ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ᠌ ᠤᠯᠤᠰ ᠤᠨ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠡᠴᠡ ᠬᠤᠷᠢᠶᠠᠨ ᠳᠠᠷᠤᠭ᠎ᠠ ᠵᠤᠤ ᠯᠸ ᠵᠶ᠋ᠢ᠎ᠶ᠋ᠢᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠨᠠᠢᠳᠠᠯᠭ᠎ᠠ ᠪᠠᠷ ᠬᠢᠭ᠌ᠰᠡᠨ ᠠᠵᠢᠯ ᠤᠨ ᠮᠡᠳᠡᠭᠦᠯᠦᠯᠲᠡ ᠵᠢ ᠰᠣᠨᠣᠰᠴᠤ᠌ ᠬᠢᠨᠠᠨ ᠵᠦᠪᠯᠡᠪᠡ᠃ ᠬᠤᠷᠠᠯ ᠡᠴᠡ ᠪᠦᠬᠦ᠌ ᠤᠯᠤᠰ ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠭᠦᠢᠴᠡᠳ ᠨᠤᠲᠠᠯᠠᠵᠤ᠂ ᠮᠡᠳᠡᠭᠦᠯᠦᠯᠲᠡ᠎ᠳᠦ ᠳᠤᠷᠠᠳᠤᠭ᠍ᠰᠠᠨ ᠬᠣᠢᠱᠢᠳᠠ᠎ᠶ᠋ᠢᠨ ᠨᠢᠭᠡ ᠵᠢᠯ᠎ᠦᠨ ᠡᠭᠦᠷᠭᠡ᠎ᠶ᠋ᠢ ᠵᠥᠪᠱᠢᠶᠡᠷᠡᠵᠦ᠍᠂ ᠡᠨᠡ ᠬᠦ᠌ ᠮᠡᠳᠡᠭᠦᠯᠦᠯᠲᠡ᠎ᠵᠢ ᠵᠥᠪᠱᠢᠶᠡᠷᠡᠬᠦ᠌᠎ᠪᠡᠷ ᠲᠣᠭ᠍ᠲᠠᠪᠠ᠃
ᠬᠤᠷᠠᠯ᠎ᠡᠴᠡ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠨᠭᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠭᠠᠵᠤ᠂ 《ᠬᠣᠶᠠᠷ ᠢ ᠬᠠᠮᠠᠭᠠᠯᠠᠬᠤ》 ᠶ᠋ᠢ ᠪᠡᠶᠡᠯᠡᠭᠦᠯᠵᠤ᠂ ᠨᠠᠮ᠎ᠤᠨ ᠤᠳᠤᠷᠢᠳᠤᠯᠭ᠎ᠠ ᠶ᠋ᠢ ᠪᠠᠷᠢᠮᠲᠠᠯᠠᠬᠤ᠂ ᠠᠷᠠᠳ ᠲᠦᠮᠡᠨ ᠡᠷᠬᠡ ᠮᠡᠳᠡᠵᠦ᠍ ᠡᠵᠡᠨ ᠰᠠᠭᠤᠬᠤ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠵᠦ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ ᠢ ᠦᠶ᠋ᠯᠡᠳᠦᠯᠭᠡᠵᠢᠭᠦᠯᠵᠦ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠦᠨ ᠢᠯᠡᠷᠬᠡᠢ ᠳᠠᠪᠠᠭᠤᠯᠢᠭ᠎ᠢ ᠨᠡᠩ ᠭᠦᠢᠴᠡᠳ ᠪᠠᠳᠠᠷᠠᠭᠤᠯᠵᠤ᠂ ᠨᠠᠮ ᠪᠠ ᠤᠯᠤᠰ᠎ᠤᠨ ᠠᠵᠢᠯ ᠤᠨ ᠶᠡᠬᠡ ᠲᠠᠯ᠎ᠠ᠎ᠲᠠᠶ ᠨᠢᠭ᠍ᠲᠠ ᠤᠶᠠᠯᠳᠤᠭᠤᠯᠤᠨ ᠡᠭᠦᠷᠭᠡ ᠴᠢᠳᠠᠪᠬᠢ᠎ᠶ᠋ᠢᠨ ᠦᠢᠯᠡᠳᠦᠯ᠎ᠢᠶᠡᠨ ᠪᠠᠳᠠᠷᠠᠭᠤᠯᠵᠤ᠂ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ ᠪᠠ ᠬᠢᠨᠠᠯᠲᠠ᠎ᠶ᠋ᠢ ᠴᠢᠩᠭᠠᠳᠭᠠᠵᠤ᠂ ᠴᠢᠨᠠᠷ ᠰᠠᠢᠲᠠᠶ ᠬᠠᠤᠯᠢ ᠲᠣᠭ᠍ᠲᠠᠭᠠᠯᠲᠠ᠎ᠪᠠᠷ ᠥᠭᠡᠷᠡᠴᠢᠯᠡᠯᠲᠡ ᠬᠥᠭ᠌ᠵᠢᠯᠲᠡ᠎ᠶ᠋ᠢ ᠪᠠᠲᠤᠯᠠᠬᠤ ᠪᠠ ᠦᠶ᠋ᠯᠡᠴᠢᠯᠡᠵᠦ᠂ ᠬᠢᠨᠠᠯᠲᠠ ᠲᠠᠯᠪᠢᠬᠤ ᠠᠵᠢᠯ᠎ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠦ ᠴᠢᠨᠠᠷ ᠢ ᠴᠢᠩᠭᠠᠳᠭᠠᠵᠤ᠂ ᠲᠥᠯᠥᠭᠡᠯᠡᠭ᠌ᠴᠢᠳ᠎ᠦᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠶ᠋ᠢ ᠳᠡᠮᠵᠢᠨ ᠪᠠᠲᠤᠯᠠᠵᠤ᠂ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠠᠳᠠᠭᠠᠳᠤ ᠬᠠᠷᠢᠯᠴᠠᠭ᠎ᠠ᠎ᠶ᠋ᠢ ᠠᠬᠢᠭᠤᠯᠵᠤ᠂ ᠲᠤᠰ ᠪᠡᠶ᠎ᠡ ᠶ᠋ᠢᠨ ᠪᠠᠢᠭᠤᠯᠤᠯᠲᠠ᠎ᠪᠠᠨ ᠪᠦᠬᠦ᠌ ᠲᠠᠯ᠎ᠠ᠎ᠪᠠᠷ ᠴᠢᠩᠭᠠᠳᠭᠠᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠶᠠᠰᠤ ᠴᠢᠨᠠᠷ ᠪᠠ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠦ ᠱᠠᠭᠠᠷᠳᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号