ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠥᠩᠭᠡᠨ ᠲᠠᠯ᠎ᠠ᠎ᠡᠴᠡ ᠵᠠᠰᠠᠵᠤ ᠪᠠᠢᠭ᠍ᠰᠠᠨ᠎ᠢ ᠦᠨᠳᠦᠰᠦᠨ᠎ᠡᠴᠡ᠎ᠨᠢ ᠵᠠᠰᠠᠬᠤ ᠲᠡᠢᠰᠢ ᠭᠦᠨᠵᠡᠭᠡᠢᠷᠡᠬᠦ ᠵᠢ ᠠᠬᠢᠭᠤᠯᠤᠨ᠎ᠠ
2025-03-12 17:44:49
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

《ᠰᠤᠷᠤᠯᠴᠠᠯᠭ᠎ᠠ ᠬᠢᠭᠡᠳ ᠰᠤᠳᠤᠯᠤᠯ》 ᠰᠡᠳᠬᠦᠯ ᠰᠦᠨ ᠱᠤᠤ ᠴᠧᠩ᠎ᠦᠨ ᠨᠡᠷ᠎ᠡ ᠬᠠᠳᠠᠭ᠍ᠰᠠᠨ ᠵᠣᠬᠢᠶᠠᠯ ᠢ᠋ ᠨᠡᠢᠳᠡᠯᠡᠪᠡ


ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠥᠩᠭᠡᠨ ᠲᠠᠯ᠎ᠠ᠎ᠡᠴᠡ ᠵᠠᠰᠠᠵᠤ ᠪᠠᠢᠭ᠍ᠰᠠᠨ᠎ᠢ ᠦᠨᠳᠦᠰᠦᠨ᠎ᠡᠴᠡ᠎ᠨᠢ ᠵᠠᠰᠠᠬᠤ ᠲᠡᠢᠰᠢ ᠭᠦᠨᠵᠡᠭᠡᠢᠷᠡᠬᠦ ᠵᠢ ᠠᠬᠢᠭᠤᠯᠤᠨ᠎ᠠ


                         ᠰᠦᠨ ᠱᠤᠤ ᠴᠧᠩ


ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠨᠡᠩ ᠲᠤᠪᠤᠢ᠌ᠮ᠎ᠠ ᠪᠠᠢᠷᠢᠨ᠎ᠳᠤ ᠲᠠᠯᠪᠢᠵᠤ᠂ ᠨᠠᠮ᠎ᠤᠨ ᠲᠡᠦᠬᠡᠨ ᠳᠡᠭᠡᠷ᠎ᠡ ᠠᠩᠬ᠎ᠠ ᠤᠳᠠᠭ᠎ᠠ ᠲᠤᠰᠭᠠᠢ ᠠᠵᠢᠯ᠎ᠤᠨ ᠲᠣᠭ᠍ᠲᠡᠴᠡ᠎ᠶ᠋ᠢ ᠪᠠᠢᠭᠤᠯᠵᠤ᠂ ᠨᠠᠮ᠎ᠤᠨ ᠳᠣᠲᠣᠭᠠᠳᠤ᠎ᠶ᠋ᠢᠨ ᠲᠤᠰᠭᠠᠢ ᠬᠠᠤᠯᠢ ᠲᠣᠭ᠍ᠲᠠᠭᠠᠯ᠎ᠢ ᠲᠣᠭ᠍ᠲᠠᠭᠠᠪᠠ᠃ ᠶᠡᠷᠦᠩᠬᠡᠢ ᠱᠦᠵᠢ ᠰᠢ ᠵᠢᠨ ᠫᠢᠩ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠵᠢᠨ ᠲᠤᠭᠤᠷᠢᠨ ᠳ᠋ᠤ ᠠᠯᠢ ᠤᠯᠠᠨ ᠴᠢᠬᠤᠯᠠ ᠥᠭᠦᠯᠡᠯᠲᠡ ᠨᠡᠢᠳᠡᠯᠡᠵᠤ᠂ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶᠠᠨ᠎ᠳᠠᠭᠠᠨ ᠬᠡᠯᠪᠡᠷᠢᠴᠢ ᠦᠵᠡᠯ᠎ᠢ ᠡᠰᠡᠷᠭᠦᠴᠡᠬᠦ ᠪᠠ ᠢᠯᠠᠨ ᠳᠠᠪᠠᠬᠤ ᠵᠢ ᠡᠷᠡᠰ ᠭᠤᠢᠪᠢᠰᠢ ᠦᠬᠡᠢ ᠪᠠᠷᠢᠮᠳᠠᠯᠠᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠦᠨᠡᠨ ᠬᠦ᠌ ᠬᠥᠩᠭᠡᠷᠡᠭᠦᠯᠬᠦ᠌ ᠬᠡᠷᠡᠭ᠌ᠲᠡᠢ ᠭᠡᠵᠦ᠍ ᠣᠯᠠᠨᠲᠠ ᠵᠠᠬᠢᠪᠠ᠃ ᠥᠪᠥᠷ ᠮᠣᠩᠭᠣᠯ ᠤ᠋ᠨ ᠬᠢᠨ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ 《ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠲᠣᠭ᠍ᠲᠠᠭᠠᠯ᠎ᠤᠳ》 ᠢ᠋ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠡᠭᠡᠷ᠎ᠠ ᠱᠠᠲᠤ᠎ᠨᠢ ᠳᠤᠤᠷ᠎ᠠ ᠱᠠᠲᠤ᠎ᠪᠠᠨ ᠳᠠᠭᠠᠭᠤᠯᠤᠨ ᠠᠰᠠᠭᠤᠳᠠᠯ᠎ᠢ ᠰᠠᠢᠵᠢᠷᠠᠭᠤᠯᠵᠤ᠂ ᠶᠣᠰᠣ ᠲᠦᠷᠢᠮ ᠲᠣᠭ᠍ᠲᠠᠭᠠᠵᠤ᠂ 《ᠳᠠᠷᠤᠭᠠᠰᠤ᠎ᠶ᠋ᠢ ᠬᠥᠩᠭᠡᠷᠡᠭᠦᠯᠬᠦ᠌᠂ ᠬᠦᠴᠦᠨ ᠣᠯᠭᠣᠬᠤ᠂ ᠬᠦᠴᠢᠷᠳᠡᠯ᠎ᠢ ᠱᠢᠶ᠋ᠳᠪᠦᠷᠢᠯᠡᠬᠦ᠌᠂ ᠠᠬᠢᠭᠤᠯᠬᠤ》᠎ᠶ᠋ᠢ ᠨᠢᠭᠡ ᠴᠣᠭ᠍ᠴᠠᠵᠢᠭᠤᠯᠤᠨ ᠰᠠᠢᠲᠤᠷ ᠠᠳᠭᠤᠵᠤ᠂ ᠢᠳᠡᠪᠬᠢᠲᠡᠶ ᠦᠷ᠎ᠡ ᠪᠦᠲᠦᠮᠵᠢ ᠤᠯᠪᠠ᠃

ᠳᠠᠷᠤᠭᠠᠰᠤ᠎ᠶ᠋ᠢ ᠬᠥᠩᠭᠡᠷᠡᠭᠦᠯᠬᠦ — ᠦᠨᠳᠦᠰᠦᠨ ᠱᠠᠲᠤᠨ᠎ᠤ ᠢᠯᠡᠭᠦᠴᠡ ᠡᠭᠦᠷᠭᠡᠯᠡᠵᠤ ᠪᠠᠢᠬᠰᠠᠨ 《ᠲᠡᠭᠡᠭᠡᠷ᠎ᠡ》 ᠵᠢ ᠠᠪᠴᠤ ᠬᠠᠶᠠᠪᠠ

ᠶᠡᠷᠦᠩᠬᠡᠢ ᠱᠦᠵᠢ ᠰᠢ ᠵᠢᠨ ᠫᠢᠩ᠂ 《ᠬᠡᠯᠪᠡᠷᠢᠴᠢ ᠦᠵᠡᠯ᠎ᠦᠨ ᠮᠥᠨ ᠴᠢᠨᠠᠷ ᠪᠣᠯ ᠪᠡᠶᠡᠴᠢ ᠦᠵᠡᠯ᠂ ᠠᠱᠢᠭ ᠬᠠᠷᠠᠬᠤ ᠦᠵᠡᠯ ᠮᠥᠨ》 ᠭᠡᠵᠦ᠍ ᠵᠢᠭᠠᠵᠤ ᠭᠠᠷᠭᠠᠪᠠ᠃ ᠬᠡᠯᠪᠡᠷᠢᠴᠢ ᠦᠵᠡᠯ ᠨᠢ ᠦᠨᠳᠦᠰᠦᠨ ᠱᠠᠲᠤᠨ᠎ᠳᠤ ᠢᠯᠡᠷᠡᠵᠦ᠍ ᠪᠠᠢᠪᠠᠴᠤ ᠦᠨᠳᠦᠰᠦ ᠰᠤᠷᠪᠤᠯᠵᠢ ᠨᠢ ᠳᠡᠭᠡᠷ᠎ᠠ ᠱᠠᠲᠤᠨ᠎ᠳᠤ ᠪᠠᠢᠨ᠎ᠠ᠃ ᠥᠪᠥᠷ ᠮᠣᠩᠭᠣᠯ ᠤ᠋ᠨ ᠬᠢᠨ ᠡᠪᠡᠳᠴᠢᠨ ᠬᠠᠮᠢᠭ᠎ᠠ᠎ᠡᠴᠡ ᠡᠭᠦᠰᠦᠭᠰᠡᠨ ᠪᠤᠯ ᠬᠠᠮᠢᠭ᠎ᠠ ᠡᠴᠡ ᠡᠬᠢᠯᠡᠵᠤ ᠡᠮᠨᠡᠬᠦ᠎ᠶ᠋ᠢ ᠪᠠᠷᠢᠮᠲᠠᠯᠠᠵᠤ᠂ ᠳᠡᠭᠡᠷ᠎ᠡ᠎ᠡᠴᠡ ᠳᠣᠷᠣᠭ᠍ᠰᠢ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠬᠢᠬᠦ᠌᠂ ᠠᠵᠢᠯ᠎ᠢ ᠠᠬᠢᠭᠤᠯᠬᠤ᠂ ᠡᠭᠦᠷᠭᠡ᠎ᠶ᠋ᠢ ᠬᠠᠮᠢᠶᠠᠷᠬᠤ ᠵᠡᠷᠭᠡ ᠭᠣᠭ᠍ᠴᠣᠭ᠎ᠠ᠎ᠶ᠋ᠢ ᠠᠳᠭᠤᠵᠤ᠂ ᠶᠠᠷᠱᠢᠭ ᠲᠦᠪᠡᠭ᠎ᠢ ᠠᠷᠢᠯᠭᠠᠨ ᠲᠥᠬᠥᠮ ᠪᠣᠯᠭᠠᠬᠤ ᠳᠡᠭᠡᠷ᠎ᠡ ᠬᠦᠴᠦ᠍ ᠲᠠᠯᠪᠢᠵᠤ᠂ ᠬᠡᠯᠪᠡᠷᠢᠴᠢ ᠦᠵᠡᠯ᠎ᠤᠨ ᠦᠨᠳᠦᠰᠦᠨ ᠱᠠᠲᠤᠨ ᠳ᠋ᠤ ᠦᠵᠡᠭᠦᠯᠵᠤ ᠪᠠᠢᠭ᠎ᠠ ᠬᠦᠯᠢᠶᠡᠰᠦᠯᠡᠯ᠎ᠢ ᠬᠦᠴᠦᠯᠡᠨ ᠠᠷᠢᠯᠭᠠᠪᠠ᠃

ᠦᠨᠳᠦᠰᠦᠨ ᠱᠠᠲᠤ ᠤᠷᠤᠭᠤ ᠳᠠᠷᠤᠵᠤ ᠢᠷᠡᠬᠦ 《ᠲᠤᠮᠤ ᠠᠭᠤᠯᠠ》᠎ᠶ᠋ᠢ ᠨᠡᠭᠦᠯᠭᠡᠪᠡ᠃ ᠥᠷᠭᠡᠨ ᠣᠯᠠᠨ ᠦᠨᠳᠦᠰᠦᠨ ᠱᠠᠲᠤᠨ᠎ᠤ ᠺᠠᠳ᠋ᠷ ᠪᠢᠴᠢᠭ ᠮᠠᠲ᠋ᠧᠷᠢᠶᠠᠯ ᠬᠤᠷᠠᠯ ᠬᠤᠢ ᠤᠯᠠᠳᠠᠬᠤ᠂ ᠬᠡᠳᠦ ᠶᠡᠬᠡ ᠪᠡᠷ ᠣᠷᠣᠮ ᠦᠯᠡᠳᠡᠭᠡᠬᠦ᠌᠂ ᠡᠬᠡ ᠲᠠᠩᠰᠠ ᠤᠯᠠᠰᠢᠷᠠᠬᠤ᠂ ᠤᠭ᠍ᠲᠤᠨ ᠠᠪᠴᠤ᠌ ᠦᠳᠡᠨ ᠮᠣᠷᠳᠠᠭᠤᠯᠬᠤ᠂ ᠳᠠᠬᠢᠨ ᠲᠠᠪᠳᠠᠨ ᠬᠦᠰᠦᠨᠦᠭᠲᠦ ᠲᠠᠭ᠍ᠯᠠᠵᠤ ᠲᠣᠭ᠎ᠠ ᠪᠠᠷᠢᠮᠳᠠ ᠮᠡᠳᠡᠭᠦᠯᠬᠦ᠌ ᠵᠡᠷᠭᠡ ᠠᠰᠠᠭᠤᠳᠠᠯ᠎ᠤᠨ ᠲᠤᠬᠠᠶ ᠲᠤᠰᠭᠠᠯ ᠴᠢᠩᠭ᠎ᠠ ᠪᠠᠢᠪᠠ᠃ ᠥᠪᠥᠷ ᠮᠣᠩᠭᠣᠯ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌ ᠳ᠋ᠤ ᠡᠩ ᠲᠡᠷᠢᠭᠦᠨ᠎ᠳᠦ ᠡᠲᠡᠭᠡᠷ ᠠᠰᠠᠭᠤᠳᠠᠯ ᠡᠴᠡ ᠭᠠᠷᠳᠠᠵᠤ ᠴᠡᠭᠴᠡᠯᠡᠨ ᠵᠠᠰᠠᠪᠠ᠃ ᠦᠩᠬᠡᠷᠡᠭᠰᠡᠨ ᠳ᠋ᠤ ᠵᠠᠷᠢᠮ ᠬᠣᠱᠢᠭᠤ ᠱᠢᠶᠠᠨ᠎ᠤ ᠵᠠᠰᠠᠭ᠎ᠤᠨ ᠣᠷᠳᠣᠨ᠎ᠤ ᠠᠯᠪᠠᠨ ᠬᠡᠷ ᠨᠢᠭᠡ ᠵᠢᠯ᠎ᠳᠦ 3000 ᠭᠠᠷᠤᠶ ᠬᠤᠪᠢ ᠪᠢᠴᠢᠭ ᠮᠠᠲ᠋ᠧᠷᠢᠶᠠᠯ ᠭᠥᠯᠢᠶᠡᠨ ᠠᠪᠴᠤ᠌᠂ ᠬᠣᠱᠢᠭᠤ ᠱᠢᠶᠠᠨ᠎ᠤ ᠱᠠᠲᠤ ᠨᠢᠭᠡ ᠤᠯᠠᠷᠢᠯ᠎ᠳᠤ 170 ᠭᠠᠷᠤᠶ ᠤᠳᠠᠭ᠎ᠠ ᠬᠤᠷᠠᠯ ᠬᠤᠷᠠᠯᠳᠤᠭᠤᠯᠵᠤ᠂ ᠵᠠᠷᠢᠮ ᠰᠤᠮᠤ ᠱᠢᠶᠠᠩ ᠪᠠᠯᠭᠠᠰᠤ ᠵᠡᠭᠡᠯᠢ ᠭᠤᠳᠤᠮᠵᠢ 500 ᠭᠠᠷᠤᠶ ᠵᠦᠶ᠋ᠯ᠎ᠦᠨ ᠬᠢᠨᠠᠨ ᠱᠢᠯᠭᠠᠬᠤ ᠭᠦᠶ᠋ᠴᠡᠳᠭᠡᠯ ᠲᠣᠭ᠎ᠠ᠎ᠵᠢ ᠪᠡᠶᠡᠯᠡᠬᠦᠯᠬᠦ ᠴᠢᠬᠤᠯᠠᠲᠠᠢ ᠪᠠᠢᠵᠤ᠂  ᠵᠠᠰᠠᠭ᠎ᠤᠨ ᠶᠠᠪᠤᠳᠠᠯ᠎ᠤᠨ ᠲᠤᠬᠠᠢ 50 ᠭᠠᠷᠤᠶ APP ᠵᠢ ᠠᠷᠭᠠᠴᠠᠭᠠᠬᠤ ᠴᠢᠬᠤᠯᠠᠳᠠᠢ ᠪᠠᠢᠵᠤ᠂ ᠵᠠᠷᠢᠮ ᠭᠠᠴᠡᠭ᠎ᠠ ᠲᠣᠰᠭᠣᠨ ᠨᠡᠢᠭᠡᠮ ᠲᠣᠭᠣᠷᠢᠭ᠎ᠨᠢ ᠲᠣᠮᠣ ᠪᠢᠰᠢ ᠪᠣᠯᠪᠠᠴᠤ᠌ 40 ᠭᠠᠷᠤᠶ ᠫᠠᠢᠰᠠ ᠡᠯᠭᠦᠵᠦ᠍᠂ ᠡᠳᠦᠷ ᠲᠤᠲᠤᠮ 30 ᠭᠠᠷᠤᠶ ᠢᠵᠢ ᠬᠦᠰᠦᠨᠦᠭᠲᠦ ᠪᠠ ᠡᠬᠡ ᠲᠠᠩᠰᠠ᠎ᠶ᠋ᠢ ᠲᠠᠭ᠍ᠯᠠᠨ ᠮᠡᠳᠡᠭᠦᠯᠬᠦ᠌ ᠴᠢᠬᠤᠯᠠᠲᠠᠶ ᠪᠠᠢᠵᠤ᠂ ᠦᠨᠳᠦᠰᠦᠨ ᠱᠠᠲᠤᠨ᠎ᠤ ᠺᠠᠳ᠋ᠷᠴᠤᠳ᠎ᠤᠨ ᠠᠵᠢᠯ᠎ᠤᠨ ᠵᠢᠷᠭᠢᠶ᠎ᠠ ᠵᠢᠨ ᠴᠤᠬᠯᠠᠷᠠᠯ᠎ᠨᠢ ᠠᠷᠪᠠᠨ ᠬᠡᠲᠦ ᠴᠢᠨᠠᠭ᠍ᠰᠢᠯᠠᠪᠠᠯ ᠬᠡᠳᠦᠨ ᠠᠷᠪᠠ ᠪᠠᠢᠵᠤ᠂ ᠦᠨᠳᠦᠰᠦᠨ ᠱᠠᠲᠤᠨ᠎ᠤ ᠬᠢᠨ ᠣᠷᠳᠣ ᠬᠤᠭᠤᠴᠠᠭ᠎ᠠ᠎ᠪᠠᠷ 《ᠳᠠᠭᠠᠭᠠᠴᠠ᠎ᠡᠴᠡ ᠬᠡᠲᠦᠷᠡᠭ᠌ᠰᠡᠨ》 ᠪᠠᠢᠳᠠᠯ᠎ᠳᠤ ᠣᠷᠣᠱᠢᠵᠤ ᠪᠠᠢᠪᠠ᠃ ᠡᠢᠮᠦᠷᠬᠦᠦ ᠪᠠᠢᠳᠠᠯ᠎ᠳᠤ ᠴᠢᠭ᠌ᠯᠡᠭᠦᠯᠦᠨ ᠥᠪᠥᠷ ᠮᠣᠩᠭᠣᠯ ᠲᠤᠰᠭᠠᠶ ᠴᠡᠭ᠌ᠴᠡᠯᠡᠨ ᠵᠠᠰᠠᠬᠤ ᠠᠵᠢᠯ᠎ᠢ ᠭᠦᠨᠵᠡᠭᠡᠶ ᠥᠷᠨᠢᠭᠦᠯᠵᠦ᠍᠂ ᠲᠦᠷᠢᠮ ᠲᠣᠭ᠍ᠲᠠᠭᠠᠯ ᠲᠣᠭ᠍ᠲᠠᠭᠠᠬᠤ᠎ᠶ᠋ᠢ ᠲᠦᠷᠭᠡᠳᠭᠡᠨ ᠠᠬᠢᠭᠤᠯᠵᠤ᠂ 2023 ᠣᠨ᠎ᠡᠴᠡ ᠨᠠᠭᠠᠰᠢ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠬᠡᠷᠡᠭ ᠵᠥᠪᠯᠡᠵᠦ᠍ ᠵᠣᠬᠢᠴᠠᠭᠤᠯᠬᠤ ᠪᠠᠢᠭᠤᠯᠤᠮᠵᠢ᠎ᠶ᠋ᠢ ᠬᠠᠭᠠᠰ᠎ᠡᠴᠡ ᠳᠡᠭᠡᠭ᠌ᠰᠢ ᠴᠣᠮᠬᠠᠳᠭᠠᠵᠤ᠂ ᠡᠬᠡ ᠲᠠᠩᠰᠠ᠎ᠶ᠋ᠢ 3/4 ᠱᠢᠬᠠᠮ ᠢᠯᠭᠠᠷᠠᠭᠤᠯᠤᠨ ᠴᠡᠭᠴᠡᠯᠡᠵᠤ᠂ ᠬᠣᠱᠢᠭᠤ ᠱᠢᠶᠠᠨ ᠬᠦᠷᠲᠡᠯ᠎ᠠ ᠬᠢᠵᠤ ᠪᠠᠢᠭᠰᠠᠨ ᠬᠤᠷᠠᠯ᠎ᠢ 48.4% ᠪᠡᠷ ᠪᠠᠭᠠᠰᠭᠠᠪᠠ; ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ (ᠬᠣᠲᠠ ᠲᠣᠭᠣᠷᠢᠭ) ᠤ᠋ ᠬᠢᠨᠡᠨ ᠰᠢᠯᠭᠠᠬᠤ ᠭᠦᠶ᠋ᠴᠡᠳᠭᠡᠯ ᠲᠣᠭ᠎ᠠ᠎ᠶ᠋ᠢ ᠲᠣᠰ ᠲᠣᠰ 20%᠂ 40%᠂ 55% ᠎ᠪᠠᠷ ᠪᠠᠭᠠᠰᠭᠠᠵᠤ᠂ ᠣᠳᠣᠬᠠᠨ᠎ᠳᠤ ᠶᠠᠭ ᠲᠥᠪ᠎ᠦᠨ ᠱᠠᠭᠠᠷᠳᠠᠯᠭ᠎ᠠ ᠶᠣᠰᠣᠭᠠᠷ ᠤᠯᠠᠮ ᠨᠢᠭᠡ ᠠᠯᠬᠤᠮ ᠱᠢᠯᠢᠳᠡᠭ᠌ᠵᠢᠭᠦᠯᠦᠨ ᠴᠣᠮᠬᠠᠳᠭᠠᠵᠤ ᠪᠠᠢᠨ᠎ᠠ; ᠦᠨᠳᠦᠰᠦᠨ ᠱᠠᠲᠤᠨ᠎ᠤ ᠲᠠᠬᠯᠠᠨ ᠮᠡᠳᠡᠭᠦᠯᠬᠦ ᠬᠦᠰᠦᠨᠦᠭ᠌ᠲᠦ ᠵᠢ 80% ᠱᠢᠬᠠᠮ ᠪᠠᠭᠠᠰᠬᠠᠵᠤ᠂ ᠲᠣᠰᠭᠣᠨ᠎ᠤ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠠᠵᠢᠯ ᠶᠠᠪᠤᠳᠠᠯ ᠤᠤᠯ᠎ᠤᠨ ᠬᠢ᠎ᠡᠴᠡ ᠬᠠᠭᠠᠰ ᠢᠯᠡᠭᠦᠦ ᠪᠠᠭᠠᠰᠴᠤ᠌᠂ ᠭᠠᠳᠠᠨ᠎ᠠ ᠡᠯᠬᠦᠬᠦ  ᠫᠠᠢᠰᠠ ᠲᠡᠮᠳᠡᠭ᠎ᠢ 6 ᠪᠣᠯᠭᠠᠨ ᠪᠠᠭᠠᠰᠬᠠᠵᠤ᠂ ᠦᠨᠳᠦᠰᠦᠨ ᠱᠠᠲᠤᠨ᠎ᠤ ᠺᠠᠳ᠋ᠷᠴᠤᠳ᠎ᠤᠨ ᠭᠠᠷ ᠬᠦᠯ᠎ᠢ ᠶᠡᠬᠡ᠎ᠪᠡᠷ ᠴᠢᠯᠥᠭᠡᠯᠡᠵᠤ᠂ ᠲᠡᠳᠡᠨ᠎ᠢ ᠨᠡᠩ ᠤᠯᠠᠨ ᠴᠠᠭ ᠪᠠ ᠤᠶᠤᠨ ᠴᠢᠳᠠᠯ᠎ᠢᠶᠠᠨ ᠱᠢᠪᠬᠠᠨ ᠠᠵᠢᠯ ᠢ᠋ ᠨᠠᠢᠳᠠᠪᠤᠷᠢᠵᠢᠭᠤᠯᠵᠤ᠂ ᠤᠯᠠᠨ ᠲᠦᠮᠡᠨ᠎ᠳᠦ ᠪᠣᠳᠠᠲᠤ ᠶᠠᠪᠤᠳᠠᠯ ᠬᠢᠵᠦ᠍ ᠥᠭ᠌ᠬᠦ ᠪᠣᠯᠭᠠᠪᠠ᠃ ᠤᠤᠯ ᠳ᠋ᠠᠭᠠᠨ ᠵᠠᠷᠢᠮ ᠬᠣᠱᠢᠭᠤ ᠱᠢᠶᠠᠨ ᠳ᠋ᠤ 《ᠬᠣᠶᠠᠷ ᠡᠳᠦᠷ᠎ᠲᠦ ᠨᠢᠭᠡ ᠤᠳᠠᠭ᠎ᠠ ᠱᠠᠯᠠᠪᠳᠠᠭᠤᠯᠤᠨ ᠵᠢᠯᠣᠭᠣᠳᠬᠤ ᠬᠦᠮᠦᠰ ᠢᠷᠡᠵᠤ᠂ ᠭᠤᠷᠪᠠᠨ ᠡᠳᠦᠷ᠎ᠲᠦ ᠨᠢᠭᠡ ᠤᠳᠠᠭ᠎ᠠ ᠪᠠᠢᠴᠠᠭᠠᠨ ᠰᠤᠳᠤᠯᠬᠤ ᠬᠦᠮᠦᠰ ᠢᠷᠡᠵᠤ》 ᠪᠠᠢᠪᠠ᠃ ᠣᠨᠴᠠ ᠵᠠᠷᠢᠮ ᠲᠣᠰᠭᠣᠨ᠎ᠤ ᠬᠢᠨ ᠨᠢᠭᠡ ᠵᠢᠯ᠎ᠳᠦ 200 ᠭᠠᠷᠤᠢ ᠪᠦᠯᠦᠭ 4000 ᠭᠠᠷᠤᠢ ᠬᠥᠮᠦᠨ ᠤᠳᠠᠭ᠎ᠠ᠎ᠶ᠋ᠢᠨ ᠪᠠᠢᠴᠠᠭᠠᠨ ᠰᠤᠳᠤᠯᠤᠯᠲᠠ ᠪᠠ ᠱᠢᠨᠵᠢᠯᠡᠨ ᠪᠠᠢᠴᠠᠭᠠᠯᠲᠠ᠎ᠶ᠋ᠢ ᠬᠦᠯᠢᠶᠡᠨ ᠠᠪᠴᠤ᠌᠂ ᠦᠨᠳᠦᠰᠦᠨ ᠱᠠᠲᠤᠨ᠎ᠤ ᠬᠢᠨ ᠮᠠᠰᠢ ᠶᠠᠭᠠᠷᠠᠯᠲᠠᠢ ᠪᠠᠢᠵᠤ᠂ ᠲᠦᠢᠯ ᠵᠢᠡᠷ ᠶᠠᠳᠠᠷᠠᠵᠤ ᠪᠠᠢᠵᠠᠢ᠃ ᠥᠪᠥᠷ ᠮᠣᠩᠭᠣᠯ᠎ᠤᠨ ᠬᠢᠨ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠬᠤ ᠪᠠ ᠱᠠᠲᠤ ᠬᠤᠪᠢᠶᠠᠨ ᠬᠠᠮᠢᠶᠠᠷᠬᠤ᠎ᠶ᠋ᠢ ᠴᠢᠩᠭᠠᠳᠭᠠᠵᠤ᠂ ᠨᠢᠬᠡ ᠯᠡ ᠲᠡᠬᠡᠷ᠎ᠡ ᠲᠦᠪᠯᠡᠷᠡᠬᠦ᠂ ᠣᠯᠠᠨ ᠲᠠᠯ᠎ᠠ᠎ᠡᠴᠡ᠂ ᠳᠠᠪᠬᠤᠷᠳᠠᠭᠤᠯᠤᠨ ᠪᠠᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠣᠳᠭᠤ᠎ᠵᠢ ᠡᠬᠢ ᠡᠭᠦᠰᠦᠯ᠎ᠡᠴᠡ᠎ᠨᠢ ᠠᠷᠢᠯᠭᠠᠵᠤ᠂ ᠬᠠᠰᠤᠵᠤ ᠪᠣᠯᠬᠤ ᠲᠠᠰ ᠳᠠᠷᠠᠭᠠᠯᠠᠯ ᠪᠠ ᠠᠵᠢᠯᠲᠠᠨ᠎ᠢ ᠴᠥᠮ ᠬᠠᠰᠤᠵᠤ᠂ 《ᠳᠥᠷᠪᠡ ᠥᠬᠡᠶ ᠬᠣᠶᠠᠷ ᠱᠢᠭᠤᠳ》 ᠠᠷᠭ᠎ᠠ ᠮᠠᠶᠢᠭ᠎ᠢ ᠬᠡᠷᠡᠭᠯᠡᠵᠦ ᠪᠤᠯᠬᠤ ᠳ᠋ᠤ ᠯᠡ ᠬᠦᠷᠪᠡᠯ ᠶᠠᠭᠠᠬᠢᠭ᠍ᠰᠠᠨ ᠴᠤ᠌ ᠣᠯᠠᠨ᠎ᠢ ᠬᠥᠳᠡᠯᠭᠡᠬᠦ᠌ ᠥᠬᠡᠶ ᠪᠠᠢᠬᠤ ᠵᠢ ᠪᠡᠶᠡᠯᠡᠬᠦᠯᠵᠤ᠂ 2024 ᠣᠨ᠎ᠤ ᠥᠪᠡᠷᠲᠡᠭᠡᠨ ᠵᠠᠰᠠᠬᠤ ᠣᠷᠣᠨ᠎ᠤ ᠬᠢᠨᠠᠨ ᠪᠠᠢᠴᠠᠭᠠᠵᠤ ᠬᠢᠨᠡᠨ ᠰᠢᠯᠭᠠᠬᠤ ᠲᠥᠯᠥᠪᠯᠡᠭᠡ ᠪᠠ ᠪᠦᠷᠢᠳᠭᠡᠨ ᠳᠠᠩᠰᠠᠯᠠᠬᠤ ᠵᠦᠶ᠋ᠯᠡᠰ᠎ᠢ ᠲᠣᠰ ᠲᠣᠰ 50%᠂ 57% ᠪᠠᠷ ᠪᠠᠭᠠᠰᠭᠠᠪᠠ᠃ ᠡᠭᠦᠨ᠎ᠦ ᠬᠠᠮᠲᠤ ᠬᠣᠲᠠ ᠱᠢᠶᠠᠨ ᠵᠢᠴᠢ ᠲᠡᠭᠦᠨ᠎ᠡᠴᠡ ᠳᠣᠷᠣᠭ᠍ᠰᠢᠬᠢ ᠡᠬᠦᠳᠦᠨ ᠪᠠᠢᠭᠤᠯᠵᠤ ᠵᠢᠱ᠌ᠢᠶ᠎ᠡ ᠦᠵᠡᠭᠦᠯᠬᠦ᠌ ᠠᠵᠢᠯᠯᠠᠭ᠎ᠠ᠂ 12345 ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠬᠠᠯᠠᠮᠱᠢᠯ ᠤᠲᠠᠰᠤ᠎ᠶ᠋ᠢᠨ ᠲᠣᠰᠭᠣᠨ᠎ᠤ ᠱᠠᠲᠤᠨ᠎ᠤ ᠵᠣᠬᠢᠶᠠᠨ ᠪᠠᠢᠭᠤᠯᠤᠯᠲᠠ᠎ᠳᠤ ᠬᠠᠨᠳᠤᠭᠤᠯᠤᠭ᠍ᠰᠠᠨ ᠨᠡᠷᠡᠰ᠎ᠦᠨ ᠵᠢᠭ᠍ᠰᠠᠭᠠᠯᠲᠠ᠎ᠶ᠋ᠢ ᠪᠥᠬᠥ᠌ ᠲᠠᠯ᠎ᠠ᠎ᠪᠠᠷ ᠬᠦᠴᠦᠨ ᠥᠬᠡᠶ ᠪᠣᠯᠭᠠᠵᠤ᠂ ᠬᠠᠮᠤᠭ᠎ᠤᠨ ᠶᠡᠬᠡ ᠴᠢᠷᠮᠠᠢᠯᠭ᠎ᠠ ᠭᠠᠷᠭᠠᠵᠤ ᠦᠨᠳᠦᠰᠦᠨ ᠱᠠᠲᠤᠨ᠎ᠳᠤ ᠳᠠᠷᠤᠭᠠᠰᠤ ᠥᠭ᠌ᠬᠦ ᠥᠬᠡᠶ ᠪᠡᠷ ᠴᠢᠷᠮᠠᠢᠪᠠ᠃

ᠳᠣᠤᠷ᠎ᠠ ᠱᠠᠲᠤ ᠲᠡᠢᠰᠢ ᠪᠡᠨ ᠠᠵᠢᠯ ᠲᠠᠭᠠᠭᠠᠯᠭᠠᠬᠤ 《ᠨᠡᠬᠡᠯᠡᠬᠡᠢ》 ᠢ᠋ ᠴᠢᠩᠭ᠎ᠠ ᠬᠠᠭᠠᠪᠠ᠃ ᠬᠡᠯᠪᠡᠷᠢᠴᠢ ᠦᠵᠡᠯ ᠪᠣᠯ ᠵᠠᠰᠠᠬᠤ ᠳ᠋ᠤ ᠪᠡᠷᠬᠡ ᠴᠢᠨᠠᠷ᠂ ᠳᠠᠬᠢᠨ ᠳᠠᠪᠲᠠᠬᠤ ᠴᠢᠨᠠᠷ᠎ᠲᠠᠶ ᠪᠠᠢᠳᠠᠭ᠂ ᠭᠠᠭ᠍ᠴᠠ ᠬᠦ᠌ ᠤᠳᠤ ᠪᠠᠢᠭ᠎ᠠ ᠠᠰᠠᠭᠤᠳᠠᠯ᠎ᠢ ᠠᠷᠢᠯᠭᠠᠨ ᠪᠠᠭᠠᠰᠭᠠᠬᠤ᠎ᠶ᠋ᠢᠨ ᠵᠡᠷᠭᠡ ᠪᠡᠷ ᠲᠠᠷᠤᠭᠠᠰᠤ ᠵᠢᠨ ᠨᠡᠮᠡᠭ᠌ᠳᠡᠯ᠎ᠤᠨ ᠬᠡᠮᠵᠢᠶ᠎ᠡ ᠵᠢ ᠬᠢᠵᠠᠭᠠᠷᠯᠠᠪᠠᠯ ᠰᠠᠶᠢ ᠦᠨᠳᠦᠰᠦᠨ ᠱᠠᠲᠤ ᠳᠠᠬᠢᠨᠲᠠ ᠶᠠᠷᠱᠢᠭ ᠲᠦᠪᠡᠭ᠌ᠲᠡᠶ ᠬᠡᠷᠡᠭ ᠶᠠᠪᠤᠳᠠᠯ᠎ᠳᠤ 《ᠵᠢᠪᠬᠦ᠌》᠎ᠶ᠋ᠢ ᠰᠡᠷᠭᠡᠢᠯᠡᠵᠦ᠍ ᠴᠢᠳᠠᠨ᠎ᠠ᠃ ᠥᠪᠥᠷ ᠮᠣᠩᠭᠣᠯ ᠮᠤᠵᠢ᠎ᠶ᠋ᠢᠨ ᠲᠡᠰ᠎ᠤᠨ ᠤᠳᠤᠷᠢᠳᠭᠤ ᠺᠠᠳ᠋ᠷ ᠲᠦᠷᠦᠭᠦᠯᠡᠨ ᠬᠢᠬᠦ᠌᠎ᠶ᠋ᠢ ᠪᠠᠷᠢᠮᠲᠠᠯᠠᠵᠤ᠂ 《ᠮᠢᠨᠦ᠍ ᠬᠢᠭ᠌ᠰᠡᠨ ᠬᠤᠷᠠᠯ᠎ᠢᠶᠡᠨ ᠪᠢ ᠲᠤᠭᠤᠱᠢᠯᠠᠭᠤᠯᠵᠤ᠂ ᠮᠢᠨᠦ᠍ ᠬᠢᠭ᠌ᠰᠡᠨ ᠴᠣᠬᠣᠯᠠᠪᠤᠷᠢ᠎ᠪᠡᠨ ᠪᠢ ᠨᠠᠢᠳᠠᠪᠤᠷᠢᠵᠢᠭᠤᠯᠵᠤ᠂ ᠮᠢᠨᠦ᠍ ᠲᠣᠭ᠍ᠲᠠᠭᠠᠭ᠍ᠰᠠᠨ ᠲᠦᠷᠦ᠍᠎ᠶ᠋ᠢᠨ ᠪᠤᠳᠤᠯᠭ᠎ᠠ᠎ᠪᠡᠨ ᠪᠢ ᠪᠡᠶᠡᠯᠡᠭᠦᠯᠵᠦ᠍᠂ ᠮᠢᠨᠦ᠍ ᠬᠢᠭ᠌ᠰᠡᠨ ᠪᠠᠢᠴᠠᠭᠠᠨ ᠰᠤᠳᠤᠯᠤᠯᠲᠠ᠎ᠪᠡᠨ ᠪᠢ ᠠᠬᠢᠭᠤᠯᠬᠤ》 ᠵᠢ ᠪᠡᠶᠡᠯᠡᠭᠦᠯᠵᠦ᠂ ᠡᠯ᠎ᠡ ᠱᠠᠲᠤᠨ᠎ᠤ ᠬᠢᠨ ᠲᠤᠰ ᠪᠡᠶ᠎ᠡ᠎ᠶ᠋ᠢᠨ ᠬᠠᠷᠢᠭᠤᠴᠠᠯᠭ᠎ᠠ᠎ᠪᠠᠨ ᠡᠭᠦᠷᠭᠡᠯᠡᠬᠦ᠌᠂ ᠬᠡᠨ᠎ᠦ ᠬᠢᠬᠦ᠌ ᠶᠣᠰᠣᠲᠠᠢ ᠠᠵᠢᠯ᠎ᠢ ᠬᠡᠨ ᠬᠢᠬᠦ᠌᠎ᠶ᠋ᠢ ᠠᠬᠢᠭᠤᠯᠵᠤ᠂ ᠱᠠᠳᠤ ᠱᠠᠳᠤ᠎ᠪᠠᠷ ᠦᠨᠳᠦᠰᠦᠨ ᠱᠠᠲᠤᠨ᠎ᠳᠤ ᠳᠠᠷᠤᠭᠠᠰᠤ᠎ᠪᠠᠨ ᠱᠢᠯᠵᠢᠭᠦᠯᠬᠦ᠌᠎ᠡᠴᠡ ᠵᠠᠢᠯᠠᠰᠭᠢᠪᠡ᠃ ᠠᠵᠢᠯ᠎ᠤᠨ ᠳᠤᠮᠳᠠ 《ᠬᠣᠶᠠᠷ ᠲᠠᠯ᠎ᠠ》 ᠪᠡᠷ ᠠᠳᠭᠤᠬᠤ᠎ᠶ᠋ᠢ ᠴᠢᠬᠤᠯᠠᠴᠢᠯᠠᠪᠠ᠂ ᠨᠢᠭᠡ ᠨᠢ ᠲᠥᠷᠥ᠎ᠶ᠋ᠢᠨ ᠪᠣᠳᠣᠯᠭ᠎ᠠ ᠲᠣᠭ᠍ᠲᠠᠭᠠᠬᠤ᠎ᠡᠴᠡ ᠡᠮᠦᠨ᠎ᠡ ᠰᠠᠢᠲᠤᠷ ᠰᠤᠳᠤᠯᠤᠨ ᠨᠤᠲᠠᠯᠠᠵᠤ᠂ 《ᠴᠢᠳᠠᠯ᠎ᠤᠨ ᠬᠢᠷᠢ ᠪᠡᠷ᠎ᠢᠶᠡᠨ ᠬᠢᠵᠦ》᠂ ᠡᠯ᠎ᠡ ᠱᠠᠲᠤ᠎ᠶ᠋ᠢ ᠬᠥᠲᠥᠯᠥᠨ ᠵᠢᠯᠣᠭᠣᠳᠴᠤ᠌ ᠪᠦᠬᠦ ᠴᠢᠳᠠᠯ᠎ᠢᠶᠡᠷ᠎ᠢᠶᠡᠨ ᠬᠢᠬᠦ ᠪᠡᠷ ᠪᠠᠷᠠᠬᠤ ᠥᠬᠡᠶ ᠪᠠᠰᠠ ᠴᠢᠳᠠᠯ ᠡᠴᠡ ᠪᠡᠨ ᠳᠡᠭᠡᠭᠦᠷ ᠰᠠᠨᠠᠭᠠᠷᠬᠠᠬᠤ ᠥᠬᠡᠶ ᠪᠠᠢᠵᠤ᠂ ᠤᠷᠢᠳ᠎ᠢᠶᠠᠷ 《ᠲᠤᠭᠲᠠᠭᠰᠠᠨ ᠡᠭᠦᠷᠭᠡ》 ᠪᠠᠨ ᠯᠠᠪᠳᠠᠭᠤᠨ ᠪᠠᠲᠤᠲᠠᠶ ᠪᠡᠶᠡᠯᠡᠭᠦᠯᠵᠦ᠂ ᠢᠯᠡᠬᠦᠴᠡ ᠴᠢᠳᠠᠪᠦᠷᠢ ᠲᠠᠢ ᠪᠤᠯ ᠳᠠᠬᠢᠨ 《ᠦᠪᠡᠷ ᠲᠡᠬᠡᠨ ᠡᠬᠦᠷᠬᠡ ᠲᠤᠬᠳᠠᠭᠠᠨ》 ᠬᠢᠵᠤ᠂ 《ᠵᠠᠰᠠᠭ᠎ᠤᠨ ᠠᠵᠢᠯ᠎ᠤᠨ ᠬᠢᠷᠢ ᠪᠦᠲᠦᠮᠵᠢ》 ᠵᠢᠨ ᠲᠦᠯᠦᠭᠡ ᠱᠠᠲᠤ ᠱᠠᠲᠤ᠎ᠪᠠᠷ ᠲᠠᠷᠤᠭᠠᠰᠤ ᠨᠡᠮᠡᠬᠦ᠌᠎ᠡᠴᠡ ᠰᠡᠷᠭᠡᠢᠯᠡᠪᠠ;  ᠨᠦᠬᠦᠭᠡ ᠨᠢ ᠡᠭᠦᠷᠭᠡ ᠪᠠᠢᠷᠢᠯᠠᠭᠤᠯᠤᠭ᠍ᠰᠠᠨ᠎ᠤ ᠲᠠᠷᠠᠭ᠎ᠠ ᠦᠨᠳᠦᠰᠦᠨ ᠱᠠᠲᠤᠨ᠎ᠳᠤ 《ᠲᠡᠢᠯᠬᠦ ᠦᠭᠡᠢ》 ᠭᠡᠵᠦ᠍ ᠬᠡᠯᠡᠬᠦ ᠡᠷᠬᠡ ᠥᠭ᠌ᠴᠦ᠂ ᠲᠤᠤᠷ᠎ᠠ ᠱᠠᠳ᠋ᠦ᠍ ᠵᠢᠨ ᠬᠢᠨ ᠪᠡᠶᠡᠯᠡᠭᠦᠯᠬᠦ᠌᠎ᠳᠦ ᠦᠨᠡᠬᠡᠷ ᠬᠦᠴᠢᠷᠲᠡᠢ ᠪᠣᠯ ᠪᠠᠢᠳᠠᠯ᠎ᠢᠶᠠᠨ ᠦᠨᠡᠨ ᠮᠥᠨ᠎ᠢᠶᠡᠷ ᠨᠢ ᠮᠡᠳᠡᠭᠦᠯᠵᠦ᠍ ᠲᠣᠳᠣᠷᠬᠠᠢᠯᠠᠨ᠂ ᠳᠡᠭᠡᠷ᠎ᠠ ᠱᠠᠳ᠋ᠦ᠍ ᠨᠢ ᠲᠠᠬᠢᠨ ᠰᠤᠳᠤᠯᠤᠭ᠍ᠰᠠᠨ᠎ᠤ ᠲᠠᠷᠠᠭ᠎ᠠ ᠲᠠᠬᠢᠨ ᠲᠤᠬᠢᠷᠠᠭᠤᠯᠵᠦ᠍ ᠪᠣᠯᠤᠨ᠎ᠠ᠃ ᠥᠪᠥᠷ ᠮᠣᠩᠭᠣᠯ ᠬᠣᠱᠢᠭᠤ ᠱᠢᠶᠠᠨ᠎ᠢᠶᠠᠷ ᠨᠢᠭᠡᠴᠢ ᠪᠣᠯᠭᠠᠨ ᠦᠨᠳᠦᠰᠦᠨ ᠱᠠᠲᠤᠨ᠎ᠤ ᠬᠡᠷᠡᠭ ᠶᠠᠪᠤᠳᠠᠯ᠎ᠢ ᠱᠢᠰᠲ᠋ᠧᠮ ᠠᠵᠢᠯ ᠲᠦᠷᠦᠯ ᠬᠤᠪᠢᠶᠠᠨ ᠬᠠᠮᠢᠶᠠᠷᠬᠤ ᠲᠣᠭ᠍ᠲᠠᠴᠠ᠎ᠶ᠋ᠢ ᠪᠠᠢᠭᠤᠯᠵᠤ᠂ ᠬᠠᠮᠢᠶ᠎ᠠ ᠪᠥᠬᠥᠶ ᠰᠠᠯᠠᠭ᠎ᠠ ᠮᠥᠴᠢᠷ᠎ᠦᠨ ᠳᠣᠭᠢᠷᠠᠭᠤᠯᠤᠭ᠍ᠰᠠᠨ ᠲᠦᠷ ᠴᠠᠭ᠎ᠤᠨ ᠴᠢᠨᠠᠷᠲᠠᠶ ᠬᠡᠷᠡᠭ ᠶᠠᠪᠤᠳᠠᠯ᠎ᠳᠤ ᠲᠥᠪᠯᠡᠷᠡᠭᠦᠯᠦᠨ ᠬᠢᠨᠠᠨ ᠵᠥᠪᠱᠢᠶᠡᠷᠡᠬᠦ᠌᠎ᠶ᠋ᠢ ᠬᠡᠷᠡᠭ᠌ᠵᠢᠭᠦᠯᠵᠦ᠍᠂ ᠣᠳᠣᠬᠠᠨ᠎ᠳᠤ ᠶᠠᠭ ᠦᠨᠳᠦᠰᠦᠨ ᠱᠠᠲᠤᠨ᠎ᠡᠴᠡ ᠳᠡᠭᠡᠳᠦ ᠱᠠᠲᠤᠨ᠎ᠤ ᠰᠠᠯᠠᠭ᠎ᠠ ᠮᠥᠴᠢᠷ ᠨᠢᠭᠡᠴᠢ ᠵᠢᠨ ᠳᠠᠷᠤᠭᠠᠰᠤ᠎ᠶ᠋ᠢ ᠬᠥᠩᠭᠡᠷᠡᠭᠦᠯᠦᠭᠰᠡᠨ ᠪᠣᠳᠠᠲᠤ ᠦᠷ᠎ᠡ ᠪᠦᠲᠦᠮᠵᠢ᠎ᠵᠢ ᠦᠨᠡᠯᠡᠬᠦ ᠠᠷᠭ᠎ᠠ᠎ᠶ᠋ᠢ ᠰᠦᠪᠡᠭ᠌ᠴᠢᠯᠡᠨ ᠪᠠᠢᠭᠤᠯᠵᠤ᠂ ᠬᠡᠯᠪᠡᠷᠢᠴᠢ ᠦᠵᠡᠯ᠎ᠦᠨ 《ᠤᠰᠤᠨ ᠭᠤᠭᠤᠵᠢᠭᠤᠷ᠎ᠤᠨ ᠨᠡᠬᠡᠯᠡᠬᠡᠢ》 ᠶ᠋ᠢ ᠴᠢᠩᠭ᠎ᠠ ᠬᠠᠭᠠᠵᠤ᠂ ᠦᠨᠳᠦᠰᠦᠨ ᠱᠠᠲᠤᠨ᠎ᠳᠤ ᠲᠠᠬᠢᠨ ᠡᠯ᠎ᠡ ᠵᠦᠶ᠋ᠯ᠎ᠦᠨ ᠢᠯᠡᠭᠦᠴᠡ ᠳᠠᠷᠤᠭᠠᠰᠤ ᠵᠢ ᠦᠭᠴᠤ ᠬᠦᠨᠳᠤᠷᠠᠬᠦᠯᠬᠦ ᠡᠴᠡ  ᠰᠡᠷᠭᠡᠢᠯᠡᠪᠡ᠃

ᠬᠦᠴᠦᠨ ᠤᠯᠭᠤᠬᠤ — ᠦᠨᠳᠦᠰᠦᠨ ᠱᠠᠲᠤᠨ᠎ᠤ ᠡᠭᠦᠷᠭᠡ ᠬᠠᠷᠢᠭᠤᠴᠠᠯᠭ᠎ᠠ ᠡᠭᠦᠷᠭᠡᠯᠡᠬᠦ᠌ 《ᠲᠠᠩᠬᠡᠬᠡ ᠴᠢᠳᠠᠯ》 ᠢ᠋ ᠨᠡᠮᠡᠭᠳᠡᠬᠦᠯᠪᠠ

ᠦᠨᠳᠦᠰᠦᠨ ᠱᠠᠲᠤᠨ᠎ᠤ 《ᠴᠢᠳᠠᠯ ᠡᠴᠡ ᠨᠢ ᠠᠬᠠᠳᠠᠭᠤᠯᠬᠤ》 ᠠᠰᠠᠭᠤᠳᠠᠯ᠎ᠢ ᠱᠢᠶ᠋ᠳᠪᠦᠷᠢᠯᠡᠬᠦ᠌᠎ᠳᠦ ᠲᠠᠷᠤᠭᠠᠰᠤ᠎ᠶ᠋ᠢ ᠬᠦᠩᠬᠡᠷᠡᠬᠦᠯᠬᠦ  ᠬᠡᠷᠡᠭ᠌ᠲᠡᠶ ᠮᠥᠷᠲᠡᠭᠡᠨ ᠪᠠᠰᠠ ᠠᠵᠢᠯ ᠬᠢᠭᠰᠡᠳ᠎ᠢ ᠤᠷᠮᠠᠰᠢᠭᠤᠯᠤᠨ ᠵᠤᠷᠢᠬᠵᠢᠭᠤᠯᠬᠤ ᠬᠡᠷᠡᠭᠳᠡᠢ᠃ ᠥᠪᠥᠷ ᠮᠣᠩᠭᠣᠯ ᠬᠠᠰᠤᠵᠤ ᠨᠡᠮᠡᠬᠦ᠌ ᠵᠢ ᠵᠡᠷᠭᠡ᠎ᠪᠡᠷ ᠬᠢᠬᠦ᠌᠎ᠶ᠋ᠢ ᠪᠠᠷᠢᠮᠲᠠᠯᠠᠵᠤ᠂ ᠡᠬᠢ ᠪᠠᠶᠠᠯᠢᠭ᠎ᠤᠨ ᠬᠦᠴᠦᠨ᠎ᠢ ᠳᠣᠷᠣᠭ᠍ᠰᠢ ᠪᠠᠭᠤᠯᠭᠠᠬᠤ᠎ᠶ᠋ᠢ ᠠᠬᠢᠭᠤᠯᠵᠤ᠂ ᠦᠨᠳᠦᠰᠦᠨ ᠱᠠᠲᠤᠨ᠎ᠤ 《ᠶᠠᠰᠤ ᠱᠢᠷᠪᠥᠰᠥ᠎ᠶ᠋ᠢ ᠴᠢᠭᠢᠷᠠᠭ᠍ᠵᠢᠭᠤᠯᠵᠤ》᠂ ᠬᠠᠷᠠᠭᠠᠯᠵᠠᠬᠰᠠᠨ ᠬᠠᠷᠢᠭᠤᠴᠠᠯᠭ᠎ᠠ ᠡᠭᠦᠷᠭᠡᠯᠡᠬᠦ᠌ ᠴᠢᠳᠠᠪᠤᠷᠢ᠎ᠲᠠᠶ ᠪᠣᠯᠭᠠᠪᠠ᠃

ᠡᠷᠬᠡ ᠬᠠᠷᠢᠭᠤᠴᠠᠯᠭ᠎ᠠ ᠬᠠᠷᠢᠯᠴᠠᠨ ᠵᠣᠬᠢᠴᠠᠬᠤ᠎ᠶ᠋ᠢ ᠠᠬᠢᠭᠤᠯᠪᠠ᠃ ᠦᠨᠳᠦᠰᠦᠨ ᠱᠠᠲᠤ ᠵᠢ 《ᠠᠵᠢᠯ ᠶᠠᠪᠤᠳᠠᠯ ᠬᠢᠬᠦ᠌ ᠡᠷᠬᠡ᠎ᠲᠡᠶ》 ᠪᠤᠯᠭᠠᠬᠤ᠎ᠶ᠋ᠢᠨ ᠲᠣᠭᠣᠷᠢᠨ᠎ᠳᠤ 《ᠡᠬᠦᠷᠬᠡ ᠲᠤᠰᠢᠶᠠᠯ ᠡᠭᠦᠷᠭᠡ ᠬᠠᠷᠢᠭᠤᠴᠠᠯᠭ᠎ᠠ᠎ᠵᠢ ᠱᠢᠯᠢᠳᠡᠭ᠌ᠵᠢᠭᠦᠯᠵᠦ᠍᠂ ᠠᠵᠢᠯ᠎ᠤᠨ ᠲᠡᠰ ᠲᠠᠷᠠᠭᠠᠯᠠᠯ᠎ᠢ ᠱᠢᠯᠢᠳᠡᠭ᠌ᠵᠢᠭᠦᠯᠬᠦ᠌》 ᠲᠤᠰᠭᠠᠶ ᠠᠵᠢᠯᠯᠠᠭ᠎ᠠ᠎ᠶ᠋ᠢ ᠥᠷᠨᠢᠭᠦᠯᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠵᠣᠬᠢᠶᠠᠨ ᠪᠠᠢᠭᠤᠯᠬᠤ ᠬᠡᠯᠲᠡᠰ ᠪᠤᠯᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠦᠨ ᠵᠠᠰᠠᠭ᠎ᠤᠨ ᠲᠢᠩᠬᠢᠮ ᠵᠡᠷᠭᠡ ᠬᠢᠨᠠᠨ ᠵᠥᠪᠱᠢᠶᠡᠷᠡᠬᠦ᠌ ᠡᠷᠬᠡ᠎ᠲᠡᠶ ᠰᠠᠯᠠᠭ᠎ᠠ ᠮᠥᠴᠢᠷ ᠲᠦᠷᠦᠭᠦᠯᠡᠨ 《ᠴᠡᠭ᠌ᠴᠡᠯᠡᠬᠦ᠌᠂ ᠵᠢᠷᠤᠮᠵᠢᠭᠤᠯᠬᠤ᠂ ᠬᠤᠷᠳᠤᠴᠠ᠎ᠶ᠋ᠢ ᠲᠦᠷᠭᠡᠳᠭᠡᠬᠦ᠌᠂ ᠦᠷ᠎ᠡ ᠠᠱᠢᠭ᠎ᠢ ᠨᠡᠮᠡᠭ᠌ᠳᠡᠭᠦᠯᠬᠦ᠌》᠎ᠶ᠋ᠢᠨ ᠲᠣᠭᠣᠷᠢᠨ᠎ᠳᠤ ᠲᠣᠭ᠍ᠲᠠᠴᠠ᠎ᠪᠠᠨ ᠥᠭᠡᠷᠡᠴᠢᠯᠡᠨ ᠰᠤᠷᠲᠠᠯ᠎ᠢᠶᠠᠨ ᠰᠠᠢᠵᠢᠷᠠᠭᠤᠯᠬᠤ᠎ᠶ᠋ᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠯ᠎ᠡ ᠰᠠᠯᠠᠭ᠎ᠠ ᠮᠥᠴᠢᠷ ᠵᠢᠴᠢ ᠱᠢᠭᠤᠳ ᠬᠠᠷᠢᠶ᠎ᠠ ᠠᠵᠢᠯ ᠦᠶ᠋ᠯᠡᠰ᠎ᠦᠨ ᠨᠢᠭᠡᠴᠢ᠎ᠶ᠋ᠢᠨ ᠬᠦᠴᠦᠨ ᠥᠬᠡᠶ ᠪᠣᠯᠭᠠᠵᠤ ᠳᠣᠷᠣᠭ᠍ᠰᠢ ᠪᠠᠭᠤᠯᠭᠠᠬᠤ ᠴᠢᠬᠤᠯᠠᠲᠠᠶ 581 ᠵᠦᠶ᠋ᠯ᠎ᠦᠨ ᠬᠢᠨᠠᠨ ᠵᠥᠪᠱᠢᠶᠡᠷᠡᠬᠦ᠌ ᠵᠦᠶ᠋ᠯᠡᠰ᠎ᠢ ᠪᠦᠬᠦᠨ᠎ᠢ ᠬᠦᠴᠦᠨ ᠥᠬᠡᠶ ᠪᠣᠯᠭᠠᠨ ᠳᠣᠷᠣᠭ᠍ᠰᠢ ᠪᠠᠭᠤᠯᠭᠠᠵᠤ᠂ 《ᠡᠷᠬᠡ》 ᠶ᠋ᠢ 《ᠬᠠᠷᠢᠭᠤᠴᠠᠯᠭ᠎ᠠ》 ᠲᠠᠢ ᠬᠠᠮᠲᠤ᠎ᠳᠤᠨᠢ ᠦᠨᠳᠦᠰᠦᠨ ᠱᠠᠲᠤᠨ᠎ᠳᠤ ᠪᠠᠭᠤᠯᠭᠠᠪᠠ᠃ ᠰᠢᠶᠠᠩ ᠲᠣᠰᠭᠣᠨ ᠬᠣᠶᠠᠷ ᠱᠠᠲᠤᠨ᠎ᠤ ᠠᠵᠢᠯ᠎ᠤᠨ ᠬᠡᠷᠡᠭ  ᠶᠠᠪᠤᠳᠠᠯ᠎ᠤᠨ ᠨᠠᠷᠢᠨ ᠲᠠᠩᠰᠠ᠎ᠶ᠋ᠢ ᠲᠡᠭᠦᠯᠳᠡᠷᠵᠢᠭᠦᠯᠵᠤ᠂ 2023 ᠣᠨ᠎ᠳᠤ ᠰᠤᠮᠤ ᠱᠢᠶᠠᠩ ᠪᠠᠯᠭᠠᠰᠤ ᠵᠡᠭᠡᠯᠢ ᠭᠤᠳᠤᠮᠵᠢ᠎ᠶ᠋ᠢᠨ ᠤᠤᠯ᠎ᠤᠨ 152 ᠵᠦᠶ᠋ᠯ᠎ᠦᠨ ᠲᠤᠱᠢᠶᠠᠯ ᠬᠠᠷᠢᠭᠤᠴᠠᠯᠭ᠎ᠠ᠎ᠶ᠋ᠢᠨ ᠵᠦᠶ᠋ᠯᠡᠰ ᠪᠣᠯᠤᠨ ᠱᠢᠶᠠᠨ ᠱᠢᠶᠠᠩ᠎ᠤᠨ ᠬᠠᠮᠲᠤ᠎ᠪᠠᠷ ᠡᠭᠦᠷᠭᠡᠯᠡᠵᠤ ᠪᠠᠢᠬᠰᠠᠨ 221 ᠵᠦᠶ᠋ᠯ᠎ᠢ 148 ᠵᠦᠶ᠋ᠯ ᠪᠣᠯᠭᠠᠨ ᠨᠡᠢᠳᠭᠡᠵᠤ᠂ ᠦᠨᠳᠦᠰᠦᠨ ᠱᠠᠲᠤᠨ᠎ᠤ ᠬᠠᠤᠯᠢ ᠬᠡᠷᠡᠭ᠌ᠵᠢᠭᠦᠯᠬᠦ᠌ ᠵᠦᠢᠯᠡᠰ᠎ᠢ 99 ᠵᠦᠢᠯ ᠪᠠᠢᠭ᠍ᠰᠠᠨ᠎ᠡᠴᠡ 56 ᠵᠦᠢᠯ ᠪᠣᠯᠭᠠᠨ ᠱᠢᠯᠢᠳᠡᠭ᠌ᠵᠢᠭᠦᠯᠵᠤ᠂ 2024 ᠣᠨ᠎ᠳᠤ ᠪᠠᠰᠠ 13 ᠬᠣᠱᠢᠭᠤ ᠱᠢᠶᠠᠨ (ᠬᠣᠲᠠ ᠲᠣᠭᠣᠷᠢᠭ) ᠤ᠋ 30 ᠰᠤᠮᠤ ᠱᠢᠶᠠᠩ ᠪᠠᠯᠭᠠᠰᠤ ᠵᠡᠭᠡᠯᠢ ᠭᠤᠳᠤᠮᠵᠢ ᠤᠷᠤᠨ ᠲᠤᠭ᠎ᠠ ᠵᠢᠨ ᠲᠤᠱᠢᠶᠠᠯ ᠬᠠᠷᠢᠭᠤᠴᠠᠯᠭ᠎ᠠ᠎ᠪᠠᠨ ᠦᠨᠳᠦᠰᠦᠨ᠎ᠳᠡᠭᠡᠨ ᠭᠦᠶ᠋ᠴᠡᠳᠭᠡᠬᠦ᠂ ᠲᠤᠱᠢᠶᠠᠯ ᠬᠠᠷᠢᠭᠤᠴᠠᠯᠭ᠎ᠠ᠎ᠪᠠᠨ ᠬᠠᠮᠵᠢᠯᠴᠠᠨ ᠭᠦᠢᠴᠡᠳᠭᠡᠬᠦ᠂ ᠳᠡᠭᠡᠷ᠎ᠠ ᠱᠠᠲᠤᠨ᠎ᠤ ᠰᠠᠯᠠᠭ᠎ᠠ ᠮᠥᠴᠢᠷ᠎ᠦᠨ ᠬᠣᠷᠢᠶᠠᠨ ᠠᠪᠤᠭ᠍ᠰᠠᠨ 《ᠭᠤᠷᠪᠠᠨ ᠬᠠᠭᠤᠳᠠᠰᠤ ᠠᠵᠢᠯ ᠶᠠᠪᠤᠳᠠᠯ᠎ᠤᠨ ᠨᠠᠷᠢᠨ ᠲᠠᠨᠭᠰᠠ》 ᠵᠢᠨ ᠲᠤᠷᠰᠢᠯᠳᠠ ᠵᠢᠨ ᠴᠡᠭ᠎ᠢ ᠦᠷᠨᠢᠬᠦᠯᠵᠤ᠂ ᠡᠬᠦᠨ ᠤ᠋ ᠰᠠᠭᠤᠷᠢᠨ ᠳᠡᠭᠡᠷ᠎ᠡ 《ᠣᠷᠣᠨ ᠲᠣᠭ᠎ᠠ ᠨᠢ ᠤᠴᠢᠷ ᠶᠠᠪᠤᠳᠠᠯ ᠵᠢᠡᠨ ᠳᠠᠭᠠᠵᠤ ᠶᠠᠪᠤᠬᠤ᠂ ᠬᠥᠮᠦᠨ ᠨᠢ ᠣᠷᠣᠨ ᠲᠣᠭ᠎ᠠ᠎ᠪᠠᠨ ᠲᠠᠭᠠᠵᠤ ᠶᠠᠪᠤᠬᠤ》 ᠵᠠᠷᠴᠢᠮ ᠶᠣᠰᠣᠭᠠᠷ ᠣᠷᠣᠨ ᠲᠣᠭ᠎ᠠ᠎ᠶ᠋ᠢᠨ ᠡᠬᠢ ᠪᠠᠶᠠᠯᠢᠭ᠎ᠢ ᠦᠨᠳᠦᠰᠦᠨ ᠱᠠᠲᠤ ᠳᠠᠢᠰᠢ ᠬᠡᠯᠪᠡᠢᠯᠭᠡᠬᠦ᠌᠎ᠶ᠋ᠢ ᠠᠬᠢᠭᠤᠯᠵᠤ᠂ 《ᠬᠥᠮᠦᠨ ᠨᠢ ᠤᠴᠢᠷ ᠶᠠᠪᠤᠳᠠᠯ᠎ᠢᠶᠡᠨ ᠳᠠᠭᠠᠵᠤ ᠶᠠᠪᠤᠬᠤ᠂ ᠵᠠᠷᠤᠳᠠᠯ᠎ᠢ ᠤᠴᠢᠷ ᠶᠠᠪᠤᠳᠠᠯ᠎ᠳᠤᠨᠢ ᠳᠠᠭᠠᠭᠤᠯᠤᠨ ᠰᠢᠯᠵᠢᠬᠦᠯᠬᠦ》 ᠵᠠᠷᠴᠢᠮ᠎ᠢᠶᠡᠷ ᠦᠨᠳᠦᠰᠦᠨ ᠱᠠᠲᠤᠨ᠎ᠤ ᠠᠵᠢᠯᠲᠠᠨ ᠪᠣᠯᠤᠨ ᠵᠠᠷᠤᠳᠠᠯ᠎ᠤᠨ ᠪᠠᠲᠤᠯᠠᠭ᠎ᠠ᠎ᠶ᠋ᠢ ᠴᠢᠩᠭᠠᠳᠭᠠᠵᠤ᠂ ᠤᠴᠢᠷ ᠶᠠᠪᠤᠳᠠᠯ ᠪᠠ ᠡᠷᠬᠡ ᠲᠣᠳᠣᠷᠬᠠᠢ᠂ ᠬᠠᠷᠢᠭᠤᠴᠠᠯᠭ᠎ᠠ ᠴᠢᠳᠠᠪᠤᠷᠢ ᠬᠠᠷᠢᠯᠴᠠᠨ ᠵᠣᠬᠢᠴᠠᠬᠤ᠂ ᠲᠤᠱᠢᠶᠠᠯ᠎ᠢᠶᠠᠨ ᠤᠷᠤᠭ᠍ᠰᠢᠲᠠᠶ ᠭᠦᠶ᠋ᠴᠡᠳᠭᠡᠬᠦ᠂ ᠪᠠᠳᠤᠯᠠᠭ᠎ᠠ ᠬᠦᠴᠦᠲᠡᠶ ᠡᠷᠬᠡ ᠬᠠᠷᠢᠭᠤᠴᠠᠯᠭ᠎ᠠ᠎ᠶ᠋ᠢᠨ ᠱᠢᠰᠲ᠋ᠧᠮ ᠢ᠋ ᠲᠦᠷᠭᠡᠳᠭᠡᠨ ᠪᠠᠢᠭᠤᠯᠪᠠ᠃ 《ᠵᠡᠭᠡᠯᠢ ᠭᠤᠳᠤᠮᠵᠢ ᠱᠢᠶᠠᠩ ᠪᠠᠯᠭᠠᠰᠤ ᠪᠠᠢᠳᠠᠯ᠎ᠢ ᠮᠡᠳᠡᠬᠦᠯᠬᠦ᠂ ᠰᠠᠯᠠᠭ᠎ᠠ ᠮᠥᠴᠢᠷ ᠨᠡᠷ᠎ᠡ ᠮᠡᠳᠡᠭᠦᠯᠦᠨ ᠢᠷᠡᠵᠤ ᠰᠢᠢᠳᠪᠦᠷᠢᠯᠡᠬᠦ》 ᠵᠡᠷᠭᠡ ᠪᠦᠲᠦᠮᠵᠢᠲᠡᠶ ᠠᠷᠭ᠎ᠠ ᠬᠢᠳᠡᠯ᠎ᠢ ᠳᠡᠯᠭᠡᠷᠡᠭᠦᠯᠵᠦ᠍᠂ ᠳᠡᠭᠡᠷ᠎ᠠ ᠱᠠᠲᠤᠨ᠎ᠤ ᠰᠠᠯᠠᠭ᠎ᠠ ᠮᠥᠴᠢᠷ ᠬᠢᠭᠡᠳ ᠰᠤᠮᠤ ᠱᠢᠶᠠᠩ ᠪᠠᠯᠭᠠᠰᠤ ᠵᠡᠭᠡᠯᠢ ᠭᠤᠳᠤᠮᠵᠢ᠎ᠶ᠋ᠢᠨ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠦᠯᠲᠡ᠎ᠶ᠋ᠢᠨ ᠬᠠᠮᠵᠢᠯᠴᠠᠬᠤ ᠲᠣᠭ᠍ᠲᠠᠴᠠ᠂ ᠤᠴᠢᠷ ᠶᠠᠪᠤᠳᠠᠯ᠎ᠢ ᠵᠣᠬᠢᠴᠠᠭᠤᠯᠤᠨ ᠱᠠᠯᠠᠪᠳᠠᠭᠤᠯᠤᠨ ᠭᠦᠶ᠋ᠴᠡᠳᠭᠡᠬᠦ᠌ ᠲᠣᠭ᠍ᠲᠠᠴᠠ᠎ᠶ᠋ᠢ ᠪᠦᠷᠢᠨᠱᠢᠭᠦᠯᠵᠦ᠍᠂ ᠦᠨᠳᠦᠰᠦᠨ ᠱᠠᠲᠤᠨ᠎ᠤ ᠦᠭᠡ᠎ᠶ᠋ᠢ ᠰᠣᠨᠣᠰᠭᠤ ᠬᠥᠮᠦᠨ ᠥᠬᠡᠶ᠂ ᠠᠵᠢᠯ ᠶᠠᠪᠤᠳᠠᠯ ᠭᠦᠶ᠋ᠴᠡᠳᠭᠡᠬᠦ᠌᠎ᠳᠦ ᠳᠠᠭᠠᠬᠤ ᠬᠥᠮᠦᠨ ᠥᠬᠡᠶ ᠪᠠᠢᠬᠤ ᠵᠡᠷᠭᠡ ᠬᠦᠴᠢᠷ ᠠᠰᠠᠭᠤᠳᠠᠯ᠎ᠢ ᠬᠦᠴᠦᠯᠡᠨ ᠱᠢᠶ᠋ᠳᠪᠦᠷᠢᠯᠠᠪᠠ᠃

ᠠᠵᠢᠯ᠎ᠤᠨ ᠡᠩᠨᠡᠭᠡ᠎ᠶ᠋ᠢ ᠪᠠᠢᠭᠤᠯᠤᠨ ᠬᠦᠴᠦᠷᠬᠡᠭ᠌ᠵᠢᠭᠦᠯᠪᠠ᠃ ᠦᠨᠳᠦᠰᠦᠨ ᠱᠠᠲᠤ᠎ᠶ᠋ᠢ 《ᠠᠵᠢᠯ ᠬᠢᠬᠦ ᠬᠥᠮᠦᠨ᠎ᠲᠡᠶ ᠪᠣᠯᠭᠠᠬᠤ》 ᠶ᠋ᠢᠨ ᠲᠣᠭᠣᠷᠢᠨ᠎ᠳᠤ ᠣᠯᠠᠨ ᠠᠷᠭ᠎ᠠ ᠬᠡᠮᠵᠢᠶ᠎ᠡ᠎ᠪᠡᠷ ᠠᠵᠢᠯᠲᠠᠨ᠎ᠤ ᠬᠦᠴᠦᠨ᠎ᠢ ᠲᠣᠬᠢᠷᠠᠭᠤᠯᠪᠠ᠃ ᠥᠪᠥᠷ ᠮᠣᠩᠭᠣᠯ 《ᠱᠢᠶᠠᠩ᠎ᠡᠴᠡ ᠡᠯᠰᠡᠵᠦ᠍ ᠲᠣᠰᠭᠣᠨ ᠬᠡᠷᠡᠭ᠌ᠯᠡᠬᠦ᠌》 ᠶ᠋ᠢ ᠰᠦᠪᠡᠭ᠌ᠴᠢᠯᠡᠨ ᠬᠡᠷᠡᠭ᠌ᠵᠢᠭᠦᠯᠵᠦ᠍᠂ ᠣᠷᠣᠨ ᠲᠣᠭ᠎ᠠ᠎ᠶ᠋ᠢᠨ 《ᠡᠷᠭᠢᠯᠲᠡ᠎ᠶ᠋ᠢᠨ ᠲᠠᠲᠠᠭᠠᠯ》 ᠢ᠋ ᠪᠠᠢᠭᠤᠯᠤᠨ᠂ 《ᠭᠠᠴᠠᠭ᠎ᠠ ᠲᠣᠰᠭᠣᠨ᠎ᠡᠴᠡ ᠬᠥᠮᠦᠨ ᠬᠡᠷᠡᠭ᠌ᠯᠡᠬᠦ᠌ ᠬᠡᠷᠡᠭ᠌ᠴᠡᠭᠡ᠎ᠶ᠋ᠢ ᠳᠤᠷᠠᠳᠬᠤ — ᠰᠤᠮᠤ ᠱᠢᠶᠠᠩ ᠪᠠᠯᠭᠠᠰᠤ᠎ᠡᠴᠡ ᠠᠩᠬ᠎ᠠ ᠠᠯᠬᠤᠮ ᠬᠢᠨᠠᠨ ᠪᠠᠢᠴᠠᠭᠠᠵᠤ ᠬᠠᠷᠭᠤᠭᠤᠯᠬᠤ — ᠬᠣᠱᠢᠭᠤ ᠱᠢᠶᠠᠨ ᠲᠣᠭᠣᠷᠢᠭ᠎ᠡᠴᠡ ᠳᠠᠬᠢᠨ ᠬᠢᠨᠠᠬᠤ᠎ᠶ᠋ᠢᠨ ᠬᠠᠮᠲᠤ ᠳᠡᠭᠡᠭ᠌ᠰᠢ ᠪᠠᠨ ᠭᠤᠶᠤᠴᠢᠯᠠᠬᠤ — ᠬᠣᠲᠠ᠎ᠶ᠋ᠢᠨ ᠱᠠᠲᠤᠨ᠎ᠡᠴᠡ ᠨᠢᠭᠡᠳᠦᠯᠲᠡᠶ ᠲᠥᠯᠥᠪᠵᠢᠬᠦᠯᠤᠨ ᠲᠣᠬᠢᠷᠠᠭᠤᠯᠤᠨ ᠬᠡᠷᠡᠭ᠌ᠯᠡᠬᠦ᠌》 ᠶ᠋ᠢ ᠬᠡᠷᠡᠭ᠌ᠵᠢᠭᠦᠯᠵᠦ᠍᠂ ᠨᠠᠩ ᠣᠯᠠᠨ ᠱᠢᠯᠢᠳᠡᠭ ᠴᠢᠳᠠᠪᠤᠷᠢᠲᠠᠨ᠎ᠤ ᠭᠠᠴᠠᠭ᠎ᠠ ᠲᠣᠰᠭᠣᠨ᠎ᠳᠤ ᠣᠴᠢᠵᠤ ᠦᠶ᠋ᠯᠡᠴᠢᠯᠡᠬᠦ᠌᠎ᠶ᠋ᠢ ᠠᠬᠢᠭᠤᠯᠤᠨ᠂ ᠲᠣᠰᠭᠣᠨ᠎ᠤ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠠᠵᠢᠯᠲᠠᠨ᠎ᠤ 《ᠱᠢᠨ᠎ᠡ ᠬᠠᠭᠤᠴᠢᠨ ᠬᠦᠴᠦᠨ ᠎ᠢ  ᠵᠠᠯᠭᠠᠵᠤ ᠳᠡᠢᠯᠬᠦ᠌ ᠥᠬᠡᠶ》 ᠪᠠᠢᠬᠤ ᠠᠰᠠᠭᠤᠳᠠᠯ᠎ᠢ ᠪᠦᠲᠦᠮᠵᠢᠲᠡᠶ ᠱᠢᠶ᠋ᠳᠪᠦᠷᠢᠯᠡᠪᠡ᠃ ᠣᠢᠷ᠎ᠠ ᠬᠠᠪᠢ᠎ᠳᠤᠨᠢ  ᠠᠵᠢᠯ ᠲᠤᠬᠢᠷᠠᠭᠤᠯᠵᠤ ᠳᠥᠭᠥᠮ ᠦᠵᠡᠭᠦᠯᠬᠦ᠌᠂ ᠠᠵᠢᠯᠯᠠᠵᠤ ᠰᠠᠭᠤᠬᠤ᠎ᠶ᠋ᠢ ᠬᠠᠮᠲᠤ᠎ᠳᠤᠨᠢ ᠬᠠᠷᠠᠭᠠᠯᠵᠠᠬᠤ ᠵᠠᠷᠴᠢᠮ ᠶᠣᠰᠣᠭᠠᠷ ᠠᠢᠮᠠᠭ ᠬᠣᠲᠠ ᠪᠤᠶᠤ ᠬᠣᠱᠢᠭᠤ ᠱᠢᠶᠠᠨ᠎ᠡᠴᠡ ᠨᠡᠢᠭᠡᠮ ᠲᠣᠭᠣᠷᠢᠭ᠎ᠤᠨ ᠠᠵᠢᠯᠲᠠᠨ᠎ᠢ ᠨᠢᠭᠡᠳᠦᠯᠲᠡᠶ ᠰᠣᠩᠭᠣᠨ ᠤᠷᠢᠵᠤ᠂ ᠬᠥᠮᠦᠨ ᠰᠣᠩᠭᠣᠬᠤ ᠶᠠᠰᠤ ᠴᠢᠨᠠᠷ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠲᠤᠯᠠᠵᠤ᠂ ᠨᠡᠢᠭᠡᠮ ᠲᠣᠭᠣᠷᠢᠭ᠎ᠤᠨ ᠬᠥᠮᠦᠨ ᠬᠡᠷᠡᠭ᠌ᠯᠡᠬᠦ᠌᠎ᠳᠦ ᠳᠥᠭᠥᠮ ᠦᠵᠡᠭᠦᠯᠪᠠ᠃ ᠲᠣᠰᠭᠣᠨ᠎ᠳᠤ ᠰᠠᠭᠤᠬᠤ ᠺᠠᠳ᠋ᠷ᠎ᠢ ᠱᠢᠯᠢᠳᠡᠭ᠎ᠢ᠎ᠨᠢ ᠰᠣᠩᠭᠣᠨ ᠲᠣᠬᠢᠷᠠᠭᠤᠯᠵᠤ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ ᠬᠣᠶᠠᠷ ᠱᠠᠲᠤᠨ᠎ᠤ ᠲᠣᠰᠭᠣᠨ᠎ᠳᠤ ᠰᠠᠭᠤᠬᠤ ᠨᠢᠭᠡᠳᠦᠭᠡᠷ ᠱᠦᠵᠢ᠎ᠶ᠋ᠢ ᠰᠣᠩᠭᠣᠨ ᠲᠣᠮᠢᠯᠠᠬᠤ ᠬᠠᠷᠢᠴᠠᠯ᠎ᠢ 30% ᠡᠴᠡ ᠳᠤᠤᠷ᠎ᠠ ᠪᠠᠢᠯᠭᠠᠬᠤ ᠥᠬᠡᠶ᠂ ᠠᠵᠢᠯ ᠤ᠋ᠨ ᠠᠩᠭᠢ᠎ᠶ᠋ᠢᠨ ᠭᠡᠱᠢᠭᠦᠨ᠎ᠢ ᠰᠣᠩᠭᠣᠨ ᠲᠣᠮᠢᠯᠠᠬᠤ ᠬᠠᠷᠢᠴᠠᠯ᠎ᠢ 20% ᠡᠴᠡ ᠳᠤᠤᠷ᠎ᠠ ᠪᠠᠢᠯᠭᠠᠬᠤ ᠥᠬᠡᠶ ᠪᠠᠢᠬᠤ᠎ᠶ᠋ᠢ ᠠᠬᠢᠭᠤᠯᠵᠤ᠂ ᠳᠡᠭᠡᠷ᠎ᠠ ᠱᠠᠲᠤᠨ᠎ᠤ ᠬᠦᠴᠦᠨ᠎ᠢ ᠡᠮᠤᠨ᠎ᠠ ᠹᠷᠣᠨᠲ᠎ᠲᠤ ᠨᠠᠩ ᠣᠯᠠᠨ ᠤᠴᠢᠭᠤᠯᠪᠠ᠃ 《ᠭᠠᠴᠠᠭ᠎ᠠ ᠲᠣᠰᠭᠣᠨ ᠨᠡᠢᠭᠡᠮ ᠲᠣᠭᠣᠷᠢᠭ᠎ᠤᠨ ᠠᠵᠢᠯᠲᠠᠨ — 〈ᠬᠣᠶᠠᠷ ᠵᠥᠪᠯᠡᠯ〉 ᠤ᠋ᠨ ᠪᠦᠷᠢᠯᠳᠦᠬᠦᠨ — ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ — ᠠᠯᠪᠠᠲᠠᠨ (ᠠᠵᠢᠯ ᠦᠶ᠋ᠯᠡᠰ᠎ᠦᠨ ᠣᠷᠣᠨ ᠲᠣᠭ᠎ᠠ᠎ᠲᠠᠢ ᠠᠵᠢᠯᠲᠠᠨ) — ᠱᠢᠶᠠᠩ ᠰᠠᠯᠠᠭᠠᠨ᠎ᠤ ᠲᠠᠰ᠎ᠤᠨ ᠤᠳᠤᠷᠢᠳᠭᠤ ᠺᠠᠳ᠋ᠷ》 ᠤ᠋ᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠠᠷᠭ᠎ᠠ ᠵᠠᠮ᠎ᠢ ᠪᠠᠢᠭᠤᠯᠵᠤ᠂ ᠦᠨᠳᠦᠰᠦᠨ ᠱᠠᠲᠤᠨ᠎ᠤ ᠲᠠᠰ ᠳᠡᠪᠱᠢᠬᠦ᠌ ᠵᠠᠮ᠎ᠢ ᠱᠢᠨ᠎ᠡ᠎ᠵᠢ ᠡᠭᠦᠳᠦᠨ ᠥᠷᠭᠡᠳᠭᠡᠵᠦ᠍᠂ ᠦᠨᠳᠦᠰᠦᠨ ᠱᠠᠲᠤᠨ᠎ᠤ ᠺᠠᠳ᠋ᠷ᠎ᠢ ᠨᠠᠩ ᠬᠦᠰᠡᠯ ᠡᠷᠡᠮᠡᠯᠵᠡᠯ᠎ᠲᠡᠶ ᠪᠠ ᠡᠷᠴᠢ ᠵᠣᠷᠢᠭ᠎ᠲᠠᠶ ᠪᠣᠯᠭᠠᠪᠠ᠃

ᠮᠡᠳᠡᠭᠡ ᠵᠠᠩᠭᠢ᠎ᠶ᠋ᠢᠨ ᠮᠡᠷᠭᠡᠵᠢᠯ᠎ᠢ ᠰᠠᠢᠲᠤᠷ ᠬᠡᠷᠡᠭ᠌ᠯᠡᠪᠠ᠃ ᠦᠨᠳᠦᠰᠦᠨ ᠱᠠᠲᠤ ᠵᠢ 《ᠨᠡᠩ ᠰᠠᠢᠳᠤᠷ ᠠᠵᠢᠯ ᠬᠢᠯᠬᠡᠬᠦ᠌》 ᠵᠢᠨ ᠲᠤᠭᠤᠷᠢᠨ ᠳ᠋ᠤ ᠦᠨᠳᠦᠰᠦᠨ ᠱᠠᠲᠤᠨ᠎ᠤ 《ᠦᠨᠳᠦᠰᠦᠨ ᠲᠣᠭ᠎ᠠ ᠪᠠᠷᠢᠮᠲᠠ᠎ᠶ᠋ᠢᠨ ᠬᠥᠮᠥᠷᠭᠡ》 ᠶ᠋ᠢᠨ ᠪᠦᠲᠦᠭᠡᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠵᠤ᠂ ᠪᠦᠬᠦ᠌ ᠤᠯᠤᠰ᠎ᠲᠤ ᠬᠠᠮᠤᠭ᠎ᠤᠨ ᠲᠦᠷᠦᠬᠦᠨ ᠳ᠋ᠤ ᠮᠤᠵᠢ᠎ᠶ᠋ᠢᠨ ᠬᠡᠪᠴᠢᠶᠡᠨ᠎ᠦ 《ᠨᠢᠭᠡ ᠬᠦᠰᠦᠨᠦᠭ᠌ᠲᠦ᠍᠎ᠪᠡᠷ ᠨᠡᠪᠲᠡᠷᠡᠬᠦ᠌》 ᠮᠡᠳᠡᠭᠡ ᠵᠠᠩᠭᠢ᠎ᠶ᠋ᠢᠨ ᠱᠢᠰᠲᠧᠮ᠎ᠢ ᠪᠠᠢᠭᠤᠯᠵᠤ᠂ 103 ᠬᠣᠱᠢᠭᠤ ᠱᠢᠶᠠᠨ (ᠬᠣᠲᠠ ᠲᠣᠭᠣᠷᠢᠭ) ᠤ᠋ 3700 ᠭᠠᠷᠤᠶ ᠰᠠᠯᠠᠭ᠎ᠠ ᠮᠥᠴᠢᠷ ᠵᠢᠴᠢ ᠪᠤᠶ ᠪᠦᠬᠦᠢ ᠰᠤᠮᠤ ᠱᠢᠶᠠᠩ ᠪᠠᠯᠭᠠᠰᠤ ᠵᠡᠭᠡᠯᠢ ᠭᠤᠳᠤᠮᠵᠢ᠎ᠶ᠋ᠢ ᠪᠦᠬᠦᠨ᠎ᠢ ᠪᠦᠷᠬᠦᠬᠦᠯᠬᠦ᠎ᠶ᠋ᠢ ᠪᠡᠶᠡᠯᠡᠭᠦᠯᠦᠨ᠂ ᠦᠨᠳᠦᠰᠦᠨ ᠱᠠᠲᠤᠨ᠎ᠤ ᠲᠣᠭ᠎ᠠ ᠪᠠᠷᠢᠮᠲᠠ᠎ᠶ᠋ᠢ ᠭᠡᠵᠢᠶ᠎ᠠ ᠬᠤᠪᠢᠷᠠᠭᠤᠯᠪᠡᠯ ᠭᠡᠵᠢᠶ᠎ᠠ ᠰᠢᠨᠡᠴᠢᠯᠡᠵᠤ᠂ ᠲᠡᠭᠡᠷ᠎ᠠ ᠱᠠᠳᠤᠨ ᠤ᠋ ᠬᠢᠨ ᠭᠡᠵᠢᠶ᠎ᠠ ᠭᠡᠷᠡᠭᠯᠡᠪᠡᠯ ᠭᠡᠵᠢᠶ᠎ᠠ ᠠᠪᠴᠤ ᠬᠡᠷᠡᠭᠯᠡᠵᠤ ᠪᠤᠯᠬᠤ ᠪᠤᠯᠭᠠᠨ᠂ ᠲᠣᠭ᠎ᠠ ᠪᠠᠷᠢᠮᠲᠠ᠎ᠶ᠋ᠢ ᠮᠡᠳᠡᠭᠦᠯᠦᠨ ᠬᠦᠷᠭᠡᠬᠦ᠌ ᠶᠠᠪᠤᠴᠠ ᠵᠢ ᠲᠤᠢᠯ᠎ᠤᠨ ᠶᠡᠬᠡ ᠪᠡᠷ ᠱᠢᠯᠢᠳᠡᠭ᠌ᠵᠢᠭᠦᠯᠵᠦ᠍᠂ 《ᠲᠣᠭ᠎ᠠ ᠪᠠᠷᠢᠮᠲᠠ᠎ᠶ᠋ᠢ ᠢᠯᠡᠭᠦᠦ ᠭᠦᠶᠦᠯᠭᠡᠵᠦ᠍᠂ ᠦᠨᠳᠦᠰᠦᠨ ᠱᠠᠲᠤᠨ ᠤ᠋ ᠶᠠᠷᠰᠢᠭ ᠲᠦᠪᠡᠭ ᠢ᠋ ᠪᠠᠭᠠᠰᠬᠠᠬᠤ》 ᠶ᠋ᠢ ᠪᠡᠶᠡᠯᠡᠭᠦᠯᠪᠡ᠃ 《ᠰᠦᠯᠵᠢᠶ᠎ᠡ + ᠲᠤᠤᠷᠵᠢᠯ》 ᠵᠢᠨ ᠵᠠᠰᠠᠯᠲᠠ᠎ᠶ᠋ᠢᠨ ᠵᠠᠭ᠍ᠪᠤᠷ᠎ᠢ ᠲᠡᠭᠦᠯᠳᠡᠷᠵᠢᠭᠦᠯᠵᠦ᠍᠂ 《ᠢᠯᠡᠬᠦᠬᠡᠨ ᠦᠨᠡᠯᠡᠬᠦ》 ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠠᠪᠴᠠᠩ᠎ᠢ ᠰᠤᠳᠤᠯᠤᠨ ᠨᠡᠭᠡᠭᠡᠵᠦ᠍ ᠳᠡᠯᠭᠡᠷᠡᠭᠦᠯᠦᠨ᠂ ᠨᠡᠢᠭᠡᠮ᠎ᠦᠨ ᠬᠠᠮᠢᠶᠠᠷᠤᠯᠲᠠ᠂ ᠠᠷᠠᠳ᠎ᠤᠨ ᠪᠠᠢᠳᠠᠯ᠎ᠤᠨ ᠤᠯᠤᠯᠴᠠᠭ᠎ᠠ᠂ ᠠᠷᠠᠯᠵᠢᠶ᠎ᠠ ᠬᠤᠳᠠᠯᠳᠤᠭᠠᠨ᠎ᠤ ᠦᠶ᠋ᠯᠡᠴᠢᠯᠡᠭᠡ ᠵᠡᠷᠭᠡ ᠴᠢᠳᠠᠮᠵᠢ᠎ᠶ᠋ᠢ ᠲᠠᠪᠴᠠᠩ᠎ᠳᠦ ᠣᠷᠣᠭᠤᠯᠵᠤ᠂ ᠰᠦᠯᠵᠢᠶᠠᠨ ᠲᠡᠭᠡᠷᠡᠬᠢ ᠪᠡᠷ ᠪᠤᠳᠠᠳᠤ ᠴᠤᠬᠴᠠ ᠵᠢ ᠠᠬᠢᠭᠤᠯᠵᠤ᠂ ᠦᠯᠦ ᠦᠵᠡᠭᠳᠡᠬᠦ ᠪᠡᠷ ᠦᠵᠡᠭᠳᠡᠬᠦ ᠵᠢ ᠠᠬᠢᠭᠤᠯᠵᠤ᠂ ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠰᠲ᠋ᠧᠮᠲᠦ ᠴᠢᠨᠠᠷ ᠪᠠ ᠳᠥᠭᠥᠮ ᠲᠦᠷᠬᠡᠨ᠎ᠤ ᠬᠡᠮᠵᠢᠶ᠎ᠡ᠎ᠶ᠋ᠢ ᠳᠡᠭᠡᠭ᠌ᠰᠢᠯᠡᠭᠦᠯᠪᠡ᠃

ᠬᠦᠴᠢᠷᠳᠡᠯ᠎ᠢ ᠰᠢᠢᠳᠪᠦᠷᠢᠯᠡᠬᠦ — ᠦᠨᠳᠦᠰᠦᠨ ᠱᠠᠲᠤᠨ᠎ᠤ 《ᠳᠠᠭᠠᠭᠠᠴᠡ》 ᠡᠴᠡ ᠪᠠᠨ ᠬᠡᠲᠦᠷᠡᠭᠰᠡᠨ ᠬᠦᠨᠳᠦ ᠳᠠᠷᠤᠭᠠᠰᠤ᠎ᠶᠢ ᠬᠤᠪᠢᠶᠠᠯᠴᠠᠨ ᠡᠭᠦᠷᠭᠡᠯᠡᠪᠠ

ᠬᠦᠴᠢᠷᠳᠡᠯ᠎ᠢ ᠰᠢᠢᠳᠪᠦᠷᠢᠯᠡᠬᠦ ᠪᠣᠯ ᠬᠠᠮᠤᠭ᠎ᠤᠨ ᠰᠠᠢᠨ ᠳᠠᠷᠤᠭᠠᠰᠤ ᠵᠢ ᠬᠥᠩᠭᠡᠷᠡᠬᠦᠯᠬᠦ ᠶᠠᠪᠤᠳᠠᠯ ᠮᠥᠨ᠃ ᠶᠡᠷᠦᠩᠬᠡᠢ ᠱᠦᠵᠢ ᠰᠢ ᠵᠢᠨ ᠫᠢᠩ ᠠᠯᠢ ᠡᠷᠲᠡ ᠵᠧᠵᠢᠶᠠᠩ᠎ᠳᠤ ᠠᠵᠢᠯᠯᠠᠵᠤ ᠪᠠᠢᠭᠰᠠᠨ ᠬᠤᠭᠤᠴᠠᠭᠠᠨ᠎ᠳᠠᠭᠠᠨ 《ᠳᠡᠭᠡᠷ᠎ᠠ ᠱᠠᠲᠤᠨ᠎ᠡᠴᠡ ᠨᠢᠭᠡ ᠪᠦᠯᠦᠭ ᠬᠦᠴᠦᠨ᠎ᠢ ᠰᠤᠯᠠᠯᠠᠵᠤ  ᠦᠨᠳᠦᠰᠦᠨ ᠱᠠᠲᠤᠨ᠎ᠤ ᠠᠵᠢᠯ᠎ᠢ ᠬᠤᠪᠢᠶᠠᠯᠴᠠᠨ ᠡᠭᠦᠷᠭᠡᠯᠡᠬᠦ ᠬᠡᠷᠡᠭᠳᠡᠢ》 ᠭᠡᠵᠦ ᠳᠤᠷᠠᠳᠪᠠ᠃ ᠥᠪᠥᠷ ᠮᠣᠩᠭᠣᠯ ᠳᠡᠭᠡᠷ᠎ᠠ ᠳᠣᠣᠷ᠎ᠠ ᠱᠠᠲᠤ ᠪᠠᠷ᠎ᠢᠶᠠᠨ ᠬᠣᠯᠪᠤᠭᠠᠯᠠᠨ ᠬᠥᠳᠡᠯᠦᠯᠴᠡᠵᠦ᠂ ᠠᠳᠠᠯᠢ ᠰᠡᠳᠦᠪ᠎ᠢ ᠬᠠᠮᠲᠤ᠎ᠪᠠᠷ ᠬᠠᠷᠢᠭᠤᠯᠬᠤ᠎ᠶᠢ ᠪᠠᠷᠢᠮᠲᠠᠯᠠᠵᠤ᠂ ᠡᠯ᠎ᠡ ᠱᠠᠲᠤᠨ᠎ᠤ ᠤᠳᠤᠷᠢᠳᠬᠤ ᠪᠠᠢᠭᠤᠯᠭ᠎ᠠ᠎ᠶᠢ ᠬᠥᠲᠥᠯᠥᠨ ᠵᠢᠯᠤᠭᠣᠳᠴᠤ ᠰᠠᠨᠠᠭᠠᠴᠢᠯᠠᠭ᠎ᠠ᠎ᠡᠴᠡ᠎ᠪᠠᠨ ᠦᠨᠳᠦᠰᠦᠨ ᠱᠠᠲᠤ᠎ᠶᠢ ᠬᠠᠪᠰᠤᠷᠤᠨ ᠲᠤᠯᠭᠠᠷᠠᠭᠰᠠᠨ ᠬᠦᠴᠢᠷᠳᠡᠯ᠎ᠢ ᠨᠢ ᠰᠤᠳᠤᠯᠤᠨ ᠰᠢᠢᠳᠪᠦᠷᠢᠯᠡᠵᠦ ᠦᠭᠬᠦᠨ᠂ ᠦᠨᠳᠦᠰᠦᠨ ᠱᠠᠲᠤ᠎ᠲᠠᠢ ᠬᠠᠮᠲᠤ᠎ᠪᠠᠷ 《ᠡᠭᠦᠷᠭᠡᠯᠡᠯ》᠎ᠢ᠋ ᠲᠠᠭᠠᠭᠠᠵᠤ ᠠᠪᠤᠪᠠ᠃

ᠨᠢᠭᠡ ᠲᠠᠯ᠎ᠠ᠎ᠪᠠᠷ ᠦᠨᠳᠦᠰᠦᠨ ᠱᠠᠲᠤᠨ᠎ᠤ ᠲᠤᠰᠬᠠᠯ ᠴᠢᠩᠭ᠎ᠠ ᠪᠠᠢᠭ᠎ᠠ ᠠᠰᠠᠭᠤᠳᠠᠯ᠎ᠢ ᠰᠢᠢᠳᠪᠦᠷᠢᠯᠡᠬᠦ᠎ᠳᠦ ᠬᠦᠴᠦᠨ ᠨᠡᠮᠡᠷᠢᠯᠡᠪᠠ᠃ ᠦᠨᠳᠦᠰᠦᠨ ᠱᠠᠲᠤᠨ᠎ᠤ ᠬᠥᠮᠥᠨ ᠨᠢ ᠠᠵᠢᠯ᠎ᠡᠴᠡ᠎ᠪᠠᠨ ᠢᠯᠡᠭᠦᠳᠡᠵᠦ ᠪᠠᠢᠭ᠎ᠠ ᠪᠠ ᠪᠦᠲᠦᠴᠡ᠎ᠶᠢᠨ ᠴᠢᠨᠠᠷᠲᠠᠢ ᠬᠥᠮᠥᠨ ᠳᠤᠲᠠᠭᠳᠠᠵᠤ ᠪᠠᠢᠭ᠎ᠠ ᠶᠠᠪᠤᠳᠠᠯ ᠵᠡᠷᠭᠡ ᠪᠡᠷ ᠣᠷᠣᠰᠢᠵᠤ ᠪᠠᠢᠭ᠎ᠠ ᠪᠠᠢᠳᠠᠯ᠎ᠳᠤ ᠴᠢᠭᠯᠡᠭᠦᠯᠦᠨ ᠬᠡᠷᠡᠭᠴᠡᠭᠡ ᠶᠣᠰᠣᠭᠠᠷ ᠲᠣᠰᠬᠣᠨ᠎ᠳᠤ ᠰᠠᠭᠤᠭ᠎ᠠ ᠺᠠᠳ᠋ᠷ᠎ᠢ ᠲᠣᠬᠢᠷᠠᠭᠤᠯᠵᠤ᠂ ᠠᠵᠢᠯ᠎ᠤᠨ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ᠎ᠶᠢ ᠦᠨᠡᠨ ᠬᠦ᠌ ᠴᠢᠩᠭᠠᠳᠬᠠᠨ᠂ ᠰᠤᠮᠤ ᠰᠢᠶᠠᠩ ᠪᠠᠯᠭᠠᠰᠤ᠎ᠶᠢᠨ ᠺᠠᠳ᠋ᠷ᠎ᠢ ᠬᠠᠯᠠᠮᠵᠢᠯᠠᠨ ᠬᠠᠢᠷᠠᠯᠠᠬᠤ ᠠᠷᠭ᠎ᠠ ᠬᠡᠮᠵᠢᠶ᠎ᠡ᠎ᠨᠦᠭᠦᠳ᠎ᠢ ᠲᠣᠭᠲᠠᠭᠠᠨ ᠨᠡᠢᠲᠡᠯᠡᠵᠦ᠂ ᠰᠤᠮᠤ ᠰᠢᠶᠠᠩ ᠪᠠᠯᠭᠠᠰᠤ᠎ᠶᠢᠨ ᠺᠠᠳ᠋ᠷ᠎ᠤᠨ ᠣᠷᠣᠯᠭ᠎ᠠ᠎ᠶᠢ ᠰᠢᠶᠠᠨ᠎ᠤ ᠰᠢᠭᠤᠳ ᠬᠠᠷᠢᠶ᠎ᠠ ᠪᠠᠢᠭᠤᠯᠭ᠎ᠠ ᠠᠵᠢᠯ ᠦᠢᠯᠡᠰ᠎ᠦᠨ ᠨᠢᠭᠡᠴᠢ᠎ᠶᠢᠨ ᠠᠳᠠᠯᠢ ᠲᠤᠰᠢᠶᠠᠯ᠎ᠤᠨ ᠲᠠᠰ᠎ᠤᠨ ᠠᠵᠢᠯᠲᠠᠨ᠎ᠤ ᠤᠷᠤᠯᠭ᠎ᠠ ᠡᠴᠡ 20%᠎ᠡᠴᠡ ᠳᠡᠭᠡᠭᠦᠷ ᠬᠥᠳᠡᠯᠦᠩᠭᠦᠢ ᠪᠡᠷ ᠨᠡᠮᠡᠭᠳᠡᠭᠦᠯᠬᠦ ᠲᠣᠭᠲᠡᠴᠡ᠎ᠶᠢ ᠪᠠᠢᠭᠤᠯᠤᠨ᠂ ᠰᠤᠮᠤ ᠰᠢᠶᠠᠩ ᠪᠠᠯᠭᠠᠰᠤ᠎ᠶᠢᠨ ᠠᠯᠪᠠᠲᠠᠨ᠎ᠤ ᠰᠠᠷ᠎ᠠ᠎ᠶᠢᠨ ᠴᠠᠯᠢᠩ᠎ᠢ ᠬᠥᠮᠥᠨ ᠪᠦᠷᠢ ᠳ᠋ᠤ ᠳᠤᠮᠳᠠᠴᠢ᠎ᠪᠠᠷ 860 ᠲᠥᠭᠥᠷᠢᠭ ᠨᠡᠮᠡᠭᠳᠡᠭᠦᠯᠵᠦ᠂ ᠠᠵᠢᠯ ᠦᠢᠯᠡᠰ᠎ᠦᠨ ᠨᠢᠭᠡᠴᠢ᠎ᠶᠢᠨ ᠠᠵᠢᠯᠲᠠᠨ᠎ᠤ ᠰᠠᠷ᠎ᠠ᠎ᠶᠢᠨ ᠴᠠᠯᠢᠩ᠎ᠢ ᠬᠥᠮᠥᠨ ᠪᠦᠷᠢ ᠳᠤᠮᠳᠠᠴᠢ᠎ᠪᠠᠷ 913 ᠲᠥᠭᠥᠷᠢᠭ ᠨᠡᠮᠡᠭᠳᠡᠭᠦᠯᠪᠡ᠃ ᠨᠡᠢᠭᠡᠮ ᠲᠣᠭᠣᠷᠢᠭ᠋᠎ᠲᠤ 《ᠭᠤᠷᠪᠠᠨ ᠠᠵᠢᠯ᠎ᠤᠨ ᠪᠠᠢᠷᠢ ᠠᠷᠪᠠᠨ ᠨᠠᠢ᠍ᠮᠠᠨ ᠲᠠᠰ》 ᠤ᠋ᠨ ᠠᠵᠢᠯ ᠮᠡᠷᠭᠡᠵᠢᠭᠰᠡᠨ ᠴᠠᠯᠢᠩ ᠬᠥᠯᠥᠰᠦ᠎ᠶᠢᠨ ᠰᠢᠰᠲᠧᠮ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠨᠡᠢᠭᠡᠮ ᠲᠣᠭᠣᠷᠢᠭ᠋᠎ᠤᠨ ᠠᠵᠢᠯᠲᠠᠨ᠎ᠤ ᠴᠠᠯᠢᠩ ᠬᠥᠯᠥᠰᠦ᠎ᠶᠢ ᠰᠠᠷ᠎ᠠ ᠪᠦᠷᠢ ᠳᠤᠮᠳᠠᠴᠢ᠎ᠪᠠᠷ 900 ᠲᠥᠭᠥᠷᠢᠭ ᠣᠷᠴᠢᠮ ᠨᠡᠮᠡᠭᠳᠡᠭᠦᠯᠪᠡ᠃ ᠡᠨᠡ ᠬᠦ᠌ ᠰᠠᠭᠤᠷᠢᠨ ᠳᠡᠭᠡᠷ᠎ᠡ ᠲᠤᠰᠢᠶᠠᠯ᠎ᠤᠨ ᠳᠡᠰ ᠲᠤᠰᠢᠶᠠᠯ᠎ᠤᠨ ᠲᠣᠭ᠎ᠠ᠎ᠶᠢ ᠨᠢᠭᠡᠳᠦᠯᠲᠡᠢ ᠲᠥᠯᠥᠪᠵᠢᠭᠦᠯᠬᠦ ᠡᠷᠴᠢᠮ᠎ᠢᠶᠡᠨ ᠴᠢᠩᠭᠠᠷᠠᠭᠤᠯᠵᠤ᠂ ᠲᠤᠰᠢᠶᠠᠯ᠎ᠤᠨ ᠳᠡᠰ᠎ᠤᠨ ᠲᠥᠷᠥ᠎ᠶᠢᠨ ᠪᠣᠳᠣᠯᠭ᠎ᠠ᠎ᠶᠢ ᠦᠨᠳᠦᠰᠦᠨ ᠱᠠᠲᠤ ᠲᠡᠢᠰᠢ ᠬᠡᠯᠪᠡᠢᠯᠭᠡᠬᠦ᠎ᠶᠢ ᠠᠬᠢᠭᠤᠯᠵᠤ᠂ ᠦᠨᠳᠦᠰᠦᠨ ᠱᠠᠲᠤᠨ᠎ᠤ ᠴᠢᠳᠠᠪᠤᠷᠢᠲᠠᠨ᠎ᠢ ᠲᠠᠲᠠᠬᠤ ᠬᠦᠴᠦᠨ᠎ᠢ ᠨᠡᠮᠡᠭᠳᠡᠭᠦᠯᠵᠦ᠂ ᠦᠨᠳᠦᠰᠦᠨ ᠱᠠᠲᠤᠨ᠎ᠤ ᠺᠠᠳ᠋ᠷᠴᠤᠳ᠎ᠤᠨ ᠰᠠᠨᠠᠭ᠎ᠠ ᠠᠮᠤᠷ ᠠᠵᠢᠯᠯᠠᠬᠤ᠎ᠶᠢ ᠠᠬᠢᠭᠤᠯᠪᠠ᠃ ᠦᠨᠳᠦᠰᠦᠨ ᠱᠠᠲᠤᠨ᠎ᠤ ᠺᠠᠳ᠋ᠷᠴᠤᠳ᠎ᠤᠨ ᠶᠡᠬᠡ ᠬᠡᠮᠵᠢᠶᠡᠨ᠎ᠦ ᠴᠠᠭ᠎ᠪᠠ ᠤᠶᠤᠨ ᠴᠢᠳᠠᠯ᠎ᠢᠶᠡᠨ ᠬᠡᠷᠡᠭᠯᠡᠵᠦ ᠪᠠᠢᠭ᠎ᠠ ᠵᠠᠬᠢᠳᠠᠯ ᠰᠣᠷᠪᠤᠯᠵᠢᠯᠠᠯ᠎ᠤᠨ ᠠᠰᠠᠭᠤᠳᠠᠯ ᠪᠠ ᠵᠥᠷᠢᠴᠡᠯ ᠵᠠᠭᠤᠷᠠᠯᠳᠤᠭᠠᠨ᠎ᠢ ᠰᠢᠢᠳᠪᠦᠷᠢᠯᠡᠬᠦ ᠠᠵᠢᠯ᠎ᠳᠤ ᠴᠢᠭᠯᠡᠭᠦᠯᠦᠨ ᠦᠨᠳᠦᠰᠦᠨ ᠱᠠᠲᠤᠨ᠎ᠤ ᠨᠠᠮ᠎ᠤᠨ ᠭᠡᠰᠢᠭᠦᠨ ᠺᠠᠳ᠋ᠷ᠂ ᠠᠬᠠᠮᠠᠳ ᠺᠠᠳ᠋ᠷ᠂ ᠲᠤᠤᠷᠵᠢᠭᠤᠯᠤᠯᠳᠠ ᠵᠢᠨ ᠬᠠᠮᠢᠶᠠᠷᠤᠯᠳᠠ ᠵᠢᠨ ᠠᠵᠢᠯᠲᠠᠨ᠂ ᠬᠦᠳᠡᠬᠡ ᠲᠤᠰᠬᠤᠨ᠎ᠤ ᠴᠢᠳᠠᠪᠤᠷᠢᠲᠠᠨ ᠵᠡᠷᠭᠡ ᠡᠬᠢ ᠪᠠᠶᠠᠯᠢᠭ᠋᠎ᠢ ᠡᠮᠬᠢᠳᠭᠡᠵᠦ᠂ ᠭᠠᠴᠡᠭᠠᠨ᠎ᠤ ᠱᠠᠲᠤᠨ᠎ᠤ ᠵᠣᠬᠢᠶᠠᠨ ᠪᠠᠢᠭᠤᠯᠤᠯᠲᠠ᠎ᠡᠴᠡ ᠥᠪᠡᠷᠲᠡᠭᠡᠨ ᠵᠠᠰᠠᠬᠤ ᠣᠷᠣᠨ ᠬᠦᠷᠲᠡᠯᠡᠬᠢ ᠲᠠᠪᠤᠨ ᠱᠠᠲᠤᠨ᠎ᠤ ᠨᠡᠪᠲᠡᠷᠡᠯᠴᠡᠭᠰᠡᠨ ᠵᠠᠬᠢᠳᠠᠯ ᠰᠣᠷᠪᠤᠯᠵᠢᠯᠠᠯ᠎ᠤᠨ ᠣᠷᠣᠯᠠᠨ ᠭᠦᠢᠴᠡᠳᠬᠡᠬᠦ ᠰᠢᠰᠲᠧᠮ᠎ᠢ ᠪᠠᠢᠭᠤᠯᠵᠤ᠂ 《ᠤᠯᠠᠨ ᠲᠦᠮᠡᠨ ᠳᠡᠭᠡᠭᠰᠢ ᠵᠠᠬᠢᠳᠠᠯ ᠰᠤᠷᠪᠤᠯᠵᠢᠯᠠᠯ ᠬᠢᠬᠦ ᠵᠢ ᠬᠦᠯᠢᠶᠡᠨ ᠠᠪᠴᠤ ᠪᠠᠢᠬᠰᠠᠨ》᠎ᠢ᠋《ᠤᠯᠠᠨ ᠲᠦᠮᠡᠨ᠎ᠢ ᠣᠷᠣᠯᠠᠨ ᠵᠠᠬᠢᠳᠠᠯ ᠰᠤᠷᠪᠤᠯᠵᠢᠯᠠᠯ ᠬᠢᠬᠦ》 ᠪᠠ 《ᠰᠠᠨᠠᠭᠠᠴᠢᠯᠠᠭ᠎ᠠ ᠦᠭᠡᠢ᠎ᠪᠡᠷ ᠵᠥᠷᠢᠴᠡᠯ᠎ᠢ ᠠᠷᠢᠯᠭᠠᠵᠤ ᠪᠠᠢᠬᠰᠠᠨ》᠎ᠢ 《ᠰᠠᠨᠠᠭᠠᠴᠢᠯᠠᠭ᠎ᠠ᠎ᠡᠴᠡ᠎ᠪᠠᠨ ᠠᠰᠠᠭᠤᠳᠠᠯ᠎ᠢ ᠰᠢᠢᠳᠪᠦᠷᠢᠯᠡᠬᠦ》 ᠪᠣᠯᠭᠠᠨ ᠬᠤᠪᠢᠷᠠᠭᠤᠯᠪᠠ᠃ 2024 ᠣᠨ᠎ᠡᠴᠡ ᠨᠠᠭᠠᠰᠢ᠂ ᠪᠥᠬᠥ ᠣᠷᠣᠨ᠎ᠤ ᠡᠯ᠎ᠡ ᠱᠠᠲᠤᠨ᠎ᠤ ᠬᠢᠨ ᠵᠠᠬᠢᠳᠠᠯ ᠰᠤᠷᠪᠤᠯᠵᠢᠯᠠᠯ ᠵᠢᠴᠢ ᠪᠤᠰᠤᠳ ᠵᠦᠢᠯᠡᠰ᠎ᠢ ᠨᠡᠶ᠋ᠢᠲᠡ 2.5 ᠲᠦᠮᠡ ᠭᠠᠷᠤᠢ ᠬᠤᠪᠢ ᠣᠷᠣᠯᠠᠨ ᠭᠦᠢᠴᠡᠳᠬᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 90% ᠵᠢ ᠳᠠᠪᠠᠵᠤ᠂ ᠨᠢᠭᠡ ᠪᠦᠯᠦᠭ ᠣᠯᠠᠨ ᠲᠦᠮᠡᠨ᠎ᠦ ᠪᠠᠴᠢᠮᠳᠠᠵᠤ ᠪᠠᠢᠬᠰᠠᠨ᠂ ᠦᠨᠳᠦᠰᠦᠨ ᠱᠠᠲᠤᠨ᠎ᠤ ᠬᠦᠴᠢᠷᠳᠡᠵᠦ ᠪᠠᠢᠬᠰᠠᠨ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠪᠡ᠃

ᠨᠦᠬᠦᠭᠡ ᠲᠠᠯ᠎ᠠ᠎ᠪᠠᠷ ᠦᠨᠳᠦᠰᠦᠨ ᠱᠠᠲᠤᠨ᠎ᠤ ᠠᠰᠠᠭᠤᠳᠠᠯ᠎ᠢ ᠳᠡᠭᠡᠭᠰᠢ ᠲᠤᠰᠬᠠᠬᠤ ᠠᠷᠭ᠎ᠠ ᠵᠠᠮ᠎ᠢ ᠰᠢᠯᠤᠭᠤᠳᠬᠠᠪᠠ᠃ ᠦᠨᠳᠦᠰᠦᠨ ᠱᠠᠲᠤᠨ᠎ᠳᠤ ᠰᠢᠢᠳᠪᠦᠷᠢᠯᠡᠬᠦ ᠴᠢᠳᠠᠯ ᠦᠭᠡᠢ ᠪᠤᠶᠤ ᠰᠢᠢᠳᠪᠦᠷᠢᠯᠡᠬᠦ ᠡᠷᠬᠡ ᠦᠭᠡᠢ ᠬᠦᠴᠢᠷᠳᠡᠯ ᠪᠠ ᠠᠰᠠᠭᠤᠳᠠᠯ ᠲᠣᠬᠢᠶᠠᠯᠳᠤᠪᠠᠯ ᠳᠡᠭᠡᠷ᠎ᠠ ᠱᠠᠲᠤᠨ᠎ᠳᠠᠭᠠᠨ ᠴᠠᠭ ᠲᠤᠬᠠᠢ ᠳ᠋ᠤᠨᠢ ᠮᠡᠳᠡᠭᠦᠯᠵᠦ᠂ ᠳᠡᠭᠡᠷ᠎ᠠ ᠱᠠᠲᠤ ᠨᠢ ᠮᠡᠳᠡᠭᠰᠡᠨ᠎ᠦ ᠲᠠᠷᠠᠭ᠎ᠠ ᠲᠦᠷᠭᠡᠨ ᠰᠢᠢᠳᠪᠦᠷᠢᠯᠡᠪᠡᠯ ᠰᠠᠶᠢ ᠪᠠᠭ᠎ᠠ ᠶᠠᠪᠤᠳᠠᠯ᠎ᠢ ᠤᠳᠠᠭᠠᠰᠢᠷᠠᠭᠤᠯᠤᠨ ᠶᠡᠬᠡᠳᠬᠡᠬᠦ᠂ ᠶᠡᠬᠡ ᠶᠠᠪᠤᠳᠠᠯ᠎ᠢ ᠤᠳᠠᠭᠠᠰᠢᠷᠠᠭᠤᠯᠤᠨ ᠰᠢᠢᠳᠪᠦᠷᠢᠯᠡᠬᠦ ᠳ᠋ᠤ ᠪᠡᠷᠬᠡ ᠲᠠᠢ ᠶᠠᠪᠤᠳᠠᠯ ᠪᠤᠯᠭᠠᠬᠤ᠎ᠶᠢ ᠰᠡᠷᠭᠡᠢᠯᠡᠵᠦ ᠴᠢᠳᠠᠨ᠎ᠠ᠃ ᠨᠢᠭᠡ ᠬᠤᠭᠤᠴᠠᠭᠠᠨ᠎ᠤ ᠲᠤᠷᠰᠢ ᠵᠠᠷᠢᠮ ᠦᠨᠳᠦᠰᠦᠨ ᠱᠠᠲᠤᠨ᠎ᠤ ᠨᠠᠮ᠎ᠤᠨ ᠭᠡᠰᠢᠭᠦᠨ ᠺᠠᠳ᠋ᠷ ᠳᠡᠷᠭᠡᠳᠡᠬᠢ ᠠᠰᠠᠭᠤᠳᠠᠯ᠎ᠢᠶᠠᠨ ᠬᠠᠷᠠᠵᠤ ᠪᠠᠢᠭᠠᠳ ᠬᠠᠢᠬᠤᠷᠬᠤ ᠦᠭᠡᠢ᠂ ᠰᠢᠢᠳᠪᠦᠷᠢᠯᠡᠬᠦ ᠦᠭᠡᠢ ᠮᠥᠷᠲᠡᠭᠡᠨ ᠮᠡᠳᠡᠭᠦᠯᠬᠦ ᠦᠭᠡᠢ ᠪᠠᠢᠨ᠎ᠠ᠂ ᠡᠨᠡ ᠨᠢ ᠨᠠᠮ᠎ᠤᠨ ᠭᠡᠰᠢᠭᠦᠨ ᠺᠠᠳ᠋ᠷ᠎ᠤᠨ ᠬᠠᠷᠢᠭᠤᠴᠠᠯᠭᠠᠲᠤ ᠰᠡᠳᠬᠢᠯᠭᠡ ᠴᠢᠩᠭ᠎ᠠ ᠪᠢᠰᠢ ᠪᠠᠢᠬᠤ᠎ᠶᠢᠨ ᠰᠢᠯᠲᠠᠭᠠᠨ ᠪᠣᠯᠬᠤ᠎ᠪᠠᠷ ᠪᠠᠷᠠᠬᠤ ᠦᠭᠡᠢ ᠪᠠᠰᠠ ᠠᠰᠠᠭᠤᠳᠠᠯ᠎ᠢ ᠲᠤᠰᠬᠠᠬᠤ ᠠᠷᠭ᠎ᠠ ᠵᠠᠮ ᠰᠢᠯᠤᠭᠤᠨ ᠪᠢᠰᠢ ᠪᠠᠢᠬᠤ᠎ᠲᠠᠢ ᠮᠠᠰᠢ ᠶᠡᠬᠡ ᠬᠣᠯᠪᠣᠭ᠎ᠠ᠎ᠲᠠᠢ ᠶᠤᠮ᠃ ᠡᠭᠦᠨ᠎ᠦ ᠲᠥᠯᠥᠭᠡ ᠥᠪᠥᠷ ᠮᠣᠩᠭᠣᠯ ᠦᠨᠳᠦᠰᠦᠨ ᠱᠠᠲᠤᠨ᠎ᠤ ᠺᠠᠳ᠋ᠷ᠎ᠤᠨ ᠰᠠᠨᠠᠭᠠᠴᠢᠯᠠᠭ᠎ᠠ᠎ᠡᠴᠡ᠎ᠪᠠᠨ ᠠᠰᠠᠭᠤᠳᠠᠯ᠎ᠢ ᠢᠯᠡᠷᠡᠭᠦᠯᠵᠦ᠂ ᠵᠣᠷᠢᠭ᠍ᠲᠠᠢ᠎ᠪᠠᠷ ᠦᠨᠡᠨ ᠦᠭᠡ ᠬᠡᠯᠡᠵᠦ ᠪᠣᠳᠠᠲᠤ ᠪᠠᠢᠳᠠᠯ᠎ᠢ ᠮᠡᠳᠡᠭᠦᠯᠬᠦ ᠵᠢ ᠵᠤᠷᠢᠬᠵᠢᠭᠤᠯᠵᠤ᠂ 《ᠬᠣᠶᠠᠷ ᠲᠥᠯᠥᠭᠡᠯᠡᠭᠴᠢ ᠨᠢᠭᠡ ᠭᠡᠰᠢᠭᠦᠨ》 (ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ) ᠤ᠋ ᠰᠢᠭᠤᠳ ᠨᠡᠪᠲᠡᠷᠡᠬᠦ ᠲᠡᠷᠭᠡ᠂ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠦᠢᠯᠡᠴᠢᠯᠡᠭᠡᠨ᠎ᠦ ᠬᠠᠯᠠᠮᠰᠢᠯ ᠤᠲᠠᠰᠤ ᠵᠢ ᠪᠠᠢᠭᠤᠯᠵᠤ᠂ ᠦᠨᠳᠦᠰᠦᠨ ᠱᠠᠲᠤ ᠪᠣᠯᠣᠨ ᠬᠣᠯᠪᠣᠭᠳᠠᠯ ᠪᠦᠬᠦᠢ ᠲᠠᠯ᠎ᠠ᠎ᠶᠢᠨ ᠬᠢᠨ᠎ᠢ ᠬᠥᠲᠥᠯᠥᠨ ᠳᠠᠭᠠᠭᠤᠯᠵᠤ ᠦᠵᠡᠯ ᠰᠠᠨᠠᠭᠠᠨ᠎ᠤ ᠡᠷᠡᠭᠡᠯᠵᠡᠯ᠎ᠢ ᠨᠢ ᠲᠠᠶᠠᠭᠳᠠᠭᠤᠯᠵᠤ᠂ ᠰᠠᠨᠠᠯ ᠰᠠᠨᠠᠭᠤᠯᠭ᠎ᠠ᠎ᠢᠯᠡᠭᠦᠬᠡᠨ ᠳᠤᠷᠠᠳᠬᠤ᠎ᠶᠢ ᠬᠦᠳᠦᠯᠦᠨ ᠵᠢᠯᠤᠭᠤᠳᠪᠠ᠃ ᠨᠠᠮ᠎ᠤᠨ ᠳᠣᠲᠣᠭᠠᠳᠤ᠎ᠶ᠋ᠢᠨ ᠬᠢᠨᠠᠯᠲᠠ ᠲᠠᠯᠪᠢᠬᠤ᠎ᠪᠠᠷ《ᠬᠥᠲᠥᠯᠪᠦᠷᠢ》 ᠪᠣᠯᠭᠠᠵᠤ᠂ ᠡᠯ᠎ᠡ ᠲᠠᠯ᠎ᠠ᠎ᠶ᠋ᠢᠨ ᠬᠢᠨᠠᠯᠲᠠ ᠲᠠᠯᠪᠢᠬᠤ᠎ᠪᠠᠷ 《ᠬᠠᠷᠠᠯᠲᠠ》 ᠪᠣᠯᠭᠠᠵᠤ᠂ ᠠᠷᠪᠠᠨ ᠶᠡᠬᠡ ᠬᠢᠨᠠᠯᠲᠠ ᠲᠠᠯᠪᠢᠬᠤ᠎ᠶ᠋ᠢ ᠨᠡᠪᠲᠡᠷᠡᠯᠴᠡᠭᠦᠯᠦᠨ ᠵᠣᠬᠢᠴᠠᠭᠤᠯᠬᠤ ᠠᠵᠢᠯ᠎ᠤᠨ ᠲᠣᠭ᠍ᠲᠠᠴᠠ᠎ᠶ᠋ᠢ ᠪᠠᠢᠭᠤᠯᠵᠤ᠂ 《ᠬᠢᠨᠠᠯᠲᠠ ᠲᠠᠯᠪᠢᠬᠤ ᠱᠢᠰᠲ᠋ᠧᠮ᠎ᠢ ᠲᠡᠭᠦᠯᠳᠡᠷᠵᠢᠭᠦᠯᠬᠦ᠌ ᠲᠤᠬᠠᠶ ᠠᠷᠪᠠᠨ ᠰᠠᠨᠠᠯ》᠎ᠢ᠋ ᠨᠡᠢᠲᠡᠯᠡᠵᠦ᠍᠂ ᠬᠢᠨᠠᠯᠲᠠ ᠲᠠᠯᠪᠢᠬᠤ ᠮᠡᠳᠡᠭᠡ ᠵᠠᠩᠭᠢ᠎ᠶ᠋ᠢᠨ ᠲᠠᠪᠴᠠᠩ᠎ᠢ ᠪᠠᠢᠭᠤᠯᠵᠤ᠂ ᠦᠨᠳᠦᠰᠦᠨ ᠱᠠᠲᠤᠨ᠎ᠤ ᠲᠤᠰᠭᠠᠭ᠍ᠰᠠᠨ ᠠᠰᠠᠭᠤᠳᠠᠯ᠎ᠳᠤ ᠮᠠᠰᠢ ᠣᠯᠠᠨ 《ᠳᠡᠭᠡᠭ᠌ᠰᠢ ᠶᠠᠪᠤᠬᠤ》 ᠵᠠᠮ ᠭᠠᠷᠭᠠᠵᠤ ᠦᠭᠴᠤ᠂ 2023 ᠣᠨ᠎ᠡᠴᠡ ᠨᠠᠭᠠᠰᠢ ᠪᠥᠬᠥ᠌ ᠣᠷᠣᠨ᠎ᠤ ᠡᠯ᠎ᠡ ᠱᠠᠲᠤᠨ᠎ᠳᠤ ᠨᠡᠢᠲᠡ 10 ᠲᠦᠮᠡ ᠭᠠᠷᠤᠶ ᠠᠰᠠᠭᠤᠳᠠᠯ᠎ᠢ ᠢᠯᠡᠷᠡᠭᠦᠯᠵᠦ᠍᠂ ᠲᠣᠭ᠍ᠲᠠᠭ᠍ᠰᠠᠨ ᠬᠤᠭᠤᠴᠠᠭᠠᠨ᠎ᠳᠤ ᠴᠡᠭ᠌ᠴᠡᠯᠡᠨ ᠰᠠᠢᠵᠢᠷᠠᠭᠤᠯᠤᠭ᠍ᠰᠠᠨ ᠨᠣᠷᠮ᠎ᠠ 98.7%᠎ᠳ᠋ᠤ ᠬᠥᠷᠪᠡ᠃

ᠠᠬᠢᠭᠤᠯᠬᠤ — ᠦᠨᠳᠦᠰᠦᠨ ᠱᠠᠲᠤᠨ᠎ᠤ ᠦᠨᠡᠨ᠎ᠬᠦ ᠠᠳᠭᠤᠵᠤ ᠪᠣᠳᠠᠲᠠᠢ ᠠᠵᠢᠯᠯᠠᠬᠤ 《ᠬᠥᠳᠡᠯᠭᠡᠬᠦ᠌ ᠬᠦᠴᠦᠨ》᠎ᠢ᠋ ᠬᠥᠭ᠌ᠵᠢᠭᠡᠪᠡ

ᠳᠠᠷᠤᠭᠠᠰᠤ᠎ᠶ᠋ᠢ ᠬᠥᠩᠭᠡᠷᠡᠭᠦᠯᠦᠨ᠎ᠡ ᠬᠡᠳᠡᠭ ᠨᠢ ᠡᠬᠦᠷᠬᠡᠯᠡᠯ᠎ᠢ ᠬᠠᠰᠤᠵᠤ ᠬᠠᠷᠢᠭᠤᠴᠠᠯᠭ᠎ᠠ᠎ᠶ᠋ᠢ ᠬᠦᠩᠬᠡᠷᠡᠬᠦᠯᠦᠨ᠎ᠡ ᠬᠡᠰᠡᠨ ᠶᠠᠪᠤᠳᠠᠯ ᠪᠢᠰᠢ᠂ ᠦᠨᠳᠦᠰᠦᠨ ᠱᠠᠲᠤᠨ᠎ᠡᠴᠡ ᠡᠭᠦᠷᠭᠡᠯᠡᠪᠡᠯ ᠵᠣᠬᠢᠬᠤ ᠡᠭᠦᠷᠭᠡ᠎ᠶ᠋ᠢ ᠡᠷᠬᠡᠪᠰᠢ ᠦᠷᠭᠦᠯᠵᠢᠯᠡᠨ ᠠᠩᠬᠠᠷᠴᠤ᠌᠂ ᠲᠣᠭ᠍ᠲᠠᠭ᠍ᠰᠠᠨ ᠬᠤᠭᠤᠴᠠᠭᠠᠨ᠎ᠳᠤ ᠪᠡᠶᠡᠯᠡᠭᠦᠯᠵᠦ᠍᠂ ᠡᠴᠦᠰ᠎ᠲᠦᠨᠢ ᠲᠤᠯᠲᠠᠯ᠎ᠠ ᠠᠳᠭᠤᠬᠤ ᠬᠡᠷᠡᠭ᠌ᠲᠡᠢ᠃ ᠥᠪᠥᠷ ᠮᠣᠩᠭᠣᠯ 《ᠠᠬᠢᠭᠤᠯᠬᠤ》 ᠲᠠᠯ᠎ᠠ᠎ᠪᠠᠷ ᠭᠦᠨᠵᠡᠭᠡᠢᠷᠡᠭᠦᠯᠵᠦ᠍᠂ 《ᠱᠠᠯᠠᠪᠳᠠᠭᠤᠯᠬᠤ》 ᠲᠠᠯ᠎ᠠ᠎ᠪᠠᠷ ᠪᠣᠳᠠᠲᠠᠢᠵᠢᠭᠤᠯᠵᠤ᠂ 《ᠵᠢᠯᠣᠭᠣᠳᠭᠤ》 ᠲᠠᠯ᠎ᠠ᠎ᠪᠠᠷ ᠴᠢᠩᠭᠠᠳᠭᠠᠵᠤ᠂ ᠦᠨᠳᠦᠰᠦᠨ ᠱᠠᠲᠤᠨ᠎ᠤ᠎ᠬᠢᠨ᠎ᠢ ᠬᠥᠲᠥᠯᠥᠨ ᠵᠢᠯᠣᠭᠣᠳᠴᠤ᠌ ᠨᠠᠩ ᠢᠳᠡᠪᠬᠢᠲᠡᠶ ᠰᠠᠨᠠᠭᠠᠴᠢᠯᠠᠭ᠎ᠠ᠎ᠡᠴᠡ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ ᠵᠢ ᠵᠤᠷᠢᠬᠵᠢᠭᠤᠯᠤᠨ ᠠᠬᠢᠭᠤᠯᠪᠠ᠃

ᠦᠨᠳᠦᠰᠦᠨ ᠱᠠᠲᠤᠨ᠎ᠤ ᠵᠠᠰᠠᠭ ᠵᠠᠬᠢᠷᠭᠠᠨ᠎ᠤ ᠬᠦᠴᠦᠨ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠵᠠᠷᠢᠮ ᠺᠠᠳ᠋ᠷ᠎ᠤᠨ 《ᠬᠤᠷᠠᠯ ᠬᠢᠬᠦ ᠨᠢ ᠤᠯᠠᠨ᠂ ᠠᠵᠢᠯᠯᠠᠭ᠎ᠠ ᠨᠢ ᠤᠯᠠᠨ᠂ ᠭᠠᠳᠠᠭ᠍ᠰᠢ ᠭᠠᠷᠬᠤ ᠨᠢ ᠤᠯᠠᠨ᠂ ᠪᠠᠢᠴᠠᠭᠠᠨ ᠰᠤᠳᠤᠯᠤᠯᠲᠠ ᠬᠢᠵᠦ᠍ ᠮᠡᠳᠡᠭᠦᠯᠬᠦ᠌ ᠨᠢ ᠴᠥᠭᠡᠨ᠂ ᠠᠵᠢᠯ᠎ᠤᠨ ᠰᠡᠳᠭᠢᠮᠵᠢ ᠨᠢ ᠴᠥᠭᠡᠨ᠂ ᠪᠣᠳᠠᠲᠠᠢ ᠠᠰᠠᠭᠤᠳᠠᠯ᠎ᠢ ᠱᠢᠢᠳᠪᠦᠷᠢᠯᠡᠬᠦ᠌ ᠨᠢ ᠴᠥᠭᠡᠨ᠂ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠪᠠᠢᠬᠤ》 ᠵᠡᠷᠬᠡ 《ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ》᠎ᠤ᠋ ᠠᠰᠠᠭᠤᠳᠠᠯ ᠪᠠ ᠠᠵᠢᠯ᠎ᠢ ᠠᠳᠭᠤᠬᠤ ᠨᠢ 《ᠤᠳᠠᠭᠠᠨ ᠪᠦᠳᠦᠭᠦᠯᠢᠭ ᠬᠡᠢᠰᠪᠦᠷᠢ ᠪᠠᠢᠬᠤ》 ᠭᠡᠮ ᠠᠷᠬᠠᠭ᠎ᠢ ᠴᠢᠩᠭ᠎ᠠ ᠠᠩᠬᠠᠷᠴᠤ᠌᠂ 《ᠵᠢᠷᠤᠮᠵᠢᠭᠤᠯᠬᠤ ᠬᠠᠰᠤᠨ ᠴᠣᠮᠬᠠᠳᠭᠠᠬᠤ ᠬᠤᠷᠳᠤᠴᠠ᠎ᠶ᠋ᠢ ᠳᠡᠭᠡᠭ᠌ᠰᠢᠯᠡᠭᠦᠯᠬᠦ᠌》20 ᠵᠦᠢᠯ᠎ᠦᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠨ ᠨᠡᠢᠲᠡᠯᠡᠵᠦ᠍᠂ ᠡᠯ᠎ᠡ ᠱᠠᠲᠤᠨ᠎ᠤ ᠬᠠᠷᠢᠭᠤᠴᠠᠯᠭ᠎ᠠ᠎ᠶ᠋ᠢᠨ ᠤᠬᠠᠮᠰᠠᠷ᠂ ᠲᠠᠨᠭᠰᠠ ᠮᠡᠳᠡᠭᠦᠯᠬᠦ᠌ ᠤᠬᠠᠮᠰᠠᠷ᠂ ᠰᠢᠯᠭᠠᠯᠲᠠ᠎ᠶᠢᠨ ᠬᠠᠭᠤᠳᠠᠰᠤ ᠲᠤᠱᠢᠶᠠᠬᠤ ᠤᠬᠠᠮᠰᠠᠷ᠂ ᠦᠷ᠎ᠡ ᠪᠦᠲᠦᠭᠡᠯ᠎ᠦᠨ ᠤᠬᠠᠮᠰᠠᠷ᠎ᠢᠶᠠᠨ ᠴᠢᠩᠭᠠᠳᠭᠠᠬᠤ᠎ᠶ᠋ᠢ ᠠᠬᠢᠭᠤᠯᠵᠤ᠂ ᠤᠴᠢᠷ ᠶᠠᠪᠤᠳᠠᠯ ᠪᠦᠬᠦᠨ᠎ᠢ ᠤᠷᠤᠭ᠍ᠰᠢ ᠠᠬᠢᠭᠤᠯᠵᠤ ᠪᠣᠯᠬᠤ᠎ᠶ᠋ᠢ ᠨᠢ ᠠᠯᠢ ᠴᠢᠳᠠᠬᠤ᠎ᠪᠠᠷ ᠤᠷᠤᠭ᠍ᠰᠢ ᠠᠬᠢᠭᠤᠯᠵᠤ᠂ ᠤᠷᠢᠳᠴᠢᠯᠠᠨ 《ᠰᠢᠯᠭᠠᠯᠲᠠ᠎ᠶᠢᠨ ᠬᠠᠭᠤᠳᠠᠰᠤ》 ᠲᠤᠰᠢᠶᠠᠵᠤ ᠪᠤᠯᠬᠤ ᠵᠢ ᠨᠢ 《ᠴᠠᠭ᠎ᠢ ᠨᠢ ᠲᠤᠯᠭᠠᠵᠤ》 ᠪᠠᠢᠭᠠᠳ ᠰᠠᠶᠢ ᠲᠤᠰᠢᠶᠠᠬᠤ ᠡᠴᠡ ᠵᠠᠢᠯᠠᠰᠬᠢᠪᠠ᠃ ᠣᠳᠣᠬᠠᠨ᠎ᠳᠤ᠂ ᠤᠯᠤᠰ᠎ᠤᠨ ᠲᠦᠷᠦᠭᠦᠦ ᠪᠦᠯᠦᠭ᠎ᠦᠨ 13 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠡᠷ ᠭᠦᠶ᠋ᠴᠡᠳᠭᠡᠬᠦ᠌》 ᠭᠤᠤᠯᠳᠠᠯᠭ᠎ᠠ᠎ᠲᠠᠶ ᠵᠦᠶ᠋ᠯᠡᠰ᠎ᠦᠨ ᠨᠠᠷᠢᠨ ᠲᠠᠩᠰᠠ᠎ᠶ᠋ᠢ ᠥᠪᠥᠷ ᠮᠣᠩᠭᠣᠯ᠎ᠳᠤ ᠪᠦᠬᠦᠨ᠎ᠢ ᠰᠦᠯᠵᠢᠶᠡᠨ᠎ᠳᠦ ᠭᠠᠷᠭᠠᠨ ᠠᠵᠢᠯᠯᠠᠭᠤᠯᠵᠤ᠂ ᠡᠯ᠎ᠡ ᠠᠢᠮᠠᠭ ᠬᠣᠲᠠ ᠨᠡᠢᠲᠡ 108 《ᠣᠨᠴᠠᠯᠢᠭ᠍ᠲᠤ ᠨᠢᠭᠡ ᠶᠠᠪᠤᠳᠠᠯ》 ᠨᠡᠢᠳᠡᠯᠡᠵᠤ᠂ 《ᠮᠥᠩᠬᠡ ᠰᠤᠪᠠᠭ》᠎ᠤ᠋ᠨ ᠪᠥᠬᠥ᠌ ᠤᠯᠤᠰ᠎ᠤᠨ 《ᠰᠦᠯᠵᠢᠶᠡᠨ ᠳᠡᠭᠡᠷ᠎ᠡ ᠠᠮᠠᠷᠬᠠᠨ ᠭᠦᠶ᠋ᠴᠡᠳᠭᠡᠬᠦ᠌》 ᠶᠡᠷᠦᠩᠬᠡᠢᠯᠡᠭ᠌ᠰᠡᠨ ᠭᠦᠶ᠋ᠴᠡᠳᠭᠡᠯ ᠲᠣᠭ᠎ᠠ᠎ᠶ᠋ᠢᠨ ᠨᠡᠷᠡᠰ᠎ᠦᠨ ᠵᠢᠭ᠍ᠰᠠᠭᠠᠯᠲᠠ᠎ᠶ᠋ᠢ 2023 ᠣᠨ᠎ᠤ᠎ᠬᠢ᠎ᠡᠴᠡ 6 ᠣᠷᠣᠨ ᠡᠮᠦᠨᠡᠰᠢᠯᠡᠬᠦᠯᠪᠡ᠃ ᠵᠠᠷᠢᠮ᠎ᠦᠶ᠎ᠠ ᠳ᠋ᠤ ᠺᠠᠳ᠋ᠷ ᠠᠵᠢᠯᠳᠠᠨ ᠴᠥᠭᠡᠨ ᠪᠤᠰᠤ ᠠᠵᠢᠯ ᠬᠢᠭᠰᠡᠨ ᠪᠠᠢᠳᠠᠯ᠎ᠠ ᠤᠯᠠᠨ ᠲᠦᠮᠡᠨ ᠰᠡᠳᠭᠢᠯ ᠬᠠᠨᠤᠮᠵᠢ ᠦᠭᠡᠢ ᠪᠠᠢᠬᠤ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠲᠥᠯᠥᠭᠡ᠂ ᠦᠨᠳᠦᠰᠦᠨ ᠱᠠᠳᠤ᠎ᠶ᠋ᠢ ᠬᠦᠳᠦᠯᠦᠨ ᠵᠢᠯᠣᠭᠣᠳᠴᠤ᠌ ᠤᠯᠠᠨ ᠲᠦᠮᠡᠨ᠎ᠳᠦ ᠦᠢᠯᠡᠴᠢᠯᠡᠬᠦ᠌ ᠠᠷᠭ᠎ᠠ ᠬᠡᠯᠪᠡᠷᠢ᠎ᠶ᠋ᠢ ᠨᠢ ᠱᠢᠯᠢᠳᠡᠭ᠌ᠵᠢᠭᠦᠯᠵᠦ᠍᠂ ᠲᠦᠷᠭᠡᠨ᠎ᠦ ᠲᠡᠮᠤᠷ ᠵᠠᠮ᠎ᠤᠨ ᠦᠢᠯᠡᠴᠢᠯᠡᠭᠡ ᠱᠢᠭ ᠤᠴᠢᠷ ᠶᠠᠪᠤᠳᠠᠯ ᠲᠣᠬᠢᠶᠠᠯᠳᠤᠪᠠᠯ ᠵᠠᠪᠠᠯ ᠱᠢᠢᠳᠪᠦᠷᠢᠯᠡᠬᠦ᠌᠂ ᠤᠯᠠᠨ ᠲᠦᠮᠡᠨ ᠳᠠᠭᠤᠳᠠᠬᠤ ᠦᠭᠡᠢ ᠪᠤᠯ ᠤᠴᠢᠵᠤ ᠬᠠᠷᠱᠢᠯᠠᠬᠤ ᠦᠭᠡᠢ᠂ ᠤᠯᠠᠨ ᠲᠦᠮᠡᠨ ᠬᠡᠷᠡᠭᠴᠡᠭᠡ ᠦᠭᠡᠢ ᠦᠶ᠎ᠡ᠎ᠳᠦ ᠪᠤᠰᠤᠳ᠎ᠢ ᠣᠷᠣᠯᠠᠨ ᠡᠵᠡᠨ ᠮᠡᠳᠡᠬᠦ ᠦᠭᠡᠢ᠂ ᠬᠡᠷᠡᠭᠴᠡᠬᠡ ᠡᠴᠡ ᠬᠡᠳᠦᠷᠡᠳᠡᠯ᠎ᠡ ᠬᠠᠷᠠᠭᠠᠯᠵᠠᠬᠤ ᠦᠭᠡᠢ ᠪᠠᠢᠬᠤ ᠵᠢ ᠪᠠᠶᠠᠯᠡᠬᠦᠯᠵᠤ᠂ ᠦᠨᠡᠨ ᠬᠦ᠌ ᠤᠴᠢᠷ ᠶᠠᠪᠤᠳᠠᠯ ᠲᠣᠬᠢᠶᠠᠯᠳᠤᠪᠠᠯ ᠴᠠᠭ ᠲᠤᠬᠠᠢ᠎ᠳᠤᠨᠢ ᠢᠯᠡᠷᠡᠬᠦᠯᠵᠦ᠂ ᠳᠠᠭᠠᠷᠠᠭ᠍ᠰᠠᠨ ᠬᠥᠮᠦᠨ᠎ᠳᠦ ᠳᠠᠬᠤ ᠬᠦᠷᠭᠡᠵᠦ᠍᠂ ᠬᠠᠯᠠᠭᠤᠨ ᠰᠡᠳᠭᠢᠯ᠂ ᠬᠦᠯᠢᠴᠡᠩᠭᠦᠢ ᠰᠡᠳᠭᠢᠯ᠎ᠢᠶᠡᠷ ᠦᠢᠯᠡᠴᠢᠯᠡᠵᠤ᠂ ᠨᠠᠷᠢᠨ ᠬᠢᠨᠠᠮᠠᠭᠠᠢ ᠪᠠᠢᠬᠤ᠎ᠶ᠋ᠢ ᠦᠨᠡᠨ ᠬᠦ᠌ ᠪᠡᠶᠡᠯᠡᠭᠦᠯᠵᠦ᠍᠂ ᠰᠠᠢ᠌ᠨ ᠶᠠᠪᠤᠳᠠᠯ᠎ᠢ ᠦᠨᠡᠨ ᠬᠦ᠌ ᠤᠯᠠᠨ ᠲᠦᠮᠡᠨ᠎ᠦ ᠰᠡᠳᠭᠢᠯ᠎ᠳᠦ ᠬᠦᠷᠳᠡᠯ᠎ᠡ ᠬᠢᠬᠦ ᠵᠢ ᠪᠠᠷᠢᠮᠳᠠᠯᠠᠪᠠ᠃ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ᠎ᠢ ᠴᠡᠭ᠌ᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠵᠦ᠍᠂ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠬᠤ 《ᠭᠤᠷᠪᠠᠨ ᠵᠦᠶ᠋ᠯ᠎ᠦᠨ ᠠᠵᠢᠯ》᠎ᠢ᠋ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 2.7 ᠲᠦᠮᠡ ᠭᠠᠷᠤᠶ ᠠᠰᠠᠭᠤᠳᠠᠯ᠎ᠢ ᠢᠯᠡᠷᠡᠭᠦᠯᠵᠦ᠍᠂ 2200 ᠭᠠᠷᠤᠶ ᠵᠦᠶ᠋ᠯ᠎ᠦᠨ ᠲᠦᠷᠢᠮ᠎ᠢ ᠪᠦᠷᠢᠨᠱᠢᠭᠦᠯᠦᠨ ᠲᠡᠭᠦᠯᠳᠡᠷᠵᠢᠭᠦᠯᠬᠦ᠌᠎ᠶ᠋ᠢ ᠠᠬᠢᠭᠤᠯᠵᠤ᠂ ᠦᠨᠳᠦᠰᠦᠨ ᠱᠠᠲᠤᠨ᠎ᠤ ᠺᠠᠳ᠋ᠷ᠎ᠤᠨ ᠳᠠᠷᠤᠭᠠᠰᠤ᠎ᠶ᠋ᠢ ᠬᠥᠩᠭᠡᠷᠡᠭᠦᠯᠦᠭ᠌ᠰᠡᠨ᠎ᠢᠶᠡᠷ ᠪᠠᠷᠠᠬᠤ ᠥᠬᠡᠶ᠂ ᠪᠠᠰᠠ ᠦᠨᠳᠦᠰᠦᠨ ᠱᠠᠲᠤᠨ᠎ᠤ ᠠᠵᠢᠯ᠎ᠢ ᠵᠢᠷᠤᠮᠵᠢᠭᠤᠯᠬᠤ ᠵᠢ  ᠠᠬᠢᠭᠤᠯᠪᠠ᠃

ᠱᠠᠯᠠᠪᠳᠠᠭᠤᠯᠤᠨ ᠪᠠᠢᠴᠠᠭᠠᠵᠤ ᠬᠢᠨᠠᠨ ᠪᠠᠢᠴᠠᠭᠠᠬᠤ ᠪᠣᠳᠠᠲᠤ ᠦᠷ᠎ᠡ ᠪᠦᠲᠦᠮᠵᠢ᠎ᠶ᠋ᠢ ᠨᠡᠮᠡᠭ᠌ᠳᠡᠭᠦᠯᠪᠡ᠃ ᠥᠩᠭᠡᠷᠡᠭ᠌ᠰᠡᠨ ᠨᠢᠭᠡ ᠬᠤᠭᠤᠴᠠᠭᠠᠨ᠎ᠳᠤ ᠥᠪᠥᠷ ᠮᠣᠩᠭᠣᠯ᠎ᠤᠨ ᠵᠠᠷᠢᠮ ᠭᠠᠵᠠᠷ ᠣᠷᠣᠨ᠎ᠳᠤ ᠤᠢ ᠱᠢᠭᠤᠢ᠎ᠶ᠋ᠢ ᠡᠪᠳᠡᠨ ᠠᠳᠠᠷ ᠬᠠᠭᠠᠯᠪᠤᠷᠢᠯᠠᠬᠤ᠂ ᠬᠣᠭ ᠨᠣᠪᠰᠢ᠎ᠶ᠋ᠢ ᠳᠤᠷ᠎ᠠ᠎ᠪᠠᠷ᠎ᠢᠶᠠᠨ ᠬᠠᠶᠠᠬᠤ᠂ ᠢᠳᠡᠭᠡᠨ᠎ᠦ ᠠᠮᠤᠷ ᠲᠦᠪᠱᠢᠨ᠂ ᠦᠢᠯᠡᠳᠪᠦᠷᠢᠯᠡᠯ᠎ᠦᠨ ᠠᠮᠤᠷ ᠲᠦᠪᠱᠢᠨ ᠵᠡᠷᠭᠡ ᠠᠰᠠᠭᠤᠳᠠᠯ ᠤᠯᠠᠨ ᠡᠭᠦᠰᠴᠦ᠍ ᠴᠢᠨᠠᠭ᠍ᠰᠢᠯᠠᠪᠠᠯ ᠪᠠᠢᠨ ᠲᠠᠬᠢᠨ ᠭᠠᠷᠴᠤ᠌ ᠪᠠᠢᠬᠰᠠᠨ ᠨᠢ ᠵᠠᠷᠢᠮ ᠭᠠᠵᠠᠷ ᠣᠷᠣᠨ ᠪᠣᠯᠤᠨ ᠨᠢᠭᠡᠴᠢ᠎ᠶ᠋ᠢᠨ ᠱᠠᠯᠠᠪᠳᠠᠭᠤᠯᠤᠨ ᠪᠠᠢᠴᠠᠭᠠᠵᠤ ᠬᠢᠨᠠᠨ ᠪᠠᠢᠴᠠᠭᠠᠬᠤ ᠵᠢ ᠬᠡᠷᠡᠭᠵᠢᠬᠦᠯᠦᠭᠰᠡᠨ ᠪᠣᠯᠪᠠᠴᠤ᠌ ᠦᠷ᠎ᠡ ᠪᠦᠲᠦᠮᠵᠢ ᠵᠢ ᠴᠢᠬᠤᠯᠠᠴᠢᠯᠠᠬᠰᠠᠨ ᠦᠭᠡᠢ ᠲᠠᠶ ᠱᠢᠭᠤᠳ ᠬᠣᠯᠪᠣᠭ᠎ᠠ᠎ᠲᠠᠶ ᠪᠠᠢᠪᠠ᠃ ᠵᠠᠷᠢᠮ ᠨᠢ ᠥᠨᠭᠭᠡᠨ ᠲᠠᠯ᠎ᠠ ᠵᠢ ᠯᠡ ᠴᠢᠬᠤᠯᠠᠴᠢᠯᠠᠵᠤ ᠂ ᠬᠡᠳᠦᠢ ᠬᠤᠷᠠᠯ ᠬᠢᠵᠦ᠍᠂ ᠬᠡᠳᠦᠢ ᠪᠢᠴᠢᠭ ᠮᠠᠲ᠋ᠧᠷᠢᠶᠠᠯ ᠲᠠᠷᠬᠠᠭᠠᠵᠤ᠂ ᠬᠡᠳᠦᠢ ᠡᠭᠡ ᠲᠠᠨᠭᠰᠠ ᠵᠣᠬᠢᠶᠠᠭ᠍ᠰᠠᠨ᠂᠎ᠤᠳᠤᠷᠢᠳᠤᠯᠭ᠎ᠠ ᠴᠣᠬᠣᠯᠠᠪᠤᠷᠢ ᠥᠭ᠌ᠭᠦᠭ᠌ᠰᠡᠨ ᠡᠰᠡᠬᠦ᠎ᠵᠢ ᠯᠠ ᠦᠵᠡᠪᠡ; ᠵᠠᠷᠢᠮ ᠨᠢ ᠪᠠᠢᠴᠠᠭᠠᠯᠲᠠ᠎ᠶ᠋ᠢ ᠪᠡᠶᠡᠯᠡᠭᠦᠯᠦᠭ᠌ᠰᠡᠨ᠎ᠢᠶᠡᠷ ᠦᠵᠡᠵᠦ᠍᠂ ᠪᠠᠢᠴᠠᠭᠠᠬᠤ᠎ᠪᠠᠷ ᠬᠠᠮᠢᠶᠠᠷᠬᠤ᠎ᠶ᠋ᠢ ᠣᠷᠣᠯᠠᠭᠤᠯᠵᠤ᠂ ᠲᠣᠷᠭᠠᠬᠤ᠎ᠪᠠᠷ ᠬᠠᠮᠢᠶᠠᠷᠬᠤ᠎ᠶ᠋ᠢ ᠣᠷᠣᠯᠠᠭᠤᠯᠵᠤ᠂ ᠪᠣᠳᠠᠲᠠᠢ ᠵᠠᠰᠠᠬᠤ ᠡᠰᠡᠬᠦ᠎ᠶ᠋ᠢ ᠬᠠᠮᠢᠶᠠᠷᠬᠤ ᠦᠭᠡᠢ ᠪᠠᠢᠪᠠ᠃ ᠥᠪᠥᠷ ᠮᠣᠩᠭᠣᠯ ᠠᠢᠮᠠᠭ ᠬᠣᠲᠠ᠎ᠶᠢᠨ ᠬᠤᠭᠤᠷᠤᠨᠳᠤ ᠪᠠᠨ ᠰᠣᠯᠪᠢᠴᠠᠨ ᠬᠠᠷᠢᠯᠴᠠᠨ ᠪᠠᠢᠴᠠᠭᠠᠬᠤ ᠵᠡᠷᠭᠡ ᠵᠠᠭᠪᠤᠷ᠎ᠢ ᠶᠡᠬᠡ᠎ᠪᠡᠷ ᠳᠡᠯᠭᠡᠷᠡᠭᠦᠯᠵᠦ᠂ ᠬᠠᠤᠯᠢ ᠬᠡᠷᠡᠭᠵᠢᠭᠦᠯᠦᠯᠲᠡ᠎ᠶᠢᠨ ᠪᠠᠢᠴᠠᠭᠠᠯᠲᠠ᠎ᠶᠢᠨ ᠳᠤᠮᠳᠠᠬᠢ 《ᠲᠠᠨᠢᠯ ᠬᠥᠮᠥᠨ᠎ᠦ ᠨᠡᠢᠭᠡᠮ》 ᠭᠡᠭᠳᠡᠭᠰᠡᠨ ᠬᠦᠴᠢᠷ ᠠᠰᠠᠭᠤᠳᠠᠯ᠎ᠢ ᠬᠦᠴᠦᠯᠡᠨ ᠰᠢᠢᠳᠪᠦᠷᠢᠯᠡᠵᠦ᠂ ᠡᠷᠬᠡᠪᠰᠢ ᠠᠰᠠᠭᠤᠳᠠᠯ᠎ᠢ ᠢᠯᠡᠷᠡᠭᠦᠯᠵᠦ᠂ ᠦᠨᠡᠨ ᠠᠰᠠᠭᠤᠳᠠᠯ᠎ᠢ ᠢᠯᠡᠷᠡᠭᠦᠯᠬᠦ᠎ᠪᠡᠷ ᠴᠢᠷᠮᠠᠢᠪᠠ᠃ ᠡᠯ᠎ᠡ ᠱᠠᠲᠤᠨ᠎ᠤ ᠬᠢᠨ ᠬᠢᠨᠠᠨ ᠪᠠᠢᠴᠠᠭᠠᠬᠤ ᠶᠠᠪᠤᠴᠠ᠎ᠳᠤ ᠠᠰᠠᠭᠤᠳᠠᠯ᠎ᠢ ᠣᠨᠣᠪᠴᠢᠲᠠᠢ ᠡᠷᠢᠬᠦ᠎ᠶᠢᠨ ᠬᠠᠮᠲᠤ ᠦᠨᠡᠨ ᠮᠥᠨ᠎ᠢᠶᠡᠷ ᠬᠠᠷᠢᠭᠤ ᠲᠤᠰᠬᠠᠵᠤ᠂ ᠰᠢᠭᠤᠳ ᠰᠢᠯᠤᠭᠤᠨ᠎ᠢᠶᠠᠷ ᠳᠤᠷᠠᠳᠴᠤ᠂ 《ᠲᠤᠭᠤᠰᠢᠳᠠᠢ ᠪᠢᠰᠢ》᠂ 《ᠵᠢᠷᠤᠮᠵᠢᠩᠭᠤᠢ ᠪᠤᠰᠤ》᠂ 《ᠲᠣᠭᠲᠠᠭᠠᠯ᠎ᠳᠤ ᠨᠡᠢᠴᠡᠬᠦ ᠦᠭᠡᠢ》 ᠭᠡᠬᠦ ᠮᠡᠲᠦ᠎ᠶᠢᠨ ᠪᠠᠯᠠᠷᠬᠠᠢ ᠦᠭᠡ ᠬᠡᠯᠡᠯᠭᠡ᠎ᠪᠡᠷ ᠵᠠᠩᠭᠢᠯᠠᠭ᠎ᠠ᠎ᠶᠢᠨ ᠮᠡᠳᠡᠭᠡ ᠵᠠᠩᠭᠢ᠎ᠶᠢ ᠬᠠᠯᠬᠠᠯᠠᠬᠤ᠎ᠡᠴᠡ ᠵᠠᠢᠯᠠᠰᠬᠢᠵᠦ᠂ ᠳᠣᠣᠷ᠎ᠠ ᠱᠠᠲᠤᠨ᠎ᠤ ᠬᠢᠨ᠎ᠳᠦ ᠬᠠᠮᠢᠭ᠎ᠠ ᠨᠢ ᠪᠤᠷᠤᠭᠤᠳᠠᠭᠰᠠᠨ᠂ ᠶᠠᠭᠤ᠎ᠶᠢ ᠨᠢ ᠥᠭᠡᠷᠡᠴᠢᠯᠡᠬᠦ ᠴᠢᠬᠤᠯᠠᠲᠠᠢ ᠪᠠᠢᠬᠤ᠎ᠶᠢ ᠮᠡᠳᠡᠭᠦᠯᠬᠦ ᠬᠡᠷᠡᠭᠲᠡᠢ ᠭᠡᠵᠦ ᠱᠠᠭᠠᠷᠳᠠᠪᠠ᠃ ᠠᠰᠠᠭᠤᠳᠠᠯ᠎ᠢ ᠴᠡᠭᠴᠡᠯᠡᠨ ᠰᠠᠢᠵᠢᠷᠠᠭᠤᠯᠬᠤ᠎ᠶᠢ ᠱᠠᠯᠠᠪᠳᠠᠭᠤᠯᠤᠨ ᠭᠦᠢᠴᠡᠳᠬᠡᠬᠦ ᠳᠦᠷᠢᠮ᠎ᠢ ᠲᠡᠭᠦᠯᠳᠡᠷᠵᠢᠭᠦᠯᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠬᠤ᠂ ᠰᠢᠯᠭᠠᠨ ᠠᠪᠴᠤ ᠦᠨᠡᠯᠡᠨ ᠰᠢᠢᠳᠪᠦᠷᠢᠯᠡᠬᠦ ᠠᠰᠠᠭᠤᠳᠠᠯ᠎ᠤᠨ ᠲᠠᠩᠰᠠᠨ ᠡᠴᠡ ᠭᠠᠷᠭᠠᠬᠤ᠂ 《ᠡᠷᠭᠢᠵᠦ ᠬᠠᠷᠠᠨ》 ᠦᠨᠡᠯᠡᠬᠦ ᠵᠡᠷᠭᠡ ᠠᠵᠢᠯ᠎ᠤᠨ ᠲᠣᠭᠲᠡᠴᠡ᠎ᠶᠢ ᠪᠠᠢᠭᠤᠯᠵᠤ᠂ ᠴᠡᠭᠴᠡᠯᠡᠨ ᠰᠠᠢᠵᠢᠷᠠᠭᠤᠯᠬᠤ ᠦᠭᠡᠢ᠂ ᠴᠡᠭᠴᠡᠯᠡᠨ ᠰᠠᠢᠵᠢᠷᠠᠭᠤᠯᠬᠤ ᠵᠢ  ᠠᠯᠭᠤᠷᠯᠠᠬᠤ᠂ ᠬᠤᠳᠠᠯ ᠬᠠᠭᠤᠷᠮᠠᠭ᠎ᠢᠶᠠᠷ ᠴᠡᠭᠴᠡᠯᠡᠨ ᠰᠠᠢᠵᠢᠷᠠᠭᠤᠯᠬᠤ ᠪᠤᠶᠤ ᠴᠡᠭᠴᠡᠯᠡᠨ ᠰᠠᠢᠵᠢᠷᠠᠭᠤᠯᠤᠭᠰᠠᠳ᠎ᠢ ᠬᠠᠪᠰᠤᠷᠤᠨ 《ᠬᠠᠯᠬᠠᠯᠠᠵᠤ ᠦᠮᠦᠭᠯᠡᠬᠦ》 ᠠᠰᠠᠭᠤᠳᠠᠯ᠎ᠢ ᠴᠢᠩᠭ᠎ᠠ ᠰᠢᠢᠳᠪᠦᠷᠢᠯᠡᠵᠦ᠂ ᠱᠠᠯᠠᠪᠳᠠᠭᠤᠯᠤᠨ ᠪᠠᠢᠴᠠᠭᠠᠵᠤ ᠬᠢᠨᠠᠨ ᠪᠠᠢᠴᠠᠭᠠᠬᠤ᠎ᠶᠢᠨ ᠳᠦᠷᠢᠮᠵᠢᠭᠦᠯᠦᠨ ᠵᠢᠷᠤᠮᠵᠢᠭᠤᠯᠬᠤ ᠦᠢᠯᠡᠳᠦᠯ᠎ᠢ ᠦᠨᠡᠨᠬᠦ ᠪᠠᠳᠠᠷᠠᠭᠤᠯᠪᠠ᠃ ᠬᠣᠯᠪᠣᠭᠳᠠᠯ ᠪᠦᠬᠦᠢ ᠲᠠᠯ᠎ᠠ᠎ᠶᠢᠨ ᠬᠢᠨ᠎ᠢ ᠱᠠᠯᠠᠪᠳᠠᠭᠤᠯᠤᠨ ᠬᠠᠮᠢᠶ᠎ᠠ ᠪᠦᠬᠦᠢ ᠳᠦᠷᠢᠮ ᠪᠠ ᠵᠢᠷᠤᠮᠵᠢᠯ᠎ᠢ ᠱᠠᠯᠠᠪᠳᠠᠨ ᠲᠡᠭᠦᠯᠳᠡᠷᠵᠢᠭᠦᠯᠵᠦ᠂ ᠴᠡᠭᠴᠡᠯᠡᠨ ᠰᠠᠢᠵᠢᠷᠠᠭᠤᠯᠬᠤ᠎ᠶᠢ ᠨᠢᠭᠡ ᠠᠰᠠᠭᠤᠳᠠᠯ᠎ᠢ ᠰᠢᠢᠳᠪᠦᠷᠢᠯᠡᠬᠦ᠎ᠡᠴᠡ ᠨᠢᠭᠡ ᠲᠦᠷᠦᠯ᠎ᠦᠨ ᠠᠰᠠᠭᠤᠳᠠᠯ᠎ᠢ ᠰᠢᠢᠳᠪᠦᠷᠢᠯᠡᠬᠦ ᠲᠡᠢᠰᠢ ᠤᠷᠲᠤᠳᠬᠠᠬᠤ᠎ᠶᠢ ᠠᠬᠢᠭᠤᠯᠵᠤ᠂ ᠠᠰᠠᠭᠤᠳᠠᠯ᠎ᠤᠨ ᠳᠠᠬᠢᠨ ᠢᠯᠡᠷᠡᠬᠦ ᠪᠠ ᠳᠠᠬᠢᠨ ᠳᠠᠪᠲᠠᠨ ᠡᠭᠦᠰᠬᠦ ᠶ᠋ᠢ ᠰᠡᠷᠭᠡᠢᠯᠡᠪᠠ᠃

ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠵᠢ ᠠᠬᠢᠭᠤᠯᠪᠠ᠃ ᠥᠪᠥᠷ ᠮᠣᠩᠭᠣᠯ ᠬᠣᠣᠰ ᠴᠢᠭᠯᠡᠯ᠎ᠢᠶᠡᠷ ᠬᠦᠴᠦᠯᠡᠬᠦ᠎ᠶᠢ ᠵᠣᠷᠢᠭ᠍ᠵᠢᠭᠤᠯᠬᠤ ᠪᠠ ᠬᠢᠵᠠᠭᠠᠷᠯᠠᠬᠤ᠎ᠶᠢ ᠪᠠᠷᠢᠮᠲᠠᠯᠠᠵᠤ᠂ ᠪᠣᠳᠠᠲᠠᠢ ᠠᠵᠢᠯᠯᠠᠬᠤ᠎ᠶᠢ ᠴᠢᠬᠤᠯᠠᠴᠢᠯᠠᠬᠤ᠂ ᠪᠣᠳᠠᠲᠠᠢ ᠵᠢᠳᠬᠦᠯ ᠴᠢᠷᠮᠠᠢᠯᠭ᠎ᠠ ᠭᠠᠷᠭᠠᠬᠤ᠂ ᠪᠣᠳᠠᠲᠤ ᠦᠷ᠎ᠡ ᠪᠦᠲᠦᠮᠵᠢ᠎ᠶᠢ ᠡᠷᠬᠢᠮᠯᠡᠬᠦ ᠤᠳᠤᠷᠢᠳᠤᠮᠵᠢ᠎ᠶᠢ ᠨᠡᠩ ᠢᠯᠡ ᠲᠣᠳᠣ᠌ ᠪᠤᠢ ᠪᠣᠯᠭᠠᠪᠠ᠃ ᠵᠥᠪ ᠴᠢᠭᠯᠡᠯ᠎ᠢᠶᠡᠷ ᠵᠣᠷᠢᠭ᠍ᠵᠢᠭᠤᠯᠬᠤ ᠲᠠᠯ᠎ᠠ᠎ᠪᠠᠷ᠂ 《ᠬᠦᠴᠢᠷ ᠪᠡᠷᠬᠡᠰᠢᠶᠡᠯ᠎ᠢ ᠳᠠᠭᠠᠭᠠᠬᠤ᠂ ᠴᠤᠴᠠᠯᠲᠠ ᠦᠭᠡᠢ ᠤᠷᠤᠭᠰᠢᠯᠠᠬᠤ᠂ ᠵᠣᠷᠢᠯᠭ᠎ᠠ᠎ᠳᠠᠭᠠᠨ ᠬᠦᠷᠬᠦ ᠦᠭᠡᠢ ᠪᠣᠯ ᠶᠠᠭᠠᠬᠢᠭ᠍ᠰᠠᠨ ᠴᠤ᠌ ᠵᠣᠭᠰᠣᠬᠤ ᠦᠭᠡᠢ》 ᠮᠣᠩᠭᠣᠯ ᠮᠣᠷᠢᠨ᠎ᠤ ᠵᠣᠷᠢᠭ᠋ ᠰᠠᠨᠠᠭ᠎ᠠ᠎ᠶᠢ ᠪᠠᠳᠠᠷᠠᠭᠤᠯᠬᠤ᠎ᠶᠢ ᠢᠮᠠᠭᠲᠠ ᠴᠢᠬᠤᠯᠠᠴᠢᠯᠠᠵᠤ᠂ ᠵᠠᠰᠠᠭ᠎ᠤᠨ ᠠᠵᠢᠯ᠎ᠤᠨ ᠬᠢᠷᠢ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠣᠶ ᠪᠣᠯᠭᠠᠬᠤ ᠪᠠ ᠦᠢᠯᠡᠳᠦᠯᠭᠡᠵᠢᠭᠦᠯᠬᠦ ᠠᠷᠭ᠎ᠠ ᠬᠡᠮᠵᠢᠶ᠎ᠡ᠎ᠨᠦᠭᠦᠳ᠎ᠢ ᠲᠣᠭᠲᠠᠭᠠᠨ ᠨᠡᠢᠲᠡᠯᠡᠵᠦ᠂ 《ᠨᠠᠮ᠎ᠤᠨ ᠠᠴᠢ᠎ᠳᠦ ᠲᠠᠯᠠᠷᠬᠠᠵᠤ᠂ ᠨᠠᠮ᠎ᠤᠨ ᠦᠭᠡ᠎ᠶᠢ ᠰᠣᠨᠣᠰᠴᠦ᠂ ᠨᠠᠮ᠎ᠢᠶᠠᠨ ᠳᠠᠭᠠᠬᠤ》 ᠣᠯᠠᠨ ᠲᠦᠮᠡᠨ᠎ᠤ ᠬᠥᠮᠦᠵᠢᠯ᠎ᠢ ᠥᠷᠨᠢᠭᠦᠯᠵᠦ᠂ ᠪᠠᠲᠤ ᠴᠢᠩᠭ᠎ᠠ ᠪᠡᠬᠢᠯᠡᠯᠲᠡ᠎ᠶᠢᠨ 《ᠵᠢᠱ᠌ᠢᠶᠡᠴᠢ》 ᠨᠠᠮ᠎ᠤᠨ ᠡᠭᠦᠷ ᠪᠠ ᠣᠳᠣᠨ ᠲᠠᠰ᠎ᠤᠨ《ᠲᠠᠯᠬᠡᠨ ᠦᠵᠡᠬᠦᠯᠬᠦ ᠠᠳᠠᠯᠢᠳᠬᠠᠬᠤ》ᠠᠵᠢᠯᠯᠠᠭ᠎ᠠ᠎ᠶᠢ ᠥᠷᠨᠢᠭᠦᠯᠪᠡ᠃ ᠺᠠᠳ᠋ᠷᠴᠤᠳ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶᠢ ᠤᠷᠮᠠᠰᠢᠭᠤᠯᠤᠨ ᠵᠣᠷᠢᠭ᠍ᠵᠢᠭᠤᠯᠬᠤ 12 ᠵᠦᠢᠯ᠎ᠦᠨ ᠠᠷᠭ᠎ᠠ ᠬᠡᠮᠵᠢᠶ᠎ᠡ ᠪᠠ ᠠᠯᠳᠠᠭ᠎ᠠ ᠪᠤᠷᠤᠭᠤ᠎ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ᠎ᠶᠢ ᠵᠠᠯᠠᠷᠠᠭᠤᠯᠬᠤ 8 ᠵᠤᠷᠪᠤᠰ ᠰᠠᠨᠠᠯ᠎ᠢ ᠨᠡᠢᠲᠡᠯᠡᠵᠤ᠂ ᠵᠣᠷᠢᠭ᠍ᠲᠠᠢ ᠬᠢᠵᠦ ᠵᠣᠷᠢᠭ᠍ᠲᠠᠢ ᠠᠵᠢᠯᠯᠠᠬᠤ᠂ ᠰᠡᠳᠬᠢᠯ ᠰᠢᠭᠤᠳᠤᠨ ᠡᠷᠡᠯᠬᠡᠭᠯᠡᠨ ᠤᠷᠤᠭᠰᠢᠯᠠᠬᠤ ᠺᠠᠳ᠋ᠷ᠎ᠢ ᠲᠤᠭ ᠲᠡᠮᠳᠡᠭ ᠲᠣᠳᠣᠷᠬᠠᠢ᠎ᠪᠠᠷ ᠰᠢᠯᠢᠨ ᠰᠣᠩᠭᠣᠵᠤ᠂ ᠵᠣᠷᠢᠭ᠍ᠲᠠᠢ ᠰᠢᠨ᠎ᠡ᠎ᠶᠢ ᠡᠭᠦᠳᠬᠦ᠂ ᠪᠣᠳᠠᠲᠠᠢ᠎ᠶᠢ ᠡᠷᠬᠢᠮᠯᠡᠨ ᠠᠵᠢᠯᠯᠠᠬᠤ ᠺᠠᠳ᠋ᠷ᠎ᠤᠨ ᠲᠦᠯᠦᠬᠡ ᠦᠬᠡ ᠬᠡᠯᠡᠵᠤ ᠲᠦᠰᠢᠭ ᠪᠣᠯᠵᠤ ᠡᠷᠴᠢ ᠵᠣᠷᠢᠭ᠋᠎ᠢ ᠨᠢ ᠬᠥᠪᠴᠢᠯᠡᠵᠦ᠂ ᠬᠣᠶᠠᠷ ᠵᠢᠯ ᠳᠠᠷᠠᠭᠠᠯᠠᠨ 《ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠭᠰᠠᠨ ᠰᠠᠢᠨ ᠺᠠᠳ᠋ᠷ》᠎ᠢ᠋ ᠰᠢᠯᠭᠠᠷᠠᠭᠤᠯᠬᠤ ᠠᠵᠢᠯ᠎ᠢ ᠥᠷᠨᠢᠭᠦᠯᠵᠦ᠂ ᠰᠢᠯᠭᠠᠷᠠᠭᠤᠯᠤᠭᠰᠠᠨ 199 ᠬᠥᠮᠥᠨ᠎ᠤ 172 ᠬᠥᠮᠥᠨ᠎ᠢ ᠨᠢᠭᠡᠨᠳᠡ ᠳᠡᠪᠰᠢᠭᠦᠯᠦᠨ ᠬᠦᠨᠳᠦ ᠪᠡᠷ ᠬᠡᠷᠡᠭᠯᠡᠪᠡ᠃ ᠡᠰᠡᠷᠭᠦ ᠴᠢᠭᠯᠡᠯ᠎ᠢᠶᠡᠷ  ᠬᠢᠵᠠᠭᠠᠷᠯᠠᠬᠤ ᠲᠠᠯ᠎ᠠ᠎ᠪᠠᠷ᠂ ᠤᠳᠤᠷᠢᠳᠬᠤ ᠺᠠᠳ᠋ᠷ᠎ᠤᠨ ᠳᠠᠪᠰᠢᠵᠤ ᠪᠠᠭᠤᠵᠤ ᠪᠦᠷ ᠪᠣᠯᠬᠤ ᠲᠣᠭᠲᠠᠭᠠᠯ᠎ᠢ ᠨᠠᠷᠢᠯᠢᠭ᠍ᠵᠢᠭᠤᠯᠤᠨ ᠨᠠᠢᠳᠠᠪᠤᠷᠢᠵᠢᠭᠤᠯᠵᠤ᠂ ᠤᠳᠤ᠎ᠶᠢᠨ ᠲᠤᠰᠢᠶᠠᠯ᠎ᠢ ᠡᠭᠦᠷᠭᠡᠯᠡᠬᠦ᠎ᠳᠦ ᠲᠣᠬᠢᠷᠠᠮᠵᠢ ᠦᠭᠡᠢ 448 ᠺᠠᠳ᠋ᠷ᠎ᠲᠤ ᠲᠣᠬᠢᠷᠠᠭᠤᠯᠤᠯᠲᠠ ᠬᠢᠪᠡ᠃ ᠬᠥᠬᠢᠭᠦᠯᠦᠨ ᠱᠠᠩᠨᠠᠬᠤ᠂ ᠳᠡᠪᠰᠢᠭᠦᠯᠬᠦ ᠪᠠ ᠰᠣᠩᠭᠣᠨ ᠬᠡᠷᠡᠭᠯᠡᠬᠦ ᠵᠠᠩᠭᠢᠯᠠᠭ᠎ᠠ᠎ᠶᠢ ᠴᠢᠩᠭ᠎ᠠ ᠠᠳᠬᠤᠵᠤ᠂ ᠡᠩ᠎ᠦᠨ ᠴᠠᠭ᠎ᠲᠤ ᠬᠤᠢᠷᠭᠤ ᠵᠠᠯᠬᠠᠭᠤ ᠠᠵᠢᠯ ᠬᠢᠬᠦ ᠦᠭᠡᠢ ᠪᠤᠶᠤ ᠦᠩᠭᠡᠨ ᠲᠠᠯ᠎ᠠ᠎ᠶᠢᠨ ᠠᠵᠢᠯ ᠬᠢᠬᠦ᠂ ᠵᠠᠪᠰᠢᠶᠠᠨ ᠦᠵᠡᠮᠡᠭᠴᠡ ᠠᠷᠭ᠎ᠠ ᠪᠤᠳᠤᠨ ᠶᠡᠬᠡ ᠠᠵᠢᠯ ᠬᠢᠵᠤ ᠪᠠᠢᠬᠤ ᠪᠡᠷ ᠤᠪᠯᠠᠳᠠᠭ ᠺᠠᠳ᠋ᠷ᠎ᠢ ᠢᠯᠭᠠᠨ ᠭᠠᠷᠭᠠᠵᠤ᠂ ᠬᠡᠯᠪᠡᠷᠢᠴᠢ ᠦᠵᠡᠯ᠎ᠲᠠᠢ ᠬᠥᠮᠥᠰ᠎ᠲᠦ ᠠᠰᠢᠭ᠋ ᠤᠯᠭᠤᠬᠤ ᠦᠭᠡᠢ ᠮᠥᠷᠲᠡᠭᠡᠨ ᠵᠠᠯᠬᠠᠭᠠᠯ ᠦᠭᠴᠦ᠂ ᠥᠷᠭᠡᠨ ᠤᠯᠠᠨ ᠺᠠᠳ᠋ᠷᠴᠤᠳ᠎ᠲᠤ ᠦᠨᠡᠨ ᠪᠣᠳᠠᠲᠠᠢ ᠠᠵᠢᠯᠯᠠᠪᠠᠯ ᠢᠷᠡᠭᠡᠳᠦᠢ᠎ᠲᠠᠢ᠂ ᠬᠡᠢ ᠬᠣᠭᠣᠰᠤᠨ᠎ᠢ ᠬᠦᠭᠡᠭᠡᠴᠡᠯᠳᠤᠪᠡᠯ ᠭᠠᠷᠬᠤ ᠵᠠᠮ ᠦᠭᠡᠢ ᠭᠡᠳᠡᠭ᠎ᠢ ᠲᠠᠨᠢᠭᠤᠯᠪᠠ᠃

ᠶᠡᠷᠦᠩᠬᠡᠢ ᠱᠦᠵᠢ ᠰᠢ᠎ᠶᠢᠨ ᠫᠢᠩ᠂ ᠬᠡᠯᠪᠡᠷᠢᠴᠢ ᠦᠵᠡᠯ ᠨᠣᠶᠠᠨᠴᠢ ᠰᠤᠷᠲᠠᠯ᠎ᠤᠨ ᠤᠷᠰᠢᠭ ᠬᠡᠮ ᠨᠢᠭᠡ ᠯᠡ ᠴᠠᠭ᠎ᠢᠶᠡᠷ ᠡᠭᠦᠰᠦᠭᠰᠡᠨ ᠪᠢᠰᠢ᠂ ᠦᠨᠳᠦᠰᠦᠨ ᠱᠠᠲᠤᠨ᠎ᠤ ᠳᠠᠷᠤᠭᠠᠰᠤ᠎ᠶᠢ ᠦᠨᠳᠦᠰᠦ᠎ᠡᠴᠡ ᠨᠢ ᠬᠥᠩᠭᠡᠷᠡᠭᠦᠯᠬᠦ ᠨᠢ ᠴᠦ᠍ ᠨᠢᠭᠡ ᠯᠡ ᠡᠳᠦᠷ᠎ᠦᠨ ᠴᠢᠷᠮᠠᠢᠯᠭ᠎ᠠ ᠪᠡᠷ ᠪᠡᠶᠡᠯᠡᠭᠳᠡᠬᠦ ᠪᠢᠰᠢ ᠶᠤᠮ ᠬᠡᠵᠤ ᠵᠢᠭᠠᠵᠤ ᠭᠠᠷᠭᠠᠪᠠ᠃ ᠥᠪᠥᠷ ᠮᠣᠩᠭᠣᠯ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠭᠤᠷᠪᠠᠳᠤᠭᠠᠷ ᠪᠦᠬᠦᠳᠡ ᠬᠤᠷᠠᠯ᠎ᠤᠨ 《ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠰᠡᠷᠬᠡᠢᠯᠡᠨ ᠵᠠᠰᠠᠬᠤ ᠳᠦᠷᠢᠮ ᠲᠣᠭᠲᠡᠴᠡ᠎ᠶᠢ ᠪᠦᠷᠢᠨᠰᠢᠭᠦᠯᠬᠦ》᠂ 《ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠡᠴᠡ᠎ᠶᠢ ᠪᠦᠷᠢᠨᠰᠢᠭᠦᠯᠬᠦ》 ᠵᠡᠷᠭᠡ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠷᠳᠤ ᠬᠤᠭᠤᠴᠠᠭ᠎ᠠ ᠬᠤᠪᠢᠷᠠᠰᠢ ᠦᠬᠡᠢ ᠰᠢᠷᠭᠠᠭᠤ ᠴᠢᠷᠮᠠᠢᠵᠤ᠂ ᠦᠩᠭᠡᠨ ᠲᠠᠯ᠎ᠠ ᠪᠠ ᠦᠨᠳᠦᠰᠦᠨ᠎ᠡᠴᠡ ᠨᠢ ᠵᠠᠰᠠᠵᠤ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭᠠᠰᠤ᠎ᠶᠢ ᠬᠥᠩᠭᠡᠷᠡᠭᠦᠯᠬᠦ ᠰᠢᠨ᠎ᠡ ᠬᠠᠷᠢᠭᠤᠯᠲᠠ᠎ᠶᠢᠨ ᠬᠠᠭᠤᠳᠠᠰᠤ᠎ᠶᠢ ᠴᠢᠷᠮᠠᠢᠨ ᠲᠤᠰᠢᠶᠠᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠰᠠᠢᠲᠤᠷ ᠪᠢᠴᠢᠭᠯᠡᠨ᠎ᠠ᠃

(ᠵᠣᠬᠢᠶᠠᠭ᠍ᠴᠢ ᠪᠣᠯ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠭᠡᠰᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ ᠵᠢᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠪᠠᠢᠩᠭᠤ᠎ᠶᠢᠨ ᠬᠣᠷᠢᠶ᠎ᠡ ᠵᠢᠨ ᠨᠠᠮ᠎ᠤᠨ ᠤᠳᠤᠷᠢᠳᠬᠤ ᠳᠤᠭᠤᠢᠯᠠᠩ᠎ᠤᠨ ᠱᠦᠵᠢ᠂ ᠡᠷᠬᠢᠯᠡᠭᠴᠢ)

(《ᠰᠤᠷᠤᠯᠴᠠᠯᠭ᠎ᠠ ᠬᠢᠬᠡᠤᠨ ᠰᠤᠳᠤᠯᠤᠯ》  ᠰᠡᠤᠨᠬᠦᠯ᠎ᠤᠨ 2025 ᠤᠨ᠎ᠤ 3 ᠳ᠋ᠤᠭᠠᠷ ᠬᠤᠭᠤᠴᠠᠭ᠎ᠠ ᠎ᠳᠤ ᠨᠡᠢᠳᠡᠯᠡᠪᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号