ᠯᠢᠩ ᠶᠦᠨ᠄ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠂ ᠮᠠᠨᠵᠤᠤᠷ ᠬᠣᠲᠠ᠎ᠶᠢᠨ ᠤᠯᠤᠰ ᠲᠥᠷᠥ᠎ᠶᠢᠨ ᠵᠥᠪᠯᠡᠯᠭᠡᠨ᠎ᠦ ᠲᠡᠷᠢᠭᠦᠯᠡᠭᠴᠢ

ᠥᠪᠥᠷ ᠮᠣᠩᠭᠣᠯ ᠪᠣᠯ ᠲᠣᠷᠭᠠᠨ ᠵᠠᠮ᠎ᠤᠨ ᠠᠵᠤ ᠠᠬᠤᠢ᠎ᠶᠢᠨ ᠪᠦᠰᠡ᠎ᠶᠢᠨ ᠴᠢᠬᠤᠯᠠ ᠲᠤᠯᠬᠤ ᠴᠡᠭ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠢ᠎ᠶᠢᠨ ᠬᠣᠩᠭᠢᠯ᠎ᠤᠨ ᠴᠢᠬᠤᠯᠠ ᠵᠠᠩᠭᠢᠯᠠᠭ᠎ᠠ᠎ᠶᠢᠨ ᠴᠡᠭ ᠪᠠ ᠪᠠᠷᠠᠭᠤᠨ ᠬᠡᠰᠡᠭ᠎ᠦᠨ ᠬᠠᠭᠤᠷᠠᠢ ᠲᠡᠯᠡᠶ᠎ᠶᠢᠨ ᠰᠢᠨ᠎ᠡ ᠨᠡᠪᠲᠡᠷᠡᠬᠦ ᠵᠠᠮ᠎ᠤᠨ ᠴᠢᠬᠤᠯᠠ ᠡᠭᠦᠳᠡ ᠪᠠᠢᠵᠤ᠂ ᠭᠠᠵᠠᠷ ᠵᠦᠢ᠎ᠶᠢᠨ ᠪᠠᠢᠷᠢᠰᠢᠯ ᠨᠢ ᠥᠪᠡᠷᠮᠢᠴᠡ᠂ ᠤᠮᠠᠷᠠᠰᠢ ᠨᠡᠭᠡᠭᠡᠯᠲᠡ ᠬᠢᠬᠦ ᠳᠠᠪᠠᠭᠤᠯᠢᠭ᠋ ᠢᠯᠡᠳᠳᠡ᠃ ᠮᠠᠨᠵᠤᠤᠷ ᠬᠤᠲᠠ ᠳᠤᠮᠳᠠᠳᠤ ᠤᠷᠤᠰ ᠮᠣᠩᠭᠣᠯ ᠭᠤᠷᠪᠠᠨ ᠤᠯᠤᠰ᠎ᠤᠨ ᠠᠭᠤᠯᠵᠠᠷ᠎ᠲᠤ ᠪᠠᠢᠷᠢᠯᠠᠵᠤ᠂ ᠨᠡᠩ ᠴᠤ᠌ ᠥᠪᠥᠷ ᠮᠣᠩᠭᠣᠯ᠎ᠤᠨ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠪᠦᠲᠦᠭᠡᠨ ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ ᠲᠤᠯᠬᠤ ᠴᠡᠭ ᠪᠣᠯᠣᠨ᠎ᠠ᠃ ᠣᠢᠷ᠎ᠠ᠎ᠶᠢᠨ ᠵᠢᠯ᠎ᠦᠨ ᠲᠤᠷᠰᠢ᠂ ᠮᠠᠨᠵᠤᠤᠷ ᠬᠤᠳᠠ 《ᠭᠠᠷᠠᠮ᠎ᠢᠶᠠᠷ ᠬᠤᠳᠠ᠎ᠪᠠᠨ ᠮᠠᠨᠳᠤᠭᠤᠯᠬᠤ》 ᠪᠠᠢᠯᠳᠤᠬᠤ ᠪᠣᠳᠣᠯᠭ᠎ᠠ᠎ᠶᠢ ᠭᠦᠨᠵᠡᠭᠡᠢ ᠬᠡᠷᠡᠭᠵᠢᠭᠦᠯᠵᠦ᠂ 《ᠪᠣᠭᠣᠮᠲᠠ᠎ᠪᠠᠷ ᠥᠩᠭᠡᠷᠡᠬᠦ ᠦᠷ᠎ᠡ ᠪᠦᠳᠦᠮᠵᠢ᠎ᠶᠢ ᠳᠡᠭᠡᠭᠰᠢᠯᠡᠭᠦᠯᠬᠦ ᠠᠵᠢᠯᠯᠠᠭ᠎ᠠ》 ᠪᠠ 《ᠨᠡᠪᠲᠡᠷᠡᠬᠦ ᠵᠠᠮ᠎ᠤᠨ ᠴᠢᠳᠠᠪᠤᠷᠢ᠎ᠶᠢ ᠨᠥᠬᠥᠪᠦᠷᠢᠯᠡᠨ ᠬᠦᠴᠦᠷᠭᠡᠭᠵᠢᠭᠦᠯᠬᠦ ᠢᠨᠵᠧᠨᠧᠷᠢᠩ》 ᠢ᠋ ᠪᠦᠬᠦ ᠲᠠᠯ᠎ᠠ᠎ᠪᠠᠷ ᠥᠷᠨᠢᠭᠦᠯᠵᠦ᠂ ᠪᠣᠭᠣᠮᠲᠠ᠎ᠶᠢᠨ ᠰᠠᠭᠤᠷᠢ ᠲᠥᠬᠦᠭᠡᠷᠦᠮᠵᠢ ᠦᠷᠭᠦᠯᠵᠢᠯᠡᠨ ᠲᠡᠭᠦᠯᠳᠡᠷᠵᠢᠵᠦ᠂ ᠲᠠᠷᠬᠠᠭᠠᠨ ᠵᠥᠭᠡᠭᠡᠪᠦᠷᠢᠯᠡᠬᠦ ᠴᠢᠳᠠᠪᠬᠢ ᠶᠡᠬᠡ ᠪᠡᠷ ᠳᠡᠭᠡᠭᠰᠢᠯᠡᠵᠡᠢ᠃
