ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠄ ​ᠰᠦᠬᠡ
2025-03-11 11:22:43
ᠵᠣᠬᠢᠶᠠᠭ᠍ᠴᠢ᠄
ᠱᠢᠤᠢ ᠵᠢᠩ ᠮᠠ ᠵᠢᠶᠠᠨ ᠪᠢᠩ
ᠣᠩᠱᠢᠭ᠍ᠰᠠᠨ ᠣᠳᠠᠭ᠎ᠠ᠄
★★★☆☆

ᠰᠦᠬᠡ᠄ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠬᠢᠩᠭᠠᠨ ᠠᠢᠮᠠᠭ᠎ᠤᠨ ᠨᠠᠮ᠎ᠤᠨ ᠬᠣᠷᠢᠶ᠎ᠠ ᠵᠢᠨ ᠱᠦᠵᠢ


QQ截图20250224163936.png


ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠤ 《ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠦ᠍᠂ ᠢᠳᠡᠪᠬᠢᠲᠡᠶ ᠪᠠᠷ ᠭᠠᠳᠠᠭᠠᠳᠤ ᠠᠷᠠᠯᠵᠢᠶ᠎ᠠ᠎ᠶ᠋ᠢ ᠲᠣᠭ᠍ᠲᠠᠪᠤᠷᠢᠵᠢᠭᠤᠯᠵᠤ ᠭᠠᠳᠠᠭᠠᠳᠤ ᠪᠠᠯᠠ᠎ᠶ᠋ᠢ ᠲᠣᠭ᠍ᠲᠠᠭᠤᠨ ᠪᠠᠢᠯᠭᠠᠨ᠎ᠠ》 ᠭᠡᠵᠦ᠍ ᠳᠤᠷᠠᠳᠤᠭ᠍ᠰᠠᠨ᠎ᠨᠢ ᠨᠠᠳᠠ᠎ᠳᠤ ᠭᠦᠨ ᠰᠠᠭᠤᠭ᠍ᠳᠠᠯ ᠦᠯᠡᠳᠡᠭᠡᠵᠦ ᠶᠡᠭᠡᠳᠡ ᠵᠤᠷᠢᠬᠵᠢᠭᠤᠯᠤᠯ ᠪᠤᠯᠵᠠᠢ᠃ ᠡᠳᠡᠭᠡᠷ ᠲᠦᠷᠦ᠍᠎ᠶ᠋ᠢᠨ ᠪᠤᠳᠤᠯᠭ᠎ᠠ ᠨᠢ ᠱᠢᠨ᠎ᠡ ᠨᠢᠭᠡᠨ ᠵᠢᠯ ᠳ᠋ᠤ ᠥᠪᠥᠷ ᠮᠣᠩᠭᠣᠯ᠎ᠤᠨ ᠬᠢᠯᠢ᠎ᠶ᠋ᠢᠨ ᠪᠣᠭᠣᠮᠲᠠ᠎ᠶ᠋ᠢᠨ ᠬᠦᠭᠵᠢᠯᠳᠡ ᠪᠡᠨ ᠲᠦᠷᠭᠡᠳᠭᠡᠬᠦ᠌᠂ ᠪᠠᠢᠳᠠᠯ᠎ᠳ᠋ᠤ ᠵᠤᠬᠢᠴᠠᠨ ᠬᠦᠭᠵᠢᠬᠦ᠂ ᠠᠱᠢᠭ᠍ᠲᠠᠢ ᠪᠠᠢᠳᠠᠯ᠎ᠢ ᠠᠮᠵᠢᠨ ᠤᠷᠤᠭ᠍ᠰᠢᠯᠠᠬᠤ᠎ᠳᠤ ᠴᠢᠬᠤᠯᠠ ᠶᠡᠬᠡ ᠠᠵᠠ ᠲᠣᠬᠢᠶᠠᠯ ᠪᠠ ᠥᠷᠢᠰᠥᠯᠳᠦᠭᠡᠨ᠎ᠢ ᠠᠪᠴᠢᠷᠠᠵᠤ ᠥᠭ᠌ᠴᠡᠢ᠃

ᠪᠣᠭᠣᠮᠲᠠ᠎ᠶ᠋ᠢᠨ ᠠᠵᠤ ᠠᠬᠤᠶ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠨᠢ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠠᠬᠢᠭᠤᠯᠬᠤ᠂ ᠣᠷᠣᠨ ᠪᠦᠰᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ ᠳ᠋ᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠬᠢᠩᠭᠠᠨ ᠠᠢᠮᠠᠭ ᠷᠠᠱᠢᠶᠠᠨ ᠪᠣᠭᠣᠮᠲᠠ᠎ᠶ᠋ᠢ ᠵᠢᠯ ᠲᠤᠷᠰᠢ ᠨᠡᠭᠡᠭᠡᠬᠦ᠌᠎ᠪᠡᠷ ᠠᠵᠠ ᠲᠣᠬᠢᠶᠠᠯ ᠪᠣᠯᠭᠠᠨ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠭᠦᠨᠵᠡᠭᠡᠶ ᠠᠭᠤᠰᠤᠯᠴᠠᠨ᠎ᠠ᠂ ᠬᠠᠮᠵᠢᠯᠴᠠᠨ ᠬᠥᠭ᠌ᠵᠢᠭᠦᠯᠬᠦ᠌ ᠪᠠ  ᠬᠠᠮᠲᠤᠷᠠᠯᠴᠠᠭ᠎ᠠ ᠵᠢ ᠤᠷᠳᠤᠳᠬᠠᠬᠤ᠎ᠪᠠᠷ ᠭᠣᠣᠯᠳᠠᠯᠭ᠎ᠠ ᠪᠣᠯᠭᠠᠨ ᠴᠢᠯᠥᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠢᠭᠤᠯᠬᠤ ᠢᠨᠵᠧᠨᠧᠷᠢᠩ᠎ᠢ ᠦᠷᠭᠦᠯᠵᠢᠯᠡᠨ ᠬᠡᠷᠡᠭ᠌ᠵᠢᠭᠦᠯᠦᠨ᠎ᠡ᠂ ᠬᠢᠯᠢ᠎ᠶ᠋ᠢᠨ ᠠᠷᠠᠳ᠎ᠢ ᠭᠠᠢᠯᠢ᠎ᠠᠴᠠ ᠬᠡᠯᠲᠦᠷᠢᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢ ᠭᠦᠶ᠋ᠴᠡᠳ ᠬᠡᠷᠡᠭᠯᠡᠵᠦ ᠰᠠᠢᠲᠤᠷ ᠬᠡᠷᠡᠭ᠌ᠯᠡᠵᠦ᠍ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ᠎ᠦᠨ ᠠᠷᠠᠯᠵᠢᠶ᠎ᠠ᠎ᠶ᠋ᠢ ᠬᠥᠭ᠌ᠵᠢᠭᠦᠯᠵᠦ᠂ ᠭᠠᠷᠠᠮ᠎ᠤᠨ ᠠᠵᠤ ᠠᠬᠤᠢ ᠪᠠ ᠲᠤᠳᠤᠷ ᠭᠠᠵᠠᠷ᠎ᠤᠨ ᠠᠵᠤ ᠠᠬᠤᠢ ᠬᠣᠯᠪᠣᠭᠠᠯᠠᠨ ᠬᠥᠳᠡᠯᠦᠯᠴᠡᠬᠦ ᠵᠢ ᠠᠬᠢᠭᠤᠯᠵᠦ᠍ ᠪᠣᠭᠣᠮᠲᠠ᠎ᠶ᠋ᠢᠨ ᠠᠵᠤ ᠠᠬᠤᠶ᠎ᠶ᠋ᠢ ᠬᠥᠭ᠌ᠵᠢᠭᠦᠯᠦᠨ᠎ᠡ᠂ ᠪᠣᠭᠣᠮᠲᠠ᠎ᠶ᠋ᠢᠨ ᠢᠵᠢ ᠪᠦᠷᠢᠳᠦᠭᠦᠯᠬᠦ᠌ ᠦᠶ᠋ᠯᠡᠴᠢᠯᠡᠭᠡᠨ᠎ᠦ ᠴᠢᠳᠠᠮᠵᠢ᠎ᠶ᠋ᠢ ᠲᠡᠭᠦᠯᠳᠡᠷᠵᠢᠭᠦᠯᠦᠨ ᠳᠡᠭᠡᠭ᠌ᠰᠢᠯᠡᠭᠦᠯᠵᠦ᠂ ᠬᠢᠯᠢ ᠠᠯᠤᠰᠯᠠᠭ᠍ᠰᠠᠨ ᠵᠢᠭᠤᠯᠴᠢᠯᠠᠯ᠎ᠤᠨ ᠬᠡᠪᠴᠢᠶ᠎ᠡ ᠪᠠ ᠬᠡᠮᠵᠢᠶ᠎ᠡ᠎ᠶ᠋ᠢ ᠠᠯᠬᠤᠮ ᠠᠯᠬᠤᠮ᠎ᠢᠶᠠᠷ ᠥᠷᠭᠡᠳᠭᠡᠨ᠎ᠡ᠃ ᠨᠣᠤᠯᠤᠭᠤᠷ᠎ᠢ ᠭᠠᠳᠠᠭᠠᠳᠤ᠎ᠠᠴᠠ ᠣᠷᠣᠭᠤᠯᠬᠤ ᠪᠠᠷ ᠭᠣᠣᠯᠳᠠᠯᠭ᠎ᠠ ᠪᠣᠯᠭᠠᠭ᠍ᠰᠠᠨ ᠬᠠᠷᠢᠯᠴᠠᠨ ᠠᠷᠠᠯᠵᠢᠶᠠᠯᠠᠵᠤ ᠰᠠᠭᠤᠷᠢᠱᠢᠭᠤᠯᠤᠨ ᠡᠳ᠋ᠱᠢᠭᠦᠯᠬᠦ᠌ ᠠᠵᠤ ᠦᠢᠯᠡᠰ ᠢ᠋ ᠶᠡᠬᠡ ᠪᠡᠷ ᠪᠣᠢᠵᠢᠭᠤᠯᠤᠨ᠎ᠠ᠂ ᠬᠢᠯᠢ ᠠᠯᠤᠰᠯᠠᠭ᠍ᠰᠠᠨ ᠵᠢᠭᠤᠯᠴᠢᠯᠠᠯ᠂ ᠰᠣᠶᠣᠯ ᠢᠷᠭᠡᠨᠱᠢᠯ᠎ᠦᠨ ᠰᠣᠯᠢᠯᠴᠠᠭ᠎ᠠ᠂ ᠬᠢᠯᠢ᠎ᠶ᠋ᠢᠨ ᠠᠷᠠᠯᠵᠢᠶ᠎ᠠ 《ᠭᠤᠷᠪᠠ᠎ᠶ᠋ᠢ ᠨᠢᠭᠡ ᠴᠤᠭ᠍ᠴᠠᠵᠢᠭᠤᠯᠬᠤ》 ᠪᠣᠭᠣᠮᠲᠠ᠎ᠶ᠋ᠢᠨ ᠬᠥᠭ᠌ᠵᠢᠯᠲᠡ᠎ᠶ᠋ᠢᠨ ᠵᠠᠭ᠍ᠪᠤᠷ᠎ᠢ ᠪᠦᠬᠦ᠌ ᠲᠠᠯ᠎ᠠ᠎ᠪᠠᠷ ᠴᠤᠭᠴᠠᠯᠠᠵᠤ᠂ 《ᠠᠵᠤ ᠠᠬᠤᠶ᠎ᠶ᠋ᠢᠨ ᠨᠡᠪᠲᠡᠷᠡᠬᠦ᠌ ᠵᠠᠮ》 ᠡᠴᠠ 《ᠨᠡᠪᠲᠡᠷᠡᠬᠦ᠌ ᠵᠠᠮ᠎ᠤᠨ ᠠᠵᠤ ᠠᠬᠤᠶ》 ᠳᠠᠢᠰᠢ ᠬᠤᠪᠢᠷᠠᠬᠤ᠂ 《ᠲᠠᠮᠵᠢᠯᠭ᠎ᠠ ᠵᠢᠨ ᠠᠵᠤ ᠠᠬᠤᠢ》 ᠡᠴᠡ 《ᠰᠠᠭᠤᠷᠢᠰᠢᠯ᠎ᠤᠨ ᠠᠵᠤ ᠠᠬᠤᠢ》 ᠲᠡᠢᠰᠢ ᠬᠤᠪᠢᠷᠠᠬᠤ ᠵᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠴᠣᠭ᠍ᠴᠠᠯᠠᠬᠤ᠎ᠳᠤ ᠬᠦᠴᠦᠨ ᠨᠡᠮᠡᠷᠢᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号