ᠳ᠋ᠦ᠋ ᠬᠣᠶ ᠯᠢᠶᠠᠩ ᠲᠥᠯᠥᠭᠡᠯᠡᠭ᠌ᠴᠢ ᠄ ᠰᠤᠷᠭᠠᠨ ᠬᠥᠮᠦᠵᠢᠯ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠴᠢᠳᠠᠪᠤᠷᠢᠲᠠᠨ᠎ᠳᠤ ᠦᠵᠡᠭᠦᠯᠬᠦ᠌ ᠲᠤᠯᠭᠠᠭᠤᠷᠢᠯᠠᠬᠤ ᠦᠶ᠋ᠯᠡᠳᠦᠯ᠎ᠢ ᠴᠢᠩᠭᠠᠳᠭᠠᠨ᠎ᠠ
2025-03-11 16:52:43
ᠵᠣᠬᠢᠶᠠᠭ᠍ᠴᠢ᠄
ᠵᠠᠩ ᠺᠦᠶ ᠮᠠ ᠵᠢᠶᠠᠨ ᠪᠢᠩ
ᠣᠩᠱᠢᠭ᠍ᠰᠠᠨ ᠣᠳᠠᠭ᠎ᠠ᠄
★★★☆☆


QQ20250311-160002.png


3 ᠰᠠᠷ᠎ᠠ᠎ᠶ᠋ᠢᠨ 10 ᠎ᠤ᠋ ᠡᠳᠦᠷ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ᠎ᠦᠨ ᠳᠠᠷᠤᠭ᠎ᠠ ᠳ᠋ᠦ᠋ ᠬᠣᠶ ᠯᠢᠶᠠᠩ ᠰᠤᠷᠪᠤᠯᠵᠢᠯᠠᠭ᠎ᠠ ᠬᠦᠯᠢᠶᠡᠬᠦ᠌᠎ᠳᠡᠭᠡᠨ᠄《ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠦᠨ ᠲᠢᠩᠬᠢᠮ ᠶᠡᠷᠦᠩᠬᠡᠶ ᠱᠦᠵᠢ ᠰᠢ ᠵᠢᠨ ᠫᠢᠩ᠎ᠦᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠪᠠ ᠤᠯᠤᠰ ᠲᠥᠷᠥ᠎ᠶ᠋ᠢᠨ ᠵᠥᠪᠯᠡᠯᠭᠡᠨ᠎ᠦ ᠬᠤᠷᠠᠯ᠎ᠳᠤ ᠣᠷᠣᠯᠴᠠᠭ᠍ᠰᠠᠨ ᠳᠤᠮᠳᠠᠳᠤ ᠤᠯᠤᠰ᠎ᠤᠨ ᠠᠷᠠᠳᠴᠢᠯᠠᠭ᠍ᠰᠠᠨ ᠬᠣᠯᠪᠣᠭ᠎ᠠ ᠲᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ ᠰᠤᠷᠭᠠᠨ ᠬᠥᠮᠦᠵᠢᠯ᠎ᠦᠨ ᠡᠲᠡᠭᠡᠳ᠎ᠦᠨ ᠭᠡᠱᠢᠭᠦᠳ᠎ᠢ ᠡᠷᠬᠢᠨ ᠦᠵᠡᠬᠦ᠌ ᠦᠶ᠎ᠡ᠎ᠳᠦ ᠶᠠᠷᠢᠬᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠤ ᠪᠠᠢᠭᠤᠯᠤᠯ ᠲᠣᠭ᠍ᠲᠠᠴᠠ᠎ᠶ᠋ᠢᠨ ᠨᠢᠭᠡ ᠴᠣᠭ᠍ᠴᠠᠵᠢᠭ᠍ᠰᠠᠨ ᠥᠭᠡᠷᠡᠴᠢᠯᠡᠯᠲᠡ ᠪᠠ ᠬᠥᠭ᠌ᠵᠢᠯᠲᠡ᠎ᠶ᠋ᠢᠨ ᠦᠶ᠋ᠯᠡᠳᠦᠯᠭᠡ᠎ᠳᠦ ᠢᠳᠡᠪᠬᠢᠲᠡᠶ ᠣᠷᠣᠯᠴᠠᠵᠤ᠂ ᠰᠤᠷᠭᠠᠨ ᠬᠥᠮᠦᠵᠢᠯ᠎ᠦᠨ ᠲᠤᠯᠭᠠᠭᠤᠷᠢᠯᠠᠬᠤ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠤᠨ᠎ᠠ》 ᠬᠡᠪᠡ᠃

ᠲᠡᠷᠡ᠂ ᠤᠢ᠍ᠢᠷ᠎ᠠ᠎ᠶ᠋ᠢᠨ ᠵᠢᠯ᠎ᠳᠦ ᠥᠪᠥᠷ ᠮᠣᠩᠭᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠠᠵᠢᠯ᠎ᠤᠨ ᠭᠣᠣᠯ ᠱᠢᠵᠢᠮ ᠪᠣᠯᠭᠠᠵᠤ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠤᠬ᠍ᠴᠠᠵᠢᠭᠤᠯᠤᠨ ᠬᠥᠭ᠌ᠵᠢᠭᠦᠯᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠵᠢᠩᠬᠢᠨᠢ ᠠᠩᠬᠢ᠎ᠶ᠋ᠢᠨ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ《ᠪᠦᠰᠡᠯᠡᠯᠲᠡ ᠱᠢᠪᠲᠤᠯᠬᠤ》 ᠢᠨᠵᠧᠨᠧᠷᠢᠩ᠎ᠢ ᠭᠦᠨᠵᠡᠭᠡᠢ ᠠᠬᠢᠭᠤᠯᠬᠤ ᠠᠵᠢᠯᠯᠠᠭᠠᠨ᠎ᠤ ᠲᠥᠰᠦᠯ᠎ᠢ ᠲᠣᠭ᠍ᠲᠠᠭᠠᠵᠤ᠂ 4 ᠵᠦᠢᠯ᠎ᠦᠨ ᠢᠨᠵᠧᠨᠧᠷᠢᠩ᠂ 20 ᠵᠦᠢᠯ᠎ᠦᠨ ᠭᠣᠣᠯᠳᠠᠯᠭ᠎ᠠ᠎ᠲᠠᠶ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠵᠣᠬᠢᠶᠠᠨ ᠪᠠᠢᠭᠤᠯᠤᠯᠲᠠ᠎ᠲᠠᠶ ᠪᠡᠷ ᠴᠢᠳᠠᠪᠤᠷᠢᠲᠠᠨ᠎ᠢ ᠬᠥᠮᠦᠵᠢᠭᠦᠯᠬᠦ᠌᠂ ᠵᠣᠬᠢᠶᠠᠨ ᠪᠠᠢᠭᠤᠯᠤᠯᠲᠠ᠎ᠲᠠᠶ ᠪᠡᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠵᠣᠬᠢᠶᠠᠨ ᠪᠠᠢᠭᠤᠯᠤᠯᠲᠠ᠎ᠲᠠᠶ᠎ᠪᠠᠷ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠢᠯᠡᠴᠢᠯᠡᠬᠦ᠌᠎ᠶ᠋ᠢ ᠭᠦᠨᠵᠡᠭᠡᠢ ᠠᠬᠢᠭᠤᠯᠵᠠᠢ ᠭᠡᠵᠦ ᠲᠠᠨᠢᠯᠴᠠᠭᠤᠯᠪᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠴᠢᠳᠠᠪᠤᠷᠢᠲᠠᠨ᠎ᠳᠤ ᠲᠦᠱᠢᠭ᠌ᠯᠡᠵᠦ᠍᠂ ᠴᠢᠳᠠᠪᠤᠷᠢᠲᠠᠨ᠎ᠢ ᠬᠥᠮᠦᠵᠢᠭᠦᠯᠬᠦ᠌᠎ᠳᠦ ᠰᠤᠷᠭᠠᠨ ᠬᠥᠮᠦᠵᠢᠯ᠎ᠳᠦ ᠲᠦᠱᠢᠭ᠌ᠯᠡᠨ᠎ᠡ᠃ ᠶᠡᠬᠡ ᠳᠡᠭᠡᠳᠦ ᠰᠤᠷᠭᠠᠭᠤᠯᠢ ᠪᠣᠯ ᠰᠤᠷᠭᠠᠨ ᠬᠥᠮᠦᠵᠢᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠴᠢᠳᠠᠪᠤᠷᠢᠲᠠᠨ ᠲᠥᠪᠯᠡᠷᠡᠭᠰᠡᠨ ᠭᠠᠵᠠᠷ ᠮᠥᠨ᠃ ᠳ᠋ᠦ᠋ ᠬᠤᠢ ᠯᠢᠶᠠᠩ᠂ ᠳᠤᠮᠳᠠ ᠪᠠ ᠪᠠᠷᠠᠭᠤᠨ ᠣᠷᠣᠨ᠎ᠤ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠳᠦ ᠦᠵᠡᠭᠦᠯᠬᠦ᠌ ᠳᠡᠮᠵᠢᠯᠭᠡ᠎ᠪᠡᠨ ᠭᠤᠤᠯᠳᠠᠯᠭ᠎ᠠ᠎ᠲᠠᠶ ᠴᠢᠩᠭᠠᠳᠭᠠᠵᠤ᠂ ᠨᠠᠩ ᠶᠡᠬᠡ ᠡᠷᠴᠢᠮ᠎ᠢᠶᠡᠷ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠦᠰᠡᠯᠡᠯᠲᠡ ᠱᠢᠪᠲᠤᠯᠬᠤ᠎ᠶ᠋ᠢ ᠠᠬᠢᠭᠤᠯᠵᠤ᠂ ᠰᠤᠷᠭᠠᠨ ᠬᠥᠮᠦᠵᠢᠯ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠴᠢᠳᠠᠪᠤᠷᠢᠲᠠᠨ᠎ᠳᠤ ᠦᠵᠡᠭᠦᠯᠬᠦ᠌ ᠲᠤᠯᠭᠠᠭᠤᠷᠢᠯᠠᠬᠤ ᠦᠶ᠋ᠯᠡᠳᠦᠯ᠎ᠢ ᠴᠢᠩᠭᠠᠳᠭᠠᠪᠠᠯ ᠵᠤᠬᠢᠨ᠎ᠠ᠃ ᠨᠢᠭᠡ᠎ᠳᠦ᠂ ᠥᠪᠥᠷ ᠮᠣᠩᠭᠣᠯ᠎ᠤᠨ《ᠬᠤᠤᠰ ᠲᠡᠷᠢᠭᠦᠨ ᠵᠡᠷᠭᠡ》 ᠎ᠢ᠋ᠢᠨ ᠪᠠᠢᠭᠤᠯᠤᠯᠲᠠ᠎ᠶ᠋ᠢᠨ ᠶᠡᠬᠡ ᠳᠡᠭᠡᠳᠦ ᠰᠤᠷᠭᠠᠭᠤᠯᠢ ᠵᠢᠴᠢ ᠱᠢᠨᠵᠢᠯᠡᠭᠡᠨ᠎ᠦ ᠰᠠᠯᠠᠭ᠎ᠠ᠎ᠶ᠋ᠢᠨ ᠪᠠᠭ᠍ᠲᠠᠭᠠᠮᠵᠢ᠎ᠶ᠋ᠢ ᠥᠷᠭᠡᠳᠭᠡᠬᠦ᠌᠎ᠶ᠋ᠢ ᠢᠯᠡᠭᠦᠬᠡᠨ ᠳᠡᠮᠵᠢᠵᠦ᠍᠂ ᠳ᠋ᠣᠺᠲ᠋ᠣᠷ᠎ᠤᠨ ᠴᠣᠯᠠ ᠣᠯᠭᠣᠬᠤ ᠨᠢᠭᠡᠴᠢ᠎ᠶ᠋ᠢᠨ ᠪᠠᠢᠭᠤᠯᠤᠯᠲᠠ᠎ᠶ᠋ᠢ ᠳᠡᠮᠵᠢᠵᠦ᠍᠂ ᠴᠢᠨᠠᠷ ᠰᠠᠢᠲᠠᠶ ᠵᠢᠩᠬᠢᠨᠢ ᠠᠩᠭᠢ ᠪᠠ ᠠᠰᠫᠢᠷᠠᠨᠲ᠎ᠤᠨ ᠬᠡᠪᠴᠢᠶ᠎ᠡ᠎ᠶ᠋ᠢ ᠬᠥᠭ᠌ᠵᠢᠭᠦᠯᠦᠨ ᠪᠤᠵᠠᠭᠠᠢᠷᠠᠭᠤᠯᠵᠤ᠂ ᠠᠰᠫᠢᠷᠠᠨᠲ᠎ᠢ ᠰᠢᠯᠭᠠᠬᠤ ᠦᠬᠡᠢ ᠪᠡᠷ ᠲᠠᠨᠢᠯᠴᠠᠭᠤᠯᠤᠨ ᠲᠡᠪᠰᠢᠬᠦᠯᠬᠦ ᠶᠡᠬᠡ ᠳᠡᠭᠡᠳᠦ ᠰᠤᠷᠭᠠᠭᠤᠯᠢ᠎ᠶ᠋ᠢᠨ ᠬᠡᠪᠴᠢᠶ᠎ᠡ᠎ᠶ᠋ᠢ ᠥᠷᠭᠡᠳᠭᠡᠵᠦ᠍᠂ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠶ᠋ᠢᠨ 《ᠬᠤᠤᠰ ᠥᠨᠳᠥᠷ ᠲᠥᠯᠥᠪᠯᠡᠭᠡ》 ᠎ᠶ᠋ᠢᠨ ᠪᠠᠢᠭᠤᠯᠤᠯᠲᠠ᠎ᠶ᠋ᠢ ᠳᠡᠮᠵᠢᠵᠦ᠍᠂ ᠴᠢᠳᠠᠪᠤᠷᠢᠲᠠᠨ᠎ᠢ  ᠪᠡᠶ᠎ᠡ᠎ᠪᠡᠨ ᠳᠠᠭᠠᠭᠠᠵᠤ ᠬᠥᠮᠦᠵᠢᠭᠦᠯᠬᠦ᠌ ᠶᠠᠰᠤ ᠴᠢᠨᠠᠷ ᠪᠠ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠪᠡᠯ ᠵᠤᠬᠢᠨ᠎ᠠ᠃ ᠬᠣᠶᠠᠷ᠎ᠲᠤ᠂ ᠥᠪᠡᠷᠲᠡᠭᠡᠨ ᠵᠠᠰᠠᠬᠤ ᠣᠷᠣᠨ᠎ᠤ 《ᠲᠠᠪᠤᠨ ᠶᠡᠬᠡ ᠡᠭᠦᠷᠭᠡ》ᠶ᠋ᠢᠨ ᠲᠣᠭᠣᠷᠢᠨ᠎ᠳᠤ ᠤᠯᠤᠰ᠎ᠤᠨ ᠲᠠᠰ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠢ ᠪᠠᠢᠷᠢᠱᠢᠭᠤᠯᠵᠤ᠂ ᠰᠠᠭᠤᠷᠢ ᠰᠤᠳᠤᠯᠭᠠᠨ ᠪᠠ ᠬᠣᠱᠢᠭᠤᠷᠠᠯ ᠱᠢᠨᠵᠢᠯᠡᠭᠡᠨ᠎ᠦ ᠮᠡᠷᠬᠡᠵᠢᠯ᠎ᠰᠣᠯᠪᠢᠴᠠᠭ᠍ᠰᠠᠨ ᠰᠤᠳᠤᠯᠭᠠᠨ᠎ᠢ ᠴᠢᠩᠭᠠᠳᠭᠠᠵᠤ᠂ ᠥᠪᠥᠷ ᠮᠣᠩᠭᠣᠯ᠎ᠤᠨ ᠳᠡᠭᠡᠳᠦ ᠵᠡᠷᠭᠡ᠎ᠶ᠋ᠢᠨ ᠰᠤᠳᠤᠯᠭᠠᠨ᠎ᠤ ᠬᠦᠷᠢᠶᠡᠯᠡᠩ᠎ᠢ ᠪᠠᠢᠭᠤᠯᠵᠤ᠂ ᠰᠤᠷᠭᠠᠭᠤᠯᠢ ᠠᠵᠤ ᠠᠬᠤᠢᠯᠠᠯ᠎ᠤᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠱᠢᠭᠤᠯᠬᠤ ᠡᠷᠴᠢᠮ᠎ᠢ ᠴᠢᠩᠭᠠᠷᠠᠭᠤᠯᠵᠤ᠂ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠎ᠳᠦ ᠬᠦᠴᠦᠨ ᠨᠡᠮᠡᠷᠢᠯᠡᠪᠠᠯ ᠵᠤᠬᠢᠨ᠎ᠠ᠃ ᠭᠤᠷᠪᠠ᠎ᠳᠤ᠂ ᠥᠪᠥᠷ ᠮᠣᠩᠭᠣᠯ᠎ᠤᠨ ᠴᠢᠨᠠᠷ ᠰᠠᠢᠲᠠᠶ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠶ᠋ᠢ ᠳᠡᠮᠵᠢᠵᠦ᠍᠂ ᠡᠨᠧᠷᠭᠢ᠂ ᠰᠦ᠎ᠶᠢᠨ ᠦᠶ᠋ᠯᠡᠰ᠂ ᠬᠣᠪᠣᠷ ᠱᠢᠷᠣᠶ᠂ ᠪᠤᠳᠤᠯᠲᠠ᠎ᠶᠢᠨ ᠬᠦᠴᠦᠨ ᠵᠡᠷᠭᠡ ᠥᠪᠡᠷᠲᠡᠭᠡᠨ ᠵᠠᠰᠠᠬᠤ ᠣᠷᠣᠨ᠎ᠤ ᠤᠨᠴᠠᠯᠢᠬ᠍ᠳᠤ ᠠᠵᠤ ᠦᠶ᠋ᠯᠡᠰ᠎ᠲᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨᠵᠢᠯᠡᠭᠡᠨ᠎ᠦ ᠰᠠᠯᠠᠭᠠᠨ᠎ᠤ ᠳᠠᠭᠠᠭᠤᠯᠤᠭ᠍ᠴᠢ ᠴᠢᠳᠠᠪᠤᠷᠢᠲᠠᠨ ᠪᠠ ᠱᠢᠨ᠎ᠡ᠎ᠶ᠋ᠢ ᠡᠭᠦᠳᠬᠦ᠌ ᠪᠦᠯᠬᠦᠮ᠎ᠢ ᠭᠤᠤᠯᠳᠠᠯᠭ᠎ᠠ᠎ᠲᠠᠶ ᠣᠷᠣᠭᠤᠯᠤᠨ ᠠᠪᠴᠢᠷᠠᠬᠤ; ᠵᠡᠭᠦᠨ ᠪᠠᠷᠠᠭᠤᠨ ᠣᠷᠣᠨ᠎ᠤ ᠴᠢᠳᠠᠪᠤᠷᠢᠲᠠᠨ᠎ᠤ ᠰᠣᠯᠢᠯᠴᠠᠭ᠎ᠠ ᠬᠠᠮᠵᠢᠯᠴᠠᠭ᠎ᠠ᠎ᠶ᠋ᠢ ᠴᠢᠩᠭᠠᠳᠭᠠᠵᠤ᠂ ᠱᠢᠯᠢᠳᠡᠭ ᠴᠢᠳᠠᠪᠤᠷᠢᠲᠠᠨ᠎ᠤ ᠥᠪᠥᠷ ᠮᠣᠩᠭᠣᠯ᠎ᠳᠤ ᠢᠷᠡᠵᠤ ᠵᠢᠳᠬᠦᠯ ᠴᠢᠷᠮᠠᠢᠯᠭ᠎ᠠ ᠭᠠᠷᠭᠠᠵᠤ ᠦᠢᠯᠡᠰ ᠪᠤᠰᠬᠠᠬᠤ᠎ᠶ᠋ᠢ ᠵᠣᠷᠢᠭ᠍ᠵᠢᠭᠤᠯᠪᠠᠯ ᠵᠤᠬᠢᠨ᠎ᠠ; ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠵᠠᠯᠠᠭᠤ ᠴᠢᠳᠠᠪᠤᠷᠢᠲᠠᠨ᠎ᠢ ᠨᠠᠢᠳᠠᠨ ᠬᠥᠮᠦᠵᠢᠭᠦᠯᠬᠦ᠌ ᠠᠵᠢᠯᠯᠠᠭ᠎ᠠ᠎ᠶ᠋ᠢ ᠥᠷᠨᠢᠭᠦᠯᠵᠦ᠍᠂ ᠴᠢᠳᠠᠪᠤᠷᠢᠲᠠᠨ ᠴᠣᠯᠭᠣᠷᠠᠨ ᠭᠠᠷᠬᠤ᠂ ᠬᠥᠮᠦᠨ ᠪᠦᠬᠦᠨ᠎ᠦ ᠴᠢᠳᠠᠪᠤᠷᠢ᠎ᠶ᠋ᠢ ᠭᠦᠢᠴᠡᠳ ᠪᠠᠳᠠᠷᠠᠭᠤᠯᠬᠤ᠂ ᠴᠢᠳᠠᠪᠤᠷᠢ᠎ᠵᠢ ᠨᠢ ᠭᠦᠢᠴᠡᠳ ᠠᠰᠢᠭᠯᠠᠬᠤ ᠠᠮᠢᠳᠤᠯᠢᠭ ᠪᠠᠢᠳᠠᠯ᠎ᠢ ᠪᠤᠢ ᠪᠣᠯᠭᠠᠬᠤ᠎ᠶ᠋ᠢ ᠤᠯᠠᠮ ᠨᠢᠭᠡ ᠠᠯᠬᠤᠮ ᠠᠬᠢᠭᠤᠯᠪᠠᠯ ᠵᠤᠬᠢᠨ᠎ᠠ ᠭᠡᠬᠦ ᠰᠠᠨᠠᠭᠤᠯᠭ᠎ᠠ ᠲᠤᠷᠠᠳᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号