ᠲᠦᠩᠯᠢᠶᠣᠤ᠄ ᠪᠠᠷᠢᠯᠭ᠎ᠠ᠎ᠶ᠋ᠢᠨ ᠠᠵᠢᠯ ᠬᠢᠬᠦ ᠠᠰᠢᠬᠳᠠᠢ ᠴᠠᠭ᠎ᠢ ᠠᠮᠵᠢᠨ ᠲᠥᠷᠥᠯ ᠵᠦᠶ᠋ᠯ᠎ᠦᠨ ᠠᠵᠢᠯ᠎ᠢᠶᠠᠨ ᠡᠬᠢᠯᠡᠭᠦᠯᠵᠦ᠍ ᠰᠡᠷᠭᠦᠭᠡᠬᠦ᠌᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠤᠨ᠎ᠠ
2025-03-23 12:52:48
ᠵᠣᠬᠢᠶᠠᠭ᠍ᠴᠢ᠄
ᠱᠢᠤᠸᠠᠢ ᠢ ᠴᠢᠶᠦ᠋ᠨ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 18 ᠎ᠤ᠋ ᠡᠳᠦᠷ᠂ ᠲᠦᠩᠯᠢᠶᠣᠤ᠎ᠶ᠋ᠢᠨ ᠴᠠᠬᠢᠯᠭᠠᠨ ᠬᠦᠴᠤᠨ ᠤ᠋ ᠪᠡᠯᠡ ᠣᠷᠣᠭᠤᠯᠤᠯᠲᠠ᠎ᠶ᠋ᠢᠨ ᠴᠠᠬᠢᠯᠭᠠᠨ ᠭᠠᠷᠭᠠᠬᠤ ᠬᠢᠵᠠᠭᠠᠷᠲᠤ  ᠺᠣᠮᠫᠠᠨᠢ ᠎ᠶ᠋ᠢᠨ 2× 350 MW᠎ᠤ᠋ᠨ ᠤᠶᠤᠨᠲᠤ ᠢᠯᠴᠢ ᠵᠢᠨ ᠴᠠᠬᠢᠯᠭᠠᠨ᠎ᠤ ᠬᠠᠮᠲᠤᠷᠠᠨ ᠦᠶ᠋ᠯᠡᠳᠪᠦᠷᠢᠯᠡᠬᠦ᠌ ᠮᠠᠱᠢᠨ ᠴᠣᠭ᠍ᠴᠠᠯᠠᠪᠤᠷᠢ᠎ᠶ᠋ᠢᠨ ᠲᠥᠷᠥᠯ ᠵᠦᠶ᠋ᠯ ᠎ᠦᠨ ᠲᠤᠬᠠᠶ᠎ᠶ᠋ᠢᠨ ᠲᠠᠯᠠᠪᠠᠶ ᠎ᠳᠤ᠂ ᠮᠢᠩᠭ᠎ᠠ ᠭᠠᠷᠤᠶ ᠠᠵᠢᠯᠴᠢᠨ ᠶᠠᠭ ᠶᠠᠭᠠᠷᠠᠯᠳᠠᠢ ᠠᠵᠢᠯᠯᠠᠵᠤ᠂ ᠪᠥᠲᠥᠭᠡᠨ ᠪᠠᠢᠭᠤᠯᠤᠯᠲᠠ᠎ᠶ᠋ᠢᠨ ᠲᠠᠯᠠᠪᠠᠶ ᠳ᠋ᠤ ᠬᠦᠷ ᠬᠦᠭᠵᠢᠶᠠᠨ ᠵᠢᠡᠷ ᠪᠢᠯᠬᠠᠨ᠎ᠠ᠃

ᠲᠦᠩᠯᠢᠶᠣᠤ᠎ᠶ᠋ᠢᠨ ᠴᠠᠬᠢᠯᠭᠠᠨ ᠬᠦᠴᠤᠨ ᠤ᠋ ᠪᠡᠯᠡ ᠣᠷᠣᠭᠤᠯᠤᠯᠳᠠ ᠵᠢᠨ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠎ᠶ᠋ᠢᠨ ᠪᠠᠷᠢᠯᠭ᠎ᠠ ᠵᠢᠨ ᠬᠡᠯᠲᠡᠰ᠎ᠦᠨ ᠡᠷᠬᠢᠯᠡᠭ᠌ᠴᠢ ᠯᠢᠦ ᠵᠥᠩ ᠴᠢᠤᠸᠠᠨ᠄《ᠲᠥᠷᠥᠯ ᠵᠦᠶ᠋ᠯ ᠵᠢᠩᠬᠢᠨᠢ᠎ᠪᠡᠷ ᠠᠵᠢᠯ᠎ᠢᠶᠠᠨ ᠰᠡᠷᠭᠦᠭᠡᠭ᠌ᠰᠡᠨ᠎ᠦ ᠳᠠᠷᠠᠭ᠎ᠠ᠂ ᠭᠤᠤᠯ ᠴᠣᠭ᠍ᠴᠠ᠎ᠶ᠋ᠢᠨ ᠪᠠᠷᠢᠯᠭ᠎ᠠ ᠪᠠᠷᠢᠬᠤ ᠪᠠᠷᠢᠮᠵᠢᠶᠠᠲᠤ ᠬᠡᠰᠡᠭ᠎ᠲᠦ ᠭᠤᠤᠯᠳᠠᠭᠤ ᠬᠦᠷᠭᠡᠯᠲᠡ ᠵᠢᠨ ᠵᠠᠮ ᠱᠤᠭᠤᠮ᠎ᠢ ᠥᠭᠡᠷᠡᠴᠢᠯᠡᠬᠦ᠌᠂ ᠲᠦᠷ ᠴᠠᠭ᠎ᠤᠨ ᠱᠢᠰᠲ᠋ᠧᠮ᠎ᠢ ᠨᠤᠷᠠᠭᠠᠨ ᠲᠡᠭᠰᠢᠯᠡᠬᠦ᠂ ᠱᠢᠰᠲ᠋ᠧᠮ᠎ᠢ ᠵᠢᠩᠬᠢᠨᠢ᠎ᠪᠡᠷ ᠰᠡᠷᠭᠦᠭᠡᠬᠦ᠌ ᠵᠡᠷᠭᠡ ᠪᠦᠷᠢᠨ ᠢᠵᠢ ᠡᠬᠢᠯᠡᠭᠦᠯᠬᠦ᠌᠎ᠡᠴᠡ ᠡᠮᠦᠨᠡᠬᠢ ᠪᠡᠯᠡᠳᠭᠡᠯ ᠠᠵᠢᠯ᠎ᠢ ᠬᠢᠵᠦ᠍᠂ ᠣᠳᠣᠬᠠᠨ᠎ᠳᠤ ᠲᠥᠷᠥᠯ ᠵᠦᠶ᠋ᠯ᠎ᠦᠨ 93% ᠶ᠋ᠢ ᠨᠢ ᠨᠢᠭᠡᠨᠲᠡ ᠳᠠᠭᠤᠰᠭᠠᠵᠤ᠂ 4 ᠰᠠᠷ᠎ᠠ᠎ᠶ᠋ᠢᠨ 30 ᠎ᠤ᠋ ᠡᠳᠦᠷ ᠠᠩᠬᠠᠳᠠᠭ᠍ᠴᠢ ᠮᠠᠱᠢᠨ ᠴᠣᠭ᠍ᠴᠠᠯᠠᠪᠤᠷᠢ᠎ᠶ᠋ᠢ 168 ᠴᠠᠭ ᠲᠤᠷᠱᠢᠨ ᠠᠵᠢᠯᠯᠠᠭᠤᠯᠬᠤ᠎ᠪᠠᠷ ᠲᠥᠯᠥᠪᠯᠡᠵᠦ᠍ ᠪᠠᠢᠨ᠎ᠠ》 ᠭᠡᠵᠦ᠍ ᠲᠠᠨᠢᠯᠴᠠᠭᠤᠯᠪᠠ᠃

ᠣᠢᠯᠠᠭᠠᠭ᠍ᠰᠠᠨ᠎ᠢᠶᠠᠷ᠂ ᠲᠣᠰ ᠲᠥᠷᠥᠯ ᠵᠦᠶ᠋ᠯ ᠪᠣᠯ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠢᠵᠢ 350MW ᠲᠠᠰ᠎ᠤᠨ ᠨᠡᠭᠦᠷᠡᠰᠦ ᠱᠢᠲᠠᠭᠠᠬᠤ ᠮᠠᠱᠢᠨ ᠴᠣᠭ᠍ᠴᠠᠯᠠᠪᠤᠷᠢ ᠪᠣᠯᠤᠨ᠎ᠠ᠂ ᠶᠡᠷᠦᠩᠬᠡᠶ ᠪᠠᠯᠠ ᠣᠷᠣᠭᠤᠯᠤᠯᠲᠠ᠎ᠨᠢ 30.53 ᠳ᠋ᠦᠩᠱᠢᠭᠤᠷ ᠲᠥᠭᠥᠷᠢᠭ᠎ᠲᠦ ᠬᠦᠷᠴᠦ᠍᠂ ᠡᠵᠡᠯᠡᠬᠦ᠌ ᠲᠠᠯᠠᠪᠠᠶ᠎ᠨᠢ ᠪᠠᠷᠤᠭ 17.42 ᠾᠧᠺᠲ᠋ᠠᠷ ᠪᠠᠢᠵᠤ᠂ ᠵᠢᠱ᠌ᠢᠯᠲᠡ᠎ᠪᠡᠷ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭᠠᠬᠢ ᠵᠢᠯ᠎ᠦᠨ ᠴᠠᠬᠢᠯᠭᠠᠨ ᠭᠠᠷᠭᠠᠬᠤ ᠬᠡᠮᠵᠢᠶ᠎ᠡ᠎ᠨᠢ 36.96 ᠳ᠋ᠦᠩᠱᠢᠭᠤᠷ ᠺᠢᠯᠦᠸᠠᠲ ᠴᠠᠭ᠎ᠲᠤ ᠬᠦᠷᠴᠦ᠍᠂ ᠵᠠᠭᠤᠨ ᠲᠦᠮᠡᠨ ᠡᠷᠦᠬᠡ ᠵᠢᠨ ᠨᠢᠭᠡ ᠵᠢᠯ᠎ᠤᠨ ᠴᠠᠬᠢᠯᠭᠠᠨ᠎ᠢ ᠬᠠᠩᠭᠠᠵᠤ᠂ ᠣᠯᠠᠨ ᠲᠣᠮᠣ ᠬᠡᠯᠪᠡᠷᠢ᠎ᠶ᠋ᠢᠨ ᠠᠵᠤ ᠠᠬᠤᠢᠯᠠᠯ᠎ᠤᠨ ᠪᠥᠬᠥ᠌ ᠵᠢᠯ᠎ᠦᠨ ᠦᠶ᠋ᠯᠡᠳᠪᠦᠷᠢᠯᠡᠯ ᠎ᠢ ᠳᠡᠮᠵᠢᠬᠦ᠌ ᠪᠣᠯᠤᠨ᠎ᠠ᠃ ᠡᠭᠦᠨ᠎ᠦ ᠵᠡᠷᠭᠡ ᠪᠡᠷ᠂ ᠵᠢᠯ ᠪᠦᠷᠢ ᠠᠵᠤ ᠦᠢᠯᠡᠳᠪᠦᠷᠢ᠎ᠶ᠋ᠢᠨ ᠦᠢᠯᠡᠳᠪᠦᠷᠢᠯᠡᠯ᠎ᠳᠦ ᠥᠷᠭᠡᠨ᠎ᠢᠶᠡᠷ ᠬᠡᠷᠡᠭ᠌ᠯᠡᠬᠦ᠌ ᠠᠵᠤ ᠦᠢᠯᠡᠳᠪᠦᠷᠢ᠎ᠶ᠋ᠢᠨ ᠠᠭᠤᠷ᠎ᠢ 20 ᠲᠦᠮᠡᠨ ᠲᠣᠨ ᠬᠠᠨᠭᠭᠠᠵᠤ᠂ ᠪᠠᠷᠢᠮᠵᠢᠶ᠎ᠠ ᠨᠡᠭᠦᠷᠡᠰᠦ᠎ᠶ᠋ᠢ 27 ᠲᠦᠮᠡᠨ ᠲᠣᠨ ᠠᠷᠪᠢᠯᠠᠵᠤ᠂ ᠤᠰᠤ ᠵᠢ 789.12 ᠲᠦᠮᠡᠨ ᠲᠣᠨ ᠠᠷᠪᠢᠯᠠᠵᠤ᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠤᠨ ᠭᠠᠳᠠᠭ᠍ᠰᠢᠯᠠᠭᠤᠯᠤᠯᠳᠠ᠎ᠶ᠋ᠢ 86.4 ᠲᠦᠮᠡᠨ ᠲᠣᠨ ᠪᠠᠭᠠᠰᠬᠠᠵᠤ᠂ ᠡᠨᠧᠷᠭᠢ᠎ᠶ᠋ᠢ ᠶᠡᠷᠦᠩᠬᠡᠢᠯᠡᠨ ᠠᠱᠢᠭ᠍ᠯᠠᠬᠤ ᠦᠷ᠎ᠡ ᠪᠦᠲᠦᠮᠵᠢ᠎ᠶ᠋ᠢ ᠪᠦᠲᠦᠮᠵᠢᠲᠡᠶ ᠳᠡᠭᠡᠭ᠌ᠰᠢᠯᠡᠭᠦᠯᠬᠦ ᠪᠤᠯᠤᠨ᠎ᠠ᠃

ᠯᠢᠦ ᠵᠥᠩ ᠴᠢᠤᠸᠠᠨ᠂ ᠲᠣᠰ ᠲᠥᠷᠥᠯ ᠵᠦᠶ᠋ᠯ ᠎ᠦᠨ ᠨᠡᠭᠦᠷᠡᠰᠦ ᠦᠷᠦᠬᠦ᠌ ᠮᠠᠱᠢᠨ ᠵᠢᠴᠢ ᠠᠭᠠᠷ᠎ᠢᠶᠠᠷ ᠬᠥᠷᠥᠭᠡᠬᠦ᠌ ᠦᠯᠢᠶᠡᠭᠦᠷ ᠮᠠᠱᠢᠨ᠎ᠨᠢ ᠴᠥᠮ ᠲᠣᠭ᠍ᠲᠠᠮᠠᠯ ᠰᠣᠷᠢᠨᠵᠢᠨ ᠴᠠᠬᠢᠯᠭᠠᠨ ᠮᠠᠱᠢᠨ᠎ᠢᠶᠠᠷ ᠬᠥᠳᠡᠯᠭᠡᠭᠦᠷ ᠪᠣᠯᠭᠠᠵᠤ᠂ ᠲᠣᠭ᠍ᠲᠠᠮᠠᠯ ᠰᠣᠷᠢᠨᠵᠢᠨ ᠴᠠᠬᠢᠯᠭᠠᠨ ᠮᠠᠱᠢᠨ᠎ᠢᠶᠠᠷ ᠤᠯᠠᠮᠵᠢᠯᠠᠯᠲᠤ ᠬᠤᠷᠳᠤᠴᠠ ᠪᠠᠭᠤᠷᠠᠭᠤᠯᠬᠤ ᠮᠠᠱᠢᠨ ᠎ᠢ ᠣᠷᠣᠯᠠᠭᠤᠯᠵᠤ᠂ 15% ᠡᠴᠡ ᠳᠡᠭᠡᠭ᠌ᠰᠢᠬᠢ ᠡᠨᠧᠷᠭᠢ᠎ᠶ᠋ᠢ ᠠᠷᠪᠢᠯᠠᠵᠠᠢ᠂ ᠲᠣᠰ ᠮᠡᠷᠭᠡᠵᠢᠯ ᠎ᠦᠨ ᠬᠡᠷᠡᠭ᠌ᠯᠡᠯᠲᠡ᠎ᠨᠢ ᠤᠯᠤᠰ᠎ᠤᠨ ᠳᠣᠲᠣᠭᠠᠳᠤ᠎ᠶ᠋ᠢᠨ ᠢᠯᠴᠢ᠎ᠶ᠋ᠢᠨ ᠴᠠᠬᠢᠯᠭᠠᠨ᠎ᠤ ᠲᠥᠷᠥᠯ ᠵᠦᠶ᠋ᠯ᠎ᠦᠨ ᠶᠡᠬᠡ ᠬᠡᠪᠴᠢᠶ᠎ᠡ᠎ᠪᠡᠷ ᠲᠣᠭ᠍ᠲᠠᠮᠠᠯ ᠰᠣᠷᠢᠨᠵᠢᠨ ᠴᠠᠬᠢᠯᠭᠠᠨ ᠮᠠᠱᠢᠨ᠎ᠢ ᠬᠡᠷᠡᠭ᠌ᠯᠡᠭ᠌ᠰᠡᠨ ᠥᠯᠢᠭᠡᠷ ᠵᠢᠱ᠌ᠢᠶ᠎ᠡ᠎ᠶ᠋ᠢ ᠡᠭᠦᠳᠦᠭᠰᠡᠨ ᠪᠠᠢᠨ᠎ᠠ ᠭᠡᠵᠤ ᠲᠠᠨᠢᠯᠴᠠᠭᠤᠯᠪᠠ᠃

2 ᠮᠠᠱᠢᠨ ᠴᠣᠭ᠍ᠴᠠᠯᠠᠪᠤᠷᠢ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ᠂ ᠲᠦᠩᠯᠢᠶᠣᠤ ᠬᠤᠳᠠ ᠭᠠᠵᠠᠷ ᠣᠷᠣᠨ᠎ᠤ ᠴᠢᠬᠤᠯᠠ ᠴᠠᠬᠢᠯᠭᠠᠨ ᠡᠭᠦᠰᠭᠡᠭ᠌ᠴᠢ᠎ᠶ᠋ᠢᠨ ᠲᠤᠯᠭᠠᠭᠤᠷᠢᠯᠠᠬᠤ ᠴᠡᠭ ᠪᠣᠯᠵᠣ᠂ ᠨᠠᠭᠠᠳᠤ ᠵᠠᠬ᠎ᠠ᠎ᠳ᠋ᠠᠭᠠᠨ 20% ᠶ᠋ᠢᠨ ᠨᠣᠷᠮ᠎ᠠ᠎ᠲᠠᠶ ᠳᠠᠭᠠᠭᠠᠴᠠ᠎ᠶ᠋ᠢ ᠭᠦᠨᠵᠡᠭᠡᠶ ᠲᠣᠬᠢᠷᠠᠭᠤᠯᠬᠤ ᠴᠢᠳᠠᠪᠤᠷᠢ᠎ᠲᠠᠶ ᠪᠣᠯᠵᠣ᠂ ᠰᠠᠯᠬᠢᠨ ᠬᠦᠴᠦᠨ᠎ᠦ ᠴᠠᠬᠢᠯᠭᠠᠨ ᠪᠠ ᠬᠡᠷᠡᠯᠴᠢ ᠴᠡᠨᠡᠭ᠎ᠲᠠᠶ ᠭᠦᠨᠵᠠᠭᠡᠢ ᠬᠠᠷᠢᠯᠴᠠᠨ ᠨᠥᠬᠥᠪᠥᠷᠢᠯᠡᠵᠦ᠍᠂ ᠠᠷᠠᠳ᠎ᠤᠨ ᠠᠮᠢᠳᠤᠷᠠᠯ᠎ᠤᠨ ᠢᠯᠴᠢ ᠬᠠᠩᠭᠠᠬᠤ᠎ᠶ᠋ᠢ ᠰᠠᠢᠵᠢᠷᠠᠭᠤᠯᠬᠤ᠂ ᠴᠠᠬᠢᠯᠭᠠᠨ ᠲᠤᠤᠷ ᠎ᠤᠨ ᠠᠮᠤᠷ ᠲᠦᠪᠱᠢᠨ ᠠᠵᠢᠯᠯᠠᠬᠤ ᠵᠢ ᠲᠤᠯᠭᠠᠭᠤᠷᠢᠯᠠᠬᠤ᠂ ᠱᠢᠨ᠎ᠡ ᠡᠨᠧᠷᠭᠢ ᠎ᠶ᠋ᠢ ᠱᠢᠩᠭᠡᠬᠦ ᠎ᠶ᠋ᠢ ᠠᠬᠢᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃

ᠡᠯ᠎ᠡ ᠵᠦᠢᠯ ᠎ᠤᠨ ᠲᠡᠷᠭᠡ ᠨᠠᠭᠠᠰᠢ ᠴᠠᠭᠠᠰᠢ ᠰᠦᠯᠵᠢᠯᠳᠦᠨ᠂ ᠮᠠᠱᠢᠨ ᠲᠥᠬᠥᠭᠡᠷᠦᠮᠵᠢ ᠵᠢᠨ ᠠᠵᠢᠯᠯᠠᠬᠤ ᠲᠠᠭᠤᠨ ᠬᠦᠷᠴᠢᠭᠢᠨᠡᠵᠦ᠍᠂ ᠤᠢ᠍ᠢᠷ᠎ᠠ᠎ᠶ᠋ᠢᠨ ᠡᠳᠦᠷ᠎ᠤᠨ ᠲᠤᠷᠰᠢ ᠲᠦᠩᠯᠢᠶᠣᠤ ᠬᠤᠳᠠ᠎ᠶ᠋ᠢᠨ ᠬᠢᠨ《ᠡᠬᠢᠯᠡᠯᠳᠡ ᠪᠤᠯ ᠲᠠᠷᠤᠢ ᠱᠢᠪᠲᠤᠯᠤᠯᠲᠠ᠂ ᠠᠵᠢᠯ ᠡᠬᠢᠯᠡᠬᠦᠯᠦᠮᠡᠭᠴᠡ ᠳᠠᠷᠤᠢ ᠱᠢᠢᠳᠪᠦᠷᠢᠲᠦ ᠳᠠᠢᠯᠠᠯᠳᠤᠭᠠᠨ ᠬᠢᠬᠦ᠌》 ᠡᠷᠡᠮᠡᠬᠡᠢᠯᠡᠨ ᠤᠷᠤᠭ᠍ᠰᠢᠯᠠᠬᠤ ᠳᠦᠷᠰᠦ ᠪᠠᠢᠳᠠᠯ᠎ᠢᠶᠠᠷ᠂ ᠬᠠᠪᠤᠷ᠎ᠤᠨ ᠤᠯᠠᠷᠢᠯ᠎ᠤᠨ ᠪᠠᠷᠢᠯᠭ᠎ᠠ᠎ᠶ᠋ᠢᠨ ᠠᠰᠢᠬᠳᠠᠢ ᠴᠠᠭ᠎ᠢ ᠠᠮᠵᠢᠭᠤᠯᠤᠨ᠂ ᠲᠦᠷᠦᠯ ᠵᠦᠢᠯ᠎ᠦᠨ ᠠᠵᠢᠯ᠎ᠢᠶᠠᠨ ᠡᠬᠢᠯᠡᠭᠦᠯᠵᠦ᠍ ᠰᠡᠷᠭᠦᠭᠡᠬᠦ᠌ ᠪᠦᠳᠦᠭᠡᠨ ᠪᠠᠢᠭᠤᠯᠬᠤ᠎ᠶ᠋ᠢ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ᠂ ᠲᠦᠷᠦᠭᠦᠦ ᠤᠯᠠᠷᠢᠯ᠎ᠤᠨ 《ᠰᠠᠢ᠌ᠨ ᠡᠬᠢᠯᠡᠯᠲᠡ》᠂ 《ᠪᠦᠬᠦ᠌ ᠵᠢᠯ᠎ᠦᠨ ᠤᠷᠤᠬᠰᠢᠳᠠᠢ ᠪᠠᠢᠬᠤ》 ᠵᠢ ᠪᠡᠶᠡᠯᠡᠬᠦᠯᠬᠦ ᠵᠢᠨ ᠲᠥᠯᠥᠭᠡ ᠬᠦᠴᠦᠨ᠎ᠢᠶᠡᠨ ᠬᠤᠷᠠᠮᠳᠤᠭᠤᠯᠪᠠ᠃

ᠲᠦᠩᠯᠢᠶᠣᠤ ᠬᠣᠲᠠ᠎ᠶ᠋ᠢᠨ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠭᠠᠨᠵᠤᠭ᠎ᠠ ᠳ᠋ᠡᠬᠢ ᠡᠯᠡᠰᠤᠨ ᠠᠭᠤᠷᠬᠠᠶ ᠵᠢᠨ ᠴᠠᠬᠢᠭᠤᠷᠲᠤ ᠡᠯᠡᠰᠦ ᠦᠶ᠋ᠯᠡᠳᠪᠦᠷᠢᠯᠡᠬᠦ᠌ ᠲᠠᠰᠤᠭ᠎ᠲᠤ᠂ ᠠᠵᠢᠯᠴᠢᠳ ᠦᠶ᠋ᠯᠡᠳᠪᠦᠷᠢᠯᠡᠯ᠎ᠦᠨ ᠱᠤᠭᠤᠮ ᠳᠡᠭᠡᠷᠡᠬᠢ ᠲᠥᠬᠥᠭᠡᠷᠦᠮᠵᠢ᠎ᠶ᠋ᠢ ᠨᠠᠷᠢᠨ ᠪᠠᠢᠴᠠᠭᠠᠵᠤ ᠬᠠᠮᠠᠭᠠᠯᠠᠬᠤ ᠠᠵᠢᠯ ᠎ᠢ ᠬᠢᠵᠦ᠍᠂ ᠠᠵᠢᠯ᠎ᠢᠶᠠᠨ ᠡᠬᠢᠯᠡᠬᠦᠯᠵᠤ ᠦᠶ᠋ᠯᠡᠳᠪᠦᠷᠢᠯᠡᠯ᠎ᠢᠶᠡᠨ ᠰᠡᠷᠭᠦᠭᠡᠵᠤ ᠶᠠᠭᠠᠷᠠᠨ᠎ᠠ᠃

ᠳᠤᠮᠳᠠᠳᠤ ᠤᠯᠤᠰ᠎ᠤᠨ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠲᠦᠩᠯᠢᠶᠣᠤ᠎ᠶ᠋ᠢᠨ ᠴᠠᠬᠢᠭᠤᠷ ᠡᠯᠡᠰᠦ᠎ᠶ᠋ᠢᠨ ᠠᠵᠤ ᠦᠶ᠋ᠯᠡᠳᠪᠦᠷᠢ᠎ᠶ᠋ᠢᠨ ᠬᠢᠵᠠᠭᠠᠷᠲᠤ ᠺᠣᠮᠫᠠᠨᠢ 2024 ᠣᠨ᠎ᠳᠤ 2 ᠳ᠋ᠦᠩᠱᠢᠭᠤᠷ ᠲᠥᠭᠥᠷᠢᠭ᠎ᠦᠨ ᠪᠠᠯᠠ ᠣᠷᠣᠭᠤᠯᠵᠤ ᠱᠢᠨ᠎ᠡ᠎ᠪᠡᠷ ᠪᠠᠢᠭᠤᠯᠤᠭ᠍ᠰᠠᠨ ᠭᠠᠨᠵᠤᠭ᠎ᠠ ᠡᠯᠡᠰᠦᠨ ᠠᠭᠤᠷᠬᠠᠶ᠎ᠶ᠋ᠢᠨ ᠵᠢᠯ᠎ᠳᠦ 30 ᠲᠦᠮᠡᠨ ᠲᠣᠨ ᠬᠡᠷᠡᠯᠴᠢ ᠴᠡᠨᠡᠭ ᠤ᠋ᠨ ᠡᠯᠡᠰᠦ ᠦᠶ᠋ᠯᠡᠳᠪᠦᠷᠢᠯᠡᠬᠦ᠌ ᠦᠶ᠋ᠯᠡᠳᠪᠦᠷᠢᠯᠡᠯ᠎ᠦᠨ ᠱᠤᠭᠤᠮ ᠪᠣᠯ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠡᠯᠡᠰᠦᠨ ᠴᠥᠯ ᠤ᠋ᠨ ᠡᠯᠡᠰᠤ ᠵᠢ ᠬᠡᠷᠡᠯᠴᠢ ᠴᠡᠨᠡᠭ ᠤ᠋ᠨ ᠡᠯᠡᠰᠦ ᠪᠣᠯᠭᠠᠨ ