ᠵᠤᠤ ᠵᠶ᠋ᠢ ᠭᠡᠱᠢᠭᠦᠨ᠄ ᠥᠪᠥᠷ ᠮᠣᠩᠭᠣᠯ᠎ᠤᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ
2025-03-11 16:55:22
ᠵᠣᠬᠢᠶᠠᠭ᠍ᠴᠢ᠄
ᠠᠨ ᠶᠢᠨ ᠳ᠋ᠦᠩ ᠸᠠᠩ ᠫᠸᠩ
ᠣᠩᠱᠢᠭ᠍ᠰᠠᠨ ᠣᠳᠠᠭ᠎ᠠ᠄
★★★☆☆


QQ20250311-164902.png


《〈ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠲᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠤᠭᠤᠭᠠᠷᠠᠭᠤᠯᠤᠯᠲᠠ ᠵᠢ ᠥᠷᠭᠡᠳᠭᠡᠬᠦ᠌᠂ ᠦᠰᠦᠯᠲᠡ ᠵᠢ ᠨᠡᠮᠡᠭᠳᠡᠭᠦᠯᠬᠦ᠎ᠶ᠋ᠢ ᠬᠠᠮᠵᠢᠯᠴᠠᠭᠤᠯᠤᠨ ᠠᠬᠢᠭᠤᠯᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠪᠠᠷ ᠪᠣᠬᠢᠷᠲᠤᠯ ᠦᠭᠡᠢ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠨ᠎ᠡ〉᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠱᠢᠨ᠎ᠡ ᠴᠠᠭ ᠦᠶ᠎ᠡ᠎ᠶ᠋ᠢᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠬᠠᠷᠠᠯᠲᠠ ᠪᠣᠯᠤᠨ ᠠᠷᠭ᠎ᠠ ᠵᠠᠮ᠎ᠢ ᠳᠠᠬᠢᠨᠲᠠ ᠲᠣᠳᠣᠷᠬᠠᠢᠯᠠᠪᠠ》᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ᠎ᠶ᠋ᠢᠨ ᠡᠷᠬᠢᠯᠡᠭ᠌ᠴᠢ ᠭᠡᠱᠢᠭᠦᠨ ᠵᠤᠤ ᠵᠶ᠋ᠢ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠦᠭᠵᠢᠭᠦᠯᠬᠦ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠱᠢᠨ᠎ᠡ ᠴᠠᠭ ᠦᠶ᠎ᠡ᠎ᠶ᠋ᠢᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢ ᠬᠦᠴᠦᠯᠡᠨ ᠰᠦᠪᠡᠭ᠌ᠴᠢᠯᠡᠵᠦ᠍᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠲᠦᠷᠭᠡᠨ ᠪᠦᠷᠢᠯᠳᠦᠭᠦᠯᠵᠦ᠍᠂ ᠡᠭᠡ ᠤᠯᠤᠰ᠎ᠤᠨ ᠤᠮᠠᠷᠠᠲᠤ ᠬᠢᠯᠢ᠎ᠳᠦ ᠲᠦᠮᠡᠨ ᠭᠠᠵᠠᠷ᠎ᠤᠨ ᠨᠣᠮᠢᠨ ᠨᠣᠭᠣᠭᠠᠨ ᠤᠷᠳᠤ ᠴᠠᠭᠠᠨ ᠬᠡᠷᠡᠮ᠎ᠢ ᠴᠣᠭ᠍ᠴᠠᠯᠠᠵᠠᠢ ᠭᠡᠵᠦ᠍ ᠬᠡᠯᠡᠪᠡ᠃

《ᠠᠮᠢ ᠠᠬᠤᠶ ᠪᠣᠯ ᠥᠪᠥᠷ ᠮᠣᠩᠭᠣᠯ᠎ᠤᠨ ᠲᠣᠪᠣᠢᠮ᠎ᠠ ᠳᠠᠪᠠᠭᠤᠯᠢᠭ ᠮᠥᠨ᠂ ᠪᠣᠬᠢᠷᠲᠤᠯ ᠥᠬᠡᠶ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢᠨ ᠳᠡᠪᠢᠰᠭᠡᠷ ᠥᠩᠭᠡ ᠮᠥᠨ》᠃ ᠵᠣᠣ ᠵᠢᠶ᠂ ᠣᠢᠷ᠎ᠠ᠎ᠶ᠋ᠢᠨ ᠵᠢᠯ᠎ᠳᠦ᠂ ᠪᠢ ᠠᠮᠢ ᠠᠬᠤᠶ᠎ᠶ᠋ᠢᠨ ᠬᠠᠮᠠᠭᠠᠯᠠᠯᠲᠠ ᠪᠠ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢ ᠦᠷᠭᠦᠯᠵᠢᠯᠡᠨ ᠠᠩᠬᠠᠷᠴᠤ᠌᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠶᠠᠪᠤᠴᠠ᠎ᠳᠤ 《ᠪᠠᠢᠴᠠᠭᠠᠨ ᠰᠤᠳᠤᠯᠤᠯᠲᠠ ᠬᠢᠬᠦ᠌ ᠥᠬᠡᠶ ᠪᠣᠯ ᠦᠭᠡ ᠬᠡᠯᠡᠬᠦ᠌ ᠡᠷᠬᠡ ᠥᠬᠡᠶ》 ᠵᠠᠷᠴᠢᠮ᠎ᠢ ᠪᠠᠷᠢᠮᠲᠠᠯᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠬᠣᠯᠪᠣᠭ᠍ᠳᠠᠯ ᠪᠥᠬᠥᠶ ᠠᠯᠢ ᠣᠯᠠᠨ ᠰᠠᠨᠠᠯ ᠳᠤᠷᠠᠳᠤᠯᠭ᠎ᠠ ᠵᠢ ᠳᠡᠪᠱᠢᠭᠦᠯᠵᠠᠢ ᠭᠡᠵᠦ ᠢᠯᠡᠳᠭᠡᠪᠡ᠃

ᠥᠪᠥᠷ ᠮᠣᠩᠭᠣᠯ᠎ᠤᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ᠎ᠶ᠋ᠢᠨ ᠲᠦᠪᠱᠢᠨ᠎ᠢ ᠬᠡᠷᠬᠢᠨ ᠪᠦᠲᠦᠮᠵᠢᠲᠡᠢ ᠳᠡᠭᠡᠭ᠌ᠰᠢᠯᠡᠭᠦᠯᠬᠦ᠌ ᠪᠤᠢ? ᠵᠣᠣ ᠵᠢᠶ᠎ᠶ᠋ᠢᠨ ᠦᠵᠡᠬᠦ᠌᠎ᠪᠡᠷ᠂ ᠨᠢᠭᠡ ᠲᠠᠯ᠎ᠠ᠎ᠪᠠᠷ ᠠᠮᠢ ᠠᠬᠤᠶ᠂ ᠡᠨᠧᠷᠭᠢ ᠬᠢᠭᠡᠳ ᠠᠮᠤ ᠪᠤᠳᠠᠭᠠᠨ᠎ᠤ ᠠᠮᠤᠷ ᠲᠦᠪᠱᠢᠨ᠎ᠦ ᠡᠬᠢ ᠪᠠᠶᠠᠯᠢᠭ᠎ᠤᠨ ᠪᠠᠲᠤᠯᠠᠭ᠎ᠠ᠎ᠶ᠋ᠢ ᠦᠨᠡᠨ ᠬᠦ᠌ ᠪᠠᠲᠤᠯᠠᠵᠤ᠂ ᠡᠬᠢ ᠪᠠᠶᠠᠯᠢᠭ ᠡᠯᠪᠡᠭ ᠬᠤᠷᠠᠭ᠍ᠰᠠᠨ ᠣᠷᠣᠨ᠎ᠤ ᠤᠰᠤᠨ᠎ᠤ ᠡᠬᠢ ᠪᠠᠶᠠᠯᠢᠭ᠎ᠢ ᠭᠠᠷᠭᠠᠬᠤ ᠪᠠ ᠤᠷᠤᠭᠤᠯᠬᠤ᠎ᠶ᠋ᠢ ᠲᠡᠩᠴᠡᠭᠦᠷᠢᠲᠡᠶ ᠪᠠᠢᠯᠭᠠᠬᠤ ᠬᠠᠷᠢᠴᠠᠭ᠎ᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠦᠨᠡᠯᠡᠨ ᠵᠢᠱ᠌ᠢᠵᠦ᠍᠂ ᠤᠰᠤ ᠨᠥᠬᠥᠪᠥᠷᠢᠯᠡᠬᠦ᠌ ᠤᠰᠤ ᠲᠠᠲᠠᠬᠤ ᠢᠨᠵᠧᠨᠧᠷᠢᠩ᠎ᠢ ᠢᠳᠡᠪᠬᠢᠲᠡᠶ ᠠᠬᠢᠭᠤᠯᠵᠤ᠂ ᠠᠮᠢ ᠠᠬᠤᠶ ᠬᠢᠭᠡᠳ ᠦᠶ᠋ᠯᠡᠳᠪᠦᠷᠢᠯᠡᠯ᠎ᠦᠨ ᠤᠰᠤ ᠳᠤᠲᠠᠭ᠍ᠳᠠᠬᠤ ᠴᠢᠬᠤᠯᠠ ᠶᠡᠬᠡ ᠬᠦᠴᠢᠷ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠪᠡᠯ ᠵᠤᠬᠢᠨ᠎ᠠ᠃ 《ᠪᠤᠬᠢᠷᠳᠤᠯ ᠦᠬᠡᠢ ᠡᠨᠧᠷᠭᠢ᠂ ᠪᠤᠬᠢᠷᠳᠤᠯ ᠦᠬᠡᠢ ᠴᠠᠬᠢᠯᠭᠠᠨ᠂ ᠪᠤᠬᠢᠷᠳᠤᠯ ᠦᠬᠡᠢ ᠤᠰᠤᠲᠥ᠋ᠷᠥᠭ᠌ᠴᠢ》 ᠪᠡᠷ ᠭᠣᠣᠯ ᠪᠣᠯᠭᠠᠭ᠍ᠰᠠᠨ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢ ᠬᠥᠭ᠌ᠵᠢᠭᠦᠯᠬᠦ᠌᠎ᠶ᠋ᠢ ᠠᠬᠢᠭᠤᠯᠵᠤ᠂ 《ᠡᠨᠧᠷᠭᠢ᠎ᠲᠣᠣᠷ ᠳᠠᠭᠠᠭᠠᠴᠠ ᠨᠥᠭᠡᠴᠡ》 ᠪᠡᠷ ᠱᠢᠨ᠎ᠡ ᠡᠨᠧᠷᠭᠢ᠎ᠶ᠋ᠢᠨ ᠨᠡᠭᠡᠭᠡᠨ ᠬᠥᠭ᠌ᠵᠢᠭᠦᠯᠦᠯᠲᠡ᠎ᠶ᠋ᠢ ᠬᠠᠮᠵᠢᠯᠴᠠᠨ ᠠᠬᠢᠭᠤᠯᠵᠤ᠂ 《ᠱᠢᠨ᠎ᠡ ᠡᠨᠧᠷᠭᠢ᠂ ᠱᠢᠨ᠎ᠡ ᠤᠰᠤᠨ ᠰᠤᠷᠪᠤᠯᠵᠢ᠂ ᠱᠢᠨ᠎ᠡ ᠬᠥᠳᠡᠯᠭᠡᠬᠦ ᠡᠨᠧᠷᠭᠢ》 ᠪᠡᠷ ᠲᠤᠯᠭᠠᠭᠤᠷᠢᠯᠠᠯ ᠪᠣᠯᠭᠠᠭ᠍ᠰᠠᠨ ᠱᠢᠨ᠎ᠡ ᠣᠷᠣᠨ ᠵᠠᠢ᠎ᠶ᠋ᠢᠨ ᠠᠵᠤ ᠠᠬᠤᠢ᠎ᠶ᠋ᠢᠨ ᠪᠦᠰᠡ᠎ᠶ᠋ᠢ ᠪᠠᠢᠭᠤᠯᠤᠨ᠎ᠠ᠃ ᠨᠦᠬᠦᠭᠡ ᠲᠠᠯ᠎ᠠ᠎ᠪᠠᠷ ᠠᠮᠢ ᠠᠬᠤᠢ᠎ᠶ᠋ᠢᠨ ᠡᠬᠢ ᠪᠠᠶᠠᠯᠢᠭ᠎ᠤᠨ ᠦᠷᠳᠡᠭ᠎ᠢ ᠪᠡᠶᠡᠯᠡᠭᠦᠯᠬᠦ᠌ ᠠᠷᠭ᠎ᠠ ᠵᠠᠮ᠎ᠤᠨ ᠱᠢᠨ᠎ᠡ᠎ᠶ᠋ᠢ ᠡᠭᠦᠳᠦᠨ ᠥᠷᠭᠡᠳᠭᠡᠵᠦ᠍᠂ ᠠᠮᠢ ᠠᠬᠤᠢ᠎ᠶ᠋ᠢᠨ 《ᠭᠡᠭᠡᠨᠴᠢᠷ ᠲᠦᠷᠬᠦ》 ᠵᠢ ᠠᠵᠤ ᠠᠬᠤᠢ᠎ᠶ᠋ᠢᠨ 《ᠥᠨᠳᠥᠷ ᠦᠷᠳᠡᠭ》 ᠪᠣᠯᠭᠠᠨ ᠬᠤᠪᠢᠷᠠᠭᠤᠯᠪᠠᠯ ᠵᠤᠬᠢᠨ᠎ᠠ᠃ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯ᠎ᠤᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠲᠠ ᠵᠢᠨ ᠬᠤᠤᠰ ᠡᠵᠡᠮᠳᠡᠯ᠎ᠤᠨ ᠱᠢᠨ᠎ᠡ ᠲᠣᠭ᠍ᠲᠠᠴᠠ᠎ᠶ᠋ᠢᠨ ᠢᠵᠢ ᠪᠦᠷᠢᠳᠦᠭᠰᠡᠨ ᠲᠥᠷᠥ᠎ᠶ᠋ᠢᠨ ᠪᠣᠳᠣᠯᠭ᠎ᠠ᠎ᠶ᠋ᠢ ᠲᠡᠭᠦᠯᠳᠡᠷᠵᠢᠭᠦᠯᠦᠨ᠂ ᠨᠡᠭᠦᠷᠡᠰᠦᠲᠥ᠋ᠷᠥᠭ᠌ᠴᠢ᠎ᠶ᠋ᠢᠨ ᠵᠢᠮ᠎ᠦᠨ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠪᠠᠯ ᠵᠤᠬᠢᠨ᠎ᠠ᠃ ᠣᠷᠣᠨ ᠨᠤᠲᠤᠭ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢᠨ ᠨᠥᠬᠥᠪᠥᠷᠢ ᠪᠠ ᠠᠮᠢ ᠠᠬᠤᠢ᠎ᠶ᠋ᠢᠨ ᠦᠢᠯᠡᠳᠬᠦᠨ᠎ᠦ ᠦᠷᠳᠡᠭ᠎ᠢ ᠪᠡᠶᠡᠯᠡᠭᠦᠯᠬᠦ᠌ ᠲᠤᠷᠱᠢᠯᠲᠠ᠎ᠶ᠋ᠢᠨ ᠴᠡᠭ᠎ᠦᠨ ᠪᠠᠢᠭᠤᠯᠤᠯᠲᠠ᠎ᠶ᠋ᠢ ᠥᠷᠨᠢᠭᠦᠯᠵᠦ᠍᠂ ᠡᠷᠬᠡ᠎ᠶ᠋ᠢᠨ ᠬᠠᠷᠢᠶᠠᠯᠠᠯ ᠨᠢ ᠲᠣᠳᠣᠷᠬᠠᠢ ᠪᠠ ᠬᠡᠮᠵᠢᠵᠦ᠍ ᠪᠣᠯᠬᠤ ᠠᠮᠢ ᠠᠬᠤᠢ᠎ᠶ᠋ᠢᠨ ᠦᠢᠯᠡᠳᠬᠦᠨ᠎ᠦ ᠦᠷᠳᠡᠭ᠎ᠢ ᠬᠢᠨᠠᠨ ᠪᠤᠳᠤᠭᠰᠠᠨ ᠳ᠋ᠠᠢᠲ᠋ᠠ᠎ᠶ᠋ᠢ ᠤᠯᠤᠰ ᠠᠷᠠᠳ᠎ᠤᠨ ᠠᠵᠤ ᠠᠬᠤᠢ᠎ᠶ᠋ᠢᠨ ᠬᠢᠨᠠᠨ ᠪᠤᠳᠤᠬᠤ ᠱᠢᠰᠲ᠋ᠧᠮ᠎ᠳᠦ ᠪᠤᠳᠤᠨ ᠣᠷᠣᠭᠤᠯᠬᠤ᠎ᠶ᠋ᠢ ᠬᠠᠢᠨ ᠰᠦᠪᠡᠭ᠌ᠴᠢᠯᠡᠵᠦ᠍᠂《ᠨᠣᠮᠢᠨ ᠤᠰᠤ ᠬᠦᠬᠡᠮᠳᠦᠭ ᠠᠭᠤᠯᠠ》 ᠵᠢ 《ᠠᠯᠳᠠᠨ ᠠᠭᠤᠯᠠ ᠮᠦᠩᠭᠦᠨ ᠬᠠᠢᠷᠬᠠᠨ》 ᠪᠣᠯᠭᠠᠬᠤ ᠦᠷᠳᠡᠭ᠎ᠤᠨ ᠬᠤᠪᠢᠷᠠᠭᠤᠯᠤᠯᠲᠠ᠎ᠶ᠋ᠢ ᠪᠡᠶᠡᠯᠡᠭᠦᠯᠪᠡᠯ ᠵᠤᠬᠢᠨ᠎ᠠ ᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号