᠮᠥ᠋ᠴᠢᠷ᠎ᠦᠨ ᠲᠤᠭᠯᠠᠭᠴᠢᠳ ᠡᠨᠡ ᠬᠦ᠌ ᠨᠤᠲᠤᠭ ᠳᠡᠪᠢᠰᠭᠡᠷ ᠳᠡᠭᠡᠷ᠎ᠡ ᠲᠣᠭ᠎ᠠ ᠲᠣᠮᠰᠢ ᠦᠭᠡᠢ ᠰᠡᠳᠭᠢᠯ ᠬᠥᠳᠡᠯᠭᠡᠮ᠎ᠡ ᠦᠯᠢᠭᠡᠷ ᠦᠯᠡᠳᠡᠭᠡᠵᠡᠢ᠃
《 ᠰᠥᠨᠢᠳ ᠵᠡᠭᠦᠨ ᠬᠣᠱᠢᠭᠤᠨ᠎ᠤ ᠲᠠᠯᠠᠪᠠᠶ 3.4 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠪᠠᠢᠵᠤ᠂ ᠬᠢᠯᠢ᠎ᠶ᠋ᠢᠨ ᠱᠤᠭᠤᠮ᠎ᠤᠨ ᠣᠷᠳᠣ 310 ᠺᠢᠯᠣᠮᠧᠲ᠋ᠷ ᠪᠤᠢ᠃ ᠪᠢᠳᠡ ᠬᠥᠳᠡᠭᠡ ᠪᠠᠭᠤᠵᠤ ᠲᠣᠭ᠍ᠯᠠᠯᠲᠠ ᠭᠠᠷᠭᠠᠬᠤ᠎ᠳᠤ ᠦᠷᠭᠦᠯᠵᠢ ᠬᠣᠯᠠ ᠵᠠᠮ ᠬᠥᠭᠡᠭᠡᠬᠦ᠌ ᠴᠢᠬᠤᠯᠠᠳᠠᠢ᠂ ᠭᠡᠪᠡᠴᠦ᠍ ᠬᠡᠳᠦᠶ ᠬᠦᠴᠢᠷᠳᠡᠯ ᠲᠠᠢ ᠪᠠᠢᠭ᠍ᠰᠠᠨ ᠴᠤ᠌ ᠤᠳᠭ᠎ᠠ ᠤᠷᠠᠯᠢᠭ᠎ᠢ ᠣᠯᠠᠨ ᠲᠦᠮᠡᠨ᠎ᠳᠤ ᠬᠦᠷᠭᠡᠨ᠎ᠠ᠃ ᠤᠯᠠᠨ ᠵᠢᠯ᠎ᠦᠨ ᠲᠤᠷᠰᠢ᠂ ᠪᠢᠳᠡᠨ᠎ᠦ ᠠᠯᠬᠤᠭ᠎ᠠ ᠵᠤᠬ᠍ᠰᠤᠭᠰᠠᠨ ᠦᠭᠡᠢ᠂ ᠤᠯᠠᠮᠵᠢᠯᠠᠯ᠎ᠢᠶᠠᠨ ᠠᠯᠳᠠᠭᠰᠠᠨ ᠦᠭᠡᠢ᠂ ᠬᠦᠬᠡ ᠲᠩᠷᠢ᠎ᠪᠡᠷ ᠬᠥᠱᠢᠭᠡ᠎ᠪᠡᠨ ᠪᠣᠯᠭᠠᠵᠤ᠂ ᠬᠥᠷᠥᠰᠥᠲᠦ ᠳᠡᠯᠡᠬᠡᠢ᠎ᠪᠡᠷ ᠲᠠᠢ᠌ᠰᠠ᠎ᠪᠠᠨ ᠪᠣᠯᠭᠠᠵᠤ᠂ ᠡᠯ᠎ᠡ ᠰᠤᠮᠤ ᠭᠠᠴᠡᠭ᠎ᠠ᠂ ᠬᠢᠯᠢ᠎ᠶ᠋ᠢᠨ ᠬᠠᠮᠠᠭᠠᠯᠠᠯᠲᠠ᠎ᠶ᠋ᠢᠨ ᠴᠡᠷᠢᠭ ᠠᠩᠭᠢ ᠵᠡᠷᠭᠡ ᠳ᠋ᠤ ᠬᠦᠷᠴᠤ᠂ ᠤᠮᠠᠷᠠᠲᠤ ᠬᠢᠯᠢ᠎ᠶ᠋ᠢᠨ ᠭᠠᠵᠠᠷ ᠪᠤᠯᠭᠠᠨ ᠵᠢᠡᠷ ᠠᠶᠠᠯᠠᠵᠤ᠂ ᠵᠢᠯ ᠪᠦᠷᠢ 100 ᠭᠠᠷᠤᠢ ᠲᠠᠯᠠᠪᠠᠢ ᠲᠣᠭ᠍ᠯᠠᠯᠲᠠ ᠭᠠᠷᠭᠠᠳᠠᠭ》 ᠭᠡᠵᠦ᠍ ᠠᠯᠲᠠᠨᠳᠠᠯᠠᠢ ᠣᠮᠣᠭ᠍ᠰᠢᠨ ᠲᠠᠨᠢᠯᠴᠠᠭᠤᠯᠪᠠ᠃
ᠬᠡᠳᠦᠢᠪᠡᠷ ᠴᠠᠭ ᠦᠶ᠎ᠡ ᠬᠤᠪᠢᠷᠠᠵᠤ ᠪᠠᠢᠪᠠᠴᠤ᠌᠂ 《ᠤᠯᠠᠨ ᠲᠦᠮᠡᠨ ᠲᠠᠢ ᠣᠢᠷᠠᠳᠤᠬᠰᠠᠨ᠂ ᠤᠯᠠᠨ ᠲᠦᠮᠡᠨ᠎ᠦ ᠳᠤᠮᠳᠠ ᠲᠠᠷᠬᠠᠨ ᠳᠡᠯᠭᠡᠷᠡᠭᠰᠡᠨ᠂ ᠤᠯᠠᠨ ᠲᠦᠮᠡᠨ᠎ᠦ ᠳᠤᠮᠳᠠ ᠤᠯᠠᠮᠵᠢᠯᠠᠬᠳᠠᠨ ᠦᠯᠡᠳᠡᠭᠦ ᠰᠤᠳᠤᠨ ᠪᠦᠳᠦᠭᠡᠯ᠎ᠢ ᠵᠤᠬᠢᠶᠠᠨ ᠪᠦᠳᠦᠭᠡᠭᠦ》 ᠪᠣᠯ ᠤᠯᠠᠭᠠᠨᠮᠥ᠋ᠴᠢᠷ᠎ᠦᠨ ᠵᠣᠬᠢᠶᠠᠨ ᠪᠦᠲᠦᠭᠡᠯᠭᠡ᠎ᠶ᠋ᠢᠨ ᠪᠠᠢᠷᠢ ᠲᠣᠭ᠍ᠲᠠᠭᠠᠯᠲᠠ ᠪᠠᠢᠵᠤ᠂ ᠨᠠᠮ ᠪᠣᠯᠤᠨ ᠤᠯᠤᠰ᠎ᠤᠨ ᠲᠦᠷᠦ᠍᠎ᠶ᠋ᠢᠨ ᠪᠤᠳᠤᠯᠭ᠎ᠠ᠂ ᠵᠣᠷᠢᠭ ᠰᠠᠨᠠᠭ᠎ᠠ᠎ᠶ᠋ᠢ ᠤᠯᠠᠨ ᠲᠦᠮᠡᠨ᠎ᠳᠦ ᠳᠠᠮᠵᠢᠭᠤᠯᠬᠤ᠎ᠶ᠋ᠢᠨ ᠬᠠᠮᠲᠤ᠂ ᠲᠡᠳᠡᠨ᠎ᠦ ᠡᠷᠴᠢ ᠵᠣᠷᠢᠭ᠎ᠢ ᠬᠥᠪᠴᠢᠯᠡᠬᠦ᠌ ᠪᠣᠯ ᠤᠯᠠᠭᠠᠨᠮᠥ᠋ᠴᠢᠷ᠎ᠦᠨ ᠴᠥᠬᠥᠷᠡᠰᠢ ᠦᠭᠡᠢ ᠬᠥᠭᠡᠭᠡᠴᠡᠯᠳᠦᠯ ᠪᠣᠯᠤᠨ᠎ᠠ᠃
ᠠᠯᠲᠠᠨᠳᠠᠯᠠᠢ᠂ ᠡᠨᠡ ᠬᠡᠳᠦᠨ ᠵᠢᠯ᠎ᠳᠦ ᠬᠢᠯᠢ ᠬᠢᠵᠠᠭᠠᠷᠤᠷᠤᠨᠳᠤ ᠮᠠᠰᠢ ᠶᠡᠬᠡ ᠬᠤᠪᠢᠷᠠᠯᠲᠠ ᠭᠠᠷᠴᠤ᠌᠂ ᠮᠠᠯᠴᠢᠨ ᠲᠠᠷᠢᠶᠠᠴᠢᠨ ᠤ᠋ ᠠᠮᠢᠳᠤᠷᠠᠯ ᠲᠤᠢᠯ᠎ᠤᠨ ᠶᠡᠬᠡᠪᠡᠷ ᠰᠠᠢᠵᠢᠷᠠᠪᠡ᠃ ᠪᠢ ᠤᠯᠠᠭᠠᠨᠮᠦ᠋ᠴᠢᠷ ᠤ᠋ᠨ ᠭᠡᠱᠢᠭᠦᠳ᠎ᠲᠡᠶ᠎ᠪᠡᠨ ᠱᠢᠨ᠎ᠡ᠎ᠶ᠋ᠢ ᠡᠭᠦᠳᠴᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠡᠴᠡ ᠵᠣᠬᠢᠶᠠᠨ ᠪᠦᠲᠦᠭᠡᠯᠭᠡ᠎ᠶ᠋ᠢᠨ ᠣᠩᠭᠣᠳ ᠭᠥᠷᠳᠡᠵᠦ᠍᠂ ᠤᠳᠭ᠎ᠠ ᠤᠷᠠᠯᠢᠭ᠎ᠤᠨ ᠪᠦᠲᠦᠭᠡᠯ᠎ᠢ ᠣᠯᠠᠨ ᠲᠦᠮᠡᠨ᠎ᠦ ᠠᠮᠢᠳᠤᠷᠠᠯ᠎ᠳᠤ ᠨᠠᠩ ᠣᠢᠷᠠᠲᠤᠭᠤᠯᠵᠤ᠂ ᠠᠷᠠᠳ ᠣᠯᠠᠨ᠎ᠤ ᠰᠡᠳᠭᠢᠯ᠎ᠦᠨ ᠲᠠᠭᠤᠨ᠎ᠢ ᠲᠤᠰᠬᠠᠬᠤ ᠪᠡᠷ ᠴᠢᠷᠮᠠᠢᠵᠤ ᠪᠠᠢᠨ᠎ᠠ ᠭᠡᠪᠡ᠃
《 ᠪᠢᠳᠠ ᠮᠣᠩᠭᠣᠯ ᠵᠦᠴᠦᠭᠡ 〈ᠲᠡᠮᠡᠭᠡᠲᠦ ᠨᠤᠲᠤᠭ᠎ᠤᠨ ᠱᠢᠨ᠎ᠡ ᠨᠠᠮᠲᠠᠷ〉᠂ 〈ᠪᠤᠳᠠᠷ᠎ᠤᠨ ᠴᠢᠯᠠᠭᠤᠨ ᠤ᠋ ᠪᠤᠭᠤᠷᠤᠯ ᠲᠤᠮᠤᠭ〉᠂ ᠳᠠᠭᠤᠤ ᠪᠥᠵᠢᠭ᠌ᠲᠦ ᠵᠦᠴᠦᠭᠡ 〈ᠤᠯᠠᠭᠠᠨᠮᠥ᠋ᠴᠢᠷ ᠬᠢᠯᠢ᠎ᠶ᠋ᠢᠨ ᠪᠣᠭᠣᠮᠲᠠ᠎ᠪᠠᠷ ᠠᠶᠠᠯᠠᠭᠰᠠᠨ — ᠳᠤᠷᠠᠨ 〉 ᠵᠡᠷᠭᠡ᠎ᠶ᠋ᠢ ᠨᠠᠢᠷᠠᠭᠤᠯᠤᠨ ᠵᠣᠬᠢᠶᠠᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠥᠪᠡᠷᠮᠢᠴᠡ ᠷᠢᠳᠢ ᠱᠢᠳᠢ ᠵᠢᠴᠢ ᠦᠨᠳᠦᠰᠦᠲᠡᠨ᠎ᠨᠦᠭᠦᠳ᠎ᠦᠨ ᠪᠦᠯᠬᠦᠮᠳᠡᠯ ᠨᠥᠬᠥᠷᠯᠡᠯ᠎ᠦᠨ ᠰᠡᠳᠭᠢᠯ ᠬᠥᠳᠡᠯᠭᠡᠮ᠎ᠡ ᠳᠦᠷᠰᠦ ᠪᠠᠢᠳᠠᠯ᠎ᠢ ᠢᠯᠡᠷᠡᠭᠦᠯᠪᠡ᠃ ᠡᠭᠦᠨ᠎ᠦ ᠬᠠᠮᠲᠤ᠂ ᠪᠢᠳᠡ ᠴᠠᠭ ᠦᠶ᠎ᠡ᠎ᠶ᠋ᠢᠨ ᠠᠯᠬᠤᠭ᠎ᠠ᠎ᠶ᠋ᠢ ᠴᠢᠩᠭ᠎ᠠ ᠳᠠᠭᠠᠵᠤ᠂ 〈ᠢᠨᠲ᠋ᠧᠷ ᠰᠦᠯᠵᠢᠶ᠎ᠡ + ᠤᠳᠭ᠎ᠠ ᠤᠷᠠᠯᠢᠭ 〉᠎ᠤ᠋ᠨ ᠠᠵᠢᠯ᠎ᠤᠨ ᠪᠠᠢᠷᠢᠱᠢᠯ᠎ᠤᠨ ᠱᠢᠨ᠎ᠡ᠎ᠶ᠋ᠢ ᠡᠭᠦᠳᠴᠦ᠍᠂ ᠰᠦᠯᠵᠢᠶᠡᠨ ᠳᠡᠭᠡᠷᠡᠬᠢ ᠪᠠ ᠪᠤᠳᠠᠳᠤ ᠠᠬᠤᠢᠳᠡᠬᠢᠶ᠋ᠢ ᠤᠶᠠᠯᠳᠤᠭᠤᠯᠤᠨ᠂ ᠤᠯᠠᠭᠠᠨᠮᠥ᠋ᠴᠢᠷ᠎ᠦᠨ ᠭᠣᠢᠳᠠ ᠰᠠᠢᠬᠠᠨ ᠲᠣᠭ᠍ᠯᠠᠯᠲᠠ ᠪᠠᠨ ᠨᠠᠩ ᠣᠯᠠᠨ ᠬᠥᠮᠦᠨ᠎ᠳᠦ ᠰᠣᠨᠢᠷᠬᠠᠭᠤᠯᠪᠠ》 ᠭᠡᠵᠤ ᠠᠯᠳᠠᠨᠳᠠᠯᠠᠢ ᠬᠡᠯᠡᠨ᠎ᠠ᠃
ᠰᠤᠷᠪᠤᠯᠵᠢᠯᠠᠭ᠎ᠠ᠎ᠶᠢᠨ ᠡᠴᠦᠰ᠎ᠲᠦ᠂ ᠠᠯᠲᠠᠨᠳᠠᠯᠠᠢ᠄ 《ᠥᠨᠥ᠂ ᠥᠪᠥᠷ ᠮᠣᠩᠭᠣᠯ᠎ᠤᠨ ᠡᠬᠡ ᠭᠠᠵᠠᠷ ᠳᠡᠭᠡᠷ᠎ᠡ ᠪᠢᠳᠡᠨ᠎ᠤ ᠬᠢ ᠱᠢᠭ 75 ᠤᠯᠠᠭᠠᠨᠮᠥ᠋ᠴᠢᠷ᠎ᠦᠨ 3000 ᠭᠠᠷᠤᠶ ᠲᠤᠭᠯᠠᠭᠴᠢ ᠵᠢᠯ ᠪᠦᠷᠢ 1 ᠲᠦᠮᠡ ᠭᠠᠷᠤᠶ ᠲᠠᠯᠠᠪᠠᠶ ᠲᠣᠭ᠍ᠯᠠᠯᠲᠠ ᠭᠠᠷᠭᠠᠵᠤ ᠪᠣᠶ᠃ ᠪᠢᠳᠡ 〈ᠠᠷᠠᠳ ᠲᠦᠮᠡᠨ᠎ᠦ ᠳᠤᠮᠳᠠ ᠬᠦᠨᠵᠡᠭᠡᠢᠷᠡᠭᠦ〉 ᠵᠢ ᠪᠠᠲᠤ ᠴᠡᠭᠡᠵᠢᠯᠡᠵᠦ᠍᠂ ᠠᠮᠢᠳᠤᠷᠠᠯ᠎ᠤᠨ ᠱᠢᠮᠡᠯᠢᠭ ᠬᠥᠷᠥᠰᠥᠨ᠎ᠳᠦ ᠦᠨᠳᠦᠰᠦᠯᠡᠵᠦ᠍᠂ ᠥᠪᠥᠷ ᠮᠣᠩᠭᠣᠯ᠎ᠤᠨ ᠥᠷᠭᠡᠨ ᠠᠭᠤᠳᠠᠮ ᠨᠤᠲᠤᠭ ᠳᠡᠪᠢᠰᠭᠡᠷ ᠳᠡᠭᠡᠷᠡᠬᠢ ᠭᠦᠨ ᠵᠤᠵᠠᠭᠠᠨ ᠲᠡᠦᠬᠡ ᠰᠣᠶᠣᠯ᠎ᠤᠨ ᠡᠬᠢ ᠪᠠᠶᠠᠯᠢᠭ᠎ᠢ ᠭᠦᠨᠵᠡᠭᠡᠢ ᠠᠭᠤᠳᠠᠯᠵᠤ᠂ ᠤᠯᠠᠨ ᠲᠦᠮᠡᠨ᠎ᠲᠡᠶ ᠤᠢ᠍ᠢᠷᠠᠳᠤᠭ᠍ᠰᠠᠨ᠂ ᠤᠯᠠᠨ ᠲᠦᠮᠡᠨ᠎ᠦ ᠳᠤᠮᠳᠠ ᠲᠠᠷᠬᠠᠨ ᠳᠡᠯᠭᠡᠷᠡᠵᠦ᠍᠂ ᠤᠯᠠᠨ ᠲᠦᠮᠡᠨ ᠤ᠋ ᠳᠤᠮᠳᠠ ᠤᠯᠠᠮᠵᠢᠯᠠᠭᠳᠠᠨ ᠦᠯᠡᠳᠡᠭᠦ ᠨᠡᠩ ᠤᠯᠠᠨ ᠱᠢᠯᠢᠳᠡᠭ ᠪᠦᠲᠦᠭᠡᠯ᠎ᠢ ᠴᠢᠷᠮᠠᠢᠨ ᠵᠣᠬᠢᠶᠠᠨ ᠪᠦᠲᠦᠭᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》 ᠭᠡᠵᠤ ᠰᠡᠳᠭᠢᠯ᠎ᠦᠨ ᠦᠭᠡ᠎ᠪᠡᠨ ᠬᠡᠯᠡᠪᠡ᠃