— 2025 ᠣᠨ᠎ᠤ 3 ᠰᠠᠷ᠎ᠠ᠎ᠶ᠋ᠢᠨ 8᠎ᠤ ᠡᠳᠦᠷ ᠠᠷᠪᠠᠨ ᠲᠦᠷᠪᠡᠳᠦᠬᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠣᠷᠠᠯ ᠳᠡᠭᠡᠷ᠎ᠡ
ᠪᠦᠭᠦ᠌ ᠤᠯᠤᠰ᠎ᠤᠨ ᠠᠷᠡᠳ᠎ᠤᠨ ᠲᠦᠯᠤᠭᠡᠯᠡᠭ᠌ᠴᠢᠳ᠎ᠤᠨ ᠶᠡᠭᠡ ᠬᠤᠷᠡᠯ᠎ᠤᠨ ᠪᠠᠢᠡᠭ᠌ᠭᠤ᠎ᠶ᠋ᠢᠨ ᠬᠣᠷᠢᠶ᠎ᠠ ᠵᠢᠨ ᠬᠤᠷᠢᠶᠠᠨ ᠲᠡᠷᠤᠭ᠎ᠠ ᠵᠤᠤ ᠯᠧ ᠵᠶ᠋ᠢ
ᠲᠥᠯᠥᠭᠡᠯᠡᠭ᠌ᠴᠢᠳ ᠡ᠄
ᠪᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠢᠳᠠᠯᠭ᠎ᠠ᠎ᠪᠠᠷ ᠶᠡᠭᠡ ᠬᠤᠷᠠᠯ᠎ᠳᠤ ᠠᠵᠢᠯ᠎ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠ ᠤᠤ᠃
ᠥᠩᠭᠡᠷᠡᠭ᠌ᠰᠡᠨ ᠨᠢᠭᠡ ᠵᠢᠯ᠎ᠤᠨ ᠠᠵᠢᠯ
2024 ᠣᠨ ᠪᠣᠯ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠤᠨ ᠣᠶ ᠪᠣᠯᠤᠨ᠎ᠠ᠃ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠤᠷᠢᠶ᠎ᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠬᠠᠲᠠᠭᠤᠵᠢᠨ ᠵᠣᠷᠢᠭ᠍ᠵᠢᠵᠤ ᠡᠷᠡᠯᠬᠡᠭ᠌ᠯᠡᠨ ᠤᠷᠤᠭ᠍ᠰᠢᠯᠠᠵᠦ᠍᠂ ᠬᠦᠴᠢᠷ᠎ᠢ ᠲᠤᠭᠤᠯᠤᠨ ᠪᠡᠷᠭᠡ᠎ᠶ᠋ᠢ ᠳᠠᠪᠠᠵᠦ᠍᠂ ᠠᠵᠤ ᠠᠬᠤᠢ᠎ᠶ᠋ᠢᠨ ᠠᠵᠢᠯᠯᠠᠭᠠᠨ ᠶᠡᠷᠦᠩᠬᠡᠢ᠎ᠳᠡᠭᠡᠨ ᠲᠣᠭ᠍ᠲᠠᠭᠤᠨ ᠶᠠᠪᠤᠭ᠍ᠳᠠᠵᠤ᠂ ᠲᠤᠭ᠍ᠲᠠᠭᠤᠨᠤ ᠳᠤᠮᠳᠠ ᠠᠬᠢᠯᠲᠠ᠎ᠲᠠᠢ ᠪᠤᠯᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠯᠠᠪᠳᠠᠭᠤᠨ ᠪᠥᠭᠡᠳ ᠬᠦᠴᠦᠲᠡᠢ ᠪᠠᠢᠯᠭᠠᠵᠤ᠂ ᠨᠡᠢᠭᠡᠮ᠎ᠤᠨ ᠶᠡᠭᠡ ᠲᠠᠯ᠎ᠠ᠎ᠶ᠋ᠢᠨ ᠲᠤᠭ᠍ᠲᠠᠭᠤᠨ ᠪᠠᠢᠳᠠᠯ᠎ᠢ ᠪᠠᠲᠤᠯᠠᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠱᠢᠨ᠎ᠡ ᠠᠯᠬᠤᠮ᠎ᠢ ᠠᠯᠬᠤᠪᠠ᠃ 75 ᠵᠢᠯ ᠤᠨ ᠴᠥᠬᠦᠷᠡᠰᠢ ᠦᠭᠡᠢ ᠲᠡᠮᠡᠴᠡᠯ᠎ᠢᠶᠠᠷ ᠳᠠᠮᠵᠢᠨ᠂ ᠳᠤᠮᠳᠠᠳᠤ ᠤᠯᠤᠰ᠎ᠲᠤ ᠲᠡᠭ᠌ᠷᠢ ᠭᠠᠵᠠᠷ᠎ᠢ ᠳᠤᠩᠰᠤᠯᠭᠠᠮ᠎ᠠ ᠯᠤᠲᠤ ᠶᠡᠭᠡ ᠬᠤᠪᠢᠷᠠᠯᠲᠠ ᠭᠠᠷᠴᠤ᠌᠂ ᠳᠤᠮᠳᠠᠳᠤ᠎ᠶ᠋ᠢᠨ ᠦᠨᠳᠦᠰᠦᠲᠡᠨ᠎ᠤ ᠠᠭᠤᠤ ᠶᠡᠭᠡ ᠰᠡᠷᠭᠦᠨ ᠮᠠᠨᠳᠤᠯᠲᠠ ᠪᠤᠴᠠᠰᠢ ᠦᠭᠡᠢ ᠲᠡᠦᠬᠡᠨ ᠠᠬᠢᠴᠠ᠎ᠳᠤ ᠣᠷᠣᠭ᠍ᠰᠠᠨ᠎ᠨᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠪᠠ ᠮᠠᠨ᠎ᠤ ᠤᠯᠤᠰ᠎ᠤᠨ ᠨᠡᠢᠭᠡᠮ ᠵᠢᠷᠤᠮᠲᠤ ᠪᠠᠢᠭᠤᠯᠤᠯ᠎ᠤᠨ ᠢᠯᠡᠳᠲᠡ ᠳᠠᠪᠠᠭᠤᠯᠢᠭ᠎ᠢ ᠭᠦᠢᠴᠡᠳ ᠢᠯᠡᠷᠡᠭᠦᠯᠵᠦ ᠪᠠᠢᠨ᠎ᠠ᠃
2024 ᠣᠨ ᠪᠣᠯ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠠᠢᠭᠤᠯᠤᠭ᠍ᠳᠠᠭ᠍ᠰᠠᠨ 70 ᠵᠢᠯ᠎ᠤᠨ ᠤᠢ ᠪᠣᠯᠤᠨ᠎ᠠ᠃ ᠶᠡᠷᠦᠩᠬᠡᠢ ᠱᠦᠵᠢ ᠰᠢ᠎ᠶ᠋ᠢᠨ ᠫᠢᠩ ᠪᠡᠯᠭᠡᠯᠡᠬᠦ᠌ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠭᠡᠷᠡᠯ ᠰᠠᠴᠤᠷᠠᠩᠭᠤᠶ ᠲᠡᠦᠬᠡᠨ ᠶᠠᠪᠤᠴᠠ᠂ ᠢᠯᠡᠳᠲᠡ ᠳᠠᠪᠠᠭᠤᠯᠢᠭ᠂ ᠡᠷᠬᠢᠮ ᠨᠠᠨᠳᠢᠨ ᠲᠤᠷᠱᠢᠯᠭ᠎ᠠ ᠪᠠ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠭᠦᠨᠵᠡᠭᠡᠶ ᠲᠣᠳᠣᠷᠬᠠᠢᠯᠠᠨ ᠥᠭᠦᠯᠡᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠬᠤ᠂ ᠰᠠᠢᠲᠤᠷ ᠲᠡᠭᠦᠯᠳᠡᠷᠵᠢᠭᠦᠯᠬᠦ᠂ ᠰᠠᠢᠲᠤᠷ ᠠᠵᠢᠯᠯᠠᠭᠤᠯᠬᠤ᠎ᠳᠤ ᠦᠨᠳᠦᠰᠦᠨ ᠵᠢᠷᠤᠮᠯᠠᠯ ᠬᠠᠩᠭᠠᠪᠠ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ ᠪᠣᠯ ᠮᠠᠨ᠎ᠤ ᠤᠯᠤᠰ᠎ᠤᠨ ᠤᠯᠤᠰ᠎ᠤᠨ ᠪᠠᠢᠳᠠᠯ ᠪᠠ ᠪᠣᠳᠠᠲᠤ ᠪᠠᠢᠳᠠᠯ᠎ᠳᠤ ᠨᠡᠢᠴᠡᠭ᠌ᠰᠡᠨ᠂ ᠨᠡᠢᠭᠡᠮ ᠵᠢᠷᠤᠮᠲᠤ ᠤᠯᠤᠰ᠎ᠤᠨ ᠱᠢᠨᠵᠢ ᠴᠢᠨᠠᠷ᠎ᠢ ᠬᠠᠷᠠᠭᠤᠯᠤᠭ᠍ᠰᠠᠨ᠂ ᠠᠷᠠᠳ ᠲᠦᠮᠡᠨ᠎ᠤ ᠡᠵᠡᠨ ᠰᠠᠭᠤᠵᠤ ᠡᠷᠬᠡ ᠮᠡᠳᠡᠬᠦ᠌᠎ᠶ᠋ᠢ ᠪᠠᠲᠤᠯᠠᠭ᠍ᠰᠠᠨ ᠰᠠᠢᠨ ᠪᠠᠢᠭᠤᠯᠤᠯ ᠮᠥᠨ᠂ ᠪᠦᠬᠦ᠌ ᠠᠷᠠᠳ ᠲᠦᠮᠡᠨ᠎ᠤ ᠬᠦᠴᠦᠨ᠎ᠢ ᠪᠦᠲᠦᠮᠵᠢᠲᠡᠶ ᠪᠠᠷ ᠨᠢᠭ᠍ᠲᠠᠷᠠᠭᠤᠯᠤᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠬᠠᠮᠲᠤ᠎ᠪᠠᠷ ᠠᠬᠢᠭᠤᠯᠵᠤ ᠳᠡᠢᠯᠬᠦ᠌ ᠰᠠᠢᠨ ᠪᠠᠢᠭᠤᠯᠤᠯ ᠮᠥᠨ᠂ ᠲᠡᠭᠦᠨ᠎ᠳᠤ ᠬᠦᠴᠦᠷᠬᠡᠭ ᠶᠡᠭᠡ ᠠᠮᠢᠵᠢᠷᠠᠯ᠎ᠤᠨ ᠬᠦᠴᠦᠨ ᠪᠠ ᠢᠯᠡᠳᠲᠡ ᠳᠠᠪᠠᠭᠤᠯᠢᠭ ᠴᠢᠨᠠᠷᠲᠠᠢ ᠭᠡᠳᠡᠭ᠎ᠢ 70 ᠵᠢᠯ᠎ᠤᠨ ᠦᠢᠯᠡᠳᠤᠯᠭᠡ ᠪᠢᠳᠡᠨ᠎ᠳᠤ ᠬᠡᠯᠡᠵᠤ ᠦᠭᠴᠡᠢ᠃ ᠵᠠᠮ ᠱᠣᠭᠣᠮ᠎ᠤᠨ ᠢᠲᠡᠭᠡᠯ᠂ ᠣᠨᠣᠯ᠎ᠤᠨ ᠢᠲᠡᠭᠡᠯ᠂ ᠪᠠᠢᠭᠤᠯᠤᠯ᠎ᠤᠨ ᠢᠲᠡᠭᠡᠯ᠂ ᠰᠣᠶᠣᠯ᠎ᠤᠨ ᠢᠲᠡᠭᠡᠯ᠎ᠢᠶᠠᠨ ᠤᠯᠠᠮ ᠨᠢᠭᠡ ᠠᠯᠬᠤᠮ ᠪᠠᠲᠤᠳᠭᠠᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠤᠯᠤᠰ ᠲᠥᠷᠥ᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠶ ᠵᠠᠮᠨᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠤᠯᠤᠰ ᠲᠦᠷᠦ᠍᠎ᠶ᠋ᠢᠨ ᠳᠠᠪᠠᠭᠤᠯᠢᠭ᠎ᠢ ᠨᠡᠩ ᠭᠦᠢᠴᠡᠳ ᠪᠠᠳᠠᠷᠠᠭᠤᠯᠵᠤ᠂ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠳᠠᠬᠢ ᠨᠠᠮ ᠪᠠ ᠠᠷᠠᠳ ᠲᠦᠮᠡᠨ᠎ᠤ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌᠎ᠳᠤ ᠪᠠᠲᠤ ᠪᠠᠬᠢ ᠪᠠᠢᠭᠤᠯᠤᠯ᠎ᠤᠨ ᠪᠠᠲᠤᠯᠠᠭ᠎ᠠ ᠬᠠᠩᠭᠠᠬᠤ ᠬᠡᠷᠡᠭ᠌ᠲᠡᠢ ᠭᠡᠵᠦ᠍ 70 ᠵᠢᠯ᠎ᠤᠨ ᠦᠢᠯᠡᠳᠦᠯᠭᠡ ᠪᠢᠳᠡᠨ᠎ᠢ ᠤᠷᠮᠠᠱᠢᠭᠤᠯᠤᠨ ᠵᠣᠷᠢᠭ᠍ᠵᠢᠭᠤᠯᠵᠤ ᠪᠠᠢᠨ᠎ᠠ᠃
ᠨᠢᠭᠡ ᠵᠢᠯ᠎ᠤᠨ ᠲᠤᠷᠰᠢ᠂ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ ᠰᠢ᠎ᠶ᠋ᠢᠨ ᠫᠢᠩ᠎ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠦᠨ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠍᠂ ᠬᠠᠷᠢᠭᠤᠴᠠᠯᠭ᠎ᠠ ᠡᠭᠦᠷᠭᠡᠯᠡᠨ ᠲᠤᠱᠢᠶᠠᠯ᠎ᠢᠶᠠᠨ ᠬᠦᠢᠴᠡᠳᠭᠡᠭ᠌ᠰᠡᠨ᠎ᠠᠴᠠ ᠡᠯ᠎ᠡ ᠵᠦᠢᠯ᠎ᠤᠨ ᠠᠵᠢᠯ ᠱᠢᠨ᠎ᠡ ᠠᠬᠢᠯᠲᠠ ᠪᠠ ᠦᠷ᠎ᠡ ᠪᠦᠲᠦᠮᠵᠢ ᠤᠯᠪᠠ᠃
ᠨᠢᠭᠡ᠂ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ ᠪᠠ ᠬᠢᠨᠠᠯᠲᠠ᠎ᠶ᠋ᠢ ᠴᠢᠩᠭᠠᠳᠭᠠᠵᠤ᠂ ᠦᠨᠳᠦᠰᠦᠨ ᠬᠠᠤᠯᠢ᠎ᠶ᠋ᠢᠨ ᠡᠷᠬᠡ ᠰᠦᠷ ᠪᠠ ᠨᠡᠷ᠎ᠡ ᠬᠦᠨᠳᠦ᠍᠎ᠶ᠋ᠢ ᠬᠠᠮᠠᠭᠠᠯᠠᠪᠠ
ᠪᠠᠢᠩᠭᠤ᠎ᠶ᠋ᠢᠨ ᠬᠤᠷᠢᠶ᠎ᠠ ᠦᠨᠳᠤᠰᠤᠨ ᠬᠠᠦᠯᠢ᠎ᠶ᠋ᠢᠨ ᠤᠯᠤᠰ᠎ᠤᠨ ᠦᠨᠳᠤᠰᠤ ᠪᠤᠯᠬᠤ ᠬᠠᠦᠯᠢ᠎ᠶ᠋ᠢᠨ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠦᠨᠳᠦᠰᠦᠨ ᠬᠠᠤᠯᠢ᠎ᠶ᠋ᠢᠨ ᠲᠣᠭ᠍ᠲᠠᠭᠠᠯ᠂ ᠦᠨᠳᠦᠰᠦᠨ ᠬᠠᠤᠯᠢ᠎ᠶ᠋ᠢᠨ ᠵᠠᠷᠴᠢᠮ᠂ ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ ᠪᠠ ᠬᠢᠨᠠᠯᠲᠠ᠂ ᠦᠨᠳᠦᠰᠦᠨ ᠬᠠᠤᠯᠢ᠎ᠶ᠋ᠢᠨ ᠤᠬᠠᠭᠤᠯᠭ᠎ᠠ ᠬᠥᠮᠦᠵᠢᠯ᠎ᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠡᠯ᠎ᠡ ᠵᠦᠢᠯ᠎ᠤᠨ ᠠᠵᠢᠯ᠎ᠳᠤ ᠲᠤᠭᠤᠱᠢᠯᠠᠭᠤᠯᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠪᠦᠬᠦ᠌ ᠲᠠᠯ᠎ᠠ᠎ᠪᠠᠷ ᠪᠦᠲᠦᠮᠵᠢᠲᠡᠶ ᠬᠡᠷᠡᠭ᠌ᠵᠢᠭᠦᠯᠦᠭ᠌ᠳᠡᠬᠦ᠌᠎ᠶ᠋ᠢ ᠪᠠᠲᠤᠯᠠᠬᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠴᠢᠬᠤᠯᠠ ᠦᠢᠯᠡᠳᠦᠯ᠎ᠢ ᠭᠦᠢᠴᠡᠳ ᠪᠠᠳᠠᠷᠠᠭᠤᠯᠪᠠ᠃
ᠦᠨᠳᠦᠰᠦᠨ ᠬᠠᠤᠯᠢ᠎ᠶ᠋ᠢᠨ ᠬᠤᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠳᠦᠷᠢᠮ᠎ᠢ ᠲᠡᠭᠦᠯᠳᠡᠷᠵᠢᠭᠦᠯᠦᠨ ᠨᠠᠢᠳᠠᠪᠤᠷᠢᠵᠢᠭᠤᠯᠪᠠ᠃ ᠬᠢᠨᠠᠯᠲᠠ ᠲᠠᠯᠪᠢᠬᠤ ᠬᠠᠤᠯᠢ᠎ᠶ᠋ᠢ ᠬᠡᠷᠡᠭ᠌ᠵᠢᠭᠦᠯᠦᠭ᠌ᠰᠡᠨ᠎ᠠᠴᠠ ᠨᠠᠭᠠᠰᠢ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭᠠᠷ ᠶᠡᠭᠡ ᠬᠤᠷᠠᠯ᠎ᠠᠴᠠ ᠨᠠᠭᠠᠱᠢᠬᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ ᠲᠠᠯᠪᠢᠬᠤ ᠠᠵᠢᠯ᠎ᠤᠨ ᠦᠢᠯᠡᠳᠦᠯᠭᠡ᠎ᠶ᠋ᠢᠨ ᠲᠤᠷᠱᠢᠯᠭ᠎ᠠ᠎ᠶ᠋ᠢ ᠳ᠋ᠦᠩᠨᠡᠵᠦ᠍᠂ ᠡᠨᠡ ᠬᠦ᠌ ᠬᠠᠤᠯᠢ ᠴᠠᠭᠠᠵᠠ᠎ᠳᠤ ᠴᠢᠬᠤᠯᠠ ᠵᠠᠰᠠᠪᠤᠷᠢ ᠣᠷᠣᠭᠤᠯᠤᠨ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ᠎ᠶ᠋ᠢᠨ ᠵᠢᠯᠣᠭᠤᠳᠭᠤ ᠦᠵᠡᠯ ᠰᠠᠨᠠᠭ᠎ᠠ᠂ ᠵᠠᠷᠴᠢᠮ ᠣᠢᠯᠠᠭᠠᠭ᠍ᠳᠠᠬᠤᠨ ᠪᠠ ᠲᠦᠷᠢᠮ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠢᠨᠠᠯᠲᠠ ᠲᠠᠯᠪᠢᠬᠤ ᠡᠷᠬᠡ ᠲᠤᠱᠢᠶᠠᠯ᠎ᠢᠶᠠᠨ ᠬᠠᠤᠯᠢ ᠶᠣᠰᠣᠭᠠᠷ ᠭᠦᠢᠴᠡᠳᠭᠡᠬᠦ᠎ᠶ᠋ᠢ ᠨᠡᠩ ᠰᠠᠢᠲᠤᠷ ᠪᠠᠲᠤᠯᠠᠪᠠ᠃ ᠬᠢᠨᠠᠨ ᠪᠠᠢᠴᠠᠭᠠᠬᠤ ᠬᠠᠤᠯᠢ᠎ᠳᠤ ᠵᠠᠰᠠᠪᠤᠷᠢ ᠣᠷᠣᠭᠤᠯᠵᠤ᠂ ᠤᠯᠤᠰ᠎ᠤᠨ ᠬᠢᠨᠠᠨ ᠪᠠᠢᠴᠠᠭᠠᠬᠤ ᠪᠠᠢᠭᠤᠯᠤᠯ᠎ᠤᠨ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠍᠂ ᠬᠢᠨᠠᠨ ᠪᠠᠢᠴᠠᠭᠠᠬᠤ ᠪᠡᠷ ᠲᠣᠮᠢᠯᠠᠨ ᠰᠠᠭᠤᠯᠭᠠᠬᠤ᠂ ᠬᠢᠨᠡᠠ ᠪᠠᠢᠴᠡᠭᠠᠬᠤ ᠡᠷᠭᠡ᠎ᠶ᠋ᠢᠨ ᠬᠡᠪᠴᠢᠶ᠎ᠡ᠂ ᠬᠢᠨᠡᠠ ᠪᠠᠢᠴᠡᠭᠠᠬᠤ ᠵᠢᠷᠦᠮ᠂ ᠢᠯᠵᠢᠷᠠᠯ᠎ᠢ ᠡᠰᠡᠷᠭᠦᠴᠡᠬᠦ᠌ ᠤᠯᠠᠨ ᠤᠯᠤᠰ᠎ᠤᠨ ᠬᠠᠮᠲᠤᠷᠠᠯᠴᠠᠭ᠎ᠠ᠂ ᠬᠢᠨᠠᠨ ᠪᠠᠢᠴᠠᠭᠠᠬᠤ ᠪᠠᠢᠭᠤᠯᠭ᠎ᠠ ᠪᠠ ᠬᠢᠨᠠᠨ ᠪᠠᠢᠴᠠᠭᠠᠬᠤ ᠠᠵᠢᠯᠲᠠᠳ᠎ᠲᠤ ᠬᠢᠨᠠᠯᠲᠠ ᠲᠠᠯᠪᠢᠬᠤ ᠵᠡᠷᠭᠡ ᠲᠣᠭ᠍ᠲᠠᠭᠠᠯ᠎ᠢ ᠲᠡᠭᠦᠯᠳᠡᠷᠵᠢᠭᠦᠯᠵᠦ᠍᠂ ᠬᠢᠨᠠᠨ ᠪᠠᠢᠴᠠᠭᠠᠬᠤ ᠠᠵᠢᠯ᠎ᠢ ᠵᠢᠷᠤᠮᠵᠢᠭᠤᠯᠬᠤ᠂ ᠬᠠᠤᠯᠢ ᠪᠠᠷ ᠵᠠᠰᠠᠬᠤ᠂ ᠵᠢᠩᠬᠢᠨᠢᠴᠢᠯᠡᠬᠦ᠌ ᠲᠦᠪᠱᠢᠨ᠎ᠤ ᠳᠡᠭᠡᠭ᠌ᠰᠢᠯᠡᠯᠲᠡ᠎ᠶ᠋ᠢ ᠠᠬᠢᠭᠤᠯᠪᠠ᠃ ᠲᠥᠯᠥᠭᠡᠯᠡᠭ᠌ᠴᠢ᠎ᠶ᠋ᠢᠨ ᠬᠠᠤᠯᠢ᠎ᠳᠤ ᠵᠠᠰᠠᠪᠤᠷᠢ ᠣᠷᠣᠭᠤᠯᠬᠤ ᠲᠥᠰᠦᠯ᠎ᠢ ᠬᠤᠶᠠᠷ ᠤᠳᠠᠭ᠎ᠠ ᠬᠢᠨᠠᠨ ᠵᠦᠪᠯᠡᠭᠰᠡᠨ ᠪᠥᠭᠡᠳ ᠲᠤᠰ ᠤᠳᠠᠭ᠎ᠠ ᠵᠢᠨ ᠶᠡᠭᠡ ᠬᠤᠷᠠᠯ᠎ᠳᠤ ᠳᠡᠪᠱᠢᠭᠦᠯᠵᠦ᠍ ᠬᠢᠨᠠᠨ ᠵᠦᠪᠯᠡᠭᠦᠯᠬᠦ᠎ᠪᠠᠷ ᠲᠣᠭ᠍ᠲᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠂ ᠦᠢᠯᠡᠳᠦᠯ᠎ᠢᠶᠠᠨ ᠪᠠᠳᠠᠷᠠᠭᠤᠯᠬᠤ᠎ᠶ᠋ᠢ ᠨᠡᠩ ᠰᠠᠢᠨ ᠪᠠᠲᠤᠯᠠᠵᠤ ᠵᠢᠷᠤᠮᠵᠢᠭᠤᠯᠪᠠ᠃ ᠦᠨᠳᠦᠰᠦᠨ ᠬᠠᠤᠯᠢ᠎ᠶ᠋ᠢᠨ ᠬᠠᠮᠢᠶ᠎ᠠ ᠪᠦᠬᠦᠢ ᠲᠣᠭ᠍ᠲᠠᠭᠠᠯ᠎ᠢ ᠬᠡᠷᠡᠭ᠌ᠵᠢᠭᠦᠯᠵᠦ᠍᠂ ᠨᠠᠮ᠎ᠤᠨ ᠲᠥᠪ ᠬᠣᠷᠢᠶ᠎ᠠ ᠵᠢᠨ ᠰᠶ᠋ᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ᠂ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭ᠍ᠳᠠᠭ᠍ᠰᠠᠨ 75 ᠵᠢᠯ᠎ᠤᠨ ᠤᠢ᠎ᠶ᠋ᠢᠨ ᠲᠠᠱᠢᠷᠠᠮ᠎ᠳᠤ ᠤᠯᠤᠰ᠎ᠤᠨ ᠭᠠᠪᠢᠶᠠᠨ ᠲᠡᠮᠳᠡᠭ ᠪᠠ ᠤᠯᠤᠰ᠎ᠤᠨ ᠢᠷᠠᠭᠤ ᠠᠯᠳᠠᠷ᠎ᠤᠨ ᠴᠣᠯᠠ ᠣᠯᠭᠤᠬᠤ ᠲᠤᠬᠠᠶ ᠲᠣᠭ᠍ᠲᠠᠭᠠᠯ ᠭᠠᠷᠭᠠᠪᠠ᠃
ᠦᠨᠳᠦᠰᠦᠨ ᠬᠠᠤᠯᠢ᠎ᠳᠤ ᠨᠡᠢᠴᠡᠬᠦ᠌ ᠴᠢᠨᠠᠷ᠎ᠢ ᠬᠢᠨᠠᠨ ᠪᠠᠢᠴᠠᠭᠠᠬᠤ᠂ ᠳᠠᠩᠰᠠᠯᠠᠵᠤ ᠬᠢᠨᠠᠨ ᠪᠠᠢᠴᠠᠭᠠᠬᠤ ᠠᠵᠢᠯ᠎ᠢ ᠠᠬᠢᠭᠤᠯᠪᠠ᠃ ᠦᠨᠳᠦᠰᠦᠨ ᠬᠠᠤᠯᠢ ᠶᠣᠰᠣᠭᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠪᠠᠷᠢᠮᠲᠠᠯᠠᠵᠤ᠂ ᠬᠢᠨᠠᠨ ᠵᠦᠪᠯᠡᠭᠦᠯᠬᠦ᠎ᠪᠠᠷ ᠳᠡᠪᠱᠢᠭᠦᠯᠦᠭ᠌ᠰᠡᠨ ᠬᠠᠤᠯᠢ ᠴᠠᠭᠠᠵᠠ᠎ᠶ᠋ᠢᠨ ᠲᠤᠬᠠᠢ ᠰᠠᠨᠠᠯ ᠵᠦᠪᠯᠡᠯᠭᠡ ᠨᠢᠭᠡ ᠪᠦᠷᠢ᠎ᠵᠢᠨ ᠦᠨᠳᠦᠰᠦᠨ ᠬᠠᠤᠯᠢ᠎ᠳᠤ ᠨᠡᠢᠴᠡᠬᠦ᠌ ᠴᠢᠨᠠᠷ᠎ᠢ ᠬᠢᠨᠠᠨ ᠪᠠᠢᠴᠠᠭᠠᠵᠦ᠍᠂ ᠨᠡᠢᠭᠡᠮ᠎ᠤᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠢᠳᠡᠪᠬᠢᠲᠡᠶ᠎ᠪᠠᠷ ᠬᠠᠷᠢᠭᠤᠯᠲᠠ ᠥᠭ᠌ᠴᠦ᠂ ᠬᠠᠤᠯᠢ ᠲᠣᠭ᠍ᠲᠠᠭᠠᠬᠤ ᠭᠤᠭ᠍ᠴᠤᠭ᠎ᠠ ᠨᠢᠭᠡ ᠪᠦᠷᠢ᠎ᠳᠤ ᠦᠨᠳᠦᠰᠦᠨ ᠬᠠᠦᠯᠢ᠎ᠶ᠋ᠢᠨ ᠪᠣᠭᠣᠮᠳᠠ᠎ᠶ᠋ᠢ ᠰᠠᠢᠲᠤᠷ ᠠᠳᠭᠤᠪᠠ᠃ ᠳᠠᠩᠰᠠᠯᠠᠵᠤ ᠬᠢᠨᠠᠨ ᠪᠠᠢᠴᠠᠭᠠᠬᠤ ᠳᠦᠷᠢᠮ᠎ᠢ ᠲᠡᠭᠦᠯᠳᠡᠷᠵᠢᠭᠦᠯᠦᠨ ᠴᠢᠩᠭᠠᠳᠭᠠᠬᠤ ᠲᠤᠬᠠᠶ ᠲᠣᠭ᠍ᠲᠠᠭᠠᠯ᠎ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠳᠠᠩᠰᠠᠯᠠᠵᠤ ᠬᠢᠨᠠᠨ ᠪᠠᠢᠴᠠᠭᠠᠬᠤ ᠪᠣᠯᠣᠨ ᠦᠨᠳᠦᠰᠦᠨ ᠬᠠᠤᠯᠢ᠎ᠳᠤ ᠨᠡᠢᠴᠡᠬᠦ᠌ ᠴᠢᠨᠠᠷ᠎ᠢ ᠬᠢᠨᠠᠨ ᠪᠠᠢᠴᠠᠭᠠᠬᠤ᠎ᠶ᠋ᠢ ᠡᠮᠬᠢ ᠵᠢᠷᠤᠮ᠎ᠲᠠᠢ᠎ᠪᠠᠷ ᠵᠣᠯᠭᠠᠯᠳᠤᠭᠤᠯᠬᠤ᠎ᠶ᠋ᠢ ᠠᠬᠢᠭᠤᠯᠵᠤ᠂ ᠮᠡᠳᠡᠭᠦᠯᠦᠨ ᠬᠦᠷᠭᠡᠵᠦ᠍ ᠳᠠᠩᠰᠠᠯᠠᠭᠤᠯᠤᠭ᠍ᠰᠠᠨ 2146 ᠬᠤᠪᠢ ᠵᠠᠰᠠᠭ ᠵᠠᠬᠢᠷᠭᠠᠨ᠎ᠤ ᠬᠠᠤᠯᠢ ᠲᠣᠭ᠍ᠲᠠᠭᠠᠯ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭ᠍ᠲᠠᠭᠠᠯ᠂ ᠥᠪᠡᠷᠲᠡᠭᠡᠨ ᠵᠠᠰᠠᠬᠤ ᠳᠦᠷᠢᠮ ᠪᠠ ᠲᠤᠰᠭᠠᠢ ᠳᠦᠷᠢᠮ᠂ ᠬᠠᠦᠯᠢ ᠪᠠᠷᠢᠬᠤ ᠲᠠᠢᠯᠪᠤᠷᠢᠯᠠᠯᠲᠠ᠂ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠲᠤᠰ ᠣᠷᠣᠨ᠎ᠤ ᠬᠠᠦᠯᠢ ᠴᠠᠭᠠᠵᠠ ᠵᠡᠷᠭᠡ᠎ᠶ᠋ᠢ ᠰᠠᠨᠠᠭᠠᠴᠢᠯᠠᠭ᠎ᠠ᠎ᠠᠴᠠ᠎ᠪᠠᠨ ᠬᠢᠨᠠᠨ ᠪᠠᠢᠴᠠᠭᠠᠵᠦ᠍᠂ ᠠᠷᠠᠳ ᠢᠷᠭᠡᠨ᠂ ᠵᠣᠬᠢᠶᠠᠨ ᠪᠠᠢᠭᠤᠯᠤᠯᠲᠠ᠎ᠶ᠋ᠢᠨ ᠳᠤᠷᠠᠳᠤᠭ᠍ᠰᠠᠨ 5682 ᠬᠤᠪᠢ ᠬᠢᠨᠠᠨ ᠪᠠᠢᠴᠠᠭᠠᠬᠤ ᠰᠠᠨᠠᠭᠤᠯᠭ᠎ᠠ᠎ᠶ᠋ᠢ ᠨᠢᠭᠡᠳ ᠨᠢᠭᠡ᠎ᠪᠠᠷ ᠰᠤᠳᠤᠯᠤᠭ᠍ᠰᠠᠨ ᠪᠦᠭᠡᠳ ᠬᠠᠦᠯᠢ ᠶᠤᠰᠤᠭᠠᠷ ᠬᠠᠷᠢᠭᠤ ᠲᠤᠰᠭᠠᠪᠠ᠃ ᠨᠠᠮ᠎ᠤᠨ ᠲᠥᠪ ᠬᠣᠷᠢᠶ᠎ᠠ ᠵᠢᠨ ᠰᠶ᠋ᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠪᠠ ᠴᠢᠬᠤᠯᠠ ᠬᠠᠤᠯᠢ ᠴᠠᠭᠠᠵᠠ᠎ᠶ᠋ᠢᠨ ᠬᠡᠷᠡᠭ᠌ᠵᠢᠭᠦᠯᠦᠯᠲᠡ᠎ᠶ᠋ᠢ ᠪᠠᠲᠤᠯᠠᠬᠤ᠎ᠲᠠᠢ ᠤᠶᠠᠯᠳᠤᠭᠤᠯᠤᠨ᠂ ᠬᠠᠤᠯᠢ ᠲᠣᠭ᠍ᠲᠠᠭᠠᠯ᠂ ᠲᠦᠷᠢᠮ ᠲᠣᠭ᠍ᠲᠠᠭᠠᠯ ᠪᠠ ᠪᠤᠰᠤᠳ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠲᠥᠪᠯᠡᠷᠡᠭᠦᠯᠦᠨ ᠢᠯᠭᠠᠷᠠᠭᠤᠯᠵᠦ᠍ ᠲᠢᠭ᠌ᠯᠡᠬᠦ᠌ ᠠᠵᠢᠯ ᠥᠷᠨᠢᠭᠦᠯᠬᠦ᠌᠎ᠶ᠋ᠢ ᠠᠬᠢᠭᠤᠯᠪᠠ᠃ ᠲᠣᠭ᠍ᠲᠠᠭᠠᠭ᠍ᠰᠠᠨ ᠪᠠᠢᠭᠤᠯᠭᠠᠶ᠋ᠢᠨᠬᠢᠨᠢ ᠱᠢᠪᠠᠳᠠᠵᠤ ᠪᠠᠢᠭᠠᠳ ᠡᠯ᠎ᠡ ᠲᠦᠷᠦᠯ᠎ᠤᠨ ᠵᠢᠷᠤᠮᠵᠢᠯ᠎ᠤᠨ ᠴᠢᠨᠠᠷᠲᠠᠶ 1040 ᠬᠤᠪᠢ ᠪᠢᠴᠢᠭ ᠮᠠᠲ᠋ᠧᠷᠢᠶᠠᠯ᠎ᠢ ᠵᠠᠯᠠᠷᠠᠭᠤᠯᠤᠨ ᠰᠶ᠋ᠢᠳᠪᠦᠷᠢᠯᠡᠭᠦᠯᠪᠡ᠃ ᠳᠠᠩᠰᠠᠯᠠᠵᠤ ᠬᠢᠨᠠᠨ ᠪᠠᠢᠴᠠᠭᠠᠬᠤ ᠬᠡᠷᠡᠭ᠎ᠤᠨ ᠵᠢᠱ᠌ᠢᠶ᠎ᠡ ᠪᠠᠷ ᠵᠢᠯᠣᠭᠤᠳᠭᠤ ᠠᠵᠢᠯ᠎ᠢ ᠢᠳᠡᠪᠬᠢᠲᠡᠢ ᠥᠷᠨᠢᠭᠦᠯᠪᠡ᠃ ᠪᠥᠬᠦ᠌ ᠤᠯᠤᠰ᠎ᠤᠨ 31 ᠮᠤᠵᠢ᠎ᠶ᠋ᠢᠨ ᠱᠠᠲᠤᠨ᠎ᠤ ᠬᠠᠦᠯᠢ ᠲᠣᠭ᠍ᠲᠠᠭᠠᠯ ᠲᠦᠷᠢᠮ ᠲᠣᠭ᠍ᠲᠠᠭᠠᠯ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠳ᠋ᠠᠢᠲ᠋ᠠ ᠬᠥᠮᠥᠷᠭᠡ᠎ᠶ᠋ᠢ ᠪᠦᠬᠦᠨ᠎ᠢ ᠪᠠᠢᠭᠤᠯᠤᠨ ᠳᠠᠭᠤᠰᠭᠠᠵᠤ ᠬᠡᠷᠡᠭ᠌ᠯᠡᠭᠦᠯᠬᠦ᠌ᠶ᠋ᠢ ᠠᠬᠢᠭᠤᠯᠪᠠ᠃
ᠦᠨᠳᠦᠰᠦᠨ ᠬᠠᠤᠯᠢ᠎ᠶ᠋ᠢᠨ ᠤᠨᠤᠯ᠎ᠤᠨ ᠰᠤᠳᠤᠯᠭᠠᠨ ᠪᠠ ᠤᠬᠠᠭᠤᠯᠭ᠎ᠠ ᠬᠥᠮᠦᠵᠢᠯ᠎ᠢ ᠴᠢᠩᠭᠠᠳᠭᠠᠪᠠ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠦᠨᠳᠦᠰᠦᠨ ᠬᠠᠤᠯᠢ᠎ᠶ᠋ᠢᠨ ᠲᠤᠬᠠᠶ ᠴᠢᠬᠤᠯᠠ ᠥᠭᠦᠯᠡᠯᠲᠡ᠎ᠶ᠋ᠢ ᠰᠤᠷᠤᠯᠴᠠᠨ ᠲᠤᠭᠤᠱᠢᠯᠠᠭᠤᠯᠵᠤ᠂ ᠦᠨᠳᠦᠰᠦᠨ ᠬᠠᠤᠯᠢ᠎ᠶ᠋ᠢᠨ ᠬᠥᠭ᠌ᠵᠢᠯᠲᠡ᠎ᠶ᠋ᠢᠨ ᠶᠠᠪᠤᠴᠠ᠂ ᠱᠢᠨᠵᠢ ᠴᠢᠨᠠᠷ ᠣᠨᠴᠠᠯᠢᠭ᠂ ᠳᠠᠪᠠᠭᠤᠯᠢᠭ ᠦᠢᠯᠡᠳᠦᠯ᠎ᠢ ᠤᠬᠠᠭᠤᠯᠤᠨ ᠲᠠᠢᠯᠪᠤᠷᠢᠯᠠᠵᠤ᠂ ᠦᠨᠳᠦᠰᠦᠨ ᠬᠠᠤᠯᠢ᠎ᠶ᠋ᠢᠨ ᠢᠲᠡᠭᠡᠯ᠎ᠢ ᠪᠠᠲᠤᠳᠭᠠᠵᠤ᠂ ᠦᠨᠳᠦᠰᠦᠨ ᠬᠠᠤᠯᠢ᠎ᠶ᠋ᠢᠨ ᠤᠬᠠᠮᠰᠠᠷ᠎ᠢᠶᠠᠨ ᠴᠢᠩᠭᠠᠳᠭᠠᠪᠠ᠃ 《ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠦᠨᠳᠦᠰᠦᠨ ᠬᠠᠤᠯᠢ᠎ᠶ᠋ᠢᠨ ᠡᠷᠬᠡ ᠰᠦᠷ᠎ᠢ ᠬᠠᠮᠠᠭᠠᠯᠠᠬᠤ》 ᠭᠤᠣᠯ ᠰᠡᠳᠦᠪ᠎ᠢᠶᠠᠷ ᠠᠷᠪᠠᠨ ᠨᠢᠭᠡᠳᠡᠬᠢ ᠤᠯᠤᠰ᠎ᠤᠨ ᠦᠨᠳᠦᠰᠦᠨ ᠬᠠᠤᠯᠢ᠎ᠶ᠋ᠢᠨ ᠡᠳᠦᠷ᠎ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠡᠢᠭᠡᠮ ᠳᠠᠶᠠᠭᠠᠷ᠎ᠢᠶᠠᠨ ᠦᠨᠳᠦᠰᠦᠨ ᠬᠠᠤᠯᠢ᠎ᠶ᠋ᠢ ᠬᠦᠨᠳᠦᠳᠭᠡᠬᠦ᠂ ᠦᠨᠳᠦᠰᠦᠨ ᠬᠠᠤᠯᠢ᠎ᠶ᠋ᠢ ᠰᠤᠷᠤᠯᠴᠠᠬᠤ᠂ ᠦᠨᠳᠤᠰᠤᠨ ᠬᠠᠤᠯᠢ᠎ᠶ᠋ᠢ ᠵᠢᠷᠤᠮᠯᠠᠬᠤ᠂ ᠦᠨᠳᠦᠰᠦᠨ ᠬᠠᠤᠯᠢ᠎ᠶ᠋ᠢ ᠬᠠᠮᠠᠭᠠᠯᠠᠬᠤ᠂ ᠦᠨᠳᠦᠰᠦᠨ ᠬᠠᠤᠯᠢ᠎ᠶ᠋ᠢ ᠭᠡᠷᠡᠭ᠌ᠯᠡᠬᠦ᠌᠎ᠶ᠋ᠢ ᠠᠬᠢᠭᠤᠯᠪᠠ᠃ ᠵᠠᠰᠠᠭ ᠵᠠᠬᠢᠷᠭᠠᠨ᠎ᠤ ᠣᠨᠴᠠᠭᠠᠶ ᠣᠷᠣᠨ᠎ᠳᠠᠬᠢ ᠦᠨᠳᠦᠰᠦᠨ ᠬᠠᠤᠯᠢ᠎ᠶ᠋ᠢᠨ ᠤᠬᠠᠭᠤᠯᠭ᠎ᠠ ᠬᠥᠮᠦᠵᠢᠯ᠎ᠢ ᠴᠢᠩᠭᠠᠳᠭᠠᠪᠠ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ᠎ᠶ᠋ᠢ ᠨᠡᠢᠲᠡᠯᠡᠨ ᠬᠡᠷᠡᠭ᠌ᠵᠢᠭᠦᠯᠦᠭ᠌ᠰᠡᠨ 40 ᠵᠢᠯ᠎ᠤᠨ ᠤᠢ᠎ᠶ᠋ᠢ ᠳᠤᠷᠠᠰᠭᠠᠬᠤ ᠶᠠᠷᠢᠯᠴᠠᠬᠤ ᠬᠤᠷᠠᠯ ᠬᠤᠷᠠᠯᠳᠤᠭᠤᠯᠪᠠ᠃ ᠦᠨᠳᠦᠰᠦᠨ ᠬᠠᠤᠯᠢ᠎ᠳᠤ ᠲᠠᠩᠭᠠᠷᠢᠭ᠍ᠯᠠᠬᠤ ᠶᠣᠰᠣᠯᠠᠯ᠎ᠢ 5 ᠤᠳᠠᠭ᠎ᠠ ᠵᠣᠬᠢᠶᠠᠨ ᠪᠠᠢᠭᠤᠯᠵᠤ᠂ ᠲᠥᠷᠦ᠍᠎ᠶ᠋ᠢᠨ ᠠᠵᠢᠯᠲᠠᠨ᠎ᠤ ᠦᠨᠳᠦᠰᠦᠨ ᠬᠠᠤᠯᠢ ᠪᠠ ᠬᠠᠤᠯᠢ ᠴᠠᠭᠠᠵᠠ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠬᠠᠷᠢᠭᠤᠴᠠᠯᠭᠠᠲᠤ ᠰᠡᠳᠭᠢᠯᠭᠡ᠂ ᠡᠭᠦᠷᠭᠡᠲᠦ ᠰᠡᠳᠭᠢᠯᠭᠡ᠎ᠶ᠋ᠢ ᠨᠡᠮᠡᠭ᠌ᠳᠡᠭᠦᠯᠪᠡ᠃
ᠦᠨᠳᠦᠰᠦᠨ ᠬᠠᠤᠯᠢ ᠪᠠ ᠬᠠᠦᠯᠢ ᠴᠠᠭᠠᠵᠠ᠎ᠠᠴᠠ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠳᠤ ᠣᠯᠭᠤᠭ᠍ᠰᠠᠨ ᠲᠤᠮᠢᠯᠠᠬᠤ ᠪᠠ ᠪᠠᠭᠤᠯᠭᠠᠬᠤ ᠡᠷᠬᠡ᠎ᠶ᠋ᠢ ᠬᠡᠷᠡᠭ᠌ᠵᠢᠭᠦᠯᠪᠡ᠃ ᠲᠤᠰᠭᠠᠶ ᠵᠥᠪᠯᠡᠯ᠎ᠤᠨ ᠳᠡᠳ᠋ ᠡᠷᠬᠢᠯᠡᠭ᠌ᠴᠢ ᠭᠡᠱᠢᠭᠦᠨ ᠪᠠ ᠭᠡᠱᠢᠭᠦᠨ᠂ ᠪᠠᠢᠩᠭᠤ᠎ᠶ᠋ᠢᠨ ᠬᠣᠷᠢᠶ᠎ᠠ ᠵᠢᠨ ᠳᠡᠳ᠋ ᠨᠠᠷᠢᠨ ᠪᠢᠴᠢᠭ᠎ᠤᠨ ᠳᠠᠷᠤᠭ᠎ᠠ᠂ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠵᠥᠪᠯᠡᠯ᠎ᠤᠨ ᠳᠡᠳ᠋ ᠡᠷᠬᠢᠯᠡᠭ᠌ᠴᠢ᠂ ᠣᠣᠮᠧᠨ ᠵᠠᠰᠠᠭ ᠵᠠᠬᠢᠷᠭᠠᠨ᠎ᠤ ᠣᠨᠴᠠᠭᠠᠢ ᠣᠷᠣᠨ᠎ᠤ ᠵᠢᠷᠭᠤᠳᠠᠬᠢ ᠭᠤᠣᠯ ᠬᠠᠤᠯᠢ᠎ᠶ᠋ᠢᠨ ᠵᠥᠪᠯᠡᠯ᠎ᠤᠨ ᠪᠦᠷᠢᠯᠳᠦᠬᠦᠨ᠎ᠢ 20 ᠬᠦᠮᠦᠨ ᠤᠳᠠᠭ᠎ᠠ ᠬᠠᠤᠯᠢ ᠶᠣᠰᠣᠭᠠᠷ ᠲᠤᠱᠢᠶᠠᠯ᠎ᠳᠤ ᠲᠣᠮᠢᠯᠠᠬᠤ ᠪᠤᠶᠤ ᠲᠤᠱᠢᠶᠠᠯ᠎ᠠᠴᠠ᠎ᠨᠢ ᠪᠠᠭᠤᠯᠭᠠᠪᠠ᠃ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ᠎ᠶ᠋ᠢᠨ ᠠᠵᠢᠯᠳᠠᠨ᠎ᠢ 276 ᠬᠥᠮᠦᠨ ᠤᠳᠠᠭ᠎ᠠ ᠬᠠᠤᠯᠢ ᠶᠣᠰᠣᠭᠠᠷ ᠲᠤᠱᠢᠶᠠᠯ᠎ᠳᠤ ᠲᠣᠮᠢᠯᠠᠭ᠍ᠰᠠᠨ ᠪᠠ ᠲᠤᠱᠢᠶᠠᠯ᠎ᠠᠴᠠ᠎ᠨᠢ ᠪᠠᠭᠤᠯᠭᠠᠭ᠍ᠰᠠᠨ ᠪᠤᠶᠤ ᠲᠤᠱᠢᠶᠠᠯ᠎ᠳᠤ ᠲᠣᠮᠢᠯᠠᠬᠤ ᠪᠠ ᠲᠤᠱᠢᠶᠠᠯ᠎ᠠᠴᠠ᠎ᠨᠢ ᠪᠠᠭᠤᠯᠭᠠᠬᠤ᠎ᠪᠠᠷ ᠲᠣᠭ᠍ᠲᠠᠪᠠ᠃ ᠮᠤᠵᠢ᠎ᠶ᠋ᠢᠨ ᠱᠠᠲᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠵᠢᠨ ᠪᠠᠢᠴᠠᠭᠠᠬᠤ ᠳᠠᠷᠤᠭ᠎ᠠ᠎ᠶ᠋ᠢ 6 ᠬᠥᠮᠦᠨ ᠤᠳᠠᠭ᠎ᠠ ᠲᠤᠱᠢᠶᠠᠯ᠎ᠳᠤ ᠲᠣᠮᠢᠯᠠᠬᠤ ᠪᠤᠶᠤ ᠲᠤᠱᠢᠶᠠᠯ᠎ᠠᠴᠠ᠎ᠨᠢ ᠪᠠᠭᠤᠯᠭᠠᠬᠤ᠎ᠶ᠋ᠢ ᠵᠥᠪᠱᠢᠶᠡᠷᠡᠪᠡ᠃
ᠬᠤᠶᠠᠷ᠂ ᠬᠠᠤᠯᠢ ᠲᠣᠭ᠍ᠲᠠᠭᠠᠬᠤ ᠲᠤᠱᠢᠶᠠᠯ ᠬᠠᠷᠢᠭᠤᠴᠠᠯᠭ᠎ᠠ᠎ᠪᠠᠨ ᠬᠢᠨᠠᠮᠠᠭᠠᠶ ᠭᠦᠢᠴᠡᠳᠭᠡᠵᠦ᠍᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶ᠋ᠢᠨ ᠱᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠪᠡ
ᠪᠠᠢᠩᠭᠤ᠎ᠶ᠋ᠢᠨ ᠬᠤᠷᠢᠶ᠎ᠠ ᠤᠯᠤᠰ᠎ᠤᠨ ᠬᠠᠤᠯᠢ ᠲᠣᠭ᠍ᠲᠠᠭᠠᠬᠤ ᠡᠷᠬᠡ᠎ᠶ᠋ᠢ ᠬᠡᠷᠡᠭ᠌ᠵᠢᠭᠦᠯᠵᠦ᠍᠂ ᠭᠤᠣᠯᠳᠠᠯᠭ᠎ᠠ᠎ᠲᠠᠢ ᠬᠦᠷᠢᠶ᠎ᠡ᠂ ᠱᠢᠨ᠎ᠡ᠎ᠪᠠᠷ ᠬᠥᠭ᠌ᠵᠢᠭ᠌ᠰᠡᠨ ᠬᠦᠷᠢᠶ᠎ᠡ᠂ ᠭᠠᠳᠠᠭᠠᠳᠤ᠎ᠳᠤ ᠬᠤᠯᠪᠣᠭ᠍ᠳᠠᠬᠤ ᠬᠦᠷᠢᠶ᠎ᠡ᠎ᠶ᠋ᠢᠨ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠴᠢᠨᠠᠷ ᠰᠠᠢᠲᠠᠶ ᠬᠠᠤᠯᠢ ᠲᠣᠭ᠍ᠲᠠᠭᠠᠯᠲᠠ᠎ᠪᠠᠷ ᠥᠭᠡᠷᠡᠴᠢᠯᠡᠯᠲᠡ ᠬᠥᠭ᠌ᠵᠢᠯᠲᠡ᠎ᠳᠤ ᠪᠠᠲᠤᠯᠠᠭ᠎ᠠ ᠪᠠ ᠦᠢᠯᠡᠴᠢᠯᠡᠭᠡ ᠬᠠᠩᠭᠠᠪᠠ᠃ ᠨᠢᠭᠡ ᠵᠢᠯ᠎ᠤᠨ ᠲᠤᠷᠰᠢ᠂ ᠨᠡᠢᠲᠡ 39 ᠬᠠᠤᠯᠢ ᠴᠠᠭᠠᠵᠠ᠎ᠶ᠋ᠢᠨ ᠲᠥᠰᠥᠯ᠎ᠢ ᠬᠢᠨᠠᠨ ᠵᠦᠪᠯᠡᠵᠦ᠂ ᠲᠡᠭᠦᠨ᠎ᠤ ᠳᠣᠲᠣᠷᠠᠬᠢ 24 ᠶ᠋ᠢ᠎ᠨᠢ ᠪᠠᠲᠤᠯᠠᠪᠠ᠂ ᠡᠭᠦᠨ᠎ᠳᠤ 6 ᠬᠠᠤᠯᠢ ᠴᠠᠭᠠᠵᠠ᠎ᠶ᠋ᠢ ᠲᠣᠭ᠍ᠲᠠᠭᠠᠨ᠂ 14 ᠬᠠᠤᠯᠢ ᠴᠠᠭᠠᠵᠠ᠎ᠳᠤ ᠵᠠᠰᠠᠪᠤᠷᠢ ᠣᠷᠣᠭᠤᠯᠵᠤ᠂ ᠬᠤᠯᠪᠣᠭ᠍ᠳᠠᠯ ᠪᠥᠬᠦᠶ ᠬᠠᠤᠯᠢ ᠴᠠᠭᠠᠵᠠ᠎ᠶ᠋ᠢᠨ ᠠᠰᠠᠭᠤᠳᠠᠯ ᠪᠠ ᠴᠢᠬᠤᠯᠠ ᠶᠡᠭᠡ ᠠᠰᠠᠭᠤᠳᠠᠯ᠎ᠤᠨ ᠲᠤᠬᠠᠢ 4 ᠬᠤᠪᠢ ᠲᠣᠭ᠍ᠲᠠᠭᠠᠯ ᠭᠠᠷᠭᠠᠪᠠ᠃ 12 ᠵᠦᠢᠯ ᠤ᠋ᠨ ᠭᠡᠷ᠎ᠡ ᠪᠠ ᠴᠢᠬᠤᠯᠠ ᠬᠡᠯᠡᠯᠴᠡᠭᠡᠷ᠎ᠢ ᠵᠥᠪᠱᠢᠶᠡᠷᠡᠬᠦ᠌ ᠪᠠᠷ ᠲᠣᠭ᠍ᠲᠠᠭᠠᠪᠠ᠃
ᠠᠵᠤ ᠠᠬᠤᠶ᠎ᠶ᠋ᠢᠨ ᠬᠦᠷᠢᠶᠡᠨ᠎ᠳᠠᠬᠢ ᠬᠠᠤᠯᠢ ᠲᠣᠭ᠍ᠲᠠᠭᠠᠯᠲᠠ᠎ᠶ᠋ᠢ ᠲᠡᠭᠦᠯᠳᠡᠷᠵᠢᠭᠦᠯᠪᠡ᠃ ᠬᠥᠳᠡᠭᠡ ᠲᠣᠰᠭᠤᠨ᠎ᠤ ᠬᠠᠮᠲᠤ᠎ᠶ᠋ᠢᠨ ᠠᠵᠤ ᠠᠬᠤᠶ᠎ᠶ᠋ᠢᠨ ᠵᠣᠬᠢᠶᠠᠨ ᠪᠠᠢᠭᠤᠯᠤᠯᠲᠠ᠎ᠶ᠋ᠢᠨ ᠬᠠᠤᠯᠢ᠎ᠶ᠋ᠢ ᠲᠣᠭ᠍ᠲᠠᠭᠠᠬᠤ᠎ᠨᠢ ᠬᠥᠳᠡᠭᠡ ᠲᠣᠰᠭᠤᠨ᠎ᠤ ᠱᠢᠨ᠎ᠡ ᠬᠡᠯᠪᠡᠷᠢ᠎ᠶ᠋ᠢᠨ ᠬᠠᠮᠲᠤ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠲᠠᠷᠢᠶᠠᠴᠢᠨ ᠲᠦᠮᠡᠨ᠎ᠤ ᠠᠱᠢᠭ ᠲᠤᠰᠠ᠎ᠶ᠋ᠢ ᠬᠠᠮᠠᠭᠠᠯᠠᠨ ᠬᠥᠭ᠌ᠵᠢᠭᠦᠯᠬᠦ᠂ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠶᠤᠮ᠃ ᠭᠠᠢᠯᠢ ᠲᠠᠲᠠᠪᠤᠷᠢ᠎ᠶ᠋ᠢ ᠬᠠᠤᠯᠢ᠎ᠪᠠᠷ ᠲᠣᠭ᠍ᠲᠠᠭᠠᠬᠤ ᠵᠠᠷᠴᠢᠮ᠎ᠢ ᠨᠠᠢᠳᠠᠪᠤᠷᠢᠵᠢᠭᠤᠯᠵᠤ᠂ ᠦᠷᠳᠡᠭ ᠨᠡᠮᠡᠭ᠌ᠳᠡᠯ᠎ᠤᠨ ᠭᠠᠢᠯᠢ᠎ᠶ᠋ᠢᠨ ᠬᠠᠤᠯᠢ᠂ ᠪᠣᠭᠤᠮᠲᠠ᠎ᠶ᠋ᠢᠨ ᠭᠠᠢᠯᠢ᠎ᠶ᠋ᠢᠨ ᠬᠠᠤᠯᠢ᠎ᠶ᠋ᠢ ᠲᠣᠭ᠍ᠲᠠᠭᠠᠨ᠂ ᠴᠢᠨᠠᠷ ᠰᠠᠢᠲᠠᠶ ᠬᠥᠭ᠌ᠵᠢᠯᠲᠡ᠂ ᠨᠡᠢᠭᠡᠮ᠎ᠤᠨ ᠲᠥᠪ ᠭᠤᠣᠯᠴᠢ᠂ ᠵᠠᠬ᠎ᠠ ᠳᠡᠯᠭᠡᠭᠦᠷ᠎ᠤᠨ ᠨᠢᠭᠡᠳᠦᠯ᠎ᠳᠤ ᠠᠱᠢᠭ᠍ᠲᠠᠶ ᠭᠠᠢᠯᠢ ᠲᠠᠲᠠᠪᠤᠷᠢ᠎ᠶ᠋ᠢᠨ ᠲᠦᠷᠢᠮ᠎ᠢ ᠪᠦᠷᠢᠨᠱᠢᠭᠦᠯᠬᠦ᠌᠎ᠶ᠋ᠢ ᠠᠬᠢᠭᠤᠯᠪᠠ᠃ ᠲᠤᠭ᠎ᠠ ᠪᠦᠷᠢᠳᠭᠡᠯ᠎ᠤᠨ ᠬᠠᠤᠯᠢ᠂ ᠨᠢᠭ᠍ᠲᠠᠯᠠᠨ ᠪᠣᠳᠣᠬᠤ ᠬᠠᠤᠯᠢ᠎ᠳᠤ ᠵᠠᠰᠠᠪᠤᠷᠢ ᠣᠷᠣᠭᠤᠯᠵᠤ᠂ ᠲᠤᠭ᠎ᠠ ᠪᠦᠷᠢᠳᠭᠡᠯ᠎ᠢ ᠬᠠᠭᠤᠷᠮᠠᠭ᠍ᠯᠠᠨ ᠵᠣᠬᠢᠶᠠᠬᠤ᠂ ᠡᠳ᠋᠎ᠤᠨ ᠶᠠᠪᠤᠳᠠᠯ᠎ᠤᠨ ᠲᠠᠯ᠎ᠠ᠎ᠪᠠᠷ ᠬᠠᠭᠤᠷᠮᠠᠭ᠍ᠯᠠᠨ ᠦᠢᠯᠡᠳᠬᠦ᠌ ᠵᠡᠷᠭᠡ ᠲᠤᠪᠤᠢᠮ᠎ᠠ ᠠᠰᠠᠭᠤᠳᠠᠯ᠎ᠢ ᠬᠦᠴᠦᠯᠡᠨ ᠰᠶ᠋ᠢᠳᠪᠦᠷᠢᠯᠡᠵᠦ᠍᠂ ᠵᠠᠬ᠎ᠠ ᠲᠡᠯᠭᠡᠬᠦᠷ᠎ᠤᠨ ᠠᠵᠦ᠍ ᠠᠬᠤᠢ᠎ᠶ᠋ᠢᠨ ᠰᠠᠢᠨ ᠰᠠᠢᠬᠠᠨ ᠡᠮᠬᠢ ᠵᠢᠷᠤᠮ᠎ᠢ ᠬᠠᠮᠠᠭᠠᠯᠠᠪᠠ᠃ ᠵᠣᠭᠤᠰ ᠤᠬᠢᠶᠠᠬᠤ᠎ᠶ᠋ᠢ ᠡᠰᠡᠷᠭᠦᠴᠡᠬᠦ᠌ ᠬᠠᠤᠯᠢ᠎ᠶ᠋ᠢ ᠵᠠᠰᠠᠨ ᠳᠤᠭ᠍ᠳᠠᠭᠠᠵᠤ᠂ ᠮᠥᠩᠭᠦᠨ ᠭᠦᠢᠯᠭᠡᠭᠡ᠎ᠶ᠋ᠢ ᠲᠣᠭ᠍ᠲᠠᠭᠤᠨ ᠪᠠᠢᠯᠭᠠᠬᠤ ᠬᠠᠤᠯᠢ᠎ᠶ᠋ᠢᠨ ᠲᠥᠰᠦᠯ᠎ᠢ ᠦᠷᠭᠦᠯᠵᠢᠯᠡᠨ ᠬᠢᠨᠠᠨ ᠵᠦᠪᠯᠡᠵᠦ᠂ ᠮᠥᠩᠭᠦᠨ ᠭᠦᠢᠯᠭᠡᠭᠡᠨ᠎ᠤ ᠡᠮᠬᠢ ᠵᠢᠷᠤᠮ᠂ ᠨᠡᠢᠭᠡᠮ ᠨᠡᠢᠲᠡ᠎ᠶ᠋ᠢᠨ ᠠᠱᠢᠭ ᠲᠤᠰᠠ ᠪᠠ ᠤᠯᠤᠰ᠎ᠤᠨ ᠠᠮᠤᠷ ᠲᠦᠪᠱᠢᠨ᠎ᠢ ᠨᠡᠩ ᠰᠠᠢᠨ ᠬᠠᠮᠠᠭᠠᠯᠠᠪᠠ᠃ ᠠᠷᠠᠳ᠎ᠠᠴᠠ ᠡᠵᠡᠩᠨᠡᠭ᠌ᠰᠡᠨ ᠠᠵᠤ ᠠᠬᠤᠶ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠢ ᠬᠤᠶᠠᠷ ᠤᠳᠠᠭ᠎ᠠ ᠬᠢᠨᠠᠨ ᠵᠦᠪᠯᠡᠪᠡ᠃ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠌ ᠬᠠᠤᠯᠢ᠎ᠶ᠋ᠢ ᠵᠠᠰᠠᠨ ᠳᠤᠭ᠍ᠳᠠᠭᠠᠬᠤ ᠲᠥᠰᠦᠯ᠂ ᠠᠷᠠᠳ᠎ᠤᠨ ᠭᠡᠷᠡᠭ᠌ᠴᠡᠭᠡᠨᠤ ᠠᠭᠠᠷ᠎ᠤᠨ ᠠᠶᠠᠯᠠᠯ᠎ᠤᠨ ᠬᠠᠤᠯᠢ᠎ᠶ᠋ᠢ ᠵᠠᠰᠠᠨ ᠳᠤᠭ᠍ᠳᠠᠭᠠᠬᠤ ᠲᠥᠰᠦᠯ᠂ ᠵᠢᠭᠠᠰᠤᠨ ᠠᠵᠤ ᠠᠬᠤᠶ᠎ᠶ᠋ᠢᠨ ᠬᠠᠤᠯᠢ᠎ᠶ᠋ᠢ ᠵᠠᠰᠠᠨ ᠳᠤᠭ᠍ᠳᠠᠭᠠᠬᠤ ᠲᠥᠰᠦᠯ᠂ ᠬᠥᠨᠳᠡᠯᠡᠨ᠎ᠠᠴᠠ ᠲᠠᠰᠤᠯᠬᠤ ᠬᠠᠤᠯᠢ᠎ᠶ᠋ᠢ ᠵᠠᠰᠠᠨ ᠳᠤᠭ᠍ᠳᠠᠭᠠᠬᠤ ᠲᠥᠰᠦᠯ᠂ ᠳᠠᠯᠠᠢ᠎ᠶ᠋ᠢᠨ ᠬᠤᠳᠠᠯᠳᠤᠭᠠᠨ᠎ᠤ ᠬᠠᠤᠯᠢ᠎ᠶ᠋ᠢ ᠵᠠᠰᠠᠨ ᠳᠤᠭ᠍ᠳᠠᠭᠠᠬᠤ ᠲᠥᠰᠦᠯ᠎ᠢ ᠠᠩᠬ᠎ᠠ ᠤᠳᠠᠭ᠎ᠠ ᠬᠢᠨᠠᠨ ᠵᠦᠪᠯᠡᠪᠡ᠃
ᠨᠡᠢᠭᠡᠮ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠬᠠᠤᠯᠢ ᠲᠣᠭ᠍ᠲᠠᠭᠠᠯᠲᠠ᠎ᠶ᠋ᠢ ᠴᠢᠩᠭᠠᠳᠭᠠᠪᠠ᠃ ᠰᠤᠷᠭᠠᠭᠤᠯᠢ᠎ᠳᠤ ᠤᠷᠤᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠬᠠᠤᠯᠢ᠎ᠶ᠋ᠢ ᠲᠣᠭ᠍ᠲᠠᠭᠠᠵᠤ᠂ ᠠᠷᠠᠳ ᠣᠯᠠᠨ᠎ᠤ ᠰᠤᠷᠭᠠᠭᠤᠯᠢ᠎ᠳᠤ ᠤᠷᠤᠬᠤ ᠨᠠᠰᠤᠨ᠎ᠠᠴᠠ ᠡᠮᠦᠨᠡᠬᠢ ᠰᠤᠷᠭᠠᠨ ᠬᠥᠮᠦᠵᠢᠯ᠎ᠤᠨ ᠲᠦᠭᠡᠮᠡᠯᠵᠢᠯ ᠲᠦᠭᠡᠮᠡᠯ ᠬᠠᠷᠠᠭᠠᠯᠵᠠᠯ ᠠᠮᠤᠷ ᠲᠦᠪᠱᠢᠨ ᠴᠢᠨᠠᠷ ᠰᠠᠢᠲᠠᠶ ᠬᠥᠭ᠌ᠵᠢᠯᠳᠡ᠎ᠶ᠋ᠢᠨ ᠲᠤᠬᠠᠶ ᠬᠦᠰᠡᠯ ᠡᠷᠡᠮᠡᠯᠵᠡᠯ᠎ᠳᠤ ᠬᠠᠷᠢᠭᠤ ᠥᠭ᠌ᠪᠡ᠃ ᠡᠷᠳᠡᠮ᠎ᠤᠨ ᠴᠣᠯᠠ᠎ᠶ᠋ᠢᠨ ᠲᠦᠷᠢᠮ᠎ᠢ ᠬᠡᠷᠡᠭ᠌ᠵᠢᠭᠦᠯᠦᠭ᠌ᠰᠡᠨ 40 ᠭᠠᠷᠤᠶ ᠵᠢᠯ᠎ᠤᠨ ᠲᠤᠷᠱᠢᠯᠭ᠎ᠠ᠎ᠶ᠋ᠢ ᠪᠥᠬᠦ᠌ ᠲᠠᠯ᠎ᠠ ᠪᠠᠷ ᠳ᠋ᠦᠩᠨᠡᠵᠦ᠍᠂ ᠡᠷᠳᠡᠮ᠎ᠤᠨ ᠴᠣᠯᠠ᠎ᠶ᠋ᠢᠨ ᠬᠠᠤᠯᠢ᠎ᠶ᠋ᠢ ᠲᠣᠭ᠍ᠲᠠᠭᠠᠵᠤ᠂ ᠱᠢᠨ᠎ᠡ ᠴᠠᠭ ᠦᠶ᠎ᠡ᠎ᠶ᠋ᠢᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠦᠢᠯᠡᠰ᠎ᠤᠨ ᠥᠭᠡᠷᠡᠴᠢᠯᠡᠯᠲᠡ ᠬᠥᠭ᠌ᠵᠢᠯᠲᠡ᠎ᠳᠤ ᠨᠠᠩ ᠰᠠᠢᠨ ᠦᠢᠯᠡᠴᠢᠯᠡᠪᠡ᠃ ᠲᠡᠤᠬᠡ᠎ᠶ᠋ᠢᠨ ᠳᠤᠷᠠᠰᠭᠠᠯᠲᠤ ᠵᠦᠢᠯ᠎ᠢ ᠬᠠᠮᠠᠭᠠᠯᠠᠬᠤ ᠬᠠᠤᠯᠢ᠎ᠶ᠋ᠢ ᠵᠠᠰᠠᠨ ᠳᠤᠭ᠍ᠳᠠᠭᠠᠵᠤ᠂ ᠬᠠᠮᠠᠭᠠᠯᠠᠬᠤ᠎ᠶ᠋ᠢ ᠲᠡᠷᠢᠭᠦᠨ᠎ᠳᠤ ᠲᠠᠯᠪᠢᠬᠤ᠂ ᠬᠠᠮᠢᠶᠠᠷᠤᠯᠲᠠ᠎ᠪᠠᠨ ᠴᠢᠩᠭᠠᠳᠭᠠᠬᠤ᠂ ᠦᠨ᠎ᠡ ᠦᠷᠲᠡᠭ᠎ᠢ ᠠᠭᠤᠳᠠᠯᠬᠤ᠂ ᠪᠦᠲᠦᠮᠵᠢᠲᠡᠢ ᠠᠱᠢᠭ᠍ᠯᠠᠬᠤ᠂ ᠲᠡᠤᠬᠡ᠎ᠶ᠋ᠢᠨ ᠳᠤᠷᠠᠰᠭᠠᠯᠲᠤ ᠵᠦᠢᠯ᠎ᠢ ᠠᠮᠢᠳᠦᠯᠢᠭ᠍ᠵᠢᠭᠤᠯᠬᠤ ᠠᠵᠢᠯ᠎ᠤᠨ ᠱᠠᠭᠠᠷᠳᠠᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠪᠠ᠃ ᠱᠢᠨ᠎ᠡ ᠴᠠᠭ ᠦᠶ᠎ᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠡᠩ᠎ᠤᠨ ᠮᠡᠳᠡᠯᠭᠡ᠎ᠶ᠋ᠢ ᠲᠦᠭᠡᠮᠡᠯᠵᠢᠭᠦᠯᠬᠦ᠌ ᠠᠵᠢᠯ ᠦᠢᠯᠡᠰ᠎ᠤᠨ ᠬᠦᠭ᠌ᠵᠢᠯᠲᠡ᠎ᠶ᠋ᠢᠨ ᠬᠡᠷᠡᠭ᠌ᠴᠡᠭᠡ᠎ᠳᠤ ᠵᠤᠬᠢᠴᠠᠯᠳᠤᠭᠤᠯᠤᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠲᠦᠭᠡᠮᠡᠯᠵᠢᠭᠦᠯᠬᠦ᠌ ᠬᠠᠤᠯᠢ᠎ᠶ᠋ᠢ ᠵᠠᠰᠠᠨ ᠳᠤᠭ᠍ᠳᠠᠭᠠᠵᠤ᠂ ᠱᠢᠨᠵᠢᠯᠡᠬᠦ᠌ ᠤᠬᠠᠭᠠᠨ᠎ᠢ ᠡᠷᠬᠢᠮᠯᠡᠬᠦ᠂ ᠱᠢᠨ᠎ᠡ᠎ᠶ᠋ᠢ ᠡᠭᠦᠳᠬᠦ᠌᠎ᠶ᠋ᠢ ᠬᠥᠭᠡᠭᠡᠴᠡᠯᠳᠦᠬᠦ᠌ ᠨᠡᠢᠭᠡᠮ᠎ᠤᠨ ᠬᠡᠪ ᠰᠤᠷᠲᠠᠯ᠎ᠢ ᠪᠤᠢᠵᠢᠭᠤᠯᠪᠠ᠃ ᠤᠯᠤᠰ᠎ᠤᠨ ᠬᠢᠯᠢ᠎ᠶ᠋ᠢᠨ ᠡᠷᠡᠭᠦᠯ ᠬᠠᠮᠠᠭᠠᠯᠠᠯ ᠬᠢᠵᠢᠭ ᠪᠠᠢᠴᠠᠭᠠᠯᠳᠠ᠎ᠶ᠋ᠢᠨ ᠬᠠᠤᠯᠢ᠎ᠶ᠋ᠢ ᠵᠠᠰᠠᠨ ᠳᠤᠭ᠍ᠳᠠᠭᠠᠵᠤ᠂ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠵᠠᠰᠠᠬᠤ ᠬᠠᠤᠯᠢ᠎ᠳᠤ ᠵᠠᠰᠠᠪᠤᠷᠢ ᠣᠷᠣᠭᠤᠯᠬᠤ ᠪᠠ ᠭᠡᠨᠡᠳᠲᠡ ᠡᠭᠦᠰᠦᠭ᠌ᠰᠡᠨ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠡᠷᠡᠭ᠎ᠢ ᠠᠷᠭᠠᠴᠠᠭᠠᠬᠤ ᠬᠠᠤᠯᠢ᠎ᠶ᠋ᠢ ᠲᠣᠭ᠍ᠲᠠᠭᠠᠬᠤ ᠠᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠬᠠᠤᠯᠢ᠎ᠪᠠᠷ ᠵᠠᠰᠠᠬᠤ ᠪᠠᠲᠤᠯᠠᠭ᠎ᠠ᠎ᠶ᠋ᠢ ᠴᠢᠩᠭᠠᠳᠭᠠᠪᠠ᠃ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶ᠋ᠢᠨ ᠱᠢᠢᠳᠭᠡᠯ᠎ᠤᠨ ᠬᠠᠤᠯᠢ᠎ᠶ᠋ᠢ ᠵᠠᠰᠠᠨ ᠳᠤᠭ᠍ᠳᠠᠭᠠᠬᠤ ᠲᠥᠰᠦᠯ᠎ᠢ ᠦᠷᠭᠦᠯᠵᠢᠯᠡᠨ ᠬᠢᠨᠠᠨ ᠵᠦᠪᠯᠡᠪᠡ᠃ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠬᠠᠤᠯᠢ᠎ᠶ᠋ᠢᠨ ᠲᠥᠰᠦᠯ᠎ᠢ ᠠᠩᠬ᠎ᠠ ᠤᠳᠠᠭ᠎ᠠ ᠬᠢᠨᠠᠨ ᠵᠦᠪᠯᠡᠪᠡ᠃
ᠡᠬᠢ ᠪᠠᠶᠠᠯᠢᠭ ᠡᠨᠧᠷᠭᠢ᠎ᠶ᠋ᠢᠨ ᠰᠤᠷᠪᠤᠯᠵᠢ᠂ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠬᠦᠷᠢᠶᠡᠨ᠎ᠳᠠᠬᠢ ᠬᠠᠤᠯᠢ ᠲᠣᠭ᠍ᠲᠠᠭᠠᠯᠲᠠ᠎ᠶ᠋ᠢ ᠠᠬᠢᠭᠤᠯᠪᠠ᠃ ᠡᠨᠧᠷᠭᠢ᠎ᠶ᠋ᠢᠨ ᠰᠤᠷᠪᠤᠯᠵᠢ᠎ᠶ᠋ᠢᠨ ᠬᠠᠤᠯᠢ᠎ᠶ᠋ᠢ ᠲᠣᠭ᠍ᠲᠠᠭᠠᠪᠠ᠂ ᠡᠨᠡ ᠪᠤᠯ ᠡᠨᠧᠷᠭᠢ᠎ᠶ᠋ᠢᠨ ᠰᠤᠷᠪᠤᠯᠵᠢ᠎ᠶ᠋ᠢᠨ ᠬᠦᠷᠢᠶᠡᠨ᠎ᠳᠠᠬᠢ ᠰᠠᠭᠤᠷᠢᠯᠠᠬᠤ ᠴᠢᠨᠠᠷᠲᠠᠶ ᠬᠠᠤᠯᠢ ᠴᠠᠭᠠᠵᠠ ᠮᠥᠨ᠂ ᠤᠯᠤᠰ᠎ᠤᠨ ᠡᠨᠧᠷᠭᠢ᠎ᠶ᠋ᠢᠨ ᠰᠤᠷᠪᠤᠯᠵᠢ᠎ᠶ᠋ᠢᠨ ᠠᠮᠤᠷ ᠲᠦᠪᠱᠢᠨ᠎ᠢ ᠪᠠᠲᠤᠯᠠᠬᠤ᠂ ᠡᠨᠧᠷᠭᠢ᠎ᠶ᠋ᠢᠨ ᠰᠤᠷᠪᠤᠯᠵᠢ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠨᠤᠭᠤᠭᠠᠨ ᠪᠥᠭᠡᠳ ᠨᠡᠭᠦᠷᠡᠰᠦᠲᠥ᠋ᠷᠥᠭ᠌ᠴᠢ ᠪᠠᠭᠠᠳᠠᠢ ᠬᠡᠯᠪᠡᠷᠢ ᠳᠡᠢᠰᠢ ᠬᠤᠪᠢᠷᠠᠭᠤᠯᠬᠤ᠎ᠶ᠋ᠢ ᠠᠬᠢᠭᠤᠯᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠶᠤᠮ᠃ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠬᠠᠤᠯᠢ᠎ᠶ᠋ᠢ ᠵᠠᠰᠠᠨ ᠳᠤᠭ᠍ᠳᠠᠭᠠᠵᠤ᠂ ᠤᠯᠤᠰ᠎ᠤᠨ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠠᠮᠤᠷ ᠲᠦᠪᠱᠢᠨ᠎ᠢ ᠬᠠᠤᠯᠢ ᠶᠣᠰᠣᠭᠠᠷ ᠪᠠᠲᠤᠯᠠᠵᠤ᠂ ᠵᠦᠶ ᠵᠣᠬᠢᠰᠲᠠᠶ᠎ᠪᠠᠷ ᠨᠡᠭᠡᠭᠡᠨ ᠠᠱᠢᠭ᠍ᠯᠠᠬᠤ ᠪᠠ ᠬᠠᠮᠠᠭᠠᠯᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠪᠡ᠃ ᠤᠯᠤᠰ᠎ᠤᠨ ᠴᠡᠴᠡᠷᠯᠢᠭ᠎ᠤᠨ ᠬᠠᠤᠯᠢ᠎ᠶ᠋ᠢᠨ ᠲᠥᠰᠦᠯ᠎ᠢ ᠬᠤᠶᠠᠷ ᠤᠳᠠᠭ᠎ᠠ ᠬᠢᠨᠠᠨ ᠵᠦᠪᠯᠡᠪᠡ᠃ ᠠᠲ᠋ᠣᠮ᠎ᠤᠨ ᠡᠨᠧᠷᠭᠢ᠎ᠶ᠋ᠢᠨ ᠬᠠᠤᠯᠢ᠎ᠶ᠋ᠢᠨ ᠲᠥᠰᠦᠯ᠎ᠢ ᠠᠩᠬ᠎ᠠ ᠤᠳᠠᠭ᠎ᠠ ᠬᠢᠨᠠᠨ ᠵᠦᠪᠯᠡᠪᠡ᠃ ᠠᠮᠢ ᠠᠬᠤᠶ᠎ᠶ᠋ᠢᠨ ᠣᠷᠴᠢᠨ ᠨᠥᠬᠦᠴᠡᠯ᠎ᠤᠨ ᠬᠠᠤᠯᠢ᠎ᠶ᠋ᠢᠨ ᠪᠢᠴᠢᠭ᠎ᠢ ᠨᠠᠢᠷᠠᠭᠤᠯᠤᠨ ᠪᠢᠴᠢᠬᠦ᠌ ᠠᠵᠢᠯ᠎ᠢ ᠯᠠᠪᠳᠠᠭᠤᠨ ᠪᠠᠳᠤᠳᠠᠢ ᠠᠬᠢᠭᠤᠯᠪᠠ᠃
ᠤᠯᠤᠰ᠎ᠤᠨ ᠠᠮᠤᠷ ᠲᠦᠪᠱᠢᠨ᠎ᠤ ᠬᠠᠤᠯᠢ ᠴᠠᠭᠠᠵᠠ᠎ᠶ᠋ᠢᠨ ᠲᠦᠷᠢᠮ᠎ᠢ ᠪᠥᠷᠢᠨᠱᠢᠭᠦᠯᠪᠡ᠃ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠤᠨ ᠬᠠᠤᠯᠢ᠎ᠶ᠋ᠢ ᠵᠠᠰᠠᠨ ᠳᠤᠭ᠍ᠳᠠᠭᠠᠵᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠢ ᠲᠦᠭᠡᠮᠡᠯᠵᠢᠭᠦᠯᠦᠨ ᠴᠢᠩᠭᠠᠳᠭᠠᠬᠤ᠂ ᠡᠭᠡ ᠣᠷᠣᠨᠴᠢ ᠦᠵᠡᠯ᠎ᠤᠨ ᠵᠣᠷᠢᠭ ᠰᠠᠨᠠᠭ᠎ᠠ᠎ᠶ᠋ᠢ ᠪᠠᠳᠠᠷᠠᠭᠤᠯᠬᠤ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠬᠠᠤᠯᠢ ᠪᠠᠷ ᠵᠠᠰᠠᠬᠤ ᠰᠠᠭᠤᠷᠢ᠎ᠶ᠋ᠢ ᠪᠠᠬᠢᠵᠢᠭᠦᠯᠪᠡ᠃ ᠭᠡᠨᠡᠳᠳᠡ ᠡᠭᠦᠰᠦᠭ᠌ᠰᠡᠨ ᠬᠡᠷᠡᠭ᠎ᠢ ᠠᠷᠭᠠᠴᠠᠭᠠᠬᠤ ᠬᠠᠤᠯᠢ᠎ᠶ᠋ᠢ ᠵᠠᠰᠠᠨ ᠳᠤᠭ᠍ᠳᠠᠭᠠᠵᠤ᠂ ᠬᠦᠨᠳᠦ ᠶᠡᠭᠡ ᠠᠮᠤᠷ ᠲᠦᠪᠱᠢᠨ᠎ᠤ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠪᠠ ᠭᠡᠨᠡᠳᠲᠡ ᠡᠭᠦᠰᠦᠭ᠌ᠰᠡᠨ ᠬᠡᠷᠡᠭ᠎ᠢ ᠠᠷᠭᠠᠴᠠᠭᠠᠬᠤ ᠲᠦᠷᠢᠮ ᠲᠤᠭ᠍ᠲᠠᠴᠠ᠎ᠶ᠋ᠢ ᠪᠦᠷᠢᠨᠱᠢᠭᠦᠯᠵᠦ᠍᠂ ᠠᠷᠠᠳ ᠲᠦᠮᠡᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠨᠡᠩ ᠰᠠᠢᠨ ᠬᠠᠮᠠᠭᠠᠯᠠᠪᠠ᠃ ᠠᠶᠤᠯᠲᠠᠶ ᠬᠢᠮᠢ᠎ᠶ᠋ᠢᠨ ᠵᠦᠢᠯ᠎ᠤᠨ ᠠᠮᠤᠷ ᠲᠦᠪᠱᠢᠨ᠎ᠤ ᠬᠠᠤᠯᠢ᠎ᠶ᠋ᠢᠨ ᠲᠥᠰᠦᠯ᠎ᠢ ᠠᠩᠬ᠎ᠠ ᠤᠳᠠᠭ᠎ᠠ ᠬᠢᠨᠠᠨ ᠵᠦᠪᠯᠡᠪᠡ᠃
ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠳᠠᠮᠵᠢᠨ ᠪᠠᠲᠤᠯᠠᠪᠠ᠃ ᠨᠠᠮ᠎ᠤᠨ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠭᠤᠷᠪᠠᠳᠤᠭᠠᠷ ᠪᠥᠬᠦᠳᠡ ᠬᠤᠷᠠᠯ᠎ᠤᠨ ᠥᠭᠡᠷᠡᠴᠢᠯᠡᠯᠲᠡ᠎ᠶ᠋ᠢᠨ ᠡᠭᠦᠷᠭᠡ᠎ᠶ᠋ᠢ ᠨᠠᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ᠎ᠶ᠋ᠢ ᠰᠤᠳᠤᠯᠤᠨ ᠪᠠᠢᠷᠢᠯᠠᠭᠤᠯᠵᠤ᠂ ᠬᠠᠦᠯᠢ ᠴᠠᠭᠠᠵᠠ᠎ᠳᠤ ᠵᠠᠰᠠᠪᠤᠷᠢ ᠣᠷᠣᠭᠤᠯᠬᠤ᠂ ᠲᠣᠭ᠍ᠲᠠᠭᠠᠯ ᠭᠠᠷᠭᠠᠬᠤ ᠵᠡᠷᠭᠡ᠎ᠪᠠᠷ ᠳᠠᠮᠵᠢᠭᠤᠯᠤᠨ᠂ ᠴᠢᠬᠤᠯᠠ ᠶᠡᠭᠡ ᠥᠭᠡᠷᠡᠴᠢᠯᠡᠯᠲᠡ᠎ᠨᠢ ᠬᠠᠤᠯᠢ᠎ᠶ᠋ᠢᠨ ᠦᠨᠳᠦᠰᠦᠯᠡᠯ᠎ᠲᠠᠢ ᠪᠠᠢᠬᠤ᠎ᠶ᠋ᠢ ᠦᠨᠡᠨ ᠬᠦ᠌ ᠪᠠᠲᠤᠯᠠᠵᠤ᠂ ᠥᠭᠡᠷᠡᠴᠢᠯᠡᠯᠲᠡ᠎ᠶ᠋ᠢᠨ ᠦᠷ᠎ᠡ ᠪᠦᠲᠦᠭᠡᠯ᠎ᠢ ᠴᠠᠭ ᠲᠤᠬᠠᠶ᠎ᠳᠤᠨᠢ ᠬᠠᠤᠯᠢ ᠴᠠᠭᠠᠵᠠ᠎ᠶ᠋ᠢᠨ ᠲᠦᠷᠢᠮ ᠪᠣᠯᠭᠠᠨ ᠳᠡᠭᠡᠭ᠌ᠰᠢᠯᠡᠭᠦᠯᠪᠡ᠃ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠳᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠠᠤᠯᠢ᠎ᠪᠠᠷ ᠲᠣᠭ᠍ᠲᠠᠭᠠᠭ᠍ᠰᠠᠨ ᠠᠵᠢᠯ᠎ᠠᠴᠠ ᠪᠠᠭᠤᠵᠤ ᠠᠮᠠᠷᠠᠬᠤ ᠨᠠᠰᠤ᠎ᠶ᠋ᠢ ᠠᠭᠠᠵᠢᠮ᠎ᠢᠶᠠᠷ ᠱᠠᠲᠤᠯᠠᠨ ᠬᠤᠢᠱᠢᠯᠠᠭᠤᠯᠬᠤ᠎ᠶ᠋ᠢ ᠭᠡᠷᠡᠭ᠌ᠵᠢᠭᠦᠯᠭᠦ᠌ ᠲᠤᠬᠠᠶ ᠲᠣᠭ᠍ᠲᠠᠭᠠᠯ ᠭᠠᠷᠭᠠᠪᠠ᠂ ᠡᠨᠡ᠎ᠨᠢ ᠮᠠᠨ᠎ᠤ ᠤᠯᠤᠰ᠎ᠤᠨ ᠬᠥᠮᠦᠨ ᠠᠮᠠ᠎ᠶ᠋ᠢᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠳᠤ ᠨᠡᠩ ᠰᠠᠢᠲᠤᠷ ᠵᠣᠬᠢᠴᠠᠬᠤ᠂ ᠬᠥᠮᠦᠨ᠎ᠤ ᠬᠦᠴᠦᠨ᠎ᠤ ᠡᠬᠢ ᠪᠠᠶᠠᠯᠢᠭ᠎ᠢ ᠭᠦᠢᠴᠡᠳ ᠨᠡᠭᠡᠭᠡᠨ ᠠᠱᠢᠭ᠍ᠯᠠᠬᠤ᠎ᠳᠤ ᠴᠢᠬᠤᠯᠠ ᠠᠴᠢ ᠬᠤᠯᠪᠣᠭ᠍ᠳᠠᠯ᠎ᠲᠠᠢ ᠶᠤᠮ᠃ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠳᠤ ᠡᠷᠬᠡ ᠣᠯᠭᠤᠵᠤ ᠬᠠᠢᠨᠠᠨ᠎ᠤ ᠴᠢᠯᠥᠭᠡᠲᠦ ᠠᠷᠠᠯᠵᠢᠶᠠᠨ᠎ᠤ ᠭᠠᠷᠠᠮ᠎ᠳᠤ ᠢᠳᠡᠭᠡᠨ᠎ᠤ ᠠᠮᠤᠷ ᠲᠦᠪᠱᠢᠨ᠎ᠤ ᠬᠠᠤᠯᠢ᠎ᠶ᠋ᠢᠨ ᠬᠤᠯᠪᠤᠭ᠍ᠳᠠᠯ ᠪᠥᠬᠦᠢ ᠳᠤᠭ᠍ᠳᠠᠭᠠᠯ᠎ᠢ ᠲᠦᠷ ᠲᠣᠬᠢᠷᠠᠭᠤᠯᠤᠨ ᠬᠡᠷᠡᠭ᠌ᠯᠡᠬᠦ᠌ ᠳᠤᠬᠠᠢ ᠲᠣᠭ᠍ᠲᠠᠭᠠᠯ᠂ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠳᠤ ᠡᠷᠬᠡ ᠣᠯᠭᠤᠵᠤ ᠬᠤᠳᠠᠯᠳᠤᠭ᠎ᠠ ᠡᠵᠡᠩᠨᠡᠬᠦ᠌ ᠣᠷᠴᠢᠨ ᠨᠦᠭᠦᠴᠡᠯ᠎ᠤᠨ ᠱᠢᠨ᠎ᠡ᠎ᠶ᠋ᠢ ᠡᠭᠦᠳᠬᠦ᠌ ᠲᠤᠷᠱᠢᠯᠲᠠ᠎ᠶ᠋ᠢᠨ ᠬᠤᠲᠠ᠎ᠳᠤ ᠬᠡᠮᠵᠢᠯᠲᠡ᠎ᠶ᠋ᠢᠨ ᠬᠠᠤᠯᠢ᠎ᠶ᠋ᠢᠨ ᠬᠤᠯᠪᠤᠭ᠍ᠳᠠᠯ ᠪᠥᠭᠦᠢ ᠳᠤᠭ᠍ᠳᠠᠭᠠᠯ᠎ᠢ ᠲᠦᠷ ᠲᠣᠬᠢᠷᠠᠭᠤᠯᠤᠨ ᠭᠡᠷᠡᠭ᠌ᠯᠡᠭᠦ᠌ ᠬᠤᠭᠤᠴᠠᠭ᠎ᠠ᠎ᠶ᠋ᠢ ᠤᠷᠲᠤᠳᠭᠠᠬᠤ ᠲᠤᠬᠠᠶ ᠲᠣᠭ᠍ᠲᠠᠭᠠᠯ ᠭᠠᠷᠭᠠᠵᠤ᠂ ᠬᠤᠯᠪᠣᠭ᠍ᠳᠠᠯ ᠪᠦᠬᠦᠢ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠬᠠᠤᠯᠢ ᠶᠣᠰᠣᠭᠠᠷ ᠡᠮᠬᠢ ᠵᠢᠷᠤᠮ᠎ᠲᠠᠢ᠎ᠪᠠᠷ ᠠᠬᠢᠭᠤᠯᠬᠤ᠎ᠶ᠋ᠢ ᠪᠠᠲᠤᠯᠠᠪᠠ᠃ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢᠨ ᠬᠠᠤᠯᠢ ᠴᠠᠭᠠᠵᠠ᠎ᠳᠤ ᠲᠤᠬᠢᠷᠠᠭᠤᠯᠤᠯᠳᠠ ᠬᠢᠬᠦ᠌ ᠬᠡᠷᠡᠭ᠌ᠴᠡᠭᠡ ᠶᠣᠰᠣᠭᠠᠷ᠂ ᠲᠠᠷᠢᠶᠠᠯᠠᠩ᠎ᠤᠨ ᠮᠡᠷᠭᠡᠵᠢᠯ᠎ᠢ ᠳᠡᠯᠭᠡᠷᠡᠭᠦᠯᠬᠦ᠌ ᠬᠠᠤᠯᠢ᠂ ᠨᠠᠰᠤᠨ᠎ᠳᠤ ᠦᠯᠦ᠍ ᠬᠦᠷᠦᠭ᠌ᠰᠡᠳ᠎ᠢ ᠬᠠᠮᠠᠭᠠᠯᠠᠬᠤ ᠬᠠᠤᠯᠢ᠂ ᠠᠮᠢᠳᠤ ᠪᠣᠳᠠᠰ᠎ᠤᠨ ᠠᠮᠤᠷ ᠲᠦᠪᠱᠢᠨ᠎ᠤ ᠬᠠᠤᠯᠢ᠎ᠶ᠋ᠢᠨ ᠬᠤᠯᠪᠣᠭ᠍ᠳᠠᠯ ᠪᠦᠬᠦᠢ ᠲᠣᠭ᠍ᠲᠠᠭᠠᠯ᠎ᠳᠤ ᠨᠢᠭᠡᠳᠦᠯᠲᠡᠶ ᠲᠥᠯᠥᠪᠯᠡᠨ ᠵᠠᠰᠠᠪᠤᠷᠢ ᠣᠷᠣᠭᠤᠯᠪᠠ᠃
ᠬᠠᠤᠯᠢ ᠲᠣᠭ᠍ᠲᠠᠭᠠᠬᠤ ᠠᠵᠢᠯ᠎ᠳᠠᠬᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠤᠯ ᠤᠳᠤᠷᠢᠳᠤᠮᠵᠢ᠎ᠶ᠋ᠢᠨ ᠦᠢᠯᠡᠳᠦᠯ᠎ᠢ ᠪᠠᠳᠠᠷᠠᠭᠤᠯᠪᠠ᠃ ᠳᠥᠰᠥᠯ᠎ᠢ ᠲᠣᠭ᠍ᠲᠠᠭᠠᠬᠤ᠂ ᠲᠦᠷᠦᠭᠦᠯᠡᠨ ᠲᠤᠭᠤᠷᠪᠢᠬᠤ᠂ ᠵᠣᠬᠢᠶᠠᠨ ᠪᠠᠢᠭᠤᠯᠵᠤ ᠵᠣᠬᠢᠴᠠᠭᠤᠯᠬᠤ᠂ ᠬᠢᠨᠠᠨ ᠵᠦᠪᠯᠡᠵᠦ ᠪᠣᠭᠣᠮᠳᠠ ᠰᠠᠬᠢᠬᠣ ᠵᠡᠷᠭᠡ ᠬᠠᠤᠯᠢ ᠲᠣᠭ᠍ᠲᠠᠭᠠᠬᠤ ᠡᠯ᠎ᠡ ᠭᠤᠭ᠍ᠴᠣᠭᠠᠨᠤ ᠠᠵᠢᠯ᠎ᠢ ᠨᠠᠷᠢᠨ ᠬᠢᠨᠠᠮᠠᠭᠠᠢ ᠰᠠᠢᠲᠤᠷ ᠬᠢᠵᠦ᠍᠂ ᠨᠠᠮ᠎ᠤᠨ ᠲᠥᠪ ᠬᠣᠷᠢᠶ᠎ᠠ ᠵᠢᠨ ᠤᠳᠤᠷᠢᠳᠤᠯᠭ᠎ᠠ ᠳᠣᠤᠷ᠎ᠠ ᠬᠤᠯᠪᠣᠭ᠍ᠳᠠᠯ ᠪᠦᠬᠦᠢ ᠲᠠᠯ᠎ᠠ᠎ᠶ᠋ᠢᠨ᠎ᠬᠢᠨ᠎ᠲᠠᠢ ᠬᠠᠤᠯᠢ ᠲᠣᠭ᠍ᠲᠠᠭᠠᠬᠤ ᠠᠵᠢᠯ᠎ᠤᠨ ᠨᠡᠢᠯᠡᠯ ᠬᠦᠴᠦᠨ᠎ᠢ ᠪᠦᠷᠢᠯᠳᠦᠭᠦᠯᠪᠡ᠃ ᠬᠠᠤᠯᠢ ᠲᠣᠭ᠍ᠲᠠᠭᠠᠯᠳᠠ᠎ᠶ᠋ᠢᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠡᠨᠡ ᠬᠦ᠌ ᠵᠠᠩᠭᠢᠯᠠᠭ᠎ᠠ᠎ᠶ᠋ᠢ ᠠᠳᠭᠤᠵᠤ᠂ ᠪᠤᠰᠤᠳᠴᠢ ᠵᠢᠮ᠎ᠡ ᠶᠣᠰᠣ ᠪᠠ ᠬᠠᠤᠯᠢ ᠲᠣᠭ᠍ᠲᠠᠭᠠᠬᠤ ᠵᠢᠮ᠎ᠡ ᠶᠣᠰᠣ᠎ᠶ᠋ᠢ ᠵᠢᠷᠤᠮᠯᠠᠵᠤ᠂ ᠬᠠᠤᠯᠢ ᠲᠣᠭ᠍ᠲᠠᠭᠠᠯᠳᠠ᠎ᠶ᠋ᠢᠨ ᠱᠢᠰᠲ᠋ᠧᠮᠲᠦ ᠴᠢᠨᠠᠷ᠂ ᠪᠦᠬᠦᠯᠢ ᠴᠣᠭ᠍ᠴᠠᠲᠤ ᠴᠢᠨᠠᠷ᠂ ᠬᠠᠮᠵᠢᠯᠴᠠᠬᠤ ᠴᠢᠨᠠᠷ᠂ ᠴᠠᠭ ᠬᠤᠭᠤᠴᠠᠭᠠᠲᠤ ᠴᠢᠨᠠᠷ᠎ᠢ ᠴᠢᠷᠮᠠᠢᠨ ᠴᠢᠩᠭᠠᠳᠭᠠᠪᠠ᠃ ᠬᠠᠤᠯᠢ ᠲᠣᠭ᠍ᠲᠠᠭᠠᠬᠤ ᠮᠡᠷᠭᠡᠵᠢᠯ᠎ᠤᠨ ᠵᠢᠷᠤᠮᠵᠢᠯ᠎ᠢ ᠵᠠᠰᠠᠨ ᠨᠠᠢᠷᠠᠭᠤᠯᠵᠤ ᠬᠡᠪᠯᠡᠭᠦᠯᠵᠦ᠍ ᠬᠡᠷᠡᠭ᠌ᠯᠡᠪᠡ᠃ ᠪᠣᠳᠠᠲᠤ ᠪᠠᠢᠳᠠᠯ᠎ᠢ ᠦᠨᠳᠦᠰᠦᠯᠡᠨ᠂ ᠢᠷᠭᠡᠨ᠎ᠤ ᠬᠡᠷᠡᠭ᠎ᠤᠨ ᠠᠯᠪᠠᠳᠠᠨ ᠭᠦᠢᠴᠡᠳᠭᠡᠭᠦᠯᠬᠦ᠌ ᠬᠠᠤᠯᠢ᠎ᠶ᠋ᠢᠨ ᠲᠥᠰᠦᠯ᠂ ᠬᠥᠳᠡᠭᠡ ᠲᠣᠰᠭᠤᠨ᠎ᠤ ᠣᠷᠣᠨ ᠰᠠᠭᠤᠴᠠ᠎ᠶ᠋ᠢᠨ ᠭᠠᠵᠠᠷ᠎ᠤᠨ ᠳᠦᠷᠢᠮ᠎ᠤᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠡᠷᠬᠡ ᠣᠯᠭᠤᠬᠤ ᠲᠣᠭ᠍ᠲᠠᠭᠠᠯ᠎ᠤᠨ ᠲᠥᠰᠦᠯ᠎ᠢ ᠬᠢᠨᠠᠨ ᠵᠦᠪᠯᠡᠬᠦ᠎ᠪᠠᠨ ᠬᠠᠤᠯᠢ ᠶᠣᠰᠣᠭᠠᠷ ᠳᠠᠭᠤᠰᠭᠠᠪᠠ᠃ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠡᠭᠦᠳᠡ᠎ᠪᠠᠨ ᠨᠡᠭᠡᠭᠡᠵᠦ᠍ ᠬᠠᠤᠯᠢ ᠲᠣᠭ᠍ᠲᠠᠭᠠᠬᠤ᠎ᠶ᠋ᠢ ᠪᠠᠷᠢᠮᠲᠠᠯᠠᠵᠤ᠂ 28 ᠬᠤᠪᠢ ᠤᠳᠠᠭ᠎ᠠ ᠬᠠᠤᠯᠢ ᠴᠠᠭᠠᠵᠠ᠎ᠶ᠋ᠢᠨ ᠲᠥᠰᠦᠯ᠎ᠢ ᠨᠡᠢᠭᠡᠮ᠎ᠳᠤ ᠨᠡᠢᠲᠡᠯᠡᠵᠦ᠍ ᠰᠠᠨᠠᠯ ᠬᠤᠷᠢᠶᠠᠭᠠᠳ᠂ ᠡᠯ᠎ᠡ ᠲᠠᠯ᠎ᠠ᠎ᠶ᠋ᠢᠨ᠎ᠬᠢᠨ᠎ᠤ ᠰᠠᠨᠠᠯ ᠰᠠᠨᠠᠭᠤᠯᠭ᠎ᠠ᠎ᠶ᠋ᠢ 7 ᠲᠦᠮᠡ ᠭᠠᠷᠤᠶ ᠵᠤᠷᠪᠤᠰ ᠬᠦᠯᠢᠶᠡᠨ ᠠᠪᠤᠪᠠ; ᠬᠠᠤᠯᠢ ᠲᠣᠭ᠍ᠲᠠᠭᠠᠯᠳᠠ᠎ᠶ᠋ᠢᠨ ᠪᠠᠢᠴᠠᠭᠠᠨ ᠰᠤᠳᠤᠯᠤᠯᠲᠠ ᠬᠢᠬᠦ᠂ ᠶᠠᠷᠢᠯᠴᠠᠬᠤ᠂ ᠨᠤᠲᠠᠯᠠᠬᠤ᠂ ᠦᠨᠡᠯᠡᠨ ᠵᠢᠱ᠌ᠢᠬᠦ᠌ ᠵᠡᠷᠭᠡ ᠠᠵᠢᠯ᠎ᠢ ᠰᠠᠢᠲᠤᠷ ᠬᠢᠪᠡ; ᠦᠨᠳᠦᠰᠦᠨ ᠱᠠᠲᠤᠨ᠎ᠳᠠᠬᠢ ᠬᠠᠤᠯᠢ ᠲᠣᠭ᠍ᠲᠠᠭᠠᠬᠤ ᠬᠠᠷᠢᠯᠴᠠᠬᠤ ᠴᠡᠭ᠎ᠢ ᠢᠳᠡᠪᠬᠢᠲᠡᠢ ᠪᠠᠢᠭᠤᠯᠵᠤ᠂ ᠦᠨᠳᠦᠰᠦᠨ ᠱᠠᠲᠤᠨ᠎ᠳᠠᠬᠢ ᠬᠠᠤᠯᠢ ᠲᠣᠭ᠍ᠲᠠᠭᠠᠬᠤ ᠬᠠᠷᠢᠯᠴᠠᠬᠤ ᠴᠡᠭ᠎ᠤᠨ ᠠᠷᠠᠳ᠎ᠤᠨ ᠰᠠᠨᠠᠯ᠎ᠢ ᠰᠣᠨᠣᠰᠭᠤ 《ᠱᠢᠭᠤᠳ ᠨᠡᠪᠲᠡᠷᠡᠬᠦ᠌ ᠵᠠᠮ》᠎ᠤᠨ ᠦᠢᠯᠡᠳᠦᠯ᠎ᠢ ᠪᠠᠳᠠᠷᠠᠭᠤᠯᠵᠤ᠂ ᠡᠯ᠎ᠡ ᠲᠠᠯ᠎ᠠ᠎ᠶ᠋ᠢᠨ᠎ᠬᠢᠨ᠎ᠤ ᠳᠤᠷᠠᠳᠤᠭ᠍ᠰᠠᠨ ᠰᠠᠨᠠᠯ ᠰᠠᠨᠠᠭᠤᠯᠭ᠎ᠠ᠎ᠶ᠋ᠢ ᠬᠢᠨᠠᠮᠠᠭᠠᠶ ᠰᠤᠳᠤᠯᠤᠨ ᠭᠦᠯᠢᠶᠡᠨ ᠠᠪᠴᠤ᠌᠂ ᠬᠠᠤᠯᠢ ᠲᠣᠭ᠍ᠲᠠᠭᠠᠬᠤ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠠᠷ ᠨᠢᠭ᠍ᠲᠠᠷᠠᠭᠤᠯᠪᠠ᠃ ᠬᠠᠤᠯᠢ ᠲᠣᠭ᠍ᠲᠠᠭᠠᠬᠤ ᠪᠦᠬᠦ᠌ ᠶᠠᠪᠤᠴᠠ᠎ᠳᠠᠬᠢ ᠤᠬᠠᠭᠤᠯᠭ᠎ᠠ ᠲᠠᠢᠯᠪᠤᠷᠢᠯᠡᠯᠲᠠᠪᠠᠨ ᠴᠢᠩᠭᠠᠳᠭᠠᠵᠤ᠂ ᠦᠭᠦᠯᠡᠭ᠌ᠴᠢᠶ᠋ᠢᠨ ᠰᠣᠷᠪᠣᠯᠵᠢᠯᠠᠭ᠍ᠴᠢᠳ᠎ᠤᠨ ᠬᠤᠷᠠᠯ᠎ᠢ 5 ᠤᠳᠠᠭ᠎ᠠ ᠡᠷᠬᠢᠯᠡᠵᠦ᠍᠂ ᠬᠢᠨᠠᠨ ᠵᠦᠪᠯᠡᠭᠦᠯᠬᠦ ᠪᠠᠷ ᠲᠥᠯᠥᠪᠯᠡᠵᠦ᠍ ᠪᠠᠢᠭ᠎ᠠ ᠬᠠᠦᠯᠢ ᠴᠠᠭᠠᠵᠠ᠎ᠶ᠋ᠢᠨ ᠲᠤᠬᠠᠢ ᠰᠠᠨᠠᠯ ᠵᠦᠪᠯᠡᠯᠭᠡ᠎ᠶ᠋ᠢᠨ ᠪᠠᠢᠳᠠᠯ᠎ᠢ 39 ᠬᠤᠪᠢ ᠤᠳᠠᠭ᠎ᠠ᠂ ᠬᠠᠤᠯᠢ ᠴᠠᠭᠠᠵᠠ᠎ᠶ᠋ᠢᠨ ᠲᠥᠰᠦᠯ᠎ᠤᠨ ᠲᠤᠬᠠᠢ ᠢᠯᠡ᠎ᠪᠠᠷ ᠰᠠᠨᠠᠯ ᠬᠤᠷᠢᠶᠠᠭ᠍ᠰᠠᠨ ᠪᠠᠢᠳᠠᠯ᠎ᠢ 22 ᠬᠤᠪᠢ ᠤᠳᠠᠭ᠎ᠠ ᠵᠠᠷᠯᠠᠨ ᠨᠡᠢᠲᠡᠯᠡᠵᠦ᠍᠂ ᠬᠠᠤᠯᠢ ᠲᠣᠭ᠍ᠲᠠᠭᠠᠬᠤ᠎ᠳᠤ ᠬᠤᠯᠪᠣᠭ᠍ᠳᠠᠭ᠍ᠰᠠᠨ ᠬᠠᠯᠠᠭᠤᠨ ᠴᠡᠭ᠎ᠤᠨ ᠠᠰᠠᠭᠤᠳᠠᠯ᠎ᠳᠤ ᠬᠠᠷᠢᠭᠤᠯᠲᠠ ᠥᠭ᠌ᠴᠥ᠂ ᠱᠢᠨ᠎ᠡ ᠪᠠᠷ ᠲᠣᠭ᠍ᠲᠠᠭᠠᠭ᠍ᠰᠠᠨ ᠪᠤᠶᠤ ᠵᠠᠰᠠᠪᠤᠷᠢ ᠣᠷᠣᠭᠤᠯᠤᠭ᠍ᠰᠠᠨ ᠬᠠᠤᠯᠢ ᠴᠠᠭᠠᠵᠠ᠎ᠶ᠋ᠢ ᠲᠠᠢᠯᠪᠤᠷᠢᠯᠠᠵᠤ᠂ ᠬᠠᠤᠯᠢ ᠲᠣᠭ᠍ᠲᠠᠭᠠᠬᠤ ᠶᠠᠪᠤᠴᠠ᠎ᠶ᠋ᠢ ᠬᠠᠤᠯᠢ ᠴᠠᠭᠠᠵᠠ᠎ᠶ᠋ᠢ ᠤᠬᠠᠭᠤᠯᠤᠨ ᠲᠦᠭᠡᠮᠡᠯᠵᠢᠭᠦᠯᠬᠦ᠂ ᠨᠡᠢᠭᠡᠮ ᠳᠠᠶᠠᠭᠠᠷ᠎ᠤᠨ ᠬᠠᠤᠯᠢ᠎ᠪᠠᠷ ᠵᠠᠰᠠᠬᠤ ᠦᠵᠡᠯᠲᠡ᠎ᠶ᠋ᠢ ᠴᠢᠩᠭᠠᠷᠠᠭᠤᠯᠬᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠦᠢᠯᠡᠳᠦᠯᠭᠡᠵᠢᠭᠦᠯᠬᠦ᠌ ᠶᠠᠪᠤᠴᠠ ᠪᠣᠯᠭᠠᠪᠠ᠃
ᠭᠤᠷᠪᠠ᠂ ᠬᠢᠨᠠᠯᠲᠠ ᠲᠠᠯᠪᠢᠬᠤ ᠡᠷᠬᠡ ᠲᠤᠱᠢᠶᠠᠯ᠎ᠢᠶᠠᠨ ᠬᠠᠤᠯᠢ ᠶᠣᠰᠣᠭᠠᠷ ᠬᠡᠷᠡᠭ᠌ᠵᠢᠭᠦᠯᠵᠦ᠍᠂ ᠨᠠᠮ ᠪᠠ ᠤᠯᠤᠰ᠎ᠤᠨ ᠬᠢᠨᠠᠯᠲᠠ ᠲᠠᠯᠪᠢᠬᠤ ᠱᠢᠰᠲ᠋ᠧᠮ᠎ᠳᠠᠬᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠢᠨᠠᠯᠲᠠ᠎ᠶ᠋ᠢᠨ ᠴᠢᠬᠤᠯᠠ ᠦᠢᠯᠡᠳᠦᠯ᠎ᠢ ᠪᠠᠳᠠᠷᠠᠭᠤᠯᠪᠠ
ᠪᠠᠢᠩᠭᠤ᠎ᠶ᠋ᠢᠨ ᠬᠤᠷᠢᠶ᠎ᠠ ᠭᠤᠣᠯ ᠠᠵᠢᠯ ᠲᠠᠢ ᠤᠶᠠᠯᠳᠤᠭᠤᠯᠬᠤ᠂ ᠶᠡᠭᠡ ᠲᠠᠯ᠎ᠠ᠎ᠳᠤ ᠦᠢᠯᠡᠴᠢᠯᠡᠬᠦ᠂ ᠭᠤᠣᠯᠳᠠᠯᠭ᠎ᠠ᠎ᠶ᠋ᠢ ᠳᠣᠪᠤᠢᠯᠭᠠᠬᠤ᠎ᠶ᠋ᠢ ᠪᠠᠷᠢᠮᠲᠠᠯᠠᠨ᠂ ᠬᠠᠤᠯᠢ᠎ᠪᠠᠷ ᠲᠣᠭ᠍ᠲᠠᠭᠠᠭ᠍ᠰᠠᠨ ᠬᠢᠨᠠᠯᠲᠠ ᠲᠠᠯᠪᠢᠬᠤ ᠠᠷᠭ᠎ᠠ ᠮᠠᠶᠢᠭ᠎ᠢ ᠶᠡᠷᠦᠩᠬᠡᠢᠯᠡᠨ ᠬᠡᠷᠡᠭ᠌ᠯᠡᠵᠦ᠍᠂ ᠵᠥᠪ ᠬᠢᠨᠠᠯᠲᠠ ᠲᠠᠯᠪᠢᠬᠤ᠂ ᠪᠦᠲᠦᠮᠵᠢᠲᠡᠶ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ᠎ᠶ᠋ᠢ ᠬᠡᠷᠡᠭ᠌ᠵᠢᠭᠦᠯᠵᠦ᠍᠂ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠲᠦᠷᠦ᠍᠎ᠶ᠋ᠢᠨ ᠪᠠᠢᠭᠤᠯᠭ᠎ᠠ᠎ᠨᠤᠭᠤᠳ᠎ᠤᠨ ᠬᠠᠤᠯᠢ ᠶᠣᠰᠣᠭᠠᠷ ᠡᠷᠬᠡ᠎ᠪᠠᠨ ᠬᠡᠷᠡᠭ᠌ᠵᠢᠭᠦᠯᠬᠦ᠌᠎ᠶ᠋ᠢ ᠦᠨᠡᠨ ᠬᠦ᠌ ᠪᠠᠲᠤᠯᠠᠵᠤ᠂ ᠠᠷᠠᠳ ᠤᠯᠠᠨ᠎ᠤ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ ᠪᠠ ᠪᠡᠶᠡᠯᠡᠭᠦᠯᠬᠦ᠌᠎ᠶ᠋ᠢ ᠦᠨᠡᠨ ᠬᠦ᠌ ᠪᠠᠲᠤᠯᠠᠪᠠ᠃ ᠨᠢᠭᠡ ᠵᠢᠯ᠎ᠤᠨ ᠲᠤᠷᠰᠢ᠂ 《ᠨᠢᠭᠡ ᠵᠠᠰᠠᠭ᠎ᠤᠨ ᠤᠷᠳᠤᠨ ᠨᠢᠭᠡ ᠵᠦᠪᠯᠡᠯ ᠬᠤᠶᠠᠷ ᠬᠤᠷᠢᠶ᠎ᠠ》᠎ᠶ᠋ᠢᠨ 21 ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠵᠦ᠂ 5 ᠬᠤᠪᠢ ᠬᠠᠤᠯᠢ᠎ᠶ᠋ᠢ ᠬᠡᠷᠡᠭ᠌ᠵᠢᠭᠦᠯᠵᠤ ᠪᠠᠢᠭ᠎ᠠ ᠪᠠᠢᠳᠠᠯ᠎ᠢ ᠪᠠᠢᠴᠠᠭᠠᠵᠤ᠂ 2 ᠤᠳᠠᠭᠠᠨ᠎ᠤ ᠲᠤᠰᠭᠠᠶ ᠰᠡᠳᠦᠪᠲᠦ ᠯᠠᠪᠯᠠᠨ ᠠᠰᠠᠭᠤᠯᠭ᠎ᠠ᠂ 9 ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ 2 ᠱᠢᠢᠳᠪᠦᠷᠢ ᠭᠠᠷᠭᠠᠪᠠ᠃ 19.4 ᠲᠦᠮᠡᠨ ᠬᠤᠪᠢ ᠤᠳᠠᠭᠠᠨ᠎ᠤ ᠵᠠᠬᠢᠳᠠᠯ ᠰᠤᠷᠪᠤᠯᠵᠢᠯᠠᠭ᠎ᠠ᠎ᠶ᠋ᠢ ᠬᠠᠤᠯᠢ ᠲᠣᠭ᠍ᠲᠠᠭᠠᠯ ᠶᠣᠰᠣᠭᠠᠷ ᠱᠢᠢᠳᠪᠦᠷᠢᠯᠡᠵᠦ᠍᠂ ᠬᠤᠷᠢᠶᠠᠨ ᠳᠠᠷᠤᠭ᠎ᠠ ᠨᠠᠷ᠎ᠤᠨ ᠬᠣᠷᠠᠯ ᠠᠴᠠ ᠤᠯᠠᠨ ᠲᠦᠮᠡᠨ᠎ᠤ ᠵᠠᠬᠢᠳᠠᠯ ᠰᠤᠷᠪᠤᠯᠵᠢᠯᠠᠭ᠎ᠠ᠎ᠶ᠋ᠢᠨ ᠠᠵᠢᠯ᠎ᠤᠨ ᠪᠠᠢᠳᠠᠯ᠎ᠤᠨ ᠮᠡᠳᠡᠭᠦᠯᠦᠯᠲᠡ᠎ᠶ᠋ᠢ ᠲᠣᠭ᠍ᠲᠠᠮᠠᠯ ᠬᠤᠭᠤᠴᠠᠭ᠎ᠠ᠎ᠲᠠᠢ᠎ᠪᠠᠷ ᠰᠣᠨᠣᠰᠪᠠ᠃
ᠴᠢᠨᠠᠷ ᠰᠠᠢᠲᠠᠶ ᠬᠥᠭ᠌ᠵᠢᠯᠲᠡ᠎ᠳᠤ ᠬᠦᠴᠦᠨ ᠨᠡᠮᠡᠷᠢᠯᠡᠪᠡ᠃ ᠮᠥᠩᠭᠦᠨ ᠭᠦᠢᠯᠭᠡᠭᠡᠨ᠎ᠤ ᠠᠵᠢᠯ᠎ᠤᠨ ᠪᠠᠢᠳᠠᠯ᠎ᠤᠨ ᠲᠤᠬᠠᠶ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠵᠦ᠂ ᠮᠥᠩᠭᠦᠨ ᠭᠦᠢᠯᠭᠡᠭᠡᠨ᠎ᠤ ᠬᠢᠨᠠᠯᠲᠠ ᠬᠠᠮᠢᠶᠠᠷᠤᠯᠲᠠ᠎ᠶ᠋ᠢ ᠪᠦᠬᠦ᠌ ᠲᠠᠯ᠎ᠠ ᠪᠠᠷ ᠴᠢᠩᠭᠠᠳᠭᠠᠬᠤ᠂ ᠮᠥᠩᠭᠦᠨ ᠭᠦᠢᠯᠭᠡᠭᠡᠨ᠎ᠤ ᠪᠣᠳᠠᠲᠤ ᠴᠣᠭ᠍ᠴᠠ᠎ᠶ᠋ᠢᠨ ᠠᠵᠤ ᠠᠬᠤᠶ᠎ᠳᠤ ᠦᠢᠯᠡᠴᠢᠯᠡᠬᠦ᠌ ᠴᠢᠳᠠᠪᠤᠷᠢ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠵᠡᠷᠭᠡ᠎ᠶ᠋ᠢᠨ ᠲᠤᠬᠠᠢ ᠰᠠᠨᠠᠭᠤᠯᠭ᠎ᠠ ᠳᠤᠷᠠᠳᠪᠠ᠃ ᠠᠵᠤ ᠠᠬᠤᠢᠯᠠᠯ᠎ᠤᠨ ᠤᠯᠤᠰ᠎ᠤᠨ ᠥᠮᠴᠢᠯᠡᠯ᠎ᠤᠨ ᠪᠡᠯᠡ ᠬᠥᠷᠥᠩᠭᠡ᠎ᠶ᠋ᠢᠨ ᠬᠠᠤᠯᠢ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠵᠤ᠂ ᠤᠯᠤᠰ᠎ᠤᠨ ᠦᠮᠴᠢᠯᠡᠯ᠎ᠤᠨ ᠪᠡᠯᠡ ᠬᠦᠷᠦᠩᠭᠡ ᠤᠯᠤᠰ᠎ᠤᠨ ᠦᠮᠴᠢᠯᠡᠯ᠎ᠤᠨ ᠠᠵᠣ ᠠᠬᠣᠢᠯᠠᠯ ᠤ᠋ᠨ ᠦᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠪᠠ ᠤᠯᠤᠰ᠎ᠤᠨ ᠦᠮᠴᠢᠯᠡᠯ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠦᠭ᠌ᠵᠢᠯᠲᠡ᠎ᠶ᠋ᠢ ᠬᠠᠦᠯᠢ ᠶᠤᠰᠤᠭᠠᠷ ᠠᠬᠢᠭᠤᠯᠪᠠ᠃ ᠠᠷᠠᠳ᠎ᠠᠴᠠ ᠡᠵᠡᠩᠨᠡᠭ᠌ᠰᠡᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠤᠭ᠍ᠰᠠᠨ ᠪᠠᠢᠳᠠᠯ᠎ᠤᠨ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠵᠦ᠂ ᠡᠯ᠎ᠡ ᠵᠦᠢᠯ᠎ᠤᠨ ᠥᠮᠴᠢᠯᠡᠯ᠎ᠤᠨ ᠠᠵᠤ ᠠᠬᠤᠶ᠎ᠶ᠋ᠢᠨ ᠳᠠᠪᠠᠭᠤᠯᠢᠭ᠎ᠢᠶᠠᠨ ᠬᠠᠷᠢᠯᠴᠠᠨ ᠨᠥᠬᠦᠪᠥᠷᠢᠯᠡᠬᠦ᠌ ᠪᠠ ᠬᠠᠮᠲᠤ᠎ᠪᠠᠷ ᠬᠥᠭ᠌ᠵᠢᠬᠦ᠌᠎ᠶ᠋ᠢ ᠠᠬᠢᠭᠤᠯᠪᠠ᠃ ᠨᠠᠮ᠎ᠤᠨ ᠲᠥᠪ ᠬᠣᠷᠢᠶ᠎ᠠ ᠵᠢᠨ ᠪᠠᠢᠷᠢᠯᠠᠭᠤᠯᠤᠭ᠍ᠰᠠᠨ ᠬᠠᠮ ᠨᠡᠮᠡᠭ᠌ᠳᠡᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠦ᠍᠂ ᠪᠠᠢᠡᠭ᠌ᠭᠤ᠎ᠶ᠋ᠢᠨ ᠬᠤᠷᠢᠶ᠎ᠠ᠎ᠠᠴᠠ ᠱᠢᠢᠳᠪᠦᠷᠢ ᠭᠠᠷᠭᠠᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠦᠷᠢ ᠥᠭ᠌ᠴᠡᠭᠡ᠎ᠶ᠋ᠢᠨ ᠬᠢᠵᠠᠭᠠᠷ ᠲᠤᠭ᠎ᠠ᠎ᠶ᠋ᠢ ᠨᠡᠮᠡᠭ᠌ᠳᠡᠭᠦᠯᠦᠨ ᠬᠠᠳᠠᠭᠠᠯᠠᠯᠳᠠ ᠳᠠᠯᠳᠠ ᠦᠷᠢ ᠥᠭ᠌ᠴᠡᠭᠡ᠎ᠶ᠋ᠢ ᠰᠣᠯᠢᠬᠤ ᠲᠤᠬᠠᠶ ᠬᠢᠨᠠᠨ ᠵᠦᠪᠯᠡᠭᠦᠯᠬᠦ ᠪᠠᠷ ᠳᠡᠪᠱᠢᠭᠦᠯᠦᠭ᠌ᠰᠡᠨ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠰᠠᠨᠠᠯ ᠵᠥᠪᠯᠡᠯᠭᠡ᠎ᠶ᠋ᠢ ᠵᠥᠪᠱᠢᠶᠡᠷᠡᠨ᠂ ᠠᠵᠤ ᠠᠬᠤᠶ᠎ᠶ᠋ᠢᠨ ᠡᠷᠬᠢᠵᠦ᠍ ᠰᠠᠢᠵᠢᠷᠠᠬᠤ ᠪᠠ ᠠᠶᠤᠯ ᠲᠦᠭ᠌ᠰᠢᠭᠦᠷᠢ᠎ᠶ᠋ᠢ ᠠᠷᠢᠯᠭᠠᠬᠤ᠎ᠳᠤ ᠬᠦᠴᠦᠨ ᠨᠡᠮᠡᠷᠢᠯᠡᠪᠡ᠃ ᠳᠤᠮᠳᠠᠳᠤ ᠤᠯᠤᠰ᠎ᠤᠨ ᠣᠨᠴᠠᠯᠢᠭ ᠪᠦᠬᠦᠢ᠂ ᠳᠡᠯᠡᠬᠡᠶ᠎ᠶ᠋ᠢᠨ ᠲᠡᠷᠢᠭᠦᠨ ᠵᠡᠷᠭᠡ᠎ᠶ᠋ᠢᠨ ᠶᠡᠭᠡ ᠰᠤᠷᠭᠠᠭᠤᠯᠢ ᠪᠠ ᠳᠠᠪᠠᠭᠤᠯᠢᠭ ᠱᠢᠨᠵᠢᠯᠡᠭᠡᠨ᠎ᠤ ᠰᠠᠯᠠᠭ᠎ᠠ᠎ᠶ᠋ᠢ ᠪᠥᠳᠥᠭᠡᠨ ᠪᠠᠢᠭᠤᠯᠬᠤ ᠠᠵᠢᠯ᠎ᠤᠨ ᠪᠠᠢᠳᠠᠯ᠎ᠤᠨ ᠳᠤᠬᠠᠢ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠭᠰᠡᠨ ᠤ ᠬᠠᠮᠳᠤ ᠳᠤᠰᠭᠠᠢ ᠰᠡᠳᠦᠪᠳᠦ ᠯᠠᠪᠯᠠᠨ ᠠᠰᠠᠭᠤᠯᠭ᠎ᠠ ᠥᠷᠨᠢᠭᠦᠯᠵᠦ᠍᠂ ᠱᠢᠨᠵᠢᠯᠡᠭᠡᠨ᠎ᠤ ᠰᠠᠯᠠᠭᠠᠨ᠎ᠤ ᠪᠠᠢᠷᠢᠯᠠᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠶ᠋ᠢ ᠠᠬᠢᠭᠤᠯᠵᠤ᠂ ᠣᠷᠦ᠋ᠢᠯᠠᠭ᠍ᠰᠠᠨ ᠱᠢᠨ᠎ᠡ᠎ᠶ᠋ᠢ ᠡᠭᠦᠳᠬᠦ᠌ ᠴᠢᠳᠠᠪᠤᠷᠢᠲᠠᠨ᠎ᠢ ᠪᠡᠶ᠎ᠡ᠎ᠪᠠᠨ ᠳᠠᠭᠠᠭᠠᠵᠤ ᠬᠥᠮᠦᠵᠢᠭᠦᠯᠬᠦ᠌ ᠴᠢᠳᠠᠪᠤᠷᠢ ᠪᠠ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠪᠡ᠃ ᠱᠢᠨ᠎ᠡ ᠴᠠᠭ ᠦᠶ᠎ᠡ᠎ᠶ᠋ᠢᠨ ᠬᠢᠯᠢ ᠬᠢᠵᠠᠭᠠᠷ᠎ᠢ ᠲᠣᠭ᠍ᠲᠠᠪᠤᠷᠢᠵᠢᠭᠤᠯᠬᠤ ᠬᠢᠯᠢ ᠬᠢᠵᠠᠭᠠᠷ᠎ᠢ ᠪᠠᠬᠢᠵᠢᠭᠦᠯᠬᠦ᠌ ᠬᠢᠯᠢ ᠬᠢᠵᠠᠭᠠᠷ᠎ᠢ ᠬᠥᠭ᠌ᠵᠢᠭᠦᠯᠬᠦ᠌ ᠠᠵᠢᠯ᠎ᠢ ᠴᠢᠩᠭᠠᠳᠭᠠᠬᠤ᠂ ᠬᠠᠷᠢᠶᠠᠲᠤ ᠨᠠᠷ᠎ᠤᠨ ᠶᠠᠪᠤᠳᠠᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠪᠠᠳᠠᠷᠠᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠨ ᠨᠡᠮᠡᠷᠢᠯᠡᠬᠦ᠌ ᠵᠡᠷᠭᠡ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠪᠡ᠃
ᠲᠥᠯᠥᠪᠯᠡᠭᠡ᠎ᠶ᠋ᠢ ᠭᠦᠢᠴᠡᠳᠭᠡᠭᠦ᠌ ᠪᠠ ᠲᠦᠰᠦᠪ ᠪᠤᠯᠤᠨ ᠲᠦᠰᠦᠪ᠎ᠤᠨ ᠬᠦᠢᠴᠡᠳᠭᠡᠯ᠎ᠢ ᠬᠢᠨᠠᠨ ᠪᠠᠢᠴᠠᠭᠠᠵᠦ᠍ ᠲᠡᠭᠦᠨ᠎ᠳᠤ ᠬᠢᠨᠠᠯᠳᠡ ᠲᠠᠯᠪᠢᠬᠤ᠎ᠶ᠋ᠢ ᠴᠢᠩᠭᠠᠳᠭᠠᠪᠠ᠃ ᠲᠥᠯᠥᠪᠯᠡᠭᠡ᠎ᠶ᠋ᠢ ᠭᠦᠢᠴᠡᠳᠭᠡᠭ᠌ᠰᠡᠨ ᠪᠠᠢᠳᠠᠯ᠂ ᠲᠥᠰᠦᠪ᠎ᠢ ᠭᠦᠢᠴᠡᠳᠭᠡᠭ᠌ᠰᠡᠨ ᠪᠠᠢᠳᠠᠯ᠂ ᠲᠦᠪ᠎ᠤᠨ ᠲᠦᠰᠦᠪ᠎ᠤᠨ ᠬᠦᠢᠴᠡᠳᠭᠡᠯ᠂ ᠡᠳ᠋᠎ᠤᠨ ᠵᠠᠰᠠᠭ᠎ᠤᠨ ᠭᠠᠮᠱᠢᠭ᠎ᠢ ᠰᠡᠷᠭᠡᠢᠯᠡᠬᠦ᠌ ᠭᠠᠮᠱᠢᠭ᠎ᠢ ᠪᠠᠭᠠᠰᠭᠠᠬᠤ ᠵᠢᠴᠢ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠎ᠶ᠋ᠢᠨ ᠪᠡᠯᠡ ᠮᠥᠩᠭᠦ᠎ᠶ᠋ᠢᠨ ᠬᠤᠪᠢᠶᠠᠷᠢᠯᠠᠯᠲᠠ ᠪᠠ ᠬᠡᠷᠡᠭ᠌ᠯᠡᠯᠲᠡ᠎ᠶ᠋ᠢᠨ ᠪᠠᠢᠳᠠᠯ ᠵᠡᠷᠭᠡ᠎ᠶ᠋ᠢᠨ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠵᠦ᠂ 2023 ᠣᠨ᠎ᠤ ᠲᠥᠪ᠎ᠤᠨ ᠲᠥᠰᠦᠪ᠎ᠤᠨ ᠭᠦᠢᠴᠡᠳᠭᠡᠯ᠎ᠢ ᠬᠢᠨᠠᠨ ᠪᠠᠢᠴᠠᠭᠠᠵᠤ ᠵᠥᠪᠱᠢᠶᠡᠷᠡᠨ᠂ ᠲᠥᠰᠦᠪ᠎ᠢ ᠭᠦᠢᠴᠡᠳᠭᠡᠭᠦ᠌ ᠪᠠ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ᠂ ᠡᠳ᠋᠎ᠤᠨ ᠵᠠᠰᠠᠭ᠎ᠤᠨ ᠢᠳᠡᠪᠬᠢᠳᠡᠢ ᠲᠦᠷᠦ᠍᠎ᠶ᠋ᠢᠨ ᠪᠤᠳᠤᠯᠭ᠎ᠠ᠎ᠶ᠋ᠢ ᠰᠠᠢᠲᠤᠷ ᠬᠡᠷᠡᠭ᠌ᠵᠢᠭᠦᠯᠬᠦ᠂ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠬᠦ᠌ ᠡᠷᠴᠢᠮ᠎ᠢ ᠴᠢᠩᠭᠠᠷᠠᠭᠤᠯᠬᠤ᠂ ᠠᠵᠤ ᠠᠬᠤᠶ᠎ᠶ᠋ᠢᠨ ᠰᠡᠷᠭᠦᠨ ᠰᠠᠢᠵᠢᠷᠠᠬᠤ ᠬᠠᠨᠳᠤᠰᠢ᠎ᠶ᠋ᠢ ᠪᠠᠬᠢᠵᠢᠭᠦᠯᠦᠨ ᠴᠢᠩᠭᠠᠳᠭᠠᠬᠤ ᠵᠡᠷᠭᠡ ᠰᠠᠨᠠᠭᠤᠯᠭ᠎ᠠ ᠳᠤᠷᠠᠳᠪᠠ᠃ 2023 ᠣᠨ᠎ᠤ ᠲᠥᠪ᠎ᠤᠨ ᠲᠥᠰᠦᠪ᠎ᠢ ᠭᠦᠢᠴᠡᠳᠭᠡᠭ᠌ᠰᠡᠨ ᠪᠠᠢᠳᠠᠯ ᠪᠠ ᠪᠤᠰᠤᠳ ᠡᠳ᠋᠎ᠤᠨ ᠵᠠᠰᠠᠭ᠎ᠤᠨ ᠣᠷᠣᠯᠭ᠎ᠠ ᠵᠠᠷᠤᠯᠭ᠎ᠠ᠎ᠳᠤ ᠬᠢᠨᠠᠨ ᠪᠤᠳᠤᠯᠲᠠ ᠬᠢᠭ᠌ᠰᠡᠨ ᠠᠵᠢᠯ᠎ᠤᠨ ᠮᠡᠳᠡᠭᠦᠯᠦᠯᠲᠡ ᠵᠢᠴᠢ ᠬᠢᠨᠠᠨ ᠪᠣᠳᠣᠯᠲᠠ᠎ᠪᠠᠷ ᠪᠠᠢᠴᠠᠭᠠᠵᠤ ᠭᠠᠷᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠤᠭ᠍ᠰᠠᠨ ᠪᠠᠢᠳᠠᠯ᠎ᠤᠨ ᠳᠤᠬᠠᠢ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠵᠦ᠂ ᠬᠢᠨᠠᠨ ᠪᠤᠳᠤᠯᠳᠠ᠎ᠪᠠᠷ ᠴᠡᠭ᠌ᠴᠡᠯᠡᠨ ᠰᠠᠢᠵᠢᠷᠠᠭᠤᠯᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠦᠷᠢᠨᠱᠢᠭᠦᠯᠬᠦ᠌᠎ᠶ᠋ᠢ ᠠᠬᠢᠭᠤᠯᠵᠤ᠂ ᠡᠳ᠋᠎ᠤᠨ ᠵᠠᠰᠠᠭ ᠠᠵᠤ ᠠᠬᠤᠶ᠎ᠶ᠋ᠢᠨ ᠰᠠᠬᠢᠯᠭ᠎ᠠ ᠪᠠᠲᠤ᠎ᠶ᠋ᠢ ᠴᠢᠩᠳᠠᠯᠠᠪᠠ᠃ ᠲᠥᠰᠦᠪ᠎ᠤᠨ ᠬᠠᠤᠯᠢ᠎ᠶ᠋ᠢᠨ ᠬᠡᠷᠡᠭ᠌ᠵᠢᠭᠦᠯᠦᠯᠳᠡ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠮᠢᠶᠠᠷᠤᠯᠲᠠ ᠬᠢᠭᠡᠳ ᠥᠭᠡᠷᠡᠴᠢᠯᠡᠯᠲᠡ ᠵᠡᠷᠭᠡ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠪᠡ᠃ ᠡᠳ᠋᠎ᠤᠨ ᠵᠠᠰᠠᠭ᠎ᠤᠨ ᠲᠥᠰᠦᠪ᠎ᠤᠨ ᠵᠦᠢᠯᠡᠰ᠎ᠢ ᠳᠠᠩᠰᠠᠯᠠᠵᠤ ᠬᠢᠨᠠᠨ ᠪᠠᠢᠴᠠᠭᠠᠬᠤ ᠠᠵᠢᠯ᠎ᠤᠨ ᠠᠷᠭ᠎ᠠ᠎ᠶ᠋ᠢ ᠳᠤᠭ᠍ᠳᠠᠭᠠᠪᠠ᠃ ᠲᠥᠰᠦᠪ᠎ᠤᠨ ᠠᠵᠢᠯ᠎ᠤᠨ ᠵᠥᠪᠯᠡᠯ᠎ᠤᠨ ᠦᠨᠳᠦᠰᠦᠨ ᠱᠠᠲᠤᠨ᠎ᠤ ᠬᠠᠷᠢᠯᠴᠠᠬᠤ ᠴᠡᠭ᠎ᠤᠨ ᠦᠢᠯᠡᠳᠦᠯ᠎ᠢ ᠪᠠᠳᠠᠷᠠᠭᠤᠯᠪᠠ᠃ ᠲᠥᠰᠦᠪ᠎ᠤᠨ ᠰᠦᠯᠵᠢᠶᠡᠵᠢᠭᠦᠯᠦᠭ᠌ᠰᠡᠨ ᠬᠢᠨᠠᠯᠲᠠ᠎ᠶ᠋ᠢᠨ ᠱᠢᠰᠲ᠋ᠧᠮ᠎ᠢ ᠪᠦᠷᠢᠨᠱᠢᠭᠦᠯᠦᠨ ᠲᠡᠭᠦᠯᠳᠡᠷᠵᠢᠭᠦᠯᠪᠡ᠃
ᠤᠯᠤᠰ᠎ᠤᠨ ᠥᠮᠴᠢᠯᠡᠯ᠎ᠤᠨ ᠪᠡᠯᠡ ᠬᠦᠷᠦᠩᠭᠡ᠎ᠶ᠋ᠢᠨ ᠬᠠᠮᠢᠶᠠᠷᠤᠯᠲᠠ᠂ ᠵᠠᠰᠠᠭ᠎ᠤᠨ ᠣᠷᠳᠣᠨ᠎ᠤ ᠦᠷᠢ ᠥᠭ᠌ᠴᠡᠭᠡ᠎ᠶ᠋ᠢᠨ ᠬᠠᠮᠢᠶᠠᠷᠤᠯᠲᠠ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠪᠠ᠃ 2023 ᠣᠨ᠎ᠤ ᠤᠯᠤᠰ᠎ᠤᠨ ᠥᠮᠴᠢᠯᠡᠯ᠎ᠤᠨ ᠪᠡᠯᠡ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢᠯᠡᠭ᠌ᠰᠡᠨ ᠮᠡᠳᠡᠭᠦᠯᠦᠯᠲᠡ᠎ᠶ᠋ᠢ ᠬᠢᠨᠠᠨ ᠵᠦᠪᠯᠡᠵᠦ᠂ 2023 ᠣᠨ᠎ᠤ ᠵᠠᠰᠠᠭ ᠵᠠᠬᠢᠷᠭᠠᠨ᠎ᠤ ᠠᠵᠢᠯ ᠦᠢᠯᠡᠰ᠎ᠤᠨ ᠴᠢᠨᠠᠷᠲᠠᠶ ᠤᠯᠤᠰ᠎ᠤᠨ ᠥᠮᠴᠢᠯᠡᠯ᠎ᠤᠨ ᠪᠡᠯᠡ ᠬᠦᠷᠦᠩᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠲᠤᠰᠭᠠᠶ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠵᠦ᠂ ᠤᠯᠤᠰ᠎ᠤᠨ ᠥᠮᠴᠢᠯᠡᠯ᠎ᠤᠨ ᠪᠡᠯᠡ ᠬᠦᠷᠦᠩᠭᠡ᠎ᠶ᠋ᠢᠨ ᠬᠠᠮᠢᠶᠠᠷᠤᠯᠲᠠ᠎ᠶ᠋ᠢᠨ ᠲᠦᠷᠢᠮ᠎ᠢ ᠪᠦᠷᠢᠨᠱᠢᠭᠦᠯᠦᠨ ᠲᠡᠭᠦᠯᠳᠡᠷᠵᠢᠭᠦᠯᠬᠦ᠂ ᠵᠠᠰᠠᠭ ᠵᠠᠬᠢᠷᠭᠠᠨ᠎ᠤ ᠠᠵᠢᠯ ᠦᠢᠯᠡᠰ᠎ᠤᠨ ᠴᠢᠨᠠᠷᠲᠠᠶ ᠤᠯᠤᠰ᠎ᠤᠨ ᠥᠮᠴᠢᠯᠡᠯ᠎ᠤᠨ ᠪᠡᠯᠡ ᠬᠦᠷᠦᠩᠭᠡ᠎ᠶ᠋ᠢ ᠬᠡᠷᠡᠭ᠌ᠯᠡᠬᠦ᠌ ᠦᠷ᠎ᠡ ᠠᠱᠢᠭ ᠪᠠ ᠤᠯᠠᠨ ᠨᠡᠢᠲᠡ᠎ᠶ᠋ᠢᠨ ᠦᠢᠯᠡᠴᠢᠯᠡᠭᠡᠨ᠎ᠤ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠵᠡᠷᠭᠡ ᠰᠠᠨᠠᠭᠤᠯᠭ᠎ᠠ᠎ᠶ᠋ᠢ ᠳᠤᠷᠠᠳᠪᠠ᠃ ᠮᠥᠩᠭᠦᠨ ᠭᠦᠢᠯᠭᠡᠭᠡᠨ᠎ᠤ ᠠᠵᠤ ᠠᠬᠤᠢᠯᠠᠯ᠎ᠤᠨ ᠤᠯᠤᠰ᠎ᠤᠨ ᠥᠮᠴᠢᠯᠡᠯ᠎ᠤᠨ ᠪᠡᠯᠡ ᠬᠥᠷᠥᠩᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ ᠲᠤᠰᠭᠠᠶ ᠮᠡᠳᠡᠭᠦᠯᠦᠯᠲᠡ᠎ᠶ᠋ᠢ ᠬᠢᠨᠠᠨ ᠵᠦᠪᠯᠡᠭᠰᠡᠨ ᠰᠠᠨᠠᠯ᠎ᠢ ᠰᠤᠳᠤᠯᠵᠤ ᠱᠢᠢᠳᠪᠦᠷᠢᠯᠡᠭ᠌ᠰᠡᠨ ᠪᠠᠢᠳᠠᠯ ᠪᠠ ᠴᠡᠭ᠌ᠴᠡᠯᠡᠨ ᠰᠠᠢᠵᠢᠷᠠᠭᠤᠯᠵᠤ ᠬᠠᠷᠢᠭᠤᠴᠠᠯᠭ᠎ᠠ ᠨᠡᠬᠡᠮᠵᠢᠯᠡᠭ᠌ᠰᠡᠨ ᠪᠠᠢᠳᠠᠯ᠎ᠤᠨ ᠳᠤᠬᠠᠢ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠵᠦ᠂ ᠬᠤᠯᠪᠣᠭ᠍ᠳᠠᠯ ᠪᠦᠬᠦᠢ ᠲᠠᠯ᠎ᠠ᠎ᠶ᠋ᠢᠨ᠎ᠬᠢᠨ᠎ᠤ ᠴᠡᠭ᠌ᠴᠡᠯᠡᠨ ᠰᠠᠢᠵᠢᠷᠠᠭᠤᠯᠬᠤ ᠬᠠᠷᠢᠭᠤᠴᠠᠯᠭ᠎ᠠ᠎ᠪᠠᠨ ᠴᠢᠩᠭ᠎ᠠ ᠨᠠᠢᠳᠠᠪᠤᠷᠢᠵᠢᠭᠤᠯᠬᠤ᠎ᠶ᠋ᠢ ᠦᠷᠭᠦᠯᠵᠢᠯᠡᠨ ᠠᠬᠢᠭᠤᠯᠪᠠ᠃ ᠵᠠᠰᠠᠭ᠎ᠤᠨ ᠣᠷᠳᠣᠨ᠎ᠤ ᠦᠷᠢ ᠥᠭ᠌ᠴᠡᠭᠡ᠎ᠶ᠋ᠢᠨ ᠬᠠᠮᠢᠶᠠᠷᠤᠯᠲᠠ᠎ᠶ᠋ᠢᠨ ᠪᠠᠢᠳᠠᠯ᠎ᠤᠨ ᠮᠡᠳᠡᠭᠦᠯᠦᠯᠳᠡ᠎ᠶ᠋ᠢᠨ ᠳᠦᠷᠢᠮ᠎ᠢ ᠪᠠᠢᠭᠤᠯᠤᠨ ᠪᠦᠷᠢᠨᠱᠢᠭᠦᠯᠵᠦ᠍᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠬᠠᠮᠢᠶ᠎ᠠ ᠪᠦᠬᠦᠢ ᠮᠡᠳᠡᠭᠦᠯᠦᠯᠲᠡ᠎ᠶ᠋ᠢ ᠠᠩᠬ᠎ᠠ ᠤᠳᠠᠭ᠎ᠠ ᠰᠣᠨᠣᠰᠴᠤ᠌ ᠬᠢᠨᠠᠨ ᠵᠦᠪᠯᠡᠵᠦ᠂ ᠵᠠᠰᠠᠭ᠎ᠤᠨ ᠣᠷᠳᠣᠨ᠎ᠤ ᠦᠷᠢ ᠥᠭ᠌ᠴᠡᠭᠡ᠎ᠶ᠋ᠢᠨ ᠠᠶᠤᠯ ᠲᠦᠭ᠌ᠰᠢᠭᠦᠷᠢ᠎ᠶ᠋ᠢ ᠠᠷᠢᠯᠭᠠᠬᠤ ᠪᠠ ᠲᠣᠭ᠍ᠲᠠᠭᠤᠨ᠎ᠢᠶᠠᠷ ᠬᠥᠭ᠌ᠵᠢᠬᠦᠯᠬᠦ᠌᠎ᠶ᠋ᠢ ᠨᠢᠭᠡᠳᠦᠯᠲᠡᠶ ᠲᠥᠯᠥᠪᠯᠡᠬᠦ᠂ ᠴᠢᠨᠠᠷ ᠰᠠᠢᠲᠠᠶ ᠬᠥᠭ᠌ᠵᠢᠯᠲᠡ᠎ᠯᠦᠭᠡ ᠵᠤᠬᠢᠴᠠᠯᠳᠤᠭ᠍ᠰᠠᠨ ᠵᠠᠰᠠᠭ᠎ᠤᠨ ᠣᠷᠳᠣᠨ᠎ᠤ ᠦᠷᠢ ᠥᠭ᠌ᠴᠡᠭᠡ᠎ᠶ᠋ᠢᠨ ᠬᠠᠮᠢᠶᠠᠷᠤᠯᠲᠠ᠎ᠶ᠋ᠢᠨ ᠲᠣᠭ᠍ᠲᠠᠴᠠ᠎ᠶ᠋ᠢ ᠪᠠᠢᠭᠤᠯᠬᠤ ᠵᠡᠷᠭᠡ ᠰᠠᠨᠠᠭᠤᠯᠭ᠎ᠠ ᠳᠤᠷᠠᠳᠪᠠ᠃
ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ᠎ᠶ᠋ᠢ ᠠᠬᠢᠭᠤᠯᠪᠠ᠃ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠱᠢᠰᠲ᠋ᠧᠮ᠎ᠤᠨ ᠪᠠᠢᠭᠤᠯᠤᠯᠲᠠ᠎ᠶ᠋ᠢ ᠠᠬᠢᠭᠤᠯᠵᠤ᠂ ᠠᠮᠢᠳᠤᠷᠠᠯ᠎ᠤᠨ ᠴᠢᠳᠠᠪᠤᠷᠢ᠎ᠪᠠᠨ ᠠᠯᠳᠠᠬ᠍ᠰᠠᠨ ᠨᠠᠰᠤᠳᠠᠢᠴᠤᠳ᠎ᠢ ᠬᠠᠷᠠᠭᠠᠯᠵᠠᠨ ᠠᠰᠠᠷᠠᠬᠤ᠎ᠶ᠋ᠢ ᠴᠢᠩᠭᠠᠳᠭᠠᠨ ᠰᠠᠢᠵᠢᠷᠠᠭᠤᠯᠬᠤ ᠠᠵᠢᠯ᠎ᠤᠨ ᠪᠠᠢᠳᠠᠯ᠎ᠤᠨ ᠳᠤᠬᠠᠢ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠮᠡᠳᠡᠭᠦᠯᠦᠯᠲᠡ᠂ ᠬᠡᠦᠬᠡᠳ ᠰᠠᠭᠠᠲᠠᠭᠤᠯᠬᠤ ᠦᠢᠯᠡᠴᠢᠯᠡᠭᠡ᠎ᠶ᠋ᠢ ᠠᠬᠢᠭᠤᠯᠬᠤ ᠠᠵᠢᠯ᠎ᠤᠨ ᠪᠠᠢᠳᠠᠯ᠎ᠤᠨ ᠳᠤᠬᠠᠢ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠮᠡᠳᠡᠭᠦᠯᠦᠯᠲᠡ᠎ᠶ᠋ᠢ ᠰᠤᠨᠤᠰᠴᠤ᠌ ᠬᠢᠨᠠᠨ ᠵᠦᠪᠯᠡᠵᠦ᠂ ᠤᠯᠠᠨ ᠲᠦᠮᠡᠨ᠎ᠤ ᠨᠡᠢᠳᠡᠮ ᠠᠩᠬᠠᠷᠴᠤ᠌ ᠪᠠᠢᠭ᠎ᠠ 《ᠨᠠᠰᠤᠳᠠᠢᠴᠤᠳ ᠪᠠ ᠬᠡᠦᠬᠡᠳ》᠎ᠤᠨ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠪᠠ᠃ ᠨᠡᠢᠭᠡᠮ᠎ᠤᠨ ᠳᠠᠭᠠᠳᠭᠠᠯ᠎ᠤᠨ ᠬᠠᠤᠯᠢ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠵᠤ᠂ ᠨᠡᠢᠭᠡᠮ᠎ᠤᠨ ᠳᠠᠭᠠᠳᠭᠠᠯ᠎ᠤᠨ ᠬᠠᠮᠢᠶᠠᠷᠤᠯᠲᠠ ᠪᠠ ᠭᠠᠷᠳᠠᠨ ᠭᠦᠢᠴᠡᠳᠭᠡᠭᠦ᠌ ᠦᠢᠯᠡᠴᠢᠯᠡᠭᠡ᠎ᠶ᠋ᠢ ᠱᠢᠯᠢᠳᠡᠭ᠌ᠵᠢᠭᠦᠯᠬᠦ᠂ ᠨᠡᠢᠭᠡᠮ᠎ᠤᠨ ᠳᠠᠭᠠᠳᠭᠠᠯ᠎ᠤᠨ ᠬᠠᠮᠤᠷᠬᠤ ᠬᠡᠪᠴᠢᠶ᠎ᠡ ᠪᠠ ᠪᠠᠲᠤᠯᠠᠭ᠎ᠠ᠎ᠶ᠋ᠢᠨ ᠬᠢᠷᠢ ᠬᠡᠮᠵᠢᠶ᠎ᠡ᠎ᠶ᠋ᠢ ᠯᠠᠪᠳᠠᠭᠤᠨ᠎ᠢᠶᠠᠷ ᠳᠡᠭᠡᠭ᠌ᠰᠢᠯᠡᠭᠦᠯᠬᠦ᠌ ᠵᠡᠷᠭᠡ ᠰᠠᠨᠠᠭᠤᠯᠭ᠎ᠠ ᠳᠤᠷᠠᠳᠪᠠ᠃ ᠪᠣᠳᠠᠰ᠎ᠤᠨ ᠪᠤᠰᠤ ᠰᠣᠶᠣᠯ᠎ᠤᠨ ᠥᠪ᠎ᠤᠨ ᠬᠠᠤᠯᠢ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠦᠲᠦᠮᠵᠢᠲᠡᠶ ᠬᠠᠮᠠᠭᠠᠯᠠᠬᠤ᠂ ᠵᠦᠶ ᠵᠣᠬᠢᠰᠲᠠᠶ ᠠᠱᠢᠭ᠍ᠯᠠᠬᠤ᠂ ᠤᠯᠠᠮᠵᠢᠯᠠᠨ ᠵᠠᠯᠭᠠᠮᠵᠢᠯᠠᠵᠦ᠍ ᠬᠥᠭ᠌ᠵᠢᠭᠦᠯᠭᠦᠶ᠋ᠢ ᠠᠬᠢᠭᠤᠯᠪᠠ᠃ ᠬᠤᠳᠠ᠎ᠶ᠋ᠢᠨ ᠠᠮᠤᠷ ᠲᠦᠪᠱᠢᠨ᠎ᠤ ᠬᠥᠭ᠌ᠵᠢᠯᠲᠡ᠎ᠶ᠋ᠢᠨ ᠪᠠᠢᠳᠠᠯ᠎ᠤᠨ ᠲᠣᠭᠤᠷᠢᠨ᠎ᠳᠤ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠪᠡ᠃
ᠠᠮᠢ ᠠᠬᠤᠢ᠎ᠶ᠋ᠢᠨ ᠣᠷᠴᠢᠨ ᠨᠥᠭᠦᠴᠡᠯ᠎ᠤᠨ ᠬᠠᠮᠠᠭᠠᠯᠠᠯᠲᠠ᠂ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠪᠠ᠃ 2023 ᠣᠨ᠎ᠤ ᠣᠷᠴᠢᠨ ᠠᠬᠤᠢ᠎ᠶ᠋ᠢᠨ ᠪᠠᠢᠳᠠᠯ ᠪᠠ ᠣᠷᠴᠢᠨ ᠠᠬᠤᠢ᠎ᠶ᠋ᠢᠨ ᠬᠠᠮᠠᠭᠠᠯᠠᠯᠲᠠ᠎ᠶ᠋ᠢᠨ ᠬᠠᠷᠠᠯᠲᠠ᠎ᠶ᠋ᠢ ᠪᠡᠶᠡᠯᠡᠭᠦᠯᠦᠭ᠌ᠰᠡᠨ ᠪᠠᠢᠳᠠᠯ᠎ᠤᠨ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠵᠦ᠂ ᠪᠣᠬᠢᠷᠲᠤᠯ᠎ᠢ ᠰᠡᠷᠭᠡᠢᠯᠡᠨ ᠵᠠᠰᠠᠬᠤ ᠪᠡᠷᠬᠡ ᠰᠡᠳᠦᠪ᠎ᠢ ᠱᠢᠢᠳᠪᠦᠷᠢᠯᠡᠬᠦ᠌ ᠳᠠᠢᠨ᠎ᠢ ᠦᠷᠭᠦᠯᠵᠢᠯᠡᠨ ᠭᠦᠨᠵᠡᠭᠡᠢᠷᠡᠭᠦᠯᠦᠨ ᠰᠠᠢᠲᠤᠷ ᠬᠢᠬᠦ᠌᠎ᠶ᠋ᠢ ᠠᠬᠢᠭᠤᠯᠵᠤ᠂ ᠨᠤᠭᠤᠭᠠᠨ ᠪᠦᠭᠡᠳ ᠨᠡᠭᠦᠷᠡᠰᠦᠳᠦ᠋ᠷᠦᠭ᠌ᠴᠢ ᠪᠠᠭᠠᠲᠠᠢ ᠬᠦᠭ᠌ᠵᠢᠯᠲᠡ᠎ᠶ᠋ᠢ ᠠᠬᠢᠭᠤᠯᠪᠠ᠃ ᠡᠯᠡᠰᠦᠷᠬᠡᠭᠵᠢᠬᠦ᠌ᠶ᠋ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠠᠵᠢᠯ᠎ᠤᠨ ᠪᠠᠢᠳᠠᠯ᠎ᠤᠨ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠵᠦ᠂ ᠱᠢᠰᠲ᠋ᠧᠮ᠎ᠲᠠᠢ᠂ ᠱᠢᠨᠵᠢᠯᠡᠬᠦ᠌ ᠤᠬᠠᠭᠠᠨᠴᠢ᠎ᠪᠠᠷ᠂ ᠬᠠᠤᠯᠢ ᠶᠣᠰᠣᠭᠠᠷ ᠡᠯᠡᠰᠦ᠎ᠶ᠋ᠢ ᠵᠠᠰᠠᠬᠤ᠎ᠶ᠋ᠢ ᠠᠬᠢᠭᠤᠯᠵᠤ᠂ 《ᠨᠣᠭᠤᠭᠠᠷᠠᠭᠤᠯᠤᠯᠳᠠ ᠤᠷᠤᠭ᠍ᠰᠢᠯᠠᠵᠤ ᠡᠯᠡᠰᠦ ᠤᠬᠤᠷᠢᠭ᠍ᠰᠠᠨ》 ᠰᠠᠢᠨ ᠬᠠᠨᠳᠤᠰᠢ᠎ᠶ᠋ᠢ ᠪᠠᠬᠢᠵᠢᠭᠦᠯᠦᠨ ᠬᠥᠭ᠌ᠵᠢᠭᠦᠯᠪᠡ᠃ ᠬᠠᠲᠤᠨ ᠭᠤᠤᠯ᠎ᠢ ᠬᠠᠮᠠᠭᠠᠯᠠᠬᠤ ᠬᠠᠤᠯᠢ᠎ᠶ᠋ᠢ ᠬᠡᠷᠡᠭ᠌ᠵᠢᠭᠦᠯᠵᠤ ᠪᠠᠢᠭ᠎ᠠ ᠪᠠᠢᠳᠠᠯ᠎ᠢ ᠪᠠᠢᠴᠠᠭᠠᠭ᠍ᠰᠠᠨ᠎ᠤ ᠬᠠᠮᠲᠤ ᠲᠤᠰᠭᠠᠶ ᠰᠡᠳᠦᠪᠲᠦ ᠯᠠᠪᠯᠠᠨ ᠠᠰᠠᠭᠤᠯᠭ᠎ᠠ ᠥᠷᠨᠢᠭᠦᠯᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠬᠠᠤᠯᠢ ᠶᠣᠰᠣᠭᠠᠷ ᠠᠬᠢᠭᠤᠯᠪᠠ᠃ ᠲᠠᠷᠢᠶᠠᠯᠠᠩ᠎ᠤᠨ ᠬᠠᠤᠯᠢ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠵᠤ᠂ ᠲᠠᠷᠢᠶᠠᠨ ᠭᠠᠵᠠᠷ᠎ᠢ ᠬᠠᠮᠠᠭᠠᠯᠠᠬᠤ ᠠᠵᠢᠯ᠎ᠤᠨ ᠪᠠᠢᠳᠠᠯ᠎ᠤᠨ ᠲᠤᠬᠠᠶ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠵᠦ᠂ ᠲᠠᠷᠢᠶᠠᠯᠠᠩ᠎ᠤᠨ ᠨᠡᠢᠭᠡᠮᠴᠢᠯᠡᠭ᠌ᠰᠡᠨ ᠦᠢᠯᠡᠴᠢᠯᠡᠭᠡ᠎ᠶ᠋ᠢ ᠬᠥᠭ᠌ᠵᠢᠭᠦᠯᠦᠨ ᠲᠠᠷᠢᠶᠠᠯᠠᠩ᠎ᠤᠨ ᠣᠳᠣᠬᠢᠴᠢᠯᠠᠯᠲᠠ᠎ᠶ᠋ᠢᠨ ᠠᠬᠢᠴᠠ᠎ᠶ᠋ᠢ ᠠᠬᠢᠭᠤᠯᠬᠤ᠂ ᠮᠥᠩᠭᠦᠨ ᠭᠦᠢᠯᠭᠡᠭᠡ᠎ᠶ᠋ᠢ ᠬᠥᠳᠡᠭᠡ ᠲᠣᠰᠭᠤᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠳᠤ ᠦᠢᠯᠡᠴᠢᠯᠡᠬᠦᠯᠭᠦ᠌᠂ ᠣᠶᠤᠨᠴᠢ ᠲᠠᠷᠢᠶᠠᠯᠠᠩ᠎ᠢ ᠭᠥᠭ᠌ᠵᠢᠭᠦᠯᠭᠦ᠌ ᠵᠡᠷᠭᠡ᠎ᠶ᠋ᠢᠨ ᠲᠤᠭᠤᠷᠢᠨ᠎ᠳᠤ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠵᠦ᠍᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭ᠌ᠳᠡᠬᠦᠨ᠎ᠤ ᠭᠠᠷᠤᠯᠲᠠ᠎ᠶ᠋ᠢ ᠲᠣᠭ᠍ᠲᠠᠪᠤᠷᠢᠵᠢᠭᠤᠯᠤᠨ ᠬᠠᠩᠭᠠᠯᠭ᠎ᠠ᠎ᠶ᠋ᠢ ᠪᠠᠲᠤᠯᠠᠬᠤ ᠰᠠᠭᠤᠷᠢ᠎ᠶ᠋ᠢ ᠪᠠᠬᠢᠵᠢᠭᠦᠯᠬᠦ᠌᠎ᠶ᠋ᠢ ᠠᠬᠢᠭᠤᠯᠵᠤ᠂ ᠲᠠᠷᠢᠶᠠᠴᠢᠳ᠎ᠤᠨ ᠣᠷᠣᠯᠭ᠎ᠠ᠎ᠶ᠋ᠢ ᠦᠷᠭᠦᠯᠵᠢᠯᠡᠨ ᠲᠣᠭ᠍ᠲᠠᠭᠤᠨ᠎ᠢᠶᠠᠷ ᠨᠡᠮᠡᠭ᠌ᠳᠡᠭᠦᠯᠬᠦ᠌᠎ᠶ᠋ᠢ ᠠᠬᠢᠭᠤᠯᠪᠠ᠃
ᠬᠢᠨᠠᠨ ᠪᠠᠢᠴᠠᠭᠠᠬᠤ᠂ ᠬᠠᠤᠯᠢ ᠪᠠᠷᠢᠬᠤ ᠠᠵᠢᠯ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠪᠠ᠃ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ᠎ᠤᠨ ᠠᠰᠠᠭᠤᠳᠠᠯ᠎ᠢ ᠴᠡᠭ᠌ᠴᠡᠯᠡᠨ ᠵᠠᠰᠠᠭ᠍ᠰᠠᠨ ᠠᠵᠢᠯ᠎ᠤᠨ ᠪᠠᠢᠳᠠᠯ᠎ᠤᠨ ᠳᠤᠬᠠᠢ ᠤᠯᠤᠰ᠎ᠤᠨ ᠬᠢᠨᠠᠨ ᠪᠠᠢᠴᠠᠭᠠᠬᠤ ᠵᠥᠪᠯᠡᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠵᠦ᠂ ᠰᠤᠷᠳᠠᠯ ᠪᠠ ᠢᠯᠵᠢᠷᠡᠯ᠎ᠢ ᠬᠠᠮᠳᠤ᠎ᠳᠤᠨᠢ ᠪᠠᠢᠴᠠᠭᠠᠵᠤ ᠬᠠᠮᠳᠤ᠎ᠳᠤᠨᠢ ᠵᠠᠰᠠᠬᠤ ᠲᠣᠭ᠍ᠲᠠᠴᠠ᠎ᠶ᠋ᠢ ᠪᠦᠷᠢᠨᠱᠢᠭᠦᠯᠬᠦ᠂ ᠭᠤᠣᠯᠳᠠᠯᠭ᠎ᠠ᠎ᠲᠠᠢ ᠬᠦᠷᠢᠶᠡᠨ᠎ᠤ ᠲᠤᠰᠭᠠᠢ ᠴᠡᠭ᠌ᠴᠡᠯᠡᠨ ᠵᠠᠰᠠᠯᠲᠠ᠎ᠶ᠋ᠢ ᠭᠦᠨᠵᠡᠭᠡᠢᠷᠡᠭᠦᠯᠬᠦ᠂ ᠪᠠᠢᠩᠭᠤ᠎ᠶ᠋ᠢᠨ ᠪᠥᠭᠡᠳ ᠤᠷᠳᠤ ᠬᠤᠭᠤᠴᠠᠭᠠᠨ᠎ᠤ ᠪᠦᠲᠦᠮᠵᠢᠲᠡᠢ᠎ᠪᠠᠷ ᠴᠡᠭ᠌ᠴᠡᠯᠡᠨ ᠵᠠᠰᠠᠬᠤ ᠬᠢᠷᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠵᠡᠷᠭᠡ ᠰᠠᠨᠠᠭᠤᠯᠭᠠᠳᠤᠷᠠᠳᠪᠠ᠃ ᠠᠷᠠᠳ᠎ᠤᠨ ᠱᠢᠬᠦᠬᠦ᠌ ᠬᠣᠷᠢᠶ᠎ᠠ ᠵᠢᠨ ᠵᠠᠰᠠᠭ ᠵᠠᠬᠢᠷᠭᠠᠨ᠎ᠤ ᠬᠡᠷᠡᠭ ᠢ ᠱᠢᠭᠦᠨ ᠲᠠᠰᠤᠯᠤᠭᠰᠠᠨ ᠠᠵᠢᠯ᠎ᠤᠨ ᠪᠠᠢᠳᠠᠯ᠎ᠤᠨ ᠲᠤᠬᠠᠢ ᠠᠷᠠᠳ᠎ᠤᠨ ᠳᠡᠭᠡᠳᠤ ᠱᠢᠭᠦᠬᠦ᠌ ᠬᠣᠷᠢᠶ᠎ᠠ ᠵᠢᠨ ᠮᠡᠳᠡᠭᠦᠯᠦᠯᠲᠡ᠂ ᠠᠷᠠᠳ᠎ᠤᠨ ᠪᠠᠢᠴᠠᠭᠠᠬᠤ ᠬᠣᠷᠢᠶ᠎ᠠ ᠵᠢᠨ ᠵᠠᠰᠠᠭ ᠵᠠᠬᠢᠷᠭᠠᠨ᠎ᠤ ᠬᠡᠷᠡᠭ ᠢ ᠪᠠᠢᠴᠠᠭᠠᠬᠤ ᠠᠵᠢᠯ᠎ᠤᠨ ᠪᠠᠢᠳᠠᠯ᠎ᠤᠨ ᠲᠤᠬᠠᠢ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠵᠦ᠂ ᠲᠥᠪ ᠭᠤᠤᠯᠴᠢ᠎ᠪᠠᠷ ᠬᠠᠤᠯᠢ ᠪᠠᠷᠢᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ᠎ᠶ᠋ᠢ ᠠᠬᠢᠭᠤᠯᠵᠤ᠂ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠪᠤᠳᠠᠳᠠᠢ ᠱᠢᠢᠳᠪᠦᠷᠢᠯᠡᠭᠦᠶ᠋ᠢ ᠠᠬᠢᠭᠤᠯᠵᠦ᠍᠂ ᠬᠠᠦᠯᠢ᠎ᠪᠠᠷ ᠵᠠᠰᠠᠬᠤ ᠵᠠᠰᠠᠭ᠎ᠤᠨ ᠤᠷᠳᠤᠨ᠎ᠤ ᠪᠠᠢᠭᠤᠯᠤᠯᠲᠠ᠎ᠳᠤ ᠬᠦᠴᠦᠨ ᠨᠡᠮᠡᠷᠢᠯᠡᠪᠡ᠃ ᠨᠠᠢ᠍ᠮᠠᠳᠤᠭᠠᠷ ᠲᠠᠪᠤᠨ ᠵᠢᠯ᠎ᠤᠨ ᠬᠠᠤᠯᠢ ᠲᠦᠭᠡᠮᠡᠯᠵᠢᠭᠦᠯᠬᠦ᠌ ᠱᠢᠢᠳᠪᠦᠷᠢ᠎ᠶ᠋ᠢ ᠬᠡᠷᠡᠭ᠌ᠵᠢᠭᠦᠯᠵᠤ ᠪᠠᠢᠭ᠎ᠠ ᠪᠠᠢᠳᠠᠯ᠎ᠤᠨ ᠲᠤᠬᠠᠶ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠪᠡ᠃
ᠳᠦᠷᠪᠡ᠂ ᠲᠥᠯᠥᠭᠡᠯᠡᠭ᠌ᠴᠢ᠎ᠶ᠋ᠢᠨ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠲᠥᠯᠥᠭᠡᠯᠡᠭ᠌ᠴᠢ᠎ᠶ᠋ᠢᠨ ᠲᠤᠱᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭᠠᠷ ᠭᠦᠢᠴᠡᠳᠭᠡᠬᠦ᠌᠎ᠶ᠋ᠢ ᠳᠡᠮᠵᠢᠨ ᠪᠠᠲᠤᠯᠠᠪᠠ
ᠪᠠᠢᠩᠭᠤ᠎ᠶ᠋ᠢᠨ ᠬᠤᠷᠢᠶ᠎ᠠ ᠲᠥᠯᠥᠭᠡᠯᠡᠭ᠌ᠴᠢ᠎ᠳᠤ ᠦᠢᠯᠡᠴᠢᠯᠡᠬᠦ᠌ ᠤᠬᠠᠮᠰᠠᠷ᠎ᠢ ᠪᠠᠲᠤ ᠪᠤᠢ ᠪᠣᠯᠭᠠᠵᠤ᠂ ᠲᠥᠯᠥᠭᠡᠯᠡᠭ᠌ᠴᠢ᠎ᠶ᠋ᠢᠨ ᠠᠵᠢᠯ᠎ᠤᠨ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠲᠥᠯᠥᠭᠡᠯᠡᠭ᠌ᠴᠢ᠎ᠶ᠋ᠢᠨ ᠠᠵᠢᠯ᠎ᠤᠨ ᠳᠦᠷᠢᠮᠵᠢᠭᠦᠯᠦᠯᠲᠡ᠂ ᠵᠢᠷᠤᠮᠵᠢᠭᠤᠯᠤᠯᠲᠠ᠎ᠶ᠋ᠢ ᠠᠬᠢᠭᠤᠯᠵᠤ᠂ ᠲᠥᠯᠥᠭᠡᠯᠡᠭ᠌ᠴᠢ᠎ᠶ᠋ᠢᠨ ᠠᠷᠠᠳ ᠲᠦᠮᠡᠨ᠎ᠤ ᠠᠱᠢᠭ ᠲᠤᠰᠠ ᠪᠠ ᠵᠣᠷᠢᠭ ᠰᠠᠨᠠᠭ᠎ᠠ᠎ᠶ᠋ᠢ ᠦᠨᠡᠨᠴᠢ᠎ᠪᠠᠷ ᠲᠥᠯᠥᠭᠡᠯᠡᠨ ᠲᠦᠷᠦ᠍᠎ᠶ᠋ᠢᠨ ᠡᠷᠬᠡ᠎ᠶ᠋ᠢ ᠬᠡᠷᠡᠭ᠌ᠵᠢᠭᠦᠯᠬᠦ᠌᠎ᠳᠤ ᠬᠠᠦᠯᠢ ᠶᠤᠰᠤᠭᠠᠷ ᠣᠷᠣᠯᠴᠠᠬᠤ᠎ᠶ᠋ᠢ ᠳᠡᠮᠵᠢᠬᠦ᠌ ᠪᠠ ᠪᠠᠳᠤᠯᠠᠵᠤ᠂ ᠨᠠᠮ ᠪᠠ ᠤᠯᠤᠰ᠎ᠤᠨ ᠠᠷᠠᠳ ᠤᠯᠠᠨ᠎ᠲᠠᠢ ᠬᠠᠷᠢᠯᠴᠠᠬᠤ ᠪᠠᠲᠦ ᠬᠥᠭᠦᠷᠭᠡ ᠪᠣᠯᠪᠠ᠃ ᠲᠥᠯᠥᠭᠡᠯᠡᠭ᠌ᠴᠢᠳ ᠠᠷᠠᠳ ᠲᠦᠮᠡᠨ᠎ᠤ ᠳᠤᠮᠳᠠ᠎ᠠᠴᠠ ᠢᠷᠡᠵᠤ᠂ ᠠᠷᠠᠳ ᠲᠦᠮᠡᠨ᠎ᠤ ᠳᠤᠮᠳᠠ ᠦᠨᠳᠦᠰᠦᠯᠡᠭ᠌ᠰᠡᠨ ᠣᠨᠴᠠᠯᠢᠭ ᠳᠠᠪᠠᠭᠤᠯᠢᠭ᠎ᠢᠶᠠᠨ ᠪᠠᠳᠠᠷᠠᠭᠤᠯᠵᠤ᠂ ᠳᠤᠱᠢᠶᠠᠯ ᠬᠠᠷᠢᠭᠤᠴᠠᠯᠭ᠎ᠠ ᠪᠠᠨ ᠬᠠᠦᠯᠢ ᠶᠤᠰᠤᠭᠠᠷ ᠭᠦᠢᠴᠡᠳᠭᠡᠨ᠂ ᠬᠦᠨᠳᠦ ᠨᠠᠢᠳᠠᠯᠭ᠎ᠠ᠎ᠶ᠋ᠢ ᠬᠥᠰᠡᠷᠳᠡᠭᠦᠯᠬᠦ᠌ ᠦᠭᠡᠢ ᠪᠠᠢᠵᠤ᠂ ᠲᠦᠷᠦᠭᠦᠯᠡᠨ ᠠᠷᠠᠳ ᠣᠯᠠᠨ᠎ᠲᠠᠢ ᠨᠢᠭ᠍ᠲᠠ ᠬᠠᠷᠢᠯᠴᠠᠵᠤ᠂ ᠪᠠᠢᠩᠭᠤ᠎ᠶ᠋ᠢᠨ ᠬᠤᠷᠢᠶ᠎ᠠ᠂ ᠲᠤᠰᠭᠠᠶ ᠵᠥᠪᠯᠡᠯ᠎ᠤᠨ ᠠᠵᠢᠯ᠎ᠢ ᠳᠡᠮᠵᠢᠵᠦ᠍ ᠲᠡᠭᠦᠨ᠎ᠳᠤ ᠣᠷᠣᠯᠴᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠳᠤ ᠢᠳᠡᠪᠬᠢᠲᠡᠶ ᠬᠤᠪᠢ ᠨᠡᠮᠡᠷᠢ᠎ᠪᠠᠨ ᠦᠵᠡᠭᠦᠯᠪᠡ᠃
ᠲᠥᠯᠥᠭᠡᠯᠡᠭ᠌ᠴᠢ᠎ᠶ᠋ᠢᠨ ᠰᠠᠨᠠᠯ ᠵᠥᠪᠯᠡᠯᠭᠡ ᠪᠠ ᠰᠠᠨᠠᠭᠤᠯᠭ᠎ᠠ ᠳᠤᠷᠠᠳᠭᠤ ᠠᠵᠢᠯ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠪᠡ᠃ ᠲᠥᠯᠥᠭᠡᠯᠡᠭ᠌ᠴᠢ᠎ᠶ᠋ᠢᠨ ᠰᠠᠨᠠᠯ ᠵᠥᠪᠯᠡᠯᠭᠡ ᠪᠠ ᠰᠠᠨᠠᠭᠤᠯᠭ᠎ᠠ ᠳᠤᠷᠠᠳᠭᠤ᠂ ᠲᠤᠱᠢᠶᠠᠨ ᠱᠢᠢᠳᠪᠦᠷᠢᠯᠡᠭᠦᠯᠭᠦ᠌᠂ ᠭᠦᠢᠴᠡᠳᠭᠡᠭᠦ᠌᠂ ᠱᠢᠪᠠᠳᠠᠨ ᠱᠢᠢᠳᠪᠦᠷᠢᠯᠡᠭᠦᠯᠬᠦ᠂ ᠬᠠᠷᠢᠭᠤ ᠲᠤᠰᠭᠠᠬᠤ ᠪᠦᠬᠦ᠌ ᠶᠠᠪᠤᠴᠠ᠎ᠶ᠋ᠢᠨ ᠠᠵᠢᠯ᠎ᠤᠨ ᠲᠣᠭ᠍ᠲᠠᠴᠠ᠎ᠶ᠋ᠢ ᠪᠥᠷᠢᠨᠱᠢᠭᠦᠯᠦᠨ ᠲᠡᠭᠦᠯᠳᠡᠷᠵᠢᠭᠦᠯᠵᠤ᠂ ᠶᠡᠷᠦᠩᠬᠡᠢᠯᠡᠭ᠌ᠰᠡᠨ ᠵᠠᠳᠠᠯᠤᠯᠲᠠ᠂ ᠲᠤᠰᠭᠠᠶ ᠵᠠᠳᠠᠯᠤᠯᠲᠠ ᠵᠢᠴᠢ ᠦᠷ᠎ᠡ ᠪᠦᠲᠦᠭᠡᠯ᠎ᠤᠨ ᠬᠡᠷᠡᠭ᠌ᠯᠡᠯᠲᠡ᠎ᠶ᠋ᠢ ᠴᠢᠩᠭᠠᠳᠭᠠᠵᠤ᠂ ᠰᠠᠨᠠᠯ ᠵᠥᠪᠯᠡᠯᠭᠡ ᠪᠠ ᠰᠠᠨᠠᠭᠤᠯᠭ᠎ᠠ᠎ᠶ᠋ᠢᠨ ᠠᠭᠤᠯᠭ᠎ᠠ᠎ᠶ᠋ᠢ ᠴᠢᠨᠠᠷ ᠰᠠᠢᠲᠠᠶ᠂ ᠱᠢᠢᠳᠪᠦᠷᠢᠯᠡᠯᠲᠡ᠎ᠶ᠋ᠢ ᠴᠢᠨᠠᠷ ᠰᠠᠢᠲᠠᠶ ᠪᠠᠢᠯᠭᠠᠬᠤ᠎ᠶ᠋ᠢ ᠠᠬᠢᠭᠤᠯᠪᠠ᠃ ᠡᠯ᠎ᠡ ᠲᠤᠰᠭᠠᠶ ᠵᠥᠪᠯᠡᠯ᠂ ᠠᠵᠢᠯ᠎ᠤᠨ ᠵᠥᠪᠯᠡᠯ ᠪᠠ 《ᠨᠢᠭᠡ ᠵᠠᠰᠠᠭ᠎ᠤᠨ ᠤᠷᠳᠤᠨ ᠨᠢᠭᠡ ᠵᠦᠪᠯᠡᠯ ᠬᠤᠶᠠᠷ ᠬᠤᠷᠢᠶ᠎ᠠ》᠎ᠶ᠋ᠢᠨ ᠬᠤᠯᠪᠣᠭ᠍ᠳᠠᠯ ᠪᠦᠬᠦᠢ ᠰᠠᠯᠠᠭ᠎ᠠ ᠮᠥᠴᠢᠷ᠎ᠨᠢ ᠲᠥᠯᠥᠭᠡᠯᠡᠭ᠌ᠴᠢᠯᠦᠭᠡᠶ᠋ᠢᠨ ᠨᠡᠪᠳᠡᠷᠡᠯᠴᠡᠭᠡ ᠬᠠᠷᠢᠯᠴᠠᠭ᠎ᠠ᠎ᠪᠠᠨ ᠨᠢᠭ᠍ᠲᠡᠷᠠᠭᠤᠯᠵᠤ᠂ ᠱᠢᠢᠳᠪᠦᠷᠢᠯᠡᠬᠦ᠌ ᠠᠵᠢᠯ᠎ᠤᠨ ᠠᠬᠢᠭᠤᠯᠬᠤ ᠬᠤᠷᠠᠯ᠂ ᠶᠠᠷᠢᠯᠴᠠᠬᠤ ᠬᠤᠷᠠᠯ᠂ ᠬᠠᠷᠢᠭᠤ ᠮᠡᠳᠡᠭᠦᠯᠦᠯᠲᠡ᠎ᠶ᠋ᠢᠨ ᠬᠤᠷᠠᠯ ᠬᠤᠷᠠᠯᠳᠤᠭᠤᠯᠵᠤ᠂ ᠲᠥᠯᠥᠭᠡᠯᠡᠭ᠌ᠴᠢ᠎ᠶ᠋ᠢ ᠤᠷᠢᠵᠤ ᠪᠠᠢᠴᠠᠭᠠᠨ ᠰᠤᠳᠤᠯᠤᠯᠲᠠ ᠨᠤᠲᠠᠯᠠᠯᠲᠠ᠎ᠳᠤ ᠣᠷᠣᠯᠴᠠᠭᠤᠯᠵᠤ᠂ ᠲᠥᠯᠥᠭᠡᠯᠡᠭ᠌ᠴᠢ᠎ᠶ᠋ᠢᠨ ᠰᠠᠨᠠᠯ ᠵᠥᠪᠯᠡᠯᠭᠡ ᠪᠠ ᠰᠠᠨᠠᠭᠤᠯᠭ᠎ᠠ᠎ᠶ᠋ᠢ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌᠎ᠶ᠋ᠢᠨ ᠴᠢᠬᠤᠯᠠ ᠰᠠᠭᠤᠷᠢ ᠪᠣᠯᠭᠠᠵᠤ᠂ ᠡᠯ᠎ᠡ ᠲᠠᠯ᠎ᠠ᠎ᠶ᠋ᠢᠨ ᠠᠵᠢᠯ᠎ᠢ ᠴᠢᠩᠭᠠᠳᠭᠠᠨ ᠰᠠᠢᠵᠢᠷᠠᠭᠤᠯᠬᠤ᠎ᠶ᠋ᠢᠨ ᠴᠢᠬᠤᠯᠠ ᠦᠨᠳᠦᠰᠦᠯᠡᠯ ᠪᠣᠯᠭᠠᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠶᠠᠳᠤᠭᠠᠷ ᠬᠣᠷᠠᠯ᠎ᠤᠨ ᠬᠤᠭᠤᠴᠠᠭᠠᠨ᠎ᠳᠤ ᠲᠥᠯᠥᠭᠡᠯᠡᠭ᠌ᠴᠢᠳ᠎ᠤᠨ ᠳᠤᠷᠠᠳᠤᠭ᠍ᠰᠠᠨ 298 ᠬᠤᠪᠢ ᠰᠠᠨᠠᠯ ᠵᠥᠪᠯᠡᠯᠭᠡ᠎ᠶ᠋ᠢ ᠬᠤᠯᠪᠣᠭ᠍ᠳᠠᠯ ᠪᠦᠬᠦᠢ ᠲᠤᠰᠭᠠᠶ ᠵᠥᠪᠯᠡᠯ᠎ᠳᠤ ᠲᠤᠱᠢᠶᠠᠵᠤ ᠬᠢᠨᠠᠨ ᠵᠦᠪᠯᠡᠭᠦᠯᠵᠦ ᠳᠠᠭᠤᠰᠭᠠᠭ᠍ᠰᠠᠨ ᠪᠥᠭᠡᠳ ᠲᠥᠯᠥᠭᠡᠯᠡᠭ᠌ᠴᠢᠳ᠎ᠲᠤ ᠬᠠᠷᠢᠭᠤ ᠥᠭ᠌ᠪᠡ᠂ ᠡᠭᠦᠨ᠎ᠳᠤ ᠬᠤᠯᠪᠣᠭ᠍ᠳᠠᠭ᠍ᠰᠠᠨ 19 ᠬᠠᠤᠯᠢ ᠲᠣᠭ᠍ᠲᠠᠭᠠᠬᠤ ᠳᠥᠰᠥᠯ᠎ᠢ ᠨᠢᠭᠡᠨᠲᠡ ᠬᠢᠨᠠᠨ ᠵᠦᠪᠯᠡᠵᠦ ᠪᠠᠲᠤᠯᠠᠭ᠍ᠰᠠᠨ ᠪᠤᠶᠤ ᠬᠢᠨᠠᠨ ᠵᠦᠪᠯᠡᠭᠦᠯᠬᠦ᠎ᠪᠠᠷ ᠳᠡᠪᠱᠢᠭᠦᠯᠵᠤ᠂ 58 ᠬᠠᠤᠯᠢ ᠲᠣᠭ᠍ᠲᠠᠭᠠᠬᠤ ᠳᠥᠰᠥᠯ᠎ᠢ ᠨᠢᠭᠡᠨᠲᠡ ᠬᠠᠤᠯᠢ ᠲᠣᠭ᠍ᠲᠠᠭᠠᠬᠤ ᠲᠥᠯᠥᠪᠵᠢᠭᠦᠯᠭᠡ ᠪᠤᠶᠤ ᠲᠥᠯᠥᠪᠯᠡᠭᠡ᠎ᠳᠤ ᠣᠷᠣᠭᠤᠯᠪᠠ᠃ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠭᠤᠴᠠᠭᠠᠨ᠎ᠳᠤ ᠳᠤᠷᠠᠳᠤᠭ᠍ᠰᠠᠨ 9235 ᠬᠤᠪᠢ ᠰᠠᠨᠠᠭᠤᠯᠭ᠎ᠠ ᠵᠢ 213 ᠳᠠᠭᠠᠭᠠᠴᠢᠯᠠᠨ ᠰᠢᠢᠳᠪᠦᠷᠢᠯᠡᠬᠦ ᠨᠢᠭᠡᠴᠢ ᠪᠡᠷ ᠰᠣᠳᠣᠯᠣᠭᠣᠯᠣᠨ ᠰᠢᠢᠳᠪᠦᠷᠢᠯᠡᠭᠦᠯᠵᠦ᠂ ᠬᠤᠷᠠᠯ ᠲᠡᠭᠦᠰᠦᠭ᠌ᠰᠡᠨ ᠬᠤᠭᠤᠴᠠᠭᠠᠨ᠎ᠳᠤ ᠳᠤᠷᠠᠳᠤᠭ᠍ᠰᠠᠨ 105 ᠬᠤᠪᠢ ᠰᠠᠨᠠᠭᠤᠯᠭ᠎ᠠ᠎ᠶ᠋ᠢ 73 ᠳᠠᠭᠠᠭᠠᠴᠢᠯᠠᠨ ᠰᠢᠢᠳᠪᠦᠷᠢᠯᠡᠬᠦ ᠨᠢᠭᠡᠴᠢ ᠪᠡᠷ ᠰᠣᠳᠣᠯᠣᠭᠣᠯᠣᠨ ᠰᠢᠢᠳᠪᠦᠷᠢᠯᠡᠭᠦᠯᠵᠦ᠂ ᠪᠦᠬᠦᠨ ᠢ᠋ ᠨᠢᠭᠡᠨᠲᠡ ᠱᠢᠢᠳᠪᠦᠷᠢᠯᠡᠵᠦ᠍ ᠳᠠᠭᠤᠰᠭᠠᠭ᠍ᠰᠠᠨ ᠪᠥᠭᠡᠳ ᠲᠥᠯᠥᠭᠡᠯᠡᠭ᠌ᠴᠢᠳ᠎ᠲᠤ ᠬᠠᠷᠢᠭᠤ ᠥᠭ᠌ᠴᠠᠢ᠂ ᠳᠤᠷᠠᠳᠤᠭ᠍ᠰᠠᠨ ᠠᠰᠠᠭᠤᠳᠠᠯ᠎ᠢ ᠱᠢᠢᠳᠪᠦᠷᠢᠯᠡᠭ᠌ᠰᠡᠨ ᠪᠤᠶᠤ ᠠᠯᠬᠤᠮ ᠠᠯᠬᠤᠮ᠎ᠢᠶᠠᠷ ᠱᠢᠢᠳᠪᠦᠷᠢᠯᠡᠬᠦ᠌ ᠪᠠᠷ ᠲᠥᠯᠥᠪᠯᠡᠵᠦ᠍ ᠪᠠᠢᠭ᠎ᠠ᠎ᠨᠢ 76%᠎ᠶ᠋ᠢ ᠡᠵᠡᠯᠡᠵᠦ᠍ ᠪᠠᠢᠨ᠎ᠠ᠃ ᠬᠤᠷᠢᠶᠠᠨ ᠳᠠᠷᠤᠭ᠎ᠠ ᠨᠠᠷ᠎ᠤᠨ ᠬᠣᠷᠠᠯ ᠳᠡᠭᠡᠷ᠎ᠡ 20 ᠵᠦᠢᠯ᠎ᠤᠨ ᠭᠤᠣᠯᠳᠠᠯᠭ᠎ᠠ ᠲᠠᠢ ᠱᠢᠪᠠᠳᠠᠨ ᠱᠢᠢᠳᠪᠦᠷᠢᠯᠡᠭᠦᠯᠬᠦ᠌ ᠰᠠᠨᠠᠭᠤᠯᠭ᠎ᠠ᠎ᠶ᠋ᠢ ᠰᠤᠳᠤᠯᠤᠨ ᠲᠣᠭ᠍ᠲᠠᠭᠠᠵᠤ᠂ 19 ᠨᠢᠭᠡᠴᠢ᠎ᠳᠤ ᠲᠤᠱᠢᠶᠠᠨ ᠥᠭ᠌ᠴᠦ ᠲᠦᠷᠦᠭᠦᠯᠡᠭᠦᠯᠦᠨ ᠱᠢᠢᠳᠪᠦᠷᠢᠯᠡᠭᠦᠯᠵᠦ᠍᠂ 7 ᠲᠤᠰᠭᠠᠶ ᠵᠥᠪᠯᠡᠯ᠎ᠢᠶᠠᠷ ᠬᠠᠷᠢᠭᠤᠴᠠᠭᠤᠯᠤᠨ ᠱᠢᠪᠠᠳᠠᠨ ᠱᠢᠢᠳᠪᠦᠷᠢᠯᠡᠭᠦᠯᠵᠦ᠍᠂ ᠨᠢᠭᠡ ᠪᠦᠯᠦᠭ ᠪᠣᠳᠠᠲᠠᠶ ᠠᠰᠠᠭᠤᠳᠠᠯ᠎ᠢ ᠱᠢᠢᠳᠪᠦᠷᠢᠯᠡᠬᠦ ᠵᠢ ᠠᠬᠢᠭᠣᠯᠪᠠ᠃
ᠪᠠᠢᠩᠭᠤ᠎ᠶ᠋ᠢᠨ ᠬᠤᠷᠢᠶ᠎ᠠ ᠪᠣᠯᠤᠨ ᠲᠥᠯᠥᠭᠡᠯᠡᠭ᠌ᠴᠢᠳ᠎ᠤᠨ ᠬᠠᠷᠢᠯᠴᠠᠭ᠎ᠠ᠎ᠶ᠋ᠢ ᠨᠢᠭ᠍ᠲᠠᠷᠠᠭᠤᠯᠪᠠ᠃ ᠪᠠᠢᠩᠭᠤ᠎ᠶ᠋ᠢᠨ ᠬᠣᠷᠢᠶ᠎ᠠ ᠵᠢᠨ ᠪᠦᠷᠢᠯᠳᠦᠬᠦᠨ ᠨᠡᠷ᠎ᠤᠨ ᠲᠥᠯᠥᠭᠡᠯᠡᠭ᠌ᠴᠢᠳ᠎ᠲᠠᠢ ᠬᠠᠷᠢᠯᠴᠠᠬᠤ ᠲᠣᠭ᠍ᠲᠠᠴᠠ᠎ᠶ᠋ᠢ ᠨᠠᠢᠳᠠᠪᠤᠷᠢᠵᠢᠭᠤᠯᠵᠤ᠂ ᠶᠠᠷᠢᠯᠴᠠᠬᠤ᠂ ᠪᠠᠢᠴᠠᠭᠠᠨ ᠰᠤᠳᠤᠯᠤᠯᠲᠠ ᠬᠢᠬᠦ᠂ ᠰᠤᠷᠪᠤᠯᠵᠢᠯᠠᠬᠤ᠂ ᠤᠲᠠᠰᠤ ᠠᠪᠬᠤ᠂ ᠵᠠᠬᠢᠳᠠᠯ ᠴᠢᠮᠡᠭᠡ ᠠᠪᠬᠤ᠂ ᠸᠢᠴᠠᠲ᠎ᠢᠶᠠᠷ ᠬᠠᠷᠢᠯᠴᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠲᠥᠯᠥᠭᠡᠯᠡᠭ᠌ᠴᠢᠳ᠎ᠲᠠᠢ ᠪᠠᠢᠩᠭᠤ᠎ᠶ᠋ᠢᠨ ᠴᠢᠨᠠᠷᠲᠠᠶ ᠬᠠᠷᠢᠯᠴᠠᠬᠤ ᠪᠠ ᠨᠡᠪᠲᠡᠷᠡᠯᠴᠡᠬᠦ᠌᠎ᠶ᠋ᠢ ᠪᠠᠲᠤᠯᠠᠪᠠ᠃ ᠲᠤᠰᠭᠠᠶ ᠵᠥᠪᠯᠡᠯ᠂ ᠠᠵᠢᠯ᠎ᠤᠨ ᠵᠥᠪᠯᠡᠯ᠎ᠠᠴᠠ ᠬᠤᠯᠪᠤᠭ᠍ᠳᠠᠯ ᠪᠦᠬᠦᠢ ᠬᠦᠷᠢᠶᠡᠨ᠎ᠤ᠂ ᠬᠤᠯᠪᠤᠭ᠍ᠳᠠᠯ ᠪᠦᠬᠦᠢ ᠲᠤᠰᠭᠠᠶ ᠮᠡᠷᠭᠡᠵᠢᠯ᠎ᠤᠨ ᠮᠡᠳᠡᠯᠭᠡ ᠲᠠᠢ ᠲᠥᠯᠥᠭᠡᠯᠡᠭ᠌ᠴᠢᠳ᠎ᠲᠠᠢ ᠬᠠᠷᠢᠯᠴᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠦᠨᠳᠦᠰᠦᠨ ᠱᠠᠲᠤᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ ᠲᠠᠢ ᠬᠠᠷᠢᠯᠴᠠᠬᠤ᠎ᠶ᠋ᠢ ᠨᠡᠢᠳᠡᠮ ᠬᠠᠮᠤᠷᠤᠭᠤᠯᠪᠠ᠃ ᠲᠥᠯᠥᠭᠡᠯᠡᠭ᠌ᠴᠢ᠎ᠶ᠋ᠢᠨ ᠲᠤᠰᠭᠠᠶ ᠮᠡᠷᠭᠡᠵᠢᠯ᠎ᠤᠨ ᠣᠨᠴᠠ ᠴᠢᠳᠠᠪᠤᠷᠢ᠎ᠶ᠋ᠢ ᠪᠠᠳᠠᠷᠠᠭᠤᠯᠬᠤ᠎ᠶ᠋ᠢ ᠴᠢᠬᠤᠯᠠᠴᠢᠯᠠᠵᠤ᠂ ᠲᠥᠯᠥᠭᠡᠯᠡᠭ᠌ᠴᠢ᠎ᠶ᠋ᠢᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠳᠤ ᠣᠷᠣᠯᠴᠠᠬᠤ᠎ᠶ᠋ᠢ ᠭᠦᠨᠵᠡᠭᠡᠢᠷᠡᠭᠦᠯᠪᠡ᠃ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠭᠤᠴᠠᠭᠠᠨ᠎ᠳᠤ ᠳᠤᠷᠠᠳᠤᠭ᠍ᠰᠠᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠴᠢᠩᠭᠠᠳᠭᠠᠨ ᠰᠠᠢᠵᠢᠷᠠᠭᠤᠯᠬᠤ 1200 ᠭᠠᠷᠤᠶ ᠵᠤᠷᠪᠤᠰ ᠰᠠᠨᠠᠯ ᠰᠠᠨᠠᠭᠤᠯᠭ᠎ᠠ᠎ᠶ᠋ᠢ ᠨᠠᠷᠢᠨ ᠬᠢᠨᠠᠮᠠᠭᠠᠶ ᠰᠤᠳᠤᠯᠵᠤ᠂ ᠢᠳᠡᠪᠬᠢᠲᠡᠶ᠎ᠪᠠᠷ ᠬᠦᠯᠢᠶᠡᠨ ᠠᠪᠴᠤ᠌ ᠬᠡᠷᠡᠭ᠌ᠯᠡᠪᠡ᠃ 275 ᠨᠡᠷᠡᠰ ᠲᠥᠯᠥᠭᠡᠯᠡᠭ᠌ᠴᠢ᠎ᠶ᠋ᠢ ᠤᠷᠢᠵᠤ ᠪᠠᠢᠩᠭᠤ᠎ᠶ᠋ᠢᠨ ᠬᠣᠷᠢᠶ᠎ᠠ ᠵᠢᠨ ᠬᠣᠷᠠᠯ ᠳᠤ ᠰᠤᠯᠠ ᠣᠷᠣᠯᠴᠠᠭᠤᠯᠵᠤ᠂ ᠰᠤᠯᠠ ᠣᠷᠣᠯᠴᠠᠭ᠍ᠰᠠᠨ ᠲᠥᠯᠥᠭᠡᠯᠡᠭ᠌ᠴᠢᠳ᠎ᠤᠨ ᠶᠠᠷᠢᠯᠴᠠᠬᠤ ᠬᠤᠷᠠᠯ᠎ᠢ 5 ᠤᠳᠠᠭ᠎ᠠ ᠬᠤᠷᠠᠯᠳᠤᠭᠤᠯᠪᠠ᠃ 1100 ᠭᠠᠷᠤᠶ ᠬᠥᠮᠦᠨ ᠤᠳᠠᠭ᠎ᠠ᠎ᠶ᠋ᠢᠨ ᠲᠥᠯᠥᠭᠡᠯᠡᠭ᠌ᠴᠢᠳ᠎ᠢ ᠤᠷᠢᠵᠤ ᠬᠠᠤᠯᠢ ᠲᠣᠭ᠍ᠲᠠᠭᠠᠬᠤ ᠪᠠᠢᠴᠠᠭᠠᠨ ᠰᠤᠳᠤᠯᠤᠯᠲᠠ᠂ ᠬᠠᠤᠯᠢ ᠬᠡᠷᠡᠭ᠌ᠵᠢᠭᠦᠯᠦᠯᠲᠡ᠎ᠶ᠋ᠢᠨ ᠪᠠᠢᠴᠠᠭᠠᠯᠲᠠ᠂ ᠡᠳ᠋᠎ᠤᠨ ᠵᠠᠰᠠᠭ ᠠᠵᠤ ᠠᠬᠤᠶ᠎ᠶ᠋ᠢᠨ ᠠᠵᠢᠯ᠎ᠤᠨ ᠬᠢᠨᠠᠯᠲᠠ᠂ ᠭᠠᠳᠠᠭᠠᠳᠤ ᠬᠠᠷᠢᠯᠴᠠᠭ᠎ᠠ ᠵᠡᠷᠭᠡ᠎ᠳᠤ ᠣᠷᠣᠯᠴᠠᠭᠤᠯᠪᠠ᠃ ᠪᠠᠷᠤᠭ 2700 ᠬᠥᠮᠦᠨ ᠤᠳᠠᠭ᠎ᠠ᠎ᠶ᠋ᠢᠨ ᠲᠥᠯᠥᠭᠡᠯᠡᠭ᠌ᠴᠢᠳ ᠪᠠᠢᠩᠭᠤ᠎ᠶ᠋ᠢᠨ ᠬᠣᠷᠢᠶ᠎ᠠ ᠵᠢᠨ ᠬᠢᠨᠠᠨ ᠵᠦᠪᠯᠡᠭᠰᠡᠨ 28 ᠬᠤᠪᠢ ᠤᠳᠠᠭ᠎ᠠ᠎ᠶ᠋ᠢᠨ ᠬᠠᠤᠯᠢ ᠴᠠᠭᠠᠵᠠ᠎ᠶ᠋ᠢᠨ ᠲᠥᠰᠦᠯ᠎ᠤᠨ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ 1600 ᠭᠠᠷᠤᠶ ᠬᠥᠮᠦᠨ ᠤᠳᠠᠭ᠎ᠠ᠎ᠶ᠋ᠢᠨ ᠲᠥᠯᠥᠭᠡᠯᠡᠭ᠌ᠴᠢᠳ᠎ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ 《ᠨᠢᠭᠡ ᠵᠠᠰᠠᠭ᠎ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ》᠎ᠶ᠋ᠢᠨ ᠵᠣᠬᠢᠶᠠᠨ ᠪᠠᠢᠭᠤᠯᠤᠭ᠍ᠰᠠᠨ ᠠᠵᠢᠯᠯᠠᠭ᠎ᠠ᠎ᠳᠤ ᠣᠷᠣᠯᠴᠠᠭᠤᠯᠪᠠ᠃ ᠮᠤᠵᠢ᠎ᠶ᠋ᠢᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠲᠤᠰ ᠰᠣᠩᠭᠤᠭᠤᠯᠢ᠎ᠶ᠋ᠢᠨ ᠨᠢᠭᠡᠴᠢ᠎ᠶ᠋ᠢᠨ ᠰᠣᠩᠭᠤᠵᠤ ᠭᠠᠷᠭᠠᠭ᠍ᠰᠠᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠯᠦᠭᠡᠶ᠋ᠢᠨ ᠬᠠᠷᠢᠯᠴᠠᠭ᠎ᠠ᠎ᠪᠠᠨ ᠴᠢᠩᠭᠠᠳᠭᠠᠬᠤ᠎ᠶ᠋ᠢ ᠲᠡᠮᠵᠢᠪᠠ᠃
ᠲᠥᠯᠥᠭᠡᠯᠡᠭ᠌ᠴᠢᠳ ᠪᠣᠯᠤᠨ ᠠᠷᠠᠳ ᠤᠯᠠᠨ᠎ᠤ ᠬᠤᠭᠤᠷᠣᠨᠳᠣᠬᠢ ᠬᠠᠷᠢᠯᠴᠠᠭ᠎ᠠ᠎ᠶ᠋ᠢ ᠨᠢᠭ᠍ᠲᠠᠷᠠᠭᠤᠯᠪᠠ᠃ ᠬᠠᠤᠯᠢ᠎ᠪᠠᠷ ᠲᠣᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ᠎ᠲᠠᠢ᠎ᠪᠠᠨ ᠨᠢᠭ᠍ᠲᠠ ᠤᠶᠠᠯᠳᠤᠭᠤᠯᠤᠨ᠂ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ᠌ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠤᠷᠢᠨ᠎ᠳᠤ᠂ ᠲᠥᠯᠥᠭᠡᠯᠡᠭ᠌ᠴᠢᠳ᠎ᠤᠨ ᠠᠵᠢᠯᠯᠠᠭ᠎ᠠ᠎ᠶ᠋ᠢ ᠬᠠᠤᠯᠢ ᠶᠣᠰᠣᠭᠠᠷ ᠡᠮᠬᠢ ᠵᠢᠷᠤᠮ᠎ᠲᠠᠢ ᠵᠣᠬᠢᠶᠠᠨ ᠪᠠᠢᠭᠤᠯᠤᠨ ᠥᠷᠨᠢᠭᠦᠯᠪᠠ᠃ 1800 ᠭᠠᠷᠤᠶ ᠬᠥᠮᠦᠨ ᠤᠳᠠᠭ᠎ᠠ᠎ᠶ᠋ᠢᠨ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠵᠤ 209 ᠤᠳᠠᠭᠠᠨ᠎ᠤ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠᠥᠷᠨᠢᠭᠦᠯᠪᠡ᠃ ᠱᠢᠶᠠᠩᠭᠠᠩ᠂ ᠣᠣᠮᠧᠨ᠂ ᠲᠠᠢᠸᠠᠨ᠎ᠤ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠵᠤ ᠡᠾᠧᠨᠠᠨ᠂ ᠱᠠᠨ ᠰᠢ᠂ ᠭᠤᠸᠠᠩᠳᠦ᠋ᠩ᠂ ᠭᠠᠨᠰᠦ᠂ ᠬᠠᠢᠨᠠᠨ ᠵᠡᠷᠭᠡ ᠭᠠᠵᠠᠷ᠎ᠲᠤ ᠣᠴᠢᠭᠤᠯᠤᠨ ᠪᠠᠢᠴᠠᠭᠠᠨ ᠦᠵᠡᠭᠦᠯᠵᠦ᠍ ᠪᠠᠢᠴᠠᠭᠠᠨ ᠰᠤᠳᠤᠯᠤᠯᠲᠠ ᠬᠢᠯᠭᠡᠪᠡ᠃ ᠲᠥᠯᠥᠭᠡᠯᠡᠭ᠌ᠴᠢ᠎ᠶ᠋ᠢᠨ ᠲᠥᠯᠥᠭᠡᠯᠡᠭ᠌ᠴᠢᠳ᠎ᠤᠨ ᠳᠤᠭᠤᠢᠯᠠᠩ ᠪᠠ ᠲᠥᠯᠥᠭᠡᠯᠡᠭ᠌ᠴᠢᠳ᠎ᠤᠨ ᠭᠡᠷ ᠥᠷᠲᠡᠭᠡ᠎ᠶ᠋ᠢᠨ ᠠᠵᠢᠯᠯᠠᠭ᠎ᠠ᠎ᠳᠤ ᠣᠷᠣᠯᠴᠠᠬᠤ᠂ ᠪᠠᠢᠴᠠᠭᠠᠨ ᠰᠤᠳᠤᠯᠤᠯᠲᠠ ᠬᠢᠬᠦ᠂ ᠰᠤᠷᠪᠤᠯᠵᠢᠯᠠᠬᠤ᠂ ᠶᠠᠷᠢᠯᠴᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠣᠯᠠᠨ ᠲᠦᠮᠡᠨ᠎ᠤ ᠰᠠᠨᠠᠯ ᠰᠠᠨᠠᠭᠤᠯᠭ᠎ᠠ᠎ᠶ᠋ᠢ ᠪᠠᠢᠩᠭᠤ ᠰᠣᠨᠣᠰᠭᠤ ᠪᠠ ᠲᠤᠰᠭᠠᠬᠤ᠎ᠶ᠋ᠢ ᠳᠡᠮᠵᠢᠵᠦ᠍᠂ ᠲᠦᠷᠢᠮ ᠲᠣᠭ᠍ᠲᠠᠭᠠᠯ᠂ ᠬᠠᠤᠯᠢ ᠴᠠᠭᠠᠵᠠ᠎ᠶ᠋ᠢᠨ ᠲᠠᠯ᠎ᠠ᠎ᠠᠴᠠ ᠠᠰᠠᠭᠤᠳᠠᠯ᠎ᠢ ᠱᠢᠢᠳᠪᠦᠷᠢᠯᠡᠬᠦ᠌ ᠠᠷᠭ᠎ᠠ ᠪᠤᠳᠤᠯᠭ᠎ᠠ ᠰᠠᠨᠠᠭᠤᠯᠭ᠎ᠠ᠎ᠶ᠋ᠢ ᠪᠣᠳᠣᠯᠬᠢᠯᠠᠬᠤ᠎ᠶ᠋ᠢ ᠴᠢᠬᠤᠯᠠᠴᠢᠯᠠᠵᠤ᠂ ᠠᠷᠠᠳ᠎ᠤᠨ ᠰᠠᠨᠠᠭ᠎ᠠ ᠠᠷᠠᠳ᠎ᠤᠨ ᠤᠶᠤᠨ ᠤᠬᠠᠭᠠᠨ᠎ᠢ ᠬᠢᠨᠠᠨ ᠵᠦᠪᠯᠡᠬᠦ ᠶᠠᠷᠢᠶ᠎ᠠ ᠢᠯᠡᠳᠭᠡᠯ ᠪᠠ ᠰᠠᠨᠠᠯ ᠵᠥᠪᠯᠡᠯᠭᠡ ᠰᠠᠨᠠᠭᠤᠯᠭ᠎ᠠ ᠳᠤᠮᠳᠠ ᠢᠯᠡᠷᠡᠭᠦᠯᠪᠠ᠃
ᠲᠥᠯᠥᠭᠡᠯᠡᠭ᠌ᠴᠢᠳ᠎ᠲᠤ ᠦᠢᠯᠡᠴᠢᠯᠡᠬᠦ᠌ ᠪᠠ ᠪᠠᠲᠤᠯᠠᠭ᠎ᠠ ᠬᠠᠨᠭ᠌ᠭᠠᠬᠤ ᠠᠵᠢᠯ᠎ᠤᠨ ᠲᠦᠪᠱᠢᠨ᠎ᠢ ᠳᠡᠭᠡᠭ᠌ᠰᠢᠯᠡᠭᠦᠯᠪᠡ᠃ ᠲᠥᠯᠥᠭᠡᠯᠡᠭ᠌ᠴᠢᠳ᠎ᠤᠨ ᠰᠤᠷᠤᠯᠴᠠᠯᠭ᠎ᠠ ᠪᠣᠯᠪᠠᠰᠤᠷᠠᠭᠤᠯᠤᠯ᠎ᠢ ᠱᠢᠰᠲ᠋ᠧᠮᠵᠢᠭᠦᠯᠬᠦ᠂ ᠵᠢᠷᠤᠮᠵᠢᠭᠤᠯᠬᠤ᠂ ᠲᠤᠰᠭᠠᠢᠵᠢᠭᠤᠯᠬᠤ᠎ᠶ᠋ᠢ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠤᠳᠤᠮᠵᠢ᠎ᠶ᠋ᠢ ᠳᠣᠪᠤᠢᠯᠭᠠᠨ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠰᠠᠭᠤᠷᠢ ᠮᠡᠳᠡᠯᠭᠡ᠎ᠶ᠋ᠢ ᠴᠢᠩᠭᠠᠳᠭᠠᠵᠤ᠂ ᠰᠤᠷᠤᠯᠴᠠᠯᠭ᠎ᠠ᠎ᠶ᠋ᠢᠨ ᠥᠷᠭᠡᠴᠡ ᠪᠠ ᠭᠦᠨᠴᠡ᠎ᠶ᠋ᠢ ᠥᠷᠭᠡᠳᠭᠡᠪᠡ᠃ ᠲᠥᠯᠥᠭᠡᠯᠡᠭ᠌ᠴᠢᠳ᠎ᠤᠨ ᠲᠤᠰᠭᠠᠶ ᠰᠡᠳᠦᠪᠲᠦ ᠰᠤᠷᠤᠯᠴᠠᠬᠤ ᠠᠩᠭᠢ᠎ᠶ᠋ᠢ 5 ᠬᠤᠭᠤᠴᠠᠭ᠎ᠠ ᠡᠷᠬᠢᠯᠡᠵᠦ᠍᠂ ᠱᠢᠶᠠᠩᠭᠠᠩ᠂ ᠣᠣᠮᠧᠨ᠎ᠤ ᠲᠥᠯᠥᠭᠡᠯᠡᠭ᠌ᠴᠢᠳ᠎ᠲᠤ ᠲᠤᠰᠭᠠᠶ ᠰᠡᠳᠦᠪᠲᠦ ᠲᠠᠢᠯᠤᠮᠵᠢ ᠬᠢᠪᠡ᠃ ᠲᠥᠯᠥᠭᠡᠯᠡᠭ᠌ᠴᠢᠳ᠎ᠤᠨ ᠰᠤᠷᠤᠯᠴᠠᠯᠭ᠎ᠠ ᠪᠣᠯᠪᠠᠰᠤᠷᠠᠭᠤᠯᠤᠯ᠎ᠤᠨ ᠬᠢᠴᠢᠶᠡᠯ᠎ᠤᠨ ᠱᠢᠰᠲ᠋ᠧᠮ᠎ᠤᠨ ᠬᠥᠲᠥᠯᠪᠦᠷᠢ᠎ᠶ᠋ᠢ ᠰᠤᠳᠤᠯᠤᠨ ᠲᠣᠭ᠍ᠲᠠᠭᠠᠵᠤ᠂ ᠪᠠᠭ᠍ᠰᠢ᠎ᠶ᠋ᠢᠨ ᠬᠥᠮᠥᠷᠭᠡ᠎ᠶ᠋ᠢᠨ ᠪᠠᠢᠭᠤᠯᠤᠯᠲᠠ᠎ᠶ᠋ᠢ ᠠᠬᠢᠭᠤᠯᠪᠠ᠃ ᠲᠦᠯᠦᠭᠡᠯᠡᠭ᠌ᠴᠢᠳ᠎ᠲᠤ ᠦᠢᠯᠡᠴᠢᠯᠡᠬᠦ᠌ ᠪᠠ ᠪᠠᠲᠤᠯᠠᠭ᠎ᠠ ᠬᠠᠩᠭᠠᠬᠤ ᠠᠵᠢᠯ᠎ᠤᠨ ᠲᠤᠭ᠍ᠲᠠᠴᠠ᠎ᠶ᠋ᠢ ᠲᠡᠭᠦᠯᠳᠡᠷᠵᠢᠭᠦᠯᠵᠦ᠍᠂ ᠲᠥᠯᠥᠭᠡᠯᠡᠭ᠌ᠴᠢᠳ᠎ᠤᠨ ᠠᠵᠢᠯ᠎ᠤᠨ ᠮᠡᠳᠡᠭᠡ ᠵᠠᠩᠭᠢᠴᠢᠯᠠᠯᠲᠠ᠎ᠶ᠋ᠢᠨ ᠲᠠᠪᠴᠠᠩ᠎ᠤᠨ ᠴᠢᠳᠠᠮᠵᠢ᠎ᠶ᠋ᠢ ᠱᠢᠯᠢᠳᠡᠭ᠌ᠵᠢᠭᠦᠯᠦᠨ ᠳᠡᠰ ᠳᠡᠪᠱᠢᠭᠦᠯᠪᠡ᠃ ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠲᠤᠬᠠᠢ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠲᠥᠯᠥᠭᠡᠯᠡᠭ᠌ᠴᠢᠳ᠎ᠤᠨ ᠰᠦᠯᠵᠢᠶᠡᠨ᠎ᠤ ᠠᠵᠢᠯᠯᠠᠭ᠎ᠠ᠎ᠶ᠋ᠢ ᠵᠢᠷᠤᠮᠵᠢᠭᠤᠯᠪᠠ᠃
ᠲᠥᠯᠥᠭᠡᠯᠡᠭ᠌ᠴᠢ᠎ᠶ᠋ᠢᠨ ᠬᠢᠷᠢ ᠬᠡᠮ᠎ᠢ ᠬᠢᠨᠠᠨ ᠪᠠᠢᠴᠠᠭᠠᠬᠤ ᠠᠵᠢᠯ᠎ᠢ ᠰᠠᠢᠲᠤᠷ ᠬᠢᠪᠡ᠃ ᠲᠥᠯᠥᠭᠡᠯᠡᠭ᠌ᠴᠢ᠎ᠶ᠋ᠢᠨ ᠬᠢᠷᠢ ᠬᠡᠮ᠎ᠢ ᠬᠢᠨᠠᠨ ᠪᠠᠢᠴᠠᠭᠠᠬᠤ ᠵᠥᠪᠯᠡᠯ᠎ᠤᠨ ᠣᠨᠴᠠ ᠵᠠᠷᠢᠮ ᠲᠥᠯᠥᠭᠡᠯᠡᠭ᠌ᠴᠢ᠎ᠶ᠋ᠢᠨ ᠲᠥᠯᠥᠭᠡᠯᠡᠭ᠌ᠴᠢ᠎ᠶ᠋ᠢᠨ ᠬᠢᠷᠢ ᠬᠡᠮ᠎ᠤᠨ ᠲᠤᠬᠠᠶ 6 ᠮᠡᠳᠡᠭᠦᠯᠦᠯᠲᠡ᠎ᠶ᠋ᠢ ᠬᠢᠨᠠᠨ ᠵᠦᠪᠯᠡᠵᠦ ᠪᠠᠲᠤᠯᠠᠪᠠ᠂ ᠬᠠᠦᠯᠢ ᠶᠤᠰᠤᠭᠠᠷ 3 ᠲᠦᠯᠦᠭᠡᠯᠡᠭ᠌ᠴᠢ᠎ᠶ᠋ᠢ ᠨᠦᠬᠦᠨ ᠰᠤᠩᠭᠤᠵᠤ᠂ 30 ᠲᠥᠯᠥᠭᠡᠯᠡᠭ᠌ᠴᠢ᠎ᠶ᠋ᠢᠨ ᠬᠢᠷᠢ ᠬᠡᠮ᠎ᠢ ᠵᠣᠭᠰᠣᠭᠠᠪᠠ᠃ ᠣᠳᠣᠬᠠᠨ᠎ᠳᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠤᠳᠠᠳᠠᠢ ᠪᠠᠢᠬᠤ ᠲᠥᠯᠥᠭᠡᠯᠡᠭ᠌ᠴᠢ 2929 ᠬᠥᠮᠦᠨ ᠪᠠᠢᠨ᠎ᠠ᠃
ᠲᠠᠪᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ ᠬᠠᠷᠢᠯᠴᠠᠭ᠎ᠠ᠎ᠶ᠋ᠢ ᠢᠳᠡᠪᠬᠢᠲᠡᠶ ᠪᠥᠭᠡᠳ ᠪᠦᠲᠦᠮᠵᠢᠲᠡᠶ ᠥᠷᠨᠢᠭᠦᠯᠵᠦ᠍᠂ ᠤᠯᠤᠰ᠎ᠤᠨ ᠭᠠᠳᠠᠭᠠᠳᠤ ᠬᠠᠷᠢᠯᠴᠠᠭᠠᠨ᠎ᠤ ᠶᠡᠭᠡ ᠲᠠᠯ᠎ᠠ᠎ᠳᠤ ᠰᠠᠨᠠᠭᠠᠴᠢᠯᠠᠭ᠎ᠠ᠎ᠠᠴᠠ᠎ᠪᠠᠨ ᠦᠢᠯᠡᠴᠢᠯᠡᠪᠡ
ᠪᠠᠢᠩᠭᠤ᠎ᠶ᠋ᠢᠨ ᠬᠤᠷᠢᠶ᠎ᠠ ᠨᠠᠮ᠎ᠤᠨ ᠲᠥᠪ ᠬᠣᠷᠢᠶ᠎ᠠ ᠵᠢᠨ ᠭᠠᠳᠠᠭᠠᠳᠤ ᠬᠠᠷᠢᠯᠴᠠᠭᠠᠨ᠎ᠤ ᠦᠨᠳᠦᠰᠦᠨ ᠪᠣᠳᠣᠯᠭ᠎ᠠ ᠴᠢᠭ᠌ᠯᠡᠯᠲᠡ ᠪᠠ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ᠎ᠤᠨ ᠲᠡᠷᠢᠭᠦᠨ᠎ᠤ ᠭᠠᠳᠠᠭᠠᠳᠤ ᠬᠠᠷᠢᠯᠴᠠᠭᠠᠨ᠎ᠤ ᠦᠷ᠎ᠡ ᠪᠦᠲᠦᠭᠡᠯ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠪᠠᠷ ᠲᠡᠷᠢᠭᠦᠨ ᠴᠢᠬᠤᠯᠠ ᠡᠭᠦᠷᠭᠡ ᠪᠣᠯᠭᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠡᠭᠦᠷᠭᠡ ᠴᠢᠳᠠᠪᠤᠷᠢ ᠳᠤᠱᠢᠶᠠᠯ ᠬᠠᠷᠢᠭᠤᠴᠠᠯᠭ᠎ᠠ᠎ᠲᠠᠢ ᠤᠶᠠᠯᠳᠤᠭᠤᠯᠤᠨ᠂ ᠤᠯᠠᠨ ᠲᠡᠰ ᠳᠠᠪᠬᠤᠷᠭ᠎ᠠ ᠤᠯᠠᠨ ᠠᠷᠭ᠎ᠠ ᠵᠠᠮ ᠤᠯᠠᠨ ᠬᠦᠷᠢᠶᠡᠨ᠎ᠳᠠᠬᠢ ᠭᠠᠳᠠᠭᠠᠳᠤ᠎ᠯᠤᠭ᠎ᠠ᠎ᠶ᠋ᠢᠨ ᠰᠣᠯᠢᠯᠴᠠᠭ᠎ᠠ ᠶᠠᠪᠤᠯᠴᠠᠭ᠎ᠠ᠎ᠶ᠋ᠢ ᠴᠢᠩᠭᠠᠳᠭᠠᠪᠠ᠃ ᠨᠢᠭᠡ ᠵᠢᠯ᠎ᠤᠨ ᠲᠤᠷᠰᠢ᠂ ᠨᠡᠢᠲᠡ 71 ᠪᠦᠯᠬᠦᠮ ᠳᠤᠭᠤᠢᠯᠠᠩ ᠲᠣᠮᠢᠯᠠᠵᠤ 68 ᠤᠯᠤᠰ᠎ᠲᠤ ᠠᠢᠯᠴᠢᠯᠠᠯᠳᠠ ᠬᠢᠯᠭᠡᠭ᠌ᠰᠡᠨ ᠪᠤᠶᠤ ᠣᠯᠠᠨ ᠤᠯᠤᠰ᠎ᠤᠨ ᠬᠤᠷᠠᠯ᠎ᠳᠤ ᠣᠷᠣᠯᠴᠠᠭᠤᠯᠵᠤ᠂ ᠳᠤᠮᠳᠠᠳᠤ ᠤᠯᠤᠰ᠎ᠲᠤ ᠠᠢᠯᠴᠢᠯᠠᠵᠦ᠍ ᠢᠷᠡᠭ᠌ᠰᠡᠨ ᠪᠤᠶᠤ ᠰᠤᠳᠤᠯᠤᠨ ᠶᠠᠷᠢᠯᠴᠠᠬᠤ ᠠᠩᠭᠢ᠎ᠳᠤ ᠣᠷᠣᠯᠴᠠᠬᠤ ᠪᠠᠷ ᠢᠷᠡᠭ᠌ᠰᠡᠨ 86 ᠤᠯᠤᠰ᠎ᠤᠨ ᠲᠥᠯᠥᠭᠡᠯᠡᠭ᠌ᠴᠢᠳ᠎ᠤᠨ ᠪᠦᠯᠬᠦᠮ᠎ᠢ ᠬᠦᠯᠢᠶᠡᠨ ᠠᠪᠴᠤ᠌᠂ ᠬᠠᠤᠯᠢ ᠲᠣᠭ᠍ᠲᠠᠭᠠᠬᠤ ᠪᠠᠢᠭᠤᠯᠤᠮᠵᠢ᠎ᠶ᠋ᠢᠨ 6 ᠵᠦᠢᠯ᠎ᠤᠨ ᠬᠠᠮᠲᠤᠷᠠᠯᠴᠠᠭᠠᠨ᠎ᠤ ᠬᠡᠯᠡᠯᠴᠡᠭᠡᠷ᠎ᠲᠤ ᠭᠠᠷᠤᠨ ᠦᠰᠦᠭ ᠵᠢᠷᠤᠪᠠ᠃
ᠬᠤᠶᠠᠷ ᠲᠠᠯ᠎ᠠ᠎ᠳᠤ ᠶᠠᠪᠤᠯᠴᠠᠭ᠎ᠠ᠎ᠶ᠋ᠢ ᠭᠦᠨᠵᠡᠭᠡᠢᠷᠡᠭᠦᠯᠦᠨ ᠥᠷᠭᠡᠳᠭᠡᠪᠠ᠃ ᠬᠤᠷᠢᠶᠠᠨ ᠳᠠᠷᠤᠭ᠎ᠠ ᠨᠠᠷ᠎ᠤᠨ ᠬᠣᠷᠠᠯ ᠤᠨ ᠪᠦᠷᠢᠯᠳᠦᠬᠦᠨ ᠪᠦᠯᠬᠦᠮ ᠳᠠᠭᠠᠭᠤᠯᠤᠨ 32 ᠤᠯᠤᠰ᠎ᠲᠤ ᠠᠢᠯᠴᠢᠯᠠᠵᠤ᠂ ᠤᠯᠤᠰ᠎ᠤᠨ ᠳᠣᠲᠣᠭᠠᠳᠤ᠎ᠶ᠋ᠢᠨ 249 ᠲᠠᠯᠠᠪᠤᠷ ᠤᠳᠠᠭ᠎ᠠ᠎ᠶ᠋ᠢᠨ ᠭᠠᠳᠠᠭᠠᠳᠤ ᠶᠠᠪᠤᠳᠠᠯ᠎ᠤᠨ ᠠᠵᠢᠯᠯᠠᠭ᠎ᠠ᠎ᠳᠤ ᠣᠷᠣᠯᠴᠠᠪᠠ᠃ ᠲᠤᠰᠭᠠᠶ ᠵᠥᠪᠯᠡᠯ᠂ ᠨᠥᠬᠦᠷᠰᠡᠭ ᠳᠤᠭᠤᠢᠯᠠᠩ᠂ ᠠᠵᠢᠯ᠎ᠤᠨ ᠪᠠᠢᠭᠤᠯᠤᠮᠵᠢ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ ᠪᠠ ᠵᠥᠪᠯᠡᠯᠭᠡᠨ᠎ᠤ ᠭᠡᠱᠢᠭᠦᠳ᠎ᠤᠨ ᠬᠤᠭᠤᠷᠣᠨᠳᠣᠬᠢ ᠠᠵᠢᠯ ᠲᠦᠷᠦᠯ᠎ᠤᠨ ᠱᠢᠰᠲ᠋ᠧᠮ᠎ᠤᠨ ᠰᠣᠯᠢᠯᠴᠠᠭ᠎ᠠ᠎ᠶ᠋ᠢ ᠢᠳᠡᠪᠬᠢᠲᠡᠶ ᠥᠷᠨᠢᠭᠦᠯᠪᠠ᠃ ᠳᠤᠮᠳᠠᠳᠤ ᠣᠷᠣᠰ᠎ᠤᠨ ᠵᠥᠪᠯᠡᠯᠭᠡᠨ᠎ᠤ ᠬᠤᠷᠠᠯ᠎ᠤᠨ ᠬᠠᠮᠲᠤᠷᠠᠯᠴᠠᠭᠠᠨ᠎ᠤ ᠵᠥᠪᠯᠡᠯ᠎ᠤᠨ ᠶᠢᠰᠦᠳᠦᠭᠡᠷ ᠤᠳᠠᠭᠠᠨ᠎ᠤ ᠬᠣᠷᠠᠯ ᠪᠣᠯᠤᠨ ᠬᠠᠮᠲᠤᠷᠠᠭ᠍ᠰᠠᠨ ᠠᠵᠢᠯᠯᠠᠬᠤ ᠳᠤᠭᠤᠢᠯᠠᠩ᠎ᠤᠨ ᠬᠣᠷᠠᠯ ᠢ ᠬᠤᠷᠠᠯᠳᠤᠭᠤᠯᠵᠤ᠂ ᠠᠮᠧᠷᠢᠺᠠ᠎ᠶ᠋ᠢᠨ ᠤᠯᠤᠰ᠎ᠤᠨ ᠬᠤᠷᠠᠯ᠎ᠲᠠᠢ ᠬᠠᠷᠢᠯᠴᠠᠵᠤ ᠶᠠᠷᠢᠯᠴᠠᠭ᠎ᠠ ᠬᠢᠬᠦ᠌ ᠪᠠᠨ ᠪᠠᠲᠤᠯᠠᠵᠤ᠂ ᠧᠦ᠋ᠷᠣᠫᠠ᠎ᠶ᠋ᠢᠨ ᠤᠯᠤᠰ᠎ᠤᠳ᠎ᠤᠨ ᠵᠥᠪᠯᠡᠯᠭᠡᠨ᠎ᠤ ᠬᠤᠷᠠᠯ ᠪᠣᠯᠤᠨ ᠧᠦ᠋ᠷᠣᠫᠠ᠎ᠶ᠋ᠢᠨ ᠵᠥᠪᠯᠡᠯᠭᠡᠨ᠎ᠤ ᠬᠤᠷᠠᠯ᠎ᠯᠤᠭ᠎ᠠ᠎ᠶ᠋ᠢᠨ ᠨᠡᠪᠲᠡᠷᠡᠯᠴᠡᠭᠡ ᠰᠣᠯᠢᠯᠴᠠᠭ᠎ᠠ᠎ᠪᠠᠨ ᠴᠢᠩᠭᠠᠳᠭᠠᠵᠤ᠂ ᠡᠷᠭᠢᠨ ᠲᠣᠭᠤᠷᠢᠨ᠎ᠤ ᠤᠯᠤᠰ᠎ᠤᠳ᠂ ᠬᠥᠭ᠌ᠵᠢᠵᠦ᠍ ᠪᠠᠢᠭ᠎ᠠ ᠤᠯᠤᠰ᠎ᠤᠳ᠎ᠤᠨ ᠵᠥᠪᠯᠡᠯᠭᠡᠨ᠎ᠤ ᠬᠤᠷᠠᠯ᠎ᠯᠤᠭ᠎ᠠ᠎ᠶ᠋ᠢᠨ ᠨᠥᠬᠦᠷᠰᠡᠭ ᠬᠠᠮᠲᠤᠷᠠᠯᠴᠠᠭᠠᠨ᠎ᠤ ᠬᠠᠷᠢᠴᠠᠭ᠎ᠠ᠎ᠪᠠᠨ ᠪᠠᠬᠢᠵᠢᠭᠦᠯᠵᠦ᠍᠂ ᠤᠯᠤᠰ ᠲᠥᠷᠥ᠎ᠶ᠋ᠢᠨ ᠢᠲᠡᠭᠡᠯᠴᠡᠭᠡ ᠣᠢᠯᠠᠭᠠᠯᠴᠠᠭ᠎ᠠ ᠪᠠᠨ ᠨᠡᠮᠡᠭ᠌ᠳᠡᠭᠦᠯᠵᠦ᠍᠂ ᠬᠤᠶᠠᠷ ᠲᠠᠯ᠎ᠠ᠎ᠶ᠋ᠢᠨ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠳᠤ ᠬᠠᠤᠯᠢ ᠴᠠᠭᠠᠵᠠ᠎ᠶ᠋ᠢᠨ ᠪᠠᠲᠤᠯᠠᠭ᠎ᠠ ᠬᠠᠨᠭ᠌ᠭᠠᠵᠤ᠂ ᠬᠠᠤᠯᠢ ᠲᠣᠭ᠍ᠲᠠᠭᠠᠬᠤ ᠪᠠᠢᠭᠤᠯᠤᠮᠵᠢ᠎ᠶ᠋ᠢᠨ ᠲᠠᠯ᠎ᠠ᠎ᠠᠴᠠ ᠤᠯᠤᠰ᠎ᠤᠨ ᠬᠠᠷᠢᠴᠠᠭᠠᠨ᠎ᠤ ᠬᠥᠭ᠌ᠵᠢᠯᠲᠡ᠎ᠶ᠋ᠢ ᠠᠬᠢᠭᠤᠯᠪᠠ᠃
ᠤᠯᠠᠨ ᠲᠠᠯᠠᠲᠤ ᠬᠠᠮᠲᠤᠷᠠᠯᠴᠠᠭ᠎ᠠ᠎ᠳᠤ ᠭᠦᠨᠵᠡᠭᠡᠶ ᠣᠷᠣᠯᠴᠠᠪᠠ᠃ ᠳᠤᠮᠳᠠᠳᠤ ᠤᠯᠤᠰ᠎ᠤᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠡᠯ᠎ᠡ ᠤᠯᠤᠰ᠎ᠤᠨ ᠵᠥᠪᠯᠡᠯᠭᠡᠨ᠎ᠤ ᠬᠤᠷᠠᠯ᠎ᠤᠨ ᠬᠤᠯᠪᠤᠭᠠᠨ᠎ᠳᠤ ᠣᠷᠣᠯᠴᠠᠭ᠍ᠰᠠᠨ 40 ᠵᠢᠯ᠎ᠤᠨ ᠣᠶ᠎ᠶ᠋ᠢ ᠳᠤᠷᠠᠰᠭᠠᠬᠤ ᠠᠵᠢᠯᠯᠠᠭ᠎ᠠ ᠵᠢᠴᠢ ᠵᠢᠷᠭᠤᠳᠤᠭᠠᠷ ᠤᠳᠠᠭᠠᠨ᠎ᠤ ᠬᠥᠭ᠌ᠵᠢᠵᠦ᠍ ᠪᠠᠢᠭ᠎ᠠ ᠤᠯᠤᠰ᠎ᠤᠳ᠎ᠤᠨ ᠵᠥᠪᠯᠡᠯᠭᠡᠨ᠎ᠤ ᠭᠡᠱᠢᠭᠦᠨ᠎ᠤ ᠰᠤᠳᠤᠯᠤᠨ ᠶᠠᠷᠢᠯᠴᠠᠬᠤ ᠠᠩᠭᠢ᠎ᠶ᠋ᠢ ᠠᠮᠵᠢᠯᠲᠠ᠎ᠲᠠᠢ ᠡᠷᠬᠢᠯᠡᠵᠤ᠂ ᠵᠥᠪᠯᠡᠯᠭᠡᠨ᠎ᠤ ᠬᠤᠷᠠᠯ᠎ᠤᠨ ᠬᠤᠯᠪᠤᠭᠠᠨ᠎ᠤ ᠲᠡᠷᠢᠭᠦᠯᠡᠭ᠌ᠴᠢ᠂ ᠨᠠᠷᠢᠨ ᠪᠢᠴᠢᠭ᠎ᠤᠨ ᠳᠠᠷᠤᠭ᠎ᠠ ᠪᠣᠯᠤᠨ 32 ᠬᠥᠭ᠌ᠵᠢᠵᠦ᠍ ᠪᠠᠢᠭ᠎ᠠ ᠤᠯᠤᠰ᠎ᠤᠨ 145 ᠲᠥᠯᠥᠭᠡᠯᠡᠭ᠌ᠴᠢ ᠣᠷᠣᠯᠴᠠᠨ᠂ ᠲᠤᠷᠱᠢᠯᠭ᠎ᠠ᠎ᠪᠠᠨ ᠰᠣᠯᠢᠯᠴᠠᠵᠤ᠂ ᠨᠥᠬᠦᠷᠯᠡᠯ᠎ᠢᠶᠠᠨ ᠵᠤᠵᠠᠭᠠᠳᠭᠠᠵᠤ᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠬᠥᠭ᠌ᠵᠢᠵᠦ᠍ ᠪᠠᠢᠭ᠎ᠠ ᠤᠯᠤᠰ᠎ᠤᠳ᠎ᠤᠨ ᠡᠩᠭᠡ ᠲᠠᠢᠪᠤᠩ᠎ᠢ ᠬᠥᠰᠡᠬᠦ᠂ ᠬᠥᠭ᠌ᠵᠢᠭᠦᠯᠬᠦ᠌᠎ᠪᠠᠷ ᠴᠢᠷᠮᠠᠢᠬᠤ ᠬᠠᠮᠲᠤ᠎ᠶ᠋ᠢᠨ ᠲᠠᠭᠤᠨ᠎ᠢ ᠳᠠᠮᠵᠢᠭᠤᠯᠪᠠ᠃ ᠪᠦᠯᠬᠦᠮ ᠲᠣᠮᠢᠯᠠᠨ ᠠᠯᠳᠠᠨ ᠳᠣᠭᠣᠰᠬᠠ ᠤᠯᠤᠰ᠎ᠤᠳ᠎ᠤᠨ ᠵᠥᠪᠯᠡᠯᠭᠡᠨ᠎ᠤ ᠬᠤᠷᠠᠯ᠎ᠤᠨ ᠶᠠᠷᠢᠯᠴᠠᠭᠠᠨ᠎ᠤ ᠲᠠᠪᠴᠠᠩ᠂ ᠡᠯ᠎ᠡ ᠤᠯᠤᠰ᠎ᠤᠨ ᠵᠥᠪᠯᠡᠯᠭᠡᠨ᠎ᠤ ᠬᠤᠷᠠᠯ᠎ᠤᠨ ᠬᠤᠯᠪᠣᠭᠠᠨ᠎ᠤ ᠶᠡᠭᠡ ᠬᠤᠷᠠᠯ᠂ ᠬᠤᠷᠢᠨ ᠤᠯᠤᠰ᠎ᠤᠨ ᠪᠦᠯᠦᠭ᠌ᠯᠡᠯ᠎ᠤᠨ ᠵᠥᠪᠯᠡᠯᠭᠡᠨ᠎ᠤ ᠬᠤᠷᠠᠯ᠎ᠤᠨ ᠳᠠᠷᠤᠭ᠎ᠠ ᠨᠠᠷ᠎ᠤᠨ ᠬᠣᠷᠠᠯ᠂ ᠠᠽᠢᠶ᠎ᠠ ᠲᠢᠪ᠎ᠤᠨ ᠵᠥᠪᠯᠡᠯᠭᠡᠨ᠎ᠤ ᠬᠤᠷᠠᠯ᠎ᠤᠨ ᠶᠡᠭᠡ ᠬᠤᠷᠠᠯ ᠪᠠ ᠵᠢᠷᠭᠤᠳᠤᠭᠠᠷ ᠤᠳᠠᠭᠠᠨ᠎ᠤ ᠳᠡᠯᠡᠬᠡᠢ᠎ᠶ᠋ᠢᠨ ᠵᠦᠪᠯᠡᠯᠭᠡᠨ᠎ᠤ ᠬᠤᠷᠠᠯ᠎ᠤᠨ ᠳᠠᠷᠤᠭ᠎ᠠ ᠨᠠᠷ᠎ᠤᠨ ᠬᠣᠷᠠᠯ᠎ᠤᠨ ᠪᠡᠯᠡᠳᠭᠡᠯ ᠵᠦᠪᠯᠡᠯ᠎ᠤᠨ ᠬᠣᠷᠠᠯ ᠵᠡᠷᠭᠡ ᠣᠯᠠᠨ ᠲᠠᠯᠠᠲᠤ ᠠᠵᠢᠯᠯᠠᠭ᠎ᠠ᠎ᠳᠤ ᠣᠷᠣᠯᠴᠠᠭᠤᠯᠵᠤ᠂ ᠠᠵᠢᠭ᠍ᠯᠠᠭ᠍ᠴᠢ᠎ᠶ᠋ᠢᠨ ᠬᠤᠪᠢ᠎ᠪᠠᠷ ᠯᠠᠲ᠋ᠢᠨ ᠠᠮᠧᠷᠢᠺᠠ᠎ᠶ᠋ᠢᠨ ᠵᠥᠪᠯᠡᠯᠭᠡᠨ᠎ᠤ ᠬᠤᠷᠠᠯ᠂ ᠳᠤᠮᠳᠠᠳᠤ ᠠᠮᠧᠷᠢᠺᠠ ᠲᠢᠪ᠎ᠤᠨ ᠵᠥᠪᠯᠡᠯᠭᠡᠨ᠎ᠤ ᠬᠤᠷᠠᠯ᠂ ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠤᠯᠪᠣᠭ᠎ᠠ᠎ᠶ᠋ᠢᠨ ᠡᠯ᠎ᠡ ᠤᠯᠤᠰ᠎ᠤᠨ ᠵᠥᠪᠯᠡᠯᠭᠡᠨ᠎ᠤ ᠬᠤᠷᠠᠯ᠎ᠤᠨ ᠬᠤᠭᠤᠷᠤᠨᠳᠤᠬᠢ ᠶᠡᠭᠡ ᠬᠤᠷᠠᠯ᠎ᠤᠨ ᠬᠤᠯᠪᠣᠭ᠍ᠳᠠᠯ ᠪᠦᠬᠦᠢ ᠬᠣᠷᠠᠯ ᠳᠤ ᠣᠷᠣᠯᠴᠠᠪᠠ᠃ 《ᠠᠯᠳᠠᠨ ᠳᠣᠭᠣᠰᠬᠠ +》᠎ᠶ᠋ᠢᠨ ᠬᠠᠮᠲᠤᠷᠠᠯᠴᠠᠭ᠎ᠠ᠂ ᠪᠦᠬᠦ᠌ ᠪᠥᠮᠪᠥᠷᠴᠡᠭ᠎ᠤᠨ ᠬᠥᠭ᠌ᠵᠢᠵᠦ᠍ ᠪᠠᠢᠭ᠎ᠠ ᠤᠯᠤᠰ᠎ᠤᠳ ᠪᠦᠯᠬᠦᠮᠳᠡᠨ ᠥᠪᠡᠷ᠎ᠢ᠎ᠪᠠᠨ ᠬᠦᠴᠦᠷᠬᠡᠭ᠌ᠵᠢᠭᠦᠯᠬᠦ᠌ ᠵᠡᠷᠭᠡ᠎ᠶ᠋ᠢᠨ ᠲᠣᠭᠤᠷᠢᠨ᠎ᠳᠤ ᠡᠯ᠎ᠡ ᠤᠯᠤᠰ᠎ᠤᠨ ᠬᠠᠤᠯᠢ ᠲᠣᠭ᠍ᠲᠠᠭᠠᠬᠤ ᠪᠠᠢᠭᠤᠯᠤᠮᠵᠢ᠎ᠶ᠋ᠢᠨ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ᠎ᠶ᠋ᠢ ᠠᠬᠢᠭᠤᠯᠪᠠ᠃
ᠭᠠᠳᠠᠭᠠᠳᠤ᠎ᠳᠤ ᠤᠬᠠᠭᠤᠯᠤᠨ ᠲᠠᠨᠢᠯᠴᠠᠭᠤᠯᠬᠤ᠎ᠶ᠋ᠢ ᠰᠠᠨᠠᠭᠠᠴᠢᠯᠠᠭ᠎ᠠ᠎ᠠᠴᠠ᠎ᠪᠠᠨ ᠴᠢᠩᠭᠠᠳᠭᠠᠪᠠ᠃ ᠰᠢ᠎ᠶ᠋ᠢᠨ ᠫᠢᠩ᠎ᠤᠨ ᠭᠠᠳᠠᠭᠠᠳᠤ ᠬᠠᠷᠢᠯᠴᠠᠭᠠᠨ᠎ᠤ ᠦᠵᠡᠯ ᠰᠠᠨᠠᠭ᠎ᠠ᠎ᠶ᠋ᠢ ᠢᠳᠡᠪᠬᠢᠲᠡᠢ ᠦᠢᠯᠡᠳᠦᠯᠭᠡᠵᠢᠭᠦᠯᠦᠨ ᠲᠠᠢᠯᠪᠤᠷᠢᠯᠠᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠂ 《ᠪᠥᠬᠦ᠌ ᠪᠥᠮᠪᠥᠷᠴᠡᠭ᠎ᠤᠨ ᠭᠤᠷᠪᠠᠨ ᠶᠡᠭᠡ ᠰᠠᠨᠠᠭᠠᠴᠢᠯᠠᠭ᠎ᠠ》᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠂ 《ᠨᠢᠭᠡ ᠤᠯᠤᠰ᠎ᠲᠤ ᠬᠤᠶᠠᠷ ᠪᠠᠢᠭᠤᠯᠤᠯ᠎ᠢ ᠬᠡᠷᠡᠭ᠌ᠵᠢᠭᠦᠯᠬᠦ᠌》 ᠵᠡᠷᠭᠡ ᠤᠢᠯᠠᠭᠠᠭ᠍ᠳᠠᠬᠤᠨ ᠵᠣᠷᠢᠯᠲᠠ ᠪᠠ ᠠᠮᠵᠢᠯᠲᠠ᠎ᠲᠠᠢ ᠦᠢᠯᠡᠳᠦᠯᠭᠡ᠎ᠶ᠋ᠢ ᠤᠬᠠᠭᠤᠯᠤᠨ ᠲᠠᠨᠢᠯᠴᠠᠭᠤᠯᠵᠤ᠂ ᠱᠢᠨ᠎ᠡ ᠳᠤᠮᠳᠠᠳᠤ ᠤᠯᠤᠰ᠎ᠤᠨ 75 ᠵᠢᠯ᠎ᠤᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠪᠠ ᠪᠥᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠳᠠᠪᠠᠭᠤᠯᠢᠭ ᠦᠢᠯᠡᠳᠦᠯ᠎ᠢ ᠬᠠᠷᠠᠭᠤᠯᠪᠠ᠃ ᠠᠽᠢᠶ᠎ᠠ ᠠᠹᠷᠢᠺᠠ ᠯᠠᠲ᠋ᠢᠨ ᠠᠮᠧᠷᠢᠺᠠ᠎ᠶ᠋ᠢᠨ ᠭᠠᠵᠠᠷ ᠣᠷᠣᠨ ᠪᠠ ᠨᠣᠮᠣᠬᠠᠨ ᠳᠠᠯᠠᠢ᠎ᠶ᠋ᠢᠨ ᠠᠷᠠᠯᠲᠤ ᠤᠯᠤᠰ᠎ᠤᠳ᠎ᠢ ᠬᠠᠮᠤᠷᠤᠭ᠍ᠰᠠᠨ 6 ᠬᠤᠭᠤᠴᠠᠭᠠᠨ᠎ᠤ ᠭᠠᠳᠠᠭᠠᠳᠤ᠎ᠳᠤ ᠬᠤᠯᠪᠣᠭ᠍ᠳᠠᠬᠤ ᠰᠤᠳᠤᠯᠤᠨ ᠶᠠᠷᠢᠯᠴᠠᠬᠤ ᠠᠩᠭᠢ᠎ᠶ᠋ᠢ ᠡᠷᠬᠢᠯᠡᠵᠦ᠍᠂ 60 ᠤᠯᠤᠰ᠎ᠤᠨ 283 ᠵᠥᠪᠯᠡᠯᠭᠡᠨ᠎ᠤ ᠭᠡᠱᠢᠭᠦᠨ ᠪᠣᠯᠤᠨ ᠵᠥᠪᠯᠡᠯᠭᠡᠨ᠎ᠤ ᠬᠤᠷᠠᠯ᠎ᠤᠨ ᠲᠤᠱᠢᠶᠠᠯᠲᠠᠨ ᠳᠤᠮᠳᠠᠳᠤ ᠤᠯᠤᠰ᠎ᠲᠤ ᠲᠤᠭᠤᠷᠢᠨ ᠠᠢᠯᠴᠢᠯᠠᠵᠤ ᠰᠣᠯᠢᠯᠴᠠᠭ᠎ᠠ ᠬᠢᠪᠠ᠃ ᠠᠢᠯᠴᠢᠯᠠᠵᠤ ᠢᠷᠡᠭ᠌ᠰᠡᠨ ᠪᠦᠯᠬᠦᠮ ᠳᠤᠭᠤᠢᠯᠠᠩ ᠪᠠ ᠳᠤᠮᠳᠠᠳᠤ ᠤᠯᠤᠰ᠎ᠲᠤ ᠰᠠᠭᠤᠭ᠎ᠠ ᠡᠯᠴᠢᠨ ᠰᠠᠢᠳ᠎ᠲᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠦᠬᠡ᠎ᠶ᠋ᠢᠨ ᠦᠵᠡᠰᠭᠦᠯᠡᠩ᠎ᠤᠨ ᠣᠷᠳᠣᠨ᠎ᠢ ᠲᠣᠭᠤᠷᠢᠨ ᠦᠵᠡᠭᠦ᠌᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠭᠡᠷ ᠥᠷᠲᠡᠭᠡ ᠪᠠ ᠦᠨᠳᠦᠰᠦᠨ ᠱᠠᠲᠤᠨ᠎ᠳᠠᠬᠢ ᠬᠠᠷᠢᠯᠴᠠᠬᠤ ᠴᠡᠭ᠎ᠢ ᠱᠢᠨᠵᠢᠯᠡᠨ ᠪᠠᠢᠴᠠᠭᠠᠬᠤ᠂ ᠣᠷᠣᠨ ᠨᠤᠲᠤᠭ᠎ᠲᠤ ᠬᠦᠷᠴᠦ᠍ ᠲᠤᠬᠠᠢ᠎ᠶ᠋ᠢᠨ ᠭᠠᠵᠠᠷ᠎ᠲᠤᠨᠢ ᠲᠤᠭᠤᠷᠢᠨ ᠠᠢᠯᠴᠢᠯᠠᠬᠤ ᠵᠡᠷᠭᠡ ᠠᠵᠢᠯᠯᠠᠭ᠎ᠠ᠎ᠶ᠋ᠢ ᠲᠣᠬᠢᠷᠠᠭᠤᠯᠵᠤ᠂ ᠦᠨᠡᠨ ᠪᠣᠳᠠᠲᠠᠢ ᠰᠠᠢᠨ ᠰᠠᠢᠬᠠᠨ᠂ ᠬᠦᠨᠳᠦᠳᠭᠡᠭᠦᠱᠢᠳᠡᠢ ᠬᠠᠢᠷᠠᠯᠠᠭᠤᠱᠢᠳᠠᠢ ᠳᠤᠮᠳᠠᠳᠤ ᠤᠯᠤᠰ᠎ᠢ ᠪᠡᠶ᠎ᠡ᠎ᠪᠠᠷ᠎ᠨᠢ ᠮᠡᠳᠡᠷᠡᠭᠦᠯᠪᠡ᠃ ᠣᠨᠴᠠ ᠵᠠᠷᠢᠮ ᠤᠯᠤᠰ᠎ᠤᠨ ᠵᠥᠪᠯᠡᠯᠭᠡᠨ᠎ᠤ ᠬᠤᠷᠠᠯ᠎ᠤᠨ ᠳᠤᠮᠳᠠᠳᠤ ᠤᠯᠤᠰ᠎ᠲᠤ ᠬᠤᠯᠪᠣᠭ᠍ᠳᠠᠬᠤ ᠭᠤᠣᠯᠯᠠᠬᠤ ᠠᠱᠢᠭ ᠲᠤᠰᠠ᠎ᠶ᠋ᠢᠨ ᠠᠰᠠᠭᠤᠳᠠᠯ᠎ᠤᠨ ᠲᠠᠯ᠎ᠠ᠎ᠪᠠᠷ᠎ᠬᠢ ᠪᠤᠷᠤᠭᠤ ᠦᠢᠯᠡ ᠠᠵᠢᠯᠯᠠᠭ᠎ᠠ᠎ᠳᠤ ᠴᠢᠭ᠌ᠯᠡᠭᠦᠯᠦᠨ᠂ ᠲᠥᠪ ᠴᠢᠩᠭ᠎ᠠ᠎ᠪᠠᠷ ᠦᠵᠡᠯ ᠪᠤᠳᠤᠯ᠎ᠢᠶᠠᠨ ᠢᠯᠡᠳᠭᠡᠵᠦ᠍᠂ ᠡᠷᠡᠰ ᠨᠢᠴᠤᠭᠠᠵᠤ᠂ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠬᠠᠮᠠᠭᠠᠯᠠᠪᠠ᠃
ᠵᠢᠷᠭᠤᠭ᠎ᠠ᠂ ᠪᠠᠢᠩᠭᠤ᠎ᠶ᠋ᠢᠨ ᠬᠣᠷᠢᠶ᠎ᠠ ᠵᠢᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ ᠪᠠ ᠬᠢᠷᠢ ᠬᠡᠮᠵᠢᠶ᠎ᠡ᠎ᠪᠠᠨ ᠳᠡᠭᠡᠭ᠌ᠰᠢᠯᠡᠭᠦᠯᠪᠠ
ᠪᠠᠢᠩᠭᠤ᠎ᠶ᠋ᠢᠨ ᠬᠤᠷᠢᠶ᠎ᠠ 《ᠳᠥᠷᠪᠡᠨ ᠪᠠᠢᠭᠤᠯᠭ᠎ᠠ》᠎ᠶ᠋ᠢᠨ ᠪᠠᠢᠷᠢ ᠲᠣᠭ᠍ᠲᠠᠭᠠᠯᠳᠠ᠎ᠶ᠋ᠢᠨ ᠱᠠᠭᠠᠷᠳᠠᠯᠭ᠎ᠠ ᠶᠣᠰᠣᠭᠠᠷ᠂ ᠤᠯᠤᠰ ᠲᠦᠷᠦ᠍᠎ᠶ᠋ᠢᠨ ᠪᠠᠢᠭᠤᠯᠤᠯᠲᠠ᠂ ᠦᠵᠡᠯ ᠰᠠᠨᠠᠭᠠᠨ᠎ᠤ ᠪᠠᠢᠭᠤᠯᠤᠯᠲᠠ᠂ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠯᠲᠠ᠂ ᠰᠤᠷᠲᠠᠯ᠎ᠤᠨ ᠪᠠᠢᠭᠤᠯᠤᠯᠲᠠ᠂ ᠰᠠᠬᠢᠯᠭ᠎ᠠ ᠪᠠᠲᠤ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠴᠡᠪᠡᠷ ᠠᠷᠢᠭᠤᠨ ᠲᠥᠪ ᠴᠢᠭᠡᠴᠢ᠂ ᠠᠵᠢᠯ ᠬᠢᠵᠦ᠍ ᠦᠢᠯᠡᠰ ᠴᠣᠭ᠍ᠴᠠᠯᠠᠬᠤ ᠰᠠᠢᠨ ᠰᠠᠢᠬᠠᠨ ᠤᠯᠤᠰ ᠲᠦᠷᠦ᠍᠎ᠶ᠋ᠢᠨ ᠠᠭᠤᠷ ᠠᠮᠢᠰᠭᠤᠯ᠎ᠢ ᠪᠤᠢ ᠪᠣᠯᠭᠠᠨ ᠬᠠᠮᠠᠭᠠᠯᠠᠪᠠ᠃
ᠦᠵᠡᠯ ᠰᠠᠨᠠᠭ᠎ᠠ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠴᠢᠩᠭᠠᠳᠭᠠᠪᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠨᠠᠮ ᠪᠣᠯᠤᠨ ᠤᠯᠤᠰ᠎ᠤᠨ ᠠᠵᠢᠯ᠎ᠤᠨ ᠶᠡᠭᠡ ᠲᠠᠯ᠎ᠠ᠎ᠲᠠᠢ ᠨᠢᠭ᠍ᠲᠠ ᠤᠶᠠᠯᠳᠤᠭᠤᠯᠤᠨ ᠡᠯ᠎ᠡ ᠵᠦᠢᠯ᠎ᠤᠨ ᠠᠵᠢᠯ᠎ᠢ ᠲᠥᠯᠥᠪᠵᠢᠭᠦᠯᠦᠨ ᠠᠬᠢᠭᠤᠯᠪᠠ᠃ ᠨᠠᠮ᠎ᠤᠨ ᠰᠠᠬᠢᠯᠭ᠎ᠠ ᠪᠠᠲᠤ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠰᠠᠬᠢᠯᠭ᠎ᠠ ᠪᠠᠳᠤ᠎ᠶ᠋ᠢ ᠰᠤᠷᠤᠯᠴᠠᠬᠤ᠂ ᠰᠠᠬᠢᠯᠭ᠎ᠠ ᠪᠠᠲᠤ᠎ᠶ᠋ᠢ ᠮᠡᠳᠡᠬᠦ᠂ ᠰᠠᠬᠢᠯᠭ᠎ᠠ ᠪᠠᠲᠤ᠎ᠶ᠋ᠢ ᠤᠢᠯᠠᠭᠠᠬᠤ᠂ ᠰᠠᠬᠢᠯᠭ᠎ᠠ ᠪᠠᠲᠤ᠎ᠶ᠋ᠢ ᠰᠠᠬᠢᠬᠤ᠎ᠶ᠋ᠢ ᠪᠡᠶᠡᠯᠡᠭᠦᠯᠪᠡ᠃ ᠪᠠᠢᠩᠭᠤ᠎ᠶ᠋ᠢᠨ ᠬᠣᠷᠢᠶ᠎ᠠ ᠵᠢᠨ ᠲᠤᠰᠭᠠᠶ ᠰᠡᠳᠦᠪᠲᠦ ᠲᠠᠢᠯᠤᠮᠵᠢ᠎ᠶ᠋ᠢ 6 ᠤᠳᠠᠭ᠎ᠠ ᠡᠷᠬᠢᠯᠡᠵᠤ᠂ ᠪᠠᠢᠩᠭᠤ᠎ᠶ᠋ᠢᠨ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ 6 ᠤᠳᠠᠭ᠎ᠠ ᠬᠠᠮᠲᠤ᠎ᠶ᠋ᠢᠨ ᠰᠤᠷᠤᠯᠴᠠᠯᠭ᠎ᠠ ᠥᠷᠨᠢᠭᠦᠯᠵᠦ᠍᠂ ᠨᠠᠮ᠎ᠤᠨ ᠱᠢᠨ᠎ᠡ ᠡᠭᠦᠳᠦᠯᠳᠡ᠎ᠶ᠋ᠢᠨ ᠤᠨᠤᠯ ᠪᠠ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠱᠠᠭᠠᠷᠳᠠᠭ᠍ᠳᠠᠬᠤ ᠮᠡᠳᠡᠯᠭᠡ᠎ᠶ᠋ᠢᠨ ᠰᠤᠷᠤᠯᠴᠠᠯᠭ᠎ᠠ᠎ᠶ᠋ᠢ ᠲᠠᠰᠤᠷᠠᠯᠳᠠ ᠦᠭᠡᠢ ᠭᠦᠨᠵᠡᠭᠡᠢᠷᠡᠭᠦᠯᠪᠡ᠃ ᠶᠡᠷᠦᠩᠬᠡᠶ ᠱᠦᠵᠢ ᠰᠢ᠎ᠶ᠋ᠢᠨ ᠫᠢᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠶᠠᠷᠢᠯᠴᠠᠬᠤ ᠬᠤᠷᠠᠯ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠭᠡ ᠣᠢᠯᠠᠭᠠᠭ᠍ᠳᠠᠬᠤᠨ᠎ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ ᠶᠠᠷᠢᠯᠴᠠᠬᠤ ᠬᠤᠷᠠᠯ᠎ᠢ ᠬᠤᠷᠠᠯᠳᠤᠭᠤᠯᠵᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ 《ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ》᠎ᠶ᠋ᠢ ᠬᠢᠨᠠᠮᠠᠭᠠᠶ ᠰᠤᠳᠤᠯᠤᠨ ᠤᠩᠱᠢᠵᠤ᠂ ᠰᠤᠷᠤᠯᠴᠠᠨ ᠰᠤᠳᠤᠯᠵᠤ ᠤᠬᠠᠭᠤᠯᠤᠨ ᠲᠤᠭᠤᠱᠢᠯᠠᠭᠤᠯᠬᠤ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠬᠤ ᠶ᠋ᠢ ᠠᠬᠢᠭᠤᠯᠪᠠ᠃
ᠰᠤᠷᠲᠠᠯ᠎ᠢᠶᠠᠨ ᠦᠷᠭᠦᠯᠵᠢᠯᠡᠨ ᠰᠠᠢᠵᠢᠷᠠᠭᠤᠯᠪᠠ᠃ ᠲᠥᠪ ᠬᠣᠷᠢᠶ᠎ᠠ ᠵᠢᠨ ᠨᠠᠢ᠍ᠮᠠᠨ ᠵᠤᠷᠪᠤᠰ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠡᠯᠪᠡᠷᠢ᠎ᠶ᠋ᠢᠨ ᠦᠵᠡᠯ᠎ᠢ ᠴᠡᠭ᠌ᠴᠡᠯᠡᠨ ᠵᠠᠰᠠᠵᠦ᠍ ᠦᠨᠳᠦᠰᠦᠨ ᠱᠠᠲᠤᠨ᠎ᠤ ᠳᠠᠷᠤᠭᠠᠰᠤ᠎ᠶ᠋ᠢ ᠬᠥᠩᠭᠡᠷᠡᠭᠦᠯᠬᠦ᠌᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠬᠤᠷᠠᠯ ᠴᠤᠭ᠍ᠯᠠᠭ᠎ᠠ ᠪᠠ ᠪᠢᠴᠢᠭ ᠮᠠᠲ᠋ᠧᠷᠢᠶᠠᠯ᠎ᠢ ᠴᠥᠭᠡᠳᠭᠡᠨ ᠴᠣᠮᠬᠠᠳᠭᠠᠵᠤ᠂ ᠬᠤᠷᠠᠯ᠎ᠤᠨ ᠰᠤᠷᠲᠠᠯ ᠵᠣᠬᠢᠶᠠᠯ᠎ᠤᠨ ᠰᠤᠷᠲᠠᠯ᠎ᠢ ᠰᠠᠢᠵᠢᠷᠠᠭᠤᠯᠵᠤ᠂ ᠬᠤᠷᠠᠯ᠎ᠤᠨ ᠰᠠᠬᠢᠯᠭ᠎ᠠ ᠪᠠᠲᠤ᠎ᠶ᠋ᠢ ᠴᠢᠩᠳᠠᠯᠠᠪᠠ᠃ ᠦᠨᠡᠨ᠎ᠠᠴᠠ ᠵᠥᠪ᠎ᠢ ᠡᠷᠢᠬᠦ᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠬᠦ᠌᠎ᠶ᠋ᠢ ᠪᠠᠷᠢᠮᠲᠠᠯᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠬᠠᠷᠢᠯᠴᠠᠨ ᠬᠠᠮᠵᠢᠯᠴᠠᠬᠤ᠎ᠪᠠᠨ ᠴᠢᠩᠭᠠᠳᠭᠠᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠪᠡ᠃ ᠳᠤᠱᠢᠶᠠᠯ ᠬᠠᠷᠢᠭᠤᠴᠠᠯᠭ᠎ᠠ᠎ᠳᠠᠭᠠᠨ ᠰᠠᠭᠤᠷᠢᠯᠠᠨ ᠪᠠᠢᠴᠠᠭᠠᠨ ᠰᠤᠳᠤᠯᠤᠯᠲᠠ ᠥᠷᠨᠢᠭᠦᠯᠵᠦ᠍᠂ ᠦᠨᠳᠦᠰᠦᠨ ᠱᠠᠲᠤᠨ᠎ᠳᠤ ᠭᠦᠨᠵᠡᠭᠡᠢᠷᠡᠨ᠂ ᠪᠣᠳᠠᠲᠤ ᠦᠷ᠎ᠡ ᠪᠦᠲᠦᠮᠵᠢ᠎ᠶ᠋ᠢ ᠴᠢᠬᠤᠯᠠᠴᠢᠯᠠᠵᠤ᠂ ᠪᠠᠢᠴᠠᠭᠠᠨ ᠰᠤᠳᠤᠯᠤᠯᠲᠠ᠎ᠶ᠋ᠢᠨ ᠦᠷ᠎ᠡ ᠪᠦᠲᠦᠭᠡᠯ᠎ᠤᠨ ᠬᠡᠷᠡᠭ᠌ᠯᠡᠯᠲᠡ᠎ᠶ᠋ᠢ ᠴᠢᠩᠭᠠᠳᠭᠠᠵᠤ᠂ ᠠᠷᠠᠳ᠎ᠤᠨ ᠰᠠᠨᠠᠭ᠎ᠠ᠎ᠶ᠋ᠢ ᠭᠦᠢᠴᠡᠳ ᠱᠢᠩᠭᠡᠭᠡᠨ ᠠᠪᠴᠤ᠌᠂ ᠠᠷᠠᠳ᠎ᠤᠨ ᠤᠶᠤᠨ ᠤᠬᠠᠭᠠᠨ᠎ᠢ ᠭᠦᠢᠴᠡᠳ ᠲᠥᠪᠯᠡᠷᠡᠭᠦᠯᠪᠠ᠃
ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠣᠨᠢᠨ ᠮᠡᠳᠡᠭᠡᠯᠡᠯ ᠶᠠᠷᠢᠶ᠎ᠠ ᠬᠡᠯᠡᠯᠴᠡᠭᠡ ᠪᠠ ᠤᠨᠤᠯ᠎ᠤᠨ ᠰᠤᠳᠤᠯᠭᠠᠨ᠎ᠤ ᠠᠵᠢᠯ᠎ᠢ ᠰᠠᠢᠲᠤᠷ ᠬᠢᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠪᠠᠢᠭᠤᠯᠤᠭ᠍ᠳᠠᠭ᠍ᠰᠠᠨ 70 ᠵᠢᠯ᠎ᠤᠨ ᠤᠢ᠎ᠶ᠋ᠢ ᠪᠡᠯᠭᠡᠯᠡᠬᠦ᠌ ᠲᠠᠢ ᠤᠶᠠᠯᠳᠤᠭᠤᠯᠤᠨ᠂ ᠴᠢᠬᠤᠯᠠ ᠲᠤᠯᠭᠤᠷ ᠪᠢᠴᠢᠭ᠎ᠢ ᠨᠠᠢᠷᠠᠭᠤᠯᠤᠨ ᠬᠡᠪᠯᠡᠭᠦᠯᠵᠦ᠍᠂ ᠤᠬᠠᠭᠤᠯᠭ᠎ᠠ᠎ᠶ᠋ᠢᠨ ᠹᠢᠯᠢᠮ ᠬᠢᠵᠦ᠍᠂ ᠲᠤᠰᠭᠠᠶ ᠰᠡᠳᠦᠪᠲᠦ ᠦᠵᠡᠰᠭᠦᠯᠡᠩ ᠡᠷᠬᠢᠯᠡᠵᠦ᠍᠂ ᠱᠢᠷᠢᠰ ᠮᠡᠳᠡᠭᠡᠯᠡᠯ ᠥᠷᠨᠢᠭᠦᠯᠦᠨ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠲᠡᠦᠬᠡ᠎ᠶ᠋ᠢᠨ ᠵᠠᠢᠯᠠᠰᠢ ᠦᠭᠡᠢ ᠴᠢᠨᠠᠷ ᠪᠠ ᠣᠨᠴᠠᠯᠢᠭ ᠳᠠᠪᠠᠭᠤᠯᠢᠭ᠎ᠢ ᠤᠬᠠᠭᠤᠯᠤᠨ ᠲᠠᠢᠯᠪᠤᠷᠢᠯᠠᠪᠠ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠣᠷᠠᠯ ᠪᠣᠯᠤᠨ ᠡᠯ᠎ᠡ ᠲᠠᠯ᠎ᠠ᠎ᠶ᠋ᠢᠨ ᠠᠵᠢᠯ᠎ᠤᠨ ᠠᠬᠢᠴᠠ ᠦᠷ᠎ᠡ ᠪᠦᠲᠦᠮᠵᠢ᠎ᠶ᠋ᠢ ᠪᠦᠬᠦ᠌ ᠲᠠᠯ᠎ᠠ᠎ᠪᠠᠷ ᠭᠦᠨᠵᠡᠭᠡᠶ ᠮᠡᠳᠡᠭᠡᠯᠡᠵᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ ᠢᠯᠠᠩᠭᠤᠶ᠎ᠠ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠲᠥᠯᠥᠭᠡᠯᠡᠭ᠌ᠴᠢᠳ᠎ᠢ ᠤᠬᠠᠭᠤᠯᠤᠨ ᠮᠡᠳᠡᠭᠡᠯᠡᠬᠦ᠌᠎ᠪᠠᠨ ᠴᠢᠩᠭᠠᠳᠭᠠᠵᠤ᠂ ᠳᠤᠮᠳᠠᠳᠤ ᠤᠯᠤᠰ᠎ᠲᠤ ᠠᠢᠯᠴᠢᠯᠠᠵᠤ ᠢᠷᠡᠭ᠌ᠰᠡᠨ ᠭᠠᠳᠠᠭᠠᠳᠤ ᠤᠯᠤᠰ᠎ᠤᠨ ᠵᠥᠪᠯᠡᠯᠭᠡᠨ᠎ᠤ ᠬᠤᠷᠠᠯ᠎ᠤᠨ ᠤᠳᠤᠷᠢᠳᠤᠭ᠍ᠴᠢᠳᠢ ᠲᠤᠰᠭᠠᠶ ᠰᠤᠷᠪᠤᠯᠵᠢᠯᠠᠵᠤ᠂ ᠳᠤᠮᠳᠠᠳᠤ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠦᠯᠢᠭᠡᠷ᠎ᠢ ᠰᠠᠢᠲᠤᠷ ᠶᠠᠷᠢᠪᠠ᠃ ᠳᠤᠮᠳᠠᠳᠤ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠦᠯᠵᠢᠶ᠎ᠡ ᠳᠡᠭᠡᠷ᠎ᠡ 24 ᠬᠠᠤᠯᠢ ᠴᠠᠭᠠᠵᠠ᠎ᠶ᠋ᠢᠨ ᠠᠩᠭ᠌ᠯᠢ ᠬᠡᠯᠡᠨ᠎ᠤ ᠣᠷᠴᠢᠭᠤᠯᠭ᠎ᠠ᠎ᠶ᠋ᠢᠨ ᠳᠡᠪᠲᠡᠷ᠎ᠢ ᠨᠡᠢᠲᠡᠯᠡᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠬᠤᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠠᠩᠭ᠌ᠯᠢ ᠬᠡᠯᠡᠨ᠎ᠤ ᠣᠷᠴᠢᠭᠤᠯᠭ᠎ᠠ᠎ᠶ᠋ᠢᠨ ᠲᠤᠰᠭᠠᠶ ᠪᠤᠯᠤᠩ ᠨᠡᠭᠡᠭᠡᠵᠦ᠍᠂ ᠬᠠᠤᠯᠢ᠎ᠪᠠᠷ ᠵᠠᠰᠠᠬᠤ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠢ ᠭᠠᠳᠠᠭ᠍ᠰᠢ ᠤᠬᠠᠭᠤᠯᠤᠨ ᠲᠠᠨᠢᠯᠴᠠᠭᠤᠯᠪᠠ᠃ ᠶᠠᠷᠢᠶ᠎ᠠ ᠬᠡᠯᠡᠯᠴᠡᠭᠡᠨ᠎ᠤ ᠪᠠᠢᠳᠠᠯ᠎ᠢ ᠰᠤᠳᠤᠯᠤᠨ ᠮᠠᠭᠠᠳᠯᠠᠬᠤ᠂ ᠵᠠᠳᠠᠯᠤᠨ ᠱᠢᠨᠵᠢᠯᠡᠬᠦ᠂ ᠠᠷᠭᠠᠴᠠᠭᠠᠬᠤ ᠠᠵᠢᠯ᠎ᠤᠨ ᠲᠣᠭ᠍ᠲᠠᠴᠠ᠎ᠶ᠋ᠢ ᠪᠦᠷᠢᠨᠱᠢᠭᠦᠯᠵᠦ᠍᠂ ᠨᠡᠢᠭᠡᠮ᠎ᠤᠨ ᠠᠩᠬᠠᠷᠤᠯ ᠲᠠᠯᠪᠢᠵᠤ ᠪᠠᠢᠭ᠎ᠠ ᠠᠰᠠᠭᠤᠳᠠᠯ᠎ᠳᠤ ᠪᠦᠲᠦᠮᠵᠢᠲᠡᠶ᠎ᠪᠠᠷ ᠬᠠᠷᠢᠭᠤᠯᠲᠠ ᠥᠭ᠌ᠪᠡ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠣᠨᠢᠨ ᠮᠡᠳᠡᠭᠡᠯᠡᠯ ᠶᠠᠷᠢᠶ᠎ᠠ ᠬᠡᠯᠡᠯᠴᠡᠭᠡᠨ᠎ᠤ ᠵᠢᠭ᠍ᠰᠠᠭᠠᠯ᠎ᠤᠨ ᠭᠠᠵᠠᠷ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ 《ᠰᠡᠳᠬᠦᠯ᠂ ᠰᠦᠯᠵᠢᠶ᠎ᠡ᠂ ᠸᠢᠴᠠᠲ᠂ ᠪᠢᠴᠢᠯ ᠪᠯᠤᠭ ᠦᠵᠦᠭᠦᠷ》 ᠢ᠋ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠭᠦᠨᠵᠡᠭᠡᠢᠷᠡᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯᠲᠠᠨ᠎ᠤ 《ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠢ ᠣᠢ᠌ᠯᠠᠭᠠᠬᠤ》᠂ 《ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠦᠯᠢᠭᠡᠷ᠎ᠢ ᠶᠠᠷᠢᠬᠤ》 ᠶ᠋ᠢ ᠠᠬᠢᠭᠤᠯᠪᠠ᠃ ᠳᠤᠮᠳᠠᠳᠤ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠤᠨ ᠤᠨᠤᠯ᠎ᠤᠨ ᠰᠤᠳᠤᠯᠭᠠᠨ᠎ᠤ ᠬᠤᠷᠠᠯ᠎ᠤᠨ ᠬᠤᠭᠤᠴᠠᠭ᠎ᠠ ᠰᠣᠯᠢᠬᠤ ᠠᠵᠢᠯ᠎ᠢ ᠪᠡᠶᠡᠯᠡᠭᠦᠯᠪᠡ᠃
ᠲᠤᠰᠭᠠᠶ ᠵᠥᠪᠯᠡᠯ᠂ ᠠᠵᠢᠯ᠎ᠤᠨ ᠵᠥᠪᠯᠡᠯ ᠪᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ᠎ᠶ᠋ᠢᠨ ᠪᠠᠢᠭᠤᠯᠤᠯᠲᠠ᠎ᠶ᠋ᠢ ᠠᠬᠢᠭᠤᠯᠪᠠ᠃ ᠡᠯ᠎ᠡ ᠲᠤᠰᠭᠠᠶ ᠵᠥᠪᠯᠡᠯ᠂ ᠠᠵᠢᠯ᠎ᠤᠨ ᠵᠥᠪᠯᠡᠯ ᠪᠠᠢᠩᠭᠤ᠎ᠶ᠋ᠢᠨ ᠬᠣᠷᠢᠶ᠎ᠠ ᠵᠢᠨ ᠭᠤᠣᠯ ᠡᠭᠦᠷᠭᠡ᠎ᠶ᠋ᠢᠨ ᠲᠣᠭᠤᠷᠢᠨ᠎ᠳᠤ ᠲᠤᠰ ᠪᠡᠶ᠎ᠡ᠎ᠶ᠋ᠢᠨ ᠲᠤᠱᠢᠶᠠᠯ ᠬᠠᠷᠢᠭᠤᠴᠠᠯᠭ᠎ᠠ ᠪᠣᠯᠤᠨ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠵᠤ᠂ ᠰᠠᠨᠠᠯ ᠵᠥᠪᠯᠡᠯᠭᠡ᠎ᠶ᠋ᠢ ᠲᠤᠭᠤᠷᠪᠢᠨ ᠲᠣᠭ᠍ᠲᠠᠭᠠᠬᠤ ᠪᠠ ᠬᠢᠨᠠᠨ ᠵᠦᠪᠯᠡᠬᠦ᠂ ᠬᠢᠨᠠᠯᠲᠠ ᠲᠠᠯᠪᠢᠬᠤ ᠲᠥᠰᠥᠯ᠎ᠢ ᠵᠣᠬᠢᠶᠠᠨ ᠪᠠᠢᠭᠤᠯᠤᠨ ᠬᠡᠷᠡᠭ᠌ᠵᠢᠭᠦᠯᠬᠦ᠂ ᠲᠥᠯᠥᠭᠡᠯᠡᠭ᠌ᠴᠢᠳ᠎ᠤᠨ ᠰᠠᠨᠠᠭᠤᠯᠭ᠎ᠠ᠎ᠶ᠋ᠢ ᠱᠢᠪᠠᠳᠠᠨ ᠱᠢᠢᠳᠪᠦᠷᠢᠯᠡᠭᠦᠯᠬᠦ᠂ ᠭᠠᠳᠠᠭᠠᠳᠤ ᠬᠠᠷᠢᠯᠴᠠᠭ᠎ᠠ᠎ᠶ᠋ᠢ ᠥᠷᠨᠢᠭᠦᠯᠬᠦ᠌ ᠵᠡᠷᠭᠡ ᠲᠠᠯ᠎ᠠ᠎ᠪᠠᠷ ᠶᠡᠭᠡ ᠬᠡᠮᠵᠢᠶᠡᠨ᠎ᠤ ᠯᠠᠪᠳᠠᠭᠤᠨ ᠪᠠᠲᠤᠲᠠᠢ ᠪᠦᠭᠡᠳ ᠪᠦᠲᠦᠮᠵᠢᠲᠡᠶ ᠠᠵᠢᠯ ᠬᠢᠵᠡᠶ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ ᠺᠠᠳ᠋ᠷ᠎ᠤᠨ ᠡᠩᠨᠡᠭᠡᠨ᠎ᠤ ᠪᠠᠢᠭᠤᠯᠤᠯᠲᠠ᠎ᠶ᠋ᠢ ᠦᠷᠭᠦᠯᠵᠢᠯᠡᠨ ᠴᠢᠩᠭᠠᠳᠭᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠦᠷᠦ᠍᠎ᠶ᠋ᠢᠨ ᠴᠢᠳᠠᠮᠵᠢ ᠪᠠ ᠵᠣᠬᠢᠶᠠᠨ ᠪᠠᠢᠭᠤᠯᠤᠯᠲᠠ᠎ᠶ᠋ᠢᠨ ᠴᠢᠳᠠᠮᠵᠢ᠎ᠶ᠋ᠢ ᠴᠢᠩᠭᠠᠳᠭᠠᠵᠤ᠂ ᠵᠥᠪᠯᠡᠭ᠌ᠴᠢ ᠲᠤᠰᠠᠯᠠᠭ᠍ᠴᠢ ᠪᠤᠯᠬᠤ ᠪᠠ ᠦᠢᠯᠡᠴᠢᠯᠡᠬᠦ᠌ ᠪᠠᠲᠤᠯᠠᠬᠤ ᠠᠵᠢᠯ᠎ᠤᠨ ᠬᠢᠷᠢ ᠬᠡᠮᠵᠢᠶ᠎ᠡ᠎ᠪᠠᠨ ᠳᠡᠭᠡᠭ᠌ᠰᠢᠯᠡᠭᠦᠯᠪᠠ᠃
ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠯᠤᠭ᠎ᠠ᠎ᠶ᠋ᠢᠨ ᠬᠠᠷᠢᠯᠴᠠᠭ᠎ᠠ ᠬᠠᠮᠵᠢᠯᠴᠠᠭ᠎ᠠ᠎ᠪᠠᠨ ᠴᠢᠩᠭᠠᠳᠭᠠᠪᠠ᠃ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠬᠠᠷᠢᠭᠤᠴᠠᠯᠭᠠᠲᠠᠨ ᠨᠥᠬᠦᠳ᠎ᠤᠨ ᠰᠤᠷᠤᠯᠴᠠᠬᠤ ᠠᠩᠭᠢ᠎ᠶ᠋ᠢ 5 ᠬᠤᠭᠤᠴᠠᠭ᠎ᠠ᠂ ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠪᠣᠯᠪᠠᠰᠤᠷᠠᠯ᠎ᠤᠨ ᠠᠩᠭᠢ ᠪᠣᠯᠣᠨ ᠤᠷᠤᠨ ᠨᠤᠲᠤᠭ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠺᠠᠳ᠋ᠷ᠎ᠤᠨ ᠵᠠᠰᠠᠭ᠎ᠤᠨ ᠤᠷᠳᠤᠨ᠎ᠤ ᠦᠷᠢ ᠦᠭ᠌ᠴᠡᠭᠡ᠎ᠳᠤ ᠬᠢᠨᠠᠯᠲᠠ ᠲᠠᠯᠪᠢᠬᠤ ᠲᠤᠬᠠᠢ᠌ᠯᠠᠭ᠍ᠰᠠᠨ ᠠᠵᠢᠯ᠎ᠤᠨ ᠪᠤᠯᠪᠠᠰᠤᠷᠠᠭᠤᠯᠤᠯ᠎ᠤᠨ ᠠᠩᠭᠢ᠎ᠶ᠋ᠢ 2 ᠬᠤᠭᠤᠴᠠᠭ᠎ᠠ ᠡᠷᠬᠢᠯᠡᠵᠦ᠍᠂ ᠬᠡᠰᠡᠭ ᠮᠤᠵᠢ (ᠣᠷᠣᠨ᠂ ᠬᠤᠳᠠ)᠎ᠶ᠋ᠢᠨ ᠣᠷᠣᠨ ᠨᠤᠲᠤᠭ᠎ᠤᠨ ᠬᠠᠤᠯᠢ ᠲᠣᠭ᠍ᠲᠠᠭᠠᠬᠤ ᠠᠵᠢᠯ᠎ᠤᠨ ᠰᠣᠯᠢᠯᠴᠠᠭᠠᠨ᠎ᠤ ᠬᠤᠷᠠᠯ᠂ ᠱᠢᠨ᠎ᠡ ᠪᠠᠢᠳᠠᠯ᠎ᠤᠨ ᠳᠤᠤᠷ᠎ᠠ ᠲᠦᠯᠦᠭᠡᠯᠡᠭ᠌ᠴᠢᠳ᠎ᠤᠨ ᠤᠯᠠᠨ ᠲᠦᠮᠡᠨ ᠲᠠᠢ ᠬᠠᠷᠢᠯᠴᠠᠬᠤ ᠠᠵᠢᠯ᠎ᠢ ᠴᠢᠩᠭᠠᠳᠭᠠᠬᠤ ᠲᠤᠬᠠᠢ ᠶᠠᠷᠢᠯᠴᠠᠬᠤ ᠬᠤᠷᠠᠯ ᠵᠡᠷᠭᠡ᠎ᠶ᠋ᠢ ᠬᠤᠷᠠᠯᠳᠤᠭᠤᠯᠪᠠ᠃ ᠡᠯ᠎ᠡ ᠲᠤᠰᠭᠠᠢ ᠵᠦᠪᠯᠡᠯ ᠤᠯᠠᠨ ᠵᠦᠢᠯ᠎ᠤᠨ ᠠᠷᠭ᠎ᠠ ᠮᠠᠶᠢᠭ᠎ᠢᠶᠠᠷ ᠳᠠᠮᠵᠢᠭᠤᠯᠤᠨ ᠤᠷᠤᠨ ᠨᠤᠲᠤᠭ᠎ᠤᠨ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠯᠤᠭ᠎ᠠ᠎ᠶ᠋ᠢᠨ ᠬᠠᠷᠢᠯᠴᠠᠭ᠎ᠠ ᠰᠤᠯᠢᠯᠴᠠᠭ᠎ᠠ᠎ᠪᠠᠨ ᠴᠢᠩᠭᠠᠳᠭᠠᠪᠠ᠃ ᠮᠤᠵᠢ᠎ᠶ᠋ᠢᠨ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠳᠤ ᠬᠤᠯᠪᠣᠭ᠍ᠳᠠᠯ ᠪᠦᠬᠦᠢ ᠠᠵᠢᠯ᠎ᠤᠨ ᠪᠠᠢᠳᠠᠯ᠎ᠢᠶᠠᠨ ᠴᠠᠭ ᠲᠤᠬᠠᠶ᠎ᠳᠤᠨᠢ ᠮᠡᠳᠡᠭ᠌ᠳᠡᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠲᠤᠬᠠᠶ ᠰᠠᠨᠠᠯ ᠰᠠᠨᠠᠭᠤᠯᠭ᠎ᠠ᠎ᠶ᠋ᠢ ᠬᠢᠨᠠᠮᠠᠭᠠᠶ ᠰᠣᠨᠣᠰᠪᠠ᠃
ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠠᠵᠢᠯ᠎ᠤᠨ ᠣᠯᠤᠭ᠍ᠰᠠᠨ ᠠᠮᠵᠢᠯᠲᠠ ᠪᠦᠲᠦᠮᠵᠢ ᠪᠤᠯ ᠰᠢ᠎ᠶ᠋ᠢᠨ ᠫᠢᠩ ᠨᠥᠬᠦᠷ᠎ᠢᠶᠠᠷ ᠭᠤᠤᠯᠯᠠᠭᠤᠯᠤᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠂ ᠪᠠᠢᠩᠭᠤ᠎ᠶ᠋ᠢᠨ ᠬᠣᠷᠢᠶ᠎ᠠ ᠵᠢᠨ ᠪᠦᠷᠢᠯᠳᠦᠬᠦᠨ᠂ ᠡᠯ᠎ᠡ ᠲᠤᠰᠭᠠᠶ ᠵᠥᠪᠯᠡᠯ᠎ᠤᠨ ᠪᠦᠷᠢᠯᠳᠦᠬᠦᠨ ᠪᠠ ᠪᠥᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠭ᠎ᠠ᠎ᠶ᠋ᠢᠨ ᠠᠵᠢᠯᠲᠠᠨ ᠳᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠱᠢᠷᠭᠠᠭᠤ ᠬᠠᠲᠠᠭᠤᠵᠢᠯᠲᠠᠶ ᠠᠵᠢᠯᠯᠠᠭ᠍ᠰᠠᠨ᠎ᠤ ᠦᠷ᠎ᠡ ᠳ᠋ᠦᠩ ᠮᠥᠨ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ᠂ ᠤᠯᠤᠰ᠎ᠤᠨ ᠬᠢᠨᠠᠨ ᠪᠠᠢᠴᠠᠭᠠᠬᠤ ᠵᠥᠪᠯᠡᠯ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠪᠤᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ ᠵᠢᠴᠢ ᠲᠡᠭᠦᠨ᠎ᠤ ᠪᠠᠢᠩᠭᠤ᠎ᠶ᠋ᠢᠨ ᠬᠤᠷᠢᠶ᠎ᠠ ᠨᠢᠭ᠍ᠲᠠ ᠬᠠᠮᠵᠢᠯᠴᠠᠨ᠂ ᠬᠦᠴᠦ᠍᠎ᠪᠠᠨ ᠬᠠᠮᠲᠤᠳᠭᠠᠨ ᠬᠠᠮᠵᠢᠯᠴᠠᠭ᠍ᠰᠠᠨᠤ ᠦᠷ᠎ᠡ ᠳ᠋ᠦᠩ ᠮᠥᠨ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠭᠦᠢᠴᠡᠳ ᠢᠲᠡᠭᠡᠵᠦ᠍᠂ ᠢᠳᠡᠪᠬᠢᠲᠡᠶ ᠳᠡᠮᠵᠢᠭ᠌ᠰᠡᠨ᠎ᠤ ᠦᠷ᠎ᠡ ᠳ᠋ᠦᠩ ᠮᠥᠨ᠃ ᠡᠨᠳᠡ᠂ ᠪᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶ᠋ᠢ ᠲᠥᠯᠥᠭᠡᠯᠡᠨ ᠴᠢᠩ ᠰᠡᠳᠭᠢᠯ᠎ᠤᠨ ᠲᠠᠯᠠᠷᠬᠠᠯ᠎ᠢᠶᠠᠨ ᠳᠡᠪᠱᠢᠭᠦᠯᠦᠶ᠎ᠡ!
ᠠᠵᠢᠯ᠎ᠤᠨ ᠳᠤᠮᠳᠠ ᠪᠠᠰᠠ ᠡᠳᠦᠶ ᠲᠡᠳᠦᠶ ᠵᠥᠷᠢᠶ᠎ᠡ ᠪᠠ ᠬᠦᠷᠦᠯᠴᠡᠬᠦ᠌ ᠦᠭᠡᠢ ᠲᠠᠯ᠎ᠠ ᠣᠷᠣᠱᠢᠵᠤ ᠪᠠᠢᠬᠤ᠎ᠶ᠋ᠢ ᠪᠢᠳᠡ ᠰᠡᠷᠭᠡᠭ᠎ᠢᠶᠠᠷ ᠲᠠᠨᠢᠵᠤ ᠤᠯᠪᠠ᠃ ᠬᠠᠤᠯᠢ ᠲᠣᠭ᠍ᠲᠠᠭᠠᠬᠤ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠶ ᠪᠠᠢᠵᠤ᠂ ᠱᠢᠨ᠎ᠡ᠎ᠪᠠᠷ ᠬᠥᠭ᠌ᠵᠢᠭ᠌ᠰᠡᠨ ᠬᠦᠷᠢᠶᠡᠨ᠎ᠳᠠᠬᠢ ᠬᠠᠤᠯᠢ ᠲᠣᠭ᠍ᠲᠠᠭᠠᠯᠳᠠ᠎ᠶ᠋ᠢ ᠮᠥᠨ ᠬᠦ᠌ ᠴᠢᠩᠭᠠᠳᠭᠠᠬᠤ ᠴᠢᠬᠤᠯᠠᠲᠠᠶ ᠪᠠᠢᠨ᠎ᠠ᠂ ᠭᠠᠳᠠᠭᠠᠳᠤ᠎ᠳᠤ ᠬᠤᠯᠪᠣᠭ᠍ᠳᠠᠬᠤ ᠬᠦᠷᠢᠶᠡᠨ᠎ᠳᠠᠬᠢ ᠬᠠᠤᠯᠢ ᠲᠣᠭ᠍ᠲᠠᠭᠠᠯᠲᠠ᠎ᠳᠤ ᠪᠠᠰᠠ ᠳᠤᠲᠠᠭᠤᠳᠠᠯ ᠪᠠ ᠪᠠᠭᠤᠷᠠᠶ ᠲᠠᠯ᠎ᠠ ᠣᠷᠣᠱᠢᠵᠤ ᠪᠠᠢᠨ᠎ᠠ; ᠬᠢᠨᠠᠯᠲᠠ ᠲᠠᠯᠪᠢᠬᠤ ᠠᠵᠢᠯ᠎ᠤᠨ ᠪᠣᠳᠠᠲᠤ ᠪᠦᠲᠦᠮᠵᠢ ᠪᠠ ᠬᠠᠳᠠᠨ ᠴᠢᠨᠠᠷ᠎ᠢ ᠤᠯᠠᠮ ᠨᠢᠭᠡ ᠠᠯᠬᠤᠮ ᠴᠢᠩᠭᠠᠷᠠᠭᠤᠯᠬᠤ ᠴᠢᠬᠤᠯᠠᠲᠠᠶ᠂ ᠬᠠᠤᠯᠢ ᠴᠠᠭᠠᠵᠠ᠎ᠶ᠋ᠢ ᠪᠦᠬᠦ᠌ ᠲᠠᠯ᠎ᠠ᠎ᠪᠠᠷ ᠪᠦᠲᠦᠮᠵᠢᠲᠡᠶ ᠬᠡᠷᠡᠭ᠌ᠵᠢᠭᠦᠯᠬᠦ᠌᠎ᠶ᠋ᠢ ᠠᠬᠢᠭᠤᠯᠬᠤ ᠲᠠᠯ᠎ᠠ᠎ᠪᠠᠷ ᠡᠷᠴᠢᠮ᠎ᠢᠶᠠᠨ ᠴᠢᠩᠭᠠᠷᠠᠭᠤᠯᠬᠤ ᠴᠢᠬᠤᠯᠠᠲᠠᠶ ᠪᠠᠢᠨ᠎ᠠ; ᠲᠥᠯᠥᠭᠡᠯᠡᠭ᠌ᠴᠢ᠎ᠳᠤ ᠦᠢᠯᠡᠴᠢᠯᠡᠬᠦ᠌ ᠠᠵᠢᠯ᠎ᠤᠨ ᠴᠢᠳᠠᠪᠤᠷᠢ ᠪᠠ ᠬᠢᠷᠢ ᠬᠡᠮᠵᠢᠶ᠎ᠡ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠶ ᠪᠠᠢᠨ᠎ᠠ; ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠡᠡᠭ᠌ᠨᠡᠭᠡ ᠪᠠᠰᠠ ᠤᠯᠤᠰ ᠲᠦᠷᠦ᠍᠎ᠶ᠋ᠢᠨ ᠵᠣᠭ᠍ᠰᠣᠴᠠ᠂ ᠤᠨᠤᠯ᠎ᠤᠨ ᠬᠢᠷᠢ ᠬᠡᠮᠵᠢᠶ᠎ᠡ ᠪᠠ ᠲᠤᠬᠠᠢᠯᠠᠭ᠍ᠰᠠᠨ ᠠᠵᠢᠯ᠎ᠤᠨ ᠴᠢᠳᠠᠪᠤᠷᠢ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌ ᠴᠢᠬᠤᠯᠠᠲᠠᠶ ᠪᠠᠢᠨ᠎ᠠ᠃ ᠪᠠᠢᠩᠭᠤ᠎ᠶ᠋ᠢᠨ ᠬᠤᠷᠢᠶ᠎ᠠ ᠠᠷᠠᠳ ᠲᠦᠮᠡᠨ᠎ᠤ ᠬᠢᠨᠠᠯᠲᠠ᠎ᠶ᠋ᠢ ᠤᠬᠠᠮᠰᠠᠷ᠎ᠠᠴᠠ᠎ᠪᠠᠨ ᠬᠦᠯᠢᠶᠡᠵᠦ᠍᠂ ᠲᠥᠯᠥᠭᠡᠯᠡᠭ᠌ᠴᠢᠳ ᠪᠠ ᠡᠯ᠎ᠡ ᠲᠠᠯ᠎ᠠ᠎ᠶ᠋ᠢᠨ᠎ᠬᠢᠨ᠎ᠤ ᠰᠠᠨᠠᠯ ᠰᠠᠨᠠᠭᠤᠯᠭ᠎ᠠ᠎ᠶ᠋ᠢ ᠳᠠᠷᠤᠤ ᠬᠢᠴᠢᠶᠡᠩᠭᠦᠶ᠎ᠪᠠᠷ ᠰᠣᠨᠣᠰᠴᠤ᠌᠂ ᠠᠵᠢᠯ᠎ᠢᠶᠠᠨ ᠲᠠᠰᠤᠷᠠᠯᠲᠠ ᠦᠭᠡᠢ ᠴᠢᠩᠭᠠᠳᠭᠠᠨ ᠰᠠᠢᠵᠢᠷᠠᠭᠤᠯᠤᠨ᠎ᠠ᠃
ᠬᠤᠢᠱᠢᠳᠠ᠎ᠶ᠋ᠢᠨ ᠨᠢᠭᠡ ᠵᠢᠯ᠎ᠤᠨ ᠡᠭᠦᠷᠭᠡ
2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠡᠴᠦᠰ᠎ᠤᠨ ᠵᠢᠯ ᠮᠥᠨ᠃ ᠪᠠᠢᠩᠭᠤ᠎ᠶ᠋ᠢᠨ ᠬᠤᠷᠢᠶ᠎ᠠ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠠᠮ᠎ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠦ᠍᠂ 《ᠬᠤᠶᠠᠷ᠎ᠢ ᠲᠣᠭ᠍ᠲᠠᠭᠠᠬ᠍ᠰᠠᠨ》᠎ᠤ ᠱᠢᠢᠳᠪᠦᠷᠢᠯᠡᠭ᠌ᠴᠢ ᠴᠢᠨᠠᠷᠳᠠᠢ ᠠᠴᠢ ᠬᠤᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》᠎ᠢᠶᠠᠨ ᠴᠢᠩᠭᠠᠳᠭᠠᠵᠤ᠂ 《ᠳᠥᠷᠪᠡᠨ ᠢᠲᠡᠭᠡᠯ》᠎ᠢᠶᠠᠨ ᠪᠠᠲᠤᠳᠭᠠᠨ᠂ 《ᠬᠤᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠤ᠂ ᠰᠢ᠎ᠶ᠋ᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠵᠦ᠍᠂ ᠦᠨᠳᠦᠰᠦᠨ ᠬᠠᠣᠯᠢ ᠪᠠ ᠬᠠᠣᠯᠢ ᠴᠠᠭᠠᠵᠠ᠎ᠠᠴᠠ ᠣᠯᠭᠤᠭ᠍ᠰᠠᠨ ᠬᠠᠣᠯᠢ ᠲᠣᠭ᠍ᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭ᠍ᠲᠠᠭᠠᠬᠤ ᠡᠷᠬᠡ᠂ ᠲᠣᠮᠢᠯᠠᠬᠤ ᠪᠠ ᠪᠠᠭᠤᠯᠭᠠᠬᠤ ᠡᠷᠬᠡ᠎ᠶ᠋ᠢ ᠬᠢᠨᠠᠮᠠᠭᠠᠶ ᠬᠡᠷᠡᠭ᠌ᠵᠢᠭᠦᠯᠵᠦ᠍᠂ ᠲᠣᠭ᠍ᠲᠠᠭᠤᠨ ᠪᠠᠢᠯᠭᠠᠬᠤ᠎ᠶ᠋ᠢᠨ ᠵᠡᠷᠭᠡ᠎ᠳᠤ ᠤᠷᠤᠭ᠍ᠰᠢᠯᠠᠭᠤᠯᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ᠃
(ᠨᠢᠭᠡ) ᠦᠨᠳᠦᠰᠦᠨ ᠬᠠᠣᠯᠢ᠎ᠶ᠋ᠢ ᠬᠡᠷᠡᠭ᠌ᠵᠢᠭᠦᠯᠬᠦ᠌ ᠪᠠ ᠲᠡᠭᠦᠨ᠎ᠳᠤ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠨ᠎ᠡ᠃ ᠦᠨᠳᠦᠰᠦᠨ ᠬᠠᠣᠯᠢ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠬᠦ᠌᠎ᠶ᠋ᠢ ᠪᠠᠲᠤᠯᠠᠬᠤ ᠲᠦᠷᠢᠮ᠎ᠤᠨ ᠱᠢᠰᠲ᠋ᠧᠮ᠎ᠢ ᠪᠦᠷᠢᠨᠱᠢᠭᠦᠯᠦᠨ᠎ᠡ᠃ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ᠎ᠶ᠋ᠢᠨ ᠪᠠᠢᠳᠠᠯ᠎ᠢ ᠮᠡᠳᠡᠭᠦᠯᠬᠦ᠌ ᠲᠦᠷᠢᠮ᠎ᠢ ᠪᠠᠢᠭᠤᠯᠤᠨ᠎ᠠ᠃ ᠦᠨᠳᠦᠰᠦᠨ ᠬᠠᠣᠯᠢ᠎ᠳᠤ ᠨᠡᠢᠴᠡᠬᠦ᠌ ᠴᠢᠨᠠᠷ᠎ᠢ ᠬᠢᠨᠠᠨ ᠪᠠᠢᠴᠠᠭᠠᠬᠤ᠂ ᠲᠠᠩᠰᠠᠯᠠᠵᠤ ᠬᠢᠨᠠᠨ ᠪᠠᠢᠴᠠᠭᠠᠬᠤ ᠴᠢᠳᠠᠪᠤᠷᠢ ᠪᠠ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠤᠯᠤᠰ᠎ᠤᠨ ᠬᠠᠦᠯᠢ ᠳᠦᠷᠢᠮ᠎ᠤᠨ ᠨᠢᠭᠡᠳᠦᠯ᠂ ᠨᠡᠷ᠎ᠡ ᠬᠦᠨᠳᠦ᠂ ᠡᠷᠬᠡ ᠰᠦᠷ᠎ᠢ ᠬᠠᠮᠠᠭᠠᠯᠠᠨ᠎ᠠ᠃ ᠳᠠᠩᠰᠠᠯᠠᠵᠦ᠍ ᠬᠢᠨᠠᠨ ᠪᠠᠢᠴᠠᠭᠠᠬᠤ᠎ᠶ᠋ᠢ ᠵᠣᠯᠭᠠᠯᠳᠤᠭᠤᠯᠬᠤ ᠬᠤᠯᠪᠣᠯᠳᠤᠨ ᠬᠥᠳᠡᠯᠦᠯᠴᠡᠬᠦ᠌ ᠲᠣᠭ᠍ᠲᠠᠴᠠ᠎ᠶ᠋ᠢ ᠪᠦᠷᠢᠨᠱᠢᠭᠦᠯᠦᠨ᠎ᠡ᠃ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠤᠨ ᠲᠤᠰᠭᠠᠶ ᠵᠦᠢᠯ᠎ᠤᠨ ᠬᠢᠨᠠᠨ ᠪᠠᠢᠴᠠᠭᠠᠯᠲᠠ ᠪᠠ ᠲᠦᠪᠯᠡᠷᠡᠬᠦᠯᠦᠨ ᠢᠯᠭᠠᠷᠠᠭᠤᠯᠤᠨ ᠲᠢᠭ᠌ᠯᠡᠬᠦ᠌ ᠠᠵᠢᠯ᠎ᠢ ᠠᠬᠢᠭᠤᠯᠤᠨ᠎ᠠ᠃ ᠦᠨᠳᠦᠰᠦᠨ ᠬᠠᠤᠯᠢ᠎ᠶ᠋ᠢᠨ ᠲᠤᠬᠠᠢ ᠤᠬᠠᠭᠤᠯᠭ᠎ᠠ ᠬᠦᠮᠦᠵᠢᠯ ᠪᠠ ᠤᠨᠤᠯ᠎ᠤᠨ ᠰᠤᠳᠤᠯᠭᠠᠨ᠎ᠢ ᠴᠢᠩᠭᠠᠳᠭᠠᠨ᠎ᠠ᠃ ᠦᠨᠳᠦᠰᠦᠨ ᠬᠠᠤᠯᠢ ᠪᠠ ᠭᠤᠤᠯ ᠬᠠᠤᠯᠢ᠎ᠳᠤ ᠲᠣᠭ᠍ᠲᠠᠭᠠᠭ᠍ᠰᠠᠨ ᠵᠠᠰᠠᠭ ᠵᠠᠬᠢᠷᠭᠠᠨ᠎ᠤ ᠣᠨᠴᠠᠭᠠᠶ ᠣᠷᠣᠨ᠎ᠤ ᠦᠨᠳᠦᠰᠦᠨ ᠬᠠᠤᠯᠢᠲᠤ ᠡᠮᠬᠢ ᠵᠢᠷᠤᠮ᠎ᠢ ᠬᠠᠮᠠᠭᠠᠯᠠᠨ᠎ᠠ᠃
(ᠬᠤᠶᠠᠷ) ᠬᠠᠣᠯᠢ ᠲᠣᠭ᠍ᠲᠠᠭᠠᠬᠤ ᠠᠵᠢᠯ᠎ᠢ ᠴᠢᠨᠠᠷ ᠰᠠᠢᠲᠠᠶ ᠠᠬᠢᠭᠤᠯᠤᠨ᠎ᠠ᠃ ᠬᠠᠣᠯᠢ ᠲᠣᠭ᠍ᠲᠠᠭᠠᠬᠤ ᠬᠦᠷᠢᠶᠡᠨ᠎ᠳᠠᠬᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠥᠭᠡᠷᠡᠴᠢᠯᠡᠯᠲᠡ ᠬᠢᠬᠦ᠌ ᠪᠠ ᠬᠠᠤᠯᠢ᠎ᠪᠠᠷ ᠵᠠᠰᠠᠬᠤ᠎ᠶ᠋ᠢ ᠬᠠᠷᠢᠯᠴᠠᠨ ᠨᠢᠭᠡᠳᠭᠡᠬᠦ᠌᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨᠴᠢ ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠭᠦᠨᠵᠡᠭᠡᠢᠷᠡᠭᠦᠯᠦᠨ ᠠᠬᠢᠭᠤᠯᠵᠦ᠍᠂ ᠠᠷᠠᠳ ᠢᠷᠭᠡᠳ᠎ᠤᠨ ᠡᠯ᠎ᠡ ᠵᠦᠢᠯ᠎ᠤᠨ ᠡᠷᠬᠡ ᠪᠦᠲᠦᠮᠵᠢᠲᠡᠢ ᠨᠠᠢᠳᠠᠪᠤᠷᠢᠵᠢᠭᠤᠯᠤᠭ᠍ᠳᠠᠬᠤ᠎ᠶ᠋ᠢ ᠪᠠᠲᠤᠯᠠᠨ᠎ᠠ᠃ 34 ᠬᠠᠦᠯᠢ ᠴᠠᠭᠠᠵᠠ᠎ᠶ᠋ᠢᠨ ᠲᠤᠬᠠᠢ ᠰᠠᠨᠠᠯ ᠵᠦᠪᠯᠡᠯᠭᠡ᠎ᠶ᠋ᠢ ᠬᠢᠨᠠᠨ ᠵᠦᠪᠯᠡᠭᠦᠯᠬᠦ᠎ᠪᠠᠷ ᠤᠷᠢᠳᠴᠢᠯᠠᠨ ᠲᠤᠬᠢᠷᠠᠭᠤᠯᠪᠠ᠃ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠲᠦᠷᠢᠮ᠎ᠤᠨ ᠱᠢᠰᠲ᠋ᠧᠮ᠎ᠢ ᠪᠦᠷᠢᠨᠱᠢᠭᠦᠯᠬᠦ᠌᠎ᠲᠠᠢ ᠤᠶᠠᠯᠳᠤᠭᠤᠯᠤᠨ᠂ ᠲᠤᠰᠭᠤᠨ᠎ᠤ ᠠᠷᠠᠳ᠎ᠤᠨ ᠵᠥᠪᠯᠡᠯ᠎ᠤᠨ ᠵᠣᠬᠢᠶᠠᠨ ᠪᠠᠢᠭᠤᠯᠬᠤ ᠬᠠᠣᠯᠢ᠂ ᠬᠤᠳᠠ᠎ᠶ᠋ᠢᠨ ᠰᠠᠭᠤᠭᠠᠯᠢ ᠠᠷᠠᠳ᠎ᠤᠨ ᠵᠥᠪᠯᠡᠯ᠎ᠤᠨ ᠵᠣᠬᠢᠶᠠᠨ ᠪᠠᠢᠭᠤᠯᠬᠤ ᠬᠠᠣᠯᠢ᠎ᠳᠤ ᠵᠠᠰᠠᠪᠤᠷᠢ ᠣᠷᠣᠭᠤᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠲᠠᠢ ᠤᠶᠠᠯᠳᠤᠭᠤᠯᠤᠨ᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠲᠣᠭ᠍ᠲᠠᠭᠠᠨ᠎ᠠ᠃ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ᠎ᠶ᠋ᠢᠨ ᠬᠠᠤᠯᠢ ᠴᠠᠭᠠᠵᠠ᠎ᠶ᠋ᠢᠨ ᠳᠦᠷᠢᠮ᠎ᠢ ᠪᠦᠷᠢᠨᠱᠢᠭᠦᠯᠬᠦ᠌᠎ᠲᠠᠢ ᠤᠶᠠᠯᠳᠤᠭᠤᠯᠤᠨ᠂ ᠠᠷᠠᠳ᠎ᠠᠴᠠ ᠡᠵᠡᠩᠨᠡᠭ᠌ᠰᠡᠨ ᠠᠵᠤ ᠠᠬᠤᠶ᠎ᠶ᠋ᠢ ᠠᠬᠢᠭᠤᠯᠬᠤ ᠬᠠᠣᠯᠢ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠣᠯᠢ᠂ ᠮᠥᠩᠭᠦᠨ ᠭᠦᠢᠯᠭᠡᠭᠡᠨ᠎ᠤ ᠬᠠᠣᠯᠢ᠂ ᠮᠥᠩᠭᠦᠨ ᠭᠦᠢᠯᠭᠡᠭᠡ᠎ᠶ᠋ᠢ ᠲᠣᠭ᠍ᠲᠠᠭᠤᠨ ᠪᠠᠢᠯᠭᠠᠬᠤ ᠬᠠᠤᠯᠢ᠂ ᠲᠠᠷᠢᠶᠠᠨ ᠭᠠᠵᠠᠷ᠎ᠢ ᠬᠠᠮᠠᠭᠠᠯᠠᠬᠤ ᠪᠠ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠬᠠᠣᠯᠢ᠎ᠶ᠋ᠢ ᠲᠣᠭ᠍ᠲᠠᠭᠠᠵᠤ᠂ ᠵᠦᠶ ᠪᠤᠰᠤ ᠥᠷᠢᠰᠥᠯᠳᠦᠭᠡᠨ᠎ᠢ ᠡᠰᠡᠷᠭᠦᠴᠡᠬᠦ᠌ ᠬᠠᠣᠯᠢ᠂ ᠠᠵᠤ ᠠᠬᠤᠢᠯᠠᠯ᠎ᠤᠨ ᠳᠠᠮᠫᠤᠷᠠᠯ᠎ᠤᠨ ᠬᠠᠣᠯᠢ᠂ ᠲᠠᠷᠢᠶᠠᠯᠠᠩ᠎ᠤᠨ ᠬᠠᠣᠯᠢ᠂ ᠵᠢᠭᠠᠰᠤᠨ ᠠᠵᠤ ᠠᠬᠤᠢ᠎ᠶ᠋ᠢᠨ ᠬᠠᠦᠯᠢ᠂ ᠠᠷᠠᠳ᠎ᠤᠨ ᠭᠡᠷᠡᠭ᠌ᠴᠡᠭᠡᠨᠤ ᠠᠭᠠᠷ᠎ᠤᠨ ᠠᠶᠠᠯᠠᠯ᠎ᠤᠨ ᠬᠠᠤᠯᠢ᠂ ᠪᠠᠩᠬᠢ᠎ᠶ᠋ᠢᠨ ᠦᠢᠯᠡᠰ᠎ᠢ ᠬᠢᠨᠠᠨ ᠬᠠᠮᠢᠶᠠᠷᠬᠤ ᠬᠠᠣᠯᠢ᠎ᠳᠤ ᠵᠠᠰᠠᠪᠤᠷᠢ ᠣᠷᠣᠭᠤᠯᠤᠨ᠎ᠠ᠃ ᠨᠡᠢᠭᠡᠮ᠂ ᠰᠣᠶᠣᠯ᠎ᠤᠨ ᠬᠦᠷᠢᠶᠡᠨ᠎ᠳᠠᠬᠢ ᠬᠠᠤᠯᠢ ᠲᠣᠭ᠍ᠲᠠᠭᠠᠯᠲᠠ᠎ᠶ᠋ᠢ ᠠᠬᠢᠭᠤᠯᠬᠤ᠎ᠲᠠᠢ ᠤᠶᠠᠯᠳᠤᠭᠤᠯᠤᠨ᠂ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠬᠠᠤᠯᠢ᠂ ᠨᠡᠢᠭᠡᠮ᠎ᠤᠨ ᠠᠪᠤᠷᠠᠨ ᠲᠤᠰᠠᠯᠠᠬᠤ ᠬᠠᠤᠯᠢ᠂ ᠬᠡᠦᠬᠡᠳ ᠰᠠᠭᠠᠲᠠᠭᠤᠯᠬᠤ ᠦᠢᠯᠡᠴᠢᠯᠡᠭᠡᠨ᠎ᠤ ᠬᠠᠣᠯᠢ᠂ ᠪᠠᠢᠴᠠᠭᠠᠬᠤ ᠪᠠᠢᠭᠤᠯᠭ᠎ᠠ᠎ᠶ᠋ᠢᠨ ᠨᠡᠢᠲᠡ᠎ᠶ᠋ᠢᠨ ᠠᠱᠢᠭ ᠲᠤᠰᠠ᠎ᠶ᠋ᠢᠨ ᠵᠠᠷᠭᠤ᠎ᠶ᠋ᠢᠨ ᠬᠠᠤᠯᠢ᠎ᠶ᠋ᠢ ᠲᠣᠭ᠍ᠲᠠᠭᠠᠵᠤ᠂ ᠬᠠᠯᠳᠠᠪᠤᠷᠢᠲᠤ ᠡᠪᠡᠳᠴᠢᠨ᠎ᠢ ᠰᠡᠷᠭᠡᠢᠯᠡᠨ ᠵᠠᠰᠠᠬᠤ ᠬᠠᠣᠯᠢ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠤᠨ ᠬᠠᠣᠯᠢ᠎ᠳᠤ ᠵᠠᠰᠠᠪᠤᠷᠢ ᠣᠷᠣᠭᠤᠯᠤᠨ᠎ᠠ᠃ ᠠᠮᠢ ᠠᠬᠤᠢ᠎ᠶ᠋ᠢᠨ ᠪᠣᠯᠪᠠᠰᠤᠨ᠎ᠤ ᠳᠦᠷᠢᠮ᠎ᠤᠨ ᠱᠢᠰᠲ᠋ᠧᠮ᠎ᠢ ᠲᠡᠭᠦᠯᠳᠡᠷᠵᠢᠭᠦᠯᠬᠦ᠌᠎ᠲᠠᠢ ᠤᠶᠠᠯᠳᠤᠭᠤᠯᠤᠨ᠂ ᠠᠮᠢ ᠠᠬᠤᠶ᠎ᠶ᠋ᠢᠨ ᠣᠷᠴᠢᠨ ᠨᠦᠭᠦᠴᠡᠯ᠎ᠤᠨ ᠬᠠᠤᠯᠢ᠎ᠶ᠋ᠢᠨ ᠪᠢᠴᠢᠭ ᠨᠠᠢᠷᠠᠭᠤᠯᠬᠤ ᠠᠵᠢᠯ᠎ᠢ ᠦᠷᠭᠦᠯᠵᠢᠯᠡᠨ ᠠᠬᠢᠭᠤᠯᠵᠤ᠂ ᠤᠯᠤᠰ᠎ᠤᠨ ᠴᠡᠴᠡᠷᠯᠢᠭ᠎ᠤᠨ ᠬᠠᠣᠯᠢ᠎ᠶ᠋ᠢ ᠲᠣᠭ᠍ᠲᠠᠭᠠᠨ᠎ᠠ᠃ ᠤᠯᠤᠰ᠎ᠤᠨ ᠠᠮᠤᠷ ᠲᠦᠪᠱᠢᠨ᠎ᠤ ᠱᠢᠰᠲ᠋ᠧᠮ ᠪᠣᠯᠤᠨ ᠣᠯᠠᠨ ᠨᠡᠢᠲᠡ᠎ᠶ᠋ᠢᠨ ᠠᠮᠤᠷ ᠲᠦᠪᠱᠢᠨ᠎ᠤ ᠵᠠᠰᠠᠯᠲᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠬᠦ᠌᠎ᠲᠠᠢ ᠤᠶᠠᠯᠳᠤᠭᠤᠯᠤᠨ᠂ ᠠᠲ᠋ᠣᠮ᠎ᠤᠨ ᠡᠨᠧᠷᠭᠢ᠎ᠶ᠋ᠢᠨ ᠬᠠᠣᠯᠢ᠂ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠭᠡᠨᠡᠳᠲᠡ᠎ᠶ᠋ᠢᠨ ᠬᠡᠷᠡᠭ᠎ᠢ ᠠᠷᠭᠠᠴᠠᠭᠠᠬᠤ ᠬᠠᠣᠯᠢ᠂ ᠠᠶᠤᠯᠲᠠᠶ ᠬᠢᠮᠢ᠎ᠶ᠋ᠢᠨ ᠵᠦᠢᠯ᠎ᠤᠨ ᠠᠮᠤᠷ ᠲᠦᠪᠱᠢᠨ᠎ᠤ ᠬᠠᠤᠯᠢ᠎ᠶ᠋ᠢ ᠲᠣᠭ᠍ᠲᠠᠭᠠᠵᠤ᠂ ᠵᠠᠮ ᠬᠠᠷᠢᠯᠴᠠᠭᠠᠨ᠎ᠤ ᠠᠮᠤᠷ ᠲᠦᠪᠱᠢᠨ᠎ᠤ ᠬᠠᠤᠯᠢ᠂ ᠢᠳᠡᠭᠡᠨ᠎ᠤ ᠠᠮᠤᠷ ᠳᠦᠪᠱᠢᠨ᠎ᠤ ᠬᠠᠤᠯᠢ᠂ ᠰᠦᠯᠵᠢᠶᠡᠨ᠎ᠤ ᠠᠮᠤᠷ ᠲᠦᠪᠱᠢᠨ᠎ᠤ ᠬᠠᠣᠯᠢ᠂ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶ᠋ᠢᠨ ᠱᠢᠢᠳᠭᠡᠯ᠎ᠤᠨ ᠬᠠᠣᠯᠢ᠂ ᠭᠢᠨᠳᠠᠨ᠎ᠤ ᠬᠠᠣᠯᠢ᠂ ᠤᠯᠤᠰ᠎ᠤᠨ ᠲᠥᠯᠥᠪᠦᠷᠢ᠎ᠶ᠋ᠢᠨ ᠬᠠᠣᠯᠢ᠎ᠳᠤ ᠵᠠᠰᠠᠪᠤᠷᠢ ᠣᠷᠣᠭᠤᠯᠤᠨ᠎ᠠ᠃ ᠭᠠᠳᠠᠭᠠᠳᠤ᠎ᠳᠤ ᠬᠤᠯᠪᠣᠭ᠍ᠳᠠᠬᠤ ᠬᠦᠷᠢᠶᠡᠨ᠎ᠳᠠᠬᠢ ᠬᠠᠣᠯᠢ ᠲᠣᠭ᠍ᠲᠠᠭᠠᠯᠲᠠ᠎ᠶ᠋ᠢ ᠴᠢᠩᠭᠠᠳᠭᠠᠬᠤ᠎ᠲᠠᠢ ᠤᠶᠠᠯᠳᠤᠭᠤᠯᠤᠨ᠂ ᠳᠠᠯᠠᠢ᠎ᠶ᠋ᠢᠨ ᠬᠤᠳᠠᠯᠳᠤᠭᠠᠨ᠎ᠤ ᠬᠠᠤᠯᠢ᠂ ᠭᠠᠳᠠᠭᠠᠳᠤ ᠠᠷᠠᠯᠵᠢᠶᠠᠨ᠎ᠤ ᠬᠠᠣᠯᠢ᠂ ᠬᠥᠨᠳᠡᠯᠡᠨ᠎ᠠᠴᠠ ᠲᠠᠰᠤᠯᠬᠤ ᠬᠠᠤᠯᠢ᠎ᠳᠤ ᠵᠠᠰᠠᠪᠤᠷᠢ ᠣᠷᠣᠭᠤᠯᠤᠨ᠎ᠠ᠃ ᠵᠤᠬᠢᠶᠠᠮᠠᠯ ᠤᠶᠤᠯᠢᠭ᠂ ᠳ᠋ᠢᠵᠢᠲ᠋ᠠᠯ ᠠᠵᠤ ᠠᠬᠤᠢ᠂ ᠲᠤᠮᠤ ᠳ᠋ᠠᠢᠲ᠋ᠠ ᠂ ᠠᠦ᠋ᠲ᠋ᠤ᠋ ᠵᠢᠯᠣᠭᠣᠳᠬᠣ᠂ ᠳᠣᠣᠷ᠎ᠠ ᠠᠭᠠᠷ ᠤ᠋ᠨ ᠠᠵᠣ ᠠᠬᠣᠢ᠂ ᠰᠠᠨᠰᠠᠷ ᠤ᠋ᠨ ᠠᠶᠠᠯᠠᠯ ᠵᠡᠷᠭᠡ ᠱᠢᠨ᠎ᠡ᠎ᠪᠠᠷ ᠬᠦᠭ᠌ᠵᠢᠭ᠌ᠰᠡᠨ ᠬᠦᠷᠢᠶᠡᠨ᠎ᠤ ᠲᠤᠭᠤᠷᠢᠨ᠎ᠳᠠᠬᠢ ᠬᠠᠦᠯᠢ ᠲᠤᠭ᠍ᠲᠠᠭᠠᠬᠤ ᠰᠤᠳᠤᠯᠭᠠᠨ᠎ᠢ ᠴᠢᠩᠭᠠᠳᠭᠠᠨ᠎ᠠ᠃ ᠬᠠᠤᠯᠢ ᠴᠠᠭᠠᠵᠠ᠎ᠶ᠋ᠢ ᠢᠯᠭᠠᠷᠠᠭᠤᠯᠤᠨ ᠲᠢᠭ᠌ᠯᠡᠬᠦ᠌ ᠠᠵᠢᠯ᠎ᠢ ᠡᠬᠢᠯᠡᠭᠦᠯᠦᠨ᠎ᠡ᠃ ᠣᠷᠣᠨ ᠨᠤᠲᠤᠭ᠎ᠢ ᠵᠢᠯᠤᠭᠤᠳᠤᠨ ᠣᠷᠣᠨ ᠪᠦᠰᠡ ᠬᠠᠮᠵᠢᠯᠴᠠᠨ ᠬᠠᠤᠯᠢ ᠲᠣᠭ᠍ᠲᠠᠭᠠᠬᠤ᠎ᠶ᠋ᠢ ᠬᠠᠢᠨ ᠰᠦᠪᠡᠭ᠌ᠴᠢᠯᠡᠨ᠎ᠠ᠃
(ᠭᠤᠷᠪᠠ) ᠶᠡᠭᠡ ᠲᠠᠯ᠎ᠠ᠎ᠲᠠᠢ ᠤᠶᠠᠯᠳᠤᠭᠤᠯᠤᠨ ᠬᠢᠨᠠᠯᠲᠠ ᠲᠠᠯᠪᠢᠬᠤ ᠠᠵᠢᠯ᠎ᠢ ᠰᠠᠢᠲᠤᠷ ᠬᠢᠨ᠎ᠡ᠃ ᠱᠢᠨ᠎ᠡ᠎ᠪᠠᠷ ᠵᠠᠰᠠᠪᠤᠷᠢ ᠣᠷᠣᠭᠤᠯᠤᠭ᠍ᠰᠠᠨ ᠬᠢᠨᠠᠯᠲᠠ ᠲᠠᠯᠪᠢᠬᠤ ᠬᠠᠤᠯᠢ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠵᠦ᠍᠂ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠭᠡ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠠᠷᠠᠳ ᠣᠯᠠᠨ᠎ᠤ ᠪᠣᠳᠤᠵᠤ ᠬᠦᠰᠡᠵᠤ ᠡᠷᠡᠮᠡᠯᠵᠡᠵᠦ᠍ ᠪᠠᠢᠭ᠎ᠠ ᠵᠦᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ᠎ᠪᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠨ᠂ ᠬᠢᠨᠠᠯᠲᠠ ᠲᠠᠯᠪᠢᠬᠤ ᠠᠵᠢᠯ᠎ᠤᠨ ᠬᠠᠨᠳᠤᠯᠭᠠᠲᠤ ᠴᠢᠨᠠᠷ ᠪᠠ ᠪᠦᠳᠦᠮᠵᠢᠳᠦ ᠴᠢᠨᠠᠷ᠎ᠢ ᠤᠯᠠᠮ ᠨᠢᠭᠡ ᠠᠯᠬᠤᠮ ᠴᠢᠩᠭᠠᠳᠭᠠᠨ᠎ᠠ᠃ 37 ᠬᠢᠨᠠᠯᠲᠠ ᠲᠠᠯᠪᠢᠬᠤ ᠲᠦᠰᠦᠯ᠎ᠢ ᠤᠷᠢᠳᠴᠢᠯᠠᠨ ᠲᠤᠬᠢᠷᠠᠭᠤᠯᠤᠨ᠎ᠠ᠃ ᠠᠵᠢᠯᠴᠢᠨ᠎ᠤ ᠡᠪᠯᠡᠯ᠎ᠤᠨ ᠬᠠᠣᠯᠢ᠂ ᠡᠨᠧᠷᠭᠢ᠎ᠶ᠋ᠢᠨ ᠰᠤᠷᠪᠤᠯᠵᠢ᠎ᠶ᠋ᠢ ᠠᠷᠪᠢᠯᠠᠬᠤ ᠬᠠᠣᠯᠢ᠂ ᠤᠢ ᠱᠢᠭᠤᠶ᠎ᠶ᠋ᠢᠨ ᠬᠠᠣᠯᠢ᠂ ᠢᠳᠡᠭᠡᠨ᠎ᠤ ᠠᠮᠤᠷ ᠳᠦᠪᠱᠢᠨ᠎ᠤ ᠬᠠᠤᠯᠢ᠂ ᠣᠷᠴᠢᠯ ᠠᠵᠤ ᠠᠬᠤᠶ᠎ᠶ᠋ᠢ ᠠᠬᠢᠭᠤᠯᠬᠤ ᠬᠠᠣᠯᠢ ᠵᠡᠷᠭᠡ 5 ᠬᠤᠪᠢ ᠬᠠᠣᠯᠢ᠎ᠶ᠋ᠢ ᠬᠡᠷᠡᠭ᠌ᠵᠢᠭᠦᠯᠵᠦ᠍ ᠪᠠᠢᠭ᠎ᠠ ᠪᠠᠢᠳᠠᠯ᠎ᠢ ᠪᠠᠢᠴᠠᠭᠠᠨ᠎ᠠ᠃ ᠡᠳ᠋᠎ᠤᠨ ᠵᠠᠰᠠᠭ ᠠᠵᠤ ᠠᠬᠤᠢ᠎ᠶ᠋ᠢᠨ ᠠᠵᠢᠯ᠎ᠳᠤ ᠬᠢᠨᠠᠯᠲᠠ ᠲᠠᠯᠪᠢᠬᠤ᠎ᠪᠠᠨ ᠴᠢᠩᠭᠠᠳᠭᠠᠵᠤ᠂ ᠲᠥᠯᠥᠪᠯᠡᠭᠡ᠎ᠶ᠋ᠢ ᠭᠦᠢᠴᠡᠳᠭᠡᠬᠦ᠂ ᠲᠥᠰᠦᠪ᠎ᠢ ᠭᠦᠢᠴᠡᠳᠭᠡᠬᠦ᠂ ᠲᠥᠪ᠎ᠤᠨ ᠲᠥᠰᠦᠪ᠎ᠤᠨ ᠭᠦᠢᠴᠡᠳᠭᠡᠯ᠂ ᠬᠢᠨᠠᠨ ᠪᠣᠳᠣᠬᠤ ᠠᠵᠢᠯ᠂ ᠬᠢᠨᠠᠨ ᠪᠣᠳᠣᠯᠲᠠ ᠪᠠᠷ ᠪᠠᠢᠴᠠᠭᠠᠨ ᠭᠠᠷᠭᠠᠭ᠍ᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ᠂ ᠮᠥᠩᠭᠦᠨ ᠭᠦᠢᠯᠭᠡᠭᠡᠨ᠎ᠤ ᠠᠵᠢᠯ᠂ ᠤᠯᠤᠰ᠎ᠤᠨ ᠥᠮᠴᠢᠯᠡᠯ᠎ᠤᠨ ᠪᠡᠯᠡ ᠬᠥᠷᠥᠩᠭᠡ᠎ᠶ᠋ᠢᠨ ᠬᠠᠮᠢᠶᠠᠷᠤᠯᠲᠠ᠂ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠂ ᠡᠳ᠋᠎ᠤᠨ ᠵᠠᠰᠠᠭ᠎ᠤᠨ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠤᠨ ᠪᠡᠯᠡ ᠮᠥᠩᠭᠦ᠎ᠶ᠋ᠢᠨ ᠬᠤᠪᠢᠶᠠᠷᠢᠯᠠᠯᠲᠠ ᠪᠠ ᠬᠡᠷᠡᠭ᠌ᠯᠡᠯᠲᠡ ᠵᠡᠷᠭᠡ ᠪᠠᠢᠳᠠᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠨ᠎ᠡ᠃ ᠱᠢᠨ᠎ᠡ ᠴᠢᠨᠠᠷ᠎ᠤᠨ ᠦᠢᠯᠡᠳᠪᠦᠷᠢᠯᠡᠯ᠎ᠤᠨ ᠬᠦᠴᠦᠨ᠎ᠤ ᠬᠥᠭ᠌ᠵᠢᠯᠲᠡ᠂ ᠰᠣᠶᠣᠯ ᠪᠣᠯᠤᠨ ᠵᠢᠭᠤᠯᠴᠢᠯᠠᠯ᠎ᠢ ᠭᠦᠨᠵᠡᠭᠡᠶ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ᠎ᠶ᠋ᠢ ᠠᠬᠢᠭᠤᠯᠬᠤ᠂ ᠬᠤᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠪᠠᠢᠭᠤᠯᠤᠯ ᠲᠣᠭ᠍ᠲᠠᠴᠠ᠎ᠶ᠋ᠢ ᠪᠠᠢᠭᠤᠯᠤᠨ ᠪᠦᠷᠢᠨᠱᠢᠭᠦᠯᠬᠦ᠂ ᠠᠮᠢᠳᠤᠯᠢᠭ᠎ᠢᠶᠠᠷ ᠠᠵᠢᠯ ᠤᠯᠤᠬ᠍ᠰᠠᠨ ᠪᠠ ᠱᠢᠨ᠎ᠠ ᠬᠡᠯᠪᠡᠷᠢ ᠪᠠᠢᠳᠠᠯ᠎ᠢᠶᠠᠷ ᠠᠵᠢᠯ ᠣᠯᠣᠭ᠍ᠰᠠᠨ ᠬᠥᠳᠡᠯᠮᠦᠷᠢᠴᠢᠳ᠎ᠤᠨ ᠡᠷᠬᠡ ᠠᠱᠢᠭ᠎ᠢ ᠪᠠᠲᠤᠯᠠᠬᠤ᠂ ᠠᠮᠢ ᠠᠬᠤᠢ᠎ᠶ᠋ᠢᠨ ᠤᠷᠴᠢᠨ ᠨᠦᠬᠦᠴᠡᠯ᠎ᠢ ᠬᠠᠮᠠᠭᠠᠯᠠᠬᠤ᠂ ᠠᠭᠤᠷ ᠠᠮᠢᠰᠭᠤᠯ᠎ᠤᠨ ᠬᠤᠪᠢᠷᠠᠯᠲᠠ᠎ᠶ᠋ᠢ ᠠᠷᠭᠠᠴᠠᠭᠠᠬᠤ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠣᠷᠭᠢᠯ ᠬᠡᠮᠵᠢᠭ᠌ᠳᠡᠯ᠎ᠳᠤᠨᠢ ᠬᠦᠷᠭᠡᠬᠦ᠌ ᠨᠡᠭᠦᠷᠡᠰᠦᠲᠥ᠋ᠷᠥᠭ᠌ᠴᠢ᠎ᠶ᠋ᠢᠨ ᠭᠠᠳᠠᠭ᠍ᠰᠢᠯᠠᠭᠤᠯᠤᠯᠲᠠ᠎ᠶ᠋ᠢ ᠰᠠᠭᠠᠷᠮᠠᠭ᠍ᠵᠢᠭᠤᠯᠬᠤ᠂ ᠡᠷᠡᠭᠦᠤ ᠱᠢᠢᠳᠭᠡᠯ᠎ᠢ ᠬᠦᠢᠴᠡᠳᠭᠡᠬᠦ᠂ ᠡᠷᠡᠭᠦᠦ ᠱᠢᠢᠳᠭᠡᠯ᠎ᠢ ᠬᠦᠢᠴᠡᠳᠭᠡᠭᠦ᠎ᠳᠤ ᠬᠢᠨᠠᠯᠲᠠ ᠲᠠᠯᠪᠢᠬᠤ᠂ ᠳᠠᠯᠠᠶ᠎ᠶ᠋ᠢᠨ ᠶᠠᠪᠤᠳᠠᠯ᠎ᠤᠨ ᠱᠢᠭᠦᠨ ᠲᠠᠰᠤᠯᠬᠤ ᠵᠡᠷᠭᠡ ᠠᠵᠢᠯ᠎ᠤᠨ ᠪᠠᠢᠳᠠᠯ᠎ᠲᠠᠢ ᠤᠶᠠᠯᠳᠤᠭᠤᠯᠤᠨ᠂ ᠬᠤᠯᠪᠣᠭ᠍ᠳᠠᠯ ᠪᠦᠬᠦᠢ ᠲᠤᠰᠭᠠᠶ ᠠᠵᠢᠯ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠦᠪᠯᠡᠨ᠎ᠡ᠃ 2024 ᠣᠨ ᠤ᠋ ᠠᠵᠣ ᠠᠬᠣᠢᠯᠠᠯ ᠤ᠋ᠨ ᠣᠯᠣᠰ ᠤ᠋ᠨ ᠦᠮᠴᠢᠯᠡᠯ ᠤ᠋ᠨ ᠪᠡᠯᠡ ᠬᠦᠷᠦᠩᠭᠡ ᠵᠢᠨ ᠬᠠᠮᠢᠶᠠᠷᠣᠯᠳᠠ ᠵᠢᠨ ᠪᠠᠢᠳᠠᠯ ᠤ᠋ᠨ ᠳᠣᠬᠠᠢ ᠮᠡᠳᠡᠭᠦᠯᠦᠯᠳᠡ᠂ ᠡᠨ᠋ᠸᠷᠬᠢ ᠵᠢᠨ ᠰᠣᠷᠪᠣᠯᠵᠢ ᠵᠢᠨ ᠬᠠᠣᠯᠢ ᠵᠢ ᠬᠡᠷᠡᠭᠵᠢᠭᠦᠯᠦᠭᠰᠡᠨ ᠪᠠᠢᠳᠠᠯ ᠢ᠋ ᠪᠠᠢᠴᠠᠭᠠᠭᠰᠠᠨ ᠪᠠᠢᠳᠠᠯ ᠤ᠋ᠨ ᠳᠣᠬᠠᠢ ᠮᠡᠳᠡᠭᠦᠯᠦᠯᠳᠡ ᠵᠢ ᠰᠣᠨᠣᠰᠣᠨ ᠬᠢᠨᠠᠨ ᠵᠦᠪᠯᠡᠬᠦ ᠳᠠᠢ ᠣᠶᠠᠯᠳᠣᠭᠣᠯᠣᠨ᠂ ᠳᠣᠰᠬᠠᠢ ᠰᠡᠳᠦᠪᠳᠦ ᠠᠰᠠᠭᠣᠯᠭᠠ ᠦᠷᠨᠢᠭᠦᠯᠦᠨ᠎ᠡ᠃ ᠠᠷᠪᠠᠨ ᠲᠠᠪᠤᠳᠤᠭᠠᠷ ᠲᠠᠪᠤᠨ ᠵᠢᠯ᠎ᠤᠨ ᠲᠥᠯᠥᠪᠵᠢᠭᠦᠯᠭᠡ᠎ᠶ᠋ᠢᠨ ᠲᠣᠪᠴᠢ᠎ᠶ᠋ᠢ ᠨᠠᠢᠷᠠᠭᠤᠯᠤᠨ ᠵᠣᠬᠢᠶᠠᠬᠤ ᠠᠵᠢᠯ᠎ᠤᠨ ᠴᠢᠬᠤᠯᠠ ᠠᠰᠠᠭᠤᠳᠠᠯ᠎ᠤᠳ᠂ ᠭᠤᠸᠠᠩᠳᠦ᠋ᠩ ᠱᠢᠶᠠᠩᠭᠠᠩ ᠣᠣᠮᠧᠨ᠎ᠤ ᠳᠤᠮᠤ ᠪᠤᠯᠤᠩ᠎ᠤᠨ ᠣᠷᠣᠨ᠎ᠤ ᠪᠦᠳᠦᠭᠡᠨ ᠪᠠᠢᠭᠤᠯᠤᠯᠲᠠ᠂ ᠬᠠᠷᠢᠶᠠᠳᠦ ᠨᠠᠷ᠎ᠤᠨ ᠶᠠᠪᠤᠳᠠᠯ᠎ᠤᠨ ᠬᠠᠦᠯᠢ ᠲᠤᠬ᠍ᠳᠠᠭᠠᠬᠤ᠎ᠶ᠋ᠢ ᠴᠢᠩᠭᠠᠳᠭᠠᠬᠤ ᠵᠡᠷᠭᠡ᠎ᠲᠠᠢ ᠤᠶᠠᠯᠳᠤᠭᠤᠯᠤᠨ 11 ᠵᠦᠢᠯ᠎ᠤᠨ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ ᠥᠷᠨᠢᠭᠦᠯᠦᠨ᠎ᠡ᠃
(ᠳᠦᠷᠪᠡ) ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃ ᠵᠠᠰᠠᠪᠤᠷᠢ ᠣᠷᠣᠭᠤᠯᠤᠭ᠍ᠰᠠᠨ᠎ᠤ ᠳᠠᠷᠠᠭᠠᠬᠢ ᠲᠥᠯᠥᠭᠡᠯᠡᠭ᠌ᠴᠢ᠎ᠶ᠋ᠢᠨ ᠬᠠᠤᠯᠢ᠎ᠶ᠋ᠢ ᠲᠤᠭᠤᠱᠢᠯᠠᠭᠤᠯᠤᠨ ᠬᠡᠷᠡᠭ᠌ᠵᠢᠭᠦᠯᠵᠦ᠍᠂ ᠠᠷᠠᠳ᠎ᠤᠨ ᠰᠠᠨᠠᠭ᠎ᠠ᠎ᠶ᠋ᠢ ᠱᠢᠩᠭᠡᠭᠡᠨ ᠠᠪᠬᠤ᠂ ᠠᠷᠠᠳ᠎ᠤᠨ ᠤᠶᠤᠨ ᠤᠬᠠᠭᠠᠨ᠎ᠢ ᠲᠥᠪᠯᠡᠷᠡᠭᠦᠯᠬᠦ᠌ ᠠᠵᠢᠯ᠎ᠤᠨ ᠲᠣᠭ᠍ᠲᠠᠴᠠ᠎ᠶ᠋ᠢ ᠪᠦᠷᠢᠨᠰᠢᠭᠦᠯᠦᠨ ᠨᠠᠢᠳᠠᠪᠤᠷᠢᠵᠢᠭᠤᠯᠵᠤ᠂ ᠪᠠᠢᠩᠭᠤ᠎ᠶ᠋ᠢᠨ ᠬᠤᠷᠢᠶ᠎ᠠ᠎ᠶ᠋ᠢᠨ ᠲᠦᠯᠦᠭᠡᠯᠡᠭ᠌ᠴᠢ ᠲᠠᠢ ᠬᠠᠷᠢᠯᠴᠠᠬᠤ᠂ ᠲᠦᠯᠦᠭᠡᠯᠡᠭ᠌ᠴᠢ᠎ᠶ᠋ᠢᠨ ᠠᠷᠠᠳ ᠤᠯᠠᠨ᠎ᠲᠠᠢ ᠬᠠᠷᠢᠯᠴᠠᠬᠤ᠎ᠶ᠋ᠢ ᠴᠢᠩᠭᠠᠳᠭᠠᠬᠤ᠎ᠪᠠᠷ ᠭᠠᠷᠳᠠᠴᠠ ᠪᠣᠯᠭᠠᠨ ᠲᠥᠯᠥᠭᠡᠯᠡᠭ᠌ᠴᠢ᠎ᠶ᠋ᠢᠨ ᠠᠵᠢᠯ᠎ᠢ ᠭᠦᠨᠵᠡᠭᠡᠢᠷᠡᠭᠦᠯᠦᠨ ᠥᠷᠭᠡᠳᠭᠡᠵᠦ᠍᠂ ᠲᠦᠯᠦᠭᠡᠯᠡᠭ᠌ᠴᠢ᠎ᠶ᠋ᠢᠨ ᠬᠠᠦᠯᠢ ᠶᠤᠰᠤᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠳᠡᠮᠵᠢᠬᠦ᠌ ᠪᠠ ᠪᠠᠲᠤᠯᠠᠨ᠎ᠠ᠃ ᠪᠠᠢᠩᠭᠤ᠎ᠶ᠋ᠢᠨ ᠬᠤᠷᠢᠶ᠎ᠠ ᠵᠢᠨ ᠪᠦᠷᠢᠯᠳᠦᠭᠦᠨ ᠪᠣᠯᠣᠨ᠂ ᠲᠤᠰᠭᠠᠶ ᠵᠦᠪᠯᠡᠯ᠂ ᠠᠵᠢᠯ ᠤ᠋ᠨ ᠵᠦᠪᠯᠡᠯ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠲᠠᠢ ᠬᠠᠷᠢᠯᠴᠠᠬᠤ ᠲᠣᠭ᠍ᠲᠠᠴᠠ᠎ᠶ᠋ᠢ ᠪᠠᠷᠢᠮᠲᠠᠯᠠᠨ ᠨᠠᠢᠳᠠᠪᠤᠷᠢᠵᠢᠭᠤᠯᠵᠤ᠂ ᠲᠥᠯᠥᠭᠡᠯᠡᠭ᠌ᠴᠢᠳ᠎ᠤᠨ ᠳᠤᠷᠠᠳᠤᠭ᠍ᠰᠠᠨ ᠰᠠᠨᠠᠯ ᠰᠠᠨᠠᠭᠤᠯᠭ᠎ᠠ᠎ᠶ᠋ᠢ ᠬᠢᠨᠠᠮᠠᠭᠠᠶ ᠰᠤᠳᠤᠯᠤᠨ ᠬᠦᠯᠢᠶᠡᠨ ᠠᠪᠤᠨ᠎ᠠ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢ᠎ᠶ᠋ᠢᠨ ᠠᠷᠠᠳ ᠤᠯᠠᠨ᠎ᠲᠠᠢ ᠬᠠᠷᠢᠯᠴᠠᠬᠤ ᠠᠭᠤᠯᠭ᠎ᠠ ᠪᠠ ᠬᠡᠯᠪᠡᠷᠢ᠎ᠶ᠋ᠢ ᠪᠠᠶᠠᠯᠢᠠᠠᠵᠢᠭᠤᠯᠵᠤ᠂ ᠲᠦᠯᠦᠬᠡᠯᠡᠭ᠌ᠴᠢᠳ᠎ᠤᠨ ᠲᠤᠰᠭᠠᠭ᠍ᠰᠠᠨ ᠠᠷᠠᠳ ᠤᠯᠡᠨᠤ ᠰᠠᠨᠠᠯ ᠱᠠᠭᠠᠷᠳᠠᠯᠭ᠎ᠠ᠎ᠶ᠋ᠢ ᠱᠢᠢᠳᠪᠦᠷᠢᠯᠡᠭ᠌ᠰᠡᠨ ᠪᠠᠢᠳᠠᠯ᠎ᠢ ᠬᠠᠷᠢᠭᠤ ᠲᠤᠰᠭᠠᠬᠤ ᠠᠵᠢᠯ᠎ᠤᠨ ᠲᠤᠭ᠍ᠳᠠᠴᠠ᠎ᠶ᠋ᠢ ᠤᠯᠠᠮ ᠨᠢᠭᠡ ᠠᠯᠬᠤᠮ ᠪᠦᠷᠢᠨᠱᠢᠬᠦᠯᠦᠨᠡ᠃ ᠲᠥᠯᠥᠭᠡᠯᠡᠭ᠌ᠴᠢᠳ᠎ᠤᠨ ᠰᠠᠨᠠᠯ ᠵᠥᠪᠯᠡᠯᠭᠡ ᠪᠠ ᠰᠠᠨᠠᠭᠤᠯᠭ᠎ᠠ ᠳᠤᠷᠠᠳᠭᠤ ᠠᠵᠢᠯ᠎ᠢ ᠴᠢᠨᠠᠷ ᠰᠠᠢᠲᠠᠶ ᠬᠢᠨ᠎ᠡ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠲᠥᠯᠥᠭᠡᠯᠡᠭ᠌ᠴᠢᠳ᠎ᠤᠨ ᠰᠤᠷᠤᠯᠴᠠᠯᠭ᠎ᠠ ᠪᠣᠯᠪᠠᠰᠤᠷᠠᠭᠤᠯᠤᠯ᠎ᠢ ᠨᠠᠷᠢᠨ ᠨᠢᠮᠪᠠᠶ ᠵᠣᠬᠢᠶᠠᠨ ᠪᠠᠢᠭᠤᠯᠵᠣ᠂ ᠲᠦᠯᠦᠭᠡᠯᠡᠭᠴᠢᠳ ᠤ᠋ᠨ ᠰᠣᠷᠣᠯᠴᠠᠬᠣ ᠠᠭᠣᠯᠭ᠎ᠠ ᠵᠢ ᠪᠠᠶᠠᠯᠢᠭᠵᠢᠭᠣᠯᠣᠨᠠ᠃ ᠲᠦᠯᠦᠭᠡᠯᠡᠭᠴᠢᠳ ᠤ᠋ᠨ ᠠᠵᠢᠯ ᠪᠠᠢᠴᠠᠭᠠᠵᠣ ᠪᠠᠢᠴᠠᠭᠠᠨ ᠰᠣᠳᠣᠯᠣᠯᠳᠠ ᠬᠢᠬᠦ ᠵᠢ ᠰᠠᠢᠳᠣᠷ ᠵᠣᠬᠢᠶᠠᠨ ᠪᠠᠢᠭᠣᠯᠣᠨᠠ᠃ ᠲᠥᠯᠥᠭᠡᠯᠡᠭ᠌ᠴᠢᠳ᠎ᠤᠨ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠤ ᠦᠢᠯᠡᠴᠢᠯᠡᠵᠦ᠍ ᠪᠠᠲᠤᠯᠠᠭ᠎ᠠ ᠬᠠᠩᠭᠠᠬᠤ ᠪᠠ ᠬᠢᠨᠠᠯᠲᠠ ᠲᠠᠯᠪᠢᠵᠦ᠍ ᠬᠠᠮᠢᠶᠠᠷᠬᠤ᠎ᠪᠠᠨ ᠴᠢᠩᠭᠠᠳᠭᠠᠨ᠎ᠠ᠃ ᠱᠢᠶᠠᠨ ᠱᠢᠶᠠᠩ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠤᠭᠤᠯᠢ᠎ᠶ᠋ᠢᠨ ᠲᠤᠰᠭᠠᠶ ᠰᠡᠳᠦᠪᠲᠦ ᠪᠠᠢᠴᠠᠭᠠᠨ ᠰᠤᠳᠤᠯᠤᠯᠲᠠ᠎ᠶ᠋ᠢ ᠥᠷᠨᠢᠭᠦᠯᠦᠨ᠎ᠡ᠃
(ᠲᠠᠪᠤ) ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ ᠬᠠᠷᠢᠯᠴᠠᠭ᠎ᠠ᠎ᠶ᠋ᠢ ᠴᠢᠩᠭᠠᠳᠭᠠᠨ᠎ᠠ᠃ ᠤᠯᠤᠰ᠎ᠤᠨ ᠭᠠᠳᠠᠭᠠᠳᠤ ᠬᠠᠷᠢᠯᠴᠠᠭᠠᠨ᠎ᠤ ᠶᠡᠷᠦᠩᠬᠡᠶ ᠪᠠᠢᠷᠢᠯᠠᠭᠤᠯᠤᠯᠲᠠ᠎ᠶ᠋ᠢᠨ ᠲᠣᠭᠤᠷᠢᠨ᠎ᠳᠤ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠡᠭᠦᠷᠭᠡ ᠴᠢᠳᠠᠪᠤᠷᠢ ᠲᠤᠱᠢᠶᠠᠯ ᠬᠠᠷᠢᠭᠤᠴᠠᠯᠭ᠎ᠠ ᠪᠠ ᠭᠠᠳᠠᠭᠠᠳᠤ ᠬᠠᠷᠢᠯᠴᠠᠭᠠᠨ᠎ᠤ ᠠᠵᠢᠯ᠎ᠤᠨ ᠣᠨᠴᠠᠯᠢᠭ ᠳᠠᠪᠠᠭᠤᠯᠢᠭ᠎ᠲᠤ ᠰᠠᠭᠤᠷᠢᠯᠠᠨ᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠠᠳᠠᠭᠠᠳᠤ ᠬᠠᠷᠢᠯᠴᠠᠭᠠᠨ᠎ᠤ ᠰᠠᠨᠠᠭᠠᠴᠢᠯᠠᠭᠠᠲᠤ ᠴᠢᠨᠠᠷ᠂ ᠬᠠᠨᠳᠤᠯᠭᠠᠲᠤ ᠴᠢᠨᠠᠷ᠂ ᠪᠦᠳᠦᠮᠵᠢᠳᠦ ᠴᠢᠨᠠᠷ᠎ᠢ ᠴᠢᠩᠭᠠᠷᠠᠭᠤᠯᠤᠨ᠎ᠠ᠃ ᠡᠯ᠎ᠡ ᠳᠡᠰ ᠳᠠᠪᠬᠤᠷᠭ᠎ᠠ᠎ᠶ᠋ᠢᠨ ᠭᠠᠳᠠᠭᠠᠳᠤ ᠬᠠᠷᠢᠯᠴᠠᠭ᠎ᠠ᠎ᠶ᠋ᠢ ᠬᠠᠮᠵᠢᠯᠴᠠᠭᠤᠯᠤᠨ ᠠᠬᠢᠭᠤᠯᠵᠤ᠂ ᠭᠠᠳᠠᠭᠠᠳᠤ ᠤᠯᠤᠰ᠎ᠤᠨ ᠵᠥᠪᠯᠡᠯᠭᠡᠨ᠎ᠤ ᠬᠤᠷᠠᠯ ᠪᠠ ᠤᠯᠠᠨ ᠲᠠᠯᠠᠲᠤ ᠵᠥᠪᠯᠡᠯᠭᠡᠨ᠎ᠤ ᠬᠤᠷᠠᠯ᠎ᠤᠨ ᠵᠣᠬᠢᠶᠠᠨ ᠪᠠᠢᠭᠤᠯᠤᠯᠲᠠ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠪᠦᠬᠦ᠌ ᠲᠠᠯ᠎ᠠ᠎ᠪᠠᠷ ᠥᠷᠨᠢᠭᠦᠯᠵᠦ᠍᠂ ᠬᠥᠭ᠌ᠵᠢᠵᠦ᠍ ᠪᠠᠢᠭ᠎ᠠ ᠤᠯᠤᠰ᠎ᠤᠳ᠎ᠤᠨ ᠵᠥᠪᠯᠡᠯᠭᠡᠨ᠎ᠤ ᠬᠤᠷᠠᠯ᠎ᠤᠨ ᠭᠡᠱᠢᠭᠦᠳ᠎ᠤᠨ ᠰᠤᠳᠤᠯᠤᠨ ᠶᠠᠷᠢᠯᠴᠠᠬᠤ ᠠᠩᠬᠢ᠎ᠶ᠋ᠢ ᠦᠷᠭᠦᠯᠵᠢᠯᠡᠨ ᠰᠠᠢᠲᠤᠷ ᠡᠷᠬᠢᠯᠡᠨ᠎ᠠ᠃ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠭ᠌ᠰᠡᠨ ᠲᠤᠷᠱᠢᠯᠭ᠎ᠠ᠎ᠶ᠋ᠢᠨ ᠰᠤᠯᠢᠯᠴᠠᠭ᠎ᠠ᠎ᠶ᠋ᠢ ᠬᠦᠨᠵᠡᠬᠡᠢᠷᠡᠬᠦᠯᠤᠨ᠂ ᠭᠠᠳᠠᠭ᠍ᠰᠢ ᠪᠠᠨ ᠤᠬᠠᠭᠤᠯᠤᠨ ᠲᠠᠨᠢᠯᠴᠠᠭᠤᠯᠬᠤ᠎ᠶ᠋ᠢ ᠢᠳᠡᠪᠬᠢᠲᠡᠶ ᠥᠷᠨᠢᠭᠦᠯᠵᠦ᠍᠂ ᠳᠤᠮᠳᠠᠳᠤ ᠤᠯᠤᠰ᠎ᠤᠨ ᠵᠠᠮ᠂ ᠤᠨᠤᠯ᠂ ᠪᠠᠢᠭᠤᠯᠤᠯ᠂ ᠰᠣᠶᠣᠯ᠎ᠤᠨ ᠨᠥᠯᠥᠭᠡᠯᠡᠬᠦ᠌ ᠬᠦᠴᠦᠨ ᠪᠠ ᠤᠷᠢᠶᠠᠯᠠᠬᠤ ᠬᠦᠴᠦᠨ᠎ᠢ ᠴᠢᠩᠭᠠᠷᠠᠭᠤᠯᠤᠨ᠎ᠠ᠃ ᠤᠯᠤᠰ᠎ᠤᠨ ᠭᠤᠣᠯᠯᠠᠬᠤ ᠠᠱᠢᠭ ᠲᠤᠰᠠ᠎ᠳᠤ ᠬᠤᠯᠪᠣᠭ᠍ᠳᠠᠭ᠍ᠰᠠᠨ ᠠᠰᠠᠭᠤᠳᠠᠯ ᠳᠡᠭᠡᠷ᠎ᠡ ᠰᠠᠨᠠᠭᠠᠴᠢᠯᠠᠭ᠎ᠠ᠎ᠠᠴᠠ᠎ᠪᠠᠨ ᠦᠵᠡᠯ ᠪᠤᠳᠤᠯ᠎ᠢᠶᠠᠨ ᠢᠯᠡᠷᠬᠡᠢᠯᠡᠵᠦ᠍᠂ ᠵᠣᠷᠢᠭ᠍ᠲᠠᠶ᠎ᠪᠠᠷ ᠲᠡᠮᠡᠴᠡᠯ ᠬᠢᠵᠦ᠍ ᠴᠢᠳᠠᠮᠠᠭᠠᠶ᠎ᠪᠠᠷ ᠲᠡᠮᠡᠴᠡᠯ ᠬᠢᠨ᠎ᠡ᠃
(ᠵᠢᠷᠭᠤᠭ᠎ᠠ) 《ᠳᠥᠷᠪᠡᠨ ᠪᠠᠢᠭᠤᠯᠭ᠎ᠠ》᠎ᠶ᠋ᠢᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ᠃ ᠨᠠᠮ᠎ᠤᠨ ᠲᠥᠪ ᠬᠣᠷᠢᠶ᠎ᠠ ᠵᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮ᠎ᠤᠨ ᠤᠨᠤᠯ᠂ ᠱᠤᠭᠤᠮ᠂ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠠ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠳᠤᠮᠳᠠ ᠪᠦᠬᠦ᠌ ᠲᠠᠯ᠎ᠠ᠎ᠪᠠᠷ ᠲᠤᠭᠤᠱᠢᠯᠠᠭᠤᠯᠬᠤ᠎ᠶ᠋ᠢ ᠦᠨᠡᠨ ᠬᠦ᠌ ᠪᠠᠲᠤᠯᠠᠨ᠎ᠠ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ ᠰᠠᠨᠠᠭ᠎ᠠ᠎ᠶ᠋ᠢ ᠨᠢᠬ᠍ᠳᠠᠷᠠᠭᠤᠯᠤᠨ ᠰᠦᠭ ᠰᠦᠯᠳᠡ᠎ᠶ᠋ᠢ ᠪᠣᠰᠭᠠᠬᠤ᠎ᠶ᠋ᠢ ᠪᠠᠷᠢᠮᠲᠠᠯᠠᠵᠤ᠂ ᠦᠵᠡᠯ ᠰᠠᠨᠠᠭ᠎ᠠ ᠤᠨᠤᠯ᠎ᠤᠨ ᠬᠢᠷᠢ ᠬᠡᠮᠵᠢᠶ᠎ᠡ᠎ᠶ᠋ᠢᠨ ᠳᠡᠭᠡᠭ᠌ᠰᠢᠯᠡᠯᠲᠡ᠎ᠪᠠᠷ ᠤᠯᠤᠰ ᠲᠦᠷᠦ᠍᠎ᠶ᠋ᠢᠨ ᠴᠢᠳᠠᠪᠤᠷᠢ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ᠎ᠶ᠋ᠢᠨ ᠳᠡᠭᠡᠭ᠌ᠰᠢᠯᠡᠯᠲᠡ᠎ᠶ᠋ᠢ ᠠᠬᠢᠭᠤᠯᠤᠨ᠎ᠠ᠃ ᠬᠠᠣᠯᠢ᠎ᠪᠠᠷ ᠲᠤᠭ᠍ᠲᠠᠭᠠᠭ᠍ᠰᠠᠨ ᠲᠤᠱᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠍᠂ ᠬᠠᠦᠯᠢ᠎ᠶ᠋ᠢ ᠴᠢᠩᠭ᠎ᠠ ᠵᠢᠷᠤᠮᠯᠠᠨ ᠠᠵᠢᠯᠯᠠᠵᠦ᠍᠂ ᠦᠨᠡᠨ᠎ᠢ ᠪᠠᠷᠢᠮᠲᠠᠯᠠᠨ ᠪᠤᠲᠠᠲᠠᠢ᠎ᠶ᠋ᠢ ᠡᠷᠬᠢᠮᠯᠡᠵᠦ᠍᠂ ᠠᠵᠢᠯ᠎ᠤᠨ ᠴᠢᠨᠠᠷ ᠴᠢᠨᠰᠠᠭ᠎ᠠ ᠪᠠ ᠬᠢᠷᠢ ᠬᠡᠮᠵᠢᠶ᠎ᠡ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃ ᠠᠷᠠᠳ ᠤᠯᠠᠨ᠎ᠯᠤᠭ᠎ᠠ᠎ᠶ᠋ᠢᠨ ᠬᠠᠷᠢᠯᠴᠠᠭ᠎ᠠ᠎ᠪᠠᠨ ᠨᠢᠭ᠍ᠲᠠᠷᠠᠭᠤᠯᠵᠤ᠂ ᠪᠠᠢᠴᠠᠭᠠᠨ ᠰᠤᠳᠤᠯᠤᠯᠲᠠ᠎ᠶ᠋ᠢ ᠭᠦᠨᠵᠡᠭᠡᠶ ᠥᠷᠨᠢᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠠᠷᠠᠳ᠎ᠤᠨ ᠰᠠᠨᠠᠭᠠᠨ᠎ᠤ ᠰᠠᠭᠤᠷᠢ᠎ᠶ᠋ᠢ ᠪᠡᠲᠤᠳᠭᠠᠨᠡ᠃ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠰᠣᠨᠢᠨ ᠮᠡᠳᠡᠭᠡᠨ᠎ᠤ ᠤᠬᠠᠭᠤᠯᠭ᠎ᠠ ᠬᠢᠬᠦ᠌ ᠪᠠ ᠶᠠᠷᠢᠶ᠎ᠠ ᠬᠡᠯᠡᠯᠴᠡᠭᠡᠨ᠎ᠤ ᠪᠠᠢᠳᠠᠯ᠎ᠢ ᠠᠷᠭᠠᠴᠠᠭᠠᠬᠤ ᠠᠵᠢᠯ᠎ᠢ ᠰᠠᠢᠲᠤᠷ ᠬᠢᠨ᠎ᠡ᠃ ᠠᠷᠠᠳ ᠤ᠋ᠨ ᠲᠦᠯᠦᠭᠡᠯᠡᠭᠴᠢᠳ ᠤ᠋ᠨ ᠶᠡᠬᠡ ᠬᠣᠷᠠᠯ ᠤ᠋ᠨ ᠠᠵᠢᠯ ᠤ᠋ᠨ ᠮᠡᠳᠡᠭᠡ ᠵᠠᠩᠬᠢᠴᠢᠯᠠᠯᠳᠠ ᠵᠢᠨ ᠪᠠᠢᠭᠣᠯᠣᠯᠳᠠ ᠵᠢ ᠠᠬᠢᠭᠣᠯᠣᠨ᠎ᠠ᠃ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ ᠪᠡᠶᠡᠴᠢ ᠴᠤᠭ᠍ᠴᠠ᠎ᠶ᠋ᠢᠨ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠵᠤ᠂ ᠰᠤᠷᠲᠠᠯ᠎ᠢ ᠲᠦᠪ ᠪᠤᠯᠭᠠᠨ ᠰᠠᠬᠢᠯᠭ᠎ᠠ ᠪᠠᠲᠦ᠍ᠶ᠋ᠢ ᠴᠢᠩᠳᠠᠯᠠᠬᠤ᠎ᠶ᠋ᠢ ᠪᠠᠷᠢᠮᠲᠠᠯᠠᠵᠤ᠂ ᠬᠠᠷᠢᠭᠤᠴᠠᠯᠭ᠎ᠠ ᠡᠭᠦᠷᠭᠡᠯᠡᠵᠦ᠍ ᠴᠢᠷᠮᠠᠢᠯᠭ᠎ᠠ ᠭᠠᠷᠭᠠᠬᠤ᠎ᠶ᠋ᠢ ᠤᠷᠮᠠᠱᠢᠭᠤᠯᠤᠨ ᠵᠤᠷᠢᠭ᠍ᠵᠢᠭᠤᠯᠵᠤ᠂ ᠤᠯᠤᠰ ᠲᠦᠷᠦ᠍᠎ᠶ᠋ᠢᠨ ᠲᠠᠯ᠎ᠠ᠎ᠪᠠᠷ ᠪᠠᠲᠤ ᠴᠢᠩᠭ᠎ᠠ᠂ ᠠᠷᠠᠳ ᠲᠦᠮᠨᠨ᠎ᠳᠤ ᠦᠢᠯᠡᠴᠢᠯᠡᠬᠦ᠂ ᠬᠠᠦᠯᠢ᠎ᠪᠠᠷ ᠵᠠᠰᠠᠬᠤ᠎ᠶ᠋ᠢ ᠳᠡᠭᠡᠳᠦᠯᠡᠬᠦ᠂ ᠠᠷᠠᠳᠴᠢᠯᠠᠯ᠎ᠢ ᠪᠠᠳᠠᠷᠠᠭᠤᠯᠬᠤ᠂ ᠲᠤᠱᠢᠶᠠᠯ ᠬᠠᠷᠢᠭᠤᠴᠠᠯᠭ᠎ᠠ᠎ᠪᠠᠨ ᠴᠢᠷᠮᠠᠢᠨ ᠬᠦᠢᠴᠡᠳᠭᠡᠬᠦ᠌ ᠠᠷᠠᠳ᠎ᠤᠨ ᠲᠦᠯᠦᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠤᠨ ᠡᠩᠨᠡᠭᠡ᠎ᠶ᠋ᠢ ᠪᠣᠢ ᠪᠣᠯᠭᠠᠨ᠎ᠠ᠃ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠯᠤᠭ᠎ᠠ᠎ᠶ᠋ᠢᠨ ᠬᠠᠷᠢᠯᠴᠠᠭ᠎ᠠ ᠪᠠᠨ ᠴᠢᠩᠭᠠᠳᠭᠠᠵᠤ᠂ ᠱᠢᠨ᠎ᠡ ᠴᠠᠭ ᠦᠶ᠎ᠡ᠎ᠶ᠋ᠢᠨ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠠᠵᠢᠯ᠎ᠢ ᠬᠠᠮᠲᠦ᠍ᠪᠠᠷ ᠰᠠᠢᠳᠤᠷ ᠬᠢᠨ᠎ᠡ᠃
ᠲᠥᠯᠥᠭᠡᠯᠡᠭ᠌ᠴᠢᠳ ᠡ!
ᠪᠢᠳᠡ ᠰᠢ᠎ᠶ᠋ᠢᠨ ᠫᠢᠩ ᠨᠥᠬᠦᠷ᠎ᠢᠶᠠᠷ ᠭᠤᠣᠯᠯᠠᠭᠤᠯᠤᠬᠰᠠᠨ ᠨᠠᠮ᠎ᠤᠨ ᠲᠥᠪ ᠬᠣᠷᠢᠶ᠎ᠠ ᠵᠢᠨ ᠲᠣᠭᠤᠷᠢᠨ᠎ᠳᠤ ᠨᠠᠩ ᠢᠯᠡᠭᠦᠦ ᠨᠢᠭ᠍ᠲᠠᠷᠠᠨ ᠪᠦᠯᠬᠦᠮᠳᠡᠵᠦ᠍᠂ ᠲᠤᠯᠭᠤᠷ ᠵᠤᠷᠢᠯᠳᠡ᠎ᠪᠠᠨ ᠦᠯᠦ᠍ ᠮᠠᠷᠲᠠᠨ᠂ ᠡᠬᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠵᠦ᠍᠂ ᠢᠲᠡᠭᠡᠯ ᠵᠣᠷᠢᠭ᠎ᠢᠶᠠᠨ ᠪᠠᠲᠤᠳᠭᠠᠨ᠂ ᠡᠷᠴᠢ ᠵᠤᠷᠢᠭ᠎ᠢᠶᠠᠨ ᠬᠦᠪᠴᠢᠯᠡᠨ ᠤᠷᠤᠭ᠍ᠰᠢᠯᠠᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠠᠴᠠ ᠣᠯᠭᠤᠭ᠍ᠰᠠᠨ ᠲᠤᠱᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠦ᠍᠂ ᠱᠢᠨ᠎ᠡ ᠴᠠᠭ ᠦᠶ᠎ᠡ ᠱᠢᠨ᠎ᠡ ᠠᠶᠠᠨ ᠵᠠᠮ᠎ᠳᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠵᠤ᠂ ᠰᠠᠢᠲᠤᠷ ᠲᠡᠭᠦᠯᠳᠡᠷᠵᠢᠭᠦᠯᠵᠦ᠍᠂ ᠰᠠᠢᠲᠤᠷ ᠠᠵᠢᠯᠯᠠᠭᠤᠯᠤᠨ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠶ᠋ᠢᠨ ᠲᠥᠯᠥᠭᠡ ᠴᠦᠬᠦᠷᠡᠰᠢ ᠦᠭᠡᠢ ᠲᠡᠮᠡᠴᠡᠵᠡᠭᠡᠶ᠎ᠡ!
(ᠰᠢᠨᠬᠣᠸᠠ ᠬᠣᠷᠢᠶ᠎ᠠ ᠵᠢᠨ ᠪᠡᠭᠡᠵᠢᠩ ᠤ᠋ᠨ 3 ᠰᠠᠷ᠎ᠠ ᠵᠢᠨ 14 ᠤ᠋ ᠡᠳᠦᠷ ᠤ᠋ᠨ ᠴᠠᠬᠢᠯᠭᠠᠨ ᠮᠡᠳᠡᠭᠡ᠂ ᠳᠣᠮᠳᠠᠳᠣ ᠣᠯᠣᠰ ᠤ᠋ᠨ ᠦᠨᠳᠦᠰᠦᠳᠡᠨ ᠤ᠋ ᠬᠡᠯᠡᠨ ᠤ᠋ ᠣᠷᠴᠢᠭᠣᠯᠭ᠎ᠠ ᠵᠢᠨ ᠳᠣᠪᠴᠢᠶ᠎ᠠ ᠣᠷᠴᠢᠭᠣᠯᠪᠠ )