ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠡᠴᠡ ᠠᠷᠠᠳ᠎ᠤᠨ ᠳᠡᠭᠡᠳᠦ ᠰᠢᠭᠦᠬᠦ ᠬᠣᠷᠢᠶ᠎ᠡ ᠵᠢᠨ ᠳᠠᠷᠤᠭ᠎ᠠ ᠵᠠᠩ ᠵᠢᠶᠦ᠋ᠨ᠎ᠦ ᠬᠢᠭᠰᠡᠨ ᠠᠵᠢᠯ᠎ᠤᠨ ᠮᠡᠳᠡᠭᠦᠯᠦᠯᠲᠡ ᠵᠢ ᠰᠣᠨᠣᠰᠴᠤ ᠬᠢᠨᠠᠨ ᠵᠦᠪᠯᠡᠪᠡ᠃ ᠬᠤᠷᠠᠯ᠎ᠡᠴᠡ ᠠᠷᠠᠳ᠎ᠤᠨ ᠳᠡᠭᠡᠳᠦ ᠰᠢᠭᠦᠬᠦ ᠬᠣᠷᠢᠶ᠎ᠡ ᠵᠢᠨ ᠥᠩᠭᠡᠷᠡᠭᠰᠡᠨ ᠨᠢᠭᠡ ᠵᠢᠯ ᠦᠨ ᠠᠵᠢᠯ᠎ᠢ ᠭᠦᠢᠴᠡᠳ ᠨᠤᠲᠠᠯᠠᠵᠤ᠂ ᠮᠡᠳᠡᠭᠦᠯᠦᠯᠲᠡ᠎ᠳᠦ ᠳᠤᠷᠠᠳᠤᠭᠰᠠᠨ 2025 ᠣᠨ ᠤ ᠠᠵᠢᠯ᠎ᠤᠨ ᠲᠣᠬᠢᠷᠠᠭᠤᠯᠤᠯᠲᠠ᠎ᠶᠢ ᠵᠥᠪᠰᠢᠶᠡᠷᠡᠵᠦ ᠂ ᠡᠨᠡ ᠬᠦ᠌ ᠮᠡᠳᠡᠭᠦᠯᠦᠯᠲᠡ ᠵᠢ ᠵᠥᠪᠰᠢᠶᠡᠷᠡᠬᠦ᠎ᠪᠡᠷ ᠲᠣᠭᠲᠠᠪᠠ᠃
ᠬᠤᠷᠠᠯ᠎ᠡᠴᠡ᠂ ᠠᠷᠠᠳ᠎ᠤᠨ ᠳᠡᠭᠡᠳᠦ ᠰᠢᠭᠦᠬᠦ ᠬᠣᠷᠢᠶ᠎ᠠ ᠰᠢ᠎ᠶᠢᠨ ᠫᠢᠩ᠎ᠤᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠰᠢ᠎ᠶᠢᠨ ᠫᠢᠩ᠎ᠤᠨ ᠬᠠᠤᠯᠢ ᠪᠡᠷ ᠵᠠᠰᠠᠬᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠡ ᠵᠢᠨ ᠬᠣᠶᠠᠳᠤᠭᠠᠷ᠂ ᠭᠤᠷᠪᠠᠳᠤᠭᠠᠷ ᠪᠦᠭᠦᠳᠡ ᠬᠤᠷᠠᠯ᠎ᠤᠨ ᠵᠣᠷᠢᠭ᠋ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠂ ᠠᠷᠠᠳ᠎ᠤᠨ ᠰᠢᠭᠦᠬᠦ ᠬᠣᠷᠢᠶ᠎ᠡ ᠵᠢᠨ ᠠᠵᠢᠯ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ᠎ᠶᠢ ᠪᠠᠷᠢᠮᠲᠠᠯᠠᠵᠤ᠂ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠵᠦ᠂ ᠨᠡᠢᠭᠡᠮ ᠵᠢᠷᠤᠮ᠎ᠤᠨ ᠬᠠᠤᠯᠢ ᠪᠡᠷ ᠵᠠᠰᠠᠬᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠦᠨᠳᠦᠰᠦᠨ ᠬᠠᠤᠯᠢ ᠬᠠᠤᠯᠢ ᠴᠠᠭᠠᠵᠠ᠎ᠡᠴᠡ ᠣᠯᠭᠣᠭᠰᠠᠨ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ ᠪᠠᠷ ᠭᠦᠢᠴᠡᠳᠬᠡᠵᠦ᠂ ᠰᠢᠨ᠎ᠡ ᠴᠠᠭ ᠦᠶ᠎ᠡ᠎ᠶᠢᠨ ᠰᠢᠭᠦᠨ ᠲᠠᠰᠤᠯᠬᠤ ᠠᠵᠢᠯ᠎ᠢ ᠴᠢᠩᠭᠠᠳᠬᠠᠵᠤ᠂ ᠲᠥᠪ ᠭᠣᠣᠯᠴᠢ᠎ᠪᠠᠷ ᠬᠠᠤᠯᠢ ᠪᠠᠷᠢᠬᠤ᠎ᠶᠢ ᠴᠢᠩᠳᠠᠯᠠᠵᠤ᠂ ᠬᠠᠤᠯᠢ ᠴᠠᠭᠠᠵᠠ ᠶᠢᠨ ᠪᠠᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠯ ᠲᠠᠢ ᠰᠢᠨ᠎ᠡ ᠴᠠᠭ ᠦᠶ᠎ᠡ᠎ᠶᠢᠨ ᠰᠢᠭᠦᠬᠦ ᠬᠣᠷᠢᠶ᠎ᠡ ᠵᠢᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠤ᠂ ᠶᠠᠯᠠᠲᠤ ᠠᠵᠢᠯᠯᠠᠭ᠎ᠠ᠎ᠶᠢ ᠵᠠᠯᠬᠠᠭᠠᠨ ᠰᠢᠢᠳᠬᠡᠬᠦ᠂ ᠠᠷᠠᠳ ᠲᠦᠮᠡᠨ ᠢ ᠬᠠᠮᠠᠭᠠᠯᠠᠬᠤ᠂ ᠵᠦᠪ ᠪᠤᠷᠤᠭᠤ ᠵᠢ ᠢᠯᠭᠠᠨ ᠲᠤᠭᠳᠠᠭᠠᠵᠤ ᠵᠠᠭᠤᠷᠠᠯᠳᠤᠭᠠᠨ᠎ᠢ ᠵᠣᠭᠰᠤᠭᠠᠬᠤ᠂ ᠲᠥᠪ ᠭᠣᠣᠯᠴᠢ᠎ᠶᠢ ᠬᠠᠮᠠᠭᠠᠯᠠᠬᠤ ᠴᠢᠬᠤᠯᠠ ᠡᠭᠦᠷᠭᠡ ᠴᠢᠳᠠᠪᠤᠷᠢ᠎ᠪᠠᠨ ᠭᠦᠢᠴᠡᠳ ᠪᠠᠳᠠᠷᠠᠭᠤᠯᠵᠤ᠂ ᠶᠡᠬᠡ ᠲᠠᠯ᠎ᠠ᠎ᠳᠤ ᠦᠢᠯᠡᠴᠢᠯᠡᠨ᠂ ᠠᠷᠠᠳ ᠲᠦᠮᠡᠨ᠎ᠦ ᠲᠥᠯᠥᠭᠡ ᠬᠠᠤᠯᠢ ᠪᠠᠷᠢᠵᠤ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠦ ᠳᠤᠮᠳᠠᠳᠤ ᠤᠯᠤᠰ᠂ ᠬᠠᠤᠯᠢ ᠪᠡᠷ ᠵᠠᠰᠠᠬᠤ ᠳᠤᠮᠳᠠᠳᠤ ᠤᠯᠤᠰ ᠢ ᠴᠢᠷᠮᠠᠢᠨ ᠪᠦᠲᠦᠭᠡᠨ ᠪᠠᠢᠭᠤᠯᠵᠤ ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠎ᠳᠤ ᠬᠦᠴᠦᠲᠤ ᠬᠠᠤᠯᠢ ᠴᠠᠭᠠᠵᠠ᠎ᠶᠢᠨ ᠪᠠᠲᠤᠯᠠᠭ᠎ᠠ ᠬᠠᠨᠭᠭᠠᠬᠤ ᠬᠡᠷᠡᠭᠳᠡᠢ ᠭᠡᠵᠤ ᠱᠠᠭᠠᠷᠳᠠᠪᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号