ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠄ ᠡᠸ᠋ ᠴᠧᠩ
2025-03-11 11:32:42
ᠵᠣᠬᠢᠶᠠᠭ᠍ᠴᠢ᠄
ᠶᠠᠩ ᠯᠢᠦ ᠸᠠᠩ ᠫᠸᠩ
ᠣᠩᠱᠢᠭ᠍ᠰᠠᠨ ᠣᠳᠠᠭ᠎ᠠ᠄
★★★☆☆

ᠡᠸ᠋ ᠴᠧᠩ᠄ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ᠎ᠤ ᠬᠣᠯᠪᠣᠭ᠎ᠠ ᠵᠢᠨ ᠳᠡᠳ᠋ ᠲᠡᠷᠢᠭᠦᠯᠡᠭ᠌ᠴᠢ᠂ ᠭᠦᠸᠧ ᠴᠧᠩ ᠬᠤᠪᠢ ᠤᠷᠤᠭᠤᠯᠤᠯᠳᠠ ᠵᠢ ᠡᠷᠭᠡᠰᠢᠶᠡᠬᠦ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ


QQ截图20250224163936.png


ᠭᠠᠳᠠᠭ᠍ᠰᠢ ᠨᠡᠭᠡᠭᠡᠯᠲᠡ ᠬᠢᠬᠦ᠌ 20 ᠪᠣᠭᠣᠮᠲᠠ᠎ᠶ᠋ᠢᠨ ᠨᠡᠪᠲᠡᠷᠡᠬᠦ᠌ ᠵᠠᠮ᠎ᠤᠨ ᠴᠤᠭᠯᠠᠷᠠᠯ᠎ᠤᠨ ᠳᠠᠪᠠᠭᠤᠯᠢᠭ᠎ᠲᠤ ᠲᠦᠱᠢᠭ᠌ᠯᠡᠨ ᠥᠪᠥᠷ ᠮᠣᠩᠭᠣᠯ ᠶᠠᠭ ᠰᠠᠶᠢᠬᠠᠨ ᠳᠣᠲᠣᠭᠠᠳᠤ ᠭᠠᠳᠠᠭᠠᠳᠤ ᠬᠣᠯᠪᠣᠭᠠᠯᠠᠨ ᠬᠥᠳᠡᠯᠦᠯᠴᠡᠵᠦ᠍᠂ ᠨᠠᠶ᠋ᠮᠠᠨ ᠵᠦᠭ ᠨᠡᠪᠲᠡᠷᠡᠬᠦ ᠨᠡᠭᠡᠭᠡᠯᠲᠡ᠎ᠶ᠋ᠢᠨ ᠱᠢᠨ᠎ᠡ ᠪᠠᠢᠷᠢᠱᠢᠯ᠎ᠢ ᠪᠠᠢᠭᠤᠯᠵᠤ ᠪᠣᠶ᠃ ᠥᠪᠡᠷᠲᠡᠭᠡᠨ ᠵᠠᠰᠠᠬᠤ ᠣᠷᠣᠨ᠎ᠳᠤ ᠦᠨᠳᠦᠰᠦᠯᠡᠭ᠌ᠰᠡᠨ ᠠᠭᠤᠷᠬᠠᠶ᠎ᠶ᠋ᠢᠨ ᠦᠶ᠋ᠯᠡᠰ᠎ᠦᠨ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ ᠡᠨᠡ ᠬᠦ᠌ ᠠᠵᠠ ᠲᠣᠬᠢᠶᠠᠯ᠎ᠢ ᠠᠮᠵᠢᠵᠤ᠂ 《ᠮᠡᠷᠭᠡᠵᠢᠯ᠎ᠢ ᠭᠠᠳᠠᠭᠠᠳᠦ᠎ᠳᠦ ᠭᠠᠷᠭᠠᠬᠤ + ᠡᠬᠢ ᠪᠠᠶᠠᠯᠢᠭ᠎ᠢ ᠣᠷᠣᠭᠤᠯᠤᠨ ᠠᠪᠴᠢᠷᠠᠬᠤ》 ᠬᠤᠤᠰ ᠬᠦᠷᠳᠦ᠍ᠲᠦ ᠬᠥᠳᠡᠯᠭᠡᠭᠦᠷ ᠵᠢᠡᠷ ᠲᠠᠮᠵᠢᠨ ᠤᠯᠤᠰ᠎ᠤᠨ ᠳᠣᠲᠣᠭᠠᠳᠤ᠎ᠳᠤ ᠰᠠᠭᠤᠷᠢᠯᠠᠭ᠍ᠰᠠᠨ᠂ ᠧᠦ᠋ᠷᠣᠫᠠ ᠠᠽᠢᠶ᠎ᠠ᠎ᠶ᠋ᠢ ᠨᠥᠯᠥᠭᠡᠯᠡᠭ᠌ᠰᠡᠨ ᠠᠭᠤᠷᠬᠠᠶ᠎ᠶ᠋ᠢᠨ ᠦᠶ᠋ᠯᠡᠰ᠎ᠦᠨ ᠨᠡᠭᠡᠭᠡᠯᠲᠡ᠎ᠶ᠋ᠢᠨ ᠱᠢᠨ᠎ᠡ ᠪᠠᠢᠷᠢᠱᠢᠯ᠎ᠢ ᠲᠤᠯᠭᠠᠭᠤᠷᠢᠯᠠᠨ ᠪᠠᠢᠭᠤᠯᠤᠨ᠎ᠠ᠃

ᠠᠭᠤᠷᠬᠠᠶ᠎ᠶ᠋ᠢᠨ ᠦᠶ᠋ᠯᠡᠰ᠎ᠦᠨ ᠠᠵᠤ ᠠᠬᠤᠢᠯᠠᠯ 《ᠭᠠᠳᠠᠭ᠍ᠰᠢ ᠭᠠᠷᠬᠤ》 ᠳ᠋ᠤ ᠬᠢᠵᠠᠭᠠᠯᠠᠰᠢ ᠥᠬᠡᠶ ᠳᠠᠯᠳᠠ ᠬᠦᠴᠦᠨ ᠪᠠᠢᠬᠤ ᠮᠥᠷᠲᠡᠭᠡᠨ ᠪᠠᠰᠠ ᠮᠠᠰᠢ ᠣᠯᠠᠨ ᠥᠷᠢᠰᠥᠯᠳᠦᠭᠡᠨ᠎ᠳᠦ ᠲᠤᠯᠭᠠᠷᠠᠵᠤ ᠪᠤᠢ᠃ ᠡᠢᠮᠦ ᠡᠴᠡ᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠲᠦᠷᠭᠡᠳᠭᠡᠨ ᠪᠠᠢᠭᠤᠯᠵᠤ᠂ ᠤᠮᠠᠷᠠᠲᠤ᠎ᠶ᠋ᠢᠨ ᠴᠢᠬᠤᠯᠠ ᠪᠦᠬᠦᠢ ᠬᠢᠯᠢ ᠵᠢᠨ ᠪᠣᠭᠣᠮᠲᠠ᠎ᠶ᠋ᠢᠨ ᠬᠡᠰᠡᠭ ᠣᠷᠣᠨ ᠬᠣᠯᠪᠣᠭᠠᠯᠠᠨ ᠬᠥᠳᠡᠯᠦᠯᠴᠡᠬᠦ᠌᠎ᠶ᠋ᠢ ᠪᠡᠶᠡᠯᠡᠭᠦᠯᠬᠦ᠌᠎ᠶ᠋ᠢᠨ ᠬᠠᠮᠲᠤ᠂ ᠠᠭᠤᠷᠬᠠᠶ᠎ᠶ᠋ᠢᠨ ᠭᠠᠷᠤᠯᠲᠠ᠎ᠶ᠋ᠢᠨ ᠦᠢᠯᠡᠳᠬᠦᠨ᠎ᠤ ᠭᠠᠢᠯᠢ ᠵᠢ ᠪᠠᠲᠤᠯᠠᠵᠤ ᠬᠥᠮᠥᠷᠭᠡᠯᠡᠨ ᠬᠠᠳᠠᠭᠠᠯᠠᠬᠤ ᠵᠡᠷᠭᠡ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠎ᠶ᠋ᠢ ᠭᠤᠤᠯᠳᠠᠯᠭ᠎ᠠ᠎ᠲᠠᠶ ᠴᠢᠷᠮᠠᠢᠨ ᠤᠯᠵᠦ᠂ ᠲᠣᠰ ᠭᠠᠵᠠᠷ᠎ᠤᠨ ᠠᠭᠤᠷᠬᠠᠶ᠎ᠶ᠋ᠢᠨ ᠦᠶ᠋ᠯᠡᠰ᠎ᠦᠨ ᠠᠵᠤ ᠠᠬᠤᠢᠯᠠᠯ᠎ᠤᠨ 《ᠨᠢᠭᠡᠳᠭᠡᠯ ᠠᠷᠮᠢ》 ᠪᠠᠢᠭᠤᠯᠬᠤ᠎ᠶ᠋ᠢ ᠵᠢᠯᠣᠭᠣᠳᠴᠤ᠌᠂ 《ᠠᠭᠤᠷᠬᠠᠶ᠎ᠶ᠋ᠢᠨ ᠦᠶ᠋ᠯᠡᠰ᠎ᠦᠨ ᠠᠵᠤ ᠦᠶ᠋ᠯᠡᠰ᠎ᠦᠨ ᠬᠦᠷᠢᠶᠡᠯᠡᠩ》᠂ 《ᠠᠭᠤᠷᠬᠠᠶ᠎ᠶ᠋ᠢᠨ ᠦᠶ᠋ᠯᠡᠰ᠎ᠦᠨ ᠠᠷᠠᠯᠵᠢᠶᠠᠨ᠎ᠤ ᠣᠷᠣᠨ》 ᠵᠡᠷᠭᠡ ᠬᠡᠯᠪᠡᠷᠢ᠎ᠪᠡᠷ ᠪᠦᠬᠦᠯᠢ ᠴᠣᠭ᠍ᠴᠠ᠎ᠶ᠋ᠢᠨ ᠴᠢᠨᠠᠷᠲᠠᠶ 《ᠭᠠᠳᠠᠭᠠᠳᠦ᠎ᠳᠦ ᠭᠠᠷᠭᠠᠵᠤ》᠂ ᠪᠥᠬᠥ᠌ ᠪᠥᠮᠪᠥᠷᠴᠡᠭ᠎ᠦᠨ ᠠᠭᠤᠷᠬᠠᠶ᠎ᠶ᠋ᠢᠨ ᠦᠶ᠋ᠯᠡᠰ᠎ᠦᠨ ᠵᠠᠰᠠᠯᠲᠠ᠎ᠳᠤ ᠭᠦᠨᠵᠡᠭᠡᠶ ᠣᠷᠣᠯᠴᠠᠵᠦ᠂ ᠭᠠᠳᠠᠭᠠᠳᠤ᠎ᠠᠴᠠ ᠣᠷᠣᠭᠤᠯᠤᠭ᠍ᠰᠠᠨ ᠠᠭᠤᠷᠬᠠᠶ᠎ᠶ᠋ᠢᠨ  ᠭᠠᠷᠤᠯᠳᠠ ᠵᠢᠨ ᠪᠦᠲᠦᠭᠡᠭᠳᠡᠭᠦᠨ᠎ᠢ ᠦᠢᠯᠡᠳᠪᠦᠷᠢᠯᠡᠬᠦ ᠠᠵᠤ ᠦᠢᠯᠡᠰ᠎ᠢ ᠶᠡᠬᠡ ᠪᠡᠷ ᠬᠥᠭ᠌ᠵᠢᠭᠦᠯᠵᠦ᠍᠂ 《ᠬᠢᠯᠢ᠎ᠪᠡᠷ ᠥᠩᠭᠡᠷᠡᠬᠦ᠌ ᠠᠷᠠᠯᠵᠢᠶ᠎ᠠ》 ᠶ᠋ᠢ 《ᠨᠤᠲᠤᠬᠰᠢᠭᠤᠯᠤᠨ ᠦᠢᠯᠡᠳᠪᠦᠷᠢᠯᠡᠬᠦ》 ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠨ᠂ ᠪᠣᠭᠣᠮᠲᠠ ᠬᠢᠭᠡᠳ ᠡᠷᠭᠢᠨ ᠲᠣᠭᠣᠷᠢᠨ᠎ᠤ ᠭᠠᠵᠠᠷ ᠣᠷᠣᠨ᠎ᠤ ᠠᠵᠤ ᠠᠬᠤᠶ᠎ᠶ᠋ᠢᠨ ᠬᠥᠭ᠌ᠵᠢᠯᠲᠡ᠎ᠶ᠋ᠢ ᠳᠠᠢᠴᠢᠯᠠᠪᠠᠯ ᠵᠤᠬᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号