— ᠤᠯᠤᠰ ᠲᠦᠷᠦ᠍᠎ᠶ᠋ᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠭᠤᠷᠪᠠᠳᠤᠭᠠᠷ ᠬᠣᠷᠠᠯ ᠳᠡᠭᠡᠷ᠎ᠡ
( 2025 ᠣᠨ᠎ᠤ 3 ᠰᠠᠷ᠎ᠠ᠎ᠶ᠋ᠢᠨ 4᠎ᠤ᠋ ᠡᠳᠥᠷ)
ᠸᠠᠩ ᠬᠤ᠌ ᠨᠢᠩ
ᠭᠡᠱᠢᠭᠦᠳ ᠡ᠄
ᠪᠢ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠬᠣᠷᠢᠶ᠎ᠠ ᠵᠢᠨ ᠪᠠᠢᠩᠭᠤ᠎ᠶ᠋ᠢᠨ ᠬᠤᠷᠢᠶ᠎ᠠ᠎ᠶ᠋ᠢ ᠲᠥᠯᠥᠭᠡᠯᠡᠨ᠂ ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠ ᠤᠤ᠃
ᠨᠢᠭᠡ᠂ 2024 ᠤᠨ᠎ᠤ ᠭᠤᠣᠯ ᠠᠵᠢᠯ
2024 ᠣᠨ ᠪᠣᠯ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠤᠨ ᠣᠶ ᠮᠥᠨ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠶ᠋ᠢᠨ ᠵᠠᠩᠭᠢᠯᠠᠭ᠎ᠠ᠎ᠶ᠋ᠢᠨ ᠨᠢᠭᠡ ᠵᠢᠯ ᠮᠥᠨ᠃ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠬᠤᠪᠢᠷᠠᠯᠲᠠ᠎ᠶ᠋ᠢ ᠯᠠᠪᠳᠠᠭᠤᠨ᠎ᠢᠶᠠᠷ ᠠᠷᠭᠠᠴᠠᠵᠤ᠂ ᠠᠷᠭ᠎ᠠ ᠪᠣᠳᠣᠯᠭ᠎ᠠ᠎ᠶ᠋ᠢ ᠶᠡᠷᠦᠩᠬᠡᠢᠯᠡᠨ ᠬᠡᠷᠡᠭ᠌ᠵᠢᠭᠦᠯᠵᠦ᠍᠂ ᠪᠦᠬᠦ᠌ ᠵᠢᠯ᠎ᠤᠨ ᠠᠵᠤ ᠠᠬᠤᠶ ᠨᠡᠢᠭᠡᠮ᠎ᠤᠨ ᠬᠥᠭ᠌ᠵᠢᠯᠲᠡ᠎ᠶ᠋ᠢᠨ ᠭᠤᠣᠯ ᠭᠤᠤᠯ ᠬᠠᠷᠠᠯᠲᠠ ᠡᠭᠦᠷᠭᠡ᠎ᠶ᠋ᠢ ᠤᠷᠤᠭ᠍ᠰᠢᠲᠠᠶ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠴᠢᠬᠤᠯᠠ ᠶᠡᠭᠡ ᠱᠢᠨ᠎ᠡ ᠠᠮᠵᠢᠯᠲᠠ ᠪᠦᠲᠦᠮᠵᠢ ᠣᠯᠵᠤ᠂ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠱᠢᠨ᠎ᠡ ᠢᠯᠠᠯᠲᠠ᠎ᠶ᠋ᠢ ᠲᠡᠮᠡᠴᠡᠨ ᠤᠯᠬᠤ ᠡᠷᠡᠰ ᠵᠣᠷᠢᠭ ᠪᠠ ᠢᠲᠡᠭᠡᠯ ᠵᠣᠷᠢᠭ᠎ᠢ ᠨᠡᠩ ᠢᠯᠡᠭᠦᠦ ᠪᠠᠲᠤᠳᠭᠠᠪᠠ᠃
2024 ᠣᠨ ᠪᠣᠯ ᠪᠠᠰᠠ ᠴᠦ᠍ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠤᠨ ᠤᠢ ᠮᠥᠨ᠃ ᠶᠡᠷᠦᠩᠬᠡᠶ ᠱᠦᠵᠢ ᠰᠢ᠎ᠶ᠋ᠢᠨ ᠫᠢᠩ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠤᠨ ᠤᠢ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠲᠡᠦᠬᠡᠨ ᠬᠤᠪᠢ ᠨᠡᠮᠡᠷᠢ᠎ᠶ᠋ᠢ ᠥᠨᠳᠥᠷ ᠦᠨᠡᠯᠡᠵᠦ᠍᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠢᠯᠡ ᠲᠣᠳᠣ ᠳᠤᠮᠳᠠᠳᠤ ᠤᠯᠤᠰ᠎ᠤᠨ ᠣᠨᠴᠠᠯᠢᠭ ᠪᠠ ᠢᠯᠡᠷᠬᠡᠢ ᠤᠯᠤᠰ ᠲᠥᠷᠥ᠎ᠶ᠋ᠢᠨ ᠳᠠᠪᠠᠭᠤᠯᠢᠭ᠎ᠢ ᠭᠦᠨᠵᠡᠭᠡᠶ ᠲᠤᠳᠤᠷᠬᠠᠢ᠌ᠯᠠᠨ ᠦᠬᠦᠯᠡᠵᠤ᠂ ᠶᠡᠷᠦᠩᠬᠡᠢ ᠱᠦᠵᠢ ᠰᠢ᠎ᠶ᠋ᠢᠨ ᠫᠢᠩ ᠤᠨ ᠠᠷᠠᠳ᠎ᠤᠨ ᠤᠯᠤᠰ ᠲᠦᠷᠦ᠍᠎ᠶ᠋ᠢᠨ ᠵᠦᠪᠯᠡᠯᠭᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢᠨ ᠭᠤᠤᠯ ᠠᠭᠤᠯᠭ᠎ᠠ᠎ᠶ᠋ᠢ 《ᠠᠷᠪᠠ᠎ᠶ᠋ᠢ ᠪᠠᠷᠢᠮᠲᠠᠯᠠᠬᠤ》 ᠪᠠᠷ ᠬᠤᠷᠢᠶᠠᠩᠭᠤᠢᠯᠠᠵᠤ᠂ ᠵᠥᠪᠯᠡᠬᠦ᠌ ᠠᠷᠠᠳᠴᠢᠯᠠᠯ᠎ᠤᠨ ᠥᠷᠭᠡᠨ ᠳᠡᠯᠭᠡᠷᠡᠩᠭᠦᠶ ᠣᠯᠠᠨ ᠲᠡᠰ ᠳᠠᠪᠬᠤᠷᠭᠠᠲᠤ ᠳᠦᠷᠢᠮᠵᠢᠭ᠌ᠰᠡᠨ ᠬᠥᠭ᠌ᠵᠢᠯᠲᠡ᠎ᠶ᠋ᠢ ᠲᠠᠰᠤᠷᠠᠯᠲᠠ ᠦᠭᠡᠢ ᠠᠬᠢᠭᠤᠯᠬᠤ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠤ᠌᠂ ᠣᠳᠣᠬᠠᠨ᠎ᠤ ᠪᠠ ᠬᠤᠢᠱᠢᠳᠠ᠎ᠶ᠋ᠢᠨ ᠨᠢᠭᠡ ᠬᠤᠭᠤᠴᠠᠭᠠᠨ᠎ᠤ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠵᠢᠯ᠎ᠢ ᠰᠠᠢᠲᠤᠷ ᠬᠢᠬᠦ᠌ ᠲᠤᠬᠠᠶ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠪᠡ᠃ ᠶᠡᠷᠦᠩᠬᠡᠢ ᠱᠦᠵᠢ᠎ᠶ᠋ᠢᠨ ᠶᠠᠷᠢᠶ᠎ᠠ ᠥᠨᠳᠥᠷ᠎ᠲᠤ ᠵᠣᠭ᠍ᠰᠣᠨ ᠠᠯᠤᠰ᠎ᠢ ᠪᠠᠷᠠᠯᠠᠵᠤ᠂ ᠰᠤᠳᠤ ᠮᠡᠷᠭᠡᠨ ᠭᠦᠨ ᠭᠦᠨᠵᠡᠭᠡᠶ᠂ ᠠᠭᠤᠯᠤᠭ᠍ᠳᠠᠬᠤᠨ᠎ᠢᠶᠠᠷ ᠪᠠᠶᠠᠯᠢᠭ ᠪᠠᠢᠵᠤ᠂ ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ᠎ᠶ᠋ᠢ ᠳᠤᠮᠳᠠᠳᠤ ᠤᠯᠤᠰ᠎ᠤᠨ ᠪᠣᠳᠠᠲᠤ ᠪᠠᠢᠳᠠᠯ᠎ᠲᠠᠢ ᠤᠶᠠᠯᠳᠤᠭᠤᠯᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ᠎ᠶ᠋ᠢ ᠪᠠᠷᠢᠮᠲᠠᠯᠠᠭ᠍ᠰᠠᠨ ᠦᠨᠡᠨ ᠶᠣᠰᠣᠨ᠎ᠤ ᠭᠡᠷᠡᠯ ᠭᠢᠯᠪᠠᠭ᠎ᠠ᠎ᠶ᠋ᠢ ᠰᠠᠴᠤᠷᠠᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠳᠠᠬᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠦᠢᠯᠡᠰ᠎ᠤᠨ ᠬᠥᠭ᠌ᠵᠢᠯᠲᠡ᠎ᠳᠤ ᠤᠷᠤᠭ᠍ᠰᠢᠯᠠᠯᠲᠠ᠎ᠶ᠋ᠢᠨ ᠴᠢᠭ᠌ᠯᠡᠯ᠎ᠢ ᠵᠢᠭᠠᠨ ᠥᠭ᠌ᠴᠦ᠂ ᠦᠨᠳᠦᠰᠦᠨ ᠵᠢᠷᠤᠮᠯᠠᠯ ᠬᠠᠩᠭᠠᠪᠠ᠃
ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠯᠤᠰ ᠲᠥᠷᠥ᠎ᠶ᠋ᠢᠨ ᠵᠥᠪᠯᠡᠯᠭᠡᠨ᠎ᠤ ᠪᠦᠬᠦ᠌ ᠤᠯᠤᠰ᠎ᠤᠨ ᠬᠤᠷᠢᠶ᠎ᠠ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ 《ᠬᠤᠶᠠᠷ᠎ᠢ ᠲᠣᠭ᠍ᠲᠠᠭᠠᠭ᠍ᠰᠠᠨ》 ᠤ᠋ ᠱᠢᠢᠳᠪᠦᠷᠢᠯᠡᠭ᠌ᠴᠢ ᠴᠢᠨᠠᠷᠲᠠᠶ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ 》 ᠵᠢᠡᠨ ᠪᠠᠲᠤᠳᠭᠠᠨ᠂ 《ᠬᠤᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠵᠤ᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠱᠢᠨᠵᠢ ᠴᠢᠨᠠᠷ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠨᠠᠮ ᠪᠠ ᠤᠯᠤᠰ᠎ᠤᠨ ᠭᠤᠣᠯ ᠡᠭᠦᠷᠭᠡ᠎ᠳᠤ ᠠᠩᠬᠠᠷᠤᠯ᠎ᠢᠶᠠᠨ ᠲᠥᠪᠯᠡᠷᠡᠭᠦᠯᠦᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠪᠠᠷᠢᠮᠲᠠᠯᠠᠵᠤ᠂ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠠᠷᠠᠳ ᠲᠦᠮᠡᠨ᠎ᠤ ᠲᠥᠯᠥᠭᠡ ᠪᠠᠢᠬᠤ᠎ᠶ᠋ᠢ ᠪᠠᠷᠢᠮᠲᠠᠯᠠᠵᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠵᠣᠷᠢᠭ ᠰᠠᠨᠠᠭ᠎ᠠ᠎ᠪᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠶ᠋ᠢ ᠪᠠᠷᠢᠮᠲᠠᠯᠠᠭᠠᠳ᠂ ᠡᠯ᠎ᠡ ᠵᠦᠢᠯ᠎ᠤᠨ ᠠᠵᠢᠯ ᠱᠢᠨ᠎ᠡ ᠠᠬᠢᠯᠲᠠ ᠲᠠᠢ ᠪᠣᠯᠪᠠ᠃
ᠨᠢᠭᠡ ᠵᠢᠯ᠎ᠤᠨ ᠲᠤᠷᠰᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠬᠣᠷᠠᠯ ᠪᠠ ᠲᠡᠷᠢᠭᠦᠯᠡᠭ᠌ᠴᠢᠳ᠎ᠤᠨ ᠬᠣᠷᠠᠯ᠂ ᠪᠠᠢᠭᠤᠯᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠬᠣᠷᠠᠯ ᠪᠠ ᠨᠠᠷᠢᠨ ᠪᠢᠴᠢᠭ᠎ᠤᠨ ᠳᠠᠷᠤᠭ᠎ᠠ ᠨᠠᠷ᠎ᠤᠨ ᠬᠣᠷᠠᠯ᠂ ᠡᠯ᠎ᠡ ᠲᠤᠰᠭᠠᠢ ᠵᠥᠪᠯᠡᠯ᠎ᠤᠨ ᠨᠠᠮ᠎ᠤᠨ ᠬᠤᠪᠢᠶᠠᠷᠢ ᠤᠳᠤᠷᠢᠳᠭᠤ ᠳᠤᠭᠤᠢᠯᠠᠩ᠎ᠤᠨ ᠬᠣᠷᠠᠯ ᠪᠠ ᠡᠷᠬᠢᠯᠡᠭ᠌ᠴᠢᠳ᠎ᠤᠨ ᠬᠣᠷᠠᠯ 《ᠨᠢᠭᠡᠳᠦᠭᠡᠷ ᠵᠥᠪᠯᠡᠬᠦ᠌ ᠰᠡᠳᠦᠪ》 ᠤ᠋ᠨ ᠲᠦᠷᠢᠮ᠎ᠢ ᠪᠠᠷᠢᠮᠲᠠᠯᠠᠨ ᠨᠠᠢᠳᠠᠪᠤᠷᠢᠵᠢᠭᠤᠯᠵᠤ᠂ ᠶᠡᠷᠦᠩᠬᠡᠢ ᠱᠦᠵᠢ ᠰᠢ᠎ᠶ᠋ᠢᠨ ᠫᠢᠩ ᠤᠨ ᠬᠠᠮᠤᠭ᠎ᠤᠨ ᠱᠢᠨ᠎ᠡ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ 221 ᠤᠳᠠᠭ᠎ᠠ ᠤᠯᠠᠮᠵᠢᠯᠠᠨ ᠰᠤᠷᠤᠯᠴᠠᠵᠤ ᠲᠤᠭᠤᠱᠢᠯᠠᠭᠤᠯᠪᠠ᠃ ᠡᠯ᠎ᠡ ᠲᠥᠷᠥᠯ᠎ᠤᠨ ᠵᠥᠪᠯᠡᠯᠭᠡ ᠬᠢᠵᠦ᠍ ᠲᠦᠷᠦ᠍᠎ᠶ᠋ᠢᠨ ᠬᠡᠷᠡᠭ᠎ᠢ ᠵᠥᠪᠯᠡᠬᠦ᠌ ᠠᠵᠢᠯᠯᠠᠭ᠎ᠠ᠎ᠶ᠋ᠢ 85 ᠲᠠᠯᠠᠪᠤᠷ ᠤᠳᠠᠭ᠎ᠠ ᠡᠷᠭᠢᠯᠡᠪᠡ; 99 ᠵᠦᠢᠯ᠎ᠤᠨ ᠪᠠᠢᠴᠠᠭᠠᠨ ᠦᠵᠡᠬᠦ᠌ ᠪᠠᠢᠴᠠᠭᠠᠨ ᠱᠢᠨᠵᠢᠯᠡᠬᠦ᠌ ᠪᠠᠢᠴᠠᠭᠠᠨ ᠰᠤᠳᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ 31 ᠮᠤᠵᠢ (ᠣᠷᠣᠨ᠂ ᠬᠤᠲᠠ)᠂ 263 ᠬᠤᠲᠠ (ᠵᠧᠦ᠂ ᠠᠢᠮᠠᠭ)᠂ 452 ᠱᠢᠶᠠᠨ (ᠬᠤᠲᠠ᠂ ᠲᠣᠭᠤᠷᠢᠭ᠂ ᠬᠤᠱᠢᠭᠤ) ᠢ᠋ ᠬᠠᠮᠤᠷᠪᠠ; 6019 ᠬᠤᠪᠢ ᠰᠠᠨᠠᠯ ᠳᠤᠷᠠᠳᠤᠯᠭ᠎ᠠ᠎ᠶ᠋ᠢ ᠬᠦᠯᠢᠶᠡᠨ ᠠᠪᠴᠤ᠌᠂ 5091 ᠬᠤᠪᠢ᠎ᠶ᠋ᠢ᠎ᠨᠢ ᠬᠡᠷᠡᠭ ᠪᠣᠯᠭᠠᠨ ᠳᠠᠩᠰᠠᠯᠠᠵᠤ᠂ ᠱᠢᠢᠳᠪᠦᠷᠢᠯᠡᠵᠦ᠍ ᠬᠠᠷᠢᠭᠤᠯᠲᠠ ᠥᠭ᠌ᠭᠦᠭ᠌ᠰᠡᠨ ᠨᠤᠷᠮ᠎ᠠ 99.9%᠎ᠳᠤ ᠬᠦᠷᠴᠦ᠍᠂ 1800 ᠭᠠᠷᠤᠶ ᠭᠡᠱᠢᠭᠦᠳ᠎ᠲᠤ ᠰᠠᠨᠠᠯ ᠳᠤᠷᠠᠳᠤᠯᠭ᠎ᠠ᠎ᠶ᠋ᠢ ᠱᠢᠢᠳᠪᠦᠷᠢᠯᠡᠵᠦ᠍ ᠬᠠᠷᠢᠭᠤᠯᠲᠠ ᠥᠭ᠌ᠭᠦᠭ᠌ᠰᠡᠨ ᠦᠨᠡᠮᠯᠡᠯ ᠢᠯᠡᠭᠡᠪᠡ; ᠮᠡᠳᠡᠭᠡ ᠵᠠᠩᠭᠢ᠎ᠶ᠋ᠢᠨ ᠡᠬᠡ ᠪᠢᠴᠢᠭ᠎ᠢ 54317 ᠬᠤᠪᠢ ᠣᠯᠵᠤ᠂ 11323ᠬᠤᠪᠢ᠎ᠶ᠋ᠢ᠎ᠨᠢ ᠬᠡᠷᠡᠭ᠌ᠯᠡᠵᠦ᠍᠂ ᠮᠡᠳᠡᠭᠡ ᠵᠠᠩᠭᠢ᠎ᠶ᠋ᠢᠨ ᠰᠡᠳᠬᠦᠯ ᠢ 1728 ᠬᠤᠭᠤᠴᠠᠭ᠎ᠠ ᠨᠠᠢᠷᠠᠭᠤᠯᠤᠨ ᠮᠡᠳᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠤᠳᠤᠷᠢᠳᠭᠤ ᠨᠥᠬᠦᠳ᠎ᠲᠤ 1016 ᠬᠤᠪᠢ ᠮᠡᠳᠡᠭᠡ ᠵᠠᠩᠭᠢ ᠮᠡᠳᠡᠭᠦᠯᠦᠨ ᠬᠦᠷᠭᠡᠵᠦ᠍᠂ ᠡᠯ᠎ᠡ ᠲᠥᠷᠥᠯ᠎ᠤᠨ ᠲᠦᠷᠦ᠍᠎ᠶ᠋ᠢᠨ ᠬᠡᠷᠡᠭ᠎ᠢ ᠵᠥᠪᠯᠡᠨ ᠰᠠᠨᠠᠯ ᠰᠠᠨᠠᠭᠤᠯᠭ᠎ᠠ ᠳᠤᠷᠠᠳᠤᠭ᠍ᠰᠠᠨ ᠦᠷ᠎ᠡ ᠪᠦᠲᠦᠭᠡᠯ᠎ᠤᠨ ᠲᠤᠬᠠᠢ ᠤᠳᠤᠷᠢᠳᠭᠤ ᠨᠥᠬᠦᠳ᠎ᠤᠨ ᠴᠣᠬᠤᠯᠠᠪᠤᠷᠢ᠎ᠶ᠋ᠢ 819 ᠬᠥᠮᠦᠨ ᠤᠳᠠᠭ᠎ᠠ᠂ ᠣᠷᠣᠨ ᠨᠤᠲᠤᠭ ᠪᠠ ᠰᠠᠯᠠᠭ᠎ᠠ ᠮᠥᠴᠢᠷ᠎ᠤᠨ ᠬᠠᠷᠢᠭᠤ ᠲᠤᠰᠭᠠᠭ᠍ᠰᠠᠨ ᠮᠡᠳᠡᠭᠦᠯᠦᠯᠲᠡ᠎ᠶ᠋ᠢ 53 ᠬᠤᠪᠢ ᠬᠤᠷᠢᠶᠠᠨ ᠣᠯᠪᠠ; ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠨᠠᠷ ᠨᠠᠮ᠎ᠤᠨ ᠭᠠᠳᠠᠨᠠᠬᠢ ᠭᠡᠱᠢᠭᠦᠳ᠎ᠲᠠᠢ 324 ᠬᠥᠮᠦᠨ ᠤᠳᠠᠭ᠎ᠠ ᠰᠡᠳᠭᠢᠯ᠎ᠤᠨ ᠦᠭᠡ᠎ᠪᠠᠨ ᠶᠠᠷᠢᠯᠴᠠᠵᠤ᠂ 870 ᠨᠡᠷᠡᠰ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ ᠪᠣᠯᠬᠤ ᠭᠡᠱᠢᠭᠦᠳ 1257 ᠨᠡᠷᠡᠰ ᠨᠠᠮ᠎ᠤᠨ ᠭᠠᠳᠠᠨᠠᠬᠢ ᠭᠡᠱᠢᠭᠦᠳ᠎ᠲᠠᠢ ᠬᠠᠷᠢᠯᠴᠠᠭ᠎ᠠ ᠪᠠᠢᠭᠤᠯᠵᠤ᠂ ᠨᠠᠮ᠎ᠤᠨ ᠭᠠᠳᠠᠨᠠᠬᠢ ᠭᠡᠱᠢᠭᠦᠳ᠎ᠢ ᠵᠣᠬᠢᠶᠠᠨ ᠪᠠᠢᠭᠤᠯᠤᠨ 20 ᠤᠳᠠᠭ᠎ᠠ ᠲᠤᠰᠭᠠᠶ ᠰᠡᠳᠦᠪ᠎ᠢᠶᠠᠷ ᠪᠠᠢᠴᠠᠭᠠᠨ ᠦᠵᠡᠵᠦ᠍᠂ ᠡᠯ᠎ᠡ ᠠᠷᠠᠳᠴᠢᠯᠠᠭ᠍ᠰᠠᠨ ᠨᠠᠮ ᠪᠦᠯᠦᠭ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠴᠢᠳ᠎ᠤᠨ ᠬᠤᠯᠪᠣᠭᠠᠲᠤ ᠬᠤᠷᠠᠯ ᠪᠠ ᠨᠠᠮ ᠪᠦᠯᠦᠭ᠎ᠤᠨ ᠪᠤᠰᠤ ᠬᠥᠮᠦᠰ 654 ᠬᠤᠪᠢ ᠰᠠᠨᠠᠯ ᠳᠤᠷᠠᠳᠤᠯᠭ᠎ᠠ ᠳᠡᠪᠱᠢᠭᠦᠯᠵᠦ᠍᠂ 344 ᠬᠤᠪᠢ ᠶᠡᠭᠡ ᠬᠤᠷᠠᠯ᠎ᠤᠨ ᠶᠠᠷᠢᠶ᠎ᠠ ᠲᠠᠯᠪᠢᠪᠠ; ᠭᠡᠱᠢᠭᠦᠳ 19557 ᠬᠥᠮᠦᠨ ᠤᠳᠠᠭ᠎ᠠ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠨ 《ᠠᠷᠠᠳ᠎ᠲᠤ ᠦᠢᠯᠡᠴᠢᠯᠡᠬᠦ᠌》 6501 ᠵᠦᠢᠯ᠎ᠤᠨ ᠠᠵᠢᠯᠯᠠᠭ᠎ᠠ ᠥᠷᠨᠢᠭᠦᠯᠵᠦ᠍᠂ ᠡᠲᠡᠭᠡᠳ᠎ᠤᠨ ᠢᠯᠭᠠᠯ᠎ᠤᠨ ᠤᠯᠠᠨ ᠲᠦᠮᠡᠨ᠎ᠲᠠᠢ ᠬᠠᠷᠢᠯᠴᠠᠬᠤ 10516 ᠵᠦᠢᠯ᠎ᠤᠨ ᠠᠵᠢᠯᠯᠠᠭ᠎ᠠ ᠥᠷᠨᠢᠭᠦᠯᠵᠦ᠍᠂ ᠤᠯᠠᠨ ᠲᠦᠮᠡᠨ᠎ᠳᠤ ᠦᠢᠯᠡᠴᠢᠯᠡᠭ᠌ᠰᠡᠨ᠎ᠨᠢ 100 ᠭᠠᠷᠤᠶ ᠲᠦᠮᠡᠨ ᠬᠥᠮᠦᠨ ᠤᠳᠠᠭ᠎ᠠ ᠪᠣᠯᠪᠠ; ᠪᠦᠬᠦ᠌ ᠵᠢᠯ᠎ᠳᠤ ᠭᠡᠱᠢᠭᠦᠳ ᠵᠥᠪᠯᠡᠯᠭᠡ ᠬᠢᠵᠦ᠍ ᠲᠥᠷᠥ᠎ᠶ᠋ᠢᠨ ᠬᠡᠷᠡᠭ᠎ᠢ ᠵᠥᠪᠯᠡᠬᠦ᠌ ᠬᠣᠷᠠᠯ ᠳᠤ ᠨᠡᠢᠲᠡ 7748 ᠬᠥᠮᠦᠨ ᠤᠳᠠᠭ᠎ᠠ ᠣᠷᠣᠯᠴᠠᠵᠤ᠂ ᠡᠯ᠎ᠡ ᠲᠥᠷᠥᠯ᠎ᠤᠨ ᠪᠠᠢᠴᠠᠭᠠᠨ ᠦᠵᠡᠬᠦ᠌ ᠪᠠᠢᠴᠠᠭᠠᠨ ᠱᠢᠨᠵᠢᠯᠡᠬᠦ᠌ ᠪᠠᠢᠴᠠᠭᠠᠨ ᠰᠤᠳᠤᠯᠬᠤ ᠠᠵᠢᠯ᠎ᠳᠤ 1227 ᠬᠥᠮᠦᠨ ᠤᠳᠠᠭ᠎ᠠ ᠣᠷᠣᠯᠴᠠᠵᠤ᠂ 2005 ᠨᠡᠷᠡᠰ ᠭᠡᠱᠢᠭᠦᠨ ᠰᠠᠨᠠᠯ ᠳᠤᠷᠠᠳᠤᠯᠭ᠎ᠠ ᠳᠤᠷᠠᠳᠭᠤ᠎ᠳᠤ ᠣᠷᠣᠯᠴᠠᠵᠤ᠂ 1277 ᠨᠡᠷᠡᠰ ᠭᠡᠱᠢᠭᠦᠨ ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢᠨ ᠮᠡᠳᠡᠭᠡ ᠵᠠᠩᠭᠢ᠎ᠶ᠋ᠢ ᠲᠤᠰᠭᠠᠵᠤ᠂ 71 ᠨᠡᠷᠡᠰ ᠭᠡᠱᠢᠭᠦᠨ ᠪᠥᠬᠦᠳᠡ ᠬᠣᠷᠠᠯ᠂ ᠪᠠᠢᠩᠭᠤ᠎ᠶ᠋ᠢᠨ ᠬᠣᠷᠢᠶ᠎ᠠ ᠵᠢᠨ ᠬᠣᠷᠠᠯ ᠳᠡᠭᠡᠷ᠎ᠡ ᠶᠡᠭᠡ ᠬᠤᠷᠠᠯ᠎ᠤᠨ ᠠᠮᠠᠨ ᠶᠠᠷᠢᠶ᠎ᠠ ᠲᠠᠯᠪᠢᠵᠤ᠂ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ᠎ᠳᠤ 269 ᠬᠥᠮᠦᠨ ᠤᠳᠠᠭ᠎ᠠ ᠣᠷᠣᠯᠴᠠᠵᠤ᠂ 33 ᠨᠡᠷᠡᠰ ᠭᠡᠱᠢᠭᠦᠨ ᠲᠤᠱᠢᠶᠠᠯ ᠬᠠᠷᠢᠭᠤᠴᠠᠯᠭ᠎ᠠ᠎ᠪᠠᠨ ᠱᠢᠯᠢᠳᠡᠭ ᠭᠦᠢᠴᠡᠳᠭᠡᠭ᠌ᠰᠡᠨ ᠤᠨ᠎ᠤ ᠱᠠᠩᠨᠠᠯ ᠭᠥᠷᠳᠡᠪᠡ᠃
ᠨᠢᠭᠡ ᠵᠢᠯ᠎ᠤᠨ ᠲᠤᠷᠰᠢ᠂ ᠪᠢᠳᠡ ᠭᠤᠣᠯᠳᠠᠭᠤ 4 ᠲᠠᠯ᠎ᠠ᠎ᠪᠠᠷ ᠬᠦᠴᠦ᠍ ᠣᠷᠣᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠵᠢᠯ᠎ᠢ ᠲᠠᠰᠤᠷᠠᠯᠲᠠ ᠥᠬᠡᠶ ᠭᠦᠨᠵᠡᠭᠡᠢᠷᠡᠭᠦᠯᠬᠦ᠌᠎ᠶ᠋ᠢ ᠠᠬᠢᠭᠤᠯᠪᠠ᠃
ᠨᠢᠭᠡ᠎ᠳᠤ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠶᠡᠷᠦᠩᠬᠡᠶ ᠱᠦᠵᠢ ᠰᠢ᠎ᠶ᠋ᠢᠨ ᠫᠢᠩ ᠤᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠪᠠ᠃ ᠪᠢᠳᠡ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠪᠠᠢᠭᠤᠯᠤᠯ ᠪᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠵᠣᠬᠢᠶᠠᠨ ᠪᠠᠢᠭᠤᠯᠤᠯᠲᠠ᠎ᠶ᠋ᠢᠨ ᠢᠯᠡ ᠲᠣᠳᠣ ᠤᠯᠤᠰ ᠲᠦᠷᠦ᠍᠎ᠶ᠋ᠢᠨ ᠱᠢᠨᠵᠢ ᠴᠢᠨᠠᠷ᠎ᠢ ᠭᠦᠨᠵᠡᠭᠡᠶ ᠲᠠᠨᠢᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠤᠯᠤᠰ ᠲᠦᠷᠦ᠍᠎ᠶ᠋ᠢᠨ ᠵᠥᠪᠯᠡᠯᠭᠡᠨ᠎ᠤ ᠠᠵᠢᠯ᠎ᠤᠨ ᠡᠯ᠎ᠡ ᠲᠠᠯ᠎ᠠ ᠪᠦᠬᠦ᠌ ᠶᠠᠪᠤᠴᠠ᠎ᠳᠤ ᠨᠠᠢᠳᠠᠪᠤᠷᠢᠵᠢᠭᠤᠯᠪᠠ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠣᠬᠤᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠬᠤ᠂ ᠰᠤᠳᠤᠯᠤᠨ ᠪᠠᠢᠷᠢᠯᠠᠭᠤᠯᠬᠤ᠂ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠴᠢᠩᠭᠠᠳᠭᠠᠵᠤ᠂ ᠤᠷᠢᠳ ᠬᠤᠵᠢᠳ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠳᠤ ᠶᠡᠷᠦᠩᠬᠡᠶ ᠱᠦᠵᠢ ᠰᠢ᠎ᠶ᠋ᠢᠨ ᠫᠢᠩ᠎ᠤᠨ 2023 ᠣᠨ᠎ᠤ ᠴᠢᠬᠤᠯᠠ ᠵᠢᠭᠠᠪᠤᠷᠢ ᠴᠣᠬᠤᠯᠠᠪᠤᠷᠢ ᠪᠠ ᠲᠥᠪ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠤᠨ ᠬᠣᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠤᠭ᠍ᠰᠠᠨᠢ 《ᠡᠷᠬᠢᠵᠦ᠍ ᠬᠠᠷᠠᠭ᠍ᠰᠠᠨ》 ᠪᠠᠢᠳᠠᠯ᠎ᠢᠶᠠᠨ ᠮᠡᠳᠡᠭᠦᠯᠪᠡ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠵᠢᠯ᠎ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ᠎ᠶ᠋ᠢ ᠨᠢᠭᠡᠳ ᠨᠢᠭᠡ᠎ᠪᠠᠷ ᠱᠢᠪᠠᠳᠠᠨ ᠱᠢᠢᠳᠪᠦᠷᠢᠯᠡᠭᠦᠯᠵᠦ᠍ ᠨᠠᠢᠳᠠᠪᠤᠷᠢᠵᠢᠭᠤᠯᠪᠠ᠃ ᠴᠢᠬᠤᠯᠠ ᠶᠡᠭᠡ ᠤᠴᠢᠷ ᠶᠠᠪᠤᠳᠠᠯ᠎ᠤᠨ ᠲᠤᠬᠠᠢ ᠵᠢᠭᠠᠪᠤᠷᠢ ᠠᠪᠬᠤ ᠪᠠ ᠮᠡᠳᠡᠭᠦᠯᠬᠦ᠌ ᠲᠦᠷᠢᠮ᠎ᠢ ᠴᠢᠩᠭ᠎ᠠ ᠬᠡᠷᠡᠭ᠌ᠵᠢᠭᠦᠯᠪᠡ᠃ ᠪᠦᠬᠦ᠌ ᠵᠢᠯ᠎ᠳᠤ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠶᠠᠷᠢᠶ᠎ᠠ᠂ ᠲᠥᠪ ᠬᠣᠷᠢᠶ᠎ᠠ ᠵᠢᠨ ᠴᠢᠬᠤᠯᠠ ᠬᠣᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠰᠠᠨᠠᠯ ᠪᠠ ᠲᠥᠰᠦᠯ᠎ᠢ 88 ᠬᠤᠪᠢ ᠳᠠᠷᠤᠮᠠᠯᠯᠠᠨ ᠲᠠᠷᠬᠠᠭᠠᠵᠤ᠂ ᠬᠡᠷᠡᠭ᠌ᠵᠢᠭᠦᠯᠦᠯᠲᠡ᠎ᠶ᠋ᠢ ᠨᠠᠷᠢᠨ ᠬᠢᠨᠠᠮᠠᠭᠠᠶ ᠰᠠᠢᠲᠤᠷ ᠠᠳᠭᠤᠪᠠ᠃
ᠬᠤᠶᠠᠷ᠎ᠲᠤ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠤᠨ ᠤᠢ᠎ᠶ᠋ᠢ ᠦᠪᠡᠳᠡᠭ᠌ᠰᠢ ᠶᠡᠭᠡ᠎ᠪᠠᠷ ᠪᠡᠯᠭᠡᠯᠡᠵᠦ᠍᠂ ᠵᠠᠮ᠎ᠤᠨ ᠢᠲᠡᠭᠡᠯ᠂ ᠤᠨᠤᠯ᠎ᠤᠨ ᠢᠲᠡᠭᠡᠯ᠂ ᠪᠠᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ᠎ᠢᠶᠠᠨ ᠪᠠᠲᠤᠳᠭᠠᠪᠠ᠃ ᠪᠢᠳᠡ ᠶᠡᠷᠦᠩᠬᠡᠶ ᠱᠦᠵᠢ ᠰᠢ᠎ᠶ᠋ᠢᠨ ᠫᠢᠩ ᠤᠨ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠴᠢᠬᠤᠯᠠ᠎ᠠᠴᠠ ᠴᠢᠬᠤᠯᠠ ᠵᠦᠢᠯ ᠪᠣᠯᠭᠠᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ (ᠥᠷᠭᠡᠳᠭᠡᠭ᠌ᠰᠡᠨ) ᠤ᠋ᠨ ᠬᠣᠷᠠᠯ᠂ ᠲᠡᠷᠢᠭᠦᠯᠡᠭ᠌ᠴᠢᠳ᠎ᠤᠨ ᠬᠣᠷᠠᠯ᠂ ᠲᠡᠷᠢᠭᠦᠯᠡᠭ᠌ᠴᠢᠳ᠎ᠤᠨ ᠬᠣᠷᠠᠯ᠎ᠤᠨ ᠪᠦᠷᠢᠯᠳᠦᠬᠦᠨ᠎ᠤ ᠤᠯᠤᠰ ᠲᠦᠷᠤ᠎ᠶ᠋ᠢ ᠶᠠᠷᠢᠯᠴᠠᠬᠤ ᠬᠤᠷᠠᠯ᠂ ᠪᠠᠢᠩᠭᠤ᠎ᠶ᠋ᠢᠨ ᠬᠣᠷᠢᠶ᠎ᠠ ᠵᠢᠨ ᠬᠣᠷᠠᠯ ᠵᠡᠷᠭᠡ᠎ᠶ᠋ᠢ ᠬᠤᠷᠠᠯᠳᠤᠭᠤᠯᠵᠤ ᠲᠤᠰᠭᠠᠶ ᠰᠡᠳᠦᠪᠲᠦ ᠰᠤᠷᠤᠯᠴᠠᠯᠭ᠎ᠠ᠎ᠶ᠋ᠢᠨ ᠪᠠᠢᠷᠢᠯᠠᠭᠤᠯᠤᠯᠲᠠ ᠬᠢᠪᠡ᠃ ᠭᠡᠱᠢᠭᠦᠳ᠎ᠤᠨ ᠲᠤᠰᠭᠠᠢ ᠰᠡᠳᠦᠪᠲᠦ ᠰᠤᠷᠤᠯᠴᠠᠨ ᠰᠤᠳᠤᠯᠤᠨ ᠶᠠᠷᠢᠯᠴᠠᠬᠤ ᠠᠩᠭᠢ᠂ ᠣᠨᠣᠯ᠎ᠤᠨ ᠰᠤᠳᠤᠯᠤᠨ ᠶᠠᠷᠢᠯᠴᠠᠬᠤ ᠬᠤᠷᠠᠯ ᠵᠡᠷᠭᠡ ᠱᠢᠷᠢᠰ ᠰᠤᠷᠤᠯᠴᠠᠨ ᠰᠤᠳᠤᠯᠤᠨ ᠶᠠᠷᠢᠯᠴᠠᠬᠤ ᠠᠵᠢᠯᠯᠠᠭ᠎ᠠ ᠡᠷᠬᠢᠯᠡᠵᠦ᠍᠂ ᠲᠡᠷᠢᠭᠦᠯᠡᠭ᠌ᠴᠢᠳ᠎ᠤᠨ ᠬᠣᠷᠠᠯ ᠤᠨ ᠪᠦᠷᠢᠯᠳᠦᠬᠦᠨ᠎ᠤ ᠰᠤᠷᠤᠯᠴᠠᠭ᠍ᠰᠠᠨ ᠲᠥᠷᠥᠭ᠌ᠳᠡᠯ᠎ᠢᠶᠠᠨ ᠬᠤᠪᠢᠶᠠᠯᠴᠠᠭ᠍ᠰᠠᠨ 22 ᠬᠤᠪᠢ ᠵᠣᠬᠢᠶᠠᠯ᠎ᠢ 《ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠰᠣᠨᠢᠨ》 ᠳ᠋ᠦ ᠨᠡᠢᠲᠡᠯᠡᠪᠡ᠃ ᠤᠷᠡᠠ ᠪᠢᠴᠢᠯᠭᠡ ᠤᠷᠡᠠ ᠵᠢᠷᠤᠬ᠎ᠤᠨ ᠥᠵᠡᠭᠦᠯᠭᠡ ᠡᠷᠬᠢᠯᠡᠵᠤ᠂ 《ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠬᠢᠭᠡᠳ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠨᠢ》 ᠵᠡᠷᠭᠡ ᠭᠤᠣᠯ ᠰᠡᠳᠦᠪᠲᠦ ᠨᠣᠮ ᠪᠢᠴᠢᠭ᠎ᠢ ᠬᠡᠪᠯᠡᠭᠦᠯᠪᠡ᠃ ᠱᠢᠷᠢᠰ ᠪᠡᠯᠭᠡᠯᠡᠬᠦ᠌ ᠠᠵᠢᠯᠯᠠᠭ᠎ᠠ᠎ᠪᠠᠷ ᠳᠠᠮᠵᠢᠨ᠂ ᠥᠷᠭᠡᠨ ᠣᠯᠠᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ ᠪᠠ ᠪᠠᠢᠭᠤᠯᠭ᠎ᠠ᠎ᠶ᠋ᠢᠨ ᠺᠠᠳ᠋ᠷᠴᠤᠳ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠷᠡᠯ ᠰᠠᠴᠤᠷᠠᠩᠭᠤᠶ ᠲᠡᠦᠬᠡᠨ ᠥᠩᠭᠡᠷᠡᠯᠲᠡ᠂ ᠤᠯᠤᠰ ᠲᠥᠷᠥ᠎ᠶ᠋ᠢᠨ ᠳᠠᠪᠠᠭᠤᠯᠢᠭ᠂ ᠡᠭᠦᠷᠭᠡ ᠬᠠᠷᠢᠭᠤᠴᠠᠯᠭ᠎ᠠ᠎ᠶ᠋ᠢᠨ ᠲᠤᠬᠠᠶ ᠣᠢᠯᠠᠭᠠᠯᠲᠠ᠎ᠪᠠᠨ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠶᠡᠷᠦᠩᠬᠡᠶ ᠱᠦᠵᠢ ᠰᠢ᠎ᠶ᠋ᠢᠨ ᠫᠢᠩ ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢᠨ ᠵᠣᠷᠢᠭ ᠰᠠᠨᠠᠭᠠᠨ᠎ᠤ ᠮᠥᠨ ᠴᠢᠨᠠᠷ ᠪᠠ ᠦᠨᠡᠨ ᠶᠣᠰᠣᠨ᠎ᠤ ᠬᠦᠴᠦᠨ᠎ᠢ ᠤᠯᠠᠮ ᠨᠢᠭᠡ ᠠᠯᠬᠤᠮ ᠣᠢᠯᠠᠭᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠵᠢᠯ᠎ᠢ ᠰᠠᠢᠲᠤᠷ ᠬᠢᠬᠦ᠌ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠰᠡᠳᠭᠢᠯᠭᠡ᠎ᠪᠠᠨ ᠤᠯᠠᠮ ᠨᠢᠭᠡ ᠠᠯᠬᠤᠮ ᠴᠢᠩᠭᠠᠳᠭᠠᠪᠠ᠃
ᠭᠤᠷᠪᠠ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠴᠢᠬᠤᠯᠠ ᠶᠡᠭᠡ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠳᠡᠪᠱᠢᠭᠦᠯᠪᠡ᠃ ᠪᠢᠳᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠴᠢᠬᠤᠯᠠ ᠶᠡᠭᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠨᠠᠮ᠎ᠤᠨ ᠤᠳᠤᠷᠢᠳᠭᠤ ᠳᠤᠭᠤᠢᠯᠠᠩ᠎ᠤᠨ ᠤᠨᠤᠯ᠎ᠤᠨ ᠰᠤᠷᠤᠯᠴᠠᠯᠭ᠎ᠠ᠎ᠶ᠋ᠢᠨ ᠭᠤᠤᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠂ ᠰᠤᠷᠤᠯᠴᠠᠵᠤ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ᠎ᠶ᠋ᠢᠨ ᠬᠤᠷᠠᠯ ᠵᠡᠷᠭᠡ᠎ᠶ᠋ᠢ ᠡᠷᠬᠢᠯᠡᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠤᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠲᠤᠬᠠᠢ ᠠᠯᠢ ᠤᠯᠠᠨ ᠱᠢᠨ᠎ᠡ ᠦᠵᠡᠯ ᠰᠠᠨᠠᠭ᠎ᠠ᠂ ᠱᠢᠨ᠎ᠡ ᠦᠵᠡᠯᠲᠡ᠂ ᠱᠢᠨ᠎ᠡ ᠨᠤᠲᠠᠯᠠᠯᠲᠠ᠎ᠶ᠋ᠢ ᠭᠦᠨᠵᠡᠭᠡᠢ ᠤᠢ᠍ᠢᠯᠠᠭᠠᠨ ᠡᠵᠡᠮᠱᠢᠵᠦ᠍᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠭᠤᠣᠯ ᠰᠡᠳᠦᠪ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ᠂ ᠦᠨᠳᠦᠰᠦᠨ ᠪᠠᠲᠤᠯᠠᠭ᠎ᠠ᠎ᠶ᠋ᠢ ᠭᠦᠨᠵᠡᠭᠡᠢ ᠤᠢ᠍ᠢᠯᠠᠭᠠᠨ ᠡᠵᠡᠮᠱᠢᠪᠡ᠃ ᠪᠥᠬᠦᠳᠡ ᠬᠤᠷᠠᠯ᠎ᠤᠨ ᠵᠥᠪᠯᠡᠬᠦ᠌ ᠠᠷᠠᠳᠴᠢᠯᠠᠯ᠎ᠤᠨ ᠲᠣᠭ᠍ᠲᠠᠴᠠ᠎ᠶ᠋ᠢ ᠪᠦᠷᠢᠨᠱᠢᠬᠦᠯᠬᠦ᠌ ᠲᠤᠬᠠᠶ ᠥᠭᠡᠷᠡᠴᠢᠯᠡᠯᠲᠡ ᠶ᠋ᠢᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢ ᠲᠤᠰᠭᠠᠬᠤ ᠮᠡᠳᠡᠭᠡ ᠵᠠᠩᠭᠢ᠎ᠶ᠋ᠢᠨ ᠠᠵᠢᠯ᠎ᠤᠨ ᠲᠦᠷᠢᠮ ᠵᠡᠷᠭᠡ ᠰᠠᠭᠤᠷᠢᠯᠠᠬᠤ ᠴᠢᠨᠠᠷᠲᠠᠶ ᠠᠵᠢᠯ᠎ᠤᠨ ᠲᠦᠷᠢᠮ᠎ᠢ ᠵᠠᠰᠠᠨ ᠲᠣᠭ᠍ᠲᠠᠭᠠᠪᠠ᠃ ᠲᠡᠷᠢᠭᠦᠯᠡᠭ᠌ᠴᠢᠳ᠎ᠤᠨ ᠬᠣᠷᠠᠯ᠎ᠤᠨ ᠪᠦᠷᠢᠯᠳᠦᠬᠦᠨ᠎ᠢᠶᠠᠷ ᠲᠦᠷᠦᠭᠦᠯᠡᠭᠦᠯᠦᠭ᠌ᠰᠡᠨ᠂ ᠲᠤᠰᠭᠠᠶ ᠵᠥᠪᠯᠡᠯ ᠠᠯᠤᠰᠯᠠᠭ᠍ᠰᠠᠨ ᠲᠤᠰᠭᠠᠶ ᠰᠡᠳᠦᠪᠲᠦ ᠰᠤᠳᠤᠯᠭᠠᠨ ᠬᠢᠬᠦ᠌ ᠳᠦᠷᠢᠮ᠎ᠢ ᠲᠡᠭᠦᠯᠳᠡᠷᠵᠢᠭᠦᠯᠵᠦ᠍᠂ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠢ ᠬᠦᠭ᠌ᠵᠢᠭᠦᠯᠬᠦ᠂ ᠱᠢᠨ᠎ᠡ ᠬᠡᠯᠪᠡᠷᠢ᠎ᠶ᠋ᠢᠨ ᠬᠤᠲᠠ ᠪᠠᠯᠭᠠᠰᠤᠵᠢᠯᠲᠠ᠎ᠶ᠋ᠢ ᠪᠦᠲᠦᠭᠡᠨ ᠪᠠᠢᠭᠤᠯᠬᠤ ᠵᠡᠷᠭᠡ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠶ᠂ ᠪᠦᠬᠦ᠌ ᠲᠠᠯ᠎ᠠ᠎ᠶ᠋ᠢᠨ ᠴᠢᠨᠠᠷᠲᠠᠶ᠂ ᠪᠠᠷᠠᠯᠠᠯᠬᠢᠯᠠᠯᠲᠤ ᠴᠢᠨᠠᠷᠲᠠᠶ ᠴᠢᠬᠤᠯᠠ ᠶᠡᠭᠡ ᠠᠰᠠᠭᠤᠳᠠᠯ᠎ᠤᠨ ᠳᠤᠭᠤᠷᠢᠨ᠎ᠳᠤ 42 ᠵᠦᠢᠯ᠎ᠤᠨ ᠲᠤᠰᠭᠠᠶ ᠰᠡᠳᠦᠪᠲᠦ ᠰᠤᠳᠤᠯᠭᠠᠨ ᠥᠷᠨᠢᠭᠦᠯᠵᠦ᠍᠂ ᠠᠰᠠᠭᠤᠳᠠᠯ᠎ᠢ ᠰᠤᠳᠤᠯᠬᠤ ᠭᠦᠨᠵᠡᠬᠡᠢ ᠬᠡᠮᠵᠢᠶ᠎ᠡ᠂ ᠪᠣᠳᠤᠯᠭ᠎ᠠ ᠲᠣᠭ᠍ᠲᠠᠭᠠᠬᠤ᠎ᠳᠤ ᠦᠢᠯᠡᠴᠢᠯᠡᠬᠦ᠌ ᠪᠦᠳᠦᠮᠵᠢᠳᠤ ᠴᠢᠨᠠᠷ᠎ᠢ ᠴᠢᠷᠮᠠᠢᠨ ᠳᠡᠭᠡᠭ᠌ᠰᠢᠯᠡᠭᠦᠯᠪᠡ᠃
ᠲᠦᠷᠪᠡ᠎ᠳᠤ ᠲᠤᠰᠭᠠᠶ ᠵᠦᠪᠯᠡᠯ᠎ᠤᠨ ᠰᠠᠭᠤᠷᠢᠯᠠᠬᠤ ᠴᠢᠨᠠᠷᠲᠠᠶ ᠦᠢᠯᠡᠳᠦᠯ᠎ᠢ ᠢᠳᠡᠪᠬᠢᠲᠡᠶ ᠪᠠᠳᠠᠷᠠᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠬᠥᠭ᠌ᠵᠢᠭᠡᠪᠡ᠃ ᠪᠢᠳᠡ ᠶᠡᠷᠦᠩᠬᠡᠶ ᠱᠦᠵᠢ ᠰᠢ᠎ᠶ᠋ᠢᠨ ᠫᠢᠩ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠲᠤᠰᠭᠠᠶ ᠵᠦᠪᠯᠡᠯ᠎ᠤᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠰᠤᠷᠤᠯᠴᠠᠨ ᠲᠤᠭᠤᠱᠢᠯᠠᠭᠤᠯᠵᠦ᠍᠂ 10 ᠲᠠᠯᠠᠪᠤᠷ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠲᠤᠰᠭᠠᠶ ᠵᠦᠪᠯᠡᠯ᠎ᠤᠨ ᠰᠠᠨᠠᠯ ᠪᠠ ᠰᠠᠨᠠᠭᠤᠯᠭ᠎ᠠ᠎ᠶ᠋ᠢ ᠰᠣᠨᠣᠰᠴᠤ᠌᠂ ᠲᠤᠰᠭᠠᠶ ᠵᠦᠪᠯᠡᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ ᠳᠤᠬᠠᠢ ᠰᠤᠳᠤᠯᠪᠠ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠲᠤᠰᠭᠠᠶ ᠵᠦᠪᠯᠡᠯ᠎ᠤᠨ ᠠᠵᠢᠯ᠎ᠤᠨ ᠬᠣᠷᠠᠯ ᠬᠤᠷᠠᠯᠳᠤᠭᠤᠯᠵᠤ᠂ ᠲᠤᠰᠭᠠᠶ ᠵᠦᠪᠯᠡᠯ᠎ᠤᠨ ᠰᠠᠭᠤᠷᠢᠯᠠᠬᠤ ᠴᠢᠨᠠᠷᠲᠠᠶ ᠦᠢᠯᠡᠳᠦᠯ᠎ᠢ ᠤᠯᠠᠮ ᠨᠢᠭᠡ ᠠᠯᠬᠤᠮ ᠪᠠᠳᠠᠷᠠᠭᠤᠯᠬᠤ ᠲᠤᠬᠠᠶ ᠰᠠᠨᠠᠯ᠎ᠢ ᠲᠣᠭ᠍ᠲᠠᠭᠠᠪᠠ᠃ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠬᠤ᠂ ᠭᠡᠱᠢᠬᠦᠳ᠎ᠲᠤ ᠴᠢᠨᠠᠷ ᠰᠠᠢᠲᠠᠢ ᠦᠢᠯᠡᠴᠢᠯᠡᠭᠦ᠌ ᠵᠡᠷᠭᠡ 7 ᠳᠦᠷᠢᠮ᠎ᠤᠨ ᠪᠢᠴᠢᠭ ᠮᠠᠲ᠋ᠧᠷᠢᠶᠠᠯ᠎ᠢ ᠲᠣᠭ᠍ᠲᠠᠭᠠᠭ᠍ᠰᠠᠨ ᠪᠠ ᠵᠠᠰᠠᠨ ᠲᠤᠭ᠍ᠲᠠᠭᠠᠵᠤ᠂ ᠭᠡᠱᠢᠬᠦᠳ᠎ᠤᠨ ᠪᠠᠢᠴᠠᠭᠠᠨ ᠰᠤᠳᠤᠯᠵᠤ ᠵᠥᠪᠯᠡᠬᠦ᠌ ᠠᠵᠢᠯᠯᠠᠭ᠎ᠠ᠎ᠳᠤ ᠣᠷᠣᠯᠴᠠᠬᠤ ᠬᠡᠪᠴᠢᠶ᠎ᠡ᠎ᠶ᠋ᠢ ᠥᠷᠭᠡᠳᠭᠡᠵᠦ᠍᠂ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠭᠡᠱᠢᠭᠦᠳ᠎ᠤᠨ ᠡᠳᠦᠷ ᠲᠤᠲᠤᠮ᠎ᠤᠨ ᠬᠠᠷᠢᠯᠴᠠᠭ᠎ᠠ᠂ ᠦᠢᠯᠡᠴᠢᠯᠡᠭᠡ ᠬᠠᠮᠢᠶᠠᠷᠤᠯᠲᠠ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠦᠷᠢᠳᠭᠡᠯ ᠪᠠ ᠬᠠᠷᠢᠭᠤ ᠲᠤᠰᠭᠠᠬᠤ ᠨᠡᠪᠲᠡᠷᠡᠯᠴᠡᠬᠦ᠌ ᠲᠣᠭ᠍ᠲᠠᠴᠠ᠎ᠶ᠋ᠢ ᠱᠢᠯᠢᠳᠡᠭ᠌ᠵᠢᠭᠦᠯᠵᠦ᠍᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠢ ᠭᠡᠱᠢᠭᠦᠳ᠎ᠤᠨ ᠭᠡᠷ ᠪᠦᠯᠢ᠂ ᠠᠷᠠᠳᠴᠢᠯᠠᠯ᠎ᠲᠠᠢ ᠭᠡᠷ ᠪᠦᠯᠢ᠂ ᠪᠦᠯᠬᠦᠮᠳᠡᠯ᠎ᠲᠠᠢ ᠭᠡᠷ ᠪᠦᠯᠢ ᠪᠣᠯᠭᠠᠨ ᠪᠦᠲᠦᠭᠡᠨ ᠪᠠᠢᠭᠤᠯᠬᠤ᠎ᠪᠠᠷ ᠴᠢᠷᠮᠠᠢᠪᠡ᠃
ᠨᠢᠭᠡ ᠵᠢᠯ᠎ᠤᠨ ᠲᠤᠷᠰᠢ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠪᠠᠢᠩᠭᠤ᠎ᠶ᠋ᠢᠨ ᠬᠤᠷᠢᠶ᠎ᠠ ᠡᠯ᠎ᠡ ᠵᠦᠢᠯ᠎ᠤᠨ ᠡᠭᠦᠷᠭᠡ ᠴᠢᠳᠠᠪᠤᠷᠢ᠎ᠪᠠᠨ ᠪᠦᠬᠦ᠌ ᠲᠠᠯ᠎ᠠ᠎ᠪᠠᠷ ᠭᠦᠢᠴᠡᠳᠭᠡᠵᠦ᠍᠂ ᠭᠤᠤᠯᠳᠠᠭᠤ ᠳᠣᠤᠷᠠᠬᠢ ᠠᠵᠢᠯ᠎ᠤᠳ᠎ᠢ ᠬᠢᠪᠡ᠃
(ᠨᠢᠭᠡ) ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ ᠰᠠᠨᠠᠭ᠎ᠠ᠎ᠶ᠋ᠢ ᠨᠢᠬ᠍ᠳᠠᠷᠠᠭᠤᠯᠤᠨ ᠰᠦᠭ ᠰᠦᠯᠳᠡ᠎ᠶ᠋ᠢ ᠪᠣᠰᠭᠠᠬᠤ᠎ᠶ᠋ᠢ ᠪᠠᠷᠢᠮᠳᠠᠯᠠᠵᠤ᠂ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠦᠷᠦ᠍᠎ᠶ᠋ᠢᠨ ᠰᠠᠭᠤᠷᠢ᠎ᠶ᠋ᠢ ᠪᠠᠬᠢᠵᠢᠭᠦᠯᠪᠡ᠃ ᠪᠢᠳᠡ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠢ ᠶᠡᠷᠦᠩᠬᠡᠢᠯᠡᠨ ᠵᠢᠯᠣᠭᠤᠳᠭᠤ ᠶᠡᠷᠦᠩᠬᠡᠶ ᠬᠥᠲᠥᠯᠪᠦᠷᠢ ᠪᠣᠯᠭᠠᠵᠤ᠂ 13 ᠤᠳᠠᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠬᠣᠷᠠᠯ᠂ 17 ᠤᠳᠠᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠲᠡᠷᠢᠭᠦᠯᠡᠭ᠌ᠴᠢᠳ᠎ᠤᠨ ᠬᠣᠷᠠᠯ᠎ᠢ ᠬᠤᠷᠠᠯᠳᠤᠭᠤᠯᠵᠤ᠂ 4 ᠤᠳᠠᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠣᠨᠣᠯ᠎ᠤᠨ ᠰᠤᠷᠤᠯᠴᠠᠯᠭ᠎ᠠ᠎ᠶ᠋ᠢᠨ ᠭᠤᠤᠯ ᠳᠤᠭᠤᠢᠯᠠᠩ᠎ᠤᠨ ᠬᠠᠮᠲᠤ᠎ᠶ᠋ᠢᠨ ᠰᠤᠷᠤᠯᠴᠠᠯᠭ᠎ᠠ᠂ 4 ᠤᠳᠠᠭ᠎ᠠ ᠲᠡᠷᠢᠭᠦᠯᠡᠭ᠌ᠴᠢᠳ᠎ᠤᠨ ᠬᠣᠷᠠᠯ᠎ᠤᠨ ᠬᠠᠮᠲᠤ᠎ᠶ᠋ᠢᠨ ᠰᠤᠷᠤᠯᠴᠠᠯᠭ᠎ᠠ᠂ 4 ᠤᠳᠠᠭ᠎ᠠ ᠪᠠᠢᠩᠭᠤ᠎ᠶ᠋ᠢᠨ ᠬᠣᠷᠢᠶ᠎ᠠ ᠵᠢᠨ ᠰᠤᠷᠤᠯᠴᠠᠯᠭ᠎ᠠ᠎ᠶ᠋ᠢᠨ ᠲᠠᠢᠯᠤᠮᠵᠢ᠎ᠶ᠋ᠢ ᠡᠷᠬᠢᠯᠡᠪᠡ᠃ ᠰᠢ᠎ᠶ᠋ᠢᠨ ᠫᠢᠩ᠎ᠤ᠋ᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠰᠤᠷᠤᠯᠴᠠᠨ ᠶᠠᠷᠢᠯᠴᠠᠬᠤ ᠳᠤᠭᠤᠢᠯᠠᠩ 55 ᠲᠠᠯᠠᠪᠤᠷ ᠶᠠᠷᠢᠯᠴᠠᠬᠤ ᠬᠤᠷᠠᠯ ᠬᠢᠵᠦ᠍᠂ ᠭᠡᠱᠢᠭᠦᠳ 1524 ᠬᠥᠮᠦᠨ ᠤᠳᠠᠭ᠎ᠠ ᠰᠤᠷᠤᠯᠴᠠᠯᠭ᠎ᠠ᠎ᠳᠤ ᠣᠷᠣᠯᠴᠠᠪᠠ᠃ ᠲᠡᠷᠢᠭᠦᠯᠡᠭ᠌ᠴᠢᠳ᠎ᠤᠨ ᠬᠣᠷᠠᠯ ᠤᠨ ᠪᠦᠷᠢᠯᠳᠦᠬᠦᠨ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ᠎ᠤᠨ ᠪᠠᠢᠭ᠎ᠠ ᠨᠢᠭᠡᠴᠢ᠎ᠳᠤ ᠬᠦᠷᠴᠦ᠍ ᠰᠤᠷᠤᠯᠴᠠᠬᠤ ᠪᠠ ᠪᠠᠢᠴᠠᠭᠠᠨ ᠰᠤᠳᠤᠯᠤᠯᠲᠠ ᠬᠢᠬᠦ᠌ ᠳᠦᠷᠢᠮ᠎ᠢ ᠡᠭᠦᠳᠦᠨ ᠪᠠᠢᠭᠤᠯᠵᠤ᠂ ᠲᠤᠬᠠᠶ᠎ᠶ᠋ᠢᠨ ᠲᠠᠯᠠᠪᠤᠷ᠎ᠤᠨ ᠰᠤᠷᠤᠯᠴᠠᠯᠭ᠎ᠠ᠎ᠪᠠᠷ ᠭᠤᠤᠯ ᠪᠣᠯᠭᠠᠭ᠍ᠰᠠᠨ ᠪᠠᠢᠴᠠᠭᠠᠨ ᠰᠤᠳᠤᠯᠬᠤ ᠠᠵᠢᠯᠯᠠᠭ᠎ᠠ᠎ᠶ᠋ᠢ 74 ᠤᠳᠠᠭ᠎ᠠ ᠥᠷᠨᠢᠭᠦᠯᠵᠦ᠍᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ 711 ᠬᠥᠮᠦᠨ ᠤᠳᠠᠭ᠎ᠠ ᠣᠷᠣᠯᠴᠠᠪᠠ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠴᠢᠬᠤᠯᠠ ᠵᠣᠬᠢᠶᠠᠯ ᠪᠦᠲᠦᠭᠡᠯ᠎ᠢ ᠭᠤᠤᠯᠳᠠᠯᠭ᠎ᠠ᠎ᠲᠠᠢ ᠨᠣᠮ᠎ᠤᠨ ᠭᠠᠷᠴᠠᠭ ᠪᠣᠯᠭᠠᠵᠤ᠂ ᠭᠡᠱᠢᠭᠦᠳ᠎ᠤᠨ ᠨᠣᠮ ᠤᠩᠱᠢᠬᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠰᠤᠳᠤᠯᠤᠨ ᠰᠤᠷᠤᠯᠴᠠᠬᠤ ᠠᠵᠢᠯᠯᠠᠭ᠎ᠠ᠎ᠶ᠋ᠢ 66 ᠤᠳᠠᠭ᠎ᠠ ᠥᠷᠨᠢᠭᠦᠯᠪᠡ᠃ ᠤᠯᠤᠰ ᠲᠥᠷᠥ᠎ᠶ᠋ᠢᠨ ᠪᠣᠯᠪᠠᠰᠤᠷᠠᠭᠤᠯᠤᠯ᠎ᠤᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ 2 ᠬᠤᠭᠤᠴᠠᠭᠠᠨ᠎ᠤ᠋ ᠭᠡᠱᠢᠭᠦᠳ᠎ᠤᠨ ᠲᠤᠰᠭᠠᠶ ᠰᠡᠳᠦᠪᠲᠦ ᠰᠤᠷᠤᠯᠴᠠᠨ ᠰᠤᠳᠤᠯᠤᠨ ᠶᠠᠷᠢᠯᠴᠠᠬᠤ ᠠᠩᠬᠢ᠂ 9 ᠬᠤᠭᠤᠴᠠᠭᠠᠨ ᠤ ᠡᠯ᠎ᠡ ᠱᠠᠲᠤᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠤ ᠺᠠᠳ᠋ᠷᠴᠤᠳ᠎ᠤᠨ ᠲᠤᠰᠭᠠᠶ ᠰᠡᠳᠦᠪᠲᠦ ᠪᠣᠯᠪᠠᠰᠤᠷᠠᠭᠤᠯᠤᠯ᠎ᠤᠨ ᠠᠩᠬᠢ ᠵᠡᠷᠭᠡ᠎ᠶ᠋ᠢ ᠡᠷᠬᠢᠯᠡᠵᠦ᠍᠂ 8657 ᠬᠥᠮᠦᠨ ᠤᠳᠠᠭ᠎ᠠ ᠣᠷᠣᠯᠴᠠᠪᠠ᠃ ᠴᠢᠬᠤᠯᠠ ᠵᠥᠪᠯᠡᠬᠦ᠌ ᠬᠣᠷᠠᠯ ᠢ ᠵᠣᠬᠢᠶᠠᠨ ᠪᠠᠢᠭᠤᠯᠬᠤ᠂ ᠪᠠᠢᠴᠠᠭᠠᠨ ᠥᠵᠡᠬᠦ᠌ ᠪᠠᠢᠴᠠᠭᠠᠨ ᠱᠢᠨᠵᠢᠯᠡᠬᠦ᠌ ᠪᠠᠢᠴᠠᠭᠠᠨ ᠰᠣᠳᠣᠯᠬᠤ ᠪᠠ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯᠯᠠᠭ᠎ᠠ ᠥᠷᠨᠢᠭᠦᠯᠬᠦ᠌᠎ᠳᠡᠭᠡᠨ ᠡᠩ ᠲᠡᠷᠢᠭᠦᠨ᠎ᠳᠤ ᠶᠡᠷᠦᠩᠬᠡᠶ ᠱᠦᠵᠢ ᠰᠢ᠎ᠶ᠋ᠢᠨ ᠫᠢᠩ᠎ᠤᠨ ᠬᠠᠮᠢᠶ᠎ᠠ ᠪᠦᠬᠦᠢ ᠴᠢᠬᠤᠯᠠ ᠥᠭᠦᠯᠡᠯᠲᠡ᠎ᠶ᠋ᠢ ᠵᠣᠬᠢᠶᠠᠨ ᠪᠠᠢᠭᠤᠯᠤᠨ ᠰᠤᠷᠤᠯᠴᠠᠵᠤ᠂ ᠱᠢᠨᠵᠢᠯᠡᠬᠦ᠌ ᠤᠬᠠᠭᠠᠨᠴᠢ ᠤᠨᠤᠯ᠎ᠢᠶᠠᠷ ᠤᠯᠤᠰ ᠲᠦᠷᠦ᠍᠎ᠶ᠋ᠢᠨ ᠵᠥᠪᠯᠡᠯᠭᠡᠨ᠎ᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠵᠢᠯᠣᠭᠤᠳᠪᠠ᠃ ᠤᠨᠤᠯ᠎ᠤᠨ ᠰᠤᠳᠤᠯᠭᠠᠨ᠎ᠤ ᠠᠵᠢᠯ᠎ᠢ ᠴᠢᠩᠭᠠᠳᠭᠠᠨ᠂ 85 ᠤᠨᠤᠯ᠎ᠤᠨ ᠰᠤᠳᠤᠯᠭᠠᠨ᠎ᠤ ᠭᠤᠤᠯᠳᠠᠯᠭ᠎ᠠ᠎ᠲᠠᠢ ᠰᠡᠳᠦᠪ᠎ᠢ ᠪᠡᠶᠡᠯᠡᠭᠦᠯᠵᠦ᠍᠂ 4 ᠤᠳᠠᠭ᠎ᠠ ᠤᠨᠤᠯ᠎ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠤᠨ᠂ ᠳᠤᠮᠳᠠᠲᠤ ᠤᠯᠤᠰ᠎ᠤᠨ ᠠᠷᠠᠳ᠎ᠤᠨ ᠤᠯᠤᠰ ᠲᠦᠷᠦ᠍᠎ᠶ᠋ᠢᠨ ᠵᠦᠪᠯᠡᠯᠭᠡᠨ᠎ᠤ ᠤᠨᠤᠯ᠎ᠤᠨ ᠰᠤᠳᠤᠯᠭᠠᠨ᠎ᠤ ᠬᠤᠷᠠᠯ᠎ᠤᠨ ᠬᠤᠭᠤᠴᠠᠭ᠎ᠠ ᠰᠤᠯᠢᠬᠤ ᠠᠵᠢᠯ᠎ᠢ ᠪᠡᠶᠡᠯᠡᠭᠦᠯᠪᠡ᠃ 《ᠠᠷᠠᠳ᠎ᠤᠨ ᠡᠳᠦᠷ᠎ᠤᠨ ᠰᠣᠨᠢᠨ》᠂ 《ᠦᠨᠡᠨ》 ᠰᠡᠳᠬᠦᠯ ᠪᠣᠯᠤᠨ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠬᠠᠷᠢᠶ᠎ᠠ ᠰᠣᠨᠢᠨ ᠮᠡᠳᠡᠭᠡᠨ᠎ᠤ ᠵᠠᠭᠤᠴᠢᠯᠠᠭᠤᠷ᠎ᠲᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠲᠡᠷᠢᠭᠦᠯᠡᠭ᠌ᠴᠢᠳ᠎ᠤᠨ ᠬᠣᠷᠠᠯ᠎ᠤᠨ ᠪᠦᠷᠢᠯᠳᠦᠬᠦᠨ᠂ ᠡᠯ᠎ᠡ ᠲᠤᠰᠭᠠᠶ ᠵᠦᠪᠯᠡᠯ᠎ᠤᠨ ᠬᠠᠷᠢᠭᠤᠴᠠᠯᠭᠠᠲᠠᠨ ᠨᠥᠬᠦᠳ᠂ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ᠎ᠤᠨ ᠤᠨᠤᠯ᠎ᠤᠨ ᠵᠣᠬᠢᠶᠠᠯ᠎ᠢ 807 ᠬᠤᠪᠢ ᠨᠡᠢᠲᠡᠯᠡᠪᠡ᠃
(ᠬᠤᠶᠠᠷ) ᠨᠠᠮ ᠪᠠ ᠲᠦᠷᠦ᠍᠎ᠶ᠋ᠢᠨ ᠭᠤᠤᠯ ᠡᠭᠦᠷᠭᠡ᠎ᠲᠠᠢ ᠨᠢᠭ᠍ᠲᠠ ᠤᠶᠠᠯᠳᠤᠭᠤᠯᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠨ ᠰᠠᠨᠠᠯ ᠰᠠᠨᠠᠭᠤᠯᠭ᠎ᠠ ᠳᠤᠷᠠᠳᠴᠤ᠌᠂ ᠵᠥᠪᠯᠡᠯᠭᠡ ᠬᠢᠵᠦ᠍ ᠲᠦᠷᠦ᠍᠎ᠶ᠋ᠢᠨ ᠬᠡᠷᠡᠭ᠎ᠢ ᠵᠥᠪᠯᠡᠬᠦ᠌ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠪᠡ᠃ ᠪᠢᠳᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠵᠥᠪᠱᠢᠶᠡᠷᠡᠭ᠌ᠰᠡᠨ ᠣᠨ᠎ᠤ ᠵᠥᠪᠯᠡᠬᠦ᠌ ᠲᠥᠯᠥᠪᠯᠡᠭᠡ᠎ᠶ᠋ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠲᠤᠰᠭᠠᠶ ᠰᠡᠳᠦᠪᠲᠦ ᠲᠦᠷᠦ᠍᠎ᠶ᠋ᠢᠨ ᠬᠡᠷᠡᠭ᠎ᠢ ᠵᠥᠪᠯᠡᠬᠦ᠌ ᠴᠢᠨᠠᠷᠲᠠᠶ ᠪᠠᠢᠩᠭᠤ᠎ᠶ᠋ᠢᠨ ᠬᠣᠷᠢᠶ᠎ᠠ ᠵᠢᠨ ᠬᠣᠷᠠᠯ᠎ᠢ 2 ᠲᠠᠯᠠᠪᠤᠷ᠂ ᠲᠤᠰᠭᠠᠶ ᠰᠡᠳᠦᠪᠲᠦ ᠵᠥᠪᠯᠡᠬᠦ᠌ ᠬᠤᠷᠠᠯ᠎ᠢ 2 ᠲᠠᠯᠠᠪᠤᠷ᠂ ᠬᠤᠤᠰ ᠭᠠᠷᠠᠭ᠎ᠤᠨ ᠵᠦᠪᠳᠡᠯᠴᠡᠨ ᠶᠠᠷᠢᠯᠴᠠᠬᠤ ᠬᠤᠷᠠᠯ᠎ᠢ 13 ᠲᠠᠯᠠᠪᠤᠷ᠂ ᠠᠯᠤᠰ᠎ᠠᠴᠠ ᠵᠥᠪᠯᠡᠬᠦ᠌ ᠬᠤᠷᠠᠯ᠎ᠢ 4 ᠲᠠᠯᠠᠪᠤᠷ᠂ ᠲᠤᠰᠭᠠᠶ ᠮᠡᠷᠭᠡᠵᠢᠯᠲᠡᠨ᠎ᠤ ᠵᠥᠪᠯᠡᠬᠦ᠌ ᠬᠤᠷᠠᠯ᠎ᠢ 13 ᠲᠠᠯᠠᠪᠤᠷ᠂ ᠬᠤᠯᠪᠤᠭᠠᠯᠠᠨ ᠵᠥᠪᠯᠡᠬᠦ᠌ ᠬᠤᠷᠠᠯ᠎ᠢ 2 ᠲᠠᠯᠠᠪᠤᠷ᠂ ᠡᠲᠡᠭᠡᠳ᠎ᠤᠨ ᠢᠯᠭᠠᠯ᠎ᠤᠨ ᠵᠦᠪᠯᠡᠬᠦ᠌ ᠬᠤᠷᠠᠯ᠎ᠢ 9 ᠲᠠᠯᠠᠪᠤᠷ᠂ ᠠᠵᠢᠯ ᠲᠦᠷᠦᠯ᠎ᠤᠨ ᠱᠢᠰᠲ᠋ᠧᠮ᠎ᠤᠨ ᠵᠥᠪᠯᠡᠬᠦ᠌ ᠬᠤᠷᠠᠯ᠎ᠢ 11 ᠲᠠᠯᠠᠪᠤᠷ᠂ ᠰᠠᠨᠠᠯ ᠲᠣᠷᠠᠳᠣᠯᠭ᠎ᠠ᠎ᠶ᠋ᠢ ᠱᠢᠢᠳᠪᠣᠷᠢᠯᠡᠬᠦ᠌ ᠠᠵᠢᠯ᠎ᠤᠨ ᠵᠥᠪᠯᠡᠬᠦ᠌ ᠬᠤᠷᠠᠯ᠎ᠢ 18 ᠲᠠᠯᠠᠪᠤᠷ᠂ ᠭᠤᠣᠯᠳᠠᠯᠭ᠎ᠠ᠎ᠲᠠᠢ ᠠᠩᠬᠠᠷᠴᠤ᠌ ᠪᠠᠢᠭ᠎ᠠ ᠠᠰᠠᠭᠤᠳᠠᠯ᠎ᠤᠨ ᠲᠤᠬᠠᠢ ᠪᠠᠢᠳᠠᠯ᠎ᠢ ᠮᠡᠳᠡᠭ᠌ᠳᠡᠬᠦ᠌ ᠬᠤᠷᠠᠯ᠎ᠢ 11 ᠲᠠᠯᠠᠪᠤᠷ ᠡᠷᠬᠢᠯᠡᠪᠡ᠃ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ᠎ᠶ᠋ᠢᠨ ᠪᠠᠢᠭᠤᠯᠤᠯ᠎ᠢ ᠪᠠᠢᠭᠤᠯᠬᠤ᠂ ᠰᠤᠶᠤᠯ᠎ᠤᠨ ᠢᠲᠡᠭᠡᠯ ᠬᠦᠴᠦᠷᠬᠡᠭ᠌ᠵᠢᠯ᠎ᠢᠶᠠᠨ ᠠᠬᠢᠭᠤᠯᠬᠤ᠂ ᠬᠥᠮᠦᠨ ᠠᠮᠠ᠎ᠶ᠋ᠢᠨ ᠴᠢᠨᠠᠷ ᠰᠠᠢᠲᠠᠶ ᠬᠥᠭ᠌ᠵᠢᠯᠲᠡ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠡ᠎ᠶ᠋ᠢ ᠠᠬᠢᠭᠤᠯᠬᠤ᠂ ᠮᠥᠩᠭᠦᠨ ᠭᠦᠢᠯᠭᠡᠭᠡᠨ᠎ᠤ ᠴᠢᠨᠠᠷ ᠰᠠᠢᠲᠠᠶ ᠬᠥᠭ᠌ᠵᠢᠯᠲᠡ᠂ ᠠᠮᠤ ᠪᠤᠳᠠᠭᠠᠨ᠎ᠤ ᠠᠮᠤᠷ ᠲᠦᠪᠱᠢᠨ᠎ᠤ ᠦᠨᠳᠦᠰᠦ ᠰᠠᠭᠤᠷᠢ᠎ᠶ᠋ᠢ ᠪᠠᠬᠢᠵᠢᠭᠦᠯᠬᠦ᠂ 《ᠬᠤᠶᠠᠷ ᠥᠴᠦᠬᠡᠨ ᠴᠦ᠍ ᠭᠤᠢᠪᠢᠰᠢ ᠦᠭᠡᠢ》 ᠪᠠᠢᠬᠤ᠎ᠶ᠋ᠢ ᠡᠷᠡᠰ ᠭᠤᠢᠪᠢᠰᠢ ᠦᠭᠡᠢ ᠨᠠᠢᠳᠠᠪᠤᠷᠢᠵᠢᠭᠤᠯᠬᠤ᠂ ᠬᠠᠦᠯᠢ᠎ᠪᠠᠷ ᠵᠠᠰᠠᠬᠤ ᠬᠤᠳᠠᠯᠳᠤᠭ᠎ᠠ ᠡᠵᠡᠩᠨᠡᠬᠦ᠌ ᠤᠷᠴᠢᠨ ᠨᠦᠬᠦᠴᠡᠯ᠎ᠢ ᠪᠠᠢᠭᠤᠯᠬᠤ᠂ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠎ᠢ ᠳᠡᠭᠡᠭ᠌ᠰᠢᠯᠡᠭᠦᠯᠬᠦ᠌ ᠪᠠᠢᠯᠳᠤᠬᠤ ᠪᠤᠳᠤᠯᠭ᠎ᠠ᠎ᠶ᠋ᠢ ᠬᠡᠷᠡᠭ᠌ᠵᠢᠬᠦᠯᠬᠦ᠂ ᠱᠢᠶᠠᠩᠭᠠᠩ ᠣᠣᠮᠧᠨ᠎ᠤ ᠮᠠᠨ᠎ᠤ ᠤᠯᠤᠰ᠎ᠤᠨ ᠨᠡᠩ ᠥᠨᠳᠥᠷ ᠲᠦᠪᠱᠢᠨ ᠪᠦᠬᠦᠢ ᠨᠡᠭᠡᠭᠡᠯᠲᠡᠲᠦ ᠬᠡᠯᠪᠡᠷᠢ᠎ᠶ᠋ᠢᠨ ᠠᠵᠤ ᠠᠬᠤᠶ᠎ᠶ᠋ᠢᠨ ᠱᠢᠨ᠎ᠡ ᠪᠠᠢᠭᠤᠯᠤᠯ᠎ᠢ ᠪᠠᠢᠭᠤᠯᠬᠤ ᠳᠤᠮᠳᠠᠬᠢ ᠦᠢᠯᠡᠳᠦᠯ᠎ᠢ ᠪᠠᠳᠠᠷᠠᠭᠤᠯᠬᠤ᠂ ᠶᠡᠭᠡ ᠳᠡᠭᠡᠳᠦ ᠰᠤᠷᠭᠠᠭᠤᠯᠢ᠎ᠶ᠋ᠢᠨ ᠬᠥᠮᠦᠨ ᠬᠥᠮᠦᠵᠢᠭᠦᠯᠬᠦ᠌ ᠵᠠᠭ᠍ᠪᠤᠷ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠂ ᠠᠮᠢ ᠠᠬᠤᠶ᠎ᠶ᠋ᠢᠨ ᠣᠷᠴᠢᠨ ᠨᠦᠬᠦᠴᠡᠯ᠎ᠤᠨ ᠬᠠᠮᠠᠭᠠᠯᠠᠯᠲᠠ᠎ᠶ᠋ᠢᠨ ᠠᠵᠤ ᠦᠢᠯᠡᠰ᠎ᠢ ᠴᠢᠨᠠᠷ ᠰᠠᠢᠲᠠᠶ ᠬᠦᠭ᠌ᠵᠢᠬᠦᠯᠬᠦ᠂ ᠵᠣᠬᠢᠶᠠᠮᠠᠯ ᠤᠶᠤᠯᠢᠭ᠎ᠤᠨ ᠤᠯᠠᠨ ᠠᠬᠤᠢ ᠪᠠᠢᠳᠠᠯ᠎ᠳᠠᠬᠢ ᠬᠡᠷᠡᠭ᠌ᠯᠡᠭᠡ᠂ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠨ ᠰᠤᠷᠤᠭ᠍ᠴᠢᠳ᠎ᠲᠤ ᠠᠵᠢᠯ ᠣᠯᠭᠤᠬᠤ᠂ ᠵᠡᠮᠳᠡᠭ᠌ᠴᠦᠳ᠎ᠢ ᠬᠠᠯᠠᠮᠵᠢᠯᠠᠨ ᠬᠠᠢᠷᠠᠯᠠᠬᠤ ᠦᠢᠯᠡᠴᠢᠯᠡᠭᠡ᠂ ᠦᠷᠡᠵᠢᠯ᠎ᠳᠤ ᠡᠭᠡᠯᠢᠲᠡᠢ ᠨᠡᠢᠭᠡᠮ᠎ᠢ ᠪᠠᠢᠭᠤᠯᠬᠤ᠂ ᠨᠠᠰᠦᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠱᠢᠰᠲ᠋ᠧᠮ᠎ᠢ ᠲᠡᠭᠦᠯᠳᠡᠷᠵᠢᠬᠦᠯᠬᠦ᠌ ᠵᠡᠷᠭᠡ᠎ᠶ᠋ᠢᠨ ᠲᠤᠬᠠᠢ ᠵᠦᠪᠯᠡᠯᠭᠡ ᠬᠢᠵᠤ ᠲᠦᠷᠤ᠎ᠶ᠋ᠢᠨ ᠬᠡᠷᠡᠭ᠎ᠢ ᠵᠦᠪᠯᠡᠪᠡ᠃ ᠠᠵᠤ ᠠᠬᠤᠶ᠎ᠶ᠋ᠢ ᠲᠣᠭ᠍ᠲᠠᠭᠤᠨ ᠪᠠᠢᠯᠭᠠᠬᠤ᠂ ᠠᠷᠠᠳ᠎ᠤᠨ ᠠᠮᠢᠳᠤᠷᠠᠯ᠎ᠢ ᠪᠠᠲᠤᠯᠠᠬᠤ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠬᠤᠷᠸ᠎ᠠ ᠠᠵᠤ ᠠᠬᠤᠢ᠎ᠶ᠋ᠢᠨ ᠪᠠᠢᠳᠠᠯ᠎ᠤᠨ ᠵᠠᠳᠠᠯᠤᠯᠲᠠ᠎ᠶ᠋ᠢᠨ ᠶᠠᠷᠢᠯᠴᠠᠬᠤ ᠬᠤᠷᠠᠯ᠎ᠢ 4 ᠲᠠᠯᠠᠪᠤᠷ ᠡᠷᠬᠢᠯᠡᠪᠡ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠭᠦᠨᠵᠡᠭᠡᠢᠷᠡᠬᠦᠯᠦᠨ ᠠᠬᠢᠭᠤᠯᠬᠤ ᠠᠵᠢᠯ᠎ᠤᠨ ᠲᠥᠰᠦᠯ᠎ᠢ ᠲᠣᠭ᠍ᠲᠠᠭᠠᠵᠤ᠂ ᠠᠷᠠᠳ᠎ᠠᠴᠠ ᠡᠵᠡᠩᠨᠡᠭ᠌ᠰᠡᠨ ᠠᠵᠤ ᠠᠬᠤᠢᠯᠠᠯ᠎ᠤᠨ ᠬᠦᠭ᠌ᠵᠢᠯᠲᠡ᠎ᠶ᠋ᠢᠨ ᠤᠷᠴᠢᠨ ᠨᠦᠬᠦᠴᠡᠯ᠎ᠢ ᠦᠷᠭᠦᠯᠵᠢᠯᠡᠨ ᠱᠢᠯᠢᠳᠡᠭ᠌ᠵᠢᠭᠦᠯᠬᠦ᠌ ᠵᠡᠷᠭᠡ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠪᠠ ᠬᠤᠯᠪᠣᠭ᠍ᠳᠠᠯ ᠪᠦᠬᠦᠢ ᠬᠦᠷᠢᠶᠡᠨ᠎ᠤ 14 ᠭᠤᠤᠯᠳᠠᠯᠭ᠎ᠠ ᠲᠠᠢ ᠠᠰᠠᠭᠤᠳᠠᠯ᠎ᠤᠨ ᠲᠣᠭᠤᠷᠢᠨ᠎ᠳᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠠᠵᠢᠯ᠎ᠢ ᠥᠷᠨᠢᠭᠦᠯᠪᠡ᠃ 21 ᠨᠡᠷᠡᠰ ᠭᠡᠱᠢᠭᠦᠨ᠎ᠢ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠤᠨ ᠣᠨᠴᠠ ᠤᠷᠢᠭ᠍ᠰᠠᠨ ᠬᠢᠨᠠᠨ ᠪᠠᠢᠴᠠᠭᠠᠭ᠍ᠴᠢ᠎ᠶ᠋ᠢᠨ ᠲᠤᠱᠢᠶᠠᠯ ᠡᠭᠦᠷᠭᠡᠯᠡᠬᠦᠯᠬᠦ᠌ᠪᠠᠷ᠂ 30 ᠨᠡᠷᠡᠰ ᠭᠡᠱᠢᠭᠦᠨ᠎ᠢ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠣᠨᠴᠠ ᠤᠷᠢᠭ᠍ᠰᠠᠨ ᠬᠢᠨᠠᠯᠲᠠ ᠲᠠᠯᠪᠢᠭ᠍ᠴᠢ᠎ᠶ᠋ᠢᠨ ᠲᠤᠱᠢᠶᠠᠯ ᠡᠭᠦᠷᠭᠡᠯᠡᠬᠦᠯᠬᠦ᠌ᠪᠠᠷ᠂ 2 ᠨᠡᠷᠡᠰ ᠭᠡᠱᠢᠭᠦᠨ᠎ᠢ ᠲᠤᠰ ᠲᠤᠰ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠱᠢᠭᠦᠬᠦ᠌ ᠲᠤᠱᠢᠶᠠᠯᠲᠠᠨ᠎ᠢ ᠵᠠᠯᠬᠠᠭᠠᠨ ᠴᠡᠭᠡᠷᠯᠡᠭᠦᠯᠬᠦ᠌ ᠵᠦᠪᠯᠡᠯ᠎ᠤᠨ ᠣᠨᠴᠠ ᠤᠷᠢᠭ᠍ᠰᠠᠨ ᠭᠡᠱᠢᠭᠦᠨ᠎ᠤ ᠲᠤᠱᠢᠶᠠᠯ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠲᠤᠱᠢᠶᠠᠯᠲᠠᠨ᠎ᠢ ᠵᠠᠯᠬᠠᠭᠠᠨ ᠴᠡᠭᠡᠷᠯᠡᠭᠦᠯᠬᠦ᠌ ᠵᠦᠪᠯᠡᠯ᠎ᠤᠨ ᠭᠡᠱᠢᠭᠦᠨ᠎ᠤ ᠲᠤᠱᠢᠶᠠᠯ ᠡᠭᠦᠷᠭᠡᠯᠡᠬᠦᠯᠬᠦ᠌ᠪᠠᠷ᠂ 10 ᠨᠡᠷᠡᠰ ᠭᠡᠱᠢᠭᠦᠨ᠎ᠢ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠤ ᠨᠠᠮ᠎ᠤᠨ ᠰᠤᠷᠲᠠᠯ ᠵᠠᠰᠠᠭ᠎ᠤᠨ ᠰᠤᠷᠲᠠᠯ ᠴᠠᠭ᠍ᠳᠠᠭᠠᠨ᠎ᠤ ᠰᠤᠷᠲᠠᠯ᠎ᠤᠨ ᠬᠢᠨᠠᠯᠲᠠ ᠲᠠᠯᠪᠢᠭ᠍ᠴᠢ᠎ᠶ᠋ᠢᠨ ᠲᠤᠱᠢᠶᠠᠯ ᠡᠭᠦᠷᠭᠡᠯᠡᠬᠦᠯᠬᠦ᠌ᠪᠠᠷ ᠲᠠᠨᠢᠯᠴᠠᠭᠤᠯᠪᠠ᠃
(ᠭᠤᠷᠪᠠ) ᠪᠠᠢᠩᠭᠤ᠎ᠶ᠋ᠢᠨ ᠴᠢᠨᠠᠷᠲᠠᠶ ᠠᠵᠢᠯ᠎ᠢ ᠴᠢᠩᠭᠠᠳᠭᠠᠨ ᠪᠠᠢᠩᠭᠤ᠎ᠶ᠋ᠢᠨ ᠴᠢᠨᠠᠷᠲᠠᠶ ᠠᠵᠢᠯ᠎ᠤᠨ ᠲᠠᠯ᠎ᠠ᠎ᠪᠠᠷ ᠱᠢᠨ᠎ᠡ᠎ᠶ᠋ᠢ ᠡᠭᠦᠳᠴᠦ᠍᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠪᠡ᠃ ᠪᠢᠳᠡ ᠰᠠᠨᠠᠯ ᠳᠤᠷᠠᠳᠤᠯᠭ᠎ᠠ᠎ᠨᠢ ᠲᠤᠭᠠᠨ᠎ᠤ ᠣᠯᠠᠨ᠎ᠳᠤ ᠪᠠᠢᠬᠤ ᠪᠢᠰᠢ ᠬᠠᠷᠢᠨ ᠴᠢᠨᠠᠷ᠎ᠤᠨ ᠱᠢᠯᠢᠳᠡᠭ᠎ᠲᠤ ᠪᠠᠢᠬᠤ ᠵᠠᠷᠴᠢᠮ᠎ᠢ ᠪᠠᠷᠢᠮᠲᠠᠯᠠᠵᠤ᠂ ᠭᠤᠤᠯᠳᠠᠯᠭ᠎ᠠ᠎ᠲᠠᠢ ᠰᠠᠨᠠᠯ ᠳᠤᠷᠠᠳᠤᠯᠭ᠎ᠠ ᠪᠣᠯᠤᠨ ᠭᠤᠤᠯᠳᠠᠯᠭᠠᠲᠤ ᠪᠤᠰᠤ ᠰᠠᠨᠠᠯ ᠳᠤᠷᠠᠳᠤᠯᠭ᠎ᠠ᠎ᠶ᠋ᠢ ᠱᠢᠪᠠᠳᠠᠨ ᠱᠢᠢᠳᠪᠦᠷᠢᠯᠡᠬᠦᠯᠬᠦ᠌ ᠠᠵᠢᠯ᠎ᠢ ᠨᠢᠭᠡᠳᠦᠯᠲᠡᠶ ᠲᠥᠯᠥᠪᠯᠡᠨ ᠰᠠᠢᠲᠤᠷ ᠬᠢᠵᠦ᠍᠂ ᠡᠩ᠎ᠤᠨ ᠦᠶ᠎ᠡ᠎ᠶ᠋ᠢᠨ ᠰᠠᠨᠠᠯ ᠳᠤᠷᠠᠳᠤᠯᠭ᠎ᠠ᠎ᠶ᠋ᠢ ᠬᠢᠨᠠᠨ ᠪᠠᠢᠴᠠᠭᠠᠬᠤ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠦᠨ᠂ ᠰᠠᠨᠠᠯ ᠳᠤᠷᠠᠳᠤᠯᠭ᠎ᠠ᠎ᠶ᠋ᠢᠨ ᠠᠵᠢᠯ᠎ᠤᠨ ᠶᠠᠷᠢᠯᠴᠠᠬᠤ ᠬᠤᠷᠠᠯ᠎ᠢ ᠬᠤᠷᠠᠯᠳᠤᠭᠤᠯᠪᠠ᠃ 77 ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ᠎ᠶ᠋ᠢᠨ ᠰᠡᠳᠦᠪ᠎ᠢ ᠱᠢᠯᠢᠨ ᠰᠤᠩᠭᠤᠭ᠍ᠰᠠᠨ ᠪᠦᠬᠡᠳ ᠱᠢᠪᠠᠳᠠᠨ ᠱᠢᠢᠳᠪᠦᠷᠢᠯᠡᠭᠦᠯᠵᠦ᠍᠂ ᠲᠡᠷᠢᠭᠦᠯᠡᠭ᠌ᠴᠢᠳ᠎ᠤᠨ ᠬᠣᠷᠠᠯ᠎ᠤᠨ 24 ᠪᠦᠷᠢᠯᠳᠦᠬᠦᠨ ᠲᠦᠷᠦᠬᠦᠯᠡᠨ 31 ᠭᠤᠤᠯᠳᠠᠯᠭ᠎ᠠ᠎ᠲᠠᠢ ᠰᠠᠨᠠᠯ ᠳᠤᠷᠠᠳᠤᠯᠭ᠎ᠠ᠎ᠶ᠋ᠢᠨ ᠰᠡᠳᠦᠪ᠎ᠢ ᠱᠢᠪᠠᠳᠠᠨ ᠱᠢᠢᠳᠪᠦᠷᠢᠯᠡᠬᠦᠯᠵᠦ᠍᠂ ᠡᠯ᠎ᠡ ᠲᠤᠰᠭᠠᠶ ᠵᠦᠪᠯᠡᠯ 700 ᠬᠤᠪᠢ ᠭᠤᠤᠯᠳᠠᠯᠭᠠᠲᠤ ᠪᠤᠰᠤ ᠰᠠᠨᠠᠯ ᠳᠤᠷᠠᠳᠤᠯᠭ᠎ᠠ᠎ᠶ᠋ᠢ ᠱᠢᠪᠠᠳᠠᠨ ᠱᠢᠢᠳᠪᠦᠷᠢᠯᠡᠬᠦᠯᠬᠦ᠌ᠳᠤ ᠣᠷᠣᠯᠴᠠᠪᠠ᠃ ᠮᠡᠳᠡᠭᠡ ᠵᠠᠩᠭᠢ᠎ᠶ᠋ᠢᠨ ᠰᠡᠳᠦᠪ ᠰᠣᠩᠭᠤᠯᠲᠠ᠎ᠶ᠋ᠢ ᠵᠥᠪᠳᠡᠯᠴᠡᠬᠦ᠂ ᠨᠠᠢᠷᠠᠭᠤᠯᠤᠨ ᠲᠠᠷᠬᠠᠭᠠᠬᠤ ᠪᠠ ᠮᠡᠳᠡᠭᠦᠯᠦᠨ ᠬᠦᠷᠭᠡᠬᠦ᠌ ᠵᠡᠷᠭᠡ ᠲᠣᠭ᠍ᠲᠠᠴᠠ᠎ᠶ᠋ᠢ ᠪᠦᠷᠢᠨᠱᠢᠭᠦᠯᠵᠦ᠍᠂ ᠤᠯᠤᠰ ᠲᠦᠷᠦ᠍᠎ᠶ᠋ᠢᠨ ᠵᠥᠪᠯᠡᠯᠭᠡᠨ᠎ᠤ ᠮᠡᠳᠡᠭᠡ ᠵᠠᠩᠭᠢ᠎ᠪᠠᠷ ᠳᠠᠮᠵᠢᠭᠤᠯᠤᠨ ᠵᠦᠪᠯᠡᠯᠭᠡ ᠬᠢᠵᠤ ᠲᠦᠷᠤ᠎ᠶ᠋ᠢᠨ ᠬᠡᠷᠡᠭ᠎ᠢ ᠵᠦᠪᠯᠡᠬᠦ᠂ ᠰᠡᠳᠭᠢᠯ᠎ᠤᠨ ᠦᠭᠡ᠎ᠪᠠᠨ ᠶᠠᠷᠢᠯᠴᠠᠬᠤ᠂ ᠪᠠᠢᠴᠠᠭᠠᠨ ᠦᠵᠡᠵᠦ᠍ ᠪᠠᠢᠴᠠᠭᠠᠨ ᠰᠤᠳᠤᠯᠤᠯᠲᠠ ᠬᠢᠬᠦ᠂ ᠶᠡᠭᠡ ᠬᠤᠷᠠᠯ᠎ᠳᠤ ᠶᠠᠷᠢᠶ᠎ᠠ ᠲᠠᠯᠪᠢᠬᠤ᠂ ᠰᠠᠨᠠᠯ ᠳᠤᠷᠠᠳᠤᠯᠭ᠎ᠠ ᠳᠤᠷᠠᠳᠭᠤ ᠵᠡᠷᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠦᠷ᠎ᠡ ᠪᠦᠲᠦᠭᠡᠯ᠎ᠢ ᠬᠤᠪᠢᠷᠠᠭᠤᠯᠬᠤ᠎ᠶ᠋ᠢ ᠴᠢᠬᠤᠯᠠᠴᠢᠯᠠᠵᠤ᠂ ᠬᠤᠪᠢᠷᠠᠭᠤᠯᠤᠯᠲᠠ᠎ᠶ᠋ᠢᠨ ᠮᠡᠳᠡᠭᠡ ᠵᠠᠩᠭᠢ᠎ᠶ᠋ᠢ 275ᠬᠤᠭᠤᠴᠠᠭ᠎ᠠ ᠨᠠᠢᠷᠠᠭᠤᠯᠤᠨ ᠮᠡᠳᠡᠭᠦᠯᠪᠡ᠃ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠬᠠᠷᠢᠭᠤᠴᠠᠯᠭ᠎ᠠ᠎ᠶ᠋ᠢᠨ ᠳᠦᠷᠢᠮ᠎ᠢ ᠨᠠᠢᠳᠠᠪᠤᠷᠢᠵᠢᠭᠤᠯᠵᠦ᠍᠂ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠤᠬᠠᠭᠤᠯᠤᠨ ᠮᠡᠳᠡᠭᠡᠯᠡᠬᠦ᠌ ᠠᠵᠢᠯ᠎ᠤᠨ ᠵᠣᠬᠢᠴᠠᠭᠤᠯᠬᠤ ᠲᠣᠭ᠍ᠲᠠᠴᠠ᠎ᠶ᠋ᠢ ᠪᠠᠢᠭᠤᠯᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠬᠠᠷᠢᠶ᠎ᠠ ᠰᠣᠨᠢᠨ ᠮᠡᠳᠡᠭᠡᠨ᠎ᠤ ᠵᠠᠭᠤᠴᠢᠯᠠᠭᠤᠷ᠎ᠲᠤ ᠨᠡᠢᠲᠡ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠴᠢᠬᠤᠯᠠ ᠠᠵᠢᠯᠯᠠᠭ᠎ᠠ᠎ᠶ᠋ᠢᠨ ᠮᠡᠳᠡᠭᠡᠯᠡᠯ᠎ᠢ 681 ᠬᠤᠪᠢ᠂ ᠭᠡᠱᠢᠭᠦᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠮᠡᠳᠡᠭᠡᠯᠡᠯ ᠢ 4204 ᠬᠤᠪᠢ ᠨᠡᠢᠲᠡᠯᠡᠪᠡ᠃ 772ᠬᠤᠪᠢ ᠶᠡᠭᠡ ᠬᠤᠷᠠᠯ ᠳᠡᠭᠡᠷᠡᠬᠢ ᠶᠠᠷᠢᠶ᠎ᠠ᠎ᠶ᠋ᠢ ᠨᠠᠢᠷᠠᠭᠤᠯᠤᠨ ᠲᠠᠷᠬᠠᠭᠠᠵᠤ᠂ 507ᠬᠤᠪᠢ᠎ᠶ᠋ᠢ ᠬᠤᠷᠠᠯ᠎ᠤᠨ ᠲᠣᠪᠴᠢ ᠮᠡᠳᠡᠭᠡ᠂ ᠰᠣᠨᠢᠨ ᠮᠡᠳᠡᠭᠡᠨ᠎ᠤ ᠤᠬᠠᠭᠤᠯᠭ᠎ᠠ ᠵᠡᠷᠭᠡ ᠬᠡᠯᠪᠡᠷᠢ ᠪᠤᠯᠭᠠᠨ ᠬᠤᠪᠢᠷᠠᠭᠤᠯᠪᠠ᠃ ᠥᠭᠡᠷᠡᠴᠢᠯᠡᠯᠲᠡ ᠨᠡᠭᠡᠭᠡᠯᠲᠡ᠎ᠶ᠋ᠢᠨ ᠠᠭᠤᠤ ᠶᠡᠭᠡ ᠠᠮᠵᠢᠯᠲᠠ ᠪᠦᠲᠦᠮᠵᠢ ᠵᠡᠷᠭᠡ ᠰᠡᠳᠦᠪ᠎ᠤᠨ ᠲᠤᠭᠤᠷᠢᠨ᠎ᠳᠤ ᠲᠡᠤᠬᠡ᠎ᠶ᠋ᠢᠨ ᠮᠠᠲ᠋ᠧᠷᠢᠶᠠᠯ ᠡᠯᠰᠡᠨ ᠴᠤᠭ᠍ᠯᠠᠭᠤᠯᠬᠤ ᠠᠵᠢᠯ᠎ᠢ ᠥᠷᠨᠢᠭᠦᠯᠵᠦ᠍᠂ 《ᠤᠤᠮᠧᠨ ᠡᠬᠡ ᠤᠯᠤᠰ᠎ᠲᠠᠭᠠᠨ ᠪᠤᠴᠠᠵᠤ ᠢᠷᠡᠭ᠌ᠰᠡᠨ 25 ᠵᠢᠯ᠎ᠤᠨ ᠤᠢ᠎ᠶ᠋ᠢᠨ ᠪᠡᠶ᠎ᠡ᠎ᠪᠠᠷ ᠦᠩᠭᠡᠷᠡᠭᠦᠯᠦᠭ᠌ᠰᠡᠨ ᠲᠡᠮᠳᠡᠭ᠌ᠯᠡᠯ》 ᠵᠡᠷᠭᠡ ᠰᠤᠶᠤᠯ ᠲᠡᠦᠬᠡ᠎ᠶ᠋ᠢᠨ ᠮᠠᠲ᠋ᠧᠷᠢᠶᠠᠯ᠎ᠤᠨ ᠨᠤᠮ ᠪᠢᠴᠢᠭ᠎ᠢ ᠨᠠᠢᠷᠠᠭᠤᠯᠤᠨ ᠬᠡᠪᠯᠡᠭᠦᠯᠪᠡ᠃ 《ᠭᠡᠱᠢᠭᠦᠳ᠎ᠤᠨ ᠱᠢᠨᠵᠢᠯᠡᠬᠦ᠌ ᠤᠬᠠᠭᠠᠨ᠎ᠤ ᠬᠢᠴᠢᠶᠡᠯ᠎ᠤᠨ ᠲᠠᠩᠬᠢᠮ》 ᠢ᠋ 8 ᠲᠠᠯᠠᠪᠤᠷ᠂ 《ᠰᠤᠶᠤᠯ ᠲᠡᠦᠬᠡ᠎ᠶ᠋ᠢᠨ ᠬᠢᠴᠢᠶᠡᠯ᠎ᠤᠨ ᠲᠠᠩᠬᠢᠮ》 ᠢ᠋ 3 ᠲᠠᠯᠠᠪᠤᠷ ᠡᠷᠬᠢᠯᠡᠵᠦ᠍᠂ 《ᠱᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌ ᠲᠦᠮᠡᠨ ᠭᠠᠵᠠᠷ᠎ᠤᠨ ᠠᠶᠠᠯᠠᠯ》 ᠤ᠋ᠨ ᠠᠵᠢᠯᠯᠠᠭ᠎ᠠ᠎ᠶ᠋ᠢ 27 ᠲᠠᠯᠠᠪᠤᠷ ᠥᠷᠨᠢᠭᠦᠯᠵᠦ᠍᠂ 《ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ᠎ᠤᠨ ᠪᠠᠢᠭ᠎ᠠ ᠠᠵᠤ ᠠᠬᠤᠢᠯᠠᠯ ᠰᠤᠷᠭᠠᠭᠤᠯᠢ᠎ᠶ᠋ᠢᠨ ᠬᠦᠷᠢᠶᠡᠨ᠎ᠳᠤ ᠣᠷᠣᠵᠦ᠍ ᠠᠵᠢᠯ ᠣᠯᠭᠤᠯᠲᠠ᠎ᠶ᠋ᠢ ᠠᠬᠢᠭᠤᠯᠬᠤ》᠂ 《ᠦᠨᠳᠦᠰᠦᠨ ᠱᠠᠲᠤᠨ᠎ᠳᠤ ᠪᠠᠭᠤᠵᠦ᠍ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ 》 ᠵᠡᠷᠭᠡ ᠠᠷᠠᠳ᠎ᠲᠤ ᠦᠢᠯᠡᠴᠢᠯᠡᠬᠦ᠌ ᠠᠵᠢᠯᠯᠠᠭ᠎ᠠ᠎ᠶ᠋ᠢ ᠵᠤᠬᠢᠶᠠᠨ ᠪᠠᠢᠭᠤᠯᠪᠠ᠃ 70 ᠰᠠᠯᠠᠭ᠎ᠠ ᠮᠥᠴᠢᠷ᠎ᠤᠨ ᠬᠠᠤᠯᠢ ᠴᠠᠭᠠᠵᠠ ᠬᠠᠤᠯᠢ ᠲᠣᠭ᠍ᠲᠠᠭᠠᠯ ᠪᠠ ᠴᠢᠬᠤᠯᠠ ᠪᠢᠴᠢᠭ ᠮᠠᠲ᠋ᠧᠷᠢᠶᠠᠯ᠎ᠤᠨ ᠰᠠᠨᠠᠯ ᠬᠤᠷᠢᠶᠠᠬᠤ ᠵᠦᠢᠯᠡᠰ᠎ᠢ 153 ᠵᠦᠢᠯ ᠭᠦᠢᠴᠡᠳᠭᠡᠵᠦ᠍᠂ ᠭᠡᠱᠢᠭᠦᠳ (ᠲᠤᠰᠭᠠᠶ ᠮᠡᠷᠭᠡᠵᠢᠯᠲᠡᠳ) ᠤ᠋ᠨ ᠰᠠᠨᠠᠯ᠎ᠢ 250 ᠬᠥᠮᠦᠨ ᠤᠳᠠᠭ᠎ᠠ ᠬᠤᠷᠢᠶᠠᠵᠤ᠂ 323 ᠵᠤᠷᠪᠤᠰ ᠵᠠᠰᠠᠪᠤᠷᠢ ᠣᠷᠣᠭᠤᠯᠬᠤ ᠰᠠᠨᠠᠯ ᠳᠤᠷᠠᠳᠪᠠ᠃
(ᠲᠦᠷᠪᠡ) ᠨᠢᠭᠡᠳᠦᠮᠡᠯ ᠹᠷᠣᠨᠲ᠎ᠤᠨ ᠵᠣᠬᠢᠶᠠᠨ ᠪᠠᠢᠭᠤᠯᠤᠯᠲᠠ᠎ᠶ᠋ᠢᠨ ᠴᠢᠳᠠᠮᠵᠢ᠎ᠶ᠋ᠢ ᠪᠠᠳᠠᠷᠠᠭᠤᠯᠵᠤ᠂ ᠬᠠᠮᠤᠭ᠎ᠤᠨ ᠶᠡᠭᠡ ᠢᠵᠢᠯ ᠲᠦᠪ᠎ᠲᠦ ᠲᠤᠭᠤᠷᠢᠭ᠎ᠢ ᠰᠠᠢᠲᠤᠷ ᠵᠢᠷᠤᠭ᠍ᠯᠠᠪᠠ᠃ ᠪᠢᠳᠡ ᠶᠡᠭᠡ ᠪᠦᠯᠬᠦᠮᠳᠡᠯ ᠶᠡᠭᠡ ᠬᠤᠯᠪᠣᠭᠠᠯᠠᠯ᠎ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠳᠤ ᠣᠷᠣᠯᠴᠠᠭ᠍ᠰᠠᠨ ᠠᠷᠠᠳᠴᠢᠯᠠᠭ᠍ᠰᠠᠨ ᠨᠠᠮ ᠪᠦᠯᠦᠭ᠎ᠤᠨ ᠪᠦᠷᠢᠯᠳᠦᠬᠦᠨ ᠪᠠ ᠨᠠᠮ ᠪᠦᠯᠦᠭ᠎ᠤᠨ ᠪᠤᠰᠤ ᠬᠥᠮᠦᠰ᠎ᠤᠨ ᠦᠢᠯᠡᠳᠦᠯ᠎ᠢᠶᠠᠨ ᠨᠡᠩ ᠰᠠᠢᠨ ᠪᠠᠳᠠᠷᠠᠭᠤᠯᠬᠤ᠎ᠳᠤ ᠦᠢᠯᠡᠴᠢᠯᠡᠭᠡ ᠪᠠᠲᠤᠯᠠᠭ᠎ᠠ ᠬᠠᠩᠭᠠᠬᠤ ᠲᠤᠬᠠᠶ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠯᠪᠠᠨ ᠲᠢᠩᠬᠢᠮ᠎ᠤᠨ ᠬᠡᠷᠡᠭ᠌ᠵᠢᠭᠦᠯᠬᠦ᠌ ᠰᠠᠨᠠᠯ᠎ᠢ ᠲᠣᠭ᠍ᠲᠠᠭᠠᠵᠤ᠂ ᠬᠤᠯᠪᠣᠭ᠍ᠳᠠᠯ ᠪᠦᠬᠦᠢ ᠲᠤᠰᠭᠠᠶ ᠵᠦᠪᠯᠡᠯ᠎ᠠᠴᠠ ᠡᠯ᠎ᠡ ᠠᠷᠠᠳᠴᠢᠯᠠᠭ᠍ᠰᠠᠨ ᠨᠠᠮ ᠪᠦᠯᠦᠭ᠎ᠤᠨ ᠲᠥᠪ ᠬᠤᠷᠢᠶ᠎ᠠ᠂ ᠪᠦᠬᠦ᠌ ᠤᠯᠤᠰ᠎ᠤᠨ ᠦᠢᠯᠡᠳᠪᠦᠷᠢ ᠬᠤᠳᠠᠯᠳᠤᠭᠠᠴᠢᠳ᠎ᠤᠨ ᠬᠤᠯᠪᠣᠭᠠᠲᠤ ᠬᠤᠷᠠᠯ᠎ᠲᠠᠢ ᠬᠠᠮᠲᠤᠷᠠᠵᠤ ᠬᠤᠯᠪᠤᠭᠠᠯᠠᠭ᠍ᠰᠠᠨ ᠪᠠᠢᠴᠠᠭᠠᠨ ᠦᠵᠡᠬᠦ᠌ ᠪᠠᠢᠴᠠᠭᠠᠨ ᠰᠤᠳᠤᠯᠬᠤ ᠠᠵᠢᠯᠯᠠᠭ᠎ᠠ᠎ᠶ᠋ᠢ 23 ᠤᠳᠠᠭ᠎ᠠ ᠥᠷᠨᠢᠭᠦᠯᠵᠦ᠍᠂ ᠵᠥᠪᠯᠡᠬᠦ᠌ ᠠᠵᠢᠯᠯᠠᠭ᠎ᠠ᠎ᠶ᠋ᠢ 9 ᠲᠠᠯᠠᠪᠤᠷ ᠬᠠᠮᠲᠤᠷᠠᠨ ᠡᠷᠬᠢᠯᠡᠪᠡ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭ᠍ᠴᠠᠯᠠᠬᠤ ᠠᠵᠢᠯ᠎ᠢ ᠰᠠᠢᠲᠤᠷ ᠬᠢᠬᠦ᠌ ᠲᠥᠰᠦᠯ᠎ᠢ ᠲᠣᠭ᠍ᠲᠠᠭᠠᠵᠤ᠂ 《ᠲᠡᠤᠬᠡ ᠰᠣᠶᠣᠯ᠎ᠳᠠᠬᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠲᠤᠬᠠᠶ 100 ᠲᠠᠢᠯᠤᠮᠵᠢ》 ᠵᠢ ᠵᠣᠬᠢᠶᠠᠨ ᠪᠠᠢᠭᠤᠯᠤᠨ ᠨᠠᠢᠷᠠᠭᠤᠯᠤᠨ ᠪᠢᠴᠢᠵᠦ᠍᠂ 《ᠭᠡᠱᠢᠭᠦᠳ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ᠎ᠶ᠋ᠢ ᠠᠬᠢᠭᠤᠯᠬᠤ》ᠱᠢᠷᠢᠰ ᠠᠵᠢᠯᠯᠠᠭ᠎ᠠ᠎ᠶ᠋ᠢ ᠥᠷᠨᠢᠭᠦᠯᠦᠨ᠂ ᠴᠥᠭᠡᠨ ᠲᠣᠭᠠᠲᠤ ᠦᠨᠳᠦᠰᠦᠲᠡᠨ᠎ᠤ ᠡᠲᠡᠭᠡᠳ᠂ ᠱᠠᠱᠢᠨ ᠰᠤᠷᠲᠠᠬᠤᠨ᠎ᠤ ᠡᠲᠡᠭᠡᠳ᠎ᠤᠨ ᠭᠡᠱᠢᠭᠦᠳ᠎ᠤᠨ ᠦᠢᠯᠡᠳᠦᠯ᠎ᠢᠶᠠᠨ ᠪᠠᠳᠠᠷᠠᠭᠤᠯᠬᠤ᠎ᠶ᠋ᠢ ᠳᠡᠮᠵᠢᠵᠦ᠍᠂ 《ᠲᠠᠪᠤᠨ ᠡᠭᠡᠨᠡᠭ᠌ᠰᠢᠯ》 ᠢ᠋ ᠨᠡᠮᠡᠭ᠌ᠳᠡᠭᠦᠯᠪᠡ᠃ ᠨᠠᠮ᠎ᠤᠨ ᠭᠠᠳᠠᠨᠠᠬᠢ ᠰᠡᠬᠡᠭᠡᠲᠡᠨ᠂ ᠨᠡᠢᠲᠡ᠎ᠶ᠋ᠢᠨ ᠥᠮᠴᠢᠯᠡᠯ᠎ᠤᠨ ᠪᠤᠰᠤ ᠠᠵᠤ ᠠᠬᠤᠢ᠎ᠶ᠋ᠢᠨ ᠬᠥᠮᠦᠰ᠂ ᠨᠡᠢᠭᠡᠮ᠎ᠤᠨ ᠱᠢᠨ᠎ᠡ ᠳᠠᠪᠬᠤᠷᠭ᠎ᠠ᠎ᠶ᠋ᠢᠨ ᠬᠥᠮᠦᠰ᠎ᠯᠦᠭᠡ ᠨᠡᠪᠲᠡᠷᠡᠯᠴᠡᠵᠦ᠍ ᠬᠠᠷᠢᠯᠴᠠᠬᠤ᠎ᠪᠠᠨ ᠴᠢᠩᠭᠠᠳᠭᠠᠪᠠ᠃ ᠱᠢᠶᠠᠩᠭᠠᠩ ᠣᠣᠮᠧᠨ᠎ᠤ ᠭᠡᠱᠢᠭᠦᠳ᠎ᠢ ᠰᠤᠷᠪᠤᠯᠵᠢᠯᠠᠬᠤ ᠲᠦᠷᠢᠮ᠎ᠢ ᠨᠠᠢᠳᠠᠪᠤᠷᠢᠵᠢᠭᠤᠯᠵᠤ᠂ ᠱᠢᠶᠠᠩᠭᠠᠩ ᠣᠣᠮᠧᠨ ᠬᠢᠭᠡᠳ ᠳᠣᠲᠣᠷ᠎ᠠ ᠭᠠᠵᠠᠷ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠲᠤᠬᠠᠢ ᠪᠠᠢᠴᠠᠭᠠᠯᠲᠠ᠎ᠶ᠋ᠢ ᠵᠣᠬᠢᠶᠠᠨ ᠪᠠᠢᠭᠤᠯᠵᠤ᠂ 《ᠰᠤᠷᠭᠠᠭᠤᠯᠢ᠎ᠶ᠋ᠢᠨ ᠬᠦᠷᠢᠶᠡᠨ᠎ᠳᠤ ᠣᠷᠣᠬᠤ》 ᠬᠡᠯᠪᠡᠷᠢ᠎ᠶ᠋ᠢ ᠳᠡᠮᠵᠢᠵᠦ᠍ ᠱᠢᠶᠠᠩᠭᠠᠩ ᠣᠣᠮᠧᠨ᠎ᠤ ᠵᠠᠯᠠᠭᠤᠴᠤᠳ᠎ᠲᠤ ᠬᠠᠨᠳᠤᠭᠤᠯᠤᠨ ᠤᠯᠤᠰ᠎ᠤᠨ ᠪᠠᠢᠳᠠᠯ᠎ᠤᠨ ᠮᠡᠳᠡᠭᠦᠯᠦᠯᠲᠡ᠎ᠶ᠋ᠢᠨ ᠬᠤᠷᠠᠯ᠎ᠢ 75 ᠲᠠᠯᠠᠪᠤᠷ ᠡᠷᠬᠢᠯᠡᠪᠡ᠃ ᠳᠣᠯᠣᠳᠤᠭᠠᠷ ᠬᠤᠭᠤᠴᠠᠭᠠᠨ᠎ᠤ ᠲᠠᠢᠸᠠᠨ ᠬᠤᠭᠤᠯᠠᠶ᠎ᠶ᠋ᠢᠨ ᠬᠤᠶᠠᠷ ᠲᠠᠯ᠎ᠠ᠎ᠶ᠋ᠢᠨ ᠦᠨᠳᠦᠰᠦᠨ ᠱᠠᠲᠤᠨ᠎ᠤ ᠵᠠᠰᠠᠯᠲᠠ᠎ᠶ᠋ᠢᠨ ᠶᠠᠷᠢᠯᠴᠠᠭᠠᠨ᠎ᠤ ᠲᠠᠪᠴᠠᠩ᠂ ᠠᠷᠪᠠᠨ ᠨᠠᠢ᠍ᠮᠠᠳᠤᠭᠠᠷ ᠬᠤᠭᠤᠴᠠᠭᠠᠨ᠎ᠤ ᠬᠠᠳᠤᠨ ᠭᠤᠤᠯ ᠯᠦᠸᠧ ᠱᠦᠢ ᠾᠧ ᠭᠤᠤᠯ᠎ᠤᠨ ᠰᠣᠶᠣᠯ᠎ᠤᠨ ᠰᠤᠳᠤᠯᠤᠨ ᠶᠠᠷᠢᠯᠴᠠᠬᠤ ᠬᠤᠷᠠᠯ᠎ᠢ ᠡᠷᠬᠢᠯᠡᠪᠡ᠃ ᠭᠠᠳᠠᠭᠠᠳᠤ᠎ᠳᠤ ᠰᠠᠭᠤᠭ᠎ᠠ ᠬᠠᠷᠢᠶᠠᠲᠤ ᠨᠠᠷ᠎ᠤᠨ ᠪᠦᠯᠬᠦᠮ᠎ᠤᠨ ᠰᠤᠷᠪᠤᠯᠵᠢᠯᠠᠭ᠎ᠠ᠎ᠶ᠋ᠢ 25 ᠪᠦᠯᠦᠭ᠂ 522 ᠬᠥᠮᠦᠨ ᠤᠳᠠᠭ᠎ᠠ ᠬᠦᠯᠢᠶᠡᠨ ᠠᠪᠴᠤ᠌᠂ ᠭᠠᠳᠠᠭᠠᠳᠤ᠎ᠳᠤ ᠬᠦᠷᠴᠦ᠍ ᠬᠠᠷᠢᠶᠠᠲᠤ ᠠᠬ᠎ᠠ ᠳᠡᠭᠦᠦ ᠨᠡᠷ᠎ᠢ ᠰᠤᠷᠪᠤᠯᠵᠢᠯᠠᠨ ᠪᠣᠯᠭᠤᠭᠠᠨ ᠲᠣᠬᠤᠨᠢᠭᠤᠯᠵᠤ᠂ ᠬᠠᠷᠢᠶᠠᠲᠤ ᠠᠬ᠎ᠠ ᠳᠡᠭᠦᠦ ᠨᠡᠷ᠎ᠲᠠᠢ 1000 ᠭᠠᠷᠤᠶ ᠬᠥᠮᠦᠨ ᠤᠳᠠᠭ᠎ᠠ ᠶᠠᠷᠢᠯᠴᠠᠨ ᠰᠣᠯᠢᠯᠴᠠᠵᠤ᠂ ᠬᠠᠷᠢᠶᠠᠲᠤ ᠨᠠᠷ᠎ᠤᠨ ᠰᠡᠳᠭᠢᠯ ᠪᠠ ᠬᠠᠷᠢᠶᠠᠲᠤ ᠨᠠᠷ᠎ᠤᠨ ᠬᠦᠴᠦᠨ᠎ᠢ ᠨᠢᠭ᠍ᠲᠠᠷᠠᠭᠤᠯᠪᠠ᠃
(ᠲᠠᠪᠤ) ᠭᠠᠳᠠᠭᠠᠳᠤ᠎ᠲᠠᠢ ᠨᠥᠬᠦᠷᠰᠡᠭ᠎ᠢᠶᠠᠷ ᠶᠠᠪᠤᠯᠴᠠᠬᠤ᠎ᠶ᠋ᠢ ᠭᠦᠨᠵᠡᠭᠡᠢᠷᠡᠭᠦᠯᠵᠦ᠍᠂ ᠨᠠᠮ ᠪᠠ ᠤᠯᠤᠰ᠎ᠤᠨ ᠭᠠᠳᠠᠭᠠᠳᠤ ᠬᠠᠷᠢᠯᠴᠠᠭᠠᠨ᠎ᠤ ᠠᠵᠢᠯ᠎ᠤᠨ ᠶᠡᠭᠡ ᠲᠠᠯ᠎ᠠ᠎ᠳᠤ ᠦᠢᠯᠡᠴᠢᠯᠡᠪᠡ᠃ ᠪᠢᠳᠡ ᠤᠯᠤᠰ ᠲᠥᠷᠥ᠎ᠶ᠋ᠢᠨ ᠵᠥᠪᠯᠡᠯᠭᠡᠨ᠎ᠤ ᠪᠣᠳᠠᠲᠤ ᠪᠠᠢᠳᠠᠯ᠎ᠳᠤ ᠰᠠᠭᠤᠷᠢᠯᠠᠵᠤ᠂ ᠤᠯᠠᠨ ᠨᠡᠢᠲᠡ᠎ᠶ᠋ᠢᠨ ᠭᠠᠳᠠᠭᠠᠳᠤ ᠬᠠᠷᠢᠯᠴᠠᠭ᠎ᠠ᠂ ᠠᠷᠠᠳ᠎ᠤᠨ ᠬᠤᠭᠤᠷᠣᠨᠳᠣᠬᠢ ᠭᠠᠳᠠᠭᠠᠳᠤ ᠬᠠᠷᠢᠯᠴᠠᠭ᠎ᠠ᠂ ᠤᠶᠤᠨ᠎ᠤ ᠬᠥᠮᠥᠷᠭᠡ᠎ᠶ᠋ᠢᠨ ᠭᠠᠳᠠᠭᠠᠳᠤ ᠬᠠᠷᠢᠯᠴᠠᠭ᠎ᠠ᠎ᠶ᠋ᠢ ᠨᠢᠭᠡᠳᠦᠯᠲᠡᠶ ᠲᠥᠯᠥᠪᠯᠡᠨ ᠥᠷᠨᠢᠭᠦᠯᠵᠦ᠍᠂ ᠳᠤᠮᠳᠠᠳᠤ ᠠᠹᠷᠢᠺᠠ᠎ᠶ᠋ᠢᠨ ᠬᠠᠮᠲᠤᠷᠠᠯᠴᠠᠭᠠᠨ᠎ᠤ ᠶᠠᠷᠢᠯᠴᠠᠭᠠᠨ᠎ᠤ ᠲᠠᠪᠴᠠᠩ᠎ᠤᠨ ᠪᠡᠭᠡᠵᠢᠩ᠎ᠳᠠᠬᠢ ᠲᠦᠷᠦᠭᠦᠴᠦᠳ᠎ᠤᠨ ᠬᠤᠷᠠᠯ ᠵᠡᠷᠭᠡ ᠭᠠᠳᠠᠭᠠᠳᠤ᠎ᠳᠤ ᠬᠤᠯᠪᠣᠭ᠍ᠳᠠᠬᠤ ᠴᠢᠬᠤᠯᠠ ᠶᠡᠭᠡ ᠠᠵᠢᠯᠯᠠᠭ᠎ᠠ᠎ᠳᠤ ᠦᠢᠯᠡᠴᠢᠯᠡᠵᠦ᠍ ᠬᠠᠮᠵᠢᠯᠴᠠᠪᠠ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ ᠵᠢᠴᠢ ᠬᠠᠷᠢᠶ᠎ᠠ ᠪᠠᠢᠭᠤᠯᠤᠮᠵᠢ ᠡᠯ᠎ᠡ ᠲᠦᠷᠦᠯ᠎ᠤᠨ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ᠎ᠶ᠋ᠢ 221 ᠲᠠᠯᠠᠪᠤᠷ ᠥᠷᠨᠢᠭᠦᠯᠵᠦ᠍᠂ 140 ᠤᠯᠤᠰ᠂ 11 ᠤᠯᠠᠨ ᠤᠯᠤᠰ᠎ᠤᠨ ᠪᠠ ᠭᠠᠵᠠᠷ ᠣᠷᠣᠨ᠎ᠤ ᠵᠣᠬᠢᠶᠠᠨ ᠪᠠᠢᠭᠤᠯᠤᠯᠲᠠ᠎ᠠᠴᠠ ᠢᠷᠡᠭ᠌ᠰᠡᠨ ᠭᠠᠳᠠᠭᠠᠳᠤ᠎ᠶ᠋ᠢᠨ ᠲᠠᠯ᠎ᠠ᠎ᠶ᠋ᠢᠨ ᠬᠥᠮᠦᠰ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠠᠳᠠᠭᠠᠳᠤ ᠬᠠᠷᠢᠯᠴᠠᠭᠠᠨ᠎ᠤ ᠠᠵᠢᠯᠯᠠᠭ᠎ᠠ᠎ᠳᠤ 2600 ᠭᠠᠷᠤᠶ ᠬᠥᠮᠦᠨ ᠤᠳᠠᠭ᠎ᠠ ᠣᠷᠣᠯᠴᠠᠪᠠ᠃ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠤᠳᠤᠷᠢᠳᠭᠤ ᠨᠥᠬᠦᠳ ᠶᠡᠷᠦᠩᠬᠡᠶ ᠱᠦᠵᠢ ᠰᠢ᠎ᠶ᠋ᠢᠨ ᠫᠢᠩ᠎ᠤᠨ ᠲᠤᠰᠭᠠᠢ ᠲᠥᠯᠥᠭᠡᠯᠡᠭ᠌ᠴᠢ ᠪᠤᠶᠤ ᠲᠡᠷᠢᠭᠦᠯᠡᠭ᠌ᠴᠢ ᠰᠢ᠎ᠶ᠋ᠢᠨ ᠫᠢᠩ᠎ᠤᠨ ᠲᠤᠰᠭᠠᠢ ᠡᠯᠴᠢ᠎ᠶ᠋ᠢᠨ ᠬᠤᠪᠢ᠎ᠪᠠᠷ ᠲᠦᠯᠦᠭᠡᠯᠡᠭ᠌ᠴᠢᠳ᠎ᠤᠨ ᠪᠦᠯᠬᠦᠮ ᠳᠠᠭᠠᠭᠤᠯᠤᠨ ᠭᠠᠳᠠᠭᠠᠳᠤ᠎ᠳᠤ ᠬᠦᠷᠴᠦ᠍ ᠴᠢᠬᠤᠯᠠ ᠠᠵᠢᠯᠯᠠᠭ᠎ᠠ᠎ᠳᠤ 6 ᠬᠥᠮᠦᠨ ᠤᠳᠠᠭ᠎ᠠ ᠣᠷᠣᠯᠴᠠᠵᠦ᠍᠂ ᠤᠯᠤᠰ᠎ᠤᠨ ᠳᠣᠲᠣᠭᠠᠳᠤ᠎ᠳᠤ ᠭᠠᠳᠠᠭᠠᠳᠤ ᠶᠠᠪᠤᠳᠠᠯ᠎ᠤᠨ ᠠᠵᠢᠯᠯᠠᠭ᠎ᠠ᠎ᠳᠤ 187 ᠬᠥᠮᠦᠨ ᠤᠳᠠᠭ᠎ᠠ ᠣᠷᠣᠯᠴᠠᠵᠤ᠂ ᠭᠠᠳᠠᠭᠠᠳᠤ᠎ᠳᠤ 23 ᠬᠥᠮᠦᠨ ᠤᠳᠠᠭ᠎ᠠ ᠠᠢᠯᠴᠢᠯᠠᠪᠡ᠃ 《ᠤᠯᠤᠰ ᠲᠦᠷᠦ᠍᠎ᠶ᠋ᠢᠨ ᠵᠥᠪᠯᠡᠯᠭᠡᠨ᠎ᠳᠤ ᠠᠢᠯᠴᠢᠯᠠᠭᠤᠯᠬᠤ》 ᠬᠤᠯᠪᠣᠭ᠍ᠳᠠᠯ ᠪᠦᠬᠦᠢ ᠠᠵᠢᠯᠯᠠᠭ᠎ᠠ᠎ᠶ᠋ᠢ 7 ᠲᠠᠯᠠᠪᠤᠷ ᠡᠷᠬᠢᠯᠡᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠤ 340 ᠬᠥᠮᠦᠨ ᠤᠳᠠᠭ᠎ᠠ ᠤᠷᠢᠵᠤ ᠲᠤᠭᠤᠷᠢᠭᠤᠯᠤᠨ ᠠᠢᠯᠴᠢᠯᠠᠭᠤᠯᠪᠠ᠃ ᠭᠠᠳᠠᠭᠠᠳᠤ᠎ᠶ᠋ᠢᠨ ᠨᠡᠷᠡᠲᠦ ᠤᠶᠤᠨ᠎ᠤ ᠬᠥᠮᠥᠷᠭᠡ᠂ ᠠᠷᠠᠳ᠎ᠤᠨ ᠵᠣᠬᠢᠶᠠᠨ ᠪᠠᠢᠭᠤᠯᠤᠯᠲᠠ ᠵᠡᠷᠭᠡ᠎ᠯᠦᠭᠡ᠎ᠶ᠋ᠢᠨ ᠰᠣᠯᠢᠯᠴᠠᠭ᠎ᠠ᠎ᠪᠠᠨ ᠥᠷᠭᠡᠳᠭᠡᠵᠦ᠍᠂ 28 ᠤᠯᠤᠰ᠎ᠤᠨ 67 ᠪᠠᠢᠭᠤᠯᠤᠮᠵᠢ᠎ᠲᠠᠢ ᠬᠠᠷᠢᠯᠴᠠᠭ᠎ᠠ ᠪᠠᠢᠭᠤᠯᠪᠠ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠳᠤᠮᠳᠠᠳᠤ ᠠᠹᠷᠢᠺᠠ᠎ᠶ᠋ᠢᠨ ᠨᠥᠬᠦᠷᠰᠡᠭ ᠳᠤᠭᠤᠢᠯᠠᠩ᠎ᠤᠨ ᠦᠢᠯᠡᠳᠦᠯ᠎ᠢ ᠪᠠᠳᠠᠷᠠᠭᠤᠯᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠳᠤᠮᠳᠠᠳᠤ ᠤᠯᠤᠰ — ᠺᠠᠮᠪᠣᠵᠠ᠎ᠶ᠋ᠢᠨ ᠨᠥᠬᠦᠷᠰᠡᠭ ᠳᠤᠭᠤᠢᠯᠠᠩ᠎ᠢ ᠪᠠᠢᠭᠤᠯᠪᠠ᠃ ᠳᠤᠮᠳᠠᠳᠤ ᠤᠯᠤᠰ᠎ᠤᠨ ᠠᠵᠤ ᠠᠬᠤᠶ ᠨᠡᠢᠭᠡᠮ᠎ᠤᠨ ᠬᠡᠷᠡᠭ ᠡᠷᠬᠢᠯᠡᠭ᠌ᠴᠢᠳ᠎ᠤᠨ ᠬᠤᠷᠠᠯ᠎ᠤᠨ ᠬᠤᠭᠤᠴᠠᠭ᠎ᠠ ᠰᠣᠯᠢᠬᠤ ᠠᠵᠢᠯ᠎ᠢ ᠪᠡᠶᠡᠯᠡᠭᠦᠯᠵᠦ᠍᠂ 《ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠵᠤ᠂ ᠳᠡᠯᠡᠬᠡᠶ᠎ᠶ᠋ᠢᠨ ᠣᠳᠣᠬᠢᠴᠢᠯᠠᠯᠲᠠ᠎ᠶ᠋ᠢ ᠭᠠᠷ ᠬᠤᠯᠪᠤᠨ ᠪᠠᠢᠭᠤᠯᠤᠶ᠎ᠠ》 ᠭᠡᠬᠦ᠌ ᠳᠤᠮᠳᠠᠳᠤ ᠤᠯᠤᠰ᠎ᠤᠨ ᠠᠵᠤ ᠠᠬᠤᠶ ᠨᠡᠢᠭᠡᠮ᠎ᠤᠨ ᠶᠠᠷᠢᠯᠴᠠᠭᠠᠨ᠎ᠤ ᠲᠠᠪᠴᠠᠩ᠂ ᠳᠤᠮᠳᠠᠳᠤ ᠠᠹᠷᠢᠺᠠ᠎ᠶ᠋ᠢᠨ ᠠᠵᠤ ᠠᠬᠤᠶ ᠨᠡᠢᠭᠡᠮ᠎ᠤᠨ ᠬᠡᠷᠡᠭ ᠡᠷᠬᠢᠯᠡᠭ᠌ᠴᠢᠳ᠎ᠤᠨ ᠬᠤᠷᠠᠯ᠎ᠤᠨ ᠲᠤᠭᠤᠷᠢᠭ ᠱᠢᠷᠡᠭᠡᠨ᠎ᠤ ᠬᠣᠷᠠᠯ ᠂ ᠳᠤᠮᠳᠠᠳᠤ ᠧᠦ᠋ᠷᠣᠫᠠ᠎ᠶ᠋ᠢᠨ ᠲᠤᠭᠤᠷᠢᠭ ᠱᠢᠷᠡᠭᠡᠨ᠎ᠤ ᠬᠣᠷᠠᠯ ᠢ ᠡᠷᠬᠢᠯᠡᠬᠦ᠌᠎ᠶ᠋ᠢ ᠳᠡᠮᠵᠢᠵᠦ᠍᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠲᠠ᠎ᠶ᠋ᠢᠨ ᠠᠮᠢᠳᠤᠯᠢᠭ ᠦᠢᠯᠡᠳᠦᠯᠭᠡ᠎ᠶ᠋ᠢ ᠥᠷᠭᠡᠨ᠎ᠢᠶᠠᠷ ᠤᠬᠠᠭᠤᠯᠤᠨ ᠲᠠᠨᠢᠯᠴᠠᠭᠤᠯᠪᠠ᠃ ᠳᠤᠮᠳᠠᠳᠤ ᠤᠯᠤᠰ᠎ᠤᠨ ᠱᠠᠱᠢᠨ ᠰᠤᠷᠲᠠᠬᠤᠨ᠎ᠤ ᠡᠲᠡᠭᠡᠳ᠎ᠤᠨ᠎ᠬᠢᠨ᠎ᠤ ᠨᠠᠢᠷᠠᠮᠳᠠᠯ᠎ᠤᠨ ᠵᠥᠪᠯᠡᠯ᠎ᠤᠨ ᠬᠤᠭᠤᠴᠠᠭ᠎ᠠ ᠰᠣᠯᠢᠬᠤ ᠠᠵᠢᠯ᠎ᠢ ᠪᠡᠶᠡᠯᠡᠭᠦᠯᠵᠦ᠍᠂ ᠳᠡᠯᠡᠬᠡᠢ᠎ᠶ᠋ᠢᠨ ᠱᠠᠱᠢᠨ ᠰᠤᠷᠳᠠᠬᠤᠨ᠎ᠤ ᠡᠲᠡᠭᠡᠳ᠎ᠤᠨ᠎ᠬᠢᠨ᠎ᠤ ᠨᠠᠢᠷᠠᠮᠳᠠᠯ᠎ᠤᠨ ᠵᠦᠪᠯᠡᠯ᠂ ᠠᠽᠢᠶ᠎ᠠ ᠲᠢᠪ᠎ᠤᠨ ᠱᠠᠱᠢᠨ ᠰᠤᠷᠳᠠᠬᠤᠨ᠎ᠤ ᠡᠲᠡᠭᠡᠳ᠎ᠤᠨ᠎ᠬᠢᠨ᠎ᠤ ᠨᠠᠢᠷᠠᠮᠳᠠᠯ᠎ᠤᠨ ᠵᠦᠪᠯᠡᠯ᠎ᠤᠨ ᠬᠤᠯᠪᠣᠭ᠍ᠳᠠᠯ ᠪᠦᠬᠦᠢ ᠠᠵᠢᠯᠯᠠᠭ᠎ᠠ᠎ᠳᠤ ᠣᠷᠣᠯᠴᠠᠬᠤ᠎ᠶ᠋ᠢ ᠲᠡᠮᠵᠢᠪᠡ᠃
(ᠵᠢᠷᠭᠤᠭ᠎ᠠ) ᠲᠤᠰ ᠪᠡᠶ᠎ᠡ᠎ᠶ᠋ᠢᠨ ᠪᠠᠢᠭᠤᠯᠤᠯᠲᠠ᠎ᠪᠠᠨ ᠴᠢᠩᠭᠠᠳᠭᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠤ ᠠᠵᠢᠯ᠎ᠤᠨ ᠲᠦᠷᠢᠮᠵᠢᠭᠦᠯᠦᠯᠳᠡ ᠵᠢᠷᠦᠮᠵᠢᠭᠤᠯᠤᠯᠳᠠ ᠳᠡᠰ ᠳᠠᠷᠠᠭᠠᠵᠢᠭᠤᠯᠤᠯᠳᠠ ᠶ᠋ᠢᠨ ᠲᠦᠪᠱᠢᠨ᠎ᠢ ᠳᠡᠭᠡᠭ᠌ᠰᠢᠯᠡᠭᠦᠯᠪᠡ᠃ ᠪᠢᠳᠡ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠨᠠᠮ᠎ᠤᠨ ᠭᠡᠱᠢᠭᠦᠨ ᠪᠤᠯᠬᠤ ᠭᠡᠱᠢᠭᠦᠳ ᠪᠠ ᠪᠠᠢᠭᠤᠯᠭ᠎ᠠ᠎ᠶ᠋ᠢᠨ ᠨᠠᠮ᠎ᠤᠨ ᠭᠡᠱᠢᠭᠦᠨ᠂ ᠺᠠᠳ᠋ᠷ᠎ᠤᠨ ᠰᠠᠬᠢᠯᠭ᠎ᠠ ᠪᠠᠲᠤ᠎ᠶ᠋ᠢ ᠰᠤᠷᠤᠯᠴᠠᠬᠤ᠂ ᠰᠠᠬᠢᠯᠭ᠎ᠠ ᠪᠠᠲᠤ᠎ᠶ᠋ᠢ ᠮᠡᠳᠡᠬᠦ᠂ ᠰᠠᠬᠢᠯᠭ᠎ᠠ ᠪᠠᠲᠤ᠎ᠶ᠋ᠢ ᠤᠢᠯᠠᠭᠠᠬᠤ᠂ ᠰᠠᠬᠢᠯᠭ᠎ᠠ ᠪᠠᠲᠤ᠎ᠶ᠋ᠢ ᠰᠠᠬᠢᠬᠤ᠎ᠶ᠋ᠢ ᠬᠦᠮᠦᠵᠢᠭᠦᠯᠵᠦ᠍ ᠬᠦᠲᠦᠯᠦᠨ ᠵᠢᠯᠣᠭᠤᠳᠪᠠ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠲᠥᠯᠥᠪᠵᠢᠭᠦᠯᠭᠡ(2024 — 2027 ᠣᠨ)᠂ ᠤᠯᠤᠰ ᠲᠦᠷᠦ᠍᠎ᠶ᠋ᠢᠨ ᠵᠥᠪᠯᠡᠯᠭᠡᠨ᠎ᠤ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠱᠢᠰᠲ᠋ᠧᠮ᠎ᠢ ᠪᠦᠷᠢᠨᠱᠢᠬᠦᠯᠬᠦ᠌ ᠲᠤᠬᠠᠶ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠬᠡᠷᠡᠭ᠌ᠵᠢᠭᠦᠯᠬᠦ᠌ ᠰᠠᠨᠠᠯ᠎ᠢ ᠲᠣᠭ᠍ᠲᠠᠭᠠᠪᠠ᠃ ᠰᠤᠷᠲᠠᠯ᠎ᠤᠨ ᠪᠠᠢᠭᠤᠯᠤᠯᠲᠠ᠎ᠶ᠋ᠢ ᠪᠠᠢᠩᠭᠤᠵᠢᠭᠤᠯᠬᠤ ᠪᠠ ᠣᠷᠳᠣ ᠬᠤᠭᠤᠴᠠᠭ᠎ᠠ᠎ᠪᠠᠷ ᠪᠦᠲᠦᠮᠵᠢᠲᠡᠶ ᠪᠠᠢᠯᠭᠠᠬᠤ᠎ᠶ᠋ᠢ ᠠᠬᠢᠭᠤᠯᠵᠤ᠂ ᠲᠥᠪ ᠬᠣᠷᠢᠶ᠎ᠠ ᠵᠢᠨ ᠨᠠᠢ᠍ᠮᠠᠨ ᠵᠤᠷᠪᠤᠰ ᠲᠣᠭ᠍ᠲᠠᠭᠠᠯ ᠵᠢᠴᠢ ᠲᠡᠭᠦᠨ᠎ᠢ ᠬᠡᠷᠡᠭ᠌ᠵᠢᠭᠦᠯᠬᠦ᠌ ᠨᠠᠷᠢᠨ ᠳᠦᠷᠢᠮ᠎ᠤᠨ ᠵᠣᠷᠢᠭ ᠰᠠᠨᠠᠭ᠎ᠠ᠎ᠶ᠋ᠢ ᠴᠢᠩᠭ᠎ᠠ ᠬᠡᠷᠡᠭ᠌ᠵᠢᠭᠦᠯᠵᠦ᠍᠂ ᠬᠤᠷᠠᠯ᠎ᠤᠨ ᠰᠤᠷᠳᠠᠯ ᠪᠠ ᠵᠤᠬᠢᠶᠠᠯ᠎ᠤᠨ ᠰᠤᠷᠳᠠᠯ᠎ᠢ ᠰᠠᠢᠵᠢᠷᠠᠭᠤᠯᠵᠤ᠂ ᠪᠠᠢᠴᠠᠭᠠᠨ ᠰᠤᠳᠤᠯᠬᠤ ᠰᠤᠷᠲᠠᠯ᠎ᠢ ᠰᠠᠢᠵᠢᠷᠠᠭᠤᠯᠵᠤ᠂ ᠪᠢᠴᠢᠭ ᠮᠠᠲ᠋ᠧᠷᠢᠶᠠᠯ᠎ᠢ ᠴᠣᠮᠬᠠᠳᠭᠠᠬᠤ ᠬᠤᠷᠠᠯ᠎ᠢ ᠴᠥᠭᠡᠳᠭᠡᠬᠦ᠌ᠪᠠᠷ ᠬᠦᠴᠦᠯᠡᠨ ᠴᠢᠷᠮᠠᠢᠵᠤ᠂ ᠬᠡᠯᠪᠡᠷᠢ᠎ᠶ᠋ᠢᠨ ᠦᠵᠡᠯ᠎ᠢ ᠵᠠᠯᠠᠷᠠᠭᠤᠯᠤᠨ ᠵᠠᠰᠠᠵᠤ᠂ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠪᠡ᠃ ᠳᠦᠷᠢᠮ᠎ᠢ ᠲᠤᠭ᠍ᠲᠠᠭᠠᠬᠤ ᠵᠠᠰᠠᠪᠤᠷᠢ ᠤᠷᠤᠭᠤᠯᠬᠤ ᠭᠦᠴᠦᠨ ᠦᠭᠡᠢ ᠪᠤᠯᠭᠠᠬᠤ᠎ᠶ᠋ᠢ ᠠᠬᠢᠭᠤᠯᠵᠤ᠂ ᠪᠥᠬᠦ᠌ ᠵᠢᠯ᠎ᠳᠤ ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ ᠵᠢᠴᠢ ᠠᠯᠪᠠᠨ ᠲᠢᠩᠬᠢᠮ᠎ᠤᠨ ᠠᠵᠢᠯ᠎ᠤᠨ ᠲᠦᠷᠢᠮ᠎ᠢ 61 ᠵᠦᠢᠯ ᠲᠣᠭ᠍ᠲᠠᠭᠠᠭ᠍ᠰᠠᠨ ᠪᠠ ᠵᠠᠰᠠᠨ ᠲᠤᠭ᠍ᠳᠠᠭᠠᠵᠤ᠂ ᠬᠤᠯᠪᠣᠭ᠍ᠳᠠᠯ ᠪᠥᠬᠦᠶ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ 84 ᠬᠤᠪᠢ ᠢᠯᠭᠠᠷᠠᠭᠤᠯᠤᠨ ᠳᠢᠭ᠌ᠯᠡᠵᠦ᠍᠂ 30 ᠬᠤᠪᠢ᠎ᠶ᠋ᠢ ᠨᠢ ᠬᠦᠴᠦᠨ ᠦᠭᠡᠢ ᠪᠣᠯᠭᠠᠭ᠍ᠰᠠᠨ ᠪᠠ ᠬᠦᠴᠦᠨ ᠦᠭᠡᠢ ᠪᠣᠯᠣᠭ᠍ᠰᠠᠨ᠎ᠢᠶᠠᠷ ᠵᠠᠷᠯᠠᠵᠤ᠂ ᠡᠯ᠎ᠡ ᠵᠦᠢᠯ᠎ᠤᠨ ᠳᠦᠷᠢᠮ᠎ᠤᠨ ᠲᠤᠭᠤᠱᠢᠲᠠᠢ ᠬᠡᠷᠡᠭ᠌ᠵᠢᠭᠦᠯᠦᠭ᠌ᠳᠡᠬᠦ᠌᠎ᠶ᠋ᠢ ᠠᠬᠢᠭᠤᠯᠪᠠ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠨᠠᠮ᠎ᠤᠨ ᠤᠳᠤᠷᠢᠳᠭᠤ ᠳᠤᠭᠤᠢᠯᠠᠩ ᠬᠤᠯᠪᠣᠭ᠍ᠳᠠᠯ ᠪᠦᠬᠦᠢ ᠲᠤᠰᠭᠠᠶ ᠵᠥᠪᠯᠡᠯ᠎ᠤᠨ ᠨᠠᠮ᠎ᠤᠨ ᠬᠤᠪᠢᠶᠠᠷᠢ ᠤᠳᠤᠷᠢᠳᠭᠤ ᠳᠤᠭᠤᠢᠯᠠᠩ᠎ᠳᠤ ᠲᠤᠰᠭᠠᠶ ᠲᠣᠭᠤᠷᠢᠨ ᠪᠠᠢᠴᠠᠭᠠᠯᠲᠠ ᠥᠷᠨᠢᠭᠦᠯᠵᠦ᠍᠂ ᠪᠠᠢᠭᠤᠯᠭ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠡᠴᠡ 8 ᠲᠣᠪᠴᠢᠶ᠎ᠠ ᠵᠢᠨ ᠲᠡᠰ᠎ᠤᠨ ᠨᠢᠭᠡᠴᠢ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠳᠤ ᠲᠣᠭᠤᠷᠢᠨ ᠪᠠᠢᠴᠠᠭᠠᠯᠲᠠ ᠥᠷᠨᠢᠭᠦᠯᠪᠡ᠃ ᠶᠡᠷᠤᠡᠭᠭᠡᠢ ᠱᠦᠵᠢ ᠰᠢ ᠵᠢᠨ ᠫᠢᠡᠭ᠎ᠤᠨ 《ᠤᠯᠤᠰ ᠲᠦᠷᠤ ᠵᠢᠨ ᠵᠦᠪᠯᠡᠯᠭᠡ᠎ᠨᠢ ᠦᠢᠯᠠᠭᠠᠬᠤ᠂ ᠵᠦᠪᠯᠡᠯᠭᠡ ᠬᠢᠵᠤ ᠴᠢᠳᠠᠬᠤ᠂ ᠲᠦᠷᠤ ᠵᠢᠨ ᠬᠡᠷᠡᠭ᠎ᠢ ᠵᠦᠪᠯᠡᠬᠦ᠎ᠳᠡᠭᠡᠨ ᠴᠢᠳᠠᠮᠠᠭᠠᠢ ᠪᠠᠢᠬᠤ᠂ ᠰᠠᠬᠢᠯᠭ᠎ᠠ ᠪᠠᠳᠤ ᠵᠢ ᠰᠠᠬᠢᠬᠤ᠂ ᠶᠤᠰᠤ ᠲᠦᠷᠢᠮ᠎ᠢ ᠡᠷᠬᠢᠮᠯᠡᠬᠦ᠂ ᠵᠠᠡᠭ ᠰᠤᠷᠳᠠᠯ᠎ᠢ ᠴᠢᠬᠤᠯᠠᠴᠢᠯᠠᠬᠤ 》 ᠲᠤᠬᠠᠢ ᠴᠢᠬᠤᠯᠠ ᠱᠠᠭᠠᠷᠳᠠᠯᠭ᠎ᠠ ᠵᠢ ᠲᠤᠭᠤᠰᠢᠯᠠᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ ᠪᠠ ᠪᠠᠢᠭᠤᠯᠭ᠎ᠠ᠎ᠶ᠋ᠢᠨ ᠺᠠᠳ᠋ᠷᠴᠤᠳ᠎ᠤᠨ 《ᠬᠤᠶᠠᠷ ᠡᠩᠨᠡᠭᠡ》 ᠵᠢᠨ ᠪᠠᠢᠭᠤᠯᠤᠯᠲᠠ᠎ᠶ᠋ᠢ ᠴᠢᠩᠭᠠᠳᠭᠠᠵᠤ᠂ ᠦᠵᠡᠯ ᠰᠠᠨᠠᠭ᠎ᠠ ᠲᠠᠨᠢᠯᠲᠠ᠎ᠶ᠋ᠢᠨ ᠬᠢᠷᠢ ᠬᠡᠮᠵᠢᠶ᠎ᠡ ᠪᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠭᠡᠱᠢᠭᠦᠳ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ ᠤᠯᠤᠰ ᠲᠦᠷᠦ᠍᠎ᠶ᠋ᠢᠨ ᠵᠥᠪᠯᠡᠯᠭᠡᠨ᠎ᠤ ᠲᠦᠷᠢᠮ᠎ᠠᠴᠠ ᠵᠥᠷᠢᠴᠡᠭ᠌ᠰᠡᠨ ᠲᠤᠬᠠᠢ ᠰᠶ᠋ᠢᠳᠪᠦᠷᠢᠯᠡᠬᠦ᠌ ᠠᠵᠢᠯ᠎ᠤᠨ ᠲᠣᠭ᠍ᠲᠠᠭᠠᠯ᠎ᠢ ᠲᠣᠭ᠍ᠲᠠᠭᠠᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠤ ᠲᠦᠷᠢᠮ ᠶᠣᠰᠣᠭᠠᠷ 15 ᠬᠦᠮᠦᠨ᠎ᠤ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠨ᠎ᠤ ᠬᠢᠷᠢ ᠬᠡᠮ᠎ᠢ᠎ᠨᠢ ᠬᠠᠰᠤᠪᠠ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠲᠡᠷᠢᠭᠦᠯᠡᠭ᠌ᠴᠢᠳ᠎ᠤᠨ ᠬᠣᠷᠠᠯ ᠤᠨ ᠪᠦᠷᠢᠯᠳᠦᠬᠦᠨ ᠣᠷᠣᠨ ᠨᠤᠲᠤᠭ᠎ᠲᠤ ᠬᠦᠷᠴᠦ᠍ ᠪᠠᠢᠴᠠᠭᠠᠨ ᠰᠤᠳᠤᠯᠤᠯᠲᠠ ᠬᠢᠬᠦ᠌ ᠬᠤᠭᠤᠴᠠᠭᠠᠨ᠎ᠳᠠᠭᠠᠨ ᠲᠤᠬᠠᠶ᠎ᠶ᠋ᠢᠨ ᠭᠠᠵᠠᠷ᠎ᠲᠤ ᠰᠠᠭᠤᠭ᠎ᠠ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠳ᠎ᠢ 335 ᠬᠥᠮᠦᠨ ᠤᠳᠠᠭ᠎ᠠ ᠪᠣᠯᠭᠤᠭᠠᠨ ᠦᠵᠡᠪᠡ᠃ ᠪᠠᠢᠭᠤᠯᠭ᠎ᠠ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠪᠡᠶᠡᠴᠢ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠪᠣᠳᠠᠲᠠᠶ ᠨᠠᠢᠳᠠᠪᠤᠷᠢᠵᠢᠭᠤᠯᠵᠤ᠂ ᠤᠯᠤᠰ ᠲᠦᠷᠦ᠍᠎ᠶ᠋ᠢᠨ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠤ᠂ ᠴᠡᠪᠡᠷ ᠠᠷᠢᠭᠤᠨ ᠲᠥᠪ ᠴᠢᠬᠡᠴᠢ᠂ ᠠᠵᠢᠯ ᠬᠢᠵᠦ᠍ ᠦᠢᠯᠡᠰ ᠴᠣᠭ᠍ᠴᠠᠯᠠᠬᠤ ᠰᠠᠢᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠶ᠎ᠶ᠋ᠢ ᠪᠤᠢ ᠪᠣᠯᠭᠠᠪᠠ᠃
ᠨᠢᠭᠡ ᠵᠢᠯ᠎ᠤᠨ ᠲᠤᠷᠰᠢ ᠣᠯᠤᠭ᠍ᠰᠠᠨ ᠠᠵᠢᠯ᠎ᠤᠨ ᠠᠮᠵᠢᠯᠲᠠ ᠪᠦᠲᠦᠮᠵᠢ᠎ᠶ᠋ᠢᠨ ᠦᠨᠳᠦᠰᠦᠨ ᠱᠢᠯᠲᠠᠭᠠᠨ᠎ᠨᠢ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ᠎ᠳᠤ ᠪᠤᠢ ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠤᠢ᠃ ᠡᠨᠡ᠎ᠨᠢ ᠪᠠᠰᠠ ᠴᠤ᠌ ᠡᠯ᠎ᠡ ᠲᠠᠯ᠎ᠠ᠎ᠶ᠋ᠢᠨ᠎ᠬᠢᠨ᠎ᠤ ᠬᠦᠴᠦᠲᠡᠶ ᠳᠡᠮᠵᠢᠯᠭᠡ ᠦᠵᠡᠭᠦᠯᠦᠭ᠌ᠰᠡᠨ ᠪᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠡᠯ᠎ᠡ ᠣᠷᠣᠯᠴᠠᠭ᠍ᠴᠢ ᠨᠢᠭᠡᠴᠢ᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ᠎ᠤᠨ ᠬᠠᠮᠲᠤ᠎ᠪᠠᠷ ᠴᠢᠷᠮᠠᠢᠭ᠍ᠰᠠᠨᠤ ᠦᠷ᠎ᠡ ᠳ᠋ᠦᠩ ᠮᠥᠨ᠃ ᠡᠭᠦᠨ᠎ᠳᠤ ᠪᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠪᠠᠢᠩᠭᠤ᠎ᠶ᠋ᠢᠨ ᠬᠤᠷᠢᠶ᠎ᠠ᠎ᠶ᠋ᠢ ᠲᠥᠯᠥᠭᠡᠯᠡᠨ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠵᠦ᠍ ᠪᠠᠢᠨ᠎ᠠ!
ᠡᠭᠦᠨ᠎ᠤ ᠬᠠᠮᠲᠤ᠌᠂ ᠮᠠᠨ᠎ᠤ ᠠᠵᠢᠯ᠎ᠳᠤ ᠪᠠᠰᠠ ᠡᠳᠦᠶ ᠲᠡᠳᠦᠶ ᠬᠦᠷᠦᠯᠴᠡᠬᠦ᠌ ᠦᠭᠡᠢ ᠲᠠᠯ᠎ᠠ ᠣᠷᠣᠱᠢᠵᠤ ᠪᠤᠢ ᠂ ᠭᠤᠣᠯᠳᠠᠭᠤ ᠤᠯᠤᠰ ᠲᠥᠷᠥ᠎ᠶ᠋ᠢᠨ ᠵᠥᠪᠯᠡᠯᠭᠡᠨ᠎ᠤ ᠵᠥᠪᠯᠡᠯᠭᠡ ᠬᠢᠬᠦ᠌ ᠠᠵᠢᠯ᠎ᠤᠨ ᠳᠦᠷᠢᠮ ᠲᠣᠭ᠍ᠲᠠᠴᠠ ᠬᠠᠷᠠᠬᠠᠨ ᠪᠦᠷᠢᠨᠱᠢᠭᠡᠳᠦᠢ᠂ ᠵᠥᠪᠯᠡᠯᠭᠡ ᠬᠢᠭ᠌ᠰᠡᠨ ᠦᠷ᠎ᠡ ᠪᠦᠲᠦᠭᠡᠯ᠎ᠢ ᠬᠦᠯᠢᠶᠡᠨ ᠠᠪᠬᠤ᠂ ᠨᠠᠢᠳᠠᠪᠤᠷᠢᠵᠢᠭᠤᠯᠬᠤ ᠂ ᠬᠠᠷᠢᠭᠤ ᠲᠤᠰᠭᠠᠬᠤ ᠲᠣᠭ᠍ᠲᠠᠴᠠ ᠲᠡᠢᠮᠦ᠍ ᠪᠦᠷᠢᠨ ᠲᠡᠭᠦᠯᠳᠡᠷ ᠪᠢᠰᠢ᠂ ᠪᠦᠯᠬᠦᠮᠳᠡᠯ ᠨᠥᠬᠦᠷᠯᠡᠯ᠎ᠤᠨ ᠲᠠᠪᠴᠠᠩ ᠪᠠ ᠠᠴᠢᠶᠠᠯᠠᠪᠤᠷᠢ᠎ᠶ᠋ᠢᠨ ᠬᠠᠮᠤᠷᠬᠤ ᠬᠡᠪᠴᠢᠶ᠎ᠡ ᠬᠦᠷᠦᠯᠴᠡᠬᠦ᠌ ᠦᠭᠡᠢ ᠂ ᠵᠥᠪᠯᠡᠬᠦ᠌ ᠬᠡᠯᠪᠡᠷᠢ᠎ᠶ᠋ᠢᠨ ᠬᠢᠨᠠᠯᠲᠠ ᠲᠠᠯᠪᠢᠬᠤ ᠠᠷᠭ᠎ᠠ ᠬᠡᠮᠵᠢᠶ᠎ᠡ ᠳᠤᠲᠠᠮᠠᠭ᠂ ᠡᠲᠡᠭᠡᠳ᠎ᠤᠨ ᠢᠯᠭᠠᠯ᠎ᠤᠨ ᠦᠪᠡᠷᠮᠢᠴᠡ ᠦᠢᠯᠡᠳᠦᠯ᠎ᠢᠶᠠᠨ ᠪᠠᠳᠠᠷᠠᠭᠤᠯᠬᠤ ᠲᠠᠯ᠎ᠠ᠎ᠪᠠᠷ ᠭᠦᠢᠴᠡᠳ ᠪᠤᠰᠤ ᠵᠡᠷᠭᠡ ᠪᠣᠯᠤᠨ᠎ᠠ᠃ ᠡᠳᠡᠭᠡᠷ᠎ᠢ ᠬᠤᠢᠱᠢᠳᠠ᠎ᠶ᠋ᠢᠨ ᠠᠵᠢᠯ᠎ᠤᠨ ᠳᠤᠮᠳᠠ᠎ᠪᠠᠨ ᠬᠢᠨᠠᠮᠠᠭᠠᠶ ᠰᠤᠳᠤᠯᠤᠨ ᠰᠠᠢᠵᠢᠷᠠᠭᠤᠯᠤᠨ᠎ᠠ᠃
ᠬᠤᠶᠠᠷ᠂ 2025 ᠣᠨ᠎ᠤ ᠭᠤᠣᠯ ᠡᠭᠦᠷᠭᠡ
2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠡᠴᠦᠰ᠎ᠤᠨ ᠵᠢᠯ ᠮᠥᠨ᠂ ᠪᠠᠰᠠ ᠴᠦ᠍ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢᠨ ᠴᠢᠬᠤᠯᠠ ᠨᠢᠭᠡ ᠵᠢᠯ ᠮᠥᠨ᠃ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ 《ᠬᠤᠶᠠᠷ᠎ᠢ ᠲᠣᠭ᠍ᠲᠠᠭᠠᠭ᠍ᠰᠠᠨ》 ᠤ᠋ ᠰᠶ᠋ᠢᠳᠪᠦᠷᠢᠯᠡᠭ᠌ᠴᠢ ᠴᠢᠨᠠᠷᠲᠠᠢ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠭᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠨ᠂ 《ᠬᠤᠶᠠᠷ᠎ᠢ ᠬᠠᠮᠠᠭᠠᠯᠠᠬᠤ》 ᠵᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ ᠪᠠᠢᠭᠤᠯᠤᠭ᠍ᠳᠠᠭ᠍ᠰᠠᠨ 75 ᠵᠢᠯ᠎ᠤᠨ ᠣᠶ᠎ᠶ᠋ᠢ ᠪᠡᠯᠭᠡᠯᠡᠬᠦ᠌ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠵᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠪᠠ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠤ ᠠᠵᠢᠯ ᠳᠠᠬᠢ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠬᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠤᠨ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠦᠨᠡᠨ ᠬᠦ᠌ ᠡᠭᠦᠷᠭᠡᠯᠡᠵᠦ᠍᠂ ᠭᠤᠣᠯ ᠠᠵᠢᠯ᠎ᠲᠠᠢ ᠤᠶᠠᠯᠳᠤᠭᠤᠯᠬᠤ᠂ ᠶᠡᠭᠡ ᠲᠠᠯ᠎ᠠ᠎ᠳᠤ ᠦᠢᠯᠡᠴᠢᠯᠡᠬᠦ᠌᠎ᠶ᠋ᠢ ᠪᠠᠷᠢᠮᠲᠠᠯᠠᠵᠤ᠂ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠴᠢᠨᠠᠷ ᠰᠠᠢᠲᠠᠶ ᠪᠡᠶᠡᠯᠡᠭᠦᠯᠬᠦ᠌᠎ᠳᠤ ᠬᠦᠴᠦᠨ ᠨᠡᠮᠡᠷᠢᠯᠡᠵᠦ᠍᠂ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠤ ᠰᠠᠭᠤᠷᠢ᠎ᠶ᠋ᠢ ᠪᠠᠲᠤ ᠲᠠᠯᠪᠢᠬᠤ ᠬᠡᠷᠡᠭ᠌ᠲᠡᠢ᠃
— ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠦᠢᠯᠡᠰ᠎ᠤᠨ ᠬᠥᠭ᠌ᠵᠢᠯᠲᠡ ᠲᠠᠪᠱᠢᠯᠳᠠ᠎ᠶ᠋ᠢᠨ ᠦᠨᠳᠦᠰᠦᠨ ᠪᠠᠲᠤᠯᠠᠭ᠎ᠠ ᠮᠥᠨ᠃ ᠪᠢᠳᠡ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠣᠯ ᠪᠦᠬᠦ᠌ ᠲᠠᠯ᠎ᠠ᠎ᠶ᠋ᠢᠨ ᠪᠥᠭᠡᠳ ᠪᠤᠳᠠᠲᠠᠢ ᠭᠡᠳᠡᠭ᠎ᠢ ᠭᠦᠨᠵᠡᠭᠡᠢ ᠲᠠᠨᠢᠵᠤ᠂ ᠢᠮᠠᠭ᠍ᠲᠠ ᠤᠯᠤᠰ ᠲᠥᠷᠥ᠎ᠶ᠋ᠢᠨ ᠵᠣᠭ᠍ᠰᠣᠯᠲᠠ᠂ ᠤᠯᠤᠰ ᠲᠥᠷᠥ᠎ᠶ᠋ᠢᠨ ᠴᠢᠭ᠌ᠯᠡᠯ᠂ ᠤᠯᠤᠰ ᠲᠥᠷᠥ᠎ᠶ᠋ᠢᠨ ᠵᠠᠷᠴᠢᠮ᠂ ᠤᠯᠤᠰ ᠲᠥᠷᠥ᠎ᠶ᠋ᠢᠨ ᠵᠠᠮ ᠳᠡᠭᠡᠷ᠎ᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠲᠠᠢ ᠳᠡᠭᠡᠳᠦ ᠬᠡᠮᠵᠢᠶ᠎ᠡ᠎ᠪᠠᠷ ᠨᠢᠭᠡᠳᠦᠯᠲᠡᠶ ᠪᠠᠢᠵᠤ᠂ 《ᠬᠤᠶᠠᠷ᠎ᠢ ᠬᠠᠮᠠᠭᠠᠯᠠᠬᠤ 》 ᠵᠢ ᠡᠷᠡᠰ ᠪᠡᠶᠡᠯᠡᠭᠦᠯᠬᠦ᠌᠎ᠶ᠋ᠢ ᠭᠤᠣᠯ ᠠᠵᠢᠯ ᠪᠠ ᠶᠡᠭᠡ ᠲᠠᠯ᠎ᠠ᠎ᠳᠤ ᠦᠢᠯᠡᠴᠢᠯᠡᠬᠦ᠌ ᠠᠵᠢᠯ᠎ᠤᠨ ᠪᠣᠳᠠᠲᠤ ᠦᠷ᠎ᠡ ᠪᠦᠲᠦᠮᠵᠢ ᠳᠡᠭᠡᠷ᠎ᠡ ᠢᠯᠡᠷᠡᠭᠦᠯᠵᠦ᠍᠂ ᠤᠯᠤᠰ ᠲᠦᠷᠦ᠍᠎ᠶ᠋ᠢᠨ ᠵᠥᠪᠯᠡᠯᠭᠡ ᠬᠢᠬᠦ᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠂ ᠵᠠᠰᠠᠭ᠎ᠤᠨ ᠶᠠᠪᠤᠳᠠᠯ᠎ᠳᠤ ᠣᠷᠣᠯᠴᠠᠵᠤ ᠲᠦᠷᠦ᠍᠎ᠶ᠋ᠢᠨ ᠬᠡᠷᠡᠭ᠎ᠢ ᠵᠥᠪᠯᠡᠬᠦ᠌ ᠡᠭᠦᠷᠭᠡ ᠴᠢᠳᠠᠪᠤᠷᠢ᠎ᠪᠠᠨ ᠭᠦᠢᠴᠡᠳᠭᠡᠬᠦ᠌ ᠪᠦᠬᠦ᠌ ᠶᠠᠪᠤᠴᠠ ᠲᠠᠯ᠎ᠠ ᠪᠦᠬᠦᠨ᠎ᠳᠤ ᠨᠠᠢᠳᠠᠪᠤᠷᠢᠵᠢᠭᠤᠯᠬᠤ ᠬᠡᠷᠡᠭ᠌ᠲᠡᠢ᠃ ᠨᠠᠮ᠎ᠤᠨ ᠤᠳᠤᠷᠢᠳᠤᠯᠭ᠎ᠠ᠂ ᠨᠢᠭᠡᠳᠦᠮᠡᠯ ᠹᠷᠣᠨᠲ᠂ ᠵᠥᠪᠯᠡᠬᠦ᠌ ᠠᠷᠠᠳᠴᠢᠯᠠᠯ᠎ᠢ ᠣᠷᠭᠠᠨᠢᠭ᠎ᠢᠶᠠᠷ ᠤᠶᠠᠯᠳᠤᠭᠤᠯᠬᠤ᠎ᠶ᠋ᠢ ᠪᠠᠷᠢᠮᠲᠠᠯᠠᠵᠤ᠂ ᠤᠯᠤᠰ ᠲᠥᠷᠥ᠎ᠶ᠋ᠢᠨ ᠵᠥᠪᠯᠡᠯᠭᠡᠨ᠎ᠤ ᠠᠵᠢᠯ᠎ᠳᠠᠬᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢᠨ ᠪᠠᠢᠭᠤᠯᠤᠯ ᠲᠣᠭ᠍ᠲᠠᠴᠠ᠎ᠶ᠋ᠢ ᠪᠦᠷᠢᠨᠱᠢᠭᠦᠯᠦᠨ ᠨᠡᠢᠳᠡᠪᠤᠷᠢᠵᠢᠭᠤᠯᠵᠦ᠍᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠌ ᠳᠤᠮᠳᠠ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠢᠯᠡᠷᠬᠡᠢ ᠤᠯᠤᠰ ᠲᠦᠷᠦ᠍᠎ᠶ᠋ᠢᠨ ᠳᠠᠪᠠᠭᠤᠯᠢᠭ᠎ᠢ ᠨᠡᠩ ᠭᠦᠢᠴᠡᠳ ᠪᠠᠳᠠᠷᠠᠭᠤᠯᠤᠨ᠂ ᠡᠯ᠎ᠠ ᠨᠠᠮ ᠪᠥᠯᠥᠭ ᠪᠥᠯᠬᠦᠮ ᠪᠠ ᠡᠯ᠎ᠠ ᠥᠨᠳᠥᠰᠥᠳᠡᠨ ᠡᠯ᠎ᠠ ᠡᠳᠡᠭᠡᠳ᠎ᠤᠨ ᠬᠥᠮᠥᠰ᠎ᠤᠨ ᠤᠯᠤᠰ ᠲᠦᠷᠦ᠍᠎ᠶ᠋ᠢᠨ ᠲᠠᠯ᠎ᠠ᠎ᠪᠠᠷ ᠪᠦᠯᠬᠦᠮᠳᠡᠨ ᠬᠠᠮᠲᠤᠷᠠᠯᠴᠠᠬᠤ᠂ ᠦᠵᠡᠯ ᠰᠠᠨᠠᠭᠠᠨ᠎ᠤ ᠲᠠᠯ᠎ᠠ᠎ᠪᠠᠷ ᠬᠠᠮᠲᠤ᠎ᠪᠠᠷ ᠳᠠᠪᠱᠢᠬᠤ᠂ ᠦᠢᠯᠡ ᠠᠵᠢᠯᠯᠠᠭ᠎ᠠ᠎ᠶ᠋ᠢᠨ ᠲᠠᠯ᠎ᠠ᠎ᠪᠠᠷ ᠠᠯᠬᠤᠮ᠎ᠢᠶᠠᠨ ᠨᠢᠭᠡᠳᠭᠡᠬᠦ᠌᠎ᠶ᠋ᠢ ᠤᠯᠠᠮ ᠨᠢᠭᠡ ᠠᠯᠬᠤᠮ ᠪᠡᠶᠡᠯᠡᠭᠦᠯᠬᠦ᠌᠎ᠶ᠋ᠢ ᠠᠬᠢᠭᠤᠯᠬᠤ ᠬᠡᠷᠡᠭ᠌ᠲᠡᠢ᠃
— ᠦᠵᠡᠯ ᠰᠠᠨᠠᠭ᠎ᠠ ᠤᠯᠤᠰ ᠲᠥᠷᠥ᠎ᠶ᠋ᠢᠨ ᠬᠦᠲᠦᠯᠦᠨ ᠳᠠᠭᠠᠭᠤᠯᠭ᠎ᠠ᠎ᠶ᠋ᠢ ᠴᠢᠩᠭᠠᠳᠭᠠᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠠᠷ ᠨᠢᠭ᠍ᠲᠠᠷᠠᠭᠤᠯᠤᠨ᠎ᠠ᠃ ᠪᠠᠢᠳᠠᠯ ᠤᠯᠠᠮ ᠪᠤᠳᠤᠯᠢᠶᠠᠨᠲᠠᠶ ᠡᠭᠦᠷᠭᠡ ᠤᠯᠠᠮ ᠬᠦᠨᠳᠦ ᠪᠣᠯᠬᠤ ᠳᠣᠲᠣᠮ᠂ ᠤᠯᠠᠮ ᠪᠦᠯᠬᠦᠮᠳᠡᠨ ᠨᠢᠭᠡᠳᠴᠤ᠌᠂ ᠲᠦᠮᠡᠨ ᠤᠯᠠᠨ᠎ᠢᠶᠠᠷ᠎ᠢᠶᠠᠨ ᠰᠡᠳᠭᠢᠯ ᠨᠢᠬᠡᠳᠦᠨ ᠬᠦᠴᠦ᠍᠎ᠪᠠᠨ ᠬᠠᠮᠳᠤᠳᠭᠠᠵᠦ᠍᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠶᠡᠭᠡ ᠪᠦᠯᠬᠦᠮᠳᠡᠯ᠎ᠢ ᠲᠠᠰᠤᠷᠠᠯᠲᠠ ᠤᠢ᠍ᠭᠡᠢ ᠪᠠᠬᠢᠵᠢᠭᠦᠯᠦᠨ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠳᠠᠳᠤ᠎ᠶ᠋ᠢᠨ ᠬᠥᠪᠡᠭᠦᠳ ᠥᠬᠢᠳ᠎ᠤᠨ ᠶᠡᠭᠡ ᠪᠦᠯᠬᠦᠮᠳᠡᠯ᠎ᠢ ᠴᠢᠩᠭᠠᠳᠭᠠᠬᠤ ᠴᠢᠬᠤᠯᠠᠲᠠᠢ ᠶᠤᠮ᠃ ᠪᠢᠳᠡ ᠨᠠᠮ᠎ᠤᠨ ᠱᠢᠨ᠎ᠡ ᠡᠭᠦᠳᠦᠯᠲᠡ᠎ᠶ᠋ᠢᠨ ᠣᠨᠣᠯ᠎ᠢᠶᠠᠷ ᠵᠡᠪᠰᠡᠭ᠌ᠯᠡᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠭᠡᠱᠢᠭᠦᠳ᠎ᠤᠨ ᠨᠤᠮ ᠤᠩᠱᠢᠬᠤ᠂ ᠣᠨᠣᠯ᠎ᠤᠨ ᠰᠤᠷᠤᠯᠴᠠᠯᠭ᠎ᠠ ᠪᠠ ᠤᠯᠤᠰ ᠲᠥᠷᠥ᠎ᠶ᠋ᠢᠨ ᠪᠣᠯᠪᠠᠰᠤᠷᠠᠭᠤᠯᠤᠯ᠎ᠢ ᠪᠠᠢᠩᠭᠤᠵᠢᠭᠤᠯᠤᠨ ᠥᠷᠨᠢᠭᠦᠯᠵᠦ᠍᠂ ᠪᠦᠯᠬᠦᠮᠳᠡᠨ ᠲᠡᠮᠡᠴᠡᠬᠦ᠌ ᠬᠠᠮᠲᠤ᠎ᠶ᠋ᠢᠨ ᠦᠵᠡᠯ ᠰᠠᠨᠠᠭ᠎ᠠ ᠤᠯᠤᠰ ᠲᠥᠷᠥ᠎ᠶ᠋ᠢᠨ ᠰᠠᠭᠤᠷᠢ᠎ᠶ᠋ᠢ ᠲᠠᠰᠤᠷᠠᠯᠲᠠ ᠥᠬᠡᠶ ᠪᠠᠬᠢᠵᠢᠭᠦᠯᠬᠦ᠌ ᠬᠡᠷᠡᠭ᠌ᠲᠡᠢ᠃ ᠨᠠᠮ ᠪᠠ ᠵᠠᠰᠠᠭ᠎ᠤᠨ ᠣᠷᠳᠣᠨ᠎ᠢ ᠬᠠᠮᠵᠢᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠬᠤ᠂ ᠵᠥᠷᠢᠴᠡᠯ᠎ᠢ ᠠᠷᠢᠯᠭᠠᠬᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠢᠲᠡᠭᠡᠯ᠎ᠢ ᠬᠥᠪᠴᠢᠯᠡᠬᠦ᠌ ᠠᠵᠢᠯ᠎ᠢ ᠰᠠᠢᠲᠤᠷ ᠬᠢᠵᠦ᠍᠂ ᠡᠲᠡᠭᠡᠳ᠎ᠤᠨ ᠢᠯᠭᠠᠯ᠎ᠤᠨ ᠣᠯᠠᠨ ᠲᠦᠮᠡᠨ ᠪᠣᠯᠤᠨ ᠬᠤᠯᠪᠣᠭ᠍ᠳᠠᠯ ᠪᠦᠬᠦᠢ ᠲᠠᠯ᠎ᠠ᠎ᠶ᠋ᠢᠨ᠎ᠬᠢᠨ᠎ᠤ ᠠᠵᠤ ᠠᠬᠤᠢ᠎ᠶ᠋ᠢᠨ ᠪᠠᠢᠳᠠᠯ᠂ ᠬᠥᠭ᠌ᠵᠢᠯᠲᠡ᠎ᠶ᠋ᠢᠨ ᠶᠡᠭᠡ ᠬᠠᠨᠳᠤᠰᠢ᠎ᠶ᠋ᠢ ᠪᠦᠬᠦ᠌ ᠲᠠᠯ᠎ᠠ᠎ᠪᠠᠷ ᠬᠤᠪᠢᠰᠤᠩᠭᠤᠶ᠎ᠪᠠᠷ ᠦᠵᠡᠬᠦ᠌᠎ᠶ᠋ᠢ ᠬᠥᠲᠥᠯᠥᠨ ᠵᠢᠯᠣᠭᠤᠳᠴᠤ᠌᠂ ᠭᠤᠣᠯ ᠬᠥᠭ ᠠᠶᠠᠰ᠎ᠢ ᠴᠣᠣᠷᠢᠶᠠᠳᠣᠭᠤᠯᠵᠥ᠍᠂ ᠢᠳᠡᠪᠬᠢ ᠬᠦᠴᠦᠨ᠎ᠢ ᠳᠠᠮᠵᠢᠭᠤᠯᠬᠤ ᠬᠡᠷᠡᠭ᠌ᠲᠡᠢ᠃ ᠬᠠᠷᠢᠭᠤᠴᠠᠯᠭ᠎ᠠ᠎ᠲᠠᠢ ᠪᠦᠬᠡᠳ ᠬᠠᠢᠷ᠎ᠠ ᠰᠡᠳᠭᠢᠯᠭᠡ ᠲᠠᠢ ᠪᠠᠷ ᠰᠡᠳᠭᠢᠯ᠎ᠤᠨ ᠦᠬᠡ᠎ᠪᠠᠨ ᠶᠠᠷᠢᠯᠴᠠᠨ ᠰᠣᠯᠢᠯᠴᠠᠬᠤ᠂ ᠨᠦᠬᠦᠷᠯᠡᠬᠦ᠌ ᠨᠠᠢᠵᠠᠯᠠᠬᠤ ᠠᠵᠢᠯ᠎ᠢ ᠭᠦᠨᠵᠡᠭᠡᠢᠷᠡᠭᠦᠯᠦᠨ᠂ ᠭᠡᠱᠢᠭᠦᠳ᠎ᠤᠨ ᠡᠲᠡᠭᠡᠳ᠎ᠤᠨ ᠢᠯᠭᠠᠯ᠎ᠤᠨ ᠣᠯᠠᠨ ᠲᠦᠮᠡᠨ᠎ᠲᠠᠢ ᠬᠠᠷᠢᠯᠴᠠᠬᠤ ᠪᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠨ 《ᠠᠷᠠᠳ᠎ᠲᠤ ᠦᠢᠯᠡᠴᠢᠯᠡᠬᠦ᠌》 ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠬᠢᠵᠦ᠍᠂ ᠠᠷᠠᠳ᠎ᠤᠨ ᠪᠠᠢᠳᠠᠯ᠎ᠢ ᠨᠡᠩ ᠰᠠᠢᠨ ᠣᠢᠯᠠᠭᠠᠵᠤ᠂ ᠠᠷᠠᠳ᠎ᠤᠨ ᠵᠣᠪᠠᠨᠢᠯ᠎ᠢ ᠨᠡᠩ ᠰᠠᠢᠨ ᠠᠷᠢᠯᠭᠠᠵᠤ᠂ ᠠᠷᠠᠳ᠎ᠤᠨ ᠰᠡᠳᠭᠢᠯ᠎ᠢ ᠨᠡᠩ ᠰᠠᠢᠨ ᠳᠤᠯᠠᠭᠠᠴᠠᠭᠤᠯᠵᠦ᠍᠂ ᠪᠦᠯᠬᠦᠮᠳᠡᠯ ᠨᠥᠬᠦᠷᠯᠡᠯ᠎ᠤᠨ ᠠᠵᠢᠯ᠎ᠤᠨ ᠪᠣᠳᠠᠲᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃ ᠤᠯᠤᠰ ᠲᠦᠷᠦ᠍᠎ᠶ᠋ᠢᠨ ᠵᠥᠪᠯᠡᠯᠭᠡᠨ᠎ᠤ ᠭᠠᠳᠠᠭᠠᠳᠤ᠎ᠯᠤᠭ᠎ᠠ᠎ᠶ᠋ᠢᠨ ᠨᠥᠬᠦᠷᠰᠡᠭ ᠶᠠᠪᠤᠯᠴᠠᠭ᠎ᠠ᠎ᠶ᠋ᠢ ᠱᠢᠨ᠎ᠡ᠎ᠶ᠋ᠢ ᠡᠭᠦᠳᠦᠨ ᠥᠷᠨᠢᠭᠦᠯᠵᠦ᠍᠂ ᠭᠡᠱᠢᠭᠦᠳ᠎ᠤᠨ ᠭᠠᠳᠠᠭᠠᠳᠤ᠎ᠳᠤ ᠬᠠᠨᠳᠤᠭᠤᠯᠤᠨ ᠢᠳᠡᠪᠬᠢᠲᠡᠢ᠎ᠪᠠᠷ ᠦᠵᠡᠯ ᠪᠤᠳᠤᠯ᠎ᠢᠶᠠᠨ ᠢᠯᠡᠷᠬᠡᠢᠯᠡᠬᠦ᠌ᠶ᠋ᠢ ᠳᠡᠮᠵᠢᠵᠦ᠍᠂ ᠳᠤᠮᠳᠠᠳᠤ ᠤᠯᠤᠰ᠎ᠤᠨ ᠦᠯᠢᠭᠡᠷ᠂ ᠳᠤᠮᠳᠠᠳᠤ ᠤᠯᠤᠰ᠎ᠤᠨ ᠠᠷᠠᠳ᠎ᠤᠨ ᠠᠷᠠᠳᠴᠢᠯᠠᠯ᠎ᠤᠨ ᠦᠯᠢᠬᠡᠷ᠎ᠢ ᠰᠠᠢᠬᠠᠨ ᠶᠠᠷᠢᠬᠤ ᠬᠡᠷᠡᠭ᠌ᠲᠡᠢ᠃
— ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠲᠠᠢ ᠨᠢᠭ᠍ᠲᠠ ᠤᠶᠠᠯᠳᠤᠭᠤᠯᠤᠨ ᠲᠥᠷᠥ᠎ᠶ᠋ᠢᠨ ᠬᠡᠷᠡᠭ᠎ᠢ ᠵᠥᠪᠯᠡᠵᠦ᠍ ᠰᠠᠨᠠᠯ ᠰᠠᠨᠠᠭᠤᠯᠭ᠎ᠠ ᠳᠤᠷᠠᠳᠤᠨ᠎ᠠ᠃ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠳᠤ ᠦᠢᠯᠡᠴᠢᠯᠡᠬᠦ᠌᠎ᠪᠠᠷ ᠠᠵᠢᠯ᠎ᠤᠨ ᠭᠤᠣᠯ ᠱᠢᠵᠢᠮ ᠪᠣᠯᠭᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠬᠠᠯᠠᠮᠵᠢᠯᠠᠵᠤ ᠪᠠᠢᠭ᠎ᠠ ᠠᠰᠠᠭᠤᠳᠠᠯ ᠪᠣᠯᠤᠨ ᠠᠷᠠᠳ ᠣᠯᠠᠨ᠎ᠤ ᠰᠡᠳᠭᠢᠯ ᠳᠠᠯᠪᠢᠵᠤ ᠪᠠᠢᠭ᠎ᠠ ᠵᠦᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ ᠠᠷᠠᠳ᠎ᠤᠨ ᠠᠵᠤ ᠠᠬᠤᠶ ᠪᠣᠯᠤᠨ ᠨᠡᠢᠭᠡᠮ᠎ᠤᠨ ᠬᠥᠭ᠌ᠵᠢᠯᠲᠡ᠎ᠲᠠᠢ ᠬᠤᠯᠪᠣᠭ᠍ᠳᠠᠬᠤ ᠴᠢᠬᠤᠯᠠ ᠶᠡᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠦᠨᠵᠡᠭᠡᠶ ᠪᠠᠢᠴᠠᠭᠠᠨ ᠰᠤᠳᠤᠯᠤᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢ ᠲᠣᠭ᠍ᠲᠠᠭᠠᠬᠤ᠎ᠳᠤ ᠦᠨᠡᠨ ᠪᠤᠳᠠᠲᠠᠢ ᠰᠠᠨᠠᠭᠤᠯᠭ᠎ᠠ ᠳᠡᠪᠱᠢᠭᠦᠯᠦᠨ᠂ ᠰᠠᠢᠨ ᠠᠷᠭ᠎ᠠ ᠪᠤᠳᠤᠯᠭ᠎ᠠ ᠳᠤᠷᠠᠳᠭᠤ ᠬᠡᠷᠡᠭ᠌ᠲᠡᠢ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠵᠥᠪᠱᠢᠶᠡᠷᠡᠭ᠌ᠰᠡᠨ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ 2025 ᠣᠨ᠎ᠤ ᠵᠥᠪᠯᠡᠬᠦ᠌ ᠲᠥᠯᠥᠪᠯᠡᠭᠡ᠎ᠶ᠋ᠢ ᠰᠠᠢᠲᠤᠷ ᠬᠡᠷᠡᠭ᠌ᠵᠢᠭᠦᠯᠵᠦ᠍᠂ ᠭᠦᠨᠵᠡᠭᠡᠶ ᠵᠦᠪᠯᠡᠯᠭᠡ ᠬᠢᠵᠤ ᠲᠦᠷᠦ᠍᠎ᠶ᠋ᠢᠨ ᠬᠡᠷᠡᠭ᠎ᠢ ᠵᠥᠪᠯᠡᠬᠦ᠌᠎ᠶ᠋ᠢ ᠴᠢᠩᠭᠠᠳᠭᠠᠵᠤ᠂ ᠪᠠᠷᠠᠯᠠᠯᠬᠢᠯᠠᠯᠳᠦ ᠴᠢᠨᠠᠷᠳᠠᠢ᠂ ᠬᠠᠨᠳᠤᠯᠭᠠᠲᠤ ᠴᠢᠨᠠᠷᠲᠠᠢ᠂ ᠬᠡᠷᠡᠭ᠌ᠵᠢᠭᠦᠯᠵᠦ᠍ ᠪᠣᠯᠬᠤᠢᠴᠠ ᠴᠢᠨᠠᠷᠲᠠᠢ ᠠᠷᠭᠠᠴᠠᠬᠤ ᠪᠤᠳᠤᠯᠭ᠎ᠠ᠎ᠶ᠋ᠢᠨ ᠰᠠᠨᠠᠭᠤᠯᠭ᠎ᠠ ᠳᠤᠷᠠᠳᠤᠨ ᠭᠠᠷᠭᠠᠬᠤ᠎ᠪᠠᠷ ᠴᠢᠷᠮᠠᠢᠵᠤ᠂ ᠴᠢᠨᠠᠷ ᠰᠠᠢᠲᠠᠢ ᠵᠦᠪᠯᠡᠯᠭᠡ ᠬᠢᠵᠦ᠍᠂ ᠦᠨᠳᠦᠷ ᠲᠦᠪᠱᠢᠨ ᠪᠦᠬᠦᠢ ᠰᠠᠨᠠᠯ ᠰᠠᠨᠠᠭᠤᠯᠭ᠎ᠠ ᠳᠤᠷᠠᠳᠴᠤ᠌ ᠪᠠᠢᠭᠠᠳ ᠱᠢᠨᠵᠢᠯᠡᠬᠦ᠌ ᠤᠬᠠᠭᠠᠨᠴᠢ᠎ᠪᠠᠷ ᠪᠤᠳᠤᠯᠭ᠎ᠠ ᠲᠣᠭ᠍ᠲᠠᠭᠠᠬᠤ᠂ ᠪᠦᠲᠦᠮᠵᠢᠲᠡᠶ᠎ᠪᠠᠷ ᠪᠤᠳᠤᠯᠭ᠎ᠠ ᠬᠡᠷᠡᠭ᠌ᠵᠢᠭᠦᠯᠬᠦ᠌᠎ᠳᠤ ᠨᠡᠩ ᠰᠠᠢᠨ ᠦᠢᠯᠡᠴᠢᠯᠡᠬᠦ᠌ ᠬᠡᠷᠡᠭ᠌ᠲᠡᠢ᠃ ᠵᠥᠪᠯᠡᠬᠦ᠌ ᠬᠡᠯᠪᠡᠷᠢ᠎ᠶ᠋ᠢᠨ ᠬᠢᠨᠠᠯᠲᠠ᠎ᠶ᠋ᠢᠨ ᠳᠠᠪᠠᠭᠤᠯᠢᠭ᠎ᠢ ᠪᠠᠳᠠᠷᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠭᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠶ᠋ᠢ ᠠᠬᠢᠭᠤᠯᠬᠤ ᠬᠡᠷᠡᠭ᠌ᠲᠡᠢ᠃
— ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠵᠥᠪᠯᠡᠬᠦ᠌ ᠠᠷᠠᠳᠴᠢᠯᠠᠯ᠎ᠤᠨ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠪᠢᠳᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠶᠡᠭᠡ ᠬᠤᠷᠠᠯ᠎ᠤᠨ ᠵᠥᠪᠯᠡᠬᠦ᠌ ᠠᠷᠠᠳᠴᠢᠯᠠᠯ᠎ᠢ ᠪᠦᠬᠦ᠌ ᠲᠠᠯ᠎ᠠ᠎ᠪᠠᠷ ᠬᠥᠭ᠌ᠵᠢᠭᠦᠯᠬᠦ᠌ ᠲᠤᠬᠠᠶ ᠴᠢᠬᠤᠯᠠ ᠪᠠᠢᠷᠢᠯᠠᠭᠤᠯᠤᠯᠲᠠ ᠪᠠ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠦᠳᠡ ᠬᠤᠷᠠᠯ᠎ᠤᠨ ᠵᠥᠪᠯᠡᠬᠦ᠌ ᠠᠷᠠᠳᠴᠢᠯᠠᠯ᠎ᠤᠨ ᠲᠣᠭ᠍ᠲᠠᠴᠠ᠎ᠶ᠋ᠢ ᠪᠦᠷᠢᠨᠱᠢᠭᠦᠯᠬᠦ᠌ ᠲᠤᠬᠠᠶ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠵᠥᠪᠯᠡᠬᠦ᠌ ᠠᠷᠠᠳᠴᠢᠯᠠᠯ᠎ᠤᠨ ᠪᠠᠢᠭᠤᠯᠤᠯᠲᠠ᠎ᠶ᠋ᠢ ᠠᠬᠢᠭᠤᠯᠵᠤ᠂ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ᠎ᠢ ᠬᠥᠲᠥᠯᠥᠨ ᠵᠢᠯᠣᠭᠤᠳᠴᠤ᠌ ᠪᠠᠢᠭᠠᠳ ᠰᠡᠳᠭᠢᠯ᠎ᠢᠶᠠᠨ ᠨᠢᠭ᠍ᠲᠠᠷᠠᠭᠤᠯᠤᠨ ᠬᠦᠴᠦᠨ᠎ᠢᠶᠠᠨ ᠲᠦᠪᠯᠡᠷᠡᠭᠦᠯᠬᠦ᠂ ᠪᠤᠳᠤᠯᠭ᠎ᠠ ᠲᠣᠭ᠍ᠲᠠᠭᠠᠬᠤ᠎ᠳᠤ ᠵᠥᠪᠯᠡᠯᠭᠡ ᠥᠭ᠌ᠬᠦ᠂ ᠵᠥᠪᠯᠡᠬᠦ᠌ ᠠᠷᠠᠳᠴᠢᠯᠠᠯ᠂ ᠲᠦᠷᠦ᠍᠎ᠶ᠋ᠢ ᠵᠠᠰᠠᠬᠤ ᠨᠢᠭᠡᠳᠦᠭᠡᠷ ᠹᠷᠣᠨᠲ᠎ᠤᠨ ᠪᠣᠳᠠᠲᠠᠶ ᠦᠢᠯᠡᠳᠦᠯᠭᠡ᠎ᠳᠤ ᠤᠬᠠᠮᠰᠠᠷ᠎ᠠᠴᠠ᠎ᠨᠢ ᠣᠷᠣᠯᠴᠠᠭᠤᠯᠬᠤ ᠬᠡᠷᠡᠭ᠌ᠲᠡᠢ᠃ ᠭᠦᠨᠵᠡᠭᠡᠶ ᠵᠥᠪᠳᠡᠯᠴᠡᠨ ᠦᠢᠯᠡᠳᠦᠯᠴᠡᠬᠦ᠂ ᠰᠠᠨᠠᠯ᠎ᠢᠶᠠᠨ ᠭᠦᠢᠴᠡᠳ ᠢᠯᠡᠳᠭᠡᠬᠦ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠠᠷ ᠨᠢᠭ᠍ᠲᠠᠷᠠᠭᠤᠯᠬᠤ ᠲᠣᠭ᠍ᠲᠠᠴᠠ᠎ᠶ᠋ᠢ ᠪᠦᠷᠢᠨᠱᠢᠭᠦᠯᠵᠦ᠍᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠵᠥᠪᠯᠡᠬᠦ᠌ ᠠᠵᠢᠯ᠎ᠤᠨ ᠲᠦᠷᠢᠮ᠎ᠢ ᠵᠠᠰᠠᠨ ᠲᠣᠭ᠍ᠲᠠᠭᠠᠵᠤ᠂ ᠵᠦᠪᠯᠡᠯᠭᠡ ᠬᠢᠭ᠌ᠰᠡᠨ ᠦᠷ᠎ᠡ ᠪᠦᠳᠤᠭᠡᠯ᠎ᠢ ᠬᠦᠯᠢᠶᠡᠨ ᠠᠪᠬᠤ᠂ ᠨᠡᠢᠳᠡᠪᠤᠷᠢᠵᠢᠭᠤᠯᠬᠤ ᠪᠡ ᠬᠠᠷᠢᠭᠤ ᠲᠤᠰᠭᠠᠬᠤ ᠲᠤᠭ᠍ᠳᠠᠴᠠ᠎ᠶ᠋ᠢ ᠲᠡᠭᠦᠯᠳᠡᠷᠵᠢᠭᠦᠯᠬᠦ᠌ ᠬᠡᠷᠡᠭ᠌ᠲᠡᠢ᠃ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠨᠡᠢᠭᠡᠮ᠎ᠤᠨ ᠪᠠᠢᠳᠠᠯ ᠠᠷᠠᠳ᠎ᠤᠨ ᠰᠠᠨᠠᠭ᠎ᠠ᠎ᠶ᠋ᠢ ᠲᠤᠰᠭᠠᠬᠤ᠂ ᠣᠯᠠᠨ ᠲᠦᠮᠡᠨ᠎ᠲᠠᠢ ᠬᠠᠷᠢᠯᠴᠠᠬᠤ᠂ ᠠᠷᠠᠳ ᠲᠦᠮᠡᠨ᠎ᠳᠤ ᠦᠢᠯᠡᠴᠢᠯᠡᠬᠦ᠌ ᠲᠣᠭ᠍ᠲᠠᠴᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠭᠡᠱᠢᠭᠦᠳ᠎ᠤᠨ ᠪᠠᠢᠴᠠᠭᠠᠨ ᠦᠵᠡᠬᠦ᠌ ᠪᠠᠢᠴᠠᠭᠠᠨ ᠱᠢᠨᠵᠢᠯᠡᠬᠦ᠌ ᠠᠵᠢᠯ᠎ᠤᠨ ᠲᠦᠷᠢᠮ᠎ᠢ ᠵᠠᠰᠠᠨ ᠲᠣᠭ᠍ᠲᠠᠭᠠᠵᠤ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠡᠲᠡᠭᠡᠳ᠎ᠤᠨ ᠢᠯᠭᠠᠯ᠎ᠤᠨ ᠦᠪᠡᠷᠮᠢᠴᠡ ᠦᠢᠯᠡᠳᠦᠯ᠎ᠢ ᠨᠡᠩ ᠰᠠᠢᠨ ᠪᠠᠳᠠᠷᠠᠭᠤᠯᠵᠤ᠂ ᠲᠤᠰᠭᠠᠶ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠬᠡᠷᠡᠭ᠌ᠲᠡᠢ᠃
ᠭᠡᠱᠢᠭᠦᠳ ᠡ! ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠡᠭᠦᠷᠭᠡ ᠦᠩᠭᠡ ᠭᠡᠷᠡᠯᠲᠡᠢ ᠪᠦᠭᠡᠳ ᠬᠠᠲᠠᠭᠤ ᠪᠠᠷᠭᠡᠱᠢᠶᠠᠯᠳᠠᠢ ᠪᠠᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠢᠷᠡᠭᠡᠳᠦᠶ ᠭᠡᠭᠡᠨ ᠰᠠᠷᠠᠭᠤᠯ ᠰᠠᠢᠨ ᠰᠠᠢᠬᠠᠨ ᠪᠠᠢᠨ᠎ᠠ᠃ ᠪᠢᠳᠡ ᠶᠡᠷᠦᠩᠬᠡᠶ ᠱᠦᠵᠢ ᠰᠢ᠎ᠶ᠋ᠢᠨ ᠫᠢᠩ᠎ᠤᠨ ᠨᠠᠨᠳᠢᠨ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠤᠯᠤᠰ ᠲᠦᠷᠦ᠍᠎ᠶ᠋ᠢᠨ ᠪᠡᠶ᠎ᠡ ᠬᠡᠮ᠎ᠢᠶᠠᠨ ᠡᠷᠬᠢᠮᠨᠡᠨ ᠦᠵᠡᠵᠦ᠍᠂ ᠤᠯᠤᠰ ᠲᠦᠷᠦ᠍᠎ᠶ᠋ᠢᠨ ᠵᠠᠩ ᠴᠢᠨᠠᠷ᠎ᠢᠶᠠᠨ ᠲᠠᠪᠳᠠᠨ ᠪᠤᠯᠪᠠᠰᠤᠷᠠᠭᠤᠯᠵᠤ᠂ ᠤᠯᠤᠰ ᠲᠦᠷᠦ᠍᠎ᠶ᠋ᠢᠨ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠱᠢᠷᠭᠠᠭᠤ ᠰᠤᠷᠤᠯᠴᠠᠨ᠂ ᠴᠢᠳᠠᠮᠠᠭᠠᠢ ᠰᠤᠳᠤᠯᠤᠨ᠂ ᠵᠤᠷᠢᠭ᠍ᠲᠠᠢ ᠡᠭᠦᠷᠭᠡᠯᠡᠵᠦ᠍᠂ ᠲᠤᠱᠢᠶᠠᠯ ᠬᠠᠷᠢᠭᠤᠴᠠᠯᠭ᠎ᠠ᠎ᠪᠠᠨ ᠴᠢᠨᠠᠷ ᠰᠠᠢᠳᠠᠢ ᠭᠦᠢᠴᠡᠳᠭᠡᠬᠦ᠌᠎ᠪᠠᠷ ᠤᠯᠤᠰ ᠲᠦᠷᠦ᠍᠎ᠶ᠋ᠢᠨ ᠵᠦᠪᠯᠡᠯᠭᠡᠨ᠎ᠤ ᠭᠡᠱᠢᠭᠦᠳ᠎ᠤᠨ ᠴᠠᠭ ᠦᠶ᠎ᠡ᠎ᠶ᠋ᠢᠨ ᠴᠤᠭ ᠵᠢᠪᠬᠤᠭ᠎ᠠ᠎ᠶ᠋ᠢ ᠢᠯᠡᠷᠡᠭᠦᠯᠬᠦ᠌ ᠬᠡᠷᠡᠭ᠌ᠲᠡᠢ᠃ ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠲᠣᠭᠤᠷᠢᠨ᠎ᠳᠤ ᠨᠠᠩ ᠢᠯᠡᠭᠦᠦ ᠨᠢᠭ᠍ᠲᠠᠷᠠᠨ ᠪᠦᠯᠬᠦᠮᠳᠡᠵᠦ᠍᠂ ᠵᠠᠪᠠᠯ ᠢᠯᠠᠬᠤ ᠢᠲᠡᠭᠡᠯ᠎ᠢᠶᠠᠨ ᠪᠠᠲᠤᠳᠭᠠᠵᠤ᠂ ᠡᠷᠡᠯᠬᠡᠭ᠌ᠯᠡᠨ ᠤᠷᠤᠭ᠍ᠰᠢᠯᠠᠬᠤ ᠬᠦᠴᠦᠨ᠎ᠢ ᠬᠤᠷᠠᠮᠳᠤᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠳᠠᠬᠢ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠤ ᠠᠵᠢᠯ᠎ᠤᠨ ᠱᠢᠨ᠎ᠡ ᠳᠡᠭ᠌ᠲᠡᠷ᠎ᠲᠤ ᠭᠠᠷᠬᠤ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠥᠷᠭᠡᠨ᠎ᠢᠶᠠᠷ ᠬᠥᠮᠦᠰ᠎ᠤᠨ ᠰᠡᠳᠭᠢᠯ᠎ᠢ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠤᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠤᠶ᠎ᠠ!
( ᠰᠢᠨᠬᠣᠸᠠ ᠬᠣᠷᠢᠶ᠎ᠠ ᠵᠢᠨ ᠪᠡᠭᠡᠵᠢᠩ ᠤ᠋ᠨ 3 ᠰᠠᠷ᠎ᠠ ᠵᠢᠨ 10 ᠤ᠋ ᠴᠠᠬᠢᠯᠭᠠᠨ ᠮᠡᠳᠡᠭᠡ ᠂ ᠳᠣᠮᠳᠠᠳᠣ ᠣᠯᠣᠰ ᠤ᠋ᠨ ᠦᠨᠳᠦᠰᠦᠳᠡᠨ ᠤ᠋ ᠬᠡᠯᠡᠨ ᠤ᠋ ᠣᠷᠴᠢᠭᠣᠯᠭ᠎ᠠ ᠵᠢᠨ ᠳᠣᠪᠴᠢᠶ᠎ᠠ ᠣᠷᠴᠢᠭᠣᠯᠪᠠ )