《ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠠᠤᠯᠢ》ᠳ᠋ᠤ᠌ ᠵᠠᠰᠠᠪᠤᠷᠢ ᠣᠷᠣᠭᠤᠯᠬᠤ ᠲᠤᠬᠠᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠣᠭ᠍ᠲᠠᠭᠠᠯ
2025-03-12 19:13:23
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2025 ᠣᠨ᠎ᠤ 3 ᠰᠠᠷ᠎ᠠ᠎ᠶ᠋ᠢᠨ 11 ᠤ᠋ ᠡᠳᠦᠷ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠡᠴᠡ ᠪᠠᠲᠤᠯᠠᠪᠠ)

ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠲᠡᠷᠢᠭᠦᠯᠡᠭ᠌ᠴᠢ᠎ᠶ᠋ᠢᠨ ᠵᠠᠷᠯᠢᠭ

(ᠳᠥᠴᠢᠨ ᠲᠠᠪᠤᠳᠤᠭᠠᠷ ᠲᠣᠭᠠᠲᠤ)

《〈 ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠠᠤᠯᠢ〉 ᠳ᠋ᠦ᠍ ᠵᠠᠰᠠᠪᠤᠷᠢ ᠣᠷᠣᠭᠤᠯᠬᠤ ᠲᠤᠬᠠᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠣᠭ᠍ᠲᠠᠭᠠᠯ》ᠢ᠋ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠡᠴᠡ 2025 ᠣᠨ᠎ᠤ 3 ᠰᠠᠷ᠎ᠠ᠎ᠶ᠋ᠢᠨ 11 ᠎ᠤ᠋ ᠡᠳᠦᠷ ᠪᠠᠲᠤᠯᠠᠪᠠ᠂ ᠤᠳᠤ ᠨᠡᠢᠲᠡᠯᠡᠰᠦᠭᠡᠢ᠂ 2025 ᠣᠨ᠎ᠤ 3 ᠰᠠᠷ᠎ᠠ᠎ᠶ᠋ᠢᠨ 12 ᠎ᠡᠴᠡ ᠡᠬᠢᠯᠡᠵᠦ᠍ ᠬᠡᠷᠡᠭ᠌ᠵᠢᠭᠦᠯᠦᠨ᠎ᠡ᠃

ᠪᠦᠭᠦᠳᠡ ᠨᠠᠢᠷᠠᠮᠳᠠᠬᠤ ᠳᠤᠮᠳᠠᠳᠤ ᠠᠷᠠᠳ  ᠤᠯᠤᠰ ᠎ᠤᠨ  ᠲᠡᠷᠢᠭᠦᠯᠡᠭ᠌ᠴᠢ     

ᠰᠢ ᠵᠢᠨ ᠫᠢᠩ

2025 ᠣᠨ᠎ᠤ 3 ᠰᠠᠷ᠎ᠠ᠎ᠶ᠋ᠢᠨ 11᠎ᠤ᠋ ᠡᠳᠦᠷ

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ)


ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠡᠴᠡ《ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠠᠤᠯᠢ》ᠳ᠋ᠤ᠌ ᠳᠣᠣᠷᠠᠬᠢ ᠮᠡᠲᠦ ᠵᠠᠰᠠᠪᠤᠷᠢ ᠣᠷᠣᠭᠤᠯᠬᠤ᠎ᠪᠠᠷ ᠲᠣᠭ᠍ᠲᠠᠭᠠᠪᠠ᠄

ᠨᠢᠭᠡ᠂ ᠬᠤᠶᠠᠳᠤᠭᠠᠷ ᠵᠦᠢᠯ᠎ᠢ᠄ 《ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠤᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢ ᠬᠠᠤᠯᠢ ᠴᠠᠭᠠᠵᠠ᠎ᠶ᠋ᠢᠨ ᠲᠣᠭ᠍ᠲᠠᠭᠠᠯ ᠶᠣᠰᠣᠭᠠᠷ ᠰᠣᠩᠭᠤᠵᠤ ᠭᠠᠷᠭᠠᠨ᠎ᠠ᠃

《ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠪᠣᠯ ᠲᠦᠷᠦ᠍᠎ᠶ᠋ᠢᠨ ᠳᠡᠭᠡᠳᠦ ᠡᠷᠬᠡᠲᠦ ᠪᠠᠢᠭᠤᠯᠭ᠎ᠠ᠎ᠶ᠋ᠢᠨ ᠪᠦᠷᠢᠯᠳᠦᠬᠦᠨ ᠮᠥᠨ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠪᠣᠯ ᠣᠷᠣᠨ ᠨᠤᠲᠤᠭ᠎ᠤᠨ ᠡᠯ᠎ᠡ ᠱᠠᠲᠤᠨ᠎ᠤ ᠲᠦᠷᠦ᠍᠎ᠶ᠋ᠢᠨ ᠡᠷᠬᠡᠲᠦ ᠪᠠᠢᠭᠤᠯᠭ᠎ᠠ᠎ᠶ᠋ᠢᠨ ᠪᠦᠷᠢᠯᠳᠦᠬᠦᠨ ᠮᠥᠨ᠃

《ᠪᠦᠬᠦ᠌ ᠤᠯᠤᠰ᠎ᠤᠨ ᠠᠷᠠᠳ᠎ᠤᠨ ᠳᠦᠯᠦᠭᠡᠯᠡᠭ᠌ᠴᠢᠳ᠎ᠤᠨ ᠶᠡᠭᠡ ᠬᠤᠷᠠᠯ ᠪᠤᠯᠤᠨ ᠤᠷᠤᠨ ᠨᠤᠳᠤᠭ᠎ᠤᠨ ᠡᠯ᠎ᠡ ᠱᠠᠳᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠎ᠶ᠋ᠢᠨ ᠬᠤᠭᠤᠴᠠᠭ᠎ᠠ ᠪᠦᠷᠢ᠎ᠶ᠋ᠢᠨ ᠳᠤᠱᠢᠶᠠᠯ᠎ᠤᠨ ᠬᠤᠭᠤᠴᠠᠭ᠎ᠠ᠎ᠨᠢ ᠳᠠᠪᠤᠨ ᠵᠢᠯ᠂ ᠡᠨᠡ᠎ᠨᠢ ᠬᠤᠭᠤᠴᠠᠭ᠎ᠠ ᠪᠦᠷᠢ᠎ᠶ᠋ᠢᠨ ᠲᠤᠰ ᠱᠠᠳᠤᠨ᠎ᠤ ᠠᠷᠠᠳ᠎ᠤᠨ ᠳᠦᠯᠦᠭᠡᠯᠡᠭ᠌ᠴᠢᠳ᠎ᠤᠨ ᠶᠡᠭᠡ ᠬᠤᠷᠠᠯ ᠠᠩᠬᠠᠳᠤᠭᠠᠷ ᠬᠤᠷᠠᠯ ᠬᠤᠷᠠᠯᠳᠤᠭᠤᠯᠬᠤ᠎ᠡᠴᠡ ᠡᠬᠢᠯᠡᠨ ᠳᠠᠷᠠᠭᠠᠴᠢ᠎ᠶ᠋ᠢᠨ ᠬᠤᠭᠤᠴᠠᠭᠠᠨ᠎ᠤ ᠲᠤᠰ ᠱᠠᠲᠦᠨ᠎ᠤ ᠠᠷᠠᠳ᠎ᠤᠨ ᠳᠦᠯᠦᠭᠡᠯᠡᠭ᠌ᠴᠢᠳ᠎ᠤᠨ ᠶᠡᠭᠡ ᠬᠤᠷᠠᠯ ᠠᠩᠬᠠᠳᠤᠭᠠᠷ ᠬᠤᠷᠠᠯ ᠬᠤᠷᠠᠯᠳᠤᠭᠤᠯᠬᠤ ᠬᠦᠷᠳᠡᠯᠡᠬᠢ ᠴᠠᠭ ᠪᠤᠯᠤᠨ᠎ᠠ》 ᠭᠡᠵᠤ ᠵᠠᠰᠠᠨ᠎ᠠ᠃

ᠬᠤᠶᠠᠷ᠂ ᠬᠤᠶᠠᠳᠤᠭᠠᠷ ᠵᠦᠢᠯ᠎ᠤᠨ ᠭᠤᠷᠪᠠᠳᠤᠭᠠᠷ ᠪᠠᠳᠠᠭ᠎ᠢ ᠠᠰ᠎ᠲᠤᠨᠢ ᠨᠢᠭᠡ ᠵᠦᠢᠯ ᠪᠣᠯᠭᠠᠵᠦ᠍ ᠭᠤᠷᠪᠠᠳᠤᠭᠠᠷ ᠵᠦᠢᠯ ᠪᠣᠯᠭᠠᠭᠠᠳ᠄ 《ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠮᠠᠷᠺᠰ ᠯᠧᠨᠢᠨ᠎ᠤ ᠦᠵᠡᠯ᠂ ᠮᠠᠤ ᠽᠧ ᠳ᠋ᠦᠩ ᠤ᠋ᠨ ᠦᠵᠡᠯ ᠰᠠᠨᠠᠭ᠎ᠠ᠂  ᠳ᠋ᠧᠩ ᠱᠢᠶᠤᠤ ᠫᠢᠩ ᠤ᠋ᠨ ᠤᠨᠤᠯ᠂〈ᠭᠤᠷᠪᠠ᠎ᠶ᠋ᠢ ᠲᠥᠯᠥᠭᠡᠯᠡᠬᠦ᠌ 〉ᠴᠢᠬᠤᠯᠠ ᠦᠵᠡᠯ ᠰᠠᠨᠠᠭ᠎ᠠ᠂ ᠱᠢᠨᠵᠢᠯᠡᠬᠦ᠌ ᠤᠬᠠᠭᠠᠨᠴᠢ ᠬᠥᠭ᠌ᠵᠢᠯᠲᠡ᠎ᠶ᠋ᠢᠨ ᠦᠵᠡᠯᠲᠡ᠂ ᠰᠢ᠎ᠶ᠋ᠢᠨ ᠫᠢᠩ ᠤ᠋ᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠤᠯᠤᠰ ᠲᠥᠷᠥ᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠭᠤᠢᠪᠢᠰᠢ ᠦᠭᠡᠢ ᠵᠠᠮᠨᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠲᠣᠰ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠳᠤ ᠣᠯᠭᠤᠭ᠍ᠰᠠᠨ ᠡᠯ᠎ᠡ ᠵᠦᠢᠯ᠎ᠤᠨ ᠡᠷᠬᠡ ᠲᠤᠱᠢᠶᠠᠯ᠎ᠤᠨ ᠶᠤᠰᠤᠭᠠᠷ᠂ ᠠᠷᠠᠳᠴᠢᠯᠠᠯ ᠲᠥᠪᠯᠡᠷᠡᠯ᠎ᠤᠨ ᠶᠣᠰᠣᠨ᠎ᠤ ᠵᠠᠷᠴᠢᠮ᠎ᠢ ᠵᠢᠷᠤᠮᠯᠠᠵᠤ᠂ ᠲᠥᠷᠥ᠎ᠶ᠋ᠢᠨ ᠡᠷᠬᠡ᠎ᠶ᠋ᠢ ᠬᠡᠷᠡᠭ᠌ᠵᠢᠭᠦᠯᠬᠦ᠌᠎ᠳᠤ ᠣᠷᠣᠯᠴᠠᠬᠤ ᠬᠡᠷᠡᠭ᠌ᠲᠠᠢ 》 ᠭᠡᠵᠤ ᠵᠠᠰᠠᠨ᠎ᠠ᠃

ᠭᠤᠷᠪᠠ᠂ ᠭᠤᠷᠪᠠᠨ ᠵᠦᠢᠯ ᠨᠡᠮᠡᠵᠤ ᠳᠥᠷᠪᠡᠳᠦᠭᠡᠷ ᠵᠦᠢᠯ᠂ ᠲᠠᠪᠤᠳᠤᠭᠠᠷ ᠵᠦᠢᠯ ᠪᠠ ᠵᠢᠷᠭᠤᠳᠤᠭᠠᠷ ᠵᠦᠢᠯ ᠪᠣᠯᠭᠠᠨ᠎ᠠ᠄ 《ᠳᠥᠷᠪᠡᠳᠦᠭᠡᠷ ᠵᠦᠢᠯ  ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠤᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠠᠵᠢᠯᠯᠠᠭᠤᠯᠬᠤ᠎ᠪᠠᠷ ᠥᠪᠡᠷ᠎ᠤᠨ᠎ᠢᠶᠠᠨ ᠡᠭᠦᠷᠭᠡ ᠪᠣᠯᠭᠠᠵᠤ᠂ ᠤᠯᠤᠰ ᠲᠦᠷᠦ᠍᠎ᠶ᠋ᠢᠨ ᠲᠠᠯ᠎ᠠ᠎ᠪᠠᠷ ᠪᠠᠲᠤ ᠴᠢᠩᠭ᠎ᠠ ᠪᠠᠢᠬᠤ᠂ ᠠᠷᠠᠳ ᠲᠦᠮᠡᠨ᠎ᠳᠤ ᠦᠢᠯᠡᠴᠢᠯᠡᠬᠦ᠂ ᠬᠠᠤᠯᠢ᠎ᠪᠠᠷ ᠵᠠᠰᠠᠬᠤ᠎ᠶ᠋ᠢ ᠬᠦᠨᠳᠦᠳᠭᠡᠬᠦ᠂ ᠠᠷᠠᠳᠴᠢᠯᠠᠯ᠎ᠢ ᠪᠠᠳᠠᠷᠠᠭᠤᠯᠬᠤ᠂ ᠲᠤᠱᠢᠶᠠᠯ ᠬᠠᠷᠢᠭᠤᠴᠠᠯᠭ᠎ᠠ᠎ᠪᠠᠨ ᠴᠢᠷᠮᠠᠢᠨ ᠭᠦᠢᠴᠡᠳᠭᠡᠬᠦ᠌᠎ᠶ᠋ᠢ ᠪᠡᠶᠠᠯᠡᠭᠦᠯᠵᠤ᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ᠎ᠶ᠋ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶ᠋ᠢ ᠤᠬᠠᠮᠰᠠᠷ᠎ᠡᠴᠡ᠎ᠪᠠᠨ ᠪᠠᠷᠢᠮᠲᠠᠯᠠᠬᠤ ᠤᠯᠤᠰ ᠲᠦᠷᠦ᠍᠎ᠶ᠋ᠢᠨ ᠪᠠᠢᠭᠤᠯᠭ᠎ᠠ᠂ ᠠᠷᠠᠳ ᠲᠦᠮᠡᠨ᠎ᠤ ᠡᠵᠡᠨ ᠰᠠᠭᠤᠵᠤ ᠡᠷᠬᠡ ᠮᠡᠳᠡᠬᠦ᠌᠎ᠶ᠋ᠢ ᠪᠠᠲᠤᠯᠠᠬᠤ ᠲᠦᠷᠦ᠍᠎ᠶ᠋ᠢᠨ ᠡᠷᠬᠡᠲᠦ ᠪᠠᠢᠭᠤᠯᠭ᠎ᠠ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠡᠴᠡ ᠣᠯᠭᠤᠭ᠍ᠰᠠᠨ ᠡᠯ᠎ᠡ ᠵᠦᠢᠯ᠎ᠤᠨ ᠲᠤᠱᠢᠶᠠᠯ ᠬᠠᠷᠢᠭᠤᠴᠠᠯᠭ᠎ᠠ᠎ᠶ᠋ᠢ ᠪᠦᠬᠦ᠌ ᠲᠠᠯ᠎ᠠ᠎ᠪᠠᠷ ᠡᠭᠦᠷᠭᠡᠯᠡᠬᠦ᠌ ᠠᠵᠢᠯ᠎ᠤᠨ ᠪᠠᠢᠭᠤᠯᠭ᠎ᠠ᠂ ᠢᠮᠠᠬ᠍ᠲᠠ ᠠᠷᠠᠳ ᠤᠯᠠᠨ᠎ᠯᠤᠭ᠎ᠠ ᠨᠢᠭ᠍ᠲᠠ ᠬᠠᠷᠢᠯᠴᠠᠭ᠎ᠠ᠎ᠪᠠᠨ ᠪᠠᠳᠤᠯᠠᠬᠤ ᠲᠦᠯᠦᠭᠡᠯᠡᠬᠦ᠌ ᠪᠠᠢᠭᠤᠯᠭ᠎ᠠ ᠪᠤᠯᠭᠠᠨ ᠪᠦᠲᠦᠭᠡᠨ ᠪᠠᠢᠭᠤᠯᠬᠤ᠎ᠶ᠋ᠢᠨ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠭᠡᠬᠦ᠌ ᠬᠡᠷᠡᠭ᠌ᠲᠠᠢ᠃

《 ᠲᠠᠪᠤᠳᠤᠭᠠᠷ ᠵᠦᠢᠯ  ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠠᠷᠠᠳ ᠲᠦᠮᠡᠨ᠎ᠢᠶᠠᠷ ᠭᠤᠤᠯ ᠪᠣᠯᠭᠠᠬᠤ᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠬᠦᠯᠵᠦ᠍᠂ ᠢᠮᠠᠭ᠍ᠲᠠ ᠠᠷᠠᠳ ᠣᠯᠠᠨ᠎ᠯᠤᠭ᠎ᠠ ᠨᠢᠭ᠍ᠲᠠ ᠬᠠᠷᠢᠯᠴᠠᠭ᠎ᠠ᠎ᠪᠠᠨ ᠪᠠᠳᠤᠯᠠᠠ᠂ ᠠᠷᠠᠳ ᠲᠦᠮᠡᠨ᠎ᠤ ᠠᠱᠢᠭ ᠲᠤᠰᠠ ᠪᠠ ᠵᠣᠷᠢᠭ ᠰᠠᠨᠠᠭ᠎ᠠ᠎ᠶ᠋ᠢ ᠦᠨᠡᠨᠴᠢ ᠱᠢᠳᠤᠷᠭᠤ᠎ᠪᠠᠷ ᠲᠥᠯᠥᠭᠡᠯᠡᠵᠦ᠍᠂ ᠠᠷᠠᠳ ᠲᠦᠮᠡᠨ᠎ᠤ ᠬᠢᠨᠠᠯᠲᠠ᠎ᠶ᠋ᠢ ᠤᠬᠠᠮᠰᠠᠷ᠎ᠡᠴᠡ᠎ᠪᠠᠨ ᠬᠦᠯᠢᠶᠡᠬᠦ᠌ ᠬᠡᠷᠡᠭ᠌ᠲᠠᠢ᠃

《 ᠵᠢᠷᠭᠤᠳᠤᠭᠠᠷ ᠵᠦᠢᠯ  ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠦᠨᠳᠦᠰᠦᠨ ᠬᠠᠤᠯᠢ᠎ᠳᠤ ᠦᠨᠡᠨᠴᠢ ᠱᠢᠳᠤᠷᠭᠤ ᠪᠠᠢᠵᠤ᠂ ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠦᠨᠳᠦᠰᠦᠨ ᠬᠠᠤᠯᠢ᠎ᠶ᠋ᠢᠨ ᠡᠷᠬᠡ ᠰᠦᠷ᠎ᠢ ᠬᠠᠮᠠᠭᠠᠯᠠᠵᠤ᠂ ᠨᠡᠢᠭᠡᠮ ᠵᠢᠷᠤᠮ᠎ᠤᠨ ᠬᠠᠤᠯᠢ ᠳᠦᠷᠢᠮ᠎ᠤᠨ ᠨᠢᠭᠡᠳᠦᠯ ᠪᠠ ᠨᠡᠷ᠎ᠡ ᠬᠦᠨᠳᠦ᠍᠎ᠶ᠋ᠢ ᠬᠠᠮᠠᠭᠠᠯᠠᠨ᠂ ᠪᠦᠬᠦ᠌ ᠲᠠᠯ᠎ᠠ᠎ᠪᠠᠷ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠠᠬᠢᠭᠤᠯᠬᠤ᠂ ᠨᠡᠩ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠢ ᠪᠦᠲᠦᠭᠡᠨ ᠪᠠᠢᠭᠤᠯᠬᠤ᠎ᠶ᠋ᠢᠨ ᠲᠦᠯᠦᠭᠡ ᠬᠦᠴᠦᠨ ᠴᠢᠳᠠᠯ᠎ᠢᠶᠠᠨ ᠡᠷᠭᠦᠬᠦ᠌ ᠭᠡᠷᠡᠭ᠌ᠲᠠᠢ᠃》

ᠳᠦᠷᠪᠡ᠂ ᠭᠤᠷᠪᠠᠳᠤᠭᠠᠷ ᠵᠦᠢᠯ᠎ᠢ ᠳᠣᠯᠣᠳᠤᠭᠠᠷ ᠵᠦᠢᠯ ᠪᠣᠯᠭᠠᠵᠤ᠂ ᠨᠢᠭᠡ ᠵᠤᠷᠪᠤᠰ ᠨᠡᠮᠡᠵᠤ ᠵᠢᠷᠭᠤᠳᠤᠭᠠᠷ ᠵᠤᠷᠪᠤᠰ ᠪᠣᠯᠭᠠᠨ᠎ᠠ᠄ 《(ᠵᠢᠷᠭᠤᠭ᠎ᠠ) ᠲᠤᠰ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠷᠠᠯ ᠲᠡᠭᠦᠰᠦᠭ᠌ᠰᠡᠨ ᠬᠤᠭᠤᠴᠠᠭᠠᠨ᠎ᠳᠠᠬᠢ ᠨᠢᠭᠡᠳᠦᠯᠳᠠᠢ ᠵᠤᠬᠢᠶᠠᠨ ᠪᠠᠢᠭᠤᠯᠤᠭᠰᠠᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠵᠢᠯᠯᠠᠭ᠎ᠠ᠎ᠳᠤ ᠣᠷᠣᠯᠴᠠᠬᠤ ᠭᠡᠷᠡᠭᠳᠡᠢ ᠃》

ᠵᠢᠷᠭᠤᠳᠤᠭᠠᠷ ᠵᠤᠷᠪᠤᠰ᠎ᠢ ᠳᠣᠯᠣᠳᠤᠭᠠᠷ ᠵᠤᠷᠪᠤᠰ ᠪᠣᠯᠭᠠᠵᠤ ᠄ 《(ᠲᠤᠯᠤᠭ᠎ᠠ) ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠱᠠᠭᠠᠷᠳᠠᠭ᠍ᠳᠠᠬᠤ ᠮᠡᠳᠡᠭᠡ ᠵᠠᠩᠭᠢ ᠪᠠ ᠡᠯ᠎ᠡ ᠵᠦᠢᠯ᠎ᠤᠨ ᠪᠠᠲᠤᠯᠠᠭ᠎ᠠ᠎ᠶ᠋ᠢ ᠬᠦᠷᠳᠡᠬᠦ ᠭᠡᠷᠡᠭᠳᠡᠢ 》 ᠭᠡᠵᠦ᠍ ᠵᠠᠰᠠᠨ᠎ᠠ᠃

ᠲᠠᠪᠤ᠂ ᠳᠥᠷᠪᠡᠳᠦᠭᠡᠷ ᠵᠦᠢᠯ᠎ᠢ ᠨᠠᠢ᠍ᠮᠠᠳᠤᠭᠠᠷ ᠵᠦᠢᠯ ᠪᠣᠯᠭᠠᠵᠤ᠂ ᠬᠤᠶᠠᠳᠤᠭᠠᠷ ᠵᠤᠷᠪᠤᠰ᠎ᠢ ᠨᠢ᠄ 《(ᠬᠤᠶᠠᠷ) ᠲᠤᠰ ᠱᠠᠲᠤᠨ᠎ᠤ᠎ᠪᠠᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ  ᠬᠤᠷᠠᠯ᠎ᠳᠤ ᠴᠠᠭ᠎ᠲᠠᠭᠠᠨ ᠣᠷᠣᠯᠴᠠᠵᠤ᠂ ᠡᠯ᠎ᠡ ᠵᠦᠢᠯ᠎ᠤᠨ ᠰᠠᠨᠠᠯ ᠵᠥᠪᠯᠡᠯᠭᠡ᠂ ᠢᠯᠡᠳᠭᠡᠯ ᠪᠠ ᠪᠤᠰᠤᠳ ᠵᠥᠪᠯᠡᠬᠦ᠌ ᠰᠡᠳᠦᠪ᠎ᠢ ᠬᠢᠨᠠᠮᠠᠭᠠᠶ ᠬᠢᠨᠠᠨ ᠵᠦᠪᠯᠡᠵᠤ᠂ ᠰᠠᠨᠠᠯ᠎ᠢᠶᠠᠨ ᠢᠯᠡᠳᠭᠡᠨ᠂ ᠰᠣᠩᠭᠤᠭᠤᠯᠢ ᠪᠠ ᠪᠠᠲᠤᠯᠠᠯᠲᠠ᠎ᠳᠤ ᠣᠷᠣᠯᠴᠠᠵᠤ᠂ ᠬᠤᠷᠠᠯ᠎ᠤᠨ ᠰᠠᠬᠢᠯᠭ᠎ᠠ ᠪᠠᠲᠤ᠎ᠶ᠋ᠢ ᠵᠢᠷᠤᠮᠯᠠᠨ ᠰᠠᠬᠢᠵᠤ᠂ ᠬᠤᠷᠠᠯ ᠤ᠋ᠨ ᠬᠤᠭᠤᠴᠠᠭᠠᠨ᠎ᠳᠠᠬᠢ ᠡᠯ᠎ᠡ ᠵᠦᠢᠯ᠎ᠤᠨ ᠠᠵᠢᠯ᠎ᠢ ᠰᠠᠢᠲᠤᠷ ᠬᠢᠬᠦ ᠭᠡᠷᠡᠭᠳᠡᠢ》 ᠭᠡᠵᠤ ᠵᠠᠰᠠᠨ᠎ᠠ᠃

ᠨᠢᠭᠡ ᠵᠤᠷᠪᠤᠰ ᠨᠡᠮᠡᠭᠡᠳ ᠭᠤᠷᠪᠠᠳᠤᠭᠠᠷ ᠵᠤᠷᠪᠤᠰ ᠪᠣᠯᠭᠠᠨ᠎ᠠ ᠄ 《 (ᠭᠤᠷᠪᠠ) ᠲᠤᠰ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ  ᠵᠣᠷᠢᠭ ᠰᠠᠨᠠᠭ᠎ᠠ᠎ᠶ᠋ᠢ ᠲᠦᠷᠦᠭᠦᠯᠡᠨ ᠤᠬᠠᠭᠤᠯᠤᠨ ᠲᠤᠭᠤᠱᠢᠯᠠᠭᠤᠯᠬᠤ ᠬᠡᠷᠡᠭᠳᠠᠢ᠃ 》

ᠳᠥᠷᠪᠡᠳᠦᠭᠡᠷ ᠵᠤᠷᠪᠤᠰ᠎ᠢ ᠲᠠᠪᠤᠳᠤᠭᠠᠷ ᠵᠤᠷᠪᠤᠰ ᠪᠣᠯᠭᠠᠵᠤ 《 (ᠲᠠᠪᠤ) ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠰᠤᠷᠤᠯᠴᠠᠯᠭ᠎ᠠ ᠪᠠ ᠪᠠᠢᠴᠠᠭᠠᠨ ᠰᠤᠳᠤᠯᠤᠯᠳᠠ ᠪᠠᠨ ᠴᠢᠩᠭᠠᠳᠭᠠᠵᠤ ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠪᠠᠨ ᠲᠠᠰᠤᠷᠠᠯᠳᠠ ᠦᠭᠡᠢ ᠳᠡᠭᠡᠭ᠌ᠰᠢᠯᠡᠭᠦᠯᠬᠦ ᠬᠡᠷᠡᠭᠳᠠᠢ》 ᠭᠡᠵᠦ᠍ ᠵᠠᠰᠠᠨ᠎ᠠ᠃

ᠵᠢᠷᠭᠤᠳᠤᠭᠠᠷ ᠵᠤᠷᠪᠤᠰ᠎ᠢ ᠳᠣᠯᠣᠳᠤᠭᠠᠷ ᠵᠤᠷᠪᠤᠰ ᠪᠣᠯᠭᠠᠵᠤ  ᠄ 《 (ᠲᠤᠯᠤᠭ᠎ᠠ) ᠨᠡᠢᠭᠡᠮ ᠵᠢᠷᠤᠮ᠎ᠤᠨ ᠭᠣᠣᠯᠯᠠᠭᠴᠢ ᠦᠷᠳᠡᠭ᠎ᠦᠨ ᠦᠵᠡᠯᠲᠡ᠎ᠶ᠋ᠢ ᠲᠦᠷᠦᠭᠦᠯᠡᠨ ᠦᠢᠯᠡᠳᠦᠯᠭᠡᠵᠢᠭᠦᠯᠵᠦ᠍ ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠪᠡᠬᠢ ᠴᠤᠭᠴᠠᠯᠠᠵᠦ᠂ ᠨᠡᠢᠭᠡᠮ ᠨᠡᠢᠲᠡ᠎ᠶ᠋ᠢᠨ ᠶᠣᠰᠣ ᠮᠣᠷᠠᠯ᠎ᠢ ᠤᠬᠠᠮᠰᠠᠷ ᠡᠴᠡ᠎ᠪᠠᠨ ᠵᠢᠷᠤᠮᠯᠠᠨ ᠰᠠᠬᠢᠵᠤ᠂ ᠠᠷᠢᠭᠤᠨ ᠴᠢᠬᠡᠴᠢ᠎ᠪᠡᠷ ᠪᠡᠶ᠎ᠡ᠎ᠪᠡᠨ ᠪᠠᠷᠢᠵᠤ᠂ ᠲᠥᠪ ᠭᠣᠣᠯᠴᠢ ᠰᠢᠯᠤᠭᠤᠨ ᠴᠢᠬᠡᠴᠢ ᠪᠠᠢᠵᠤ᠂ ᠬᠠᠷᠢᠭᠤᠴᠠᠯᠭ᠎ᠠ᠎ᠪᠠᠨ ᠴᠢᠷᠮᠠᠢᠨ ᠭᠦᠢᠴᠡᠳᠭᠡᠬᠦ ᠬᠡᠷᠡᠭᠳᠠᠢ》 ᠭᠡᠵᠦ᠍ ᠵᠠᠰᠠᠨ᠎ᠠ᠃

ᠵᠢᠷᠭᠤᠭ᠎ᠠ᠂ ᠬᠤᠶᠠᠷ ᠵᠦᠢᠯ ᠨᠡᠮᠡᠭᠡᠳ᠂ ᠠᠷᠪᠠᠨ ᠨᠢᠭᠡᠳᠦᠭᠡᠷ ᠵᠦᠢᠯ᠂ ᠠᠷᠪᠠᠨ ᠬᠤᠶᠠᠳᠤᠭᠠᠷ ᠵᠦᠢᠯ ᠪᠤᠯᠭᠠᠨ᠎ᠠ᠄《ᠠᠷᠪᠠᠨ ᠨᠢᠭᠡᠳᠦᠭᠡᠷ ᠵᠦᠢᠯ  ᠰᠢᠶᠠᠨ ᠤ᠋ ᠱᠠᠳᠤᠨ ᠡᠴᠡ ᠳᠡᠭᠡᠭᠰᠢᠬᠢ ᠡᠯ᠎ᠠ ᠱᠠᠳᠤᠨ ᠤ᠋ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠪᠠᠢᠩᠭᠤ ᠵᠢᠨ ᠬᠤᠷᠢᠶ᠎ᠠ ᠪᠤᠯᠤᠨ ᠰᠢᠶᠠᠩ᠂ ᠦᠨᠳᠦᠰᠦᠳᠡᠨ ᠤ᠋ ᠰᠢᠶᠠᠩ᠂ ᠪᠠᠯᠭᠠᠰᠤ ᠵᠢᠨ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠤᠷᠠᠯ ᠤ᠋ᠨ ᠲᠡᠷᠢᠭᠦᠯᠡᠭᠴᠢ ᠵᠢᠨ ᠪᠦᠯᠬᠦᠮ ᠲᠦᠯᠦᠭᠡᠯᠡᠭᠴᠢᠳ ᠯᠤᠭᠡ ᠵᠢᠨ ᠬᠠᠷᠢᠯᠴᠠᠭ᠎ᠠ ᠪᠠᠨ ᠨᠢᠭᠳᠠᠷᠠᠭᠤᠯᠵᠤ᠂ ᠲᠦᠯᠦᠭᠡᠯᠡᠭᠴᠢᠳ ᠡᠴᠡ ᠠᠷᠠᠳ ᠤᠯᠠᠨ ᠲᠠᠢ ᠬᠠᠷᠢᠯᠴᠠᠬᠤ ᠠᠭᠤᠯᠭ᠎ᠠ ᠪᠠ ᠬᠡᠯᠪᠡᠷᠢ ᠵᠢ ᠪᠠᠶᠠᠯᠢᠭᠵᠢᠭᠤᠯᠵᠤ᠂ ᠲᠦᠯᠦᠭᠡᠯᠡᠭᠴᠢᠳ ᠤ᠋ᠨ ᠠᠵᠢᠯ᠎ᠤᠨ ᠴᠢᠳᠠᠪᠤᠷᠢ ᠵᠢᠨ ᠪᠠᠢᠭᠤᠯᠤᠯᠳᠠ ᠵᠢ ᠴᠢᠩᠭᠠᠳᠬᠠᠵᠤ᠂ ᠲᠦᠯᠦᠭᠡᠯᠡᠭᠴᠢᠳ ᠤ᠋ᠨ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠤ᠂ ᠲᠦᠯᠦᠭᠡᠯᠡᠭᠴᠢ ᠵᠢᠨ ᠦᠢᠯᠡᠳᠦᠯ ᠵᠢᠡᠨ ᠭᠦᠢᠴᠡᠳ ᠪᠠᠳᠠᠷᠠᠭᠤᠯᠬᠤ ᠵᠢ ᠳᠡᠮᠵᠢᠨ ᠪᠠᠳᠤᠯᠠᠬᠤ ᠬᠡᠷᠡᠭᠳᠠᠢ᠃

《ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠬᠢᠨᠠᠨ ᠪᠠᠢᠴᠠᠭᠠᠬᠤ ᠵᠥᠪᠯᠡᠯ᠂ ᠠᠷᠠᠳ᠎ᠤᠨ ᠱᠢᠭᠦᠬᠦ᠌ ᠬᠣᠷᠢᠶ᠎ᠠ᠂ ᠠᠷᠠᠳ᠎ᠤᠨ ᠪᠠᠢᠴᠠᠭᠠᠬᠤ ᠬᠣᠷᠢᠶ᠎ᠠ ᠲᠥᠯᠥᠭᠡᠯᠡᠭ᠌ᠴᠢᠳ᠎ᠯᠦᠭᠡ᠎ᠶ᠋ᠢᠨ ᠬᠠᠷᠢᠯᠴᠠᠭ᠎ᠠ᠎ᠪᠠᠨ ᠴᠢᠩᠭᠠᠳᠭᠠᠵᠤ᠂ ᠲᠥᠯᠥᠭᠡᠯᠡᠭ᠌ᠴᠢᠳ᠎ᠦᠨ ᠰᠠᠨᠠᠯ ᠪᠠ ᠰᠠᠨᠠᠭᠤᠯᠭ᠎ᠠ᠎ᠶ᠋ᠢ ᠰᠣᠨᠣᠰᠴᠤ᠌᠂ ᠡᠯ᠎ᠡ ᠲᠠᠯ᠎ᠠ᠎ᠶ᠋ᠢᠨ ᠠᠵᠢᠯ᠎ᠢᠶᠠᠨ ᠴᠢᠩᠭᠠᠳᠭᠠᠨ ᠰᠠᠢᠵᠢᠷᠠᠭᠤᠯᠬᠤ ᠬᠡᠷᠡᠭ᠌ᠲᠡᠢ᠃

《ᠠᠷᠪᠠᠨ ᠬᠣᠶᠠᠳᠤᠭᠠᠷ ᠵᠦᠢᠯ ᠱᠢᠶᠠᠨ᠎ᠤ ᠱᠠᠲᠤᠨ ᠡᠴᠡ ᠳᠡᠭᠡᠭ᠌ᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠲᠥᠯᠥᠭᠡᠯᠡᠭ᠌ᠴᠢᠳ᠎ᠦᠨ ᠠᠵᠢᠯ᠎ᠤᠨ ᠵᠦᠪᠯᠡᠯ ᠪᠠᠢᠭᠤᠯᠵᠤ᠂ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠪᠠᠢᠭᠤᠯᠤᠮᠵᠢ ᠪᠣᠯᠭᠠᠨ᠎ᠠ᠃》

ᠲᠤᠯᠤᠭ᠎ᠠ᠂ ᠳᠣᠯᠣᠳᠤᠭᠠᠷ ᠵᠦᠢᠯ ᠢ᠋ ᠠᠷᠪᠠᠨ ᠭᠤᠷᠪᠠᠳᠤᠭᠠᠷ ᠵᠦᠢᠯ ᠪᠣᠯᠭᠠᠭᠠᠳ᠂ ᠬᠣᠶᠠᠳᠤᠭᠠᠷ ᠪᠠᠳᠠᠭ ᠢ᠋ ᠨᠢ᠄ 《ᠲᠥᠯᠥᠭᠡᠯᠡᠭ᠌ᠴᠢ ᠲᠤᠰ ᠱᠠᠲᠤᠨ ᠤ᠋ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠬᠤᠷᠠᠯ᠎ᠳᠤ ᠣᠷᠣᠯᠴᠠᠬᠤ ᠡᠴᠡ᠎ᠪᠠᠨ ᠡᠮᠦᠨ᠎ᠡ᠂ ᠤᠯᠠᠨ ᠵᠦᠢᠯ ᠤ᠋ᠨ ᠠᠷᠭ᠎ᠠ ᠮᠠᠶᠢᠭ᠎ᠢᠶᠠᠷ ᠳᠠᠮᠵᠢᠨ ᠠᠷᠠᠳ ᠤᠯᠠᠨ ᠤ᠋ ᠰᠠᠨᠠᠯ ᠪᠠ ᠱᠠᠭᠠᠷᠳᠠᠯᠭ᠎ᠠ᠎ᠶ᠋ᠢ ᠰᠣᠨᠣᠰᠴᠤ᠌᠂ ᠪᠠᠢᠷᠢᠯᠠᠭᠤᠯᠤᠯᠲᠠ᠎ᠶ᠋ᠢ ᠦᠨᠳᠦᠰᠦᠯᠡᠨ ᠬᠤᠷᠠᠯ᠎ᠳᠤ ᠳᠡᠪᠱᠢᠭᠦᠯᠵᠦ᠍ ᠬᠢᠨᠠᠨ ᠵᠦᠪᠯᠡᠭᠦᠯᠬᠦ᠎ᠪᠠᠷ ᠪᠠᠢᠭ᠎ᠠ ᠰᠠᠨᠠᠯ ᠵᠥᠪᠯᠡᠯᠭᠡ ᠪᠠ ᠮᠡᠳᠡᠭᠦᠯᠦᠯᠲᠡ ᠵᠢ ᠬᠢᠨᠠᠮᠠᠭᠠᠢ ᠰᠤᠳᠤᠯᠤᠨ ᠤᠩᠱᠢᠵᠤ᠂ ᠬᠤᠷᠠᠯ ᠤ᠋ᠨ ᠬᠤᠭᠤᠴᠠᠭᠠᠨ᠎ᠳᠤ ᠲᠥᠯᠥᠭᠡᠯᠡᠭ᠌ᠴᠢ᠎ᠶ᠋ᠢᠨ ᠡᠭᠦᠷᠭᠡ ᠲᠤᠱᠢᠶᠠᠯ᠎ᠢᠶᠠᠨ ᠭᠦᠢᠴᠡᠳᠭᠡᠬᠦ᠌᠎ᠳᠦ ᠰᠠᠢᠲᠤᠷ ᠪᠡᠯᠡᠳᠭᠡᠯ ᠬᠢᠬᠦ᠌ ᠬᠡᠷᠡᠭ᠌ᠲᠡᠢ》 ᠭᠡᠵᠤ ᠵᠠᠰᠠᠨ᠎ᠠ᠃

ᠨᠠᠢ᠍ᠮᠠ᠂ ᠨᠠᠢ᠍ᠮᠠᠳᠤᠭᠠᠷ ᠵᠦᠢᠯ᠎ᠢ ᠠᠷᠪᠠᠨ ᠳᠥᠷᠪᠡᠳᠦᠭᠡᠷ ᠵᠦᠢᠯ ᠪᠣᠯᠭᠠᠭᠠᠳ᠂ ᠨᠢᠭᠡ ᠪᠠᠳᠠᠭ ᠨᠡᠮᠡᠵᠤ ᠨᠢᠭᠡᠳᠦᠭᠡᠷ ᠪᠠᠳᠠᠭ ᠪᠣᠯᠭᠠᠨ᠎ᠠ ᠄ 《ᠱᠢᠶᠠᠨ᠎ᠤ ᠱᠠᠲᠤᠨ᠎ᠡᠴᠡ ᠳᠡᠭᠡᠭ᠌ᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠨᠢ ᠰᠣᠩᠭᠤᠭᠤᠯᠢ᠎ᠶ᠋ᠢᠨ ᠨᠢᠭᠡᠴᠢ᠂ ᠵᠠᠰᠠᠭ ᠵᠠᠬᠢᠷᠭᠠᠨ᠎ᠤ ᠣᠷᠣᠨ ᠵᠡᠷᠭᠡ᠎ᠪᠠᠷ ᠲᠥᠯᠥᠭᠡᠯᠡᠭ᠌ᠴᠢᠳ᠎ᠤᠨ ᠪᠦᠯᠬᠦᠮ ᠪᠠᠢᠭᠤᠯᠤᠨ᠎ᠠ᠃ ᠱᠢᠶᠠᠩ᠂ ᠦᠨᠳᠦᠰᠦᠲᠡᠨ᠎ᠤ ᠱᠢᠶᠠᠩ᠂ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠨᠢ ᠪᠣᠳᠠᠲᠤ ᠬᠡᠷᠡᠭ᠌ᠴᠡᠭᠡ᠎ᠪᠠᠨ ᠦᠨᠳᠦᠰᠦᠯᠡᠨ ᠲᠥᠯᠥᠭᠡᠯᠡᠭ᠌ᠴᠢᠳ᠎ᠤᠨ ᠪᠦᠯᠬᠦᠮ ᠪᠠᠢᠭᠤᠯᠵᠤ ᠪᠣᠯᠤᠨ᠎ᠠ᠃》

ᠨᠢᠭᠡᠳᠦᠭᠡᠷ ᠪᠠᠳᠠᠭ᠎ᠢ ᠬᠤᠶᠠᠳᠤᠭᠠᠷ ᠪᠠᠳᠠᠭ ᠪᠤᠯᠭᠠᠵᠤ᠂《ᠲᠥᠯᠥᠭᠡᠯᠡᠭ᠌ᠴᠢ ᠶᠡᠭᠡ ᠬᠤᠷᠠᠯ᠎ᠤᠨ ᠲᠡᠷᠢᠭᠦᠯᠡᠭᠴᠢᠳ᠎ᠤᠨ ᠪᠦᠯᠬᠦᠮ᠂ ᠲᠥᠯᠥᠭᠡᠯᠡᠭ᠌ᠴᠢᠳ᠎ᠤᠨ ᠪᠦᠯᠬᠦᠮ᠎ᠤᠨ ᠵᠤᠬᠢᠶᠠᠨ ᠪᠠᠢᠭᠤᠯᠤᠯᠲᠠ ᠪᠠ ᠲᠤᠬᠢᠷᠠᠭᠤᠯᠤᠯᠲᠠ ᠵᠢ ᠦᠨᠳᠦᠰᠦᠯᠡᠵᠦ᠂ ᠶᠡᠬᠡ ᠬᠤᠷᠠᠯ᠎ᠤᠨ ᠪᠥᠬᠦᠳᠡ ᠬᠤᠷᠠᠯ᠂ ᠲᠥᠯᠥᠭᠡᠯᠡᠭ᠌ᠴᠢᠳ᠎ᠤᠨ ᠪᠦᠯᠬᠦᠮ᠎ᠤᠨ ᠪᠦᠭᠦᠳᠡ ᠬᠤᠷᠠᠯ᠂ ᠳᠤᠭᠤᠢᠯᠠᠩ᠎ᠤᠨ ᠬᠤᠷᠠᠯ᠎ᠳᠤ ᠣᠷᠣᠯᠴᠠᠵᠤ᠂ ᠬᠤᠷᠠᠯ᠎ᠤᠨ ᠵᠥᠪᠯᠡᠬᠦ᠌ ᠵᠦᠢᠯ᠎ᠳᠤ ᠣᠷᠣᠭᠤᠯᠤᠭ᠍ᠰᠠᠨ ᠡᠯ᠎ᠡ ᠵᠦᠢᠯ᠎ᠤᠨ ᠰᠠᠨᠠᠯ ᠵᠥᠪᠯᠡᠯᠭᠡ᠂ ᠢᠯᠡᠳᠭᠡᠯ ᠪᠠ ᠪᠤᠰᠤᠳ ᠵᠥᠪᠯᠡᠬᠦ᠌ ᠰᠡᠳᠦᠪ᠎ᠢ ᠬᠢᠨᠠᠨ ᠶᠠᠷᠢᠯᠴᠠᠨ᠎ᠠ》 ᠭᠡᠵᠦ ᠵᠠᠰᠠᠨ᠎ᠠ᠃

ᠶᠢᠰᠦ᠂ ᠠᠷᠪᠠᠨ ᠨᠢᠭᠡᠳᠦᠭᠡᠷ ᠵᠦᠢᠯ᠎ᠢ ᠠᠷᠪᠠᠨ ᠳᠣᠯᠣᠳᠤᠭᠠᠷ ᠵᠦᠢᠯ ᠪᠤᠯᠭᠠᠵᠤ᠂ ᠬᠤᠶᠠᠳᠤᠭᠠᠷ ᠪᠠᠳᠠᠭ᠎ᠲᠠᠬᠢ 《ᠲᠥᠪ ᠬᠤᠷᠢᠶ᠎ᠠ᠎ᠵᠢᠨ ᠴᠡᠷᠢᠭ᠎ᠤᠨ ᠶᠠᠪᠤᠳᠠᠯ᠎ᠤᠨ ᠬᠤᠷᠢᠶ᠎ᠠ᠎ᠵᠢᠨ ᠲᠡᠷᠢᠭᠦᠯᠡᠭ᠌ᠴᠢ᠎ᠪᠠᠷ ᠵᠢᠱ᠌ᠢᠭ᠌ᠳᠡᠭ᠌ᠴᠢ》 ᠭᠡᠳᠡᠭ᠎ᠤᠨ ᠠᠷᠤ᠎ᠳᠤ 《ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠤᠨ ᠡᠷᠬᠢᠯᠡᠭ᠌ᠴᠢ᠎ᠪᠠᠷ ᠵᠢᠱ᠌ᠢᠭ᠌ᠳᠡᠭ᠌ᠴᠢ》 ᠭᠡᠵᠤ ᠨᠡᠮᠡᠨ᠎ᠠ᠃

ᠭᠤᠷᠪᠠᠳᠤᠭᠠᠷ ᠪᠠᠳᠠᠭ᠎ᠢ ᠨᠢ᠄《ᠱᠢᠶᠠᠨ᠎ᠤ ᠱᠠᠲᠤᠨ᠎ᠡᠴᠡ ᠳᠡᠭᠡᠭ᠌ᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠬᠠᠤᠯᠢ ᠴᠠᠭᠠᠵᠠ᠎ᠵᠢᠨ ᠲᠤᠭᠳᠠᠭᠠᠯ ᠶᠣᠰᠣᠭᠠᠷ ᠲᠤᠰ ᠱᠠᠲᠤᠨ᠎ᠤ᠎ᠪᠠᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠪᠦᠷᠢᠯᠳᠦᠬᠦᠨ᠂ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠭᠤ ᠬᠥᠮᠦᠰ᠂ ᠬᠢᠨᠠᠨ ᠪᠠᠢᠴᠠᠭᠠᠬᠤ ᠵᠥᠪᠯᠡᠯ᠎ᠤᠨ ᠡᠷᠬᠢᠯᠡᠭ᠌ᠴᠢ᠂ ᠠᠷᠠᠳ᠎ᠤᠨ ᠱᠢᠭᠦᠬᠦ᠌ ᠬᠤᠷᠢᠶ᠎ᠠ᠎ᠵᠢᠨ ᠬᠤᠷᠢᠶᠠᠨ ᠳᠠᠷᠤᠭ᠎ᠠ᠂ ᠠᠷᠠᠳ᠎ᠤᠨ ᠪᠠᠢᠴᠠᠭᠠᠬᠤ ᠬᠤᠷᠢᠶ᠎ᠠ᠎ᠵᠢᠨ ᠪᠠᠢᠴᠠᠭᠠᠬᠤ ᠳᠠᠷᠤᠭ᠎ᠠ ᠵᠢᠴᠢ ᠳᠡᠭᠡᠷ᠎ᠡ ᠨᠢᠭᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠪᠠᠷ ᠵᠢᠱ᠌ᠢᠭ᠌ᠳᠡᠭ᠌ᠴᠢ᠎ᠶ᠋ᠢ ᠳᠤᠷᠠᠳᠭᠤ ᠡᠷᠬᠡ᠎ᠲᠠᠢ ᠪᠥᠭᠡᠳ ᠲᠤᠰ ᠱᠠᠲᠤᠨ᠎ᠤ᠎ᠪᠠᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ ᠪᠠ ᠲᠥᠯᠥᠭᠡᠯᠡᠭ᠌ᠴᠢᠳ᠎ᠤᠨ ᠬᠠᠤᠯᠢ ᠶᠣᠰᠣᠭᠠᠷ ᠳᠤᠷᠠᠳᠤᠭ᠍ᠰᠠᠨ ᠵᠢᠱ᠌ᠢᠭ᠌ᠳᠡᠭ᠌ᠴᠢ᠎ᠶ᠋ᠢᠨ ᠲᠤᠬᠠᠢ ᠰᠠᠨᠠᠯ᠎ᠢᠶᠠᠨ ᠳᠤᠷᠠᠳᠭᠤ ᠡᠷᠬᠡ᠎ᠲᠠᠢ》 ᠭᠡᠵᠦ ᠵᠠᠰᠠᠨ᠎ᠠ᠃

ᠵᠢᠷᠭᠤᠳᠤᠭᠠᠷ ᠪᠠᠳᠠᠭ᠎ᠢ ᠨᠢ᠄《ᠲᠥᠯᠥᠭᠡᠯᠡᠭ᠌ᠴᠢ᠎ᠲᠣᠭ᠍ᠲᠠᠭᠠᠭ᠍ᠰᠠᠨ ᠵᠢᠱ᠌ᠢᠭ᠌ᠳᠡᠭ᠌ᠴᠢ᠎ᠳᠤ ᠵᠥᠪᠱᠢᠶᠡᠷᠡᠬᠦ᠌ ᠪᠢᠯᠸᠲ ᠦᠭ᠌ᠴᠤ ᠪᠤᠯᠤᠨ᠎ᠠ᠂ ᠵᠥᠪᠱᠢᠶᠡᠷᠡᠬᠦ᠌ ᠦᠭᠡᠢ ᠪᠢᠯᠸᠲ ᠥᠭ᠌ᠭᠦᠭ᠌ᠰᠡᠨ ᠴᠤ᠌ ᠪᠣᠯᠤᠨ᠎ᠠ᠂ ᠡᠷᠬᠡ᠎ᠪᠠᠨ ᠬᠠᠶᠠᠬᠤ ᠪᠢᠯᠸᠲ ᠥᠭ᠌ᠭᠦᠭ᠌ᠰᠡᠨ ᠴᠦ᠍ ᠪᠣᠯᠤᠨ᠎ᠠ; ᠵᠥᠪᠱᠢᠶᠡᠷᠡᠬᠦ᠌ ᠦᠭᠡᠢ ᠪᠣᠯ ᠥᠭᠡᠷ᠎ᠡ ᠬᠥᠮᠦᠨ᠎ᠢ ᠰᠣᠩᠭᠤᠵᠤ ᠪᠣᠯᠤᠨ᠎ᠠ 》 ᠭᠡᠵᠦ ᠵᠠᠰᠠᠨ᠎ᠠ ᠃

ᠠᠷᠪᠠ᠂ ᠠᠷᠪᠠᠨ ᠳᠣᠯᠣᠳᠤᠭᠠᠷ ᠵᠦᠢᠯ᠎ᠢ ᠬᠤᠷᠢᠨ ᠭᠤᠷᠪᠠᠳᠤᠭᠠᠷ ᠵᠦᠢᠯ ᠪᠣᠯᠭᠠᠵᠤ᠂《ᠲᠥᠯᠥᠭᠡᠯᠡᠭ᠌ᠴᠢ ᠲᠤᠰ ᠱᠠᠲᠤᠨ᠎ᠤ᠎ᠪᠠᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠲᠤᠯᠠᠯᠲᠠ᠎ᠳᠤ ᠣᠷᠣᠯᠴᠠᠬᠤ᠎ᠳᠠᠭᠠᠨ ᠵᠥᠪᠱᠢᠶᠡᠷᠡᠵᠦ ᠪᠠᠢᠬᠤ ᠪᠠᠨ ᠢᠯᠡᠷᠬᠡᠢᠯᠡᠵᠦ᠍ ᠪᠣᠯᠤᠨ᠎ᠠ᠂ ᠵᠦᠪᠱᠢᠶᠡᠷᠡᠬᠦ᠌ ᠦᠭᠡᠢ ᠪᠠᠢᠬᠤ᠎ᠪᠠᠨ ᠢᠯᠡᠷᠬᠡᠢᠯᠡᠵᠦ᠍ ᠴᠸ᠋ ᠪᠣᠯᠤᠨ᠎ᠠ᠂ ᠡᠷᠬᠡ᠎ᠪᠠᠨ ᠬᠠᠶᠠᠬᠤ᠎ᠪᠠᠷ ᠢᠯᠡᠷᠬᠡᠢᠯᠡᠭ᠌ᠰᠡᠨ ᠴᠤ᠌ ᠪᠣᠯᠤᠨ᠎ᠠ》 ᠭᠡᠵᠦ ᠵᠠᠰᠠᠨ᠎ᠠ᠃

ᠠᠷᠪᠠᠨ ᠨᠢᠭᠡ᠂ ᠬᠤᠷᠢᠨ ᠨᠢᠭᠡᠳᠦᠭᠡᠷ ᠵᠦᠢᠯ᠎ᠢ ᠬᠤᠷᠢᠨ ᠳᠣᠯᠣᠳᠤᠭᠠᠷ ᠵᠦᠢᠯ ᠪᠣᠯᠭᠠᠵᠤ᠂ ᠨᠢᠭᠡᠳᠦᠭᠡᠷ ᠪᠠᠳᠠᠭ᠎ᠢ ᠨᠢ᠄ 《ᠱᠢᠶᠠᠨ᠎ᠤ ᠱᠠᠲᠤᠨ᠎ᠡᠴᠡ ᠳᠡᠭᠡᠭ᠌ᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠲᠤᠰ ᠱᠠᠲᠤᠨ᠎ᠤ᠎ᠪᠠᠨ ᠪᠤᠶᠤ ᠲᠤᠤᠷ᠎ᠠ ᠱᠠᠲᠤᠨ᠎ᠤ᠎ᠪᠠᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠬᠠᠮᠵᠢᠯᠴᠠᠭ᠎ᠠ ᠳᠣᠤᠷ᠎ᠠ᠂ ᠠᠵᠢᠯᠯᠠᠭ᠎ᠠ᠎ᠶ᠋ᠢ ᠵᠣᠬᠢᠶᠠᠨ ᠪᠠᠢᠭᠤᠯᠬᠤ ᠪᠠ ᠥᠷᠨᠢᠭᠦᠯᠬᠦ᠌᠎ᠳᠤ ᠳᠥᠭᠦᠮ ᠪᠠᠢᠯᠭᠠᠬᠤ ᠵᠠᠷᠴᠢᠮ ᠶᠣᠰᠣᠭᠠᠷ᠂ ᠭᠠᠵᠠᠷ ᠣᠷᠣᠨ᠂ ᠬᠦᠷᠢᠶ᠎ᠡ ᠵᠡᠷᠭᠡ᠎ᠶ᠋ᠢ ᠦᠨᠳᠦᠰᠦᠯᠡᠨ ᠲᠥᠯᠥᠭᠡᠯᠡᠭ᠌ᠴᠢᠳ᠎ᠤᠨ ᠳᠤᠭᠤᠢ᠌ᠯᠠᠩ ᠪᠠᠢᠭᠤᠯᠵᠤ ᠪᠣᠯᠤᠨ᠎ᠠ》 ᠭᠡᠵᠦ ᠵᠠᠰᠠᠨ᠎ᠠ ᠃

ᠠᠷᠪᠠᠨ ᠬᠤᠶᠠᠷ᠂ ᠨᠢᠭᠡ ᠵᠦᠢᠯ ᠨᠡᠮᠡᠵᠦ᠍ ᠂ ᠬᠤᠷᠢᠨ ᠨᠠᠢ᠍ᠮᠠᠳᠤᠭᠠᠷ ᠵᠦᠢᠯ ᠪᠣᠯᠭᠠᠨ᠎ᠠ᠄《ᠱᠢᠶᠠᠨ᠎ᠤ ᠱᠠᠲᠤᠨ᠎ᠡᠴᠡ ᠳᠡᠭᠡᠭ᠌ᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠪᠤᠶᠤ ᠱᠢᠶᠠᠩ᠂ ᠦᠨᠳᠦᠰᠦᠲᠡᠨ᠎ᠤ ᠱᠢᠶᠠᠩ᠂ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ ᠲᠤᠬᠠᠶ᠎ᠶ᠋ᠢᠨ ᠭᠠᠵᠠᠷ᠎ᠲᠤᠨᠢ ᠪᠤᠶᠤ ᠣᠢ᠌ᠷ᠎ᠠ ᠬᠠᠪᠢ᠎ᠳᠤᠨᠢ ᠪᠠᠢᠬᠤ ᠵᠠᠷᠴᠢᠮ ᠶᠣᠰᠣᠭᠠᠷ᠂ ᠲᠤᠰ ᠵᠠᠰᠠᠭ ᠵᠠᠬᠢᠷᠭᠠᠨ᠎ᠤ ᠤᠷᠤᠨ᠎ᠤ ᠳᠤᠲᠤᠷᠠᠬᠢ ᠲᠥᠯᠥᠭᠡᠯᠡᠭ᠌ᠴᠢ᠎ᠶ᠋ᠢ ᠲᠣᠭ᠍ᠲᠠᠮᠠᠯ ᠬᠤᠭᠤᠴᠠᠭ᠎ᠠ᠎ᠲᠠᠢ᠎ᠵᠣᠬᠢᠶᠠᠨ ᠪᠠᠢᠭᠤᠯᠤᠨ ᠬᠠᠪᠰᠤᠷᠴᠤ ᠤᠯᠠᠨ ᠲᠦᠮᠡᠨ᠎ᠲᠠᠢ ᠬᠠᠷᠢᠯᠴᠠᠬᠤ ᠠᠵᠢᠯᠯᠠᠭ᠎ᠠ ᠥᠷᠨᠢᠭᠦᠯᠵᠦ᠍᠂ ᠣᠯᠠᠨ ᠲᠦᠮᠡᠨ᠎ᠤ ᠰᠠᠨᠠᠯ ᠪᠠ ᠰᠠᠨᠠᠭᠤᠯᠭ᠎ᠠ᠎ᠶ᠋ᠢ ᠰᠣᠨᠣᠰᠭᠤ ᠪᠠ ᠲᠤᠰᠭᠠᠨ᠎ᠠ᠃》

ᠠᠷᠪᠠᠨ ᠭᠤᠷᠪᠠ᠂ ᠬᠤᠷᠢᠨ ᠬᠤᠶᠠᠳᠤᠭᠠᠷ ᠵᠦᠢᠯ᠎ᠢ ᠬᠤᠷᠢ ᠶᠢᠰᠦᠳᠦᠭᠡᠷ ᠵᠦᠢᠯ ᠪᠣᠯᠭᠠᠭᠠᠳ ᠨᠢᠭᠡᠳᠦᠭᠡᠷ ᠪᠠᠳᠠᠭ᠎ᠢ ᠨᠢ᠄ 《ᠱᠢᠶᠠᠨ᠎ᠤ ᠱᠠᠲᠤᠨ᠎ᠡᠴᠡ ᠳᠡᠭᠡᠭ᠌ᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠲᠤᠰ ᠱᠠᠲᠤᠨ᠎ᠤ᠎ᠪᠠᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠳᠣᠬᠢᠷᠠᠭᠤᠯᠤᠯᠲᠠ᠎ᠶ᠋ᠢ ᠦᠨᠳᠦᠰᠦᠯᠡᠨ᠂ ᠲᠤᠰ ᠱᠠᠲᠤᠨ᠎ᠤ᠎ᠪᠠᠨ ᠪᠤᠶᠤ ᠲᠤᠤᠷ᠎ᠠ ᠱᠠᠲᠤᠨ᠎ᠤ᠎ᠪᠠᠨ ᠲᠦᠷᠦ᠍᠎ᠶ᠋ᠢᠨ ᠪᠠᠢᠭᠤᠯᠭ᠎ᠠ ᠪᠠ ᠬᠤᠯᠪᠣᠭ᠍ᠳᠠᠯ ᠪᠦᠬᠦᠢ ᠨᠢᠭᠡᠴᠢ᠎ᠶ᠋ᠢᠨ ᠠᠵᠢᠯ᠎ᠢ ᠪᠠᠢᠴᠠᠭᠠᠵᠤ ᠦᠵᠡᠨ᠎ᠡ᠃ ᠱᠢᠶᠠᠩ᠂ ᠦᠨᠳᠤᠰᠤᠳᠡᠨ᠎ᠤ ᠱᠢᠶᠠᠩ᠂ ᠪᠠᠯᠭᠠᠰᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠲᠤᠰ ᠱᠠᠳᠤᠨ᠎ᠤ᠎ᠪᠠᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠥᠯᠬᠦᠮ᠎ᠤᠨ ᠲᠤᠬᠢᠷᠠᠭᠤᠯᠤᠯᠲᠠ᠎ᠶ᠋ᠢ ᠦᠨᠳᠤᠰᠦᠯᠡᠨ᠂ ᠲᠤᠰ ᠱᠠᠳᠤᠨ᠎ᠤ᠎ᠪᠠᠨ ᠠᠷᠠᠳ᠎ᠤᠨ ᠵᠠᠰᠠᠭ᠎ᠤᠨ ᠤᠷᠳᠤᠨ ᠪᠠ ᠬᠤᠯᠪᠤᠭ᠍ᠳᠡᠯ ᠪᠦᠬᠦᠢ ᠨᠢᠭᠡᠴᠢ᠎ᠶ᠋ᠢᠨ ᠠᠵᠢᠯ᠎ᠢ ᠪᠠᠢᠴᠠᠭᠠᠵᠦ᠍ ᠦᠵᠡᠨ᠎ᠠ᠃ ᠲᠣᠬᠢᠷᠠᠭᠤᠯᠤᠯᠲᠠ᠎ᠶ᠋ᠢ ᠦᠨᠳᠦᠰᠦᠯᠡᠨ᠂ ᠲᠣᠭᠤᠷᠢᠭ ᠪᠠᠢᠭᠤᠯᠤᠭ᠍ᠰᠠᠨ ᠬᠤᠲᠠ᠎ᠶ᠋ᠢᠨ ᠱᠠᠲᠤᠨ᠎ᠡᠴᠡ ᠳᠡᠭᠡᠭ᠌ᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠪᠠᠰᠠ ᠲᠣᠰ ᠵᠠᠰᠠᠭ ᠵᠠᠬᠢᠷᠭᠠᠨ᠎ᠤ ᠣᠷᠣᠨ᠎ᠤ᠎ᠪᠠᠨ ᠳᠣᠲᠣᠷ᠎ᠠ ᠤᠤᠯ ᠰᠤᠩᠭᠤᠭ᠍ᠰᠠᠨ ᠨᠢᠭᠡᠴᠢ᠎ᠶ᠋ᠢ ᠠᠯᠤᠰᠯᠠᠨ ᠪᠠᠢᠴᠠᠭᠠᠵᠦ᠍ ᠦᠵᠡᠵᠦ᠍ ᠪᠣᠯᠤᠨ᠎ᠠ 》ᠭᠡᠵᠦ ᠵᠠᠰᠠᠨ᠎ᠠ᠃

ᠳᠥᠷᠪᠡᠳᠦᠭᠡᠷ ᠪᠠᠳᠠᠭ᠎ᠢ ᠬᠠᠰᠤᠨ᠎ᠠ᠃

ᠠᠷᠪᠠᠨ ᠳᠦᠷᠪᠡ᠂ ᠬᠤᠷᠢᠨ ᠭᠤᠷᠪᠠᠳᠤᠭᠠᠷ ᠵᠦᠢᠯ᠎ᠢ ᠭᠤᠴᠢᠳᠤᠭᠠᠷ ᠵᠦᠢᠯ ᠪᠣᠯᠭᠠᠵᠤ᠂ 《ᠲᠦᠯᠦᠭᠡᠯᠡᠭ᠌ᠴᠢ ᠲᠤᠰ ᠱᠠᠳᠤᠨ ᠤ᠋ ᠠᠷᠠᠳ ᠤ᠋ᠨ ᠲᠦᠯᠦᠭᠡᠯᠡᠭᠴᠢᠳ ᠤ᠋ᠨ ᠶᠡᠭᠡ ᠬᠤᠷᠠᠯ ᠤ᠋ᠨ ᠪᠠᠢᠨᠭᠭᠤ ᠵᠢᠨ ᠬᠤᠷᠢᠶ᠎ᠠ ᠪᠤᠶᠤ ᠰᠢᠶᠠᠩ᠂ ᠦᠨᠳᠤᠰᠤᠳᠡᠨ ᠤ᠋ ᠰᠢᠶᠠᠩ᠂ ᠪᠠᠯᠭᠠᠰᠤᠨ ᠤ᠋ ᠠᠷᠠᠳ ᠤ᠋ᠨ ᠲᠦᠯᠦᠭᠡᠯᠡᠭᠴᠢᠳ ᠤ᠋ᠨ ᠶᠡᠭᠡ ᠬᠤᠷᠠᠯ ᠤ᠋ᠨ ᠲᠡᠷᠢᠬᠦᠯᠡᠭᠴᠢᠳ ᠤ᠋ᠨ ᠪᠦᠯᠬᠦᠮ ᠤ᠋ᠨ ᠲᠤᠬᠢᠷᠠᠭᠤᠯᠤᠯᠲᠠ᠎ᠶ᠋ᠢ ᠦᠨᠳᠦᠰᠦᠯᠡᠨ᠂ ᠠᠵᠦ᠍ ᠠᠬᠤᠢ ᠨᠠᠢᠭᠡᠮ᠎ᠤᠨ ᠬᠦᠭ᠌ᠵᠢᠯᠳᠡ ᠪᠠ ᠠᠷᠠᠳ ᠤᠯᠠᠨ᠎ᠤ ᠲᠤᠰ ᠪᠡᠶ᠎ᠠ᠎ᠶ᠋ᠢᠨ ᠠᠱᠢᠭ ᠲᠤᠰᠠ᠎ᠳᠤ ᠨᠢᠬᠳᠠ ᠬᠤᠯᠪᠤᠬ᠍ᠳᠠᠬ᠍ᠰᠠᠨ᠂ ᠨᠠᠢᠭᠡᠮ ᠲᠠᠶᠠᠭᠠᠷ᠎ᠤᠨ ᠨᠠᠢᠳᠡᠮ ᠠᠩᠬᠠᠷᠤᠯ ᠲᠠᠯᠪᠢᠵᠦ᠍ ᠪᠠᠢᠭ᠎ᠠ ᠴᠢᠬᠤᠯᠠ ᠶᠡᠭᠡ ᠠᠰᠠᠭᠤᠳᠡᠯ᠂ ᠴᠢᠬᠤᠯᠠ ᠶᠡᠭᠡ ᠤᠴᠢᠷ ᠶᠠᠪᠤᠳᠠᠯ ᠵᠢᠴᠢ ᠲᠤᠰ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠭᠤᠣᠯᠳᠠᠯᠭ᠎ᠠ᠎ᠲᠠᠢ ᠠᠵᠢᠯ᠎ᠲᠠᠢ ᠤᠶᠠᠯᠳᠤᠭᠤᠯᠵᠤ᠂ ᠲᠤᠰᠭᠠᠢ ᠰᠡᠳᠦᠪᠲᠦ ᠪᠠᠢᠴᠠᠭᠠᠨ ᠰᠣᠳᠣᠯᠣᠯᠲᠠ ᠥᠷᠨᠢᠭᠦᠯᠦᠨ᠎ᠡ᠃ ᠲᠤᠬᠢᠷᠠᠭᠤᠯᠤᠯᠲᠠ᠎ᠶ᠋ᠢ ᠦᠨᠳᠦᠰᠦᠯᠡᠨ᠂ ᠲᠣᠭᠤᠷᠢᠭ ᠪᠠᠢᠭᠤᠯᠤᠭ᠍ᠰᠠᠨ ᠬᠤᠲᠠ᠎ᠶ᠋ᠢᠨ ᠱᠠᠲᠤᠨ᠎ᠡᠴᠡ ᠳᠡᠭᠡᠭ᠌ᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠪᠠᠰᠠ ᠲᠣᠰ ᠵᠠᠰᠠᠭ ᠵᠠᠬᠢᠷᠭᠠᠨ᠎ᠤ ᠣᠷᠣᠨ᠎ᠤ᠎ᠪᠠᠨ ᠳᠣᠲᠣᠷ᠎ᠠ ᠤᠤᠯ ᠰᠣᠩᠭᠤᠭ᠍ᠰᠠᠨ ᠨᠢᠭᠡᠴᠢ᠎ᠶ᠋ᠢ ᠠᠯᠤᠰᠯᠠᠨ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠵᠦ᠍ ᠪᠣᠯᠤᠨ᠎ᠠ》 ᠭᠡᠵᠦ᠍ ᠵᠠᠰᠠᠨ᠎ᠠ᠃

ᠠᠷᠪᠠᠨ ᠲᠠᠪᠤ᠂ ᠬᠤᠷᠢᠨ ᠳᠥᠷᠪᠡᠳᠦᠭᠡᠷ ᠵᠦᠢᠯ᠎ᠢ ᠭᠤᠴᠢᠨ ᠨᠢᠭᠡᠳᠦᠭᠡᠷ ᠵᠦᠢᠯ ᠪᠣᠯᠭᠠᠵᠤ᠂《ᠲᠦᠯᠦᠭᠡᠯᠡᠭ᠌ᠴᠢ᠎ᠶ᠋ᠢᠨ ᠪᠠᠢᠴᠠᠭᠠᠨ ᠦᠵᠡᠬᠦ᠂ ᠲᠤᠰᠭᠠᠢ ᠰᠡᠳᠦᠪᠳᠦ ᠪᠠᠢᠴᠠᠭᠠᠨ ᠰᠤᠳᠤᠯᠬᠤ ᠠᠵᠢᠯᠯᠠᠭ᠎ᠠ᠎ᠳᠤ ᠤᠷᠤᠯᠴᠠᠭᠠᠳ ᠪᠢᠴᠢᠭ᠌ᠰᠡᠨ ᠮᠡᠳᠡᠬᠦᠯᠦᠯᠳᠡ᠎ᠶ᠋ᠢ ᠲᠤᠰ ᠱᠠᠳᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ ᠵᠢᠨ ᠬᠡᠷᠡᠭ ᠡᠷᠬᠢᠯᠡᠬᠦ᠌ ᠪᠠᠢᠭᠤᠯᠤᠮᠵᠢ᠂ ᠠᠵᠢᠯ᠎ᠤᠨ ᠪᠠᠢᠭᠤᠯᠤᠮᠵᠢ ᠪᠤᠶᠤ ᠱᠢᠶᠠᠩ᠂ ᠦᠨᠳᠤᠰᠤᠳᠡᠨ᠎ᠤ ᠱᠢᠶᠠᠩ᠂ ᠪᠠᠯᠭᠠᠰᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠥᠯᠬᠦᠮ᠎ᠡᠴᠡ ᠬᠤᠯᠪᠤᠬ᠍ᠳᠠᠯ ᠪᠦᠬᠦᠢ ᠪᠠᠢᠭᠤᠯᠭ᠎ᠠ᠂ ᠵᠤᠬᠢᠶᠡᠨ ᠪᠠᠢᠭᠤᠯᠤᠯᠳᠡ᠎ᠳᠤ ᠱᠢᠯᠵᠢᠬᠦᠯᠦᠨ ᠲᠤᠰᠢᠶᠠᠬᠤ ᠭᠡᠷᠡᠭᠳᠡᠢ᠃ ᠬᠤᠯᠪᠤᠬ᠍ᠳᠠᠯ ᠪᠦᠬᠦᠢ ᠪᠠᠢᠭᠤᠯᠭ᠎ᠠ᠂ ᠵᠤᠬᠢᠶᠡᠨ ᠪᠠᠢᠭᠤᠯᠤᠯᠳᠡ ᠮᠡᠳᠡᠬᠦᠯᠦᠯᠳᠡ᠎ᠳᠤ ᠲᠤᠷᠠᠳᠤᠬ᠍ᠰᠠᠨ ᠰᠠᠨᠠᠯ ᠪᠠ ᠰᠠᠨᠠᠭᠤᠯᠭ᠎ᠠ᠎ᠶ᠋ᠢ ᠰᠤᠳᠤᠯᠤᠨ ᠱᠢᠢᠳᠪᠤᠷᠢᠯᠡᠭ᠌ᠰᠡᠨ ᠪᠠᠢᠳᠡᠯ᠎ᠢᠶᠠᠨ ᠲᠦᠯᠦᠭᠡᠯᠡᠭ᠌ᠴᠢ᠎ᠳᠤ ᠴᠠᠭ ᠲᠤᠬᠠᠢ᠎ᠳᠤᠨᠢ ᠬᠠᠷᠢᠭᠤ ᠲᠤᠰᠭᠠᠬᠤ ᠬᠡᠷᠡᠭ᠌ᠳᠠᠢ᠃

《ᠲᠥᠯᠥᠭᠡᠯᠡᠭ᠌ᠴᠢ ᠪᠠᠢᠴᠠᠭᠠᠨ ᠦᠵᠡᠬᠦ ᠂ ᠲᠤᠰᠭᠠᠢ ᠰᠡᠳᠦᠪᠲᠦ ᠪᠠᠢᠴᠠᠭᠠᠨ ᠰᠤᠳᠤᠯᠬᠤ ᠠᠵᠢᠯᠯᠠᠭ᠎ᠠ᠎ᠳᠤ ᠣᠷᠣᠯᠴᠠᠬᠤ᠎ᠳᠠᠭᠠᠨ᠂ ᠬᠤᠯᠪᠣᠭ᠍ᠳᠠᠯ ᠪᠦᠬᠦᠢ ᠪᠠᠢᠭᠤᠯᠭ᠎ᠠ᠂ ᠵᠣᠬᠢᠶᠠᠨ ᠪᠠᠢᠭᠤᠯᠤᠯᠲᠠ᠎ᠳᠤ ᠰᠠᠨᠠᠭᠤᠯᠭ᠎ᠠ᠂ ᠱᠢᠭᠦᠮᠵᠢᠯᠡᠯ ᠪᠠ ᠰᠠᠨᠠᠯ ᠳᠤᠷᠠᠳᠴᠤ᠌ ᠪᠣᠯᠤᠨ᠎ᠠ᠂ ᠭᠡᠪᠡᠴᠦ᠍ ᠠᠰᠠᠭᠤᠳᠠᠯ᠎ᠢ ᠱᠢᠭᠤᠳ ᠱᠢᠢᠳᠪᠦᠷᠢᠯᠡᠬᠦ᠌ ᠦᠭᠡᠢ 》 ᠭᠡᠵᠦ᠍ ᠵᠠᠰᠠᠨ᠎ᠠ᠃

ᠠᠷᠪᠠᠨ ᠵᠢᠷᠭᠤᠭ᠎ᠠ᠂ ᠬᠤᠷᠢᠨ ᠵᠢᠷᠭᠤᠳᠤᠭᠠᠷ ᠵᠦᠢᠯ᠎ᠢ ᠭᠤᠴᠢᠨ ᠭᠤᠷᠪᠠᠳᠤᠭᠠᠷ ᠵᠦᠢᠯ ᠪᠣᠯᠭᠠᠵᠤ᠂ 《ᠱᠢᠶᠡᠨ᠎ᠤ ᠱᠠᠳᠤᠨ᠎ᠡᠴᠡ ᠲᠡᠭᠡᠭ᠌ᠰᠢᠬᠢ ᠡᠯ᠎ᠠ ᠱᠠᠳᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ ᠲᠤᠰ ᠱᠠᠳᠤᠨ᠎ᠤ᠎ᠪᠠᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ ᠵᠢᠨ ᠬᠤᠷᠠᠯ᠂ ᠲᠤᠰ ᠱᠠᠳᠤᠨ᠎ᠤ᠎ᠪᠠᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠡᠯ᠎ᠡ ᠲᠤᠰᠭᠠᠢ ᠵᠥᠪᠯᠡᠯ᠎ᠤᠨ ᠬᠤᠷᠠᠯ᠎ᠳᠤ ᠤᠷᠢᠯᠭ᠎ᠠ᠎ᠪᠠᠷ ᠰᠤᠯᠠ ᠤᠷᠤᠯᠴᠠᠵᠦ᠍᠂ ᠲᠤᠰ ᠱᠠᠲᠤᠨ᠎ᠤ᠎ᠪᠠᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠂ ᠡᠯ᠎ᠡ ᠲᠤᠰᠭᠠᠶ ᠵᠥᠪᠯᠡᠯ ᠪᠠ ᠪᠠᠢᠩᠭᠤ᠎ᠶ᠋ᠢᠨ ᠬᠤᠷᠢᠶ᠎ᠠ ᠵᠢᠨ ᠬᠡᠷᠡᠭ ᠡᠷᠬᠢᠯᠡᠬᠦ᠌ ᠪᠠᠢᠭᠤᠯᠤᠮᠵᠢ᠂ ᠠᠵᠢᠯ᠎ᠤᠨ ᠪᠠᠢᠭᠤᠯᠤᠮᠵᠢ᠎ᠶ᠋ᠢᠨ ᠵᠣᠬᠢᠶᠠᠨ ᠪᠠᠢᠭᠤᠯᠤᠭ᠍ᠰᠠᠨ ᠬᠤᠯᠪᠣᠭ᠍ᠳᠠᠯ ᠪᠦᠬᠦᠢ ᠬᠤᠷᠠᠯ᠎ᠳᠤ ᠣᠷᠣᠯᠴᠠᠵᠤ ᠪᠣᠯᠤᠨ᠎ᠠ; ᠲᠤᠬᠢᠷᠠᠭᠤᠯᠤᠯᠲᠠ᠎ᠶ᠋ᠢ ᠦᠨᠳᠦᠰᠦᠯᠡᠨ ᠲᠤᠰ ᠱᠠᠲᠤᠨ᠎ᠤ᠎ᠪᠠᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠵᠣᠬᠢᠶᠠᠨ ᠪᠠᠢᠭᠤᠯᠤᠭ᠍ᠰᠠᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠂ ᠲᠤᠰᠬᠠᠢ ᠰᠡᠳᠦᠪᠳᠤ ᠯᠠᠪᠯᠡᠨ ᠠᠰᠠᠭᠤᠬᠤ ᠪᠠ ᠪᠤᠰᠤᠳ ᠠᠵᠢᠯᠯᠠᠭ᠎ᠠ᠎ᠳᠤ ᠣᠷᠣᠯᠴᠠᠨ᠎ᠠ᠃

《ᠱᠢᠶᠠᠩ᠂ ᠦᠨᠳᠦᠰᠦᠲᠡᠨ᠎ᠤ ᠱᠢᠶᠠᠩ᠂ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠲᠤᠰ ᠱᠠᠲᠤᠨ᠎ᠤ᠎ᠪᠠᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ᠎ᠤᠨ ᠵᠣᠬᠢᠶᠠᠨ ᠪᠠᠢᠭᠤᠯᠤᠭ᠍ᠰᠠᠨ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ ᠪᠠ ᠪᠤᠰᠤᠳ ᠠᠵᠢᠯᠯᠠᠭ᠎ᠠ᠎ᠳᠤ ᠣᠷᠣᠯᠴᠠᠨ᠎ᠠ》 ᠭᠡᠵᠦ᠍ ᠵᠠᠰᠠᠨ᠎ᠠ᠃

ᠠᠷᠪᠠᠨ ᠲᠤᠯᠤᠭ᠎ᠠ᠂ ᠬᠤᠷᠢᠨ ᠳᠣᠯᠣᠳᠤᠭᠠᠷ ᠵᠦᠢᠯ᠎ᠢ ᠭᠤᠴᠢᠨ ᠳᠥᠷᠪᠡᠳᠦᠭᠡᠷ ᠵᠦᠢᠯ ᠪᠣᠯᠭᠠᠭᠠᠳ᠂ ᠨᠢᠭᠡ ᠪᠠᠳᠠᠭ ᠨᠡᠮᠡᠵᠦ᠍ ᠬᠤᠶᠠᠳᠤᠭᠠᠷ ᠪᠠᠳᠠᠭ ᠪᠣᠯᠭᠠᠨ᠎ᠠ᠄ 《ᠱᠢᠶᠠᠨ᠂ ᠥᠪᠡᠷᠲᠡᠭᠡᠨ ᠵᠠᠰᠠᠬᠤ ᠱᠢᠶᠠᠨ᠂ ᠲᠣᠭᠤᠷᠢᠭ ᠦᠭᠡᠢ ᠬᠤᠳᠠ᠂ ᠬᠤᠳᠠ᠎ᠶ᠋ᠢᠨ ᠬᠠᠷᠢᠶ᠎ᠠ ᠲᠣᠭᠤᠷᠢᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠤᠤᠯ᠎ᠤᠨ ᠰᠣᠩᠭᠤᠭᠤᠯᠢ᠎ᠶ᠋ᠢᠨ ᠲᠣᠭᠤᠷᠢᠭ᠎ᠤᠨ ᠪᠠᠢᠭ᠎ᠠ ᠱᠢᠶᠠᠩ᠂ ᠦᠨᠳᠦᠰᠦᠲᠡᠨ᠎ᠤ ᠱᠢᠶᠠᠩ᠂ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠷᠠᠯ᠎ᠳᠤ ᠰᠤᠯᠠ ᠣᠷᠣᠯᠴᠠᠵᠤ ᠪᠣᠯᠤᠨ᠎ᠠ》 ᠭᠡᠵᠤ ᠵᠠᠰᠠᠨ᠎ᠠ᠃

ᠠᠷᠪᠠᠨ ᠨᠠᠢ᠍ᠮᠠ᠂ ᠭᠤᠴᠢᠨ ᠭᠤᠷᠪᠠᠳᠤᠭᠠᠷ ᠵᠦᠢᠯ᠎ᠢ ᠳᠥᠴᠢᠳᠦᠭᠡᠷ ᠵᠦᠢᠯ ᠪᠣᠯᠭᠠᠵᠤ᠂ 《ᠲᠥᠯᠥᠭᠡᠯᠡᠭ᠌ᠴᠢ ᠲᠤᠰ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠷᠠᠯ ᠲᠡᠭᠦᠰᠦᠭ᠌ᠰᠡᠨ ᠬᠤᠭᠤᠴᠠᠭᠠᠨ᠎ᠳᠤ᠂ ᠨᠢᠭᠡᠳᠦᠯᠲᠡᠶ ᠵᠣᠬᠢᠶᠠᠨ ᠪᠠᠢᠭᠤᠯᠤᠭ᠍ᠰᠠᠨ ᠪᠠ ᠲᠣᠬᠢᠷᠠᠭᠤᠯᠤᠭ᠍ᠰᠠᠨ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠠᠵᠢᠯᠯᠠᠭ᠎ᠠ᠎ᠳᠤ ᠣᠷᠣᠯᠴᠠᠬᠤ᠎ᠳᠤ᠂ ᠲᠥᠯᠥᠭᠡᠯᠡᠭ᠌ᠴᠢ᠎ᠶ᠋ᠢᠨ ᠪᠠᠢᠭ᠎ᠠ ᠨᠢᠭᠡᠴᠢ᠎ᠨᠢ ᠡᠷᠬᠡᠪᠰᠢ ᠣᠷᠣᠯᠴᠠᠬᠤ ᠴᠠᠭ᠎ᠢ᠎ᠨᠢ ᠪᠠᠲᠤᠯᠠᠬᠤ ᠬᠡᠷᠡᠭ᠌ᠲᠡᠶ》 ᠭᠡᠵᠦ᠍ ᠵᠠᠰᠠᠨ᠎ᠠ᠃

ᠠᠷᠪᠠ ᠶᠢᠰᠦ᠂ ᠭᠤᠴᠢᠨ ᠳᠥᠷᠪᠡᠳᠦᠭᠡᠷ ᠵᠦᠢᠯ᠎ᠢ ᠳᠥᠴᠢᠨ ᠨᠢᠭᠡᠳᠦᠭᠡᠷ ᠵᠦᠢᠯ ᠪᠣᠯᠭᠠᠵᠤ᠂ ᠨᠢᠭᠡᠳᠦᠭᠡᠷ ᠪᠠᠳᠠᠭ᠎ᠲᠠᠬᠢ 《ᠲᠤᠰ ᠬᠠᠤᠯᠢ᠎ᠶ᠋ᠢᠨ ᠭᠤᠴᠢᠨ ᠭᠤᠷᠪᠠᠳᠤᠭᠠᠷ ᠵᠦᠢᠯ᠎ᠤᠨ ᠲᠣᠭ᠍ᠲᠠᠭᠠᠯ ᠶᠣᠰᠣᠭᠠᠷ》 ᠭᠡᠳᠡᠭ᠎ᠢ 《ᠬᠠᠤᠯᠢ ᠶᠣᠰᠣᠭᠠᠷ》 ᠭᠡᠵᠦ᠍ ᠵᠠᠰᠠᠨ᠎ᠠ᠃

ᠬᠤᠶᠠᠳᠤᠭᠠᠷ ᠪᠠᠳᠠᠭ ᠲᠡᠬᠢ《ᠲᠦᠯᠦᠭᠡᠯᠡᠭᠴᠢ ᠵᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ》 ᠵᠢᠨ ᠡᠮᠤᠨ᠎ᠠ 《ᠬᠠᠤᠯᠢ ᠶᠤᠰᠤᠭᠠᠷ》 ᠭᠡᠵᠤ ᠨᠡᠮᠡᠨ᠎ᠠ᠃

ᠨᠢᠭᠡ ᠪᠠᠳᠠᠭ ᠨᠡᠮᠡᠵᠦ᠍᠂ ᠭᠤᠷᠪᠠᠳᠤᠭᠠᠷ ᠪᠠᠳᠠᠭ ᠪᠣᠯᠭᠠᠨ᠎ᠠ᠄ 《ᠲᠥᠯᠥᠭᠡᠯᠡᠭ᠌ᠴᠢ ᠬᠠᠤᠯᠢ ᠶᠣᠰᠣᠭᠠᠷ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌᠎ᠳᠤ᠂ ᠤᠯᠤᠰ᠎ᠡᠴᠡ ᠬᠡᠷᠡᠭ᠌ᠴᠡᠭᠡ᠎ᠶ᠋ᠢ᠎ᠨᠢ ᠦᠨᠳᠦᠰᠦᠯᠡᠵᠤ ᠪᠠᠢᠭᠠᠳ ᠢᠷᠡᠵᠦ᠍ ᠪᠤᠴᠡᠬᠤ ᠵᠡᠮ᠎ᠤᠨ ᠰᠦᠢᠦᠡᠭᠡᠯ ᠎ᠢ ᠨᠢ ᠤᠢ᠍ᠭ᠌ᠬᠦ᠌ ᠪᠠ ᠪᠤᠳᠡᠰ᠎ᠤᠨ ᠲᠡᠯ᠎ᠠ᠎ᠪᠠᠷ ᠴᠢᠬᠤᠯᠠ ᠪᠦᠬᠦᠢ ᠲᠦᠬᠦᠮ ᠤᠢ᠍ᠵᠡᠬᠦᠯᠬᠦ᠌ ᠪᠤᠶᠤ ᠨᠦᠬᠦᠪᠦᠷᠢ ᠤᠢ᠍ᠭ᠌ᠬᠦᠨ᠎ᠡ᠃》

ᠬᠤᠷᠢ᠂ ᠨᠢᠭᠡ ᠵᠦᠢᠯ ᠨᠡᠮᠡᠵᠦ᠍ ᠳᠥᠴᠢᠨ ᠭᠤᠷᠪᠠᠳᠤᠭᠠᠷ ᠵᠦᠢᠯ ᠪᠣᠯᠭᠠᠨ᠎ᠠ᠄《ᠱᠢᠶᠠᠨ᠎ᠤ ᠱᠠᠲᠤᠨ᠎ᠡᠴᠡ ᠳᠡᠭᠡᠭ᠌ᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠲᠥᠯᠥᠭᠡᠯᠡᠭ᠌ᠴᠢ᠎ᠶ᠋ᠢᠨ ᠠᠵᠢᠯ᠎ᠤᠨ ᠣᠨ᠎ᠤ ᠲᠥᠯᠥᠪᠯᠡᠭᠡ᠎ᠶ᠋ᠢ ᠲᠣᠭ᠍ᠲᠠᠭᠠᠵᠤ᠂ ᠲᠦᠯᠦᠭᠡᠯᠡᠭᠴᠢ ᠵᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠠᠵᠢᠯᠯᠠᠭ᠎ᠠ ᠵᠢ ᠵᠤᠬᠢᠶᠠᠨ ᠪᠠᠢᠭᠤᠯᠬᠤ ᠪᠠ ᠲᠤᠬᠢᠷᠠᠭᠤᠯᠬᠤ ᠵᠢ ᠬᠠᠤᠯᠢ ᠶᠤᠰᠤᠭᠠᠷ ᠨᠢᠭᠡᠳᠤᠯᠳᠠᠢ ᠲᠦᠯᠦᠪᠵᠢᠬᠦᠯᠵᠤ᠂ ᠲᠦᠯᠦᠭᠡᠯᠡᠭᠴᠢ ᠵᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠠᠵᠢᠯᠯᠠᠭ᠎ᠠ ᠵᠢᠨ ᠲᠦᠯᠦᠪᠯᠡᠭᠡᠳᠤ ᠴᠢᠨᠠᠷ᠂ ᠵᠤᠬᠢᠶᠠᠨ ᠪᠠᠢᠭᠤᠯᠤᠯᠳᠠ ᠵᠢᠨ ᠴᠢᠨᠠᠷ ᠪᠠ ᠲᠦᠷᠢᠮᠵᠢᠬᠦᠯᠬᠦ ᠴᠢᠨᠠᠷ ᠢ᠋ ᠴᠢᠨᠭᠭᠠᠳᠬᠠᠨ᠎ᠠ᠃

《ᠲᠥᠯᠥᠭᠡᠯᠡᠭ᠌ᠴᠢ᠎ᠶ᠋ᠢᠨ ᠠᠵᠢᠯ᠎ᠤᠨ ᠣᠨ᠎ᠤ ᠲᠥᠯᠥᠪᠯᠡᠭᠡ᠎ᠶ᠋ᠢ ᠬᠤᠷᠢᠶᠠᠨ ᠳᠠᠷᠤᠭ᠎ᠠ ᠨᠠᠷ᠎ᠤᠨ ᠬᠤᠷᠠᠯ ᠪᠤᠶᠤ ᠡᠷᠬᠢᠯᠡᠭ᠌ᠴᠢᠳ᠎ᠤᠨ ᠬᠤᠷᠠᠯ᠎ᠡᠴᠡ ᠪᠠᠲᠤᠯᠠᠵᠤ᠂ ᠲᠤᠰ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠳᠤ ᠮᠡᠳᠡᠭ᠌ᠳᠡᠬᠦ᠌ ᠪᠥᠭᠡᠳ ᠨᠡᠢᠭᠡᠮ ᠨᠡᠢᠲᠡ᠎ᠳᠤ ᠨᠡᠢᠲᠡᠯᠡᠨ᠎ᠡ ᠃》

ᠬᠤᠷᠢᠨ ᠨᠢᠭᠡ᠂ ᠭᠤᠴᠢᠨ ᠵᠢᠷᠭᠤᠳᠤᠭᠠᠷ ᠵᠦᠢᠯ᠎ᠢ ᠳᠥᠴᠢᠨ ᠳᠥᠷᠪᠡᠳᠦᠭᠡᠷ ᠵᠦᠢᠯ ᠪᠣᠯᠭᠠᠵᠤ᠂ 《ᠱᠢᠶᠠᠨ᠎ᠤ ᠱᠠᠲᠤᠨ᠎ᠡᠴᠡ ᠳᠡᠭᠡᠭ᠌ᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠤᠯᠠᠨ ᠵᠦᠢᠯ᠎ᠤᠨ ᠠᠷᠭ᠎ᠠ ᠮᠠᠶᠢᠭ᠎ᠢ ᠠᠪᠴᠤ᠌ ᠪᠠᠢᠭᠠᠳ ᠲᠤᠰ ᠱᠠᠲᠤᠨ᠎ᠤ᠎ᠪᠠᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠯᠦᠭᠡ ᠬᠠᠷᠢᠯᠴᠠᠭ᠎ᠠ᠎ᠪᠠᠨ ᠪᠠᠲᠤᠯᠠᠵᠤ᠂ ᠪᠠᠢᠩᠭᠤ᠎ᠶ᠋ᠢᠨ ᠬᠤᠷᠢᠶ᠎ᠠ᠎ᠶᠢᠨ ᠪᠦᠷᠢᠯᠳᠦᠬᠦᠨ ᠨᠠᠷ ᠪᠠ ᠡᠯ᠎ᠡ ᠲᠤᠰᠭᠠᠶ ᠵᠥᠪᠯᠡᠯ᠂ ᠪᠠᠢᠩᠭᠤ᠎ᠶ᠋ᠢᠨ ᠬᠤᠷᠢᠶ᠎ᠠ᠎ᠶᠢᠨ ᠬᠡᠷᠡᠭ ᠡᠷᠬᠢᠯᠡᠬᠦ᠌ ᠪᠠᠢᠭᠤᠯᠤᠮᠵᠢ᠂ ᠠᠵᠢᠯ᠎ᠤᠨ ᠪᠠᠢᠭᠤᠯᠤᠮᠵᠢ᠎ᠶ᠋ᠢᠨ ᠲᠥᠯᠥᠭᠡᠯᠡᠭ᠌ᠴᠢ᠎ᠲᠠᠢ ᠬᠠᠷᠢᠯᠴᠠᠬᠤ ᠠᠵᠢᠯ᠎ᠤᠨ ᠲᠣᠭ᠍ᠲᠡᠴᠡ᠎ᠶ᠋ᠢ ᠪᠠᠢᠭᠤᠯᠤᠨ ᠪᠦᠷᠢᠨᠱᠢᠭᠦᠯᠵᠦ᠍᠂ ᠲᠥᠯᠥᠭᠡᠯᠡᠭ᠌ᠴᠢ᠎ᠶ᠋ᠢᠨ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ ᠵᠡᠷᠭᠡ ᠡᠯ᠎ᠡ ᠵᠦᠢᠯ᠎ᠤᠨ ᠠᠵᠢᠯ᠎ᠳᠠᠬᠢ ᠣᠷᠣᠯᠴᠠᠭ᠎ᠠ᠎ᠶ᠋ᠢ ᠥᠷᠭᠡᠳᠭᠡᠬᠦ ᠬᠡᠷᠡᠭᠲᠡᠢ᠃

《ᠱᠢᠶᠠᠩ᠂ ᠦᠨᠳᠦᠰᠦᠲᠡᠨ᠎ᠤ ᠱᠢᠶᠠᠩ᠂ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠡᠷᠢᠭᠦᠯᠡᠭ᠌ᠴᠢ᠂ ᠳᠡᠳ᠋ ᠲᠡᠷᠢᠭᠦᠯᠡᠭ᠌ᠴᠢ ᠲᠤᠰ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠷᠠᠯ ᠲᠡᠭᠦᠰᠦᠭ᠌ᠰᠡᠨ ᠬᠤᠭᠤᠴᠠᠭᠠᠨ᠎ᠳᠤ ᠲᠤᠰ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠯᠤᠭᠡ ᠬᠠᠷᠢᠯᠴᠠᠬᠤ᠎ᠶ᠋ᠢ ᠬᠠᠷᠢᠭᠤᠴᠠᠨ᠎ᠠ》 ᠭᠡᠵᠦ ᠵᠠᠰᠠᠨ᠎ᠠ᠃

ᠬᠤᠷᠢᠨ ᠬᠤᠶᠠᠷ᠂ ᠭᠤᠴᠢᠨ ᠳᠣᠯᠣᠳᠤᠭᠠᠷ ᠵᠦᠢᠯ᠎ᠢ ᠳᠥᠴᠢᠨ ᠲᠠᠪᠤᠳᠤᠭᠠᠷ ᠵᠦᠢᠯ ᠪᠣᠯᠭᠠᠵᠤ᠂ 《ᠱᠢᠶᠠᠨ᠎ᠤ ᠱᠠᠲᠤᠨ᠎ᠡᠴᠡ ᠳᠡᠭᠡᠭ᠌ᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠲᠤᠰ ᠵᠠᠰᠠᠭ ᠵᠠᠬᠢᠷᠭᠠᠨ᠎ᠤ ᠣᠷᠣᠨ᠎ᠤ᠎ᠪᠠᠨ ᠳᠣᠲᠣᠷᠠᠬᠢ ᠲᠥᠯᠥᠭᠡᠯᠡᠭ᠌ᠴᠢ᠎ᠯᠦᠭᠡ᠎ᠶ᠋ᠢᠨ ᠬᠠᠷᠢᠯᠴᠠᠭ᠎ᠠ᠎ᠪᠠᠨ ᠴᠢᠩᠭᠠᠳᠭᠠᠵᠤ᠂ ᠲᠥᠯᠥᠭᠡᠯᠡᠭ᠌ᠴᠢ᠎ᠶ᠋ᠢᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠴᠢᠬᠤᠯᠠ ᠪᠦᠬᠦᠢ ᠨᠥᠬᠦᠴᠡᠯ ᠬᠠᠩᠭᠠᠬᠤ ᠬᠡᠷᠡᠭᠲᠡᠢ᠃

《ᠱᠢᠶᠠᠨ᠎ᠤ ᠱᠠᠲᠤᠨ᠎ᠡᠴᠡ ᠳᠡᠭᠡᠭ᠌ᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠤᠳᠤ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠎ᠢ ᠬᠡᠷᠡᠭ᠌ᠯᠡᠵᠦ᠍᠂ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠰᠦᠯᠵᠢᠶᠡᠨ᠎ᠤ ᠲᠠᠪᠴᠠᠩ᠎ᠢ ᠪᠠᠢᠭᠤᠯᠤᠨ ᠪᠦᠷᠢᠨᠱᠢᠭᠦᠯᠵᠦ᠍᠂ ᠲᠥᠯᠥᠭᠡᠯᠡᠭ᠌ᠴᠢ᠎ᠶ᠋ᠢᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠰᠤᠷᠤᠯᠴᠠᠯᠭ᠎ᠠ ᠪᠣᠯᠪᠠᠰᠤᠷᠠᠯ᠎ᠢ ᠴᠢᠩᠭᠠᠳᠭᠠᠬᠤ ᠵᠡᠷᠭᠡ᠎ᠳᠤ ᠲᠥᠬᠦᠮ ᠦᠵᠡᠭᠦᠯᠬᠦ᠌ ᠪᠠ ᠦᠢᠯᠡᠴᠢᠯᠡᠭᠡ ᠬᠠᠩᠭᠠᠵᠤ ᠪᠣᠯᠣᠨ᠎ᠠ》 ᠭᠡᠵᠦ᠍ ᠵᠠᠰᠠᠨ᠎ᠠ᠃

ᠬᠤᠷᠢᠨ ᠭᠤᠷᠪᠠ᠂ ᠭᠤᠴᠢᠨ ᠨᠠᠢ᠍ᠮᠠᠳᠤᠭᠠᠷ ᠵᠦᠢᠯ᠎ᠢ ᠳᠥᠴᠢᠨ ᠵᠢᠷᠭᠤᠳᠤᠭᠠᠷ ᠵᠦᠢᠯ ᠪᠣᠯᠭᠠᠵᠤ᠂ 《ᠱᠢᠶᠡᠨ᠎ᠤ ᠱᠠᠳᠤᠨ᠎ᠡᠴᠡ ᠲᠡᠭᠡᠭ᠌ᠰᠢᠬᠢ ᠡᠯ᠎ᠠ ᠱᠠᠳᠤᠨ᠎ᠤ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠪᠠᠢᠡᠭ᠌ᠭᠤ᠎ᠶ᠋ᠢᠨ ᠬᠤᠷᠢᠶ᠎ᠠ ᠪᠠ ᠡᠯ᠎ᠠ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠵᠢᠴᠢ ᠲᠡᠭᠦᠨ᠎ᠦ ᠡᠯ᠎ᠡ ᠬᠠᠷᠢᠶ᠎ᠠ ᠰᠠᠯᠠᠭ᠎ᠠ ᠮᠥᠴᠢᠷ᠂ ᠬᠢᠨᠠᠨ ᠪᠠᠢᠴᠠᠭᠠᠬᠤ ᠵᠥᠪᠯᠡᠯ᠂ ᠠᠷᠠᠳ᠎ᠤᠨ ᠱᠢᠬᠦᠬᠦ᠌ ᠬᠤᠷᠢᠶ᠎ᠠ᠂ ᠠᠷᠠᠳ᠎ᠤᠨ ᠪᠠᠢᠴᠠᠭᠠᠬᠤ ᠬᠤᠷᠢᠶ᠎ᠠ ᠲᠤᠰ ᠱᠠᠳᠤᠨ᠎ᠤ᠎ᠪᠠᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠲᠦᠯᠦᠭᠡᠯᠡᠭ᠌ᠴᠢ᠎ᠳᠤ ᠠᠵᠢᠯ᠎ᠤᠨ ᠪᠠᠢᠳᠡᠯ᠎ᠢᠶᠠᠨ ᠴᠠᠭ ᠲᠤᠬᠠᠢ᠎ᠳᠤᠨᠢ ᠮᠡᠳᠡᠭ᠌ᠳᠡᠵᠦ᠍᠂ ᠮᠡᠳᠡᠭᠡ ᠵᠠᠩᠭᠢ᠎ᠶ᠋ᠢᠨ ᠮᠠᠲ᠋ᠧᠷᠢᠶᠡᠯ ᠬᠠᠨᠭ᠌ᠭᠠᠵᠦ᠍᠂ ᠲᠦᠯᠦᠭᠡᠯᠡᠭ᠌ᠴᠢ᠎ᠶ᠋ᠢᠨ ᠪᠠᠢᠳᠡᠯ᠎ᠢ ᠮᠡᠳᠡᠬᠦ᠌ ᠡᠷᠭᠡ᠎ᠶ᠋ᠢ ᠪᠠᠳᠤᠯᠠᠬᠤ ᠬᠡᠷᠡᠭᠲᠡᠢ᠃

《ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠡᠯ᠎ᠡ ᠬᠠᠷᠢᠶ᠎ᠠ ᠰᠠᠯᠠᠭ᠎ᠠ ᠮᠥᠴᠢᠷ᠂ ᠬᠢᠨᠠᠨ ᠪᠠᠢᠴᠠᠭᠠᠬᠤ ᠵᠥᠪᠯᠡᠯ᠂ ᠠᠷᠠᠳ᠎ᠤᠨ ᠱᠢᠭᠦᠬᠦ᠌ ᠬᠤᠷᠢᠶ᠎ᠠ᠂ ᠠᠷᠠᠳ᠎ᠤᠨ ᠪᠠᠢᠴᠠᠭᠠᠬᠤ ᠬᠤᠷᠢᠶ᠎ᠠ ᠲᠣᠰ ᠱᠠᠲᠤᠨ᠎ᠤ᠎ᠪᠠᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠨᠢᠭᠡᠳᠦᠯᠲᠡᠶ ᠲᠥᠯᠥᠪᠵᠢᠭᠦᠯᠭᠡ ᠲᠤᠬᠢᠷᠠᠭᠤᠯᠤᠯᠲᠠ᠎ᠶ᠋ᠢ ᠦᠨᠳᠦᠰᠦᠯᠡᠵᠦ᠍᠂ ᠲᠥᠯᠥᠭᠡᠯᠡᠭ᠌ᠴᠢ᠎ᠶ᠋ᠢ ᠤᠷᠢᠵᠤ ᠬᠤᠯᠪᠤᠭ᠍ᠳᠠᠯ ᠪᠦᠬᠦᠢ ᠠᠵᠢᠯ ᠪᠠ ᠠᠵᠢᠯᠯᠠᠭ᠎ᠠ᠎ᠳᠤ ᠣᠷᠣᠯᠴᠠᠭᠤᠯᠵᠤ᠂ ᠲᠥᠯᠥᠭᠡᠯᠡᠭ᠌ᠴᠢ᠎ᠶ᠋ᠢᠨ ᠰᠠᠨᠠᠯ ᠪᠠ ᠰᠠᠨᠠᠭᠤᠯᠭ᠎ᠠ᠎ᠶ᠋ᠢ ᠰᠣᠨᠣᠰᠤᠨ᠎ᠠ》 ᠭᠡᠵᠦ᠍ ᠵᠠᠰᠠᠨ᠎ᠠ᠃

ᠬᠤᠷᠢᠨ ᠳᠥᠷᠪᠡ᠂ ᠭᠤᠴᠢ ᠶᠢᠰᠦᠳᠦᠭᠡᠷ ᠵᠦᠢᠯ᠎ᠢ ᠳᠥᠴᠢᠨ ᠳᠣᠯᠣᠳᠤᠭᠠᠷ ᠵᠦᠢᠯ ᠪᠣᠯᠭᠠᠵᠤ᠂ 《ᠱᠢᠶᠠᠨ᠎ᠤ ᠱᠠᠲᠤᠨ᠎ᠡᠴᠡ ᠳᠡᠭᠡᠭ᠌ᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠲᠥᠯᠥᠭᠡᠯᠡᠭ᠌ᠴᠢ᠎ᠶ᠋ᠢ ᠲᠥᠯᠥᠪᠯᠡᠭᠡ᠎ᠲᠠᠢ᠎ᠪᠠᠷ ᠵᠣᠬᠢᠶᠠᠨ ᠪᠠᠢᠭᠤᠯᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠰᠤᠷᠤᠯᠴᠠᠯᠭ᠎ᠠ ᠪᠣᠯᠪᠠᠰᠤᠷᠠᠯ ᠪᠠ ᠰᠣᠯᠢᠯᠴᠠᠭ᠎ᠠ᠎ᠳᠤ ᠣᠷᠣᠯᠴᠠᠭᠤᠯᠵᠤ᠂ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ ᠬᠡᠷᠡᠭᠲᠡᠢ᠃

《ᠲᠥᠯᠥᠭᠡᠯᠡᠭ᠌ᠴᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠨᠤᠯ ᠪᠠ ᠱᠤᠭᠤᠮ᠂ ᠴᠢᠭ᠌ᠯᠡᠯᠲᠡ᠂ ᠲᠦᠷᠦ᠍᠎ᠶ᠋ᠢᠨ ᠪᠤᠳᠤᠯᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠦᠨᠳᠦᠰᠦᠨ ᠬᠠᠤᠯᠢ ᠪᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠣᠢ᠌ᠯᠠᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠱᠠᠭᠠᠷᠳᠠᠭ᠍ᠳᠠᠬᠤ ᠬᠠᠤᠯᠢ ᠴᠠᠭᠠᠵᠠ᠎ᠶ᠋ᠢᠨ ᠮᠡᠳᠡᠯᠭᠡ ᠪᠠ ᠪᠤᠰᠤᠳ ᠲᠤᠰᠭᠠᠶ ᠮᠡᠷᠭᠡᠵᠢᠯ᠎ᠤᠨ ᠮᠡᠳᠡᠯᠭᠡ᠎ᠶ᠋ᠢ ᠡᠵᠡᠮᠱᠢᠭ᠌ᠰᠡᠨ ᠪᠠᠢᠬᠤ ᠬᠡᠷᠡᠭ᠌ᠲᠡᠶ᠃

《ᠱᠢᠶᠠᠩ᠂ ᠦᠨᠳᠦᠰᠦᠲᠡᠨ᠎ᠤ ᠱᠢᠶᠠᠩ᠂ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠳᠡᠭᠡᠷ᠎ᠠ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠪᠠ ᠱᠢᠶᠠᠩ᠂ ᠦᠨᠳᠦᠰᠦᠲᠡᠨ᠎ᠤ ᠱᠢᠶᠠᠩ᠂ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ᠎ᠤᠨ ᠵᠣᠬᠢᠶᠠᠨ ᠪᠠᠢᠭᠤᠯᠤᠭ᠍ᠰᠠᠨ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠰᠤᠷᠤᠯᠴᠠᠯᠭ᠎ᠠ ᠪᠣᠯᠪᠠᠰᠤᠷᠠᠯ᠎ᠳᠤ ᠣᠷᠣᠯᠴᠠᠬᠤ ᠬᠡᠷᠡᠭ᠌ᠲᠡᠶ》 ᠭᠡᠵᠦ᠍ ᠵᠠᠰᠠᠨ᠎ᠠ᠃

ᠬᠤᠷᠢᠨ ᠲᠠᠪᠤ᠂ ᠨᠢᠭᠡ ᠵᠦᠢᠯ ᠨᠡᠮᠡᠵᠦ᠍ ᠲᠠᠪᠢᠳᠤᠭᠠᠷ ᠵᠦᠢᠯ ᠪᠣᠯᠭᠠᠨ᠎ᠠ ᠄ 《ᠱᠢᠶᠠᠨ᠎ᠤ ᠱᠠᠲᠤᠨ᠎ᠡᠴᠡ ᠳᠡᠭᠡᠭ᠌ᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠤᠰᠭᠠᠶ ᠵᠥᠪᠯᠡᠯ ᠲᠤᠰ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ᠎ᠤᠨ ᠲᠤᠱᠢᠶᠠᠭ᠍ᠰᠠᠨ ᠲᠥᠯᠥᠭᠡᠯᠡᠭ᠌ᠴᠢ᠎ᠶ᠋ᠢᠨ ᠰᠠᠨᠠᠯ ᠵᠥᠪᠯᠡᠯᠭᠡ᠎ᠶ᠋ᠢ ᠬᠢᠨᠠᠨ ᠵᠦᠪᠯᠡᠬᠦ᠎ᠳᠡᠭᠡᠨ ᠲᠥᠯᠥᠭᠡᠯᠡᠭ᠌ᠴᠢ᠎ᠲᠠᠢ ᠬᠠᠷᠢᠯᠴᠠᠵᠤ ᠨᠡᠪᠲᠡᠷᠡᠯᠴᠡᠨ᠂ ᠰᠠᠨᠠᠯ᠎ᠢ᠎ᠨᠢ ᠭᠦᠢᠴᠡᠳ ᠰᠣᠨᠣᠰᠭᠤ ᠪᠥᠭᠡᠳ ᠪᠠᠢᠳᠠᠯ᠎ᠢ ᠴᠠᠭ ᠲᠤᠬᠠᠶ᠎ᠳᠤᠨᠢ ᠮᠡᠳᠡᠭ᠌ᠳᠡᠬᠦ᠌ ᠬᠡᠷᠡᠭ᠌ᠲᠡᠶ ᠃ 》 

ᠬᠤᠷᠢᠨ ᠵᠢᠷᠭᠤᠭ᠎ᠠ᠂ ᠳᠥᠴᠢᠨ ᠬᠤᠶᠠᠳᠤᠭᠠᠷ ᠵᠦᠢᠯ᠎ᠢ ᠲᠠᠪᠢᠨ ᠨᠢᠭᠡᠳᠦᠭᠡᠷ ᠵᠦᠢᠯ ᠪᠣᠯᠭᠠᠭᠠᠳ ᠨᠢᠭᠡ ᠪᠠᠳᠠᠭ ᠨᠡᠮᠡᠵᠦ᠍ ᠨᠢᠭᠡᠳᠦᠭᠡᠷ ᠪᠠᠳᠠᠭ ᠪᠣᠯᠭᠠᠨ᠎ᠠ ᠄ 《 ᠲᠥᠯᠥᠭᠡᠯᠡᠭ᠌ᠴᠢ᠎ᠶ᠋ᠢᠨ ᠡᠯ᠎ᠡ ᠲᠠᠯ᠎ᠠ᠎ᠶ᠋ᠢᠨ ᠠᠵᠢᠯ᠎ᠳᠤ ᠳᠤᠷᠠᠳᠤᠭ᠍ᠰᠠᠨ ᠰᠠᠨᠠᠭᠤᠯᠭ᠎ᠠ᠂ ᠱᠢᠭᠦᠮᠵᠢᠯᠡᠯ ᠪᠠ ᠰᠠᠨᠠᠯ᠎ᠢ ᠲᠤᠰ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠬᠡᠷᠡᠭ ᠡᠷᠬᠢᠯᠡᠬᠦ᠌ ᠪᠠᠢᠭᠤᠯᠤᠮᠵᠢ᠂ ᠠᠵᠢᠯ᠎ᠤᠨ ᠪᠠᠢᠭᠤᠯᠤᠮᠵᠢ ᠪᠤᠶᠤ ᠱᠢᠶᠠᠩ᠂ ᠦᠨᠳᠦᠰᠦᠲᠡᠨ᠎ᠤ ᠱᠢᠶᠠᠩ᠂ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ᠎ᠡᠴᠡ ᠬᠤᠯᠪᠣᠭ᠍ᠳᠠᠯ ᠪᠦᠬᠦᠢ ᠪᠠᠢᠭᠤᠯᠭ᠎ᠠ᠂ ᠵᠣᠬᠢᠶᠠᠨ ᠪᠠᠢᠭᠤᠯᠤᠯᠲᠠ᠎ᠳᠤ ᠲᠤᠱᠢᠶᠠᠵᠤ ᠰᠤᠳᠤᠯᠤᠨ ᠱᠢᠢᠳᠪᠦᠷᠢᠯᠡᠭᠦᠯᠤᠨ᠎ᠠ ᠃ 》

ᠨᠢᠭᠡᠳᠦᠭᠡᠷ ᠪᠠᠳᠠᠭ ᠪᠠ ᠬᠤᠶᠠᠳᠤᠭᠠᠷ ᠪᠠᠳᠠᠭ᠎ᠢ ᠨᠡᠢᠯᠡᠭᠦᠯᠵᠦ᠍ ᠬᠤᠶᠠᠳᠤᠭᠠᠷ ᠪᠠᠳᠠᠭ ᠪᠣᠯᠭᠠᠵᠤ᠂《ᠬᠤᠯᠪᠤᠭ᠍ᠳᠠᠯ ᠪᠦᠬᠦᠢ ᠪᠠᠢᠭᠤᠯᠭ᠎ᠠ᠂ ᠵᠤᠬᠢᠶᠠᠨ ᠪᠠᠢᠭᠤᠯᠤᠯᠳᠡ ᠲᠦᠯᠦᠭᠡᠯᠡᠭ᠌ᠴᠢ᠎ᠶ᠋ᠢᠨ ᠰᠠᠨᠠᠭᠤᠯᠭ᠎ᠠ᠂ ᠱᠢᠬᠦᠮᠵᠢᠯᠡᠯ ᠪᠠ ᠰᠠᠨᠠᠯ᠎ᠢ ᠬᠢᠨᠠᠮᠠᠭᠠᠢ ᠰᠤᠳᠤᠯᠤᠨ ᠱᠢᠢᠳᠪᠤᠷᠢᠯᠡᠵᠦ᠍᠂ ᠲᠥᠯᠥᠭᠡᠯᠡᠭ᠌ᠴᠢ᠎ᠲᠠᠢ ᠬᠠᠷᠢᠯᠴᠠᠵᠤ ᠨᠡᠪᠲᠡᠷᠡᠯᠴᠡᠨ᠂ ᠰᠠᠨᠠᠯ᠎ᠢ᠎ᠨᠢ ᠭᠦᠢᠴᠡᠳ ᠰᠣᠨᠣᠰᠭᠤ ᠬᠡᠷᠡᠭ᠌ᠲᠡᠢ ᠪᠦᠭᠡᠳ ᠱᠢᠢᠳᠪᠤᠷᠢᠯᠡᠬᠦᠯᠬᠦ᠌᠎ᠪᠠᠷ ᠲᠤᠱᠢᠶᠠᠭ᠍ᠰᠠᠨ ᠡᠳᠦᠷ᠎ᠡᠴᠡ ᠡᠬᠢᠯᠡᠨ ᠭᠤᠷᠪᠠᠨ ᠰᠠᠷ᠎ᠠ᠎ᠶ᠋ᠢᠨ ᠲᠤᠳᠤᠷ᠎ᠠ ᠬᠠᠷᠢᠭᠤᠯᠳᠡ ᠦᠭ᠌ᠭᠦ ᠬᠡᠷᠡᠭ᠌ᠳᠠᠢ᠃ ᠬᠤᠯᠪᠤᠬ᠍ᠳᠠᠬᠤ ᠬᠡᠪᠴᠢᠶ᠎ᠠ᠎ᠨᠢ ᠦᠷᠭᠡᠨ᠂ ᠱᠢᠢᠳᠪᠤᠷᠢᠯᠡᠬᠦ᠌᠎ᠳᠤ ᠬᠦᠴᠢᠷᠳᠠᠢ ᠰᠠᠨᠠᠭᠤᠯᠭ᠎ᠠ᠂ ᠱᠢᠬᠦᠮᠵᠢᠯᠡᠯ ᠪᠠ ᠰᠠᠨᠠᠯ᠎ᠳᠤ ᠱᠢᠢᠳᠪᠤᠷᠢᠯᠡᠬᠦᠯᠬᠦ᠌᠎ᠪᠠᠷ ᠲᠤᠱᠢᠶᠠᠭ᠍ᠰᠠᠨ ᠡᠳᠦᠷ᠎ᠡᠴᠡ ᠡᠬᠢᠯᠡᠨ ᠵᠢᠷᠭᠤᠭᠠᠨ ᠰᠠᠷ᠎ᠠ᠎ᠶ᠋ᠢᠨ ᠲᠤᠳᠤᠷ᠎ᠠ ᠬᠠᠷᠢᠭᠤᠯᠳᠡ ᠦᠭ᠌ᠭᠦ ᠬᠡᠷᠡᠭ᠌ᠳᠠᠢ》 ᠭᠡᠵᠦ᠍ ᠵᠠᠰᠠᠨ᠎ᠠ᠃

ᠭᠤᠷᠪᠠᠳᠤᠭᠠᠷ ᠪᠠᠳᠠᠭ᠎ᠢ ᠨᠢ᠄ 《ᠲᠥᠯᠥᠭᠡᠯᠡᠭ᠌ᠴᠢ᠎ᠶ᠋ᠢᠨ ᠰᠠᠨᠠᠭᠤᠯᠭ᠎ᠠ᠂ ᠱᠢᠭᠦᠮᠵᠢᠯᠡᠯ ᠪᠠ ᠰᠠᠨᠠᠯ᠎ᠢ ᠱᠢᠢᠳᠪᠦᠷᠢᠯᠡᠭ᠌ᠰᠡᠨ ᠪᠠᠢᠳᠠᠯ᠎ᠢ ᠪᠠᠢᠩᠭᠤ᠎ᠶ᠋ᠢᠨ ᠬᠤᠷᠢᠶ᠎ᠠ ᠵᠢᠨ ᠬᠡᠷᠡᠭ ᠡᠷᠬᠢᠯᠡᠬᠦ᠌ ᠪᠠᠢᠭᠤᠯᠤᠮᠵᠢ᠂ ᠠᠵᠢᠯ᠎ᠤᠨ ᠪᠠᠢᠭᠤᠯᠤᠮᠵᠢ ᠪᠤᠶᠤ ᠬᠤᠯᠪᠣᠭ᠍ᠳᠠᠯ ᠪᠦᠬᠦᠢ ᠪᠠᠢᠭᠤᠯᠭ᠎ᠠ᠂ ᠵᠣᠬᠢᠶᠠᠨ ᠪᠠᠢᠭᠤᠯᠤᠯᠲᠠ ᠲᠤᠰ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠳᠤ ᠮᠡᠳᠡᠭᠦᠯᠬᠦ᠌ ᠪᠥᠭᠡᠳ ᠳᠠᠷᠠᠭ᠎ᠠ ᠤᠳᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠷᠠᠯ᠎ᠳᠤ ᠳᠠᠷᠤᠮᠠᠯᠯᠠᠨ ᠲᠠᠷᠬᠠᠭᠠᠨ᠎ᠠ; ᠡᠰᠡᠬᠦᠯ᠎ᠡ ᠱᠢᠶᠠᠩ᠂ ᠦᠨᠳᠦᠰᠦᠲᠡᠨ᠎ᠤ ᠱᠢᠶᠠᠩ᠂ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ᠎ᠡᠴᠡ ᠱᠢᠶᠠᠩ᠂ ᠦᠨᠳᠦᠰᠦᠲᠡᠨ᠎ᠤ ᠱᠢᠶᠠᠩ᠂ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠳᠤ ᠮᠡᠳᠡᠭᠦᠯᠤᠨ᠎ᠠ᠃ ᠲᠥᠯᠥᠭᠡᠯᠡᠭ᠌ᠴᠢ᠎ᠶ᠋ᠢᠨ ᠰᠠᠨᠠᠭᠤᠯᠭ᠎ᠠ᠂ ᠱᠢᠭᠦᠮᠵᠢᠯᠡᠯ ᠪᠠ ᠰᠠᠨᠠᠯ᠎ᠢ ᠱᠢᠢᠳᠪᠦᠷᠢᠯᠡᠭ᠌ᠰᠡᠨ ᠪᠠᠢᠳᠠᠯ᠎ᠤᠨ ᠮᠡᠳᠡᠭᠦᠯᠦᠯᠲᠡ᠎ᠶ᠋ᠢ ᠢᠯᠡ ᠪᠣᠯᠭᠠᠬᠤ ᠬᠡᠷᠡᠭ᠌ᠲᠡᠶ》 ᠭᠡᠵᠦ᠍ ᠵᠠᠰᠠᠨ᠎ᠠ᠃

ᠬᠤᠷᠢᠨ ᠲᠤᠯᠤᠭ᠎ᠠ᠂ ᠨᠢᠭᠡ ᠵᠦᠢᠯ ᠨᠡᠮᠡᠵᠦ᠍ ᠲᠠᠪᠢᠨ ᠬᠤᠶᠠᠳᠤᠭᠠᠷ ᠵᠦᠢᠯ ᠪᠣᠯᠭᠠᠨ᠎ᠠ ᠄《ᠱᠢᠶᠠᠨ᠎ᠤ ᠱᠠᠲᠤᠨ᠎ᠡᠴᠡ ᠳᠡᠭᠡᠭ᠌ᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠯᠪᠣᠭ᠍ᠳᠠᠯ ᠪᠦᠬᠦᠢ ᠲᠤᠰᠭᠠᠶ ᠵᠦᠪᠯᠡᠯ ᠪᠠ ᠪᠠᠢᠩᠭᠤ᠎ᠶ᠋ᠢᠨ ᠬᠤᠷᠢᠶ᠎ᠠ ᠵᠢᠨ ᠬᠡᠷᠡᠭ ᠡᠷᠬᠢᠯᠡᠬᠦ᠌ ᠪᠠᠢᠭᠤᠯᠤᠮᠵᠢ᠂ ᠠᠵᠢᠯ᠎ᠤᠨ ᠪᠠᠢᠭᠤᠯᠤᠮᠵᠢ᠂ ᠱᠢᠶᠠᠩ᠂ ᠦᠨᠳᠦᠰᠦᠲᠡᠨ᠎ᠤ ᠱᠢᠶᠠᠩ᠂ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ᠎ᠨᠢ ᠲᠥᠯᠥᠭᠡᠯᠡᠭ᠌ᠴᠢ᠎ᠶ᠋ᠢᠨ ᠰᠠᠨᠠᠭᠤᠯᠭ᠎ᠠ᠂ ᠱᠢᠭᠦᠮᠵᠢᠯᠡᠯ ᠪᠠ ᠰᠠᠨᠠᠯ᠎ᠢ ᠱᠠᠯᠠᠪᠳᠠᠭᠤᠯᠤᠨ ᠱᠢᠢᠳᠪᠦᠷᠢᠯᠡᠭᠦᠯᠬᠦ᠌ ᠠᠵᠢᠯ᠎ᠢ ᠴᠢᠩᠭᠠᠳᠭᠠᠬᠤ ᠬᠡᠷᠡᠭ᠌ᠲᠡᠶ᠃

《ᠬᠤᠷᠢᠶᠠᠨ ᠳᠠᠷᠤᠭ᠎ᠠ ᠨᠠᠷ᠎ᠤᠨ ᠬᠤᠷᠠᠯ ᠪᠤᠶᠤ ᠡᠷᠬᠢᠯᠡᠭ᠌ᠴᠢᠳ᠎ᠤᠨ ᠬᠤᠷᠠᠯ᠎ᠨᠢ ᠠᠵᠤ ᠠᠬᠤᠶ ᠨᠡᠢᠭᠡᠮ᠎ᠤᠨ ᠬᠥᠭ᠌ᠵᠢᠯᠲᠡ ᠪᠠ ᠠᠷᠠᠳ ᠣᠯᠠᠨ᠎ᠤ ᠲᠤᠰ  ᠪᠡᠶ᠎ᠡ᠎ᠶ᠋ᠢᠨ ᠠᠱᠢᠭ ᠲᠤᠰᠠ᠎ᠳᠤ ᠬᠤᠯᠪᠣᠭ᠍ᠳᠠᠭ᠍ᠰᠠᠨ᠂ ᠨᠡᠢᠭᠡᠮ ᠳᠠᠶᠠᠭᠠᠷ᠎ᠤᠨ ᠨᠡᠢᠳᠡᠮ ᠠᠩᠬᠠᠷᠤᠯ ᠲᠠᠯᠪᠢᠵᠦ᠍ ᠪᠠᠢᠭ᠎ᠠ ᠴᠢᠬᠤᠯᠠ ᠶᠡᠭᠡ ᠠᠰᠠᠭᠤᠳᠠᠯ᠂ ᠴᠢᠬᠤᠯᠠ ᠶᠡᠭᠡ ᠤᠴᠢᠷ ᠶᠠᠪᠤᠳᠠᠯ᠎ᠲᠠᠢ ᠤᠶᠠᠯᠳᠤᠭᠤᠯᠵᠤ᠂ ᠭᠤᠤᠯᠳᠠᠯᠭ᠎ᠠ᠎ᠲᠠᠢ ᠱᠠᠯᠠᠪᠳᠠᠭᠤᠯᠤᠨ ᠱᠢᠢᠳᠪᠦᠷᠢᠯᠡᠭᠦᠯᠬᠦ᠌ ᠲᠥᠯᠥᠭᠡᠯᠡᠭ᠌ᠴᠢ᠎ᠶ᠋ᠢᠨ ᠰᠠᠨᠠᠭᠤᠯᠭ᠎ᠠ᠂ ᠱᠢᠭᠦᠮᠵᠢᠯᠡᠯ ᠪᠠ ᠰᠠᠨᠠᠯ᠎ᠢ ᠲᠣᠭ᠍ᠲᠠᠭᠠᠵᠦ᠍ ᠪᠤᠯᠤᠨ᠎ᠠ ᠃》 

ᠬᠤᠷᠢᠨ ᠨᠠᠢ᠍ᠮᠠ᠂ ᠨᠢᠭᠡ ᠵᠦᠢᠯ ᠨᠡᠮᠡᠵᠦ᠍ ᠲᠠᠪᠢᠨ ᠳᠥᠷᠪᠡᠳᠦᠭᠡᠷ ᠵᠦᠢᠯ ᠪᠣᠯᠭᠠᠨ᠎ᠠ ᠄ 《ᠪᠡᠶ᠎ᠡ᠎ᠨᠢ ᠵᠡᠮᠳᠡᠭ ᠪᠤᠶᠤ ᠬᠥᠳᠡᠯᠵᠦ᠍ ᠪᠠᠷᠢᠬᠤ᠎ᠳᠤ ᠳᠥᠭᠦᠮ ᠦᠭᠡᠢ ᠪᠤᠰᠤᠳ ᠲᠥᠯᠥᠭᠡᠯᠡᠭ᠌ᠴᠢ ᠲᠥᠯᠥᠭᠡᠯᠡᠭ᠌ᠴᠢ᠎ᠶ᠋ᠢᠨ ᠲᠤᠱᠢᠶᠠᠯ᠎ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠶ᠎ᠡ᠎ᠳᠤ᠂ ᠬᠤᠯᠪᠣᠭ᠍ᠳᠠᠯ ᠪᠦᠬᠦᠢ ᠰᠠᠯᠠᠭ᠎ᠠ ᠮᠥᠴᠢᠷ ᠬᠡᠷᠡᠭ᠌ᠴᠡᠭᠡ᠎ᠶ᠋ᠢ᠎ᠨᠢ ᠦᠨᠳᠦᠰᠦᠯᠡᠨ ᠴᠢᠬᠤᠯᠠ ᠪᠦᠬᠦᠢ ᠬᠠᠪᠰᠤᠷᠤᠯᠭ᠎ᠠ ᠪᠠ ᠬᠠᠷᠠᠭᠠᠯᠵᠠᠯ ᠦᠵᠡᠭᠦᠯᠬᠦ᠌  ᠬᠡᠷᠡᠭ᠌ᠲᠡᠶ᠃》

ᠬᠤᠷᠢ ᠶᠢᠰᠦ᠂ ᠨᠢᠭᠡ ᠵᠦᠢᠯ ᠨᠡᠮᠡᠵᠦ᠍ ᠲᠠᠪᠢᠨ ᠵᠢᠷᠭᠤᠳᠤᠭᠠᠷ ᠵᠦᠢᠯ ᠪᠤᠯᠭᠠᠨ᠎ᠠ᠄《ᠱᠢᠶᠠᠨ᠎ᠤ ᠱᠠᠲᠤᠨ᠎ᠡᠴᠡ ᠳᠡᠭᠡᠭ᠌ᠰᠢᠬᠢ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠨᠢ ᠲᠥᠯᠥᠭᠡᠯᠡᠭ᠌ᠴᠢ᠎ᠶ᠋ᠢᠨ ᠬᠠᠦᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠤ᠂ ᠦᠢᠯᠡᠳᠦᠯ᠎ᠢᠶᠠᠨ ᠪᠠᠳᠠᠷᠠᠭᠤᠯᠤᠭ᠍ᠰᠠᠨ ᠨᠡᠢᠲᠡᠯᠢᠭ ᠦᠢᠯᠡ ᠠᠵᠢᠯᠯᠠᠭ᠎ᠠ᠎ᠶ᠋ᠢ ᠤᠯᠠᠨ ᠵᠦᠢᠯ᠎ᠤᠨ ᠠᠷᠭ᠎ᠠ ᠮᠠᠶᠢᠭ᠎ᠢᠶᠠᠷ ᠳᠠᠮᠵᠢᠭᠤᠯᠤᠨ ᠤᠬᠠᠭᠤᠯᠵᠤ᠂ ᠲᠥᠯᠥᠭᠡᠯᠡᠭ᠌ᠴᠢ᠎ᠶ᠋ᠢᠨ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠦᠭ᠌ᠰᠡᠨ ᠠᠮᠢᠳᠤᠯᠢᠭ ᠦᠢᠯᠡᠳᠦᠯᠭᠡ᠎ᠶ᠋ᠢ ᠢᠯᠡᠷᠡᠭᠦᠯᠬᠦ᠌ ᠬᠡᠷᠡᠭ᠌ᠲᠡᠶ᠃》

ᠭᠤᠴᠢ᠂ ᠨᠢᠭᠡ ᠵᠦᠢᠯ ᠨᠡᠮᠡᠵᠦ᠍ ᠲᠠᠪᠢᠨ ᠳᠣᠯᠣᠳᠤᠭᠠᠷ ᠵᠦᠢᠯ ᠪᠣᠯᠭᠠᠨ᠎ᠠ᠄ 《ᠲᠥᠯᠥᠭᠡᠯᠡᠭ᠌ᠴᠢ ᠤᠯᠤᠰ ᠲᠦᠷᠦ᠍᠎ᠶ᠋ᠢᠨ ᠵᠣᠭ᠍ᠰᠣᠯᠲᠠ᠎ᠪᠠᠨ ᠪᠠᠲᠤᠳᠭᠠᠵᠦ᠍᠂ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠦᠵᠡᠯ ᠰᠠᠨᠠᠭ᠎ᠠ ᠣᠪᠣᠷ ᠰᠤᠷᠲᠠᠯ᠎ᠤᠨ ᠪᠠᠢᠭᠤᠯᠤᠯᠲᠠ᠎ᠪᠠᠨ ᠴᠢᠩᠭᠠᠳᠭᠠᠵᠤ᠂ ᠤᠬᠠᠮᠰᠠᠷ᠎ᠡᠴᠡ᠎ᠪᠠᠨ ᠬᠢᠨᠠᠯᠲᠠ᠎ᠶ᠋ᠢ ᠬᠦᠯᠢᠶᠡᠵᠦ᠍᠂ ᠲᠥᠯᠥᠭᠡᠯᠡᠭ᠌ᠴᠢ᠎ᠶ᠋ᠢᠨ ᠳᠦᠷᠢ ᠲᠥᠷᠬᠦ᠌᠎ᠶ᠋ᠢ ᠤᠬᠠᠮᠰᠠᠷ᠎ᠠᠴᠠ᠎ᠪᠠᠨ ᠬᠠᠮᠠᠭᠠᠯᠠᠬᠤ ᠬᠡᠷᠡᠭ᠌ᠲᠡᠢ᠃》

ᠭᠤᠴᠢᠨ ᠨᠢᠭᠡ᠂ ᠳᠥᠴᠢᠨ ᠲᠠᠪᠤᠳᠤᠭᠠᠷ ᠵᠦᠢᠯ᠎ᠢ ᠲᠠᠪᠢᠨ ᠨᠠᠢ᠍ᠮᠠᠳᠤᠭᠠᠷ ᠵᠦᠢᠯ ᠪᠣᠯᠭᠠᠵᠤ᠂ ᠬᠤᠶᠠᠳᠤᠭᠠᠷ ᠪᠠᠳᠠᠭ᠎ᠢ ᠨᠢ᠄《ᠲᠥᠯᠥᠭᠡᠯᠡᠭ᠌ᠴᠢ ᠤᠤᠯ ᠰᠣᠩᠭᠤᠭᠤᠯᠢ᠎ᠶ᠋ᠢᠨ ᠲᠣᠭᠤᠷᠢᠭ᠎ᠤᠨ ᠰᠣᠩᠭᠤᠭᠤᠯᠢ᠎ᠶ᠋ᠢᠨ ᠠᠷᠠᠳ ᠪᠤᠶᠤ ᠤᠤᠯ ᠰᠣᠩᠭᠤᠭ᠍ᠰᠠᠨ ᠨᠢᠭᠡᠴᠢ᠎ᠳᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠠᠢᠳᠠᠯ᠎ᠢᠶᠠᠨ ᠤᠯᠠᠨ ᠵᠦᠢᠯ᠎ᠤᠨ ᠠᠷᠭ᠎ᠠ ᠮᠠᠶᠢᠭ᠎ᠢᠶᠠᠷ ᠮᠡᠳᠡᠭᠦᠯᠬᠦ᠌ ᠬᠡᠷᠡᠭ᠌ᠲᠡᠶ᠃ ᠱᠢᠶᠠᠨ᠎ᠤ ᠱᠠᠲᠤᠨ᠎ᠡᠴᠡ ᠳᠡᠭᠡᠭ᠌ᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠪᠠ ᠱᠢᠶᠠᠩ᠂ ᠦᠨᠳᠦᠰᠦᠲᠡᠨ᠎ᠤ ᠱᠢᠶᠠᠩ᠂ ᠪᠠᠯᠭᠠᠰᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠡᠷᠢᠭᠦᠯᠡᠭ᠌ᠴᠢᠳ᠎ᠤᠨ ᠪᠦᠯᠬᠦᠮ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠠᠢᠳᠠᠯ᠎ᠢ ᠲᠡᠮᠳᠡᠭ᠌ᠯᠡᠵᠦ᠍᠂ ᠲᠣᠭ᠍ᠲᠠᠮᠠᠯ ᠬᠤᠭᠤᠴᠠᠭ᠎ᠠ᠎ᠲᠠᠢ᠎ᠪᠠᠷ ᠲᠣᠰ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢ ᠵᠣᠬᠢᠶᠠᠨ ᠪᠠᠢᠭᠤᠯᠵᠤ ᠤᠤᠯ ᠰᠣᠩᠭᠤᠭᠤᠯᠢ᠎ᠶ᠋ᠢᠨ ᠲᠣᠭᠤᠷᠢᠭ᠎ᠤᠨ ᠰᠣᠩᠭᠤᠭᠤᠯᠢ᠎ᠶ᠋ᠢᠨ ᠠᠷᠠᠳ ᠪᠤᠶᠤ ᠤᠤᠯ ᠰᠣᠩᠭᠤᠭ᠍ᠰᠠᠨ ᠨᠢᠭᠡᠴᠢ᠎ᠳᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠪᠠᠢᠳᠠᠯ᠎ᠢ᠎ᠨᠢ ᠮᠡᠳᠡᠭᠦᠯᠦᠭᠦᠯᠬᠦ᠌ ᠪᠦᠭᠡᠳ ᠲᠥᠯᠥᠭᠡᠯᠡᠭ᠌ᠴᠢ᠎ᠶ᠋ᠢᠨ ᠦᠨᠳᠦᠰᠦᠨ ᠮᠡᠳᠡᠭᠡ ᠵᠠᠩᠭᠢ ᠪᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠭ᠌ᠰᠡᠨ ᠮᠡᠳᠡᠭᠡ ᠵᠠᠩᠭᠢ᠎ᠶ᠋ᠢ ᠵᠠᠷᠯᠠᠨ ᠨᠡᠢᠲᠡᠯᠡᠨ᠎ᠡ》ᠭᠡᠵᠦ᠍ ᠵᠠᠰᠠᠨ᠎ᠠ᠃

ᠭᠤᠴᠢᠨ ᠬᠤᠶᠠᠷ᠂ ᠳᠥᠴᠢᠨ ᠵᠢᠷᠭᠤᠳᠤᠭᠠᠷ ᠵᠦᠢᠯ᠎ᠢ ᠲᠠᠪᠢ ᠶᠢᠰᠦᠳᠦᠭᠡᠷ ᠵᠦᠢᠯ ᠪᠣᠯᠭᠠᠵᠤ ᠂《ᠲᠥᠯᠥᠭᠡᠯᠡᠭ᠌ᠴᠢ ᠬᠤᠪᠢ᠎ᠶ᠋ᠢᠨ ᠠᠵᠢᠯ ᠮᠡᠷᠭᠡᠵᠢᠯ᠎ᠤᠨ ᠠᠵᠢᠯᠯᠠᠭ᠎ᠠ ᠬᠢᠬᠦ᠌ ᠪᠠ ᠲᠥᠯᠥᠭᠡᠯᠡᠭ᠌ᠴᠢ᠎ᠶ᠋ᠢᠨ ᠲᠤᠱᠢᠶᠠᠯ᠎ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢᠨ ᠬᠠᠷᠢᠴᠠᠭ᠎ᠠ᠎ᠶ᠋ᠢ ᠵᠥᠪ᠎ᠢᠶᠠᠷ ᠱᠢᠢᠳᠪᠦᠷᠢᠯᠡᠬᠦ᠌ ᠬᠡᠷᠡᠭ᠌ᠲᠡᠶ᠂ ᠲᠥᠯᠥᠭᠡᠯᠡᠭ᠌ᠴᠢ᠎ᠶ᠋ᠢᠨ ᠲᠤᠱᠢᠶᠠᠯ᠎ᠬᠠᠷᠢᠭᠤᠴᠠᠯᠭ᠎ᠠ᠎ᠪᠠᠨ ᠭᠦᠢᠴᠡᠳᠭᠡᠬᠦ᠌ ᠶᠠᠪᠤᠳᠠᠯ᠎ᠢ ᠠᠱᠢᠭ᠍ᠯᠠᠨ ᠪᠣᠳᠠᠲᠠᠶ ᠬᠠᠦᠯᠢ ᠬᠡᠷᠡᠭ᠌ᠵᠢᠭᠦᠯᠬᠦ᠂ ᠬᠠᠦᠯᠢ ᠪᠠᠷᠢᠬᠤ ᠬᠡᠷᠡᠭ᠎ᠲᠤ ᠭᠠᠷ ᠲᠦᠷᠦᠵᠦ᠍᠂ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ᠎ᠳᠤ ᠤᠷᠤᠯᠴᠠᠬᠤ ᠵᠡᠷᠭᠡ ᠠᠵᠤ ᠠᠬᠤᠢ᠎ᠶ᠋ᠢᠨ ᠠᠵᠢᠯᠯᠠᠭ᠎ᠠ᠎ᠳᠤ ᠭᠠᠷ ᠳᠦᠷᠦᠬᠦ᠌ ᠪᠤᠶᠤ ᠬᠡᠯᠪᠡᠷᠢ᠎ᠶ᠋ᠢ᠎ᠨᠢ ᠥᠭᠡᠷᠡᠲᠦᠭᠦᠯᠦᠨ ᠬᠤᠳᠠᠯᠳᠤᠭᠠᠨ᠎ᠤ ᠠᠵᠢᠯᠯᠠᠭ᠎ᠠ ᠬᠢᠵᠦ᠍ ᠬᠤᠪᠢ᠎ᠶ᠋ᠢᠨ ᠠᠱᠢᠭ ᠣᠯᠵᠦ᠍ ᠪᠤᠯᠬᠤ ᠦᠭᠡᠢ》 ᠭᠡᠵᠦ᠍ ᠵᠠᠰᠠᠨ᠎ᠠ᠃

ᠭᠤᠴᠢᠨ ᠭᠤᠷᠪᠠ᠂ ᠳᠥᠴᠢ ᠶᠢᠰᠦᠳᠦᠭᠡᠷ ᠵᠦᠢᠯ᠎ᠢ ᠵᠢᠷᠠᠨ ᠬᠤᠶᠠᠳᠤᠭᠠᠷ ᠵᠦᠢᠯ ᠪᠣᠯᠭᠠᠵᠤ᠂ ᠬᠤᠶᠠᠳᠤᠭᠠᠷ ᠵᠤᠷᠪᠤᠰ᠎ᠢ  ᠨᠢ᠄ 《(ᠬᠤᠶᠠᠷ) ᠲᠤᠱᠢᠶᠠᠯ᠎ᠡᠴᠡ᠎ᠪᠠᠨ ᠪᠠᠭᠤᠭ᠍ᠰᠠᠨ ᠪᠤᠶᠤ ᠵᠠᠷᠯᠢᠭ᠍ᠳᠠᠵᠦ᠍ ᠪᠠᠢᠭᠠᠳ ᠲᠤᠱᠢᠶᠠᠯ᠎ᠡᠴᠡ᠎ᠨᠢ ᠪᠠᠭᠤᠯᠭᠠᠬᠤ᠎ᠶ᠋ᠢ ᠬᠦᠯᠢᠶᠡᠨ ᠠᠪᠤᠭ᠍ᠰᠠᠨ》ᠭᠡᠵᠦ᠍ ᠵᠠᠰᠠᠨ᠎ᠠ᠃

ᠨᠢᠭᠡ ᠪᠠᠳᠠᠭ ᠨᠡᠮᠡᠵᠤ ᠂ ᠬᠣᠶᠠᠳᠤᠭᠠᠷ ᠪᠠᠳᠠᠭ ᠪᠣᠯᠭᠠᠨ᠎ᠠ᠄ 《 ᠲᠥᠯᠥᠭᠡᠯᠡᠭᠴᠢ ᠨᠠᠰᠤ ᠪᠠᠷᠠᠭᠰᠠᠨ ᠪᠠᠢᠪᠠᠯ᠂ ᠲᠥᠯᠥᠭᠡᠯᠡᠭᠴᠢ᠎ᠶᠢᠨ ᠬᠢᠷᠢ ᠬᠡᠮ ᠨᠢ ᠠᠶᠠᠨᠳᠠᠭᠠᠨ ᠬᠦᠴᠦᠨ ᠦᠭᠡᠢ ᠪᠤᠯᠤᠨ᠎ᠠ᠃ 》

ᠭᠤᠴᠢᠨ ᠲᠦᠷᠪᠡ᠂ ᠬᠡᠰᠡᠭ ᠵᠦᠢᠯ ᠵᠤᠷᠪᠤᠰ᠎ᠲᠤ ᠳᠣᠤᠷᠠᠬᠢ ᠮᠡᠲᠦ ᠵᠠᠰᠠᠪᠤᠷᠢ ᠣᠷᠣᠭᠤᠯᠤᠨ᠎ᠠ᠄

(ᠨᠢᠭᠡ)ᠠᠷᠪᠠᠨ ᠳᠥᠷᠪᠡᠳᠦᠭᠡᠷ ᠵᠦᠢᠯ᠎ᠢ ᠬᠤᠷᠢᠳᠤᠭᠠᠷ ᠵᠦᠢᠯ ᠪᠣᠯᠭᠠᠵᠤ᠂ ᠨᠢᠭᠡᠳᠦᠭᠡᠷ ᠪᠠᠳᠠᠭ᠎ᠲᠠᠬᠢ《ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠪᠠ ᠲᠦᠷᠦ᠍᠎ᠶ᠋ᠢᠨ ᠶᠠᠪᠤᠳᠠᠯ᠎ᠤᠨ ᠬᠤᠷᠢᠶ᠎ᠡ ᠵᠢᠨ ᠡᠯ᠎ᠡ ᠶᠠᠮᠤᠨ᠂ ᠡᠯ᠎ᠡ ᠵᠦᠪᠯᠡᠯ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ 》 ᠭᠡᠳᠡᠭ᠎ᠢ 《ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠪᠠ ᠲᠦᠷᠦ᠍᠎ᠶ᠋ᠢᠨ ᠶᠠᠪᠤᠳᠠᠯ᠎ᠤᠨ ᠬᠤᠷᠢᠶ᠎ᠡ ᠵᠢᠨ ᠡᠯ᠎ᠡ ᠰᠠᠯᠠᠭ᠎ᠠ ᠮᠥᠴᠢᠷ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ 》 ᠭᠡᠵᠦ᠍ ᠵᠠᠰᠠᠨ᠎ᠠ; ᠬᠤᠶᠠᠳᠤᠭᠠᠷ ᠪᠠᠳᠠᠭ᠎ᠲᠠᠬᠢ 《ᠲᠤᠰ ᠱᠠᠳᠤᠨ᠎ᠤ ᠠᠷᠠᠳ᠎ᠤᠨ ᠵᠠᠰᠠᠭ᠎ᠤᠨ ᠤᠷᠳᠤᠨ ᠵᠢᠴᠢ ᠲᠡᠬᠦᠨ᠎ᠤ ᠡᠯ᠎ᠠ ᠬᠠᠷᠢᠶ᠎ᠠ ᠰᠠᠯᠠᠭ᠎ᠠ ᠮᠦᠴᠢᠷ᠂ ᠠᠷᠠᠳ᠎ᠤᠨ ᠱᠢᠬᠦᠬᠦ᠌ ᠬᠤᠷᠢᠶ᠎ᠠ᠂ ᠠᠷᠠᠳ᠎ᠤᠨ ᠪᠠᠢᠴᠠᠭᠠᠬᠤ ᠬᠤᠷᠢᠶ᠎ᠠ》 ᠭᠡᠳᠡᠭ᠎ᠢ 《ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠡᠯ᠎ᠡ ᠬᠠᠷᠢᠶ᠎ᠠ ᠰᠠᠯᠠᠭ᠎ᠠ ᠮᠥᠴᠢᠷ ᠂ ᠬᠢᠨᠠᠨ ᠪᠠᠢᠴᠠᠭᠠᠬᠤ ᠵᠥᠪᠯᠡᠯ᠂ ᠠᠷᠠᠳ᠎ᠤᠨ ᠱᠢᠭᠦᠬᠦ᠌ ᠬᠤᠷᠢᠶ᠎ᠠ᠂ ᠠᠷᠠᠳ᠎ᠤᠨ ᠪᠠᠢᠴᠠᠭᠠᠬᠤ ᠬᠤᠷᠢᠶ᠎ᠠ》 ᠭᠡᠵᠦ᠍ ᠵᠠᠰᠠᠨ᠎ᠠ᠃

(ᠬᠤᠶᠠᠷ)ᠠᠷᠪᠠᠨ ᠲᠠᠪᠤᠳᠤᠭᠠᠷ ᠵᠦᠢᠯ᠎ᠢ ᠬᠤᠷᠢᠨ ᠨᠢᠭᠡᠳᠦᠭᠡᠷ ᠵᠦᠢᠯ ᠪᠣᠯᠭᠠᠵᠤ᠂ ᠨᠢᠭᠡᠳᠦᠭᠡᠷ ᠪᠠᠳᠠᠭ᠎ᠲᠠᠬᠢ《ᠠᠷᠠᠳ᠎ᠤᠨ ᠳᠡᠭᠡᠳᠦ ᠱᠢᠭᠦᠬᠦ᠌ ᠬᠤᠷᠢᠶ᠎ᠡ ᠵᠢᠨ ᠬᠤᠷᠢᠶᠠᠨ ᠳᠠᠷᠤᠭ᠎ᠠ》 ᠭᠡᠳᠡᠭ᠎ᠤᠨ ᠡᠮᠦᠨ᠎ᠡ《ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠤᠨ ᠡᠷᠬᠢᠯᠡᠭ᠌ᠴᠢ》 ᠭᠡᠵᠦ᠍ ᠨᠡᠮᠡᠨ᠎ᠠ; ᠬᠤᠶᠠᠳᠤᠭᠠᠷ ᠪᠠᠳᠠᠭ᠎ᠲᠠᠬᠢ 《ᠠᠷᠠᠳ᠎ᠤᠨ ᠱᠢᠭᠦᠬᠦ᠌ ᠬᠤᠷᠢᠶ᠎ᠡ ᠵᠢᠨ ᠬᠤᠷᠢᠶᠠᠨ ᠳᠠᠷᠤᠭ᠎ᠠ》ᠭᠡᠳᠡᠭ᠎ᠤᠨ ᠡᠮᠦᠨ᠎ᠡ 《ᠬᠢᠨᠠᠨ ᠪᠠᠢᠴᠠᠭᠠᠬᠤ ᠵᠦᠪᠯᠡᠯ᠎ᠤᠨ ᠡᠷᠬᠢᠯᠡᠭ᠌ᠴᠢ》 ᠭᠡᠵᠦ᠍ ᠨᠡᠮᠡᠨ᠎ᠠ᠃

(ᠭᠤᠷᠪᠠ) ᠳᠥᠴᠢᠨ ᠨᠢᠭᠡᠳᠦᠭᠡᠷ ᠵᠦᠢᠯ᠎ᠢ ᠳᠥᠴᠢ ᠶᠢᠰᠦᠳᠦᠭᠡᠷ ᠵᠦᠢᠯ ᠪᠣᠯᠭᠠᠵᠤ᠂ ᠲᠤᠰ ᠵᠦᠢᠯ᠎ᠳᠠᠬᠢ 《ᠪᠣᠯᠤᠨ᠎ᠠ》 ᠭᠡᠳᠡᠭ᠎ᠢ 《ᠬᠡᠷᠡᠭ᠌ᠲᠡᠶ 》  ᠭᠡᠵᠦ᠍ ᠵᠠᠰᠠᠨ᠎ᠠ᠃

(ᠲᠦᠷᠪᠡ)ᠳᠥᠴᠢᠨ ᠳᠥᠷᠪᠡᠳᠦᠭᠡᠷ ᠵᠦᠢᠯ᠎ᠢ ᠲᠠᠪᠢᠨ ᠲᠠᠪᠤᠳᠤᠭᠠᠷ ᠵᠦᠢᠯ ᠪᠣᠯᠭᠠᠵᠤ᠂ ᠬᠤᠶᠠᠳᠤᠭᠠᠷ ᠪᠠᠳᠠᠭ᠎ᠡᠴᠡ ᠳᠥᠷᠪᠡᠳᠦᠭᠡᠷ ᠪᠠᠳᠠᠭ᠎ᠲᠠᠬᠢ《ᠵᠠᠰᠠᠭ ᠵᠠᠬᠢᠷᠭᠠᠨ᠎ᠤ ᠱᠢᠢᠳᠭᠡᠯ》 ᠭᠡᠳᠡᠭ᠎ᠢ 《ᠱᠢᠢᠳᠭᠡᠯ》 ᠭᠡᠵᠦ᠍ ᠵᠠᠰᠠᠨ᠎ᠠ; ᠭᠤᠷᠪᠠᠳᠤᠭᠠᠷ ᠪᠠᠳᠠᠭ᠂ ᠳᠥᠷᠪᠡᠳᠦᠭᠡᠷ ᠪᠠᠳᠠᠭ᠎ᠲᠠᠬᠢ 《ᠳᠡᠭᠡᠷ᠎ᠠ ᠱᠠᠲᠤᠨ᠎ᠤ ᠪᠠᠢᠭᠤᠯᠭ᠎ᠠ 》 ᠭᠡᠳᠡᠭ᠎ᠢ  《ᠬᠤᠯᠪᠣᠭ᠍ᠳᠠᠯ ᠪᠦᠬᠦᠢ ᠪᠠᠢᠭᠤᠯᠭ᠎ᠠ》ᠭᠡᠵᠦ᠍ ᠵᠠᠰᠠᠨ᠎ᠠ;ᠭᠤᠷᠪᠠᠳᠤᠭᠠᠷ ᠪᠠᠳᠠᠭ᠎ᠲᠠᠬᠢ《〈ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶ᠋ᠢᠨ ᠱᠢᠢᠳᠭᠡᠯ᠎ᠤᠨ ᠬᠠᠦᠯᠢ〉ᠶ᠋ᠢᠨ ᠲᠠᠪᠢᠳᠤᠭᠠᠷ ᠵᠦᠢᠯ᠎ᠳᠤ ᠲᠣᠭ᠍ᠲᠠᠭᠠᠭ᠍ᠰᠠᠨ ᠱᠢᠢᠳᠭᠡᠬᠦ᠌ ᠲᠣᠭ᠍ᠲᠠᠭᠠᠯ》 ᠭᠡᠳᠡᠭ᠎ᠢ 《〈ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶ᠋ᠢᠨ ᠱᠢᠢᠳᠭᠡᠯ᠎ᠤᠨ ᠬᠠᠦᠯᠢ〉 ᠶ᠋ᠢᠨ ᠬᠤᠯᠪᠣᠭ᠍ᠳᠠᠯ ᠪᠦᠬᠦᠢ ᠲᠣᠭ᠍ᠲᠠᠭᠠᠯ ᠶᠣᠰᠣᠭᠠᠷ ᠰᠢᠢᠳᠬᠡᠨ᠎ᠡ》  ᠭᠡᠵᠦ᠍ ᠵᠠᠰᠠᠨ᠎ᠠ᠃

ᠲᠤᠰ ᠲᠣᠭᠲᠠᠭᠠᠯ᠎ᠢ 2025 ᠣᠨ᠎ᠤ 3 ᠰᠠᠷ᠎ᠠ᠎ᠶᠢᠨ 12 ᠡᠴᠡ ᠡᠬᠢᠯᠡᠵᠦ ᠬᠡᠷᠡᠭᠵᠢᠭᠦᠯᠦᠨ᠎ᠡ᠃

《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠣᠯᠣᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ᠎ᠶᠢᠨ ᠬᠠᠤᠯᠢ》ᠳ᠋ᠤ᠌ ᠲᠤᠰ ᠲᠣᠭᠲᠠᠭᠠᠯ᠎ᠢ ᠦᠨᠳᠦᠰᠦᠯᠡᠨ ᠬᠠᠷᠠᠭᠠᠯᠵᠠᠭᠰᠠᠨ ᠵᠠᠰᠠᠪᠤᠷᠢ ᠣᠷᠣᠭᠤᠯᠬᠤ᠎ᠶᠢᠨ ᠬᠠᠮᠲᠤ ᠵᠦᠢᠯ ᠵᠤᠷᠪᠤᠰ᠎ᠤᠨ ᠲᠡᠰ ᠳᠠᠷᠠᠭᠠᠯᠠᠯ᠎ᠳᠤ ᠬᠠᠷᠠᠭᠠᠯᠵᠠᠭᠰᠠᠨ ᠲᠣᠬᠢᠷᠠᠭᠤᠯᠤᠯᠲᠠ ᠬᠢᠵᠤ᠂ ᠲᠡᠬᠢᠵᠦ ᠨᠡᠢᠲᠡᠯᠡᠨ᠎ᠡ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号