ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠪᠡᠭᠡᠵᠢᠩ᠎ᠳᠦ ᠲᠡᠭᠦᠰᠪᠡ
2025-03-12 13:44:04
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠠᠰᠠᠭ᠎ᠤᠨ  ᠣᠷᠳᠣᠨ᠎ᠤ ᠠᠵᠢᠯ᠎ᠤᠨ ᠢᠯᠡᠳᠭᠡᠯ᠂ ᠪᠦᠬᠦ᠌ ᠡᠣᠯᠣᠰ ᠤ᠋ᠨ ᠠ᠋ᠠᠷᠠᠣᠠ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠠᠵᠢᠯ᠎ᠤᠨ ᠮᠡᠳᠡᠬᠦᠯᠦᠯᠳᠠ ᠵᠡᠷᠭᠡ᠎ᠶ᠋ᠢ ᠵᠥᠪᠱᠢᠶᠡᠷᠡᠪᠡ

ᠲᠥᠯᠥᠭᠡᠯᠡᠭ᠌ᠴᠢ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠢ ᠪᠠᠲᠤᠯᠠᠵᠤ ᠰᠢ ᠵᠢᠨ ᠫᠢᠩ ᠲᠡᠷᠢᠭᠦᠯᠡᠭ᠌ᠴᠢ᠎ᠶ᠋ᠢᠨ ᠵᠠᠷᠯᠢᠭ᠎ᠲᠤ ᠭᠠᠷ᠎ᠤᠨ ᠦᠰᠦᠭ ᠵᠢᠷᠤᠵᠤ ᠨᠡᠢᠲᠡᠯᠡᠵᠠᠢ

ᠰᠢ ᠵᠢᠨ ᠫᠢᠩ  ᠯᠢ ᠴᠢᠶᠠᠩ  ᠸᠠᠩ ᠬ᠍ᠤ ᠨᠢᠩ  ᠼᠠᠢ ᠴᠢ  ᠳ᠋ᠢᠩ ᠱᠢᠤᠸᠠᠢ ᠱᠢᠶᠠᠩ  ᠯᠢ ᠰᠢ  ᠬᠠᠨ ᠵᠧᠩ᠎ᠨᠡᠷ ᠲᠡᠷᠢᠭᠦᠯᠡᠭ᠌ᠴᠢᠤᠨ᠎ᠤᠨ ᠲᠠᠢᠰᠠᠨ᠎ᠳᠤ ᠰᠠᠭᠠᠲᠠᠪᠠ


ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠡᠯ᠎ᠡ ᠵᠥᠪᠯᠡᠬᠦ᠌ ᠵᠦᠶ᠋ᠯ᠎ᠢᠶᠡᠨ ᠲᠡᠭᠦᠰ ᠠᠮᠵᠢᠯᠲᠠ ᠲᠠᠢ ᠪᠡᠶᠡᠯᠡᠬᠦᠯᠦᠭᠡᠳ 11 ᠤ᠋ ᠦᠳᠡ᠎ᠶ᠋ᠢᠨ ᠬᠣᠢᠨ᠎ᠠ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠶᠡᠬᠡ ᠬᠤᠷᠠᠯ᠎ᠡᠴᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠵᠡᠷᠭᠡ᠎ᠶ᠋ᠢ ᠵᠥᠪᠱᠢᠶᠡᠷᠡᠪᠡ᠃ ᠶᠡᠬᠡ ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠢ ᠪᠠᠲᠤᠯᠠᠵᠤ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ 45 ᠳ᠋ᠤᠭᠠᠷ ᠲᠣᠭᠠᠲᠤ ᠲᠡᠷᠢᠭᠦᠯᠡᠭ᠌ᠴᠢ᠎ᠶ᠋ᠢᠨ ᠵᠠᠷᠯᠢᠭ᠎ᠲᠤ ᠭᠠᠷ᠎ᠤᠨ ᠦᠰᠦᠭ ᠵᠢᠷᠤᠵᠤ ᠨᠡᠢᠲᠡᠯᠡᠪᠡ᠃


QQ截图20250102104936.png


3 ᠰᠠᠷ᠎ᠠ ᠵᠢᠨ 11 ᠤ᠋ ᠦᠳᠡ᠎ᠶ᠋ᠢᠨ ᠬᠣᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠲᠡᠭᠦᠰᠪᠡ᠃ ᠨᠠᠮ ᠪᠠ ᠳᠦᠷᠦ ᠵᠢᠨ ᠤᠳᠤᠷᠢᠳᠬᠤ ᠬᠦᠮᠦᠨ ᠰᠢ ᠵᠢᠨ ᠫᠢᠩ᠂ ᠯᠢ ᠴᠢᠶᠠᠩ᠂ ᠸᠠᠩ ᠬ᠍ᠤ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ ᠨᠠᠷ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠪᠠ᠃  

ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ   ᠯᠢ ᠰᠢᠤᠸᠠᠢ ᠷᠸᠨ  ᠰᠡᠬᠦᠳᠡᠷᠯᠡᠪᠠ


ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠨᠠᠢᠳᠠᠯᠭ᠎ᠠ᠎ᠪᠠᠷ ᠲᠡᠭᠦᠰᠭᠦ ᠬᠤᠷᠠᠯ᠎ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠯᠢ ᠬᠣᠩ ᠵᠦᠩ ᠡᠷᠬᠢᠯᠡᠪᠡ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠭᠦᠢᠴᠡᠳᠭᠡᠭ᠌ᠴᠢ ᠲᠡᠷᠢᠭᠦᠯᠡᠭ᠌ᠴᠢ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠨᠭᠵᠠᠯᠰᠠᠨ᠂ ᠱᠢᠤᠸᠠᠢᠺᠸᠯᠠᠢ᠌ᠲ᠋ᠢ·ᠵᠠᠺᠸᠯ᠂ ᠯᠢᠦ ᠴᠢ ᠲᠡᠷᠢᠭᠦᠯᠡᠭ᠌ᠴᠢᠳ᠎ᠦᠨ ᠲᠠᠢᠰᠠᠨ᠎ᠤ ᠭᠦᠢᠴᠡᠳᠭᠡᠭ᠌ᠴᠢ ᠲᠡᠷᠢᠭᠦᠯᠡᠭ᠌ᠴᠢ᠎ᠶ᠋ᠢᠨ ᠰᠠᠭᠤᠳᠠᠯ᠎ᠳᠤ ᠰᠠᠭᠠᠲᠠᠪᠠ᠃

ᠰᠢ ᠵᠢᠨ ᠫᠢᠩ᠂ ᠯᠢ ᠴᠢᠶᠠᠩ᠂ ᠸᠠᠩ ᠬ᠍ᠤ ᠨᠢᠩ᠂ ᠼᠠᠢ ᠴᠢ᠂ ᠳ᠋ᠢᠩ ᠱᠢᠤᠸᠠᠢ ᠱᠢᠶᠠᠩ᠂ ᠯᠢ ᠰᠢ᠂ ᠬᠠᠨ ᠵᠧᠩ ᠪᠣᠯᠤᠨ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠦᠷᠢᠯᠳᠦᠬᠦᠨ ᠲᠡᠷᠢᠭᠦᠯᠡᠭ᠌ᠴᠢᠳ᠎ᠦᠨ ᠲᠠᠢᠰᠠᠨ᠎ᠳᠤ ᠰᠠᠭᠠᠲᠠᠪᠠ᠃

ᠬᠤᠷᠠᠯ᠎ᠳᠤ ᠣᠷᠣᠯᠴᠠᠬᠤ ᠶᠣᠰᠣᠲᠠᠢ ᠲᠥᠯᠥᠭᠡᠯᠡᠭ᠌ᠴᠢ 2929 ᠬᠥᠮᠦᠨ ᠪᠠᠢᠵᠤ᠂ 2884 ᠬᠥᠮᠦᠨ ᠣᠷᠣᠯᠴᠠᠵᠤ᠂ 45 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠵᠠᠢ᠃

ᠦᠳᠡ᠎ᠶ᠋ᠢᠨ ᠬᠣᠢᠨᠠᠬᠢ 3 ᠴᠠᠭ᠎ᠲᠤ ᠯᠢ ᠬᠣᠩ ᠵᠥᠩ ᠬᠤᠷᠠᠯ ᠡᠬᠢᠯᠡᠭ᠌ᠰᠡᠨ᠎ᠢ ᠵᠠᠷᠯᠠᠪᠠ᠃

ᠬᠤᠷᠠᠯ᠎ᠡᠴᠡ ᠪᠠᠲᠤᠯᠠᠯᠲᠠ ᠬᠢᠬᠦ᠌᠎ᠪᠡᠷ ᠳᠡᠮᠵᠢᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠱᠢᠶ᠋ᠳᠪᠦᠷᠢ᠎ᠶ᠋ᠢ ᠪᠠᠲᠤᠯᠠᠵᠠᠢ᠃ ᠱᠢᠢᠳᠪᠦᠷᠢ᠎ᠳᠦ᠂ ᠬᠤᠷᠠᠯ᠎ᠡᠴᠡ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠢᠯᠡᠳᠭᠡᠯ᠎ᠳᠦ ᠳᠤᠷᠠᠳᠤᠭ᠍ᠰᠠᠨ 2025 ᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠢ ᠱᠠᠭᠠᠷᠳᠠᠯᠭ᠎ᠠ᠂ ᠲᠦᠷᠦ᠍᠎ᠶ᠋ᠢᠨ ᠪᠤᠳᠤᠯᠭ᠎ᠠ᠎ᠶ᠋ᠢᠨ ᠬᠠᠨᠳᠤᠰᠢ ᠪᠣᠯᠤᠨ ᠠᠵᠢᠯ᠎ᠤᠨ ᠡᠭᠦᠷᠭᠡ᠎ᠶ᠋ᠢ ᠵᠥᠪᠱᠢᠶᠡᠷᠡᠵᠦ᠍᠂ ᠲᠤᠰ ᠢᠯᠡᠳᠭᠡᠯ ᠢ᠋ ᠵᠥᠪᠱᠢᠶᠡᠷᠡᠬᠦ᠌᠎ᠪᠡᠷ ᠲᠣᠭ᠍ᠲᠠᠵᠠᠢ ᠭᠡᠵᠤ ᠵᠢᠭᠠᠵᠤ ᠭᠠᠷᠭᠠᠪᠠ᠃

ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠢ ᠲᠣᠭ᠍ᠲᠠᠭᠠᠯ᠎ᠢ ᠪᠠᠲᠤᠯᠠᠪᠠ᠃ 2025 ᠣᠨ᠎ᠤ 3 ᠰᠠᠷ᠎ᠠ᠎ᠶ᠋ᠢᠨ 12 ᠎ᠤ᠋ᠨ ᠡᠳᠦᠷ᠎ᠡᠴᠡ ᠡᠬᠢᠯᠡᠵᠦ᠍ ᠬᠡᠷᠡᠭ᠌ᠵᠢᠭᠦᠯᠬᠦ᠌᠎ᠪᠡᠷ ᠲᠣᠭ᠍ᠲᠠᠪᠠ᠃ 《ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠠᠤᠯᠢ》᠎ᠶ᠋ᠢ ᠲᠣᠭ᠍ᠲᠠᠭᠠᠯ᠎ᠢ ᠦᠨᠳᠦᠰᠦᠯᠡᠨ ᠵᠣᠬᠢᠴᠠᠩᠭᠤᠢ᠎ᠪᠠᠷ ᠵᠠᠰᠠᠭᠠᠳ ᠲᠡᠬᠢᠵᠦ᠍ ᠨᠡᠢᠲᠡᠯᠡᠨ᠎ᠡ᠃

ᠬᠤᠷᠠᠯ᠎ᠡᠴᠡ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠱᠢᠶ᠋ᠳᠪᠦᠷᠢ᠎ᠶ᠋ᠢ ᠪᠠᠲᠤᠯᠠᠵᠤ᠂ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢᠨ ᠲᠥᠰᠦᠯ᠎ᠦᠨ ᠲᠤᠬᠠᠶ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠪᠡᠷ ᠲᠣᠭ᠍ᠲᠠᠵᠤ᠂ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠵᠥᠪᠱᠢᠶᠡᠷᠡᠪᠡ; 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠱᠢᠢᠳᠪᠦᠷᠢ᠎ᠶ᠋ᠢ ᠪᠠᠲᠤᠯᠠᠵᠤ᠂ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠦᠨ ᠲᠥᠰᠦᠯ᠎ᠦᠨ ᠲᠤᠬᠠᠢ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠪᠡᠷ ᠲᠣᠭ᠍ᠲᠠᠵᠤ᠂ 2025 ᠣᠨ᠎ᠤ ᠲᠥᠪ᠎ᠦᠨ ᠲᠥᠰᠦᠪ᠎ᠢ ᠵᠥᠪᠱᠢᠶᠡᠷᠡᠪᠡ᠃

ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠱᠢᠢᠳᠪᠦᠷᠢ᠎ᠶ᠋ᠢ ᠪᠠᠲᠤᠯᠠᠪᠠ᠃ ᠱᠢᠢᠳᠪᠦᠷᠢ᠎ᠳᠦ᠂ ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠢᠯᠡᠳᠭᠡᠯ᠎ᠳᠦ ᠳᠤᠷᠠᠳᠤᠭ᠍ᠰᠠᠨ ᠬᠣᠢᠱᠢᠳᠠ᠎ᠶ᠋ᠢᠨ ᠨᠢᠭᠡ ᠵᠢᠯ᠎ᠦᠨ ᠡᠭᠦᠷᠭᠡ᠎ᠶ᠋ᠢ ᠵᠥᠪᠱᠢᠶᠡᠷᠡᠵᠦ᠍᠂ ᠡᠨᠡ ᠬᠦ᠌ ᠢᠯᠡᠳᠭᠡᠯ᠎ᠢ ᠵᠥᠪᠱᠢᠶᠡᠷᠡᠬᠦ᠌᠎ᠪᠡᠷ ᠲᠣᠭ᠍ᠲᠠᠪᠠ ᠭᠡᠵᠦ ᠵᠢᠭᠠᠵᠤ ᠭᠠᠷᠭᠠᠪᠠ᠃

ᠬᠤᠷᠠᠯ᠎ᠡᠴᠡ ᠪᠠᠲᠤᠯᠠᠯᠲᠠ ᠬᠢᠬᠦ᠌᠎ᠪᠡᠷ ᠲᠠᠮᠵᠢᠨ ᠠᠷᠠᠳ᠎ᠤᠨ ᠳᠡᠭᠡᠳᠦ ᠱᠢᠭᠦᠬᠦ᠌ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠱᠢᠢᠳᠪᠦᠷᠢ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠢ ᠱᠢᠢᠳᠪᠦᠷᠢ᠎ᠶ᠋ᠢ ᠪᠠᠲᠤᠯᠠᠵᠤ᠂ ᠡᠨᠡ ᠬᠣᠶᠠᠷ ᠮᠡᠳᠡᠭᠦᠯᠦᠯᠲᠡ᠎ᠶ᠋ᠢ ᠵᠥᠪᠱᠢᠶᠡᠷᠡᠬᠦ᠌᠎ᠪᠡᠷ ᠲᠣᠭ᠍ᠲᠠᠪᠠ᠃

ᠳᠠᠷᠠᠭ᠎ᠠ ᠨᠢ ᠯᠢ ᠬᠣᠩ ᠵᠦᠩ ᠶᠠᠷᠢᠶ᠎ᠠ ᠲᠠᠯᠪᠢᠪᠠ᠃ ᠲᠡᠷᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠡᠯ᠎ᠡ ᠵᠥᠪᠯᠡᠬᠦ ᠵᠦᠢᠯ᠎ᠢᠶᠡᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃ ᠬᠤᠷᠠᠯ ᠨᠢ ᠠᠷᠠᠳᠴᠢᠯᠠᠯ᠎ᠢ ᠭᠦᠢᠴᠡᠳ ᠪᠠᠳᠠᠷᠠᠭᠤᠯᠵᠤ᠂ ᠬᠠᠤᠯᠢ᠎ᠶᠢ ᠴᠢᠩᠭ᠎ᠠ ᠵᠢᠷᠤᠮᠯᠠᠨ ᠠᠵᠢᠯᠯᠠᠵᠤ᠂ ᠬᠠᠷᠠᠯᠲᠠ ᠡᠭᠦᠷᠭᠡ᠎ᠪᠡᠨ ᠲᠣᠳᠣᠷᠬᠠᠢᠯᠠᠵᠤ᠂ ᠢᠲᠡᠭᠡᠯ ᠵᠣᠷᠢᠭ᠋᠎ᠢᠶᠠᠨ ᠬᠥᠪᠴᠢᠯᠡᠵᠦ᠂ ᠰᠡᠳᠬᠢᠯ᠎ᠢᠶᠡᠨ ᠨᠢᠭᠡᠳᠬᠡᠨ ᠬᠦᠴᠦ᠎ᠪᠡᠨ ᠬᠠᠮᠲᠤᠳᠬᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠪᠦᠯᠬᠦᠮᠳᠡᠨ ᠲᠡᠮᠡᠴᠡᠭᠰᠡᠨ ᠶᠡᠬᠡ ᠬᠤᠷᠠᠯ ᠪᠣᠯᠵᠠᠢ᠃ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ ᠨᠦᠰᠡᠷ ᠬᠦᠨᠳᠦ ᠪᠠᠢᠨ᠎ᠠ᠃ ᠪᠢᠳᠡ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠬᠤ᠎ᠶᠢ ᠪᠠᠷᠢᠮᠲᠠᠯᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠵᠢᠨ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠲᠣᠰ ᠤᠳᠠᠭ᠎ᠠ᠎ᠶᠢᠨ ᠶᠡᠬᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ᠎ᠶᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠢᠲᠡᠭᠡᠯ ᠵᠣᠷᠢᠭ᠋᠎ᠢᠶᠠᠨ ᠪᠠᠲᠤᠳᠬᠠᠵᠤ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠵᠦ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠬᠠᠷᠠᠯᠲᠠ ᠡᠭᠦᠷᠭᠡ᠎ᠶᠢ ᠴᠢᠨᠠᠷ ᠰᠠᠢᠲᠠᠢ ᠪᠡᠶᠡᠯᠡᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠰᠠᠢᠨ ᠰᠠᠢᠬᠠᠨ᠎ᠢᠶᠡᠷ ᠡᠬᠢᠯᠡᠭᠦᠯᠭᠦ᠎ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠪᠢᠳᠡ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭᠵᠢᠯᠲᠡ᠎ᠶᠢᠨ ᠦᠵᠡᠯ ᠰᠠᠨᠠᠭ᠎ᠠ᠎ᠶᠢ ᠪᠠᠷᠢᠮᠲᠠᠯᠠᠵᠤ᠂ ᠠᠷᠠᠳ ᠲᠦᠮᠡᠨ᠎ᠦ ᠲᠦᠷᠦᠭᠦᠯᠡᠨ ᠡᠭᠦᠳᠬᠦ ᠵᠣᠷᠢᠭ᠋ ᠰᠠᠨᠠᠭ᠎ᠠ᠎ᠶᠢ ᠬᠦᠨᠳᠦᠳᠬᠡᠵᠦ᠂ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠵᠦ᠂ ᠥᠷᠭᠡᠨ ᠤᠯᠠᠨ ᠠᠷᠠᠳ ᠲᠦᠮᠡᠨ᠎ᠦ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠵᠤ᠂ ᠠᠯᠢᠪᠠ ᠪᠦᠬᠦᠨ᠎ᠳᠦ ᠠᠷᠠᠳ ᠲᠦᠮᠡᠨ᠎ᠦ ᠲᠥᠯᠥᠭᠡ ᠪᠠᠢᠬᠤ᠂ ᠠᠯᠢᠪᠠ ᠪᠦᠬᠦᠨ᠎ᠳᠦ ᠠᠷᠠᠳ ᠲᠦᠮᠡᠨ᠎ᠳᠦ ᠲᠦᠰᠢᠭᠯᠡᠬᠦ᠎ᠶᠢ ᠪᠠᠷᠢᠮᠲᠠᠯᠠᠵᠤ᠂ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ᠃ ᠪᠢᠳᠡ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠤᠭ᠎ᠠ ᠲᠥᠰᠥᠪ᠎ᠢ ᠲᠣᠭᠲᠠᠭᠠᠵᠤ᠂ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠰᠡᠳᠬᠢᠯ ᠰᠠᠨᠠᠭ᠎ᠠ᠎ᠪᠠᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠵᠦ᠂ ᠲᠣᠭᠲᠠᠭᠰᠠᠨ ᠠᠵᠢᠯᠯᠠᠭᠠᠨ᠎ᠤ ᠬᠥᠲᠥᠯᠪᠦᠷᠢ᠂ ᠪᠠᠢᠯᠳᠤᠬᠤ ᠪᠣᠳᠣᠯᠭ᠎ᠠ᠎ᠶᠢᠨ ᠰᠢᠢᠳᠪᠦᠷᠢᠲᠦ ᠪᠣᠳᠣᠯᠭ᠎ᠠ᠂ ᠠᠵᠢᠯ᠎ᠤᠨ ᠪᠠᠢᠷᠢᠯᠠᠭᠤᠯᠤᠯᠲᠠ᠎ᠪᠠᠨ ᠯᠠᠪᠳᠠᠭᠤᠨ ᠪᠠᠲᠤᠲᠠᠢ ᠪᠣᠳᠠᠲᠠᠢᠵᠢᠭᠤᠯᠬᠤ ᠬᠡᠷᠡᠭᠲᠡᠢ᠃ ᠪᠢᠲᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠤᠷᠢᠶ᠎ᠠ᠎ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠂ ᠨᠢᠭᠡ ᠰᠡᠳᠬᠢᠯ ᠨᠢᠭᠡ ᠵᠣᠷᠢᠭ᠋᠎ᠢᠶᠠᠷ᠂ ᠦᠨᠡᠨ᠎ᠢ ᠪᠠᠷᠢᠮᠲᠠᠯᠠᠨ ᠪᠣᠳᠠᠲᠠᠢ᠎ᠶᠢ ᠡᠷᠬᠢᠮᠯᠡᠵᠦ᠂ ᠵᠠᠮ ᠨᠡᠭᠡᠭᠡᠨ ᠤᠷᠤᠭᠰᠢᠯᠠᠵᠤ᠂ ᠳᠤᠮᠳᠠᠳᠤ ᠤᠯᠤᠰ᠎ᠤᠨ  ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠶᠢᠨ ᠲᠥᠯᠥᠭᠡ ᠴᠥᠬᠥᠷᠡᠰᠢ ᠦᠭᠡᠢ ᠲᠡᠮᠡᠴᠡᠵᠡᠭᠡᠶ᠎ᠡ ᠭᠡᠪᠡ᠃

ᠦᠳᠡ᠎ᠶᠢᠨ ᠬᠣᠢᠨᠠᠬᠢ 3 ᠴᠠᠭ 30 ᠮᠢᠨᠦ᠋ᠲ᠎ᠲᠦ ᠯᠢ ᠬᠣᠩ ᠵᠥᠩ᠄ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠲᠡᠭᠦᠰᠪᠡ ᠭᠡᠵᠦ ᠨᠡᠢᠲᠡᠯᠡᠵᠡᠢ᠃ ᠶᠡᠬᠡ ᠬᠤᠷᠠᠯ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ᠎ᠶᠢᠨ ᠳᠤᠮᠳᠠ ᠦᠨᠳᠦᠷᠯᠡᠪᠡ᠃

ᠲᠡᠷᠢᠭᠦᠯᠡᠭᠴᠢᠳ᠎ᠦᠨ ᠲᠠᠢᠰᠠᠨ᠎ᠳᠤ ᠰᠠᠭᠠᠲᠠᠭᠰᠠᠳ ᠲᠤ᠌ ᠪᠠᠰᠠ᠄ ᠮᠠ ᠰᠢᠩ ᠷᠦᠢ᠂ ᠸᠠᠩ ᠢ᠂᠎ᠶᠶ᠋ᠨ ᠯᠢ᠂ ᠱᠢ᠎ᠲᠠᠢ ᠹᠧᠩ᠂ ᠯᠢᠦ ᠭᠦᠸᠧ ᠵᠦᠩ᠂ ᠯᠢ ᠭᠠᠨ ᠵᠢᠶᠧ᠂ ᠯᠢ ᠱᠣ᠌ ᠯᠧᠢ᠂ ᠾᠧ ᠸᠧᠢ ᠳ᠋ᠦᠩ᠂ ᠾᠧ ᠯᠢ ᠹᠧᠩ᠂ ᠵᠠᠩ ᠶᠢᠦ ᠰᠢᠶᠠ᠂ ᠵᠠᠩ ᠭᠦᠸᠧ ᠴᠢᠩ᠂ ᠴᠧᠨ ᠸᠸᠨ ᠴᠢᠩ᠂ ᠴᠧᠨ ᠵᠢᠢ ᠨᠢᠩ᠂ ᠴᠧᠨ ᠮᠢᠨ ᠡᠯ᠂ ᠶᠤᠸᠠᠨ ᠵᠢᠶᠠ ᠵᠢᠶᠦ᠋ᠨ᠂ ᠬᠤᠸᠠᠩ ᠺᠦᠨ ᠮᠢᠩ᠂ ᠯᠢᠦ᠎ᠶᠢᠨ ᠭᠦᠸᠧ᠂ ᠸᠠᠩ ᠰᠢᠶᠣᠣ ᠬᠣᠩ᠂ ᠦ᠋ ᠵᠧᠩ ᠯᠦᠩ᠂ ᠱᠸᠨ ᠢ ᠴᠢᠨ᠂ ᠵᠠᠩ ᠵᠢᠶᠦ᠋ᠨ᠂ ᠶᠢᠩ ᠶᠦᠩ᠂ ᠬᠤ᠌ ᠴᠦᠨ ᠬᠤᠸᠠ᠂ ᠱᠧᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠾᠧ ᠾᠧᠦ ᠬᠤᠸᠠ᠂ ᠯᠢᠶᠠᠩ ᠵᠧᠨ ᠶᠢᠩ᠂ᠪᠠᠭᠠᠲᠤᠷ᠂ ᠰᠤ᠌ ᠬᠣᠶ᠂ ᠱᠤᠤ ᠬᠣᠩ᠂ ᠭᠤᠤ ᠶᠦᠨ ᠯᠦᠩ᠂ ᠴᠧᠨ ᠦ᠋᠂ ᠮᠦ᠍ ᠬᠣᠩ᠂ ᠰᠢᠶᠠᠨ ᠬᠣᠶ᠂ ᠸᠠᠩ ᠳ᠋ᠦᠩ ᠹᠧᠩ᠂ ᠵᠢᠶᠠᠩ ᠰᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠰᠢᠶᠠᠩ ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠣ᠌ ᠶᠦᠩ ᠰᠢᠨ᠂ ᠶᠠᠩ ᠵᠧᠨ ᠵᠢᠴᠢ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠭᠡᠰᠢᠭᠦᠨ ᠯᠢᠦ ᠵᠧᠨ ᠯᠢ᠂ ᠵᠠᠩ ᠱᠧᠩ ᠮᠢᠨ ᠨᠠᠷ ᠪᠤᠢ᠃

ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠴᠢᠯᠦᠭᠡᠯᠡᠬᠦ ᠴᠡᠷᠢᠭ᠎ᠦᠨ ᠬᠣᠯᠪᠣᠭᠳᠠᠯ ᠪᠦᠬᠦᠢ ᠨᠢᠭᠡᠴᠢ ᠪᠣᠯᠣᠨ ᠵᠡᠪᠰᠡᠭᠲᠦ ᠴᠠᠭᠳᠠᠭ᠎ᠠ᠎ᠶᠢᠨ ᠴᠡᠷᠢᠭ ᠠᠩᠭᠢ᠂ ᠡᠯ᠎ᠡ ᠠᠷᠠᠳ᠎ᠤᠨ ᠪᠦᠯᠬᠦᠮ᠎ᠦᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠶᠡᠬᠡ ᠬᠤᠷᠠᠯ᠎ᠳᠤ ᠰᠤᠯᠠ ᠣᠷᠣᠯᠴᠠᠭᠰᠠᠨ ᠪᠤᠶᠤ ᠶᠡᠬᠡ ᠬᠤᠷᠠᠯ᠎ᠢ ᠰᠤᠯᠠ ᠰᠣᠨᠣᠰᠴᠠᠢ᠃

ᠳᠤᠮᠳᠠᠳᠤ ᠤᠯᠤᠰ᠎ᠲᠤ ᠰᠠᠭᠤᠭ᠎ᠠ ᠭᠠᠳᠠᠭᠠᠳᠤ᠎ᠶᠢᠨ ᠡᠯᠴᠢᠨ ᠰᠠᠢᠳ ᠨᠠᠷ ᠶᠡᠬᠡ ᠬᠤᠷᠠᠯ᠎ᠢ ᠰᠤᠯᠠ ᠰᠣᠨᠣᠰᠪᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号