ᠤᠰᠤᠨ ᠤ᠋ ᠡᠬᠢ ᠪᠠᠶᠠᠯᠢᠭ ᠢ᠋ ᠠᠷᠪᠢᠯᠠᠨ ᠭᠠᠮᠨᠠᠵᠤ ᠡᠷᠴᠢᠮᠵᠢᠭᠦᠯᠦᠨ ᠠᠱᠢᠭ᠍ᠯᠠᠬᠤ ᠢ᠋ᠢᠨ ᠲᠦᠯᠦᠭᠡ᠂ ᠡᠨᠡ ᠵᠢᠯ ᠤ᠋ᠨ 1 ᠰᠠᠷᠠ ᠳ᠋ᠤ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠂ ᠤᠰᠤᠨ ᠠᠱᠢᠭ᠍ᠯᠠᠯᠲᠠ ᠢ᠋ᠢᠨ ᠲᠢᠩᠬᠢᠮ ᠬᠠᠮᠲᠤᠷᠠᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋〈 ᠲᠠᠷᠢᠶᠠᠯᠠᠩ ᠤ᠋ᠨ ᠤᠰᠤ ᠠᠷᠪᠢᠯᠠᠬᠤ ᠴᠢᠳᠠᠪᠤᠷᠢ ᠢ᠋ᠢ ᠳᠡᠭᠡᠭ᠌ᠰᠢᠯᠡᠭᠦᠯᠬᠦ᠌ ᠣᠨ〉 ᠤ᠋ ᠠᠵᠢᠯᠯᠠᠭᠠᠨ ᠤ᠋ ᠲᠥᠰᠦᠯ》 (ᠳᠤᠷᠤᠭᠰᠢ 《 ᠲᠦᠰᠦᠯ》 ᠭᠡᠵᠦ ᠲᠦᠬᠦᠮᠴᠢᠯᠡᠨᠠ) ᠢ᠋ ᠨᠡᠢᠲᠡᠯᠡᠵᠦ᠂ ᠦᠪᠡᠷᠲᠡᠭᠡᠨ ᠵᠠᠰᠠᠬᠤ ᠤᠷᠤᠨ ᠤ᠋ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠡᠭ ᠤ᠋ᠨ ᠬᠦᠭᠵᠢᠯᠲᠡ ᠢ᠋ᠢ ᠲᠦᠷᠭᠡᠳᠬᠡᠨ᠂ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠤ᠋ ᠪᠥᠲᠥᠭᠡᠨ ᠪᠠᠢᠭᠤᠯᠤᠯᠲᠠ ᠢ᠋ᠢ ᠯᠠᠪᠳᠠᠭᠤᠨ ᠪᠠᠲᠤᠲᠠᠶ ᠠᠬᠢᠭᠤᠯᠵᠤ ᠪᠠᠢᠨᠠ᠃
《ᠲᠥᠰᠦᠯ》 ᠳ᠋ᠤ᠂ ᠮᠠᠨ ᠤ᠋ ᠤᠷᠤᠨ ᠤᠰᠤ ᠠᠷᠪᠢᠯᠠᠬᠤ ᠢᠨᠵᠧᠨᠧᠷᠢᠩ᠂ ᠤᠰᠤ ᠠᠷᠪᠢᠯᠠᠬᠤ ᠲᠥᠬᠥᠭᠡᠷᠦᠮᠵᠢ᠂ ᠤᠰᠤ ᠠᠷᠪᠢᠯᠠᠬᠤ ᠮᠡᠷᠭᠡᠵᠢᠯ᠂ ᠤᠰᠤ ᠠᠷᠪᠢᠯᠠᠬᠤ ᠣᠢᠯᠠᠭᠠᠭ᠍ᠳᠠᠬᠤᠨ ᠪᠠ ᠤᠰᠤ ᠠᠷᠪᠢᠯᠠᠬᠤ ᠲᠣᠭ᠍ᠲᠠᠴᠠ ᠵᠡᠷᠭᠡ 5 ᠲᠠᠯᠠ ᠡᠴᠡ ᠭᠠᠷᠳᠠᠨ ᠬᠠᠮᠵᠢᠯᠴᠠᠨ ᠬᠦᠴᠦᠯᠡᠵᠦ᠍᠂ ᠡᠨᠡ ᠵᠢᠯ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠢ᠋ᠢᠨ ᠢᠨᠵᠧᠨᠧᠷᠢᠩ ᠢ᠋ 200 ᠲᠦᠮᠡᠨ ᠮᠤ᠌ ᠡᠴᠡ ᠳᠡᠭᠡᠭ᠌ᠰᠢ ᠱᠢᠨᠡ ᠪᠡᠷ ᠪᠦᠲᠦᠭᠡᠨ ᠪᠠᠢᠭᠤᠯᠵᠤ᠂ ᠬᠣᠭᠣᠯᠠᠶ ᠪᠡᠷ ᠤᠰᠤᠯᠠᠬᠤ ᠢ᠋ᠢ ᠳᠤᠰᠤᠯᠠᠭᠠᠨ ᠤᠰᠤᠯᠠᠬᠤᠪᠤᠯᠭᠠᠨ ᠥᠭᠡᠷᠡᠴᠢᠯᠡᠵᠤ ᠳᠡᠰ ᠳᠡᠪᠰᠢᠭᠦᠯᠬᠦ ᠢᠨᠵᠧᠨᠧᠷᠢᠩ ᠢ᠋ 150 ᠲᠦᠮᠡᠨ ᠮᠥ᠍ ᠬᠡᠷᠡᠭ᠌ᠵᠢᠭᠦᠯᠤᠨ᠂ ᠤᠰᠤ ᠪᠣᠷᠲᠣᠭᠣᠷ ᠢ᠋ ᠨᠢᠭᠡ ᠴᠣᠭ᠍ᠴᠠᠵᠢᠭᠤᠯᠬᠤ ᠲᠠᠯᠠᠪᠠᠶ ᠢ᠋ᠢ 271 ᠲᠦᠮᠡᠨ ᠮᠥ᠍ ᠱᠢᠨᠡ ᠪᠡᠷ ᠨᠡᠮᠡᠭ᠌ᠳᠡᠭᠦᠯᠵᠦ᠍᠂ ᠲᠠᠷᠢᠶᠠᠯᠠᠩ ᠤ᠋ᠨ ᠤᠰᠤᠨ ᠤ᠋ ᠦᠨᠡᠬᠠᠡᠭᠰᠢ ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ ᠢ᠋ᠢ ᠭᠦᠨᠵᠡᠭᠡᠢᠷᠡᠭᠦᠯᠤᠨ᠂ ᠵᠢᠯ ᠤ᠋ᠨ ᠤᠰᠤ ᠠᠷᠪᠢᠯᠠᠬᠤ ᠴᠢᠳᠠᠪᠤᠷᠢ ᠢ᠋ᠢ 2.7 ᠳ᠋ᠦᠩᠱᠢᠭᠤᠷ ᠪᠣᠰᠣᠭᠠ ᠳᠥᠷᠪᠡᠯᠵᠢᠨ ᠮᠧᠲ᠋ᠷ ᠱᠢᠨᠡ ᠪᠡᠷ ᠨᠡᠮᠡᠭ᠌ᠳᠡᠭᠦᠯᠵᠦ᠍᠂ ᠪᠥᠬᠥ᠌ ᠣᠷᠣᠨ ᠤ᠋ ᠲᠠᠷᠢᠶᠠᠯᠠᠩ ᠤ᠋ᠨ ᠤᠰᠤ ᠬᠡᠷᠡᠭ᠌ᠯᠡᠬᠦ᠌ ᠠᠷᠭᠠ ᠬᠡᠯᠪᠡᠷᠢ ᠢ᠋ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠡᠢᠰᠢ ᠬᠤᠪᠢᠷᠠᠭᠤᠯᠬᠤ ᠢ᠋ᠢ ᠪᠥᠬᠥ᠌ ᠲᠠᠯᠠ ᠪᠡᠷ ᠠᠬᠢᠭᠤᠯᠤᠨᠠ ᠭᠡᠵᠤ ᠲᠤᠳᠤᠷᠬᠠᠢᠯᠠᠪᠠ᠃
ᠤᠰᠤ ᠠᠷᠪᠢᠯᠠᠬᠤ ᠢᠨᠵᠧᠨᠧᠷᠢᠩ ᠢ᠋ ᠠᠬᠢᠭᠤᠯᠵᠤ ᠤᠰᠤᠯᠠᠯᠲᠠ ᠢ᠋ᠢᠨ ᠲᠦᠪᠱᠢᠨ ᠢ᠋ ᠳᠡᠭᠡᠭ᠌ᠰᠢᠯᠡᠭᠦᠯᠦᠨᠡ
《ᠤᠰᠤ ᠠᠷᠪᠢᠯᠠᠬᠤ》 ᠪᠡᠷ ᠭᠣᠣᠯ ᠪᠤᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠢ᠋ᠢ ᠶᠡᠬᠡ ᠪᠡᠷ ᠠᠬᠢᠭᠤᠯᠵᠤ᠂ 《ᠭᠤᠷᠪᠠ ᠢ᠋ᠢ ᠡᠪᠳᠡᠬᠦ᠌᠂ ᠲᠠᠪᠤ ᠢ᠋ᠢ ᠨᠡᠢᠳᠭᠡᠬᠦ᠌᠂ ᠨᠢᠭᠡ ᠢ᠋ᠢ ᠳᠠᠬᠢᠨ ᠬᠥᠭ᠌ᠵᠢᠭᠦᠯᠬᠦ᠌》 ᠪᠦᠲᠦᠭᠡᠨ ᠪᠠᠢᠭᠤᠯᠤᠯᠲᠠ ᠢ᠋ᠢᠨ ᠵᠠᠭ᠍ᠪᠤᠷ ᠢ᠋ ᠪᠦᠬᠦ᠌ ᠲᠠᠯᠠ ᠪᠡᠷ ᠬᠡᠷᠡᠭᠵᠢᠭᠦᠯᠵᠤ᠂ ᠭᠠᠵᠠᠷ ᠱᠢᠷᠣᠶ ᠢ᠋ᠢ ᠲᠡᠭ᠌ᠰᠢᠯᠡᠬᠦ᠌᠂ ᠭᠦᠨ ᠬᠠᠭᠠᠯᠪᠤᠷᠢᠯᠠᠵᠤ ᠭᠦᠢᠴᠡᠳ ᠵᠦᠭᠡᠯᠡᠷᠡᠭᠦᠯᠬᠦ ᠪᠡᠷ ᠳᠠᠮᠵᠢᠨ ᠲᠠᠷᠢᠶᠠᠨ ᠭᠠᠵᠠᠷ ᠤ᠋ᠨ ᠤᠰᠤ ᠬᠠᠳᠠᠭᠠᠯᠠᠵᠤ ᠴᠢᠭᠢᠭ ᠢ᠋ ᠬᠠᠮᠠᠭᠠᠯᠠᠬᠤ ᠴᠢᠳᠠᠪᠤᠷᠢ ᠢ᠋ᠢ ᠳᠡᠭᠡᠭ᠌ᠰᠢᠯᠡᠭᠦᠯᠵᠦ᠍᠂ ᠤᠰᠤᠯᠠᠯᠲᠠ ᠳ᠋ᠤ ᠬᠡᠷᠡᠭ᠌ᠯᠡᠬᠦ᠌ ᠤᠰᠤᠨ ᠤ᠋ ᠬᠡᠮᠵᠢᠶᠡ ᠢ᠋ᠢ ᠪᠠᠭᠠᠰᠬᠠᠨᠠ᠃ ᠣᠳᠣ ᠢ᠋ᠢᠨ ᠪᠠᠢᠭᠠ ᠤᠰᠤᠨ ᠰᠤᠷᠪᠤᠯᠵᠢ ᠢ᠋ᠢ ᠭᠦᠢᠴᠡᠳ ᠠᠱᠢᠭ᠍ᠯᠠᠵᠤ᠂ ᠲᠤᠬᠠᠶ ᠢ᠋ᠢᠨ ᠭᠠᠵᠠᠷ ᠣᠷᠣᠨ ᠤ᠋ ᠪᠠᠢᠳᠠᠯ ᠳ᠋ᠤ ᠲᠣᠬᠢᠷᠠᠭᠤᠯᠤᠨ ᠤᠰᠤ ᠬᠠᠳᠠᠭᠠᠯᠠᠬᠤ ᠬᠥᠭᠡᠷᠭᠡᠨ ᠥᠷᠲᠡᠭᠡ᠂ ᠬᠠᠲᠤᠨ ᠭᠣᠣᠯ ᠤ᠋ᠨ ᠤᠰᠤ ᠢ᠋ᠢ ᠲᠠᠲᠠᠵᠤ ᠳᠤᠰᠤᠯᠠᠭᠠᠨ ᠤᠰᠤᠯᠠᠬᠤ᠂ ᠬᠤᠳᠳᠤᠭ ᠪᠤᠯᠤᠨ ᠰᠤᠪᠠᠭ ᠢ᠋ ᠬᠣᠣᠰᠯᠠᠭᠤᠯᠤᠨ ᠤᠰᠤᠯᠠᠬᠤ ᠵᠡᠷᠭᠡ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠢ᠋ᠢᠨ ᠢᠨᠵᠧᠨᠧᠷᠢᠩ ᠢ᠋ 200 ᠲᠦᠮᠡᠨ ᠮᠦ᠍ ᠡᠴᠡ ᠳᠡᠭᠡᠭ᠌ᠰᠢ ᠱᠢᠨᠡ ᠪᠡᠷ ᠪᠦᠲᠦᠭᠡᠨ ᠪᠠᠢᠭᠤᠯᠵᠤ᠂ ᠥᠨᠳᠥᠷ ᠪᠠᠷᠢᠮᠵᠢᠶᠠᠲᠤ ᠤᠰᠤ ᠠᠷᠪᠢᠯᠠᠬᠤ ᠵᠢᠱ᠌ᠢᠶᠡ ᠦᠵᠡᠭᠦᠯᠬᠦ᠌ ᠬᠦᠷᠢᠶᠡᠯᠡᠩ ᠲᠣᠭᠣᠷᠢᠭ ᠢ᠋ 20 ᠪᠠᠢᠭᠤᠯᠤᠨᠠ; ᠪᠣᠷᠣᠲᠣᠬᠣᠶ ᠢ᠋ᠢᠨ ᠤᠰᠤᠯᠠᠯᠲᠠ ᠢ᠋ᠢᠨ ᠣᠷᠣᠨ ᠤ᠋ ᠲᠠᠷᠢᠶᠠᠨ ᠭᠠᠵᠠᠷ ᠤ᠋ᠨ ᠤᠰᠤᠯᠠᠯᠲᠠ ᠪᠠ ᠤᠰᠤ ᠵᠠᠯᠠᠬᠤ ᠰᠤᠪᠠᠭ ᠤ᠋ᠨ ᠱᠢᠰᠲ᠋ᠧᠮ ᠢ᠋ ᠲᠡᠭᠦᠯᠳᠡᠷᠵᠢᠭᠦᠯᠵᠦ᠍᠂ ᠪᠧᠲ᠋ᠤᠨ ᠪᠠ ᠰᠢᠷᠪᠤᠰᠤᠨ ᠪᠤᠯᠤᠳ ᠶ᠋ᠢᠡᠷ ᠤᠰᠤᠨ ᠰᠤᠪᠠᠭ ᠢ᠋ ᠲᠤᠳᠤᠷᠯᠠᠨ ᠤᠰᠤ ᠠᠷᠪᠢᠯᠠᠬᠤ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ ᠵᠢᠨ ᠠᠵᠢᠯ ᠥᠷᠨᠢᠭᠦᠯᠵᠤ᠂ ᠱᠢᠨᠡ ᠪᠡᠷ ᠪᠦᠲᠦᠭᠡᠨ ᠪᠠᠢᠭᠤᠯᠬᠤ ᠲᠠᠯᠠᠪᠠᠶ ᠢ᠋ᠢ 37 ᠲᠦᠮᠡᠨ ᠮᠦ᠍ ᠡᠴᠡ ᠳᠣᠣᠷᠠ ᠪᠠᠢᠯᠭᠠᠬᠤ ᠦᠭᠡᠶ ; ᠪᠣᠷᠣᠲᠣᠬᠣᠢ᠂ ᠳᠥᠷᠥᠭᠡ ᠵᠡᠷᠭᠡ ᠲᠣᠮᠣ ᠳᠤᠮᠳᠠ ᠬᠡᠯᠪᠡᠷᠢ ᠢ᠋ᠢᠨ ᠤᠰᠤᠯᠠᠯᠲᠠ ᠢ᠋ᠢᠨ ᠣᠷᠣᠨ ᠤ᠋ ᠢᠵᠢ ᠪᠦᠷᠢᠳᠦᠭᠦᠯᠬᠦ᠌ ᠪᠠ ᠣᠳᠣᠬᠢᠴᠢᠯᠠᠭ᠍ᠰᠠᠨ ᠥᠭᠡᠷᠡᠴᠢᠯᠡᠯᠲᠡ ᠬᠢᠬᠦ ᠪᠦᠲᠦᠭᠡᠨ ᠪᠠᠢᠭᠤᠯᠤᠯᠳᠠ ᠶ᠋ᠢ ᠦᠷᠭᠦᠯᠵᠢᠯᠡᠨ ᠠᠬᠢᠭᠤᠯᠵᠤ᠂ ᠤᠰᠤᠯᠠᠯᠲᠠ ᠢ᠋ᠢ ᠰᠠᠢᠵᠢᠷᠠᠭᠤᠯᠤᠭᠰᠠᠨ ᠲᠠᠯᠠᠪᠠᠢ ᠢ᠋ᠢ 30 ᠲᠦᠮᠡᠨ ᠮᠤ᠌ ᠡᠴᠡ ᠳᠡᠭᠡᠭ᠌ᠰᠢ ᠬᠦᠷᠭᠡᠨᠠ᠃
ᠤᠰᠤ ᠠᠷᠪᠢᠯᠠᠬᠤ ᠲᠥᠬᠥᠭᠡᠷᠦᠮᠵᠢ ᠢ᠋ᠢ ᠱᠢᠨᠡᠳᠭᠡᠵᠦ᠍ ᠲᠠᠷᠢᠶᠠᠨ ᠭᠠᠵᠠᠷ ᠤ᠋ᠨ ᠬᠠᠮᠢᠶᠠᠷᠤᠯᠲᠠ ᠢ᠋ᠢ ᠴᠢᠩᠭᠠᠳᠭᠠᠨᠠ
ᠤᠤᠯ ᠤ᠋ᠨ ᠬᠠᠭᠤᠴᠢᠨ ᠲᠥᠬᠥᠭᠡᠷᠦᠮᠵᠢ ᠢ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠱᠢᠨᠡᠳᠭᠡᠵᠤ᠂ ᠰᠠᠭᠤᠷᠢ ᠲᠥᠬᠥᠭᠡᠷᠦᠮᠵᠢ ᠢ᠋ᠢ ᠲᠡᠭᠦᠯᠳᠡᠷᠵᠢᠭᠦᠯᠤᠨ᠂ ᠭᠠᠵᠠᠷ ᠳᠤᠤᠷᠠᠬᠢ ᠤᠰᠤ ᠢ᠋ᠢ ᠬᠡᠲᠦᠷᠡᠲᠡᠯᠡ ᠲᠠᠲᠠᠭ᠍ᠰᠠᠨ ᠣᠷᠣᠨ ᠤ᠋ ᠬᠣᠭᠣᠯᠠᠶ ᠪᠡᠷ ᠤᠰᠤᠯᠠᠬᠤ ᠵᠡᠷᠭᠡ ᠢ᠋ᠢ ᠥᠭᠡᠷᠡᠴᠢᠯᠡᠨ ᠳᠡᠰ ᠳᠡᠪᠱᠢᠭᠦᠯᠵᠦ᠍ ᠳᠤᠰᠤᠯᠠᠭᠠᠨ ᠤᠰᠤᠯᠠᠬᠤ ᠪᠣᠯᠭᠠᠨᠠ᠃ ᠤᠰᠤᠨ ᠰᠤᠷᠪᠤᠯᠵᠢ ᠢ᠋ᠢ ᠱᠢᠨᠡᠳᠭᠡᠨ ᠳᠠᠷᠤᠯᠲᠠ ᠢ᠋ᠢ ᠬᠠᠮᠠᠭᠠᠯᠠᠬᠤ ᠲᠥᠬᠥᠭᠡᠷᠦᠮᠵᠢ᠂ ᠱᠦᠭᠦᠬᠦ᠌ ᠲᠦᠭᠦᠭᠡᠷᠦᠮᠵᠢ᠂ ᠪᠤᠷᠳᠤᠭᠤᠷ ᠣᠷᠣᠭᠤᠯᠬᠤ ᠲᠥᠬᠥᠭᠡᠷᠦᠮᠵᠢ᠂ ᠤᠶᠤᠨᠴᠢᠯᠠᠭ᠍ᠰᠠᠨ ᠡᠵᠡᠮᠱᠢᠯ ᠤ᠋ᠨ ᠱᠢᠰᠲ᠋ᠧᠮ ᠵᠡᠷᠭᠡ ᠭᠤᠤᠯᠯᠠᠬᠤ ᠬᠦᠢᠰᠤ ᠲᠦᠬᠦᠭᠡᠷᠦᠮᠵᠢ ᠪᠣᠯᠤᠨ ᠤᠷᠤᠰᠴᠠ ᠢ᠋ᠢ ᠬᠢᠨᠠᠨ ᠬᠡᠮᠵᠢᠬᠦ᠌ ᠲᠥᠬᠥᠭᠡᠷᠦᠮᠵᠢ᠂ ᠤᠰᠤ ᠳᠠᠮᠵᠢᠭᠤᠯᠬᠤ ᠬᠣᠭᠣᠯᠠᠶ ᠲᠣᠣᠷ ᠤ᠋ᠨ ᠴᠠᠬᠢᠯᠭᠠᠨ ᠡᠵᠡᠮᠱᠢᠯ ᠤ᠋ᠨ ᠨᠡᠭᠡᠯᠡᠬᠡᠶ᠂ ᠲᠠᠷᠢᠶᠠᠨ ᠭᠠᠵᠠᠷ ᠤ᠋ᠨ ᠴᠢᠭᠢᠭ ᠤ᠋ᠨ ᠪᠠᠢᠳᠠᠯ ᠢ᠋ ᠬᠢᠨᠠᠨ ᠬᠡᠮᠵᠢᠬᠦ᠌ ᠲᠥᠬᠥᠭᠡᠷᠦᠮᠵᠢ ᠵᠡᠷᠭᠡ ᠢ᠋ᠢ ᠲᠤᠬᠢᠷᠠᠭᠤᠯᠵᠤ ᠂ ᠤᠰᠤᠯᠠᠯᠲᠠ ᠬᠢᠭᠡᠳ ᠪᠣᠷᠳᠣᠭᠤᠷ ᠣᠷᠣᠭᠤᠯᠬᠤ ᠢ᠋ᠢ ᠣᠶᠤᠨᠴᠢ ᠪᠡᠷ ᠡᠵᠡᠮᠳᠡᠬᠦ᠌ ᠪᠠ ᠨᠠᠷᠢᠯᠢᠭ ᠣᠨᠣᠴᠠᠲᠠᠶ ᠬᠠᠮᠢᠶᠠᠷᠬᠤ ᠢ᠋ᠢ ᠪᠡᠶᠡᠯᠡᠭᠦᠯᠦᠨᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠳᠠ ᠪᠠ ᠡᠷᠳᠡᠨᠢ ᠱᠢᠰᠢ ᠱᠢᠷᠠ ᠪᠤᠷᠴᠠᠭ ᠤ᠋ᠨ ᠮᠦ᠍ ᠨᠢᠭᠡᠴᠢ ᠢ᠋ᠢᠨ ᠤᠨᠠᠯᠲᠠ ᠢ᠋ᠢ ᠳᠡᠭᠡᠭ᠌ᠰᠢᠯᠡᠭᠦᠯᠬᠦ᠌ ᠢᠨᠵᠧᠨᠧᠷᠢᠩ ᠳ᠋ᠤ ᠲᠦᠰᠢᠭᠯᠡᠨ ᠬᠣᠭᠣᠯᠠᠢ ᠪᠡᠷ ᠤᠰᠤᠯᠠᠬᠤ ᠢ᠋ᠢ ᠳᠤᠰᠤᠯᠠᠭᠠᠨ ᠤᠰᠤᠯᠠᠬᠤ ᠪᠣᠯᠭᠠᠬᠤ ᠵᠡᠷᠭᠡ ᠥᠭᠡᠷᠡᠴᠢᠯᠡᠯᠳᠠ ᠬᠢᠵᠦ ᠳᠡᠰ ᠳᠡᠪᠰᠢᠭᠦᠯᠬᠦ ᠢᠨᠵᠧᠨᠧᠷᠢᠩ ᠢ᠋ 150 ᠲᠦᠮᠡᠨ ᠮᠦ᠍ ᠬᠡᠷᠡᠭ᠌ᠵᠢᠭᠦᠯᠦᠨ᠂ ᠭᠠᠵᠠᠷ ᠳᠣᠣᠷᠠᠬᠢ ᠤᠰᠤ ᠢ᠋ᠢ ᠬᠡᠲᠦᠷᠡᠲᠡᠯᠡ ᠲᠠᠲᠠᠭ᠍ᠰᠠᠨ ᠣᠷᠣᠨ ᠤ᠋ ᠤᠰᠤ ᠠᠷᠪᠢᠯᠠᠬᠤ ᠥᠭᠡᠷᠡᠴᠢᠯᠡᠯᠲᠡ ᠢ᠋ᠢ ᠦᠨᠡᠨ ᠬᠦ᠌ ᠠᠬᠢᠭᠤᠯᠵᠤ᠂ ᠤᠰᠤ ᠪᠣᠷᠳᠣᠭᠤᠷ ᠤ᠋ᠨ ᠠᠱᠢᠭ᠍ᠯᠠᠮᠵᠢ ᠢ᠋ᠢ ᠳᠡᠭᠡᠭ᠌ᠰᠢᠯᠡᠭᠦᠯᠦᠨᠡ ᠃
ᠤᠰᠤ ᠠᠷᠪᠢᠯᠠᠬᠤ ᠮᠡᠷᠭᠡᠵᠢᠯ ᠢ᠋ ᠳᠡᠯᠭᠡᠷᠡᠭᠦᠯᠵᠦ᠍ ᠤᠰᠤ ᠬᠡᠷᠡᠭ᠌ᠯᠡᠬᠦ᠌ ᠦᠷᠡ ᠪᠦᠲᠦᠮᠵᠢ ᠢ᠋ᠢ ᠳᠡᠭᠡᠭ᠌ᠰᠢᠯᠡᠭᠦᠯᠦᠨᠡ
ᠲᠠᠷᠢᠶᠠᠯᠠᠩ ᠤ᠋ᠨ ᠤᠰᠤ ᠠᠷᠪᠢᠯᠠᠬᠤ ᠮᠡᠷᠭᠡᠵᠢᠯ ᠤ᠋ᠨ ᠬᠦᠴᠢᠷᠳᠡᠯ ᠤ᠋ᠨ ᠲᠣᠭᠣᠷᠢᠨ ᠳ᠋ᠤ ᠵᠠᠩᠭᠢᠯᠠᠭᠠ ᠢ᠋ᠢᠨ ᠮᠡᠷᠭᠡᠵᠢᠯ ᠪᠠ ᠴᠢᠬᠤᠯᠠ ᠶᠡᠬᠡ ᠲᠤᠨᠤᠭᠯᠠᠯ ᠤ᠋ᠨ ᠱᠢᠨᠡ ᠢ᠋ᠢ ᠡᠭᠦᠳᠬᠦ᠌ ᠱᠢᠪᠲᠤᠯᠤᠯᠲᠠ ᠢ᠋ᠢ ᠲᠦᠷᠭᠡᠳᠭᠡᠵᠦ᠍᠂ ᠤᠯᠤᠰ ᠤ᠋ᠨ ᠲᠠᠰ ᠤ᠋ᠨ ᠮᠡᠷᠭᠡᠵᠢᠯ ᠤ᠋ᠨ ᠬᠤᠷᠠᠮᠠᠯ ᠤ᠋ᠨ ᠱᠢᠨᠡ ᠢ᠋ᠢ ᠡᠭᠦᠳᠴᠤ᠂ ᠬᠠᠩᠭᠢᠨ ᠬᠣᠢᠲᠤ ᠬᠣᠱᠢᠭᠤᠨ ᠤ᠋ ᠬᠠᠲᠤᠨ ᠭᠤᠤᠯ ᠤ᠋ᠨ ᠤᠰᠤ ᠢ᠋ᠢ ᠱᠢᠭᠤᠳ ᠱᠦᠬᠦᠵᠦ ᠳᠤᠰᠤᠯᠠᠭᠠᠨ ᠤᠰᠤᠯᠠᠬᠤ ᠮᠡᠷᠭᠡᠵᠢᠯ ᠤ᠋ᠨ ᠬᠤᠷᠠᠮᠠᠯ ᠤ᠋ᠨ ᠱᠢᠨᠡ ᠢ᠋ᠢ ᠡᠭᠦᠳᠬᠦ᠌ ᠰᠠᠭᠤᠷᠢᠨ ᠪᠤᠯᠤᠨ ᠵᠠᠯᠠᠢᠳ ᠬᠣᠱᠢᠭᠤᠨ ᠤ᠋ ᠤᠰᠤᠨ ᠲᠤᠲᠤᠷᠭᠠ ᠢ᠋ᠢᠨ ᠬᠠᠭᠤᠷᠠᠶ ᠲᠠᠷᠢᠶᠠᠯᠠᠡᠭ ᠤ᠋ᠨ ᠪᠦᠷᠬᠦᠪᠴᠢ ᠪᠡᠷ ᠤᠰᠤ ᠠᠷᠪᠢᠯᠠᠵᠤ ᠦᠷᠡ ᠠᠱᠢᠭ ᠢ᠋ ᠨᠡᠮᠡᠭ᠌ᠳᠡᠭᠦᠯᠬᠦ᠌ ᠮᠡᠷᠭᠡᠵᠢᠯ ᠤ᠋ᠨ ᠬᠤᠷᠠᠮᠠᠯ ᠤ᠋ᠨ ᠵᠢᠱ᠌ᠢᠶᠡ ᠦᠵᠡᠭᠦᠯᠬᠦ᠌ ᠰᠠᠭᠤᠷᠢᠨ ᠤ᠋ ᠴᠢᠳᠠᠮᠵᠢ ᠪᠠ ᠠᠺᠠᠳᠧᠮᠢᠴᠢ ᠢ᠋ᠢᠨ ᠬᠠᠮᠳᠤᠷᠠᠨ ᠠᠵᠢᠯᠯᠠᠬᠤ ᠪᠦᠯᠬᠦᠮ ᠤ᠋ᠨ ᠮᠡᠷᠭᠡᠵᠢᠯ ᠤ᠋ᠨ ᠳᠠᠪᠠᠭᠤᠯᠢᠭ ᠢ᠋ ᠭᠦᠶ᠋ᠴᠡᠳ ᠪᠠᠳᠠᠷᠠᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠢ᠋ᠢᠨ ᠮᠡᠷᠭᠡᠵᠢᠯ ᠢ᠋ ᠰᠤᠳᠤᠯᠤᠨ ᠨᠡᠭᠡᠭᠡᠵᠦ᠍ ᠬᠡᠷᠡᠭ᠌ᠯᠡᠬᠦ᠌ ᠪᠠ ᠱᠢᠨᠡ ᠢ᠋ᠢ ᠡᠭᠦᠳᠴᠦ᠍ ᠬᠤᠷᠠᠭᠤᠯᠬᠤ ᠢ᠋ᠢ ᠠᠬᠢᠭᠤᠯᠤᠨᠠ ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠳᠠ᠂ ᠪᠣᠬᠢᠷᠲᠤᠯ ᠦᠭᠡᠢ ᠥᠨᠳᠥᠷ ᠤᠨᠠᠯᠲᠠᠳᠤ ᠥᠨᠳᠥᠷ ᠦᠷᠡ ᠠᠰᠢᠭᠳᠤ ᠪᠦᠲᠦᠭᠡᠨ ᠪᠠᠢᠭᠤᠯᠤᠯᠳᠠ ᠵᠡᠷᠭᠡ ᠭᠣᠣᠯᠳᠠᠯᠭᠠ ᠲᠠᠶ ᠲᠥᠷᠥᠯ ᠵᠦᠢᠯ ᠳ᠋ᠤ ᠲᠦᠱᠢᠭ᠌ᠯᠡᠨ ᠲᠤᠰᠤᠯᠠᠭᠠᠨ ᠤᠰᠤᠯᠠᠵᠤ ᠤᠰᠤ ᠪᠣᠷᠳᠣᠭᠤᠷ ᠢ᠋ ᠨᠢᠭᠡ ᠴᠣᠭ᠍ᠴᠠᠵᠢᠭᠤᠯᠬᠤ᠂ ᠣᠶᠤᠨᠴᠢ ᠣᠨᠣᠴᠠᠲᠠᠢ ᠪᠡᠷ ᠤᠰᠤᠯᠠᠬᠤ ᠵᠡᠷᠭᠡ ᠤᠰᠤ ᠠᠷᠪᠢᠯᠠᠬᠤ ᠮᠡᠷᠭᠡᠵᠢᠯ ᠢ᠋ ᠳᠡᠯᠭᠡᠷᠡᠭᠦᠯᠵᠤ᠂ ᠤᠰᠤ ᠪᠣᠷᠳᠣᠭᠤᠷ ᠢ᠋ ᠵᠡᠷᠭᠡ ᠪᠡᠷ ᠡᠵᠡᠮᠱᠢᠬᠦ ᠣᠶᠤᠨᠴᠢ ᠲᠥᠬᠥᠭᠡᠷᠦᠮᠵᠢ ᠢ᠋ᠢ ᠤᠷᠤᠨ ᠨᠤᠳᠤᠭ ᠤ᠋ᠨ ᠪᠠᠢᠳᠠᠯ ᠳ᠋ᠤ ᠲᠤᠬᠢᠷᠠᠭᠤᠯᠤᠨ ᠢᠵᠢ ᠪᠦᠷᠢᠳᠦᠭᠦᠯᠵᠤ᠂ ᠲᠠᠷᠢᠶᠠᠨ ᠭᠠᠵᠠᠷ ᠲᠤ᠌ ᠲᠤᠭᠲᠠᠪᠤᠷᠢᠲᠠᠢ ᠤᠰᠤ ᠬᠠᠩᠭᠠᠬᠤ ᠪᠠ ᠲᠤᠰᠤᠯᠠᠭᠠᠨ ᠤᠰᠤᠯᠠᠵᠤ ᠤᠰᠤ ᠪᠣᠷᠳᠣᠭᠤᠷ ᠢ᠋ ᠨᠠᠷᠢᠯᠢᠭ ᠣᠨᠣᠴᠠᠲᠠᠢ ᠬᠡᠷᠡᠭ᠌ᠯᠡᠬᠦ᠌ ᠱᠢᠰᠲ᠋ᠧᠮ ᠢ᠋ ᠪᠠᠢᠭᠤᠯᠤᠨ᠂ ᠤᠰᠤ ᠪᠣᠷᠳᠣᠭᠤᠷ ᠢ᠋ ᠨᠢᠭᠡ ᠴᠣᠭ᠍ᠴᠠᠵᠢᠭᠤᠯᠬᠤ ᠮᠡᠷᠭᠡᠵᠢᠯ ᠢ᠋ ᠠᠰᠢᠭᠯᠠᠬᠤ ᠲᠠᠯᠠᠪᠠᠢ ᠶ᠋ᠢ 271 ᠲᠦᠮᠡᠨ ᠮᠦ᠍ ᠱᠢᠨᠡ ᠪᠡᠷ ᠨᠡᠮᠡᠭ᠌ᠳᠡᠭᠦᠯᠵᠦ᠍᠂ ᠤᠰᠤ ᠪᠣᠷᠳᠣᠭᠤᠷ ᠢ᠋ ᠨᠢᠭᠡ ᠴᠣᠭ᠍ᠴᠠᠵᠢᠭᠤᠯᠬᠤ ᠮᠡᠷᠭᠡᠵᠢᠯ ᠤ᠋ᠨ ᠵᠢᠱ᠌ᠢᠶᠡ ᠦᠵᠡᠭᠦᠯᠬᠦ᠌ ᠬᠦᠷᠢᠶᠡᠯᠡᠩ ᠲᠣᠭᠣᠷᠢᠭ ᠤ᠋ᠨ ᠪᠦᠲᠦᠭᠡᠨ ᠪᠠᠢᠭᠤᠯᠤᠯᠲᠠ ᠢ᠋ᠢᠨ ᠠᠵᠢᠯ ᠥᠷᠨᠢᠭᠦᠯᠤᠨ᠂ ᠤᠰᠤ ᠠᠷᠪᠢᠯᠠᠵᠤ ᠠᠮᠤ ᠪᠤᠳᠠᠭᠠᠨ ᠤ᠋ ᠤᠨᠠᠯᠳᠠ ᠶ᠋ᠢᠨ ᠨᠡᠮᠡᠭᠳᠡᠯ ᠢ᠋ ᠠᠬᠢᠭᠤᠯᠬᠤ 20 ᠱᠢᠶᠠᠨ ᠢ᠋ ᠡᠭᠦᠳᠦᠨ ᠪᠠᠢᠭᠤᠯᠤᠨᠠ᠃
ᠤᠰᠤ ᠠᠷᠪᠢᠯᠠᠬᠤ ᠤᠢᠯᠠᠭᠠᠭᠳᠠᠬᠤᠨ ᠢ᠋ ᠤᠬᠠᠭᠤᠯᠵᠤ ᠤᠰᠤ ᠬᠡᠷᠡᠭ᠌ᠯᠡᠬᠦ᠌ ᠦᠵᠡᠯᠳᠡ ᠲᠠᠨᠢᠯᠳᠠ ᠶ᠋ᠢ ᠬᠤᠪᠢᠷᠠᠭᠤᠯᠤᠨᠠ
ᠪᠦᠬᠦ᠌ ᠨᠡᠢᠭᠡᠮ ᠳ᠋ᠤ ᠲᠠᠷᠢᠶᠠᠯᠠᠩ ᠤ᠋ᠨ ᠤᠰᠤ ᠠᠷᠪᠢᠯᠠᠬᠤ ᠰᠠᠨᠠᠭᠠᠴᠢᠯᠠᠭᠠ ᠭᠠᠷᠭᠠᠵᠤ᠂ ᠤᠷᠤᠨ ᠲᠠᠶᠠᠭᠠᠷ ᠤ᠋ᠨ ᠤᠰᠤ ᠠᠷᠪᠢᠯᠠᠬᠤ ᠦᠵᠡᠯ ᠤᠬᠠᠮᠰᠠᠷ ᠪᠣᠯᠤᠨ ᠬᠠᠷᠢᠭᠤᠴᠠᠯᠭᠠᠲᠤ ᠰᠡᠳᠭᠢᠯᠭᠡ ᠪᠡᠨ ᠴᠢᠩᠭᠠᠳᠭᠠᠬᠤ ᠢ᠋ᠢ ᠰᠠᠨᠠᠭᠠᠴᠢᠯᠠᠨ᠂ ᠤᠬᠠᠭᠤᠯᠭᠠ ᠬᠥᠮᠦᠵᠢᠯ ᠢ᠋ ᠴᠢᠩᠭᠠᠳᠭᠠᠵᠤ᠂ ᠤᠰᠤ ᠠᠷᠪᠢᠯᠠᠬᠤ ᠠᠭᠤᠷ ᠠᠮᠢᠰᠭᠤᠯ ᠢ᠋ ᠪᠣᠶ ᠪᠣᠯᠭᠠᠨ᠂ ᠪᠦᠬᠦ᠌ ᠣᠷᠣᠨ ᠤ᠋ ᠲᠠᠷᠢᠶᠠᠯᠠᠩ ᠤ᠋ᠨ ᠤᠰᠤ ᠠᠷᠪᠢᠯᠠᠬᠤ ᠨᠢᠭ᠍ᠲᠠᠷᠠᠯ ᠤ᠋ᠨ ᠬᠦᠴᠦᠨ ᠢ᠋ ᠳᠡᠭᠡᠭ᠌ᠰᠢᠯᠡᠭᠦᠯᠤᠨᠠ᠃ ᠨᠡᠢᠭᠡᠮᠴᠢᠯᠡᠭ᠌ᠰᠡᠨ ᠦᠶ᠋ᠯᠡᠴᠢᠯᠡᠭᠡ᠂ ᠦᠨᠳᠦᠰᠦᠨ ᠱᠠᠲᠤᠨ ᠤ᠋ ᠲᠠᠷᠢᠶᠠᠯᠠᠩ ᠤ᠋ᠨ ᠮᠡᠷᠭᠡᠵᠢᠯ ᠢ᠋ ᠳᠡᠯᠭᠡᠷᠡᠭᠦᠯᠬᠦ᠌ ᠱᠢᠰᠲ᠋ᠧᠮ ᠤ᠋ᠨ ᠪᠠᠢᠭᠤᠯᠤᠯᠲᠠ ᠢ᠋ᠢᠨ ᠪᠣᠯᠪᠠᠰᠤᠷᠠᠯ ᠲᠠᠶ ᠤᠶᠠᠯᠳᠤᠭᠤᠯᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ ᠬᠥᠳᠡᠭᠡ ᠪᠠᠭᠤᠯᠭᠠᠬᠤ ᠠᠵᠢᠯᠯᠠᠭᠠ ᠥᠷᠨᠢᠭᠦᠯᠵᠦ᠍᠂ ᠲᠠᠷᠢᠶᠠᠯᠠᠬᠤ ᠲᠣᠮᠣ ᠡᠷᠦᠬᠡ ᠪᠠ ᠲᠤᠰᠬᠠᠢ ᠬᠣᠷᠱᠢᠶᠠ ᠵᠡᠷᠭᠡ ᠱᠢᠨᠡ ᠬᠡᠯᠪᠡᠷᠢ ᠢ᠋ᠢᠨ ᠡᠵᠡᠩᠨᠡᠯᠲᠡ ᠢ᠋ᠢᠨ ᠭᠤᠤᠯ ᠴᠣᠭ᠍ᠴᠠ ᠪᠡᠷ ᠭᠤᠤᠯᠳᠠᠯᠭᠠ ᠪᠣᠯᠭᠠᠨ᠂ ᠺᠠᠳ᠋ᠷ᠂ ᠮᠡᠷᠭᠡᠵᠢᠯ ᠤ᠋ᠨ ᠠᠵᠢᠯᠲᠠᠨ ᠪᠠ ᠤᠰᠤ ᠬᠡᠷᠡᠭ᠌ᠯᠡᠬᠦ᠌ ᠭᠤᠤᠯ ᠴᠣᠭ᠍ᠴᠠ ᠢ᠋ᠢᠨ ᠭᠤᠷᠪᠠᠨ ᠱᠠᠲᠤᠨ ᠤ᠋ ᠪᠣᠯᠪᠠᠰᠤᠷᠠᠯ ᠢ᠋ ᠰᠠᠢᠲᠤᠷ ᠬᠢᠵᠦ᠍᠂ ᠮᠠᠯᠴᠢᠨ ᠲᠠᠷᠢᠶᠠᠴᠢᠳ ᠤ᠋ᠨ ᠤᠰᠤ ᠬᠡᠷᠡᠭ᠌ᠯᠡᠬᠦ᠌ ᠦᠵᠡᠯᠲᠡ ᠲᠠᠨᠢᠯᠳᠠ ᠶ᠋ᠢ ᠬᠤᠪᠢᠷᠠᠭᠤᠯᠬᠤ ᠢ᠋ᠢ ᠳᠠᠢᠴᠢᠯᠠᠨᠠ᠃
ᠤᠰᠤ ᠠᠷᠪᠢᠯᠠᠬᠤ ᠲᠣᠭ᠍ᠲᠠᠴᠠ ᠢ᠋ᠢ ᠪᠠᠢᠭᠤᠯᠵᠤ ᠥᠭᠡᠷᠡᠴᠢᠯᠡᠯᠲᠡ ᠪᠡᠷ ᠠᠬᠢᠭᠤᠯᠬᠤ ᠶ᠋ᠢ ᠴᠢᠩᠭᠠᠳᠭᠠᠨᠠ
ᠲᠠᠷᠢᠶᠠᠯᠠᠩ ᠤ᠋ᠨ ᠤᠰᠤᠨ ᠤ᠋ ᠦᠨᠡ ᠬᠠᠩᠰᠢ ᠢ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ ᠢ᠋ᠢ ᠭᠦᠨᠵᠡᠭᠡᠢᠷᠡᠭᠦᠯᠵᠦ᠍᠂ ᠲᠠᠷᠢᠶᠠᠯᠠᠩ ᠤ᠋ᠨ ᠤᠰᠤᠨ ᠤ᠋ ᠦᠨᠡ ᠬᠠᠩᠰᠢ ᠢ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ ᠢ᠋ᠢ ᠨᠢᠭᠡᠨᠲᠡ ᠬᠡᠷᠡᠭ᠌ᠵᠢᠭᠦᠯᠦᠭ᠌ᠰᠡᠨ ᠭᠠᠵᠠᠷ ᠣᠷᠣᠨ ᠳ᠋ᠤ 《 ᠳᠥᠷᠪᠡᠨ ᠵᠦᠶ᠋ᠯ ᠤ᠋ᠨ ᠲᠣᠭ᠍ᠲᠠᠴᠠ 》 ᠶ᠋ᠢ ᠡᠷᠭᠢᠨ ᠬᠠᠷᠠᠬᠤ ᠠᠵᠢᠯ ᠥᠷᠨᠢᠭᠦᠯᠤᠨ᠂ ᠲᠠᠷᠢᠶᠠᠯᠠᠩ ᠤ᠋ᠨ ᠤᠰᠤᠨ ᠤ᠋ ᠦᠨᠡ ᠬᠠᠩᠰᠢ ᠢ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ ᠢ᠋ᠢ ᠬᠡᠷᠡᠭᠵᠢᠭᠦᠯᠬᠦ ᠲᠠᠯᠠᠪᠠᠶ ᠢ᠋ᠢ ᠰᠢᠨᠠ ᠪᠡᠷ 1000 ᠲᠦᠮᠡᠨ ᠮᠤ᠌ ᠡᠴᠡ ᠳᠡᠭᠡᠭ᠌ᠰᠢ ᠨᠡᠮᠡᠭᠳᠡᠭᠦᠯᠵᠤ᠂ ᠪᠤᠰᠤᠭᠠ ᠳᠦᠷᠪᠡᠯᠵᠢᠨ ᠮᠧᠲᠷ ᠶ᠋ᠢᠡᠷ ᠨᠢᠭᠡᠴᠢ ᠪᠤᠯᠭᠠᠨ ᠰᠦᠶ᠋ᠳᠭᠡᠯ ᠬᠤᠷᠢᠶᠠᠬᠤ᠂ ᠢᠯᠡᠭᠦᠦ ᠬᠡᠷᠡᠭ᠌ᠯᠡᠪᠡᠯ ᠦᠨᠡ ᠶ᠋ᠢ ᠨᠢ ᠨᠡᠮᠡᠬᠦ᠌ ᠠᠵᠢᠯ ᠢ᠋ ᠪᠥᠬᠥ᠌ ᠲᠠᠯᠠ ᠪᠡᠷ ᠬᠡᠷᠡᠭ᠌ᠵᠢᠭᠦᠯᠦᠨᠡ; ᠰᠢᠨᠠ ᠪᠡᠷ ᠪᠦᠳᠦᠬᠡᠨ ᠪᠠᠢᠭᠤᠯᠬᠤ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠢ᠋ᠢᠨ ᠲᠥᠷᠥᠯ ᠵᠦᠶ᠋ᠯ ᠤ᠋ᠨ ᠣᠷᠣᠨ ᠳ᠋ᠤ ᠬᠡᠮᠵᠢᠯᠲᠡ ᠢ᠋ᠢᠨ ᠲᠦᠬᠦᠭᠡᠷᠦᠮᠵᠢ ᠢ᠋ᠢ ᠨᠡᠢᠳᠡᠮ ᠪᠥᠷᠬᠥᠭᠦᠯᠵᠤ ᠂ ᠨᠠᠷᠢᠯᠢᠭ ᠣᠨᠣᠴᠠᠲᠠᠶ ᠬᠡᠮᠵᠢᠬᠦ ᠪᠠ ᠰᠦᠶ᠋ᠳᠭᠡᠯ ᠬᠤᠷᠢᠶᠠᠬᠤ ᠪᠡᠷ ᠳᠡᠮᠵᠢᠨ ᠲᠠᠷᠢᠶᠠᠯᠠᠩ ᠤ᠋ᠨ ᠬᠡᠷᠡᠭᠯᠡᠬᠦ ᠤᠰᠤ ᠢ᠋ᠢ ᠭᠦᠨᠵᠡᠭᠡᠢ ᠠᠷᠪᠢᠯᠠᠬᠤ ᠢ᠋ᠢ ᠠᠬᠢᠭᠤᠯᠤᠨ᠂ ᠤᠰᠤᠨ ᠤ᠋ ᠬᠡᠷᠡᠭᠯᠡᠭᠡ ᠶ᠋ᠢᠨ ᠬᠠᠮᠢᠶᠠᠷᠤᠯᠲᠠ ᠢ᠋ᠢ ᠴᠢᠩᠭᠠᠷᠠᠭᠤᠯᠤᠨᠠ᠃ ᠲᠠᠷᠢᠶᠠᠯᠠᠩ ᠤ᠋ᠨ 《 ᠶᠡᠬᠡ ᠪᠡᠷ ᠤᠰᠤ ᠠᠷᠪᠢᠯᠠᠬᠤ 》 ᠲᠣᠭ᠍ᠲᠠᠴᠠ ᠢ᠋ᠢ ᠪᠠᠢᠭᠤᠯᠵᠤ᠂ ᠤᠰᠤᠨ ᠤ᠋ ᠡᠬᠢ ᠪᠠᠶᠠᠯᠢᠭ ᠤ᠋ᠨ ᠬᠤᠪᠢᠶᠠᠷᠢᠯᠠᠯᠲᠠ ᠲᠠᠶ ᠤᠶᠠᠯᠳᠤᠭᠤᠯᠤᠨ᠂ ᠲᠠᠷᠢᠶᠠᠯᠠᠩ ᠤ᠋ᠨ ᠥᠨᠳᠥᠷ ᠦᠷᠡ ᠪᠦᠲᠦᠮᠵᠢᠲᠡᠶ ᠤᠰᠤ ᠠᠷᠪᠢᠯᠠᠬᠤ ᠢ᠋ᠢ ᠬᠦᠭᠵᠢᠭᠦᠯᠬᠦ ᠢ᠋ᠢ ᠣᠳᠣ ᠦᠶᠡ ᠢ᠋ᠢᠨ ᠲᠠᠷᠢᠶᠠᠯᠠᠩ ᠤ᠋ᠨ ᠠᠵᠤ ᠦᠢᠯᠡᠰ ᠤ᠋ᠨ ᠬᠦᠷᠢᠶᠡᠯᠡᠩ ᠲᠠᠢ ᠤᠶᠠᠯᠳᠤᠭᠤᠯᠵᠤ᠂ ᠠᠮᠤ ᠪᠤᠳᠠᠭᠠᠨ ᠤ᠋ ᠬᠡᠪᠴᠢᠶᠡᠵᠢᠭ᠌ᠰᠡᠨ ᠦᠢᠯᠡᠳᠪᠦᠷᠢᠯᠡᠯ ᠡᠵᠡᠩᠨᠡᠯᠲᠡ ᠲᠠᠢ ᠤᠶᠠᠯᠳᠤᠭᠤᠯᠵᠤ᠂ ᠦᠪᠡᠷᠮᠢᠴᠠ ᠤᠨᠴᠠᠯᠢᠭ ᠲᠠᠢ ᠳᠠᠪᠠᠭᠤᠯᠢᠭᠲᠤ ᠠᠵᠤ ᠦᠢᠯᠡᠰ ᠢ᠋ ᠬᠥᠭ᠌ᠵᠢᠭᠦᠯᠬᠦ᠌ ᠲᠠᠢ ᠤᠶᠠᠯᠳᠤᠭᠤᠯᠵᠤ᠂ ᠤᠰᠤᠨ ᠤ᠋ ᠬᠡᠮᠵᠢᠶᠠ ᠪᠡᠷ ᠦᠢᠯᠡᠳᠪᠤᠷᠢᠯᠡᠯ ᠶ᠋ᠢᠡᠨ ᠲᠣᠭ᠍ᠲᠠᠭᠠᠨ᠂ ᠠᠵᠤ ᠦᠢᠯᠡᠰ ᠤ᠋ᠨ ᠣᠷᠣᠨ ᠪᠦᠰᠡᠴᠢᠯᠡᠭᠰᠡᠨ ᠪᠠᠢᠷᠢᠱᠢᠭᠤᠯᠤᠯᠳᠠ᠂ ᠪᠠᠷᠢᠮᠵᠢᠶᠠᠵᠢᠭᠰᠠᠨ ᠦᠢᠯᠡᠳᠪᠦᠷᠢᠯᠡᠯ ᠪᠣᠯᠤᠨ ᠤᠰᠤᠨ ᠤ᠋ ᠡᠬᠢ ᠪᠠᠶᠠᠯᠢᠭ ᠤ᠋ᠨ ᠶᠡᠷᠦᠩᠬᠡᠶ ᠬᠡᠮᠵᠢᠶᠡ ᠢ᠋ᠢ ᠬᠢᠵᠠᠭᠠᠷᠯᠡᠬᠤ ᠪᠡᠷ ᠳᠠᠮᠵᠢᠨ ᠲᠠᠷᠢᠶᠠᠯᠠᠩ ᠤ᠋ᠨ ᠤᠰᠤ ᠠᠷᠪᠢᠯᠠᠬᠤ ᠢ᠋ᠢ ᠠᠬᠢᠭᠤᠯᠤᠨᠠ᠃