— ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠢᠯᠠᠯᠲᠠ᠎ᠲᠠᠶ ᠲᠡᠭᠦᠰᠦᠭ᠌ᠰᠡᠨ᠎ᠳᠦ ᠬᠠᠯᠠᠭᠤᠨ ᠪᠠᠶᠠᠷ ᠬᠦᠷᠭᠡᠶ᠎ᠡ
ᠠᠷᠠᠳ᠎ᠤᠨ ᠲᠠᠭᠤᠨ᠎ᠢ ᠰᠣᠨᠣᠰᠴᠤ᠌᠂ ᠠᠷᠠᠳ᠎ᠤᠨ ᠰᠠᠨᠠᠭ᠎ᠠ ᠵᠢ ᠬᠦᠯᠢᠶᠡᠨ ᠠᠪᠴᠤ᠂ ᠠᠷᠠᠳ᠎ᠤᠨ ᠣᠶᠤᠨ ᠤᠬᠠᠭᠠᠨ᠎ᠢ ᠬᠤᠷᠠᠮᠳᠤᠭᠤᠯᠤᠨ᠂ ᠠᠷᠠᠳ᠎ᠤᠨ ᠬᠦᠴᠦᠨ᠎ᠢ ᠨᠢᠭ᠍ᠲᠠᠷᠠᠭᠤᠯᠤᠨ᠎ᠠ᠃ 3 ᠰᠠᠷ᠎ᠠ᠎ᠶ᠋ᠢᠨ 11 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠡᠯ᠎ᠡ ᠵᠥᠪᠯᠡᠬᠦ᠌ ᠵᠦᠢᠯ᠎ᠢᠶᠡᠨ ᠲᠡᠭᠦᠰ ᠠᠮᠵᠢᠯᠲᠠ᠎ᠲᠠᠶ ᠪᠡᠶᠡᠯᠡᠭᠦᠯᠵᠦ᠂ ᠪᠡᠭᠡᠵᠢᠩ᠎ᠳᠦ ᠢᠯᠠᠯᠲᠠ᠎ᠲᠠᠶ ᠲᠡᠭᠦᠰᠪᠡ᠃ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠤᠯᠠᠨ᠎ᠤ ᠤᠶᠤᠨ ᠤᠬᠠᠭᠠᠨ᠎ᠢ ᠲᠥᠪᠯᠡᠷᠡᠭᠦᠯᠵᠦ᠍᠂ ᠶᠡᠬᠡ ᠬᠤᠷᠠᠯ᠎ᠤᠨ ᠤᠪᠤᠷ ᠰᠤᠷᠲᠠᠯ ᠲᠥᠪ ᠴᠢᠬᠡᠴᠢ ᠪᠠᠢᠵᠤ᠂ ᠬᠤᠷᠠᠯ᠎ᠤᠨ ᠦᠷ᠎ᠡ ᠪᠦᠲᠦᠭᠡᠯ ᠡᠯᠪᠡᠭ ᠪᠠᠶᠠᠯᠢᠭ ᠪᠤᠯᠵᠤ᠂ ᠨᠠᠮ᠎ᠤᠨ ᠵᠣᠷᠢᠯᠲᠠ ᠪᠣᠯᠤᠨ ᠠᠷᠠᠳ ᠲᠦᠮᠡᠨ᠎ᠦ ᠬᠦᠰᠡᠯ ᠵᠣᠷᠢᠯᠲᠠ᠎ᠶ᠋ᠢᠨ ᠨᠢᠭᠡᠳᠦᠯ᠎ᠢ ᠭᠦᠢᠴᠡᠳ ᠢᠯᠡᠷᠡᠭᠦᠯᠪᠡ᠃ ᠪᠢᠳᠡ ᠶᠡᠬᠡ ᠬᠤᠷᠠᠯ᠎ᠤᠨ ᠠᠮᠵᠢᠯᠲᠠ ᠣᠯᠤᠭ᠍ᠰᠠᠨ᠎ᠳᠤ ᠬᠠᠯᠠᠭᠤᠨ ᠪᠠᠶᠠᠷ ᠬᠦᠷᠭᠡᠵᠦ᠍ ᠪᠠᠢᠨ᠎ᠠ!
《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ᠎ᠳᠦ ᠡᠨᠡ ᠤᠳᠠᠭ᠎ᠠ᠎ᠶ᠋ᠢᠨ ᠶᠡᠬᠡ ᠬᠤᠷᠠᠯ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠡᠭᠦᠷᠭᠡ᠎ᠶ᠋ᠢ ᠲᠣᠳᠣᠷᠬᠠᠢᠯᠠᠵᠤ᠂ ᠢᠲᠡᠭᠡᠯ ᠵᠣᠷᠢᠭ᠎ᠢ ᠪᠠᠲᠤᠳᠭᠠᠪᠠ᠃ ᠡᠨᠡ ᠪᠣᠯ ᠨᠢᠭᠡ ᠤᠳᠠᠭ᠎ᠠ᠎ᠶ᠋ᠢᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠪᠦᠯᠬᠦᠮᠳᠡᠨ ᠲᠡᠮᠡᠴᠡᠭ᠌ᠰᠡᠨ ᠶᠡᠬᠡ ᠬᠤᠷᠠᠯ ᠪᠣᠯᠤᠨ᠎ᠠ᠃ ᠶᠡᠬᠡ ᠬᠤᠷᠠᠯ᠎ᠡᠴᠡ ᠥᠩᠭᠡᠷᠡᠭ᠌ᠰᠡᠨ ᠨᠢᠭᠡ ᠵᠢᠯ᠎ᠳᠦ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠮᠠᠨ᠎ᠤ ᠤᠯᠤᠰ ᠮᠠᠰᠢ ᠶᠡᠷᠦ᠍ ᠪᠤᠰᠤ᠎ᠶ᠋ᠢᠨ ᠬᠥᠭ᠌ᠵᠢᠯᠲᠡ᠎ᠶ᠋ᠢᠨ ᠶᠠᠪᠤᠴᠠ᠎ᠶ᠋ᠢ ᠥᠩᠭᠡᠷᠡᠭᠡᠵᠦ᠍᠂ ᠬᠥᠮᠦᠰ᠎ᠢ ᠵᠣᠷᠢᠭ᠍ᠵᠢᠭᠤᠯᠤᠮ᠎ᠠ ᠠᠮᠵᠢᠯᠲᠠ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠭ᠍ᠰᠠᠨᠢ ᠳᠡᠭᠡᠳᠦ ᠬᠡᠮᠵᠢᠢ᠎ᠡ᠎ᠪᠡᠷ ᠦᠨᠡᠯᠡᠪᠡ᠃ ᠶᠡᠬᠡ ᠬᠤᠷᠠᠯ᠎ᠡᠴᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠠ ᠪᠤᠰᠤᠳ ᠡᠯ᠎ᠡ ᠵᠦᠢᠯ᠎ᠦᠨ ᠴᠢᠬᠤᠯᠠ ᠮᠡᠳᠡᠭᠦᠯᠦᠯᠲᠡ ᠵᠢ ᠬᠢᠨᠠᠨ ᠵᠦᠪᠯᠡᠵᠦ ᠵᠥᠪᠱᠢᠶᠡᠷᠡᠭᠡᠳ᠂ ᠲᠥᠯᠥᠪᠯᠡᠭᠡ ᠪᠠ ᠲᠥᠰᠦᠪ᠎ᠢ ᠬᠢᠨᠠᠨ ᠪᠠᠢᠴᠠᠭᠠᠵᠤ ᠵᠥᠪᠱᠢᠶᠡᠷᠡᠪᠡ᠃ ᠲᠥᠯᠥᠭᠡᠯᠡᠭ᠌ᠴᠢᠳ ᠡᠴᠡ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠠᠮᠵᠢᠯᠲᠠ ᠪᠦᠲᠦᠮᠵᠢ᠎ᠶ᠋ᠢ ᠳ᠋ᠦᠩᠨᠡᠬᠦ᠌᠎ᠳᠡᠭᠡᠨ ᠦᠨᠡᠨ᠎ᠡᠴᠡ ᠵᠥᠪ᠎ᠢ ᠡᠷᠢᠵᠦ᠍᠂ ᠪᠠᠢᠳᠠᠯ᠎ᠢ ᠵᠠᠳᠠᠯᠤᠭᠰᠠᠨ ᠨᠢ ᠪᠤᠰᠤᠳᠴᠢ ᠪᠥᠭᠡᠳ ᠣᠨᠣᠪᠴᠢᠲᠠᠶ᠂ ᠬᠠᠷᠠᠯᠲᠠᠲᠣᠭ᠍ᠲᠠᠭᠠᠭ᠍ᠰᠠᠨᠨᠢ ᠱᠢᠨᠵᠢᠯᠡᠬᠦ᠌ ᠤᠬᠠᠭᠠᠨᠴᠢ ᠪᠥᠭᠡᠳ ᠵᠦᠶ ᠵᠣᠬᠢᠰᠲᠠᠶ᠂ ᠳᠤᠷᠠᠳᠤᠭ᠍ᠰᠠᠨ ᠠᠷᠭ᠎ᠠ ᠬᠡᠮᠵᠢᠶ᠎ᠡ᠎ᠨᠢ ᠦᠨᠡᠨ ᠬᠦ᠌ ᠬᠡᠷᠡᠭ᠌ᠵᠢᠭᠦᠯᠦᠭᠦᠱᠢᠲᠡᠶ᠂ ᠭᠤᠤᠯ ᠰᠡᠳᠦᠪ᠎ᠨᠢ ᠢᠯᠡ ᠲᠣᠳᠣ᠂ ᠬᠠᠷᠢᠭᠤᠴᠠᠯᠭ᠎ᠠ ᠡᠭᠦᠷᠭᠡᠯᠡᠨ ᠤᠷᠤᠭ᠍ᠰᠢᠯᠠᠨ ᠳᠠᠪᠱᠢᠭ᠍ᠰᠠᠨ᠂ ᠪᠦᠯᠬᠦᠮᠳᠡᠭᠦᠯᠦᠨ ᠨᠢᠭᠲᠠᠷᠠᠭᠤᠯᠵᠤ ᠵᠣᠷᠢᠭ᠎ᠢ ᠬᠥᠪᠴᠢᠯᠡᠭ᠌ᠰᠡᠨ ᠰᠠᠢᠨ ᠢᠯᠡᠳᠭᠡᠯ ᠪᠣᠯᠵᠠᠢ ᠭᠡᠵᠦ᠍ ᠦᠵᠡᠵᠡᠭᠡᠪᠡ᠃ ᠶᠡᠬᠡ ᠬᠤᠷᠠᠯ᠎ᠡᠴᠡ ᠲᠥᠯᠥᠭᠡᠯᠡᠭ᠌ᠴᠢᠳ᠎ᠦᠨ ᠬᠠᠤᠯᠢ᠎ᠳᠤ ᠵᠠᠰᠠᠪᠤᠷᠢ ᠣᠷᠣᠭᠤᠯᠬᠤ ᠲᠤᠬᠠᠶ ᠲᠣᠭ᠍ᠲᠠᠭᠠᠯ᠎ᠢ ᠬᠢᠨᠠᠨ ᠵᠥᠪᠯᠡᠵᠦ᠍ ᠪᠠᠲᠤᠯᠠᠪᠠ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠠᠵᠢᠯ᠎ᠤᠨ ᠦᠶ᠋ᠯᠡᠳᠦᠯᠭᠡ᠎ᠶ᠋ᠢᠨ ᠲᠤᠷᠱᠢᠯᠭ᠎ᠠ ᠪᠣᠯᠤᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠭᠦᠨᠵᠡᠭᠡᠶ ᠳ᠋ᠦᠩᠨᠡᠵᠦ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠠᠵᠢᠯ᠎ᠢ ᠳᠦᠷᠢᠮᠵᠢᠭᠦᠯᠬᠦ᠌᠂ ᠵᠢᠷᠤᠮᠵᠢᠭᠤᠯᠬᠤ᠂ ᠲᠠᠰ ᠲᠠᠷᠠᠭᠠᠯᠠᠯᠵᠢᠭᠤᠯᠬᠤ ᠲᠦᠪᠱᠢᠨ᠎ᠢ ᠳᠡᠭᠡᠭ᠌ᠰᠢᠯᠡᠭᠦᠯᠬᠦ᠌᠎ᠳᠦ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠶᠡᠬᠡ ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠥᠩᠭᠡᠷᠡᠭ᠌ᠰᠡᠨ ᠨᠢᠭᠡ ᠵᠢᠯ᠎ᠳᠦ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠡᠯ᠎ᠡ ᠵᠦᠢᠯ᠎ᠦᠨ ᠠᠵᠢᠯ ᠱᠢᠨ᠎ᠡ ᠠᠬᠢᠴᠠ ᠪᠠ ᠦᠷ᠎ᠡ ᠪᠦᠲᠦᠮᠵᠢ ᠣᠯᠤᠭ᠍ᠰᠠᠨ᠎ᠢ ᠭᠦᠢᠴᠡᠳ ᠨᠤᠲᠠᠯᠠᠪᠠ᠃ ᠶᠡᠬᠡ ᠬᠤᠷᠠᠯ᠎ᠤᠨ ᠠᠮᠵᠢᠯᠲᠠ ᠤᠯᠤᠭᠰᠠᠨ ᠨᠢ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠦᠷᠭᠦᠯᠵᠢᠯᠡᠨ ᠲᠡᠮᠡᠴᠡᠵᠦ᠍᠂ ᠡᠷᠡᠮᠡᠬᠡᠢᠯᠡᠨ ᠤᠷᠤᠭ᠍ᠰᠢᠯᠠᠵᠤ᠂ 2025 ᠣᠨ᠎ᠤ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠵᠦ᠍᠂ ᠱᠢᠨ᠎ᠡ ᠠᠶᠠᠨ᠎ᠳᠠᠭᠠᠨ ᠱᠢᠨ᠎ᠡ ᠡᠭᠦᠷᠭᠡᠯᠡᠯ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠤᠭᠰᠠᠨ ᠪᠠᠢᠨ᠎ᠠ᠃
ᠣᠳᠣᠬᠠᠨ᠎ᠳᠤ᠂ ᠮᠠᠨ᠎ᠤ ᠤᠯᠤᠰ᠎ᠤᠨ ᠬᠥᠭ᠌ᠵᠢᠯᠲᠡ᠎ᠳᠦ ᠭᠠᠳᠠᠭᠠᠳᠤ ᠣᠷᠴᠢᠨ ᠨᠥᠬᠥᠴᠡᠯ᠎ᠦᠨ ᠲᠣᠭ᠍ᠲᠠᠭᠠᠯᠲᠦ ᠪᠤᠰᠤ ᠴᠢᠨᠠᠷ᠎ᠤᠨ ᠦᠷᠢᠰᠦᠯᠳᠦᠭᠡᠨ ᠣᠷᠣᠱᠢᠵᠤ ᠪᠠᠢᠬᠤ ᠮᠥᠷᠲᠡᠭᠡᠨ ᠪᠠᠰᠠ ᠱᠢᠨ᠎ᠡ ᠬᠠᠭᠤᠴᠢᠨ ᠬᠥᠳᠡᠯᠭᠡᠬᠥ ᠡᠨᠧᠷᠭᠢ᠎ᠶ᠋ᠢᠨ ᠰᠣᠯᠢᠭ᠍ᠳᠠᠯ᠎ᠤᠨ ᠳᠠᠷᠤᠯᠲᠠ᠎ᠳᠤ ᠲᠤᠯᠭᠠᠷᠠᠵᠤ ᠪᠠᠢᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠴᠢᠨᠠᠷ ᠰᠠᠢᠲᠠᠶ ᠪᠡᠶᠡᠯᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠪᠠᠲᠤ ᠰᠠᠭᠤᠷᠢᠲᠠᠯᠪᠢᠬᠤᠳᠦ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠬᠡ ᠪᠠᠢᠨ᠎ᠠ᠃ ᠪᠠᠢᠳᠠᠯ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠣᠯᠬᠤ ᠲᠤᠳᠤᠮ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠤᠯᠠᠮ ᠢᠯᠡᠭᠦᠦ ᠨᠢᠭᠡᠳᠭᠡᠵᠦ᠍᠂ ᠬᠠᠷᠠᠯᠲᠠ᠎ᠪᠠᠨ ᠴᠢᠩᠭ᠎ᠠ ᠡᠵᠡᠮᠳᠡᠨ᠂ ᠵᠣᠷᠢᠭ᠍ᠲᠠᠢ ᠲᠡᠮᠡᠴᠡᠵᠦ ᠵᠣᠷᠢᠭ᠍ᠲᠠᠢ ᠬᠢᠵᠦ᠍ ᠪᠣᠳᠠᠲᠠᠢ ᠠᠵᠢᠯᠯᠠᠨ᠂ ᠬᠤᠷᠠᠯ᠎ᠤᠨ ᠵᠣᠷᠢᠭ ᠰᠠᠨᠠᠭ᠎ᠠ᠎ᠶ᠋ᠢ ᠥᠭᠡᠷᠡᠴᠢᠯᠡᠯᠲᠡ᠎ᠶ᠋ᠢᠨ ᠪᠣᠳᠠᠲᠤ ᠦᠷ᠎ᠡ ᠪᠦᠲᠦᠮᠵᠢ᠂ ᠬᠥᠭ᠌ᠵᠢᠯᠲᠡ᠎ᠶ᠋ᠢᠨ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠬᠤ ᠬᠡᠷᠡᠭ᠌ᠲᠡᠢ᠃
ᠰᠠᠯᠬᠢ ᠪᠣᠷᠣᠭᠠᠨ᠎ᠤ ᠬᠠᠲᠠᠭᠤᠵᠢᠯ ᠳᠤᠮᠳᠠ ᠦᠰᠦᠨ ᠪᠣᠢᠵᠢᠵᠤ᠂ ᠰᠢᠯᠭᠠᠯᠲᠠ᠎ᠶᠢ ᠳᠤᠭᠤᠯᠬᠤ ᠳᠤᠮᠳᠠ ᠬᠦᠭᠵᠢᠨ ᠪᠤᠵᠠᠭᠠᠢᠷᠠᠵᠤ᠂ ᠪᠢᠳᠡ ᠵᠠᠪᠠᠯ ᠢᠯᠠᠯᠲᠠ ᠣᠯᠬᠤ ᠢᠲᠡᠭᠡᠯ ᠵᠣᠷᠢᠭ᠋᠎ᠢᠶᠠᠨ ᠨᠠᠩ ᠪᠠᠲᠤᠳᠬᠠᠪᠠ᠃ ᠥᠩᠭᠡᠷᠡᠭᠰᠡᠨ ᠨᠢᠭᠡ ᠵᠢᠯ᠎ᠳᠦ ᠤᠯᠠᠨ ᠳᠠᠪᠬᠤᠷ ᠬᠦᠴᠢᠷᠳᠡᠯ ᠥᠷᠢᠰᠦᠯᠳᠦᠭᠡᠨ᠎ᠦ ᠡᠮᠦᠨ᠎ᠡ ᠮᠠᠨ᠎ᠤ ᠤᠯᠤᠰ᠎ᠤᠨ ᠠᠵᠤ ᠠᠬᠤᠢ᠎ᠶᠢᠨ ᠶᠡᠷᠦᠩᠬᠡᠢ ᠬᠡᠮᠵᠢᠶ᠎ᠡ ᠠᠩᠬ᠎ᠠ ᠤᠳᠠᠭ᠎ᠠ 130 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠨᠡᠮᠡᠭᠳᠡᠯ᠎ᠦᠨ ᠬᠤᠷᠳᠤᠴᠠ ᠨᠢ ᠳᠡᠯᠡᠬᠡᠢ᠎ᠶᠢᠨ ᠭᠣᠣᠯ ᠪᠣᠯᠬᠤ ᠠᠵᠤ ᠠᠬᠤᠢ᠎ᠶᠢᠨ ᠴᠣᠭᠴᠠ᠎ᠶᠢᠨ ᠡᠮᠦᠨ᠎ᠡ ᠡᠩᠨᠡᠭᠡᠨ᠎ᠳᠦ ᠣᠷᠣᠪᠠ᠃ ᠡᠨᠡ ᠨᠢ ᠮᠠᠨ᠎ᠤ ᠤᠯᠤᠰ᠎ᠤᠨ ᠬᠥᠭᠵᠢᠯᠲᠡ᠎ᠶᠢᠨ ᠬᠡᠪᠴᠢᠶ᠎ᠡ᠎ᠶᠢᠨ ᠳᠠᠪᠠᠭᠤᠯᠢᠭ᠋᠂ ᠵᠠᠬ᠎ᠠ ᠳᠡᠯᠭᠡᠭᠦᠷ᠎ᠦᠨ ᠳᠠᠪᠠᠭᠤᠯᠢᠭ᠋᠂ ᠴᠢᠳᠠᠪᠤᠷᠢᠲᠠᠨ᠎ᠤ ᠳᠠᠪᠠᠭᠤᠯᠢᠭ᠋᠂ ᠰᠢᠨ᠎ᠡ᠎ᠶᠢ ᠡᠭᠦᠳᠬᠦ ᠳᠠᠪᠠᠭᠤᠯᠢᠭ᠋᠎ᠢ ᠭᠦᠢᠴᠡᠳ ᠢᠯᠡᠷᠡᠭᠦᠯᠵᠦ᠂ ᠨᠠᠮ᠎ᠤᠨ ᠲᠥᠪ ᠬᠤᠷᠢᠶ᠎ᠠ᠎ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠭᠰᠠᠨ ᠤᠯᠤᠰ ᠲᠦᠷᠦ᠎ᠶᠢᠨ ᠳᠠᠪᠠᠭᠤᠯᠢᠭ᠋ ᠪᠠ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠋᠎ᠢ ᠨᠡᠩ ᠲᠣᠪᠣᠢᠮ᠎ᠠ ᠢᠯᠡᠷᠡᠭᠦᠯᠪᠡ᠃ ᠢᠷᠡᠭᠡᠳᠦᠢ᠎ᠳᠦ ᠬᠠᠨᠳᠤᠬᠤᠶ᠎ᠠ᠂ ᠴᠠᠭ᠂ ᠪᠠᠢᠳᠠᠯ᠂ ᠬᠠᠨᠳᠤᠰᠢ ᠴᠥᠮ ᠮᠠᠨ᠎ᠤ ᠲᠠᠯ᠎ᠠ᠎ᠳᠤ ᠪᠠᠢᠨ᠎ᠠ᠃ ᠢᠲᠡᠭᠡᠯ ᠵᠣᠷᠢᠭ᠋᠎ᠢᠶᠠᠨ ᠪᠠᠲᠤᠳᠬᠠᠵᠤ᠂ ᠪᠠᠢᠯᠳᠤᠬᠤ ᠪᠣᠳᠣᠯᠭ᠎ᠠ᠎ᠶᠢᠨ ᠲᠣᠭᠲᠠᠯ ᠬᠦᠴᠦᠨ᠎ᠢᠶᠡᠨ ᠪᠠᠲᠤᠯᠠᠵᠤ᠂ ᠤᠶᠤᠨ ᠤᠬᠠᠭᠠᠨ᠎ᠢᠶᠠᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠪᠡᠯ ᠯᠠᠪᠲᠠᠢ ᠬᠦᠴᠢᠷ᠎ᠢ ᠲᠤᠭᠤᠯᠤᠨ ᠪᠡᠷᠬᠡ᠎ᠶᠢ ᠳᠠᠪᠠᠵᠤ᠂ ᠪᠡᠷᠭᠡ ᠪᠠᠷᠲᠠᠭ᠎ᠠ ᠵᠢ ᠲᠤᠭᠤᠯᠵᠤ ᠴᠢᠳᠠᠨ᠎ᠠ᠃ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠭᠤᠯᠤᠯ ᠨᠢ ᠤᠯᠤᠰ᠎ᠤᠨ ᠬᠥᠭᠵᠢᠯᠲᠡ᠂ ᠠᠷᠠᠳ ᠲᠦᠮᠡᠨ᠎ᠦ ᠵᠣᠯ ᠵᠢᠷᠭᠠᠯ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢ ᠠᠬᠢᠭᠤᠯᠬᠤ ᠲᠡᠦᠬᠡᠨ ᠶᠠᠪᠤᠴᠠ᠎ᠳᠤ ᠯᠤᠲᠤ ᠶᠡᠬᠡ ᠤᠯᠤᠰ ᠲᠦᠷᠦ᠎ᠶᠢᠨ ᠳᠠᠪᠠᠭᠤᠯᠢᠭ᠋ ᠪᠠ ᠵᠣᠬᠢᠶᠠᠨ ᠪᠠᠢᠭᠤᠯᠤᠯᠲᠠ᠎ᠶᠢᠨ ᠦᠢᠯᠡᠳᠦᠯ᠎ᠢ ᠢᠯᠡᠷᠡᠭᠦᠯᠪᠡ᠃ ᠪᠠᠢᠭᠤᠯᠤᠯ᠎ᠤᠨ ᠢᠲᠡᠭᠡᠯ᠎ᠢᠶᠡᠨ ᠤᠯᠠᠮ ᠨᠢᠭᠡ ᠠᠯᠬᠤᠮ ᠪᠠᠲᠤᠳᠬᠠᠵᠤ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠂ ᠰᠠᠢᠲᠤᠷ ᠠᠵᠢᠯᠯᠠᠭᠤᠯᠪᠠᠯ ᠰᠢᠨ᠎ᠡ ᠴᠠᠭ ᠦᠶ᠎ᠡ ᠰᠢᠨ᠎ᠡ ᠠᠶᠠᠨ᠎ᠳᠤ ᠨᠠᠮ ᠪᠣᠯᠣᠨ ᠠᠷᠠᠳ ᠲᠦᠮᠡᠨ᠎ᠦ ᠲᠡᠮᠡᠴᠡᠬᠦ ᠬᠠᠷᠠᠯᠲᠠ᠎ᠶᠢ ᠪᠡᠶᠡᠯᠡᠭᠦᠯᠬᠦ᠎ᠳᠦ ᠪᠠᠲᠤ ᠪᠡᠬᠢ ᠳᠦᠷᠢᠮ᠎ᠦᠨ ᠪᠠᠲᠤᠯᠠᠭ᠎ᠠ ᠬᠠᠩᠭᠠᠵᠤ ᠴᠢᠳᠠᠨ᠎ᠠ᠃
ᠪᠣᠳᠠᠲᠠᠢ ᠠᠵᠢᠯᠯᠠᠪᠠᠯ ᠰᠠᠶᠢ ᠤᠯᠤᠰ᠎ᠢᠶᠠᠨ ᠮᠠᠨᠳᠤᠭᠤᠯᠵᠤ ᠴᠢᠳᠠᠨ᠎ᠠ᠂ ᠴᠢᠷᠮᠠᠢᠨ ᠲᠡᠮᠡᠴᠡᠪᠡᠯ ᠰᠠᠶᠢ ᠤᠯᠤᠰ᠎ᠢᠶᠠᠨ ᠬᠦᠴᠦᠷᠬᠡᠭᠵᠢᠭᠦᠯᠵᠦ ᠴᠢᠳᠠᠨ᠎ᠠ᠃ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠲᠠᠮᠢᠷᠴᠢᠳ ᠳᠠᠪᠲᠠᠭᠳᠠᠨ ᠪᠣᠯᠪᠠᠰᠤᠷᠠᠭᠠᠳ ᠬᠥᠮᠥᠨ᠎ᠢ ᠰᠣᠴᠢᠭᠠᠮ᠎ᠠ ᠠᠮᠵᠢᠯᠲᠠ ᠪᠦᠲᠦᠮᠵᠢ ᠣᠯᠣᠭᠰᠠᠨ᠎ᠡᠴᠡ ᠭᠠᠪᠢᠶ᠎ᠡ ᠵᠢᠳᠭᠦᠯ ᠲᠠᠢ ᠵᠢᠱ᠌ᠢᠶᠡᠴᠢ ᠤᠯᠠᠨ ᠵᠢᠯ᠎ᠤᠨ ᠪᠡᠷᠢᠮᠲᠠᠯᠠᠯᠵᠢᠡᠷ ᠶᠡᠷᠦ ᠪᠤᠰᠤ᠎ᠵᠢᠨ ᠠᠮᠵᠢᠯᠲᠠ ᠪᠦᠲᠦᠮᠵᠢ ᠤᠯᠤᠭᠰᠠᠨ ᠬᠦᠷᠲᠡᠯ᠎ᠡ᠂ ᠲᠦᠭ ᠲᠦᠮᠡᠨ ᠲᠠᠷᠢᠶᠠᠴᠢᠨᠪ ᠰᠢᠷᠭᠠᠭᠤ ᠬᠠᠲᠠᠭᠤᠵᠢᠯᠲᠠᠢ ᠬᠥᠳᠡᠯᠮᠦᠷᠢᠪᠡᠷᠳᠠᠮᠵᠢᠨ ᠠᠮᠤ ᠪᠤᠳᠠᠭᠠᠨ᠎ᠤ ᠦᠢᠯᠡᠳᠪᠦᠷᠢᠯᠡᠯ 《ᠬᠣᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠤᠭᠰᠠᠨ》᠎ᠡᠴᠡ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯᠲᠠᠳ ᠰᠢᠷᠭᠠᠭᠤ ᠬᠠᠲᠠᠭᠤᠵᠢᠯᠲᠠᠢ ᠪᠠᠷ ᠦᠢᠯᠡᠰ ᠪᠣᠰᠬᠠᠬᠤ᠎ᠪᠠᠷ ᠳᠠᠮᠵᠢᠨ ᠳᠡᠯᠡᠬᠡᠢ᠎ᠶᠢᠨ ᠲᠦᠷᠦᠯ ᠲᠡᠮᠳᠡᠭ᠎ᠢ ᠡᠭᠦᠳᠦᠭᠰᠡᠨ ᠬᠦᠷᠲᠡᠯ᠎ᠡ᠂ ᠬᠦᠰᠡᠯ ᠵᠡᠭᠦᠳᠦ᠎ᠪᠡᠨ ᠪᠡᠶᠡᠯᠡᠭᠦᠯᠬᠦ᠎ᠳᠦ ᠳᠥᠭᠥᠮ ᠳᠥᠲᠡ ᠵᠠᠮ ᠭᠡᠵᠦ ᠪᠠᠢᠬᠤ ᠦᠭᠡᠢ᠂ ᠭᠠᠭᠴᠠ ᠬᠦ᠌ ᠪᠣᠳᠠᠲᠠᠢ ᠠᠵᠢᠯᠯᠠᠬᠤ ᠬᠡᠷᠡᠭᠲᠡᠢ ᠭᠡᠳᠡᠭ᠎ᠢ ᠦᠢᠯᠡᠳᠦᠯᠭᠡ ᠠᠮᠢᠳᠤᠯᠢᠭ᠋᠎ᠢᠶᠠᠷ ᠲᠣᠳᠣᠷᠬᠠᠢᠯᠠᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠰᠢᠢᠳᠪᠦᠷᠢᠲᠦ ᠢᠯᠠᠯᠲᠠ᠎ᠶᠢ ᠣᠯᠬᠤ᠎ᠳᠤ ᠪᠢᠳᠡ 《ᠶᠠᠪᠤᠳᠠᠯ ᠤᠴᠢᠷ ᠪᠦᠲᠦᠬᠦ ᠤᠢᠷᠠᠳᠬᠤ ᠳᠤᠲᠤᠮ ᠤᠯᠠᠮ ᠬᠢᠨᠠᠮᠠᠭᠠᠢ ᠪᠠᠢᠬᠤ》 ᠰᠡᠷᠭᠡᠭ ᠪᠠᠢᠳᠠᠯ᠎ᠢᠶᠠᠨ ᠪᠠᠲᠤᠯᠠᠵᠤ᠂ 《 ᠵᠤᠷᠢᠭᠰᠠᠨ ᠳ᠋ᠠᠭᠠᠨ ᠬᠦᠷᠬᠦ ᠦᠭᠡᠢ ᠪᠤᠯ ᠵᠤᠭᠰᠤᠬᠤ ᠦᠭᠡᠢ 》 ᠬᠠᠳᠠᠨ ᠵᠣᠷᠢᠭ᠋᠎ᠢᠶᠠᠨ ᠳᠠᠪᠲᠠᠨ ᠪᠣᠯᠪᠠᠰᠤᠷᠠᠭᠤᠯᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ᠎ᠪᠠᠷ ᠠᠵᠢᠯᠯᠠᠵᠤ᠂ ᠪᠦᠬᠦ ᠵᠢᠯ᠎ᠦᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠠᠷᠠᠯᠲᠠ ᠡᠭᠦᠷᠭᠡ᠎ᠪᠡᠨ ᠴᠢᠷᠮᠠᠢᠨ ᠪᠡᠶᠡᠯᠡᠭᠦᠯᠬᠦ ᠬᠡᠷᠡᠭᠲᠡᠢ᠃ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶᠢᠨ ᠬᠣᠷᠢᠶ᠎ᠠ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠲᠠᠢ ᠨᠢᠭ᠍ᠲᠠ ᠤᠶᠠᠯᠳᠤᠭᠤᠯᠤᠨ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠣᠭᠰᠠᠨ ᠲᠤᠰᠢᠶᠠᠯ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠬᠡᠵᠦ᠂ ᠰᠢᠨᠵᠢᠯᠡᠬᠦ ᠤᠬᠠᠭᠠᠨᠴᠢ᠎ᠪᠠᠷ ᠬᠠᠤᠯᠢ ᠲᠣᠭᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ᠎ᠶᠢ ᠭᠦᠨᠵᠡᠭᠡᠢ ᠠᠬᠢᠭᠤᠯᠵᠤ᠂ ᠬᠢᠨᠠᠯᠲᠠ ᠲᠠᠯᠪᠢᠬᠤ ᠠᠵᠢᠯ᠎ᠤᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ᠎ᠢ ᠤᠯᠠᠮ ᠨᠢᠭᠡ ᠠᠯᠬᠤᠮ ᠴᠢᠩᠭᠠᠳᠬᠠᠪᠠᠯ ᠴᠢᠨᠠᠷ ᠰᠠᠢᠲᠠᠢ ᠬᠥᠭᠵᠢᠯᠲᠡ᠎ᠳᠦ ᠪᠠᠲᠤ ᠴᠢᠩᠭ᠎ᠠ ᠬᠠᠤᠯᠢ᠎ᠪᠠᠷ ᠵᠠᠰᠠᠬᠤ ᠪᠠᠲᠤᠯᠠᠭ᠎ᠠ ᠬᠠᠩᠭᠠᠵᠤ ᠴᠢᠳᠠᠬᠤ ᠨᠢ ᠯᠠᠪᠲᠠᠢ ᠶᠤᠮ᠃
ᠶᠡᠷᠦᠩᠬᠡᠶ ᠱᠦᠵᠢ ᠰᠢ ᠵᠢᠨ ᠫᠢᠩ᠄ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠠᠶᠠᠨ᠎ᠳᠤ ᠬᠥᠮᠦᠨ ᠨᠢᠭᠡᠪᠦᠷᠢ ᠴᠥᠮ ᠭᠤᠤᠯ ᠪᠠᠭᠠᠲᠤᠷ ᠪᠤᠯᠵᠤ᠂ ᠬᠤᠪᠢ ᠨᠡᠮᠡᠷᠢ ᠨᠢᠭᠡᠪᠦᠷᠢ ᠨᠢ ᠴᠥᠮ ᠡᠷᠬᠢᠮ ᠨᠠᠨᠳᠢᠨ ᠪᠠᠢᠵᠤ᠂ ᠵᠤᠷᠪᠤᠰ ᠵᠤᠷᠪᠤᠰ ᠬᠡᠷᠡᠯ ᠭᠢᠯᠪᠠᠭ᠎ᠠ ᠰᠠᠴᠤᠷᠠᠵᠤ ᠪᠠᠢᠳᠠᠭ》 ᠭᠡᠵᠤ ᠵᠢᠭᠠᠵᠤ ᠭᠠᠷᠭᠠᠪᠠ᠃ ᠤᠷᠤᠭ᠍ᠰᠢᠯᠠᠯᠲᠠ᠎ᠶ᠋ᠢᠨ ᠵᠠᠮ ᠳᠡᠭᠡᠷ᠎ᠡ ᠡᠷᠬᠡᠪᠰᠢ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠭᠣᠣᠯ ᠴᠣᠭ᠍ᠴᠠ᠎ᠶ᠋ᠢᠨ ᠪᠠᠢᠷᠢ ᠰᠠᠭᠤᠷᠢ ᠪᠣᠯᠤᠨ ᠡᠭᠦᠳᠦᠨ ᠪᠦᠲᠦᠭᠡᠬᠦ᠌ ᠵᠣᠷᠢᠭ ᠰᠠᠨᠠᠭ᠎ᠠ᠎ᠶ᠋ᠢ ᠭᠦᠢᠴᠡᠳ ᠬᠦᠨᠳᠦᠳᠭᠡᠵᠦ᠍᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌ ᠳᠦᠷᠢᠮ᠎ᠦᠨ ᠱᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠍᠂ ᠲᠦᠭ ᠲᠦᠮᠡᠨ ᠠᠷᠠᠳ ᠲᠦᠮᠡᠨ᠎ᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠬᠥᠭ᠌ᠵᠢᠭᠡᠬᠦ᠌ ᠬᠡᠷᠡᠭ᠌ᠲᠡᠢ᠃ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠤ᠋ᠨ ᠪᠦᠬᠦ᠌ ᠶᠠᠪᠤᠴᠠ᠎ᠵᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠬᠦ᠌᠂ ᠠᠷᠠᠳ ᠲᠦᠮᠡᠨ᠎ᠦ ᠡᠵᠡᠨ ᠰᠠᠭᠤᠵᠤ ᠡᠷᠬᠡ ᠮᠡᠳᠡᠬᠦ᠌᠎ᠶ᠋ᠢ ᠪᠠᠲᠤᠯᠠᠬᠤ ᠢᠯᠡᠳᠲᠡ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠠᠷᠠᠳ ᠤᠯᠠᠨ᠎ᠤ ᠰᠠᠨᠠᠯ ᠰᠠᠨᠠᠭᠤᠯᠭ᠎ᠠ᠎ᠶ᠋ᠢ ᠰᠣᠨᠣᠰᠴᠤ᠌᠂ ᠠᠷᠠᠳ ᠤᠯᠠᠨ᠎ᠯᠤᠭ᠎ᠠ᠎ᠶ᠋ᠢᠨ ᠨᠢᠭ᠍ᠲᠠ ᠬᠠᠷᠢᠯᠴᠠᠭ᠎ᠠ᠎ᠶ᠋ᠢ ᠪᠠᠲᠤᠯᠠᠵᠤ᠂ ᠤᠬᠠᠮᠰᠠᠷ᠎ᠡᠴᠡ ᠪᠠᠨ ᠠᠷᠭ᠎ᠠ ᠪᠤᠳᠤᠯᠭ᠎ᠠ᠎ᠶ᠋ᠢ ᠠᠷᠠᠳ᠎ᠡᠴᠡ ᠠᠰᠠᠭᠤᠵᠤ᠂ ᠬᠡᠷᠡᠭ᠌ᠴᠡᠭᠡ ᠱᠠᠭᠠᠷᠳᠠᠯᠭ᠎ᠠ᠎ᠶ᠋ᠢ ᠠᠷᠠᠳ᠎ᠡᠴᠡ ᠠᠰᠠᠭᠤᠪᠠᠯ ᠪᠦᠬᠦ᠌ ᠠᠷᠠᠳ ᠲᠦᠮᠡᠨ᠎ᠦ ᠬᠦᠴᠦᠨ ᠴᠢᠳᠠᠯ᠎ᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠳᠡᠭᠡᠷ᠎ᠡ ᠨᠡᠩ ᠪᠦᠲᠦᠮᠵᠢᠲᠡᠢ ᠨᠢᠭ᠍ᠲᠠᠷᠠᠭᠤᠯᠬᠤ ᠨᠢ ᠯᠠᠪᠲᠠᠢ ᠶᠤᠮ᠃
ᠪᠦᠯᠬᠦᠮᠳᠡᠨ ᠨᠢᠬᠳᠠᠷᠠᠵᠤ ᠬᠥᠭ᠌ᠵᠢᠯᠲᠡ᠎ᠶ᠋ᠢ ᠡᠷᠢᠯᠬᠢᠯᠡᠵᠦ᠍᠂ ᠤᠮᠤᠭ ᠵᠤᠷᠢᠭ ᠪᠠᠳᠠᠷᠠᠨᠭᠭᠤᠢ ᠪᠡᠷ ᠢᠷᠡᠭᠡᠳᠦᠢ ᠵᠦᠭ ᠡᠷᠡᠮᠡᠬᠡᠢᠯᠡᠨ ᠤᠷᠤᠭ᠍ᠰᠢᠯᠠᠨ᠎ᠠ᠃ ᠰᠡᠬᠦᠯ ᠬᠤᠷᠢᠶᠠᠬᠤ ᠵᠢᠯ᠎ᠳᠦ ᠵᠢᠱ᠌ᠢᠭ᠌ᠰᠡᠨ ᠬᠠᠷᠠᠯᠲᠠ᠎ᠪᠠᠨ ᠪᠡᠶᠡᠯᠡᠭᠦᠯᠬᠦ᠌᠎ᠳᠦ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠥᠨᠳᠥᠷ ᠪᠠᠢᠵᠤ᠂ ᠡᠷᠬᠡᠪᠰᠢ ᠴᠠᠭ ᠮᠥᠴᠨ ᠲᠠᠢ ᠤᠷᠤᠯᠳᠤᠬᠤ ᠵᠣᠷᠢᠭ ᠰᠠᠨᠠᠭ᠎ᠠ᠎ᠪᠠᠷ ᠴᠠᠭ ᠮᠥᠴᠡ᠎ᠶ᠋ᠢ ᠠᠯᠳᠠᠯ ᠦᠭᠡᠢ ᠲᠡᠮᠡᠴᠡᠬᠦ᠌ ᠠᠵᠢᠯᠯᠠᠭ᠎ᠠ᠎ᠪᠠᠷ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠬᠤ ᠬᠡᠷᠡᠭ᠌ᠲᠡᠢ᠃ ᠴᠠᠭ ᠬᠥᠮᠦᠨ᠎ᠢ ᠬᠦᠯᠢᠶᠡᠬᠦ᠌ ᠦᠭᠡᠢ᠂ ᠲᠡᠦᠬᠡ ᠬᠥᠮᠦᠨ᠎ᠢ ᠬᠦᠯᠢᠶᠡᠬᠦ᠌ ᠦᠭᠡᠢ᠃ ᠪᠢᠳᠡ ᠪᠦᠬᠦᠳᠡᠭᠡᠷ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠵᠦ᠍᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠬᠰᠡᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠪᠦᠯᠬᠦᠮᠳᠡᠨ ᠲᠡᠮᠡᠴᠡᠵᠦ᠍᠂ ᠡᠷᠡᠮᠡᠬᠡᠢᠯᠡᠨ ᠤᠷᠤᠭ᠍ᠰᠢᠯᠠᠵᠤ᠂ ᠠᠯᠬᠤᠮ ᠠᠯᠬᠤᠮ᠎ᠢᠶᠠᠷ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢᠨ ᠠᠸ᠋ᠭ᠎ᠠ ᠲᠥᠰᠦᠪ᠎ᠢ ᠰᠠᠢᠨ ᠰᠠᠢᠬᠠᠨ ᠪᠣᠳᠠᠲᠤ ᠠᠬᠤᠶ ᠪᠣᠯᠭᠠᠨ ᠬᠤᠪᠢᠷᠠᠭᠤᠯᠤᠶ᠎ᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)