ᠪᠤᠯᠤᠩ ᠨᠡᠭᠡᠭᠡᠬᠦ ᠦᠭᠡ᠄
ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠱᠢᠨ᠎ᠡ ᠬᠦᠴᠦᠨ ᠮᠥᠨ᠂ ᠴᠢᠨᠠᠷ ᠰᠠᠢᠲᠠᠶ ᠬᠥᠭ᠌ᠵᠢᠯᠲᠡ᠎ᠶ᠋ᠢᠨ ᠴᠢᠬᠤᠯᠠ ᠰᠠᠭᠤᠷᠢ ᠮᠥᠨ᠃
ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠶ ᠱᠦᠵᠢ ᠰᠢ ᠵᠢᠨ ᠫᠢᠩ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠡᠷᠡᠭᠦᠯ᠎ᠢᠶᠡᠷ ᠬᠥᠭ᠌ᠵᠢᠬᠦ᠌᠂ ᠴᠢᠨᠠᠷ ᠰᠠᠢᠲᠠᠶ ᠬᠥᠭ᠌ᠵᠢᠯᠲᠡ᠎ᠶ᠋ᠢᠨ ᠲᠤᠬᠠᠶ ᠠᠯᠢ ᠣᠯᠠᠨ ᠴᠢᠬᠤᠯᠠ ᠥᠭᠦᠯᠡᠯᠲᠡ ᠪᠠ ᠴᠢᠬᠤᠯᠠ ᠪᠠᠢᠷᠢᠯᠠᠭᠤᠯᠤᠯᠲᠠ ᠬᠢᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠠᠵᠢᠯ᠎ᠢ ᠰᠠᠢᠲᠤᠷ ᠬᠢᠬᠦ᠌᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠨ ᠪᠤᠵᠠᠭᠠᠢᠷᠬᠠᠤᠶ᠋ᠢ ᠠᠬᠢᠭᠤᠯᠬᠤ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠶ ᠵᠢᠭᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠪᠡ᠃
ᠲᠣᠰ ᠡᠳᠦᠷ᠎ᠡᠴᠡ ᠡᠬᠢᠯᠡᠨ᠂ ᠱᠢᠨᠬᠤᠸᠠ ᠬᠣᠷᠢᠶ᠎ᠠ 《ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠶ᠎ᠠ》 ᠲᠤᠰᠭᠠᠶ ᠪᠤᠯᠤᠩ ᠭᠠᠷᠭᠠᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ᠎ᠤ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠠᠩᠬᠠᠷᠴᠤ᠌ ᠪᠠᠢᠭ᠎ᠠ ᠠᠰᠠᠭᠤᠳᠠᠯ᠎ᠳᠤ ᠰᠠᠨᠠᠭᠠᠴᠢᠯᠠᠭ᠎ᠠ᠎ᠡᠴᠡ᠎ᠪᠠᠨ ᠬᠠᠷᠢᠭᠤᠯᠲᠠ ᠥᠭ᠌ᠴᠦ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢ ᠠᠬᠢᠭᠤᠯᠤᠭ᠍ᠰᠠᠨ ᠠᠮᠢᠳᠤᠯᠢᠭ ᠦᠶ᠋ᠯᠡᠳᠦᠯᠭᠡ ᠪᠠ ᠲᠤᠷᠱᠢᠯᠭ᠎ᠠ᠎ᠶ᠋ᠢᠨ ᠰᠡᠩᠬᠡᠷᠡᠭᠦᠯᠦᠯ᠎ᠢ ᠲᠡᠯᠬᠡᠨ ᠦᠵᠡᠬᠦᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠱᠢᠨ᠎ᠡ ᠪᠠᠢᠳᠠᠯ᠎ᠢ ᠡᠭᠦᠳᠬᠦ᠌᠎ᠳᠦ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠢᠲᠡᠭᠡᠯ ᠵᠣᠷᠢᠭ᠎ᠢ ᠪᠠᠲᠤᠳᠭᠠᠵᠤ᠂ ᠪᠥᠬᠥ᠌ ᠨᠡᠢᠭᠡᠮ᠎ᠳᠦ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠡᠷᠡᠭᠦᠯ᠎ᠢᠶᠡᠷ ᠬᠥᠭ᠌ᠵᠢᠬᠦ᠌᠂ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠦ ᠣᠷᠴᠢᠨ ᠨᠥᠬᠥᠴᠡᠯ᠎ᠢ ᠪᠣᠶ ᠪᠤᠯᠭᠠᠨ᠎ᠠ᠃
ᠬᠤᠳᠠᠯᠳᠤᠭ᠎ᠠ ᠡᠷᠬᠢᠯᠡᠬᠦ ᠰᠠᠢ᠌ᠨ ᠰᠠᠢᠬᠠᠨ ᠣᠷᠴᠢᠨ ᠨᠥᠬᠥᠴᠡᠯ ᠪᠣᠯ ᠠᠵᠤ ᠠᠬᠤᠢᠯᠠᠯ᠎ᠤᠨ ᠣᠷᠣᠱᠢᠨ ᠲᠣᠭ᠍ᠲᠠᠨᠢᠵᠤ ᠬᠥᠭ᠌ᠵᠢᠬᠦ᠌᠎ᠶ᠋ᠢᠨ 《ᠬᠥᠷᠥᠰᠥ᠍ ᠱᠢᠷᠣᠢ》 ᠮᠥᠨ᠃ ᠰᠤᠷᠪᠤᠯᠵᠢᠯᠠᠭ᠍ᠴᠢ ᠲᠦᠷᠦᠭᠦᠬᠡᠨ ᠪᠠᠢᠴᠠᠭᠠᠨ ᠰᠤᠳᠤᠯᠤᠯᠲᠠ ᠬᠢᠬᠦ᠌᠎ᠳᠡᠭᠡᠨ ᠣᠢᠯᠠᠭᠠᠭ᠍ᠰᠠᠨ᠎ᠢᠶᠠᠷ᠂ ᠡᠯ᠎ᠡ ᠲᠠᠯ᠎ᠠ᠎ᠶ᠋ᠢᠨ᠎ᠬᠢᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠳᠣᠲᠣᠨᠣ ᠴᠢᠬᠡᠴᠢ ᠵᠠᠰᠠᠭ᠎ᠤᠨ ᠣᠷᠳᠣᠨ ᠪᠠ ᠬᠤᠳᠠᠯᠳᠤᠭᠠᠴᠢᠨ᠎ᠤ ᠬᠠᠷᠢᠴᠠᠭ᠎ᠠ᠎ᠶ᠋ᠢ ᠪᠠᠢᠭᠤᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠎ᠶ᠋ᠢᠨ ᠡᠷᠡᠭᠦᠯ᠎ᠢᠶᠡᠷ ᠬᠥᠭ᠌ᠵᠢᠬᠦ᠌᠂ ᠴᠢᠨᠠᠷ ᠰᠠᠢᠲᠠᠶ ᠬᠥᠭ᠌ᠵᠢᠬᠦ᠌᠎ᠶ᠋ᠢ ᠠᠬᠢᠭᠤᠯᠪᠠ᠃
ᠲᠦᠷᠦᠭᠦᠬᠡᠨ᠂ ᠨᠢᠭᠡᠨ ᠬᠡᠷᠡᠭᠯᠡᠭᠴᠢ ᠵᠠᠬᠢᠶᠠᠯᠠᠭ᠎ᠠ᠎ᠪᠠᠨ ᠨᠡᠮᠡᠭ᠌ᠰᠡᠨ᠎ᠡᠴᠡ ᠪᠤᠯᠵᠤ ᠠᠨᠾᠦ᠋ᠢ᠎ᠶ᠋ᠢᠨ ᠴᠦᠵᠸᠦ᠍ᠶ᠋ᠢᠨ ᠪᠦᠦ ᠳ᠋ᠤᠤ ᠣᠨᠴᠠ ᠲᠥᠷᠥᠯ᠎ᠦᠨ ᠬᠦᠶ᠋ᠲᠡᠨ ᠲᠤᠭᠤᠢᠯᠠᠪᠤᠷᠢᠶ᠋ᠢᠨ ᠪᠣᠯᠣᠳ᠎ᠤᠨ ᠬᠢᠵᠠᠭᠠᠷᠲᠤ ᠺᠣᠮᠫᠠᠨᠢ 600 ᠲᠦᠮᠡᠨ ᠲᠥᠭᠥᠷᠢᠭ᠎ᠦᠨ ᠭᠦᠶ᠋ᠯᠭᠡᠭᠡᠨ᠎ᠦ ᠪᠠᠯᠠ ᠮᠥᠩᠭᠥ᠎ᠪᠡᠷ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠎ᠶ᠋ᠢ ᠪᠠᠴᠢᠮ ᠱᠠᠭᠠᠷᠳᠠᠪᠠ᠃ ᠲᠤᠬᠠᠶ᠎ᠶ᠋ᠢᠨ ᠭᠠᠵᠠᠷ᠎ᠤᠨ ᠮᠥᠩᠭᠥᠨ ᠭᠦᠶ᠋ᠯᠭᠡᠭᠡᠨ᠎ᠦ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ ᠪᠠᠢᠳᠠᠯ᠎ᠢ ᠣᠢᠯᠠᠭᠠᠭ᠍ᠰᠠᠨ᠎ᠤ ᠳᠠᠷᠠᠭ᠎ᠠ᠂ ᠲᠡᠷᠡ ᠳᠠᠷᠤᠶᠳᠤᠨᠢ ᠬᠣᠯᠪᠣᠭ᠍ᠳᠠᠯ ᠪᠥᠬᠥᠶ ᠪᠠᠩᠬᠢ᠎ᠶ᠋ᠢ ᠵᠢᠯᠣᠭᠣᠳᠤᠨ ᠵᠢᠵᠢᠭ ᠪᠢᠴᠢᠯ ᠠᠵᠤ ᠠᠬᠤᠢᠯᠠᠯ᠎ᠤᠨ ᠪᠠᠯᠠ ᠬᠤᠷᠠᠮᠳᠤᠭᠤᠯᠬᠤ ᠵᠢ ᠵᠣᠬᠢᠴᠠᠭᠤᠯᠬᠤ ᠲᠣᠭ᠍ᠲᠠᠴᠠ᠎ᠶ᠋ᠢ ᠠᠮᠢᠳᠤᠯᠢᠭ᠎ᠢᠶᠠᠷ ᠬᠡᠷᠡᠭ᠌ᠯᠡᠵᠦ᠍᠂ ᠲᠦᠷᠭᠡᠨ ᠵᠣᠯᠭᠠᠭᠤᠯᠵᠤ᠂ ᠢᠲᠡᠭᠡᠮᠵᠢ ᠣᠯᠭᠣᠪᠠ᠃
《5 ᠠᠵᠢᠯᠯᠠᠬᠤ ᠡᠳᠦᠷ ᠪᠣᠯᠤᠭ᠎ᠠ ᠥᠬᠡᠶ᠎ᠪᠡᠷ 600 ᠲᠦᠮᠡᠨ ᠲᠥᠭᠥᠷᠢᠭ᠎ᠢ ᠪᠠᠩᠬᠢ ᠵᠢᠨ ᠲᠠᠩᠰᠠᠨ ᠡᠷᠦᠬᠡ᠎ᠳᠦ ᠣᠷᠣᠭᠤᠯᠵᠤ᠂ ᠪᠢᠳᠡᠨ᠎ᠳᠦ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠎ᠳᠤ ᠴᠠᠭ᠎ᠤᠨ ᠬᠤᠷ᠎ᠠ ᠪᠤᠯᠵᠤ᠂ ᠵᠢᠱ᠌ᠢᠯᠲᠡ᠎ᠪᠡᠷ ᠲᠦᠷᠦᠬᠦᠦ ᠤᠯᠠᠷᠢᠯ᠎ᠳᠤ ᠺᠣᠮᠫᠠᠨᠢ᠎ᠶ᠋ᠢᠨ ᠦᠶ᠋ᠯᠡᠳᠬᠦᠨ᠎ᠦ ᠥᠷᠲᠡᠭ ᠲᠡᠭᠡᠷ᠎ᠡ ᠵᠢᠯ᠎ᠦᠨ ᠠᠳᠠᠯᠢ ᠬᠤᠭᠤᠴᠠᠭᠠᠨ᠎ᠤ᠎ᠬᠢ᠎ᠡᠴᠡ 20% ᠪᠠᠷ ᠨᠡᠮᠡᠭ᠌ᠳᠡᠬᠦ᠌ ᠪᠣᠯᠤᠨ᠎ᠠ》 ᠭᠡᠵᠦ᠍ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠸᠠᠩ ᠪᠢᠩ ᠬᠡᠯᠡᠪᠡ᠃
ᠪᠠᠯᠠ ᠬᠤᠷᠠᠮᠳᠤᠭᠤᠯᠭ᠎ᠠ᠎ᠶ᠋ᠢᠨ 《ᠠᠮᠢᠳᠤᠯᠢᠭ ᠬᠦᠴᠦᠨ》 ᠨᠢ ᠠᠷᠠᠳ᠎ᠤᠨ ᠡᠵᠡᠨᠭᠨᠡᠯᠲᠡ ᠵᠢᠨ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠪᠡᠷᠬᠡ ᠪᠣᠭᠣᠮᠲᠠ᠎ᠶ᠋ᠢ ᠳᠤᠭᠤᠯᠬᠤ᠎ᠳᠤ ᠬᠦᠴᠦᠨ ᠨᠡᠮᠡᠷᠢᠯᠡᠵᠦ᠍ ᠪᠠᠢᠨ᠎ᠠ᠃ ᠤᠢ᠍ᠢᠷ᠎ᠠ᠎ᠶ᠋ᠢᠨ ᠬᠤᠭᠤᠴᠠᠭᠠᠨ᠎ᠳᠤ᠂ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ᠎ᠤ ᠬᠢᠨ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠭᠣᠣᠯᠳᠠᠯᠭ᠎ᠠ᠎ᠲᠠᠶ ᠠᠩᠬᠠᠷᠴᠤ᠌ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠠᠬᠤᠢᠯᠠᠯ᠎ᠤᠨ ᠳᠠᠷᠤᠭᠠᠰᠤ᠎ᠶ᠋ᠢ ᠬᠥᠩᠭᠡᠷᠡᠭᠦᠯᠬᠦ᠌᠂ ᠵᠠᠰᠠᠭ᠎ᠤᠨ ᠣᠷᠳᠣᠨ᠎ᠤ ᠦᠢᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠵᠡᠷᠭᠡ ᠲᠠᠯ᠎ᠠ᠎ᠶ᠋ᠢᠨ ᠲᠣᠭᠣᠷᠢᠨ᠎ᠳᠤ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ ᠠᠪᠴᠤ᠌᠂ ᠲᠦᠷᠦ᠍᠎ᠶ᠋ᠢᠨ ᠪᠤᠳᠤᠯᠭ᠎ᠠ᠎ᠶ᠋ᠢᠨ 《ᠡᠬᠢᠨ᠎ᠦ ᠨᠢᠭᠡ ᠺᠢᠯᠤᠮᠸᠲᠷ》 ᠡᠴᠡ 《ᠡᠴᠦᠰ᠎ᠦᠨ ᠨᠢᠭᠡ ᠺᠢᠯᠤᠮᠸᠲᠷ》 ᠬᠦᠷᠲᠡᠯ᠎ᠡ ᠵᠣᠯᠭᠠᠭᠤᠯᠤᠨ ᠰᠠᠭᠠᠳ ᠦᠭᠡᠢ ᠨᠡᠪᠲᠡᠷᠡᠬᠦ᠌᠎ᠶ᠋ᠢ ᠠᠬᠢᠭᠤᠯᠪᠠ᠃
ᠣᠢᠷ᠎ᠠ᠎ᠶ᠋ᠢᠨ ᠬᠤᠭᠤᠴᠠᠭᠠᠨ᠎ᠳᠤ᠂ ᠵᠧᠵᠢᠶᠠᠩ ᠮᠤᠵᠢ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠵᠠᠰᠠᠭ ᠵᠠᠬᠢᠷᠭᠠᠨ᠎ᠤ ᠪᠠᠢᠴᠠᠭᠠᠯᠲᠠ᠎ᠶ᠋ᠢ ᠴᠢᠩᠭ᠎ᠠ ᠵᠢᠷᠤᠮᠵᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ᠎ᠢ ᠨᠡᠢᠲᠡᠯᠡᠵᠦ᠍᠂ ᠵᠠᠰᠠᠭ ᠵᠠᠬᠢᠷᠭᠠᠨ᠎ᠤ ᠪᠠᠢᠴᠠᠭᠠᠯᠲᠠ᠎ᠶ᠋ᠢᠨ ᠠᠷᠭ᠎ᠠ ᠬᠡᠯᠪᠡᠷᠢ᠎ᠶ᠋ᠢ ᠱᠢᠯᠢᠳᠡᠭ᠌ᠵᠢᠭᠦᠯᠬᠦ᠌᠂ ᠵᠠᠰᠠᠭ ᠵᠠᠬᠢᠷᠭᠠᠨ᠎ᠤ ᠪᠠᠢᠴᠠᠭᠠᠯᠲᠠ᠎ᠶ᠋ᠢᠨ ᠪᠠᠷᠢᠮᠵᠢᠶ᠎ᠠ᠎ᠶ᠋ᠢ ᠴᠢᠩᠳᠠᠯᠠᠬᠤ᠂ ᠵᠠᠰᠠᠭ ᠵᠠᠬᠢᠷᠭᠠᠨ᠎ᠤ ᠪᠠᠢᠴᠠᠭᠠᠯᠲᠠ ᠬᠢᠨᠠᠯᠲᠠ ᠲᠠᠯᠪᠢᠬᠤ᠎ᠶ᠋ᠢ ᠴᠢᠩᠭᠠᠳᠭᠠᠬᠤ ᠵᠡᠷᠭᠡ ᠲᠠᠯ᠎ᠠ᠎ᠪᠠᠷ ᠨᠠᠷᠢᠯᠢᠬ᠍ᠵᠢᠭᠤᠯᠬᠤ ᠱᠠᠭᠠᠷᠳᠠᠯᠭ᠎ᠠ ᠳᠤᠷᠠᠳᠴᠤ᠌᠂ ᠬᠡᠯᠪᠡᠷᠢ᠎ᠶ᠋ᠢ᠎ᠨᠢ ᠥᠭᠡᠷᠡᠲᠦᠭᠦᠯᠦᠨ ᠪᠠᠢᠴᠠᠭᠠᠬᠤ᠂ ᠳᠤᠷ᠎ᠠ ᠵᠣᠷᠢᠭ᠎ᠢᠶᠠᠷ᠎ᠢᠶᠠᠨ ᠪᠠᠢᠴᠠᠭᠠᠬᠤ᠎ᠶ᠋ᠢ ᠡᠷᠡᠰ ᠬᠣᠷᠢᠭ᠍ᠯᠠᠪᠠ᠃
ᠬᠠᠤᠯᠢ᠎ᠪᠠᠷ ᠵᠠᠰᠠᠬᠤ ᠪᠣᠯ ᠬᠤᠳᠠᠯᠳᠤᠭ᠎ᠠ ᠡᠷᠬᠢᠯᠡᠬᠦ ᠬᠠᠮᠤᠭ᠎ᠤᠨ ᠰᠠᠢ᠌ᠨ ᠣᠷᠴᠢᠨ ᠨᠥᠬᠥᠴᠡᠯ ᠮᠥᠨ᠃ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠲᠤᠮᠤ ᠮᠤᠵᠢ ᠪᠣᠯᠤᠭ᠍ᠰᠠᠨ᠎ᠤ ᠬᠤᠪᠢ᠎ᠳᠤ᠂ ᠵᠧᠵᠢᠶᠠᠩ ᠠᠵᠤ ᠠᠬᠤᠢᠯᠠᠯ᠎ᠳᠤ ᠬᠣᠯᠪᠣᠭ᠍ᠳᠠᠬᠤ ᠵᠠᠰᠠᠭ ᠵᠠᠬᠢᠷᠭᠠᠨ᠎ᠤ ᠪᠠᠢᠴᠠᠭᠠᠯᠲᠠ᠎ᠶ᠋ᠢ ᠴᠢᠩᠭ᠎ᠠ ᠵᠢᠷᠤᠮᠵᠢᠭᠤᠯᠵᠤ᠂ ᠵᠠᠬ᠎ᠠ ᠳᠡᠯᠭᠡᠭᠦᠷ᠎ᠦᠨ ᠵᠢᠱ᠌ᠢᠯᠲᠡ᠎ᠶ᠋ᠢ ᠤᠯᠠᠮ ᠴᠢᠨᠠᠭ᠍ᠰᠢᠳᠠ ᠲᠣᠭ᠍ᠲᠠᠪᠤᠷᠢᠵᠢᠭᠤᠯᠵᠤ᠂ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠬᠥᠭ᠌ᠵᠢᠭᠡᠬᠦ᠎ᠳᠦ ᠠᠱᠢᠭ᠍ᠲᠠᠢ ᠪᠤᠯᠭᠠᠵᠤ᠂ ᠠᠵᠤ ᠠᠬᠤᠢ᠎ᠶ᠋ᠢᠨ ᠲᠤᠮᠤ ᠮᠤᠵᠢ᠎ᠶ᠋ᠢᠨ ᠴᠢᠬᠤᠯᠠ ᠡᠭᠦᠷᠭᠡ ᠡᠭᠦᠷᠭᠡᠯᠡᠬᠦ᠌᠎ᠶ᠋ᠢ ᠨᠡᠩ ᠰᠠᠢᠲᠤᠷ ᠳᠡᠮᠵᠢᠪᠡ᠃
ᠠᠵᠤ ᠠᠬᠤᠢᠯᠠᠯ᠎ᠢ ᠰᠠᠨᠠᠭ᠎ᠠ ᠠᠮᠤᠷ ᠠᠵᠢᠯᠯᠠᠭᠤᠯᠵᠤ᠂ ᠰᠠᠨᠠᠭ᠎ᠠ ᠠᠮᠤᠷ ᠬᠥᠭ᠌ᠵᠢᠭᠦᠯᠬᠦ᠌ ᠪᠣᠯᠭᠠᠵᠤ᠂ ᠡᠯ᠎ᠡ ᠭᠠᠵᠠᠷ᠎ᠤᠨ᠎ᠬᠢᠨ ᠱᠢᠨ᠎ᠡ ᠠᠷᠭ᠎ᠠ ᠪᠣᠳᠣᠯᠭ᠎ᠠ ᠲᠤᠭᠳᠠᠭᠠᠵᠤ ᠪᠣᠳᠠᠲᠠᠶ ᠠᠷᠭ᠎ᠠ ᠪᠣᠳᠣᠯᠭ᠎ᠠ ᠭᠠᠷᠭᠠᠪᠠ᠄ ᠱᠧᠨᠵᠧᠨ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭ᠍ᠰᠠᠨ᠂ ᠳᠡᠯᠡᠬᠡᠢᠵᠢᠭ᠌ᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ 3 ᠠᠵᠢᠯ᠎ᠤᠨ ᠲᠥᠰᠦᠯ᠎ᠢ ᠨᠡᠢᠲᠡᠯᠡᠵᠦ᠍᠂ ᠱᠠᠩᠬᠠᠶ ᠬᠣᠲᠠ ᠵᠠᠬ᠎ᠠ ᠳᠡᠯᠭᠡᠭᠦᠷ᠎ᠲᠦ ᠣᠷᠣᠬᠤ᠎ᠶ᠋ᠢ ᠵᠥᠪᠱᠢᠶᠡᠷᠡᠬᠦ᠌ ᠳᠡᠩᠰᠡᠯᠡᠯᠲᠡ᠎ᠶ᠋ᠢ ᠳᠥᠭᠥᠮᠴᠢᠯᠡᠬᠦ᠌ ᠠᠷᠪᠠᠨ ᠵᠤᠷᠪᠤᠰ ᠠᠷᠭ᠎ᠠ ᠬᠡᠮᠵᠢᠶ᠎ᠡ᠎ᠶ᠋ᠢ ᠨᠡᠢᠲᠡᠯᠡᠵᠦ᠍᠂ ᠯᠢᠶᠣᠤᠨᠢᠩ᠎ᠤᠨ ᠮᠦᠭ᠌ᠳᠡᠨ ᠬᠣᠲᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭᠠᠨ᠎ᠤ ᠲᠥᠯᠥᠪᠯᠡᠭᠡ᠎ᠶ᠋ᠢ ᠨᠡᠢᠲᠡᠯᠡᠪᠡ᠃
ᠵᠠᠬ᠎ᠠ ᠳᠡᠯᠭᠡᠭᠦᠷ᠎ᠲᠦ ᠣᠷᠣᠬᠤ ᠵᠥᠪᠱᠢᠶᠡᠷᠡᠯ ᠪᠣᠯ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠠᠵᠤ ᠠᠬᠤᠢ᠎ᠶ᠋ᠢᠨ ᠠᠵᠢᠯᠯᠠᠭ᠎ᠠ᠎ᠳᠤ ᠣᠷᠣᠯᠴᠠᠬᠤ᠎ᠶ᠋ᠢᠨ ᠤᠷᠢᠲᠠᠯ ᠮᠥᠨ᠂ ᠲᠦᠪ ᠭᠣᠣᠯᠴᠢ ᠪᠠᠷ ᠦᠷᠢᠰᠦᠯᠳᠦᠬᠦ᠌ ᠪᠣᠯ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠦᠨᠳᠦᠰᠦᠨ ᠵᠠᠷᠴᠢᠮ ᠮᠥᠨ᠃
ᠣᠢᠯᠠᠭᠠᠭ᠍ᠰᠠᠨ᠎ᠢᠶᠠᠷ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠦᠪᠯᠡᠯ ᠱᠢᠨ᠎ᠡ ᠬᠡᠪᠯᠡᠯ᠎ᠦᠨ ᠵᠠᠬ᠎ᠠ ᠳᠡᠯᠭᠡᠭᠦᠷ᠎ᠲᠦ ᠣᠷᠣᠬᠤ᠎ᠶ᠋ᠢ ᠵᠥᠪᠱᠢᠶᠡᠷᠡᠬᠦ᠌ ᠨᠠᠵᠠᠭᠠᠶ ᠲᠠᠯ᠎ᠠ᠎ᠶ᠋ᠢᠨ ᠨᠠᠷᠢᠨ ᠲᠠᠨᠭᠰᠠ᠎ᠶ᠋ᠢ ᠲᠦᠷᠭᠡᠳᠭᠡᠨ ᠵᠠᠰᠠᠨ ᠲᠣᠭ᠍ᠲᠠᠭᠠᠵᠤ ᠨᠡᠢᠲᠡᠯᠡᠨ᠂ ᠰᠠᠭᠤᠷᠢ ᠲᠥᠬᠥᠭᠡᠷᠦᠮᠵᠢ᠎ᠶ᠋ᠢᠨ ᠥᠷᠢᠰᠥᠯᠳᠦᠭᠡᠨ᠎ᠦ ᠴᠢᠨᠠᠷᠲᠠᠶ ᠬᠦᠷᠢᠶ᠎ᠡ ᠴᠠᠷᠠᠭ᠎ᠠ᠂ ᠤᠯᠤᠰ᠎ᠤᠨ ᠴᠢᠬᠤᠯᠠ ᠶᠡᠬᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠠᠭᠤᠷᠢ ᠲᠥᠬᠥᠭᠡᠷᠦᠮᠵᠢ ᠵᠡᠷᠭᠡ᠎ᠶ᠋ᠢ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠳᠤ ᠲᠥᠪ ᠭᠤᠤᠯᠴᠢ᠎ᠪᠠᠷ ᠨᠡᠭᠡᠭᠡᠬᠦ᠌᠎ᠶ᠋ᠢ ᠦᠷᠭᠦᠯᠵᠢᠯᠡᠨ ᠠᠬᠢᠭᠤᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ 《ᠬᠣᠶᠠᠷ ᠴᠢᠬᠤᠯᠠ》 ᠪᠥᠲᠥᠭᠡᠨ ᠪᠠᠢᠭᠤᠯᠤᠯᠲᠠ ᠪᠠ 《ᠬᠣᠶᠠᠷ ᠱᠢᠨ᠎ᠡ》 ᠳ᠋ᠤ ᠢᠳᠡᠪᠬᠢᠲᠡᠶ ᠣᠷᠣᠯᠴᠠᠬᠤ᠎ᠶ᠋ᠢ ᠳᠡᠮᠵᠢᠪᠡ᠃
ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠶᠠᠮᠤᠨ ᠳᠤᠮᠳᠠ ᠪᠠᠭ᠎ᠠ ᠠᠵᠤ ᠠᠬᠤᠢᠯᠠᠯ᠎ᠤᠨ ᠭᠠᠳᠠᠭᠠᠳᠤ᠎ᠳᠦ ᠭᠠᠷᠬᠤ ᠦᠶ᠋ᠯᠡᠴᠢᠯᠡᠭᠡᠨ᠎ᠦ ᠲᠤᠰᠭᠠᠶ ᠠᠵᠢᠯᠯᠠᠭ᠎ᠠ᠎ᠶ᠋ᠢ ᠪᠠᠢᠷᠢᠯᠠᠭᠤᠯᠤᠨ ᠥᠷᠨᠢᠭᠦᠯᠵᠦ᠍᠂ ᠵᠠᠬ᠎ᠠ ᠳᠡᠯᠭᠡᠭᠦᠷ᠎ᠢ ᠥᠷᠭᠡᠳᠭᠡᠬᠦ᠌᠂ ᠡᠷᠬᠡ ᠠᠱᠢᠭ᠎ᠢ ᠬᠠᠮᠠᠭᠠᠯᠠᠬᠤ ᠵᠡᠷᠭᠡ ᠦᠶ᠋ᠯᠡᠴᠢᠯᠡᠭᠡ᠎ᠶ᠋ᠢ ᠭᠤᠤᠯᠳᠠᠯᠭ᠎ᠠ᠎ᠲᠠᠶ ᠬᠠᠩᠭᠠᠪᠠ; ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ 《ᠲᠥᠪ ᠭᠤᠤᠯᠴᠢ ᠥᠷᠢᠰᠥᠯᠳᠦᠭᠡᠨ᠎ᠦ ᠬᠢᠨᠠᠨ ᠪᠠᠢᠴᠠᠭᠠᠯᠲᠠ᠎ᠶ᠋ᠢᠨ ᠲᠦᠷᠢᠮ᠎ᠦᠨ ᠬᠡᠷᠡᠭ᠌ᠵᠢᠭᠦᠯᠬᠦ᠌ ᠠᠷᠭ᠎ᠠ》 ᠶ᠋ᠢ ᠨᠡᠢᠲᠡᠯᠡᠵᠦ᠍᠂ ᠲᠥᠪ ᠭᠤᠤᠯᠴᠢ ᠥᠷᠢᠰᠥᠯᠳᠦᠭᠡᠨ᠎ᠦ ᠬᠢᠨᠠᠨ ᠪᠠᠢᠴᠠᠭᠠᠯᠲᠠ᠎ᠶ᠋ᠢᠨ ᠶᠡᠷᠦᠩᠬᠡᠶ ᠱᠠᠭᠠᠷᠳᠠᠯᠭ᠎ᠠ᠂ ᠬᠢᠨᠠᠨ ᠪᠠᠢᠴᠠᠭᠠᠬᠤ ᠪᠠᠷᠢᠮᠵᠢᠶ᠎ᠠ᠂ ᠬᠢᠨᠠᠨ ᠪᠠᠢᠴᠠᠭᠠᠬᠤ ᠲᠠᠰ ᠳᠠᠷᠠᠭᠠᠯᠠᠯ ᠵᠢᠴᠢ ᠬᠢᠨᠠᠯᠲᠠ ᠲᠠᠯᠪᠢᠵᠤ ᠪᠠᠲᠤᠯᠠᠬᠤ ᠠᠷᠭ᠎ᠠ ᠬᠡᠮᠵᠢᠶ᠎ᠡ ᠵᠡᠷᠭᠡ᠎ᠶ᠋ᠢ ᠨᠠᠷᠢᠯᠢᠬ᠍ᠵᠢᠭᠤᠯᠤᠨ ᠲᠡᠭᠦᠯᠳᠡᠷᠵᠢᠭᠦᠯᠵᠦ᠍᠂ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ᠎ᠶ᠋ᠢᠨ ᠪᠣᠳᠣᠯᠭ᠎ᠠ᠎ᠶ᠋ᠢ ᠵᠣᠬᠢᠴᠠᠭᠤᠯᠤᠨ ᠬᠣᠯᠪᠣᠭᠠᠯᠠᠨ ᠬᠥᠳᠡᠯᠦᠯᠴᠡᠵᠦ᠍᠂ ᠲᠣᠭ᠍ᠲᠠᠭᠤᠨ᠂ ᠲᠥᠪ ᠭᠤᠤᠯᠴᠢ᠂ ᠢᠯᠡ ᠲᠣᠳᠣ᠂ ᠵᠢᠱ᠌ᠢᠵᠦ᠍ ᠪᠣᠯᠬᠤᠢᠴᠠ ᠬᠥᠭ᠌ᠵᠢᠯᠲᠡ᠎ᠶ᠋ᠢᠨ ᠣᠷᠴᠢᠨ ᠨᠥᠬᠥᠴᠡᠯ᠎ᠢ ᠪᠣᠶ ᠪᠣᠯᠭᠠᠵᠤ᠂ ᠨᠠᠩ ᠣᠯᠠᠨ ᠠᠵᠤ ᠠᠬᠤᠢᠯᠠᠯ᠎ᠢ ᠵᠣᠷᠢᠭ᠍ᠲᠠᠶ ᠬᠢᠵᠦ᠍ ᠵᠣᠷᠢᠭ᠍ᠲᠠᠶ ᠪᠠᠯᠠ ᠣᠷᠣᠭᠤᠯᠬᠤ ᠪᠣᠯᠭᠠᠪᠠ᠃
ᠳᠤᠮᠳᠠᠳᠤ ᠤᠯᠤᠰ᠎ᠤᠨ ᠦᠶ᠋ᠯᠡᠳᠪᠦᠷᠢ ᠬᠤᠳᠠᠯᠳᠤᠭᠠᠨ᠎ᠤ ᠪᠠᠩᠬᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ ᠯᠢᠶᠣᠤ ᠯᠢᠨ᠄《ᠦᠶ᠋ᠯᠡᠳᠪᠦᠷᠢ ᠬᠤᠳᠠᠯᠳᠤᠭᠠᠨ᠎ᠤ ᠪᠠᠩᠬᠢ ᠢᠷᠡᠬᠦ᠌ 3 ᠵᠢᠯ᠎ᠳᠦ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠳᠤ 6 ᠲᠦᠮᠡᠨ ᠳ᠋ᠦᠩᠱᠢᠭᠤᠷ ᠲᠥᠭᠥᠷᠢᠭ᠎ᠡᠴᠡ ᠳᠤᠤᠷ᠎ᠠ ᠥᠬᠡᠶ ᠪᠠᠯᠠ ᠣᠷᠣᠭᠤᠯᠤᠯᠲᠠ ᠬᠠᠩᠭᠠᠵᠤ᠂ ᠠᠵᠤ ᠠᠬᠤᠢᠯᠠᠯ᠎ᠤᠨ ᠭᠤᠤᠯ ᠠᠵᠢᠯ ᠦᠶ᠋ᠯᠡᠰ᠎ᠢᠶᠡᠨ ᠪᠠᠲᠤ ᠰᠠᠬᠢᠵᠤ᠂ ᠠᠵᠤ ᠦᠶ᠋ᠯᠡᠰ᠎ᠢᠶᠡᠨ ᠬᠦᠴᠦᠷᠬᠡᠭ᠌ᠵᠢᠭᠦᠯᠬᠦ᠌᠎ᠶ᠋ᠢ ᠳᠡᠮᠵᠢᠵᠦ᠍᠂ ᠠᠵᠤ ᠠᠬᠤᠶ᠎ᠶ᠋ᠢᠨ ᠦᠷᠭᠦᠯᠵᠢᠯᠡᠨ ᠰᠡᠷᠭᠦᠨ ᠰᠠᠢᠵᠢᠷᠠᠬᠤ᠎ᠳᠤ ᠬᠦᠴᠦᠨ ᠨᠡᠮᠡᠷᠢᠯᠡᠨ᠎ᠡ》 ᠭᠡᠪᠡ᠃
ᠠᠵᠤ ᠠᠬᠤᠢᠯᠠᠯ ᠪᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠭᠣᠣᠯ ᠴᠣᠭ᠍ᠴᠠ ᠮᠥᠨ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠪᠣᠯ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠬᠤᠯᠠ ᠬᠦᠴᠦᠨ ᠮᠥᠨ᠃ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠶᠡᠷᠦᠩᠬᠡᠶ ᠲᠣᠪᠴᠢᠶ᠎ᠠ᠎ᠶ᠋ᠢᠨ ᠳ᠋ᠠᠢᠲ᠋ᠠ᠎ᠳᠤ ᠬᠠᠷᠠᠭᠤᠯᠤᠭᠰᠠᠨ᠎ᠢᠶᠡᠷ᠂ ᠡᠨᠡ ᠵᠢᠯ᠎ᠦᠨ 1 ᠰᠠᠷ᠎ᠠ᠎ᠶ᠋ᠢᠨ ᠡᠴᠦᠰ ᠪᠣᠯᠲᠠᠯ᠎ᠠ᠂ ᠤᠯᠤᠰ᠎ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠳᠣᠲᠣᠷ᠎ᠠ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ 2012 ᠣᠨ᠎ᠳᠤ 2.8 ᠲᠦᠮᠡ ᠪᠠᠢᠭ᠍ᠰᠠᠨ᠎ᠡᠴᠡ᠎ᠪᠠᠨ 42 ᠲᠦᠮᠡ ᠭᠠᠷᠤᠶ ᠪᠣᠯᠵᠣ ᠨᠡᠮᠡᠭ᠌ᠳᠡᠨ᠂ ᠡᠵᠡᠯᠡᠬᠦ᠌ ᠬᠠᠷᠢᠴᠠᠯ᠎ᠨᠢ 62.4% ᠪᠠᠢᠭ᠍ᠰᠠᠨ᠎ᠡᠴᠡ᠎ᠪᠠᠨ 92% ᠡᠴᠡ ᠳᠡᠭᠡᠭ᠌ᠰᠢ ᠪᠣᠯᠵᠠᠶ᠃
ᠬᠥᠷᠥᠩᠭᠡ᠎ᠶ᠋ᠢ ᠪᠣᠢᠵᠢᠭᠤᠯᠤᠨ ᠪᠤᠵᠠᠭᠠᠢᠷᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠡᠯ᠎ᠡ ᠭᠠᠵᠠᠷ᠎ᠤᠨ᠎ᠬᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠢᠳᠡᠪᠬᠢᠲᠡᠶ ᠠᠵᠢᠯᠯᠠᠵᠤ ᠪᠤᠢ᠄
ᠵᠢᠶᠠᠩᠰᠦ ᠮᠤᠵᠢ ᠠᠷᠠᠳ᠎ᠤᠨ ᠡᠵᠡᠩᠨᠡᠯᠲᠡ᠎ᠶ᠋ᠢᠨ ᠠᠵᠢᠯ ᠲᠥᠷᠥᠯ᠎ᠦᠨ ᠭᠤᠤᠯᠯᠠᠭ᠍ᠴᠢ ᠠᠵᠤ ᠠᠬᠤᠢᠯᠠᠯ᠎ᠤᠨ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠪᠠ ᠳᠡᠭᠡᠳᠦ ᠳᠤᠤᠷᠠᠳᠤ ᠲᠦᠪᠰᠢᠨ᠎ᠤ ᠠᠵᠤ ᠠᠬᠤᠢᠯᠠᠯ᠎ᠲᠠᠶ ᠬᠣᠯᠪᠣᠭᠠᠯᠠᠨ ᠱᠢᠨ᠎ᠡ᠎ᠶ᠋ᠢ ᠡᠭᠦᠳᠬᠦ᠌ ᠬᠣᠯᠪᠣᠭᠠᠲᠤ ᠴᠣᠭ᠍ᠴᠠ᠎ᠶ᠋ᠢ ᠵᠣᠬᠢᠶᠠᠨ ᠪᠠᠢᠭᠤᠯᠬᠤ᠎ᠶ᠋ᠢ ᠳᠡᠮᠵᠢᠪᠡ︔ ᠾᠧᠪᠧᠶ᠎ᠶ᠋ᠢᠨ᠎ᠬᠢᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢ ᠪᠣᠢᠵᠢᠭᠤᠯᠤᠨ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠪᠠᠢᠷᠢᠯᠠᠭᠤᠯᠤᠨ ᠬᠡᠷᠡᠭ᠌ᠵᠢᠭᠦᠯᠵᠦ᠍᠂ ᠦᠶ᠋ᠯᠡᠴᠢᠯᠡᠭᠡᠨ᠎ᠦ ᠠᠵᠤ ᠦᠶ᠋ᠯᠡᠰ᠎ᠦᠨ ᠪᠦᠯᠦᠭ᠌ᠵᠢᠯ᠎ᠦᠨ ᠨᠡᠢᠲᠡᠯᠢᠭ ᠴᠢᠨᠠᠷᠲᠠᠶ ᠱᠢᠨ᠎ᠡ᠎ᠶ᠋ᠢ ᠡᠭᠦᠳᠬᠦ᠌ ᠲᠠᠪᠴᠠᠩ᠎ᠢ ᠰᠦᠪᠡᠭ᠌ᠴᠢᠯᠡᠨ ᠪᠠᠢᠭᠤᠯᠪᠠ ᠁
ᠨᠦᠬᠡᠴᠡ ᠲᠥᠷᠥ᠎ᠶ᠋ᠢᠨ ᠪᠣᠳᠣᠯᠭ᠎ᠠ ᠪᠠ ᠨᠡᠮᠡᠭ᠌ᠳᠡᠯ ᠲᠥᠷᠥ᠎ᠶ᠋ᠢᠨ ᠪᠣᠳᠣᠯᠭ᠎ᠠ᠎ᠶ᠋ᠢ ᠪᠦᠲᠦᠮᠵᠢᠲᠡᠶ ᠨᠠᠢᠳᠠᠪᠤᠷᠢᠵᠢᠭᠤᠯᠬᠤ᠎ᠶ᠋ᠢ ᠳᠠᠭᠠᠯᠳᠤᠨ᠂ ᠠᠷᠠᠳ᠎ᠤᠨ ᠡᠵᠡᠨᠭᠨᠡᠯᠲᠡ ᠵᠢᠨ ᠠᠵᠤ ᠠᠬᠤᠢᠯᠠᠯ᠎ᠤᠨ ᠵᠢᠱ᠌ᠢᠯᠲᠡ ᠰᠠᠢᠵᠢᠷᠠᠵᠤ᠂ ᠬᠥᠭ᠌ᠵᠢᠯᠲᠡ᠎ᠶ᠋ᠢᠨ ᠢᠲᠡᠭᠡᠯ ᠵᠣᠷᠢᠭ ᠠᠯᠬᠤᠮ ᠠᠯᠬᠤᠮ᠎ᠢᠶᠠᠷ ᠴᠢᠩᠭᠠᠷᠠᠪᠠ᠃ 2 ᠰᠠᠷ᠎ᠠ᠎ᠳᠤ᠂ ᠳᠤᠮᠳᠠᠳᠤ ᠤᠯᠤᠰ᠎ᠤᠨ ᠳᠤᠮᠳᠠ ᠪᠠᠭ᠎ᠠ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠵᠢᠭᠠᠯᠲᠠ ᠲᠣᠭ᠎ᠠ 89.8 ᠪᠣᠯᠤᠨ ᠳᠡᠭᠡᠭ᠌ᠰᠢᠯᠡᠵᠦ᠍᠂ ᠤᠢ᠍ᠢᠷ᠎ᠠ᠎ᠶ᠋ᠢᠨ 4 ᠵᠢᠯ᠎ᠦᠨ ᠲᠤᠷᠱᠢᠬᠢ ᠬᠠᠮᠤᠭ᠎ᠤᠨ ᠥᠨᠳᠥᠷ ᠬᠡᠮᠵᠢᠭ᠌ᠳᠡᠯ᠎ᠢ ᠡᠭᠦᠳᠴᠡᠢ; ᠳᠤᠮᠳᠠᠳᠤ ᠤᠯᠤᠰ᠎ᠤᠨ ᠦᠶ᠋ᠯᠡᠳᠬᠦ᠌ ᠦᠶ᠋ᠯᠡᠰ᠎ᠦᠨ ᠬᠤᠳᠠᠯᠳᠤᠨ ᠠᠪᠬᠤ ᠳᠠᠭᠠᠭᠠᠮᠠᠯ᠎ᠤᠨ ᠵᠢᠭᠠᠯᠲᠠ ᠲᠣᠭ᠎ᠠ ᠳᠡᠭᠡᠭ᠌ᠰᠢᠯᠡᠭᠡᠳ 50.2% ᠪᠣᠯᠵᠣ᠂ ᠳᠠᠬᠢᠨ ᠥᠷᠭᠡᠵᠢᠬᠦ᠌ ᠣᠷᠣᠨ ᠵᠠᠶ᠎ᠳᠤ ᠪᠤᠴᠠᠪᠠ᠃
ᠳᠤᠮᠳᠠᠳᠤ ᠤᠯᠤᠰ᠎ᠤᠨ ᠳᠤᠮᠳᠠ ᠪᠠᠭ᠎ᠠ ᠠᠵᠤ ᠠᠬᠤᠢᠯᠠᠯ᠎ᠤᠨ ᠨᠡᠢᠭᠡᠮᠯᠢᠭ᠎ᠦᠨ ᠪᠠᠢᠩᠭᠤ᠎ᠶ᠋ᠢᠨ ᠳᠡᠳ᠋ ᠳᠠᠷᠤᠭ᠎ᠠ ᠮᠠ ᠪᠢᠨ᠄ 《ᠪᠢᠳᠡ ᠣᠢᠷ᠎ᠠ᠎ᠶ᠋ᠢᠨ ᠬᠤᠭᠤᠴᠠᠭᠠᠨ᠎ᠤ ᠪᠠᠢᠴᠠᠭᠠᠨ ᠰᠤᠳᠤᠯᠤᠯᠲᠠ᠎ᠪᠠᠷ ᠳᠡᠮᠵᠢᠨ᠂ ᠲᠥᠷᠥ᠎ᠶ᠋ᠢᠨ ᠪᠣᠳᠣᠯᠭ᠎ᠠ᠎ᠪᠠᠷ ᠳᠡᠮᠵᠢᠬᠦ᠌ ᠡᠷᠴᠢᠮ᠎ᠢᠶᠡᠷ ᠶᠡᠬᠡ ᠪᠠᠢᠭ᠎ᠠ ᠠᠵᠢᠯ ᠲᠥᠷᠥᠯ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌ ᠦᠷ᠎ᠡ ᠪᠦᠲᠦᠮᠵᠢ ᠨᠠᠩ ᠰᠠᠢᠨ ᠪᠣᠯᠵᠣ᠂ ᠳᠤᠮᠳᠠ ᠵᠢᠵᠢᠭ ᠠᠵᠤ ᠠᠬᠤᠢᠯᠠᠯ᠎ᠤᠨ ᠣᠨᠴᠠᠯᠢᠭ᠍ᠲᠤ ᠠᠵᠤ ᠦᠶ᠋ᠯᠡᠰ᠎ᠦᠨ ᠪᠦᠯᠦᠭ᠌ᠵᠢᠨ ᠬᠥᠭ᠌ᠵᠢᠬᠦ᠌ ᠨᠢ ᠴᠦ᠍ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠳᠦ ᠬᠦᠴᠦᠲᠡᠶ ᠲᠤᠯᠭᠠᠭᠤᠷᠢᠯᠠᠯ ᠬᠠᠩᠭᠠᠭ᠍ᠰᠠᠨᠢ ᠢᠯᠡᠷᠡᠬᠦᠯᠪᠡ》 ᠭᠡᠪᠡ᠃
ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ ᠠᠵᠤ ᠠᠬᠤᠢᠯᠠᠯ᠎ᠢ ᠬᠠᠪᠰᠤᠷᠤᠨ ᠬᠦᠴᠢᠷᠳᠡᠯ᠎ᠢ ᠨᠢ ᠱᠢᠶ᠋ᠳᠪᠦᠷᠢᠯᠡᠬᠦ᠌ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠶᠠᠮᠤᠨ᠎ᠤ ᠬᠣᠭᠣᠷᠣᠨᠳᠣᠬᠢ ᠬᠠᠮᠲᠤᠷᠠᠭ᠍ᠰᠠᠨ ᠬᠤᠷᠠᠯ᠎ᠤᠨ ᠲᠦᠷᠢᠮ᠎ᠦᠨ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠂ ᠪᠠᠢᠩᠭᠤᠵᠢᠭ᠍ᠰᠠᠨ ᠨᠡᠪᠲᠡᠷᠡᠯᠴᠡᠨ ᠰᠣᠯᠢᠯᠴᠠᠬᠤ ᠲᠣᠭ᠍ᠲᠠᠴᠠ ᠪᠠ ᠠᠷᠠᠳ᠎ᠤᠨ ᠡᠵᠡᠩᠨᠡᠯᠲᠡ ᠵᠢᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠶᠡᠷᠦᠩᠬᠡᠢᠯᠡᠭ᠌ᠰᠡᠨ ᠦᠶ᠋ᠯᠡᠴᠢᠯᠡᠭᠡᠨ᠎ᠦ ᠲᠠᠪᠴᠠᠩ᠎ᠢ ᠰᠠᠢᠲᠤᠷ ᠬᠡᠷᠡᠭ᠌ᠯᠡᠵᠦ᠍᠂ ᠠᠷᠠᠳ᠎ᠤᠨ ᠡᠵᠡᠨᠭᠨᠡᠯᠲᠡ ᠵᠢᠨ ᠠᠵᠤ ᠠᠬᠤᠢᠯᠠᠯ᠎ᠤᠨ ᠲᠤᠰᠭᠠᠭ᠍ᠰᠠᠨ ᠬᠦᠴᠢᠷᠳᠡᠯ ᠪᠠ ᠠᠰᠠᠭᠤᠳᠠᠯ᠎ᠳᠤ ᠤᠨᠢᠨ ᠲᠡᠬᠡᠷ᠎ᠡ ᠨᠢ ᠠᠷᠭ᠎ᠠ ᠪᠣᠳᠣᠯᠭ᠎ᠠ ᠬᠡᠷᠡᠭ᠌ᠵᠢᠭᠦᠯᠦᠨ᠂ ᠦᠨᠡᠨ ᠬᠦ᠌ ᠬᠠᠪᠰᠤᠷᠴᠤ᠌᠂ ᠡᠯ᠎ᠡ ᠵᠦᠶ᠋ᠯ᠎ᠦᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠦᠨᠡᠨ ᠬᠦ᠌ ᠪᠣᠳᠠᠲᠠᠶ ᠳ᠋ᠤ ᠨᠠᠢᠳᠠᠪᠤᠷᠢᠵᠢᠭᠤᠯᠤᠨ᠎ᠠ ᠭᠡᠵᠦ ᠢᠯᠡᠳᠭᠡᠪᠡ᠃