​ᠠᠷᠪᠠᠨ ᠳᠥᠷᠪᠡᠳᠦᠭᠡᠷ ᠬᠤᠭᠤᠴᠠᠭᠠᠨ ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ ᠳᠥᠷᠪᠡᠳᠦᠭᠡᠷ ᠤᠳᠠᠭ᠎ᠠ᠎ᠶ᠋ᠢᠨ ᠬᠤᠷᠠᠯ ᠬᠢᠪᠡ
2025-03-12 20:17:55
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠱᠢᠨᠬᠤᠸᠠ ᠬᠣᠷᠢᠶ᠎ᠠ ᠵᠢᠨ ᠪᠡᠭᠡᠵᠢᠩ ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢᠳ᠎ᠦᠨ ᠭᠤᠷᠪᠠᠳᠤᠭᠠᠷ ᠬᠤᠷᠠᠯ 11 ᠎ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠬᠤᠷᠠᠯᠳᠤᠪᠠ᠃ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠬᠤᠷᠢᠶᠠᠨ ᠳᠠᠷᠤᠭ᠎ᠠ ᠵᠤᠤ ᠯᠸ ᠵᠶ᠋ᠢ᠎ᠶ᠋ᠢᠨ ᠨᠠᠢᠳᠠᠯᠭ᠎ᠠ᠎ᠪᠠᠷ᠂ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠬᠤᠷᠢᠶᠠᠨ ᠳᠠᠷᠤᠭ᠎ᠠ ᠯᠢ ᠬᠣᠩ ᠵᠦᠩ ᠬᠤᠷᠠᠯ᠎ᠢ ᠡᠷᠬᠢᠯᠡᠪᠡ᠃

ᠬᠤᠷᠠᠯ᠎ᠡᠴᠡ ᠶᠡᠬᠡ ᠬᠤᠷᠠᠯ᠎ᠤᠨ ᠲᠡᠷᠢᠭᠦᠯᠡᠭ᠌ᠴᠢᠳ ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠶᠡᠬᠡ ᠬᠤᠷᠠᠯ᠎ᠤᠨ ᠳᠡᠳ᠋ ᠨᠠᠷᠢᠨ ᠪᠢᠴᠢᠭ ᠎ᠦᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠨᠠᠷᠢᠨ ᠪᠢᠴᠢᠭ᠎ᠦᠨ ᠳᠠᠷᠤᠭ᠎ᠠ ᠯᠢᠦ ᠴᠢ᠎ᠶ᠋ᠢᠨ ᠬᠢᠭ᠌ᠰᠡᠨ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ 2024 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭᠵᠢᠬᠦᠯᠦᠭ᠌ᠰᠡᠨ ᠪᠠᠢᠳᠠᠯ ᠬᠢᠭᠡᠳ 2025 ᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠂ 2024 ᠣᠨ ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠬᠢᠭᠡᠳ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠵᠢᠨ ᠵᠢᠷᠭᠤᠭᠠᠨ ᠱᠢᠢᠳᠪᠦᠷᠢ᠎ᠶ᠋ᠢᠨ ᠲᠥᠰᠦᠯ᠎ᠢ ᠬᠢᠨᠠᠨ ᠵᠦᠪᠯᠡᠭᠰᠡᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠤᠨᠤᠰᠴᠦ᠂ ᠡᠨᠡ ᠵᠢᠷᠭᠤᠭᠠᠨ ᠱᠢᠶ᠋ᠳᠪᠦᠷᠢ᠎ᠶ᠋ᠢᠨ ᠲᠥᠰᠦᠯ᠎ᠢ ᠪᠠᠲᠤᠯᠠᠬᠤ ᠨᠣᠣᠷᠠᠭ᠎ᠢ ᠬᠢᠨᠠᠨ ᠵᠥᠪᠯᠡᠪᠡ᠃

ᠬᠤᠷᠠᠯ ᠎ᠡᠴᠡ ᠳᠡᠭᠡᠷ᠎ᠡ ᠳᠤᠷᠠᠳᠤᠭ᠍ᠰᠠᠨ ᠱᠢᠢᠳᠪᠦᠷᠢ᠎ᠶ᠋ᠢᠨ ᠲᠥᠰᠦᠯ᠎ᠢ ᠪᠠᠲᠤᠯᠠᠬᠤ ᠨᠤᠤᠷᠠᠭ᠎ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠳᠥᠷᠪᠡᠳᠦᠭᠡᠷ ᠬᠤᠷᠠᠯ᠎ᠳᠤ ᠬᠢᠨᠠᠨ ᠵᠥᠪᠯᠡᠭᠦᠯᠬᠦ᠌ ᠪᠡᠷ ᠲᠡᠪᠰᠢᠭᠦᠯᠬᠦ᠎ᠶ᠋ᠢ ᠵᠥᠪᠱᠢᠶᠡᠷᠡᠪᠡ᠃

ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠬᠤᠷᠢᠶᠠᠨ ᠳᠠᠷᠤᠭ᠎ᠠ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠱᠢᠤᠸᠠᠢᠺᠯᠠᠢ᠌ᠲ᠋ᠢ· ᠵᠠᠺᠸᠯ ᠬᠤᠷᠠᠯ᠎ᠳᠤ ᠣᠷᠣᠯᠴᠠᠪᠠ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 11 ᠤ᠋ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠤ᠋ᠨ ᠲᠡᠷᠢᠭᠦᠯᠡᠭ᠌ᠴᠢᠳ᠎ᠦᠨ ᠪᠦᠯᠬᠦᠮ 11 ᠤ᠋ ᠦᠳᠡ᠎ᠶ᠋ᠢᠨ ᠡᠮᠦᠨ᠎ᠡ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠥᠷᠪᠡᠳᠦᠭᠡᠷ ᠤᠳᠠᠭ᠎ᠠ ᠵᠢᠨ ᠬᠤᠷᠠᠯ ᠬᠢᠪᠠ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠵᠤᠤ ᠯᠸ ᠵᠶ᠋ᠢ᠎ᠶ᠋ᠢᠨ ᠨᠠᠢᠳᠠᠯᠭ᠎ᠠ᠎ᠪᠠᠷ᠂ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠯᠢ ᠬᠣᠩ ᠵᠦᠩ ᠬᠤᠷᠠᠯ᠎ᠢ ᠡᠷᠬᠢᠯᠡᠪᠡ᠃

ᠬᠤᠷᠠᠯ᠎ᠳᠤ ᠣᠷᠣᠯᠴᠠᠬᠤ ᠶᠣᠰᠣᠲᠠᠢ ᠬᠦᠮᠦᠨ 176 ᠪᠠᠢᠵᠤ᠂ 171 ᠬᠥᠮᠦᠨ ᠣᠷᠣᠯᠴᠠᠵᠤ᠂ 5 ᠬᠥᠮᠦᠨ ᠣᠷᠣᠯᠴᠠᠭ᠍ᠰᠠᠨ ᠦᠭᠡᠢ᠂ ᠬᠤᠷᠠᠯ᠎ᠳᠤ ᠣᠷᠣᠯᠴᠠᠭ᠍ᠰᠠᠨ ᠬᠥᠮᠦᠨ᠎ᠦ ᠲᠣᠭ᠎ᠠ ᠬᠠᠤᠯᠢ᠎ᠳᠤ ᠲᠣᠭ᠍ᠲᠠᠭᠠᠭ᠍ᠰᠠᠨ ᠬᠥᠮᠦᠨ᠎ᠦ ᠲᠣᠭ᠎ᠠ᠎ᠳᠤ ᠨᠡᠢᠴᠡᠨ᠎ᠠ᠃

3 ᠰᠠᠷ᠎ᠠ᠎ᠶ᠋ᠢᠨ 10 ᠤ᠋ ᠦᠳᠡ᠎ᠶ᠋ᠢᠨ ᠬᠣᠢᠨ᠎ᠠ ᠪᠠ 11 ᠤ᠋ ᠦᠳᠡ᠎ᠶ᠋ᠢᠨ ᠡᠮᠦᠨ᠎ᠡ᠂ ᠡᠯ᠎ᠡ ᠲᠥᠯᠥᠭᠡᠯᠡᠭ᠌ᠴᠢᠳ᠎ᠦᠨ ᠪᠦᠯᠬᠦᠮ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠂ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠎ᠶ᠋ᠢ ᠬᠡᠷᠡᠭ᠌ᠵᠢᠭᠦᠯᠦᠭ᠌ᠰᠡᠨ ᠪᠠᠢᠳᠠᠯ ᠬᠢᠭᠡᠳ 2025 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠢᠭᠡᠮ᠎ᠦᠨ ᠬᠥᠭ᠌ᠵᠢᠯᠲᠡ᠎ᠶ᠋ᠢᠨ ᠲᠥᠯᠥᠪᠯᠡᠭᠡ᠂ 2024 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ ᠎ᠢ ᠭᠦᠶ᠋ᠴᠡᠳᠭᠡᠭ᠌ᠰᠡᠨ ᠪᠠᠢᠳᠠᠯ ᠬᠢᠭᠡᠳ 2025 ᠣᠨ᠎ᠤ ᠲᠥᠪ᠎ᠦᠨ ᠪᠠ ᠣᠷᠣᠨ ᠨᠤᠲᠤᠭ᠎ᠤᠨ ᠲᠥᠰᠦᠪ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢᠨ ᠲᠤᠬᠠᠶ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ᠎ᠤᠨ ᠵᠢᠷᠭᠤᠭᠠᠨ ᠱᠢᠶ᠋ᠳᠪᠦᠷᠢ᠎ᠶ᠋ᠢᠨ ᠲᠥᠰᠦᠯ᠎ᠢ ᠨᠠᠷᠢᠨ ᠬᠢᠨᠠᠮᠠᠭᠠᠶ ᠬᠢᠨᠠᠨ ᠵᠥᠪᠯᠡᠵᠦ᠍᠂ ᠶᠡᠬᠡ ᠬᠤᠷᠠᠯ᠎ᠤᠨ ᠪᠥᠬᠥᠳᠡ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠶ᠋ᠢ ᠰᠠᠨᠠᠯ ᠨᠢᠭᠡᠲᠡᠶ ᠵᠥᠪᠱᠢᠶᠡᠷᠡᠪᠡ᠃ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ᠎ᠢ ᠦᠨᠳᠦᠰᠦᠯᠡᠵᠦ᠍᠂ ᠡᠯ᠎ᠡ ᠵᠦᠢᠯ᠎ᠦᠨ ᠱᠢᠢᠳᠪᠦᠷᠢ᠎ᠶ᠋ᠢᠨ ᠲᠥᠰᠦᠯ᠎ᠢ ᠶᠡᠬᠡ ᠬᠤᠷᠠᠯ᠎ᠤᠨ ᠪᠦᠬᠦᠳᠠ ᠬᠤᠷᠠᠯ ᠎ᠳᠤ ᠳᠡᠪᠱᠢᠭᠦᠯᠵᠦ᠍ ᠪᠠᠲᠤᠯᠠᠭᠤᠯᠬᠤ ᠵᠢ ᠰᠠᠨᠠᠭᠤᠯᠪᠠ᠃

ᠲᠡᠷᠢᠭᠦᠯᠡᠭ᠌ᠴᠢᠳ᠎ᠦᠨ ᠪᠦᠯᠬᠦᠮ᠎ᠦᠨ ᠬᠤᠷᠠᠯ ᠡᠴᠡ ᠲᠤᠰ ᠲᠤᠰ ᠪᠠᠲᠤᠯᠠᠯᠳᠠ ᠬᠢᠬᠦ᠎ᠪᠠᠷ ᠲᠠᠮᠵᠢᠨ᠂ ᠳᠡᠭᠡᠷ᠎ᠡ ᠳᠤᠷᠠᠳᠤᠭ᠍ᠰᠠᠨ ᠱᠢᠢᠳᠪᠦᠷᠢ᠎ᠶ᠋ᠢᠨ ᠲᠥᠰᠦᠯ ᠎ᠢ ᠶᠡᠬᠡ ᠬᠤᠷᠠᠯ᠎ᠤᠨ ᠪᠦᠬᠦᠳᠠ ᠬᠤᠷᠠᠯ᠎ᠳᠤ ᠳᠡᠪᠱᠢᠭᠦᠯᠵᠦ᠍ ᠪᠠᠲᠤᠯᠠᠭᠤᠯᠬᠤ᠎ᠪᠠᠷ ᠲᠣᠭ᠍ᠲᠠᠪᠠ᠃

ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠩᠵᠠᠯᠰᠠᠨ᠂ ᠱᠢᠤᠸᠠᠢᠺᠧᠯᠠᠢ᠌ᠲ᠋ᠢ ·ᠵᠠᠺᠸᠯ᠂ ᠯᠢᠦ ᠴᠢ ᠬᠤᠷᠠᠯ᠎ᠳᠤ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号