ᠴᠧᠨ ᠠᠶ ᠱᠢᠤᠸᠠᠢ᠄ ᠪᠦᠬᠦ᠌ ᠤᠯᠤᠰ᠎ᠤᠨ ᠠᠷᠠᠳ᠎ᠤᠨ ᠲᠦᠯᠦᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭ᠌ᠴᠢ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠠᠵᠤ ᠠᠬᠤᠢ᠎ᠶ᠋ᠢᠨ ᠳᠡᠭᠡᠳᠦ ᠰᠤᠷᠭᠠᠭᠤᠯᠢ᠎ᠶ᠋ᠢᠨ ᠵᠠᠬᠢᠷᠤᠯ

ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ 《ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠦ᠍᠂ ᠢᠳᠡᠪᠬᠢᠲᠡᠶ ᠪᠡᠷ ᠭᠠᠳᠠᠭᠠᠳᠤ ᠠᠷᠠᠯᠵᠢᠶ᠎ᠠ᠎ᠶ᠋ᠢ ᠲᠣᠭ᠍ᠲᠠᠪᠤᠷᠢᠵᠢᠭᠤᠯᠵᠤ ᠭᠠᠳᠠᠭᠠᠳᠤ ᠪᠠᠯᠠ᠎ᠶ᠋ᠢ ᠲᠣᠭ᠍ᠲᠠᠭᠤᠨ ᠪᠠᠢᠯᠭᠠᠨ᠎ᠠ》 ᠭᠡᠵᠦ᠍ ᠳᠤᠷᠠᠳᠴᠠᠶ᠂ ᠡᠨᠡ ᠨᠢ ᠮᠠᠨ᠎ᠤ ᠤᠯᠤᠰ᠎ᠤᠨ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠠᠬᠢᠭᠤᠯᠬᠤ ᠡᠷᠡᠰ ᠪᠠᠲᠤ ᠢᠲᠡᠭᠡᠯ ᠵᠣᠷᠢᠭ᠎ᠢ ᠢᠯᠡᠷᠡᠭᠦᠯᠪᠡ᠃ ᠡᠳᠦᠭᠡ᠂ ᠮᠠᠨ᠎ᠤ ᠣᠷᠣᠨ ᠨᠢᠭᠡᠨᠲᠡ 20 ᠭᠠᠳᠠᠭᠠᠳᠤ ᠨᠡᠭᠡᠭᠡᠯᠲᠡ᠎ᠶ᠋ᠢᠨ ᠪᠣᠭᠣᠮᠲᠠ᠎ᠲᠠᠶ ᠪᠣᠯᠵᠦ᠂ ᠲᠡᠮᠦᠷ ᠵᠠᠮ᠂ ᠵᠠᠰᠠᠮᠠᠯ ᠵᠠᠮ᠂ ᠠᠭᠠᠷ᠎ᠤᠨ ᠠᠶᠠᠯᠠᠯ ᠵᠡᠷᠭᠡ ᠣᠯᠠᠨ ᠲᠠᠯ᠎ᠠ ᠵᠢᠨ᠂ ᠪᠣᠰᠣᠭ᠎ᠠ ᠴᠣᠭ᠍ᠴᠠᠲᠤ ᠪᠣᠭᠣᠮᠲᠠ᠎ᠶ᠋ᠢᠨ ᠨᠡᠭᠡᠭᠡᠯᠲᠡ᠎ᠶ᠋ᠢᠨ ᠪᠠᠢᠷᠢᠱᠢᠯ᠎ᠢ ᠪᠦᠷᠢᠯᠳᠦᠭᠦᠯᠪᠡ᠃
ᠨᠡᠬᠡᠬᠡᠯᠳᠡ ᠬᠢᠬᠦ᠌ ᠡᠭᠦᠳᠡ᠎ᠪᠡᠨ ᠥᠷᠭᠡᠳᠭᠡᠵᠦ᠍᠂ ᠥᠭᠡᠷᠡᠴᠢᠯᠡᠯᠲᠡ᠎ᠶ᠋ᠢᠨ ᠵᠠᠮ᠎ᠢᠶᠠᠷ ᠯᠠᠪᠳᠠᠭᠤᠨ ᠪᠠᠳᠤᠳᠠᠢ ᠵᠠᠮᠨᠠᠬᠤ ᠪᠣᠯ ᠮᠠᠨ᠎ᠤ ᠣᠷᠣᠨ᠎ᠤ ᠭᠠᠳᠠᠭᠠᠳᠤ ᠨᠡᠬᠡᠬᠡᠯᠳᠡ ᠵᠢᠨ ᠥᠷᠭᠡᠴᠡ ᠪᠣᠯᠤᠨ ᠭᠦᠨᠴᠡ᠎ᠶ᠋ᠢ ᠳᠠᠰᠤᠷᠠᠯᠳᠠ ᠦᠬᠡᠢ ᠦᠷᠭᠡᠳᠭᠡᠬᠦ ᠵᠠᠢᠯᠠᠰᠢ ᠦᠬᠡᠢ ᠱᠠᠭᠠᠷᠳᠠᠯᠭ᠎ᠠ ᠪᠣᠯᠤᠨ᠎ᠠ᠃ ᠭᠠᠳᠠᠭᠠᠳᠦ ᠨᠡᠭᠡᠭᠡᠯᠲᠡ ᠬᠢᠬᠦ᠌ ᠬᠦᠷᠢᠶ᠎ᠠ ᠴᠠᠷᠠᠭᠠᠨ᠎ᠳᠡᠬᠢ ᠴᠢᠳᠠᠪᠤᠷᠢᠲᠠᠨ᠎ᠢ ᠬᠥᠮᠦᠵᠢᠭᠦᠯᠬᠦ᠌ ᠡᠷᠴᠢᠮ᠎ᠢᠶᠡᠨ ᠤᠯᠠᠮ ᠨᠢᠭᠡ ᠠᠯᠬᠤᠮ ᠴᠢᠩᠭᠠᠷᠠᠭᠤᠯᠵᠤ᠂ ᠳᠡᠭᠡᠳᠦ ᠰᠤᠷᠭᠠᠭᠤᠯᠢ ᠪᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶ᠋ᠢᠨ ᠬᠠᠮᠢᠶ᠎ᠠ ᠪᠥᠬᠥᠶ ᠰᠤᠳᠤᠯᠭᠠᠨ᠎ᠤ ᠲᠥᠪ᠎ᠢ ᠪᠠᠢᠭᠤᠯᠬᠤ᠂ ᠲᠤᠰᠭᠠᠶ ᠮᠡᠷᠭᠡᠵᠢᠯ᠎ᠦᠨ ᠬᠢᠴᠢᠶᠡᠯ ᠨᠡᠭᠡᠭᠡᠬᠦ᠌᠎ᠶ᠋ᠢ ᠠᠬᠢᠭᠤᠯᠬᠤ᠎ᠶ᠋ᠢᠨ ᠬᠠᠮᠲᠤ ᠱᠢᠨᠵᠢᠯᠡᠭᠡᠨ᠎ᠦ ᠰᠠᠯᠠᠭ᠎ᠠ ᠠᠯᠤᠰᠯᠠᠭ᠍ᠰᠠᠨ ᠰᠤᠳᠤᠯᠭᠠᠨ᠎ᠤ ᠪᠦᠯᠬᠦᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠣᠯᠠᠨ ᠤᠯᠤᠰ᠎ᠤᠨ ᠬᠠᠷᠠᠭᠠᠰᠤ ᠲᠠᠢ᠂ ᠰᠣᠶᠣᠯ ᠠᠯᠤᠰᠯᠠᠭ᠍ᠰᠠᠨ ᠬᠠᠮ ᠴᠢᠳᠠᠪᠤᠷᠢᠲᠠᠨ᠎ᠢ ᠨᠠᠩ ᠣᠯᠠᠨ ᠲᠡᠳᠡᠨ ᠠᠪᠴᠢᠷᠠᠬᠤ ᠪᠠ ᠬᠥᠮᠦᠵᠢᠭᠦᠯᠪᠡᠯ ᠵᠤᠬᠢᠨ᠎ᠠ᠃
ᠡᠭᠦᠨ᠎ᠦ ᠬᠠᠮᠲᠤ᠂ ᠡᠯ᠎ᠡ ᠭᠠᠵᠠᠷ᠎ᠤᠨ ᠬᠢᠨ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭ᠌ᠵᠢᠬᠦ᠌᠎ᠳᠦ ᠢᠳᠡᠪᠬᠢᠲᠡᠢ ᠠᠭᠤᠰᠤᠯᠴᠠᠵᠤ᠂ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠪᠡᠯ ᠵᠤᠬᠢᠨ᠎ᠠ;ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠂ ᠵᠡᠭᠦᠨ ᠬᠣᠢᠲᠤ᠎ᠶ᠋ᠢᠨ ᠭᠤᠷᠪᠠᠨ ᠮᠤᠵᠢ ᠵᠡᠷᠭᠡ ᠣᠷᠣᠨ ᠪᠦᠰᠡ᠎ᠶ᠋ᠢᠨ ᠬᠠᠷᠢᠯᠴᠠᠨ ᠬᠠᠷᠠᠭᠠᠯᠵᠠᠯ ᠦᠵᠡᠭᠦᠯᠬᠦ᠌ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠬᠦᠷᠢᠶᠡᠯᠡᠩ ᠲᠣᠭᠣᠷᠢᠭ᠂ ᠣᠷᠣᠨ ᠠᠯᠤᠰᠯᠠᠭ᠍ᠰᠠᠨ ᠠᠵᠤ ᠠᠬᠤᠢ᠂ ᠣᠨᠳᠣᠣ ᠭᠠᠵᠠᠷ᠎ᠲᠤ ᠨᠡᠪᠴᠢᠭᠦᠯᠬᠦ᠌ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠠᠵᠤ ᠦᠢᠯᠡᠰ᠎ᠦᠨ ᠱᠢᠯᠵᠢᠯᠲᠡ᠎ᠶ᠋ᠢ ᠬᠦᠯᠢᠶᠡᠨ ᠠᠪᠴᠤ᠌᠂ ᠳᠣᠲᠣᠭᠠᠳᠤ ᠠᠷᠠᠯᠵᠢᠶ᠎ᠠ ᠭᠠᠳᠠᠭᠠᠳᠤ ᠠᠷᠠᠯᠵᠢᠶ᠎ᠠ᠎ᠶ᠋ᠢ ᠨᠢᠭᠡ ᠴᠤᠭ᠍ᠴᠠᠵᠢᠭᠤᠯᠤᠨ ᠬᠥᠭ᠌ᠵᠢᠭᠦᠯᠬᠦ᠌᠎ᠶ᠋ᠢ ᠲᠦᠷᠭᠡᠳᠭᠡᠪᠡᠯ ᠵᠤᠬᠢᠨ᠎ᠠ᠃