ᠣᠳᠣᠬᠠᠨ᠎ᠳᠤ᠂ ᠳᠤᠮᠳᠠᠳᠤ ᠣᠷᠣᠰ᠎ᠤᠨ ᠰᠢᠨ᠎ᠡ ᠴᠠᠭ ᠦᠶ᠎ᠡ᠎ᠶᠢᠨ ᠪᠥᠬᠥ ᠲᠠᠯ᠎ᠠ᠎ᠶᠢᠨ ᠪᠠᠢᠯᠳᠤᠬᠤ ᠪᠣᠳᠣᠯᠭ᠎ᠠ᠎ᠶᠢᠨ ᠬᠠᠮᠵᠢᠯᠴᠠᠭᠠᠨ᠎ᠤ ᠬᠠᠨᠢᠲᠠᠨ᠎ᠤ ᠬᠠᠷᠢᠴᠠᠭ᠎ᠠ ᠡᠳᠦᠷ ᠢᠷᠡᠬᠦᠶ᠎ᠡ ᠪᠡᠬᠢᠵᠢᠬᠦ᠎ᠶᠢ ᠳᠠᠭᠠᠯᠳᠤᠨ ᠬᠣᠶᠠᠷ ᠤᠯᠤᠰ᠎ᠤᠨ ᠡᠨᠧᠷᠭᠢ᠂ ᠲᠠᠷᠢᠶᠠᠯᠠᠩ᠂ ᠦᠢᠯᠡᠴᠢᠯᠡᠭᠡᠨ᠎ᠦ ᠠᠷᠠᠯᠵᠢᠶ᠎ᠠ ᠵᠡᠷᠭᠡ ᠬᠦᠷᠢᠶᠡᠨ᠎ᠳᠡᠬᠢ ᠠᠷᠠᠯᠵᠢᠶᠠᠨ᠎ᠤ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠢᠷᠡᠵᠦ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠪᠠᠢᠯᠳᠤᠬᠤ ᠪᠣᠳᠣᠯᠭ᠎ᠠ᠎ᠳᠠᠬᠢ ᠮᠠᠨᠵᠤᠤᠷ᠎ᠤᠨ ᠪᠠᠢᠷᠢ ᠰᠠᠭᠤᠷᠢ ᠪᠠ ᠦᠢᠯᠡᠳᠦᠯ ᠶᠠᠪᠤᠬᠤ ᠲᠤᠲᠤᠮ ᠲᠣᠪᠣᠢᠮ᠎ᠠ ᠪᠣᠯᠬᠤ ᠪᠣᠯᠣᠨ᠎ᠠ᠃ ᠡᠢᠮᠦ᠎ᠡᠴᠡ᠂ ᠥᠪᠡᠷᠲᠡᠭᠡᠨ ᠵᠠᠰᠠᠬᠤ ᠣᠷᠣᠨ ᠡᠴᠡ ᠮᠠᠨᠵᠤᠤᠷ ᠪᠤᠭᠤᠮᠳᠠ᠎ᠶᠢᠨ ᠰᠠᠭᠤᠷᠢ ᠲᠦᠭᠦᠭᠡᠷᠦᠮᠵᠢ᠎ᠶᠢᠨ ᠪᠦᠲᠦᠭᠡᠨ ᠪᠠᠢᠭᠤᠯᠤᠯᠲᠠ᠂ ᠪᠣᠭᠣᠮᠲᠠ᠎ᠪᠠᠷ ᠥᠩᠭᠡᠷᠡᠬᠦ ᠦᠷ᠎ᠡ ᠪᠦᠳᠦᠮᠵᠢ᠎ᠶᠢ ᠳᠡᠭᠡᠭᠰᠢᠯᠡᠭᠦᠯᠬᠦ ᠪᠠ ᠭᠠᠳᠠᠭᠠᠳᠤ ᠠ᠋ᠴᠠ ᠣᠷᠣᠭᠤᠯᠬᠤ ᠡᠬᠢ ᠪᠠᠶᠠᠯᠢᠭ᠋᠎ᠢ ᠰᠠᠭᠤᠷᠢᠰᠢᠭᠤᠯᠤᠨ ᠡᠳ᠋ᠰᠢᠭᠦᠯᠬᠦ ᠵᠡᠷᠭᠡ ᠲᠠᠯ᠎ᠠ ᠪᠠᠷ ᠬᠢ ᠳᠡᠮᠵᠢᠯᠭᠡ ᠪᠠ ᠣᠷᠣᠭᠤᠯᠤᠯᠲᠠ᠎ᠶᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠤᠮᠠᠷᠠᠰᠢ ᠨᠡᠭᠡᠭᠡᠯᠲᠡ ᠬᠢᠬᠦ ᠪᠡᠬᠢᠯᠡᠯᠲᠡ᠎ᠶᠢᠨ ᠪᠦᠲᠦᠭᠡᠨ ᠪᠠᠢᠭᠤᠯᠤᠯᠲᠠ᠎ᠳᠤ ᠬᠦᠴᠦᠲᠡᠢ ᠲᠤᠯᠭᠠᠭᠤᠷᠢᠯᠠᠯ ᠬᠠᠩᠭᠠᠪᠠᠯ ᠵᠤᠬᠢᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号