ᠠᠷᠪᠠᠨ ᠳᠥᠷᠪᠡᠳᠦᠭᠡᠷ ᠬᠤᠭᠤᠴᠠᠭᠠᠨ ᠎ᠤ ᠪᠦᠬᠦ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠭᠤᠷᠪᠠᠳᠤᠭᠠᠷ ᠬᠤᠷᠠᠯ ᠎ᠤᠨ ᠱᠢᠢᠳᠪᠦᠷᠢ ᠨᠤᠬᠦᠳ
2025-03-12 19:56:42
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

(2025 ᠣᠨ ᠎ᠤ 3 ᠰᠠᠷ᠎ᠠ᠎ᠶ᠋ᠢᠨ 11 ᠎ᠤ᠋ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠡᠴᠡ ᠪᠠᠲᠤᠯᠠᠪᠠ)


ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠬᠠᠢ ᠱᠢᠢᠳᠪᠦᠷᠢ


ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠡᠴᠡ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢᠳ ᠯᠢ ᠴᠢᠶᠠᠩ᠎ᠤᠨ ᠬᠢᠭ᠌ᠰᠡᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠴᠤ᠌ ᠬᠢᠨᠠᠨ ᠵᠦᠪᠯᠡᠪᠡ᠃ ᠬᠤᠷᠠᠯ᠎ᠡᠴᠡ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠢᠯᠡᠳᠭᠡᠯ᠎ᠳᠦ ᠳᠤᠷᠠᠳᠤᠭ᠍ᠰᠠᠨ 2025 ᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠢ ᠱᠠᠭᠠᠷᠳᠠᠯᠭ᠎ᠠ᠂ ᠲᠦᠷᠦ᠍᠎ᠶ᠋ᠢᠨ ᠪᠤᠳᠤᠯᠭ᠎ᠠ᠎ᠶ᠋ᠢᠨ ᠬᠠᠨᠳᠤᠰᠢ ᠪᠣᠯᠤᠨ ᠠᠵᠢᠯ᠎ᠤᠨ ᠡᠭᠦᠷᠭᠡ᠎ᠶ᠋ᠢ ᠵᠥᠪᠱᠢᠶᠡᠷᠡᠵᠦ᠍᠂ ᠡᠨᠡ ᠬᠦ᠌ ᠢᠯᠡᠳᠭᠡᠯ᠎ᠢ ᠵᠥᠪᠱᠢᠶᠡᠷᠡᠬᠦ᠌᠎ᠪᠡᠷ ᠲᠣᠭ᠍ᠲᠠᠪᠠ᠃

ᠬᠤᠷᠠᠯ ᠡᠴᠡ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠪᠡᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《 ᠬᠣᠶᠠᠷ ᠎ᠢ ᠲᠣᠭ᠍ᠲᠠᠭᠠᠭᠰᠠᠨ 》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ 》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ ᠎ᠢ ᠬᠠᠮᠠᠭᠠᠯᠠᠬᠤ》 ᠵᠢ ᠪᠡᠶᠡᠯᠡᠭᠦᠯᠵᠤ᠂ ᠲᠣᠭ᠍ᠲᠠᠭᠤᠨ ᠎ᠤ ᠳᠤᠮᠳᠠ ᠤᠷᠤᠭ᠍ᠰᠢᠯᠠᠨ ᠲᠠᠪᠱᠢᠬᠤ ᠠᠵᠢᠯ ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠎ᠢ  ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ ᠎ᠢ ᠲᠦᠷᠭᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠥᠷᠭᠡᠳᠭᠡᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠲᠤᠷ ᠨᠢᠭᠡᠳᠦᠯᠲᠡᠶ ᠲᠥᠯᠥᠪᠵᠢᠭᠦᠯᠵᠤ᠂ ᠨᠠᠩ ᠢᠳᠡᠪᠬᠢᠲᠡᠶ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠤ᠂ ᠤᠯᠤᠰ᠎ᠤᠨ ᠳᠣᠲᠣᠭᠠᠳᠤ᠎ᠶ᠋ᠢᠨ ᠬᠡᠷᠡᠭ᠌ᠴᠡᠭᠡ᠎ᠶ᠋ᠢ ᠥᠷᠭᠡᠳᠭᠡᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠢᠯᠡᠰ᠎ᠦᠨ ᠱᠢᠨ᠎ᠡ᠎ᠶ᠋ᠢ ᠡᠭᠦᠳᠬᠦ᠌ ᠶ᠋ᠢᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠤᠷᠤᠨ ᠰᠠᠭᠤᠴᠠ ᠵᠢᠨ ᠠᠰᠠᠷ ᠎ᠤᠨ ᠵᠠᠬ᠎ᠠ ᠳᠡᠯᠭᠡᠭᠦᠷ ᠰᠲ᠋ᠤᠺ ᠤ᠋ᠨ ᠵᠠᠬ᠎ᠠ ᠳᠡᠯᠭᠡᠭᠦᠷ ᠢ᠋ ᠲᠣᠭ᠍ᠲᠠᠪᠤᠷᠢᠵᠢᠭᠤᠯᠵᠤ᠂ ᠭᠤᠤᠯᠳᠠᠯᠭ᠎ᠠ᠎ᠲᠠᠶ ᠬᠦᠷᠢᠶᠡᠨ᠎ᠳᠡᠬᠢ ᠠᠶᠤᠯ ᠲᠦᠭ᠌ᠰᠢᠭᠦᠷᠢ ᠪᠠ ᠭᠠᠳᠠᠭᠠᠳᠤ ᠲᠠᠭᠠᠷᠢᠯᠲᠠ᠎ᠶ᠋ᠢ ᠰᠡᠷᠭᠡᠢᠯᠡᠨ ᠠᠷᠢᠯᠭᠠᠵᠤ᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠵᠤ ᠂ ᠠᠮᠢᠵᠢᠷᠠᠯ᠎ᠤᠨ ᠬᠦᠴᠦᠨ᠎ᠢ ᠬᠥᠭ᠌ᠵᠢᠭᠡᠵᠤ᠂ ᠠᠵᠤ ᠠᠬᠤᠢ᠎ᠶ᠋ᠢᠨ ᠦᠷᠭᠦᠯᠵᠢᠯᠡᠨ ᠰᠡᠷᠭᠦᠨ ᠰᠠᠢᠵᠢᠷᠠᠬᠤ᠎ᠶ᠋ᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ᠎ᠢ ᠪᠠᠲᠤᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠴᠢᠨᠠᠷ ᠰᠠᠢᠲᠠᠶ ᠪᠡᠶᠡᠯᠡᠭᠦᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠢᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠪᠠᠲᠤ ᠪᠡᠬᠢ ᠰᠠᠭᠤᠷᠢ ᠲᠠᠯᠪᠢᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠶ᠎ᠡ ! ᠭᠡᠵᠤ ᠤᠷᠢᠶᠠᠯᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号