ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ ᠤᠨ ᠭᠤᠷᠪᠠᠳᠤᠭᠠᠷ ᠬᠤᠷᠠᠯ᠎ᠡᠴᠡ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠵᠢᠨ ᠪᠠᠢᠴᠠᠭᠠᠬᠤ ᠳᠠᠷᠤᠭ᠎ᠠ ᠶᠢᠨᠭ ᠶᠦᠩ᠎ᠤᠨ ᠬᠢᠭᠰᠡᠨ ᠠᠵᠢᠯ᠎ᠤᠨ ᠮᠡᠳᠡᠭᠦᠯᠦᠯᠲᠡ᠎ᠵᠢ ᠰᠣᠨᠣᠰᠴᠤ ᠬᠢᠨᠠᠨ ᠶᠠᠷᠢᠯᠴᠠᠪᠠ᠃ ᠬᠤᠷᠠᠯ᠎ᠡᠴᠡ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠵᠢᠨ ᠥᠩᠭᠡᠷᠡᠭᠰᠡᠨ ᠨᠢᠭᠡ ᠵᠢᠯ᠎ᠦᠨ ᠠᠵᠢᠯ ᠢ ᠭᠦᠢᠴᠡᠳ ᠨᠤᠲᠠᠯᠠᠵᠤ᠂ ᠮᠡᠳᠡᠭᠦᠯᠦᠯᠲᠡ᠎ᠳᠦ ᠳᠤᠷᠠᠳᠤᠭᠰᠠᠨ 2025 ᠣᠨ᠎ᠤ ᠠᠵᠢᠯ᠎ᠤᠨ ᠲᠣᠬᠢᠷᠠᠭᠤᠯᠤᠯᠲᠠ᠎ᠶᠢ ᠵᠥᠪᠰᠢᠶᠡᠷᠡᠵᠦ᠂ ᠡᠨᠡ ᠬᠦ᠌ ᠮᠡᠳᠡᠭᠦᠯᠦᠯᠲᠡ᠎ᠵᠢ ᠵᠥᠪᠰᠢᠶᠡᠷᠡᠬᠦ᠎ᠪᠡᠷ ᠲᠣᠭᠲᠠᠪᠠ᠃
ᠬᠤᠷᠠᠯ᠎ᠡᠴᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠋᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭᠠᠵᠤ᠂ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠣᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠬᠣᠶᠠᠳᠤᠭᠠᠷ᠂ ᠭᠤᠷᠪᠠᠳᠤᠭᠠᠷ ᠪᠥᠬᠥᠳᠡ ᠬᠤᠷᠠᠯ ᠤᠨ ᠵᠣᠷᠢᠭ᠋ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠬᠣᠶᠠᠷ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠳᠠᠢ ᠠᠴᠢ ᠬᠣᠯᠪᠣᠭᠳᠠᠯ᠎ᠢ ᠭᠦᠨᠵᠡᠭᠡᠢ ᠣᠢᠯᠠᠭᠠᠵᠤ᠂ 《ᠳᠥᠷᠪᠡᠨ ᠤᠬᠠᠮᠰᠠᠷ》 ᠵᠢᠡᠨ ᠴᠢᠩᠭᠠᠳᠬᠠᠵᠤ᠂ 《ᠳᠥᠷᠪᠡᠨ ᠢᠲᠡᠭᠡᠯ 》 ᠵᠢᠡᠨ ᠪᠠᠲᠤᠳᠬᠠᠵᠤ᠂ 《ᠬᠣᠶᠠᠷ᠎ᠢ ᠬᠠᠮᠠᠭᠠᠯᠠᠬᠤ 》 ᠵᠢ ᠪᠡᠶᠡᠯᠡᠭᠦᠯᠵᠦ᠂ ᠪᠠᠢᠴᠠᠭᠠᠬᠤ ᠠᠵᠢᠯ᠎ᠳᠠᠬᠢ ᠨᠠᠮ᠎ᠤᠨ ᠬᠠᠷᠢᠴᠠᠯᠠᠰᠢᠭᠦᠢ ᠤᠳᠤᠷᠢᠳᠤᠯᠭ᠎ᠠ᠎ᠶᠢ ᠪᠠᠷᠢᠮᠲᠠᠯᠠᠵᠦ᠂ ᠪᠦᠬᠦ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠵᠦ᠂ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠵᠣᠷᠢᠭ᠋ ᠰᠠᠨᠠᠭ᠎ᠠ᠎ᠶᠢ ᠪᠠᠳᠠᠷᠠᠭᠤᠯᠵᠤ᠂ ᠦᠨᠳᠦᠰᠦᠨ ᠬᠠᠤᠯᠢ ᠬᠠᠤᠯᠢ ᠴᠠᠭᠠᠵᠠ᠎ᠡᠴᠡ ᠣᠯᠭᠣᠭᠰᠠᠨ ᠲᠤᠰᠢᠶᠠᠯ ᠬᠠᠷᠢᠭᠤᠴᠠᠯᠭ᠎ᠠ᠎ᠪᠠᠨ ᠦᠨᠡᠨᠴᠢ᠎ᠪᠡᠷ ᠭᠦᠢᠴᠡᠳᠬᠡᠵᠦ᠂ ᠲᠥᠪ ᠭᠣᠣᠯᠴᠢ᠎ᠪᠠᠷ ᠬᠠᠤᠯᠢ ᠪᠠᠷᠢᠬᠤ᠎ᠶᠢ ᠴᠢᠩᠳᠠᠯᠠᠵᠦ᠂ ᠬᠡᠷᠡᠭ ᠨᠢᠭᠡ ᠪᠦᠷᠢ ᠵᠢ ᠥᠨᠳᠥᠷ ᠪᠦᠲᠦᠮᠵᠢᠲᠡᠶ ᠴᠢᠨᠠᠷᠯᠢᠭ ᠰᠠᠢᠲᠤᠷ ᠰᠢᠢᠳᠪᠦᠷᠢᠯᠡᠵᠦ᠂ ᠬᠠᠤᠯᠢ ᠪᠠᠷᠢᠬᠤ ᠪᠠᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠢᠨ᠎ᠡ ᠴᠠᠭ ᠦᠶ᠎ᠡ᠎ᠶᠢᠨ ᠪᠠᠢᠴᠠᠭᠠᠬᠤ ᠲᠡᠮᠦᠷ ᠴᠡᠷᠢᠭ᠎ᠢ ᠳᠠᠪᠲᠠᠨ ᠪᠣᠯᠪᠠᠰᠤᠷᠠᠭᠤᠯᠵᠦ᠂ ᠡᠷᠡᠭᠦᠦ᠎ᠶᠢᠨ ᠬᠡᠷᠡᠭ᠂ ᠢᠷᠭᠡᠨ᠎ᠦ ᠬᠡᠷᠡᠭ᠂ ᠵᠠᠰᠠᠭ ᠵᠠᠬᠢᠷᠭᠠᠨ᠂ ᠨᠡᠶ᠋ᠢᠲᠡ᠎ᠶᠢᠨ ᠠᠰᠠᠷᠠᠮᠵᠢ᠎ᠶᠢᠨ ᠵᠠᠷᠭᠤ᠎ᠶᠢᠨ ᠪᠠᠢᠴᠠᠭᠠᠬᠤ ᠠᠵᠢᠯ᠎ᠢ ᠪᠦᠬᠦ ᠲᠠᠯ᠎ᠠ᠎ᠪᠠᠷ ᠵᠣᠬᠢᠴᠠᠩᠭᠤᠢ ᠪᠥᠭᠡᠳ ᠭᠦᠢᠴᠡᠳ ᠬᠥᠭᠵᠢᠭᠦᠯᠬᠦ ᠵᠢ ᠠᠬᠢᠭᠤᠯᠵᠤ᠂ ᠶᠡᠬᠡ ᠲᠠᠯ᠎ᠠ᠎ᠳᠤ ᠦᠢᠯᠡᠴᠢᠯᠡᠵᠦ᠂ ᠠᠷᠠᠳ ᠲᠦᠮᠡᠨ᠎ᠦ ᠲᠥᠯᠥᠭᠡ ᠬᠠᠤᠯᠢ ᠪᠠᠷᠢᠵᠤ᠂ ᠨᠡᠩ ᠥᠨᠳᠥᠷ ᠲᠦᠪᠰᠢᠨ ᠪᠦᠬᠦᠢ ᠠᠮᠤᠭᠤᠯᠠᠩᠲᠦ ᠳᠤᠮᠳᠠᠳᠤ ᠤᠯᠤᠰ᠂ ᠬᠠᠤᠯᠢ ᠪᠠᠷ ᠵᠠᠰᠠᠬᠤ ᠳᠤᠮᠳᠠᠳᠤ ᠤᠯᠤᠰ ᠢ᠋ ᠴᠢᠷᠮᠠᠢᠨ ᠪᠦᠲᠦᠭᠡᠨ ᠪᠠᠢᠭᠤᠯᠵᠦ᠂ ᠳᠤᠮᠳᠠᠳᠤ ᠤᠯᠤᠰ ᠤᠨ ᠮᠠᠶᠢᠭ᠋᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠠᠬᠢᠭᠤᠯᠬᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶᠢᠨ ᠠᠭᠤᠤ ᠦᠢᠯᠡᠰ ᠲᠤ᠌ ᠬᠦᠴᠦᠲᠡᠢ ᠬᠠᠤᠯᠢ ᠴᠠᠭᠠᠵᠠ᠎ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃
(ᠰᠢᠨᠬᠤᠸᠠ ᠬᠤᠷᠢᠶ᠎ᠠ᠎ᠶᠢᠨ ᠪᠡᠭᠡᠵᠢᠩ᠎ᠤᠨ 3 ᠰᠠᠷ᠎ᠠ᠎ᠶᠢᠨ 11᠎ᠤ᠋ ᠴᠠᠬᠢᠯᠭᠠᠨ ᠮᠡᠳᠡᠭᠡ)
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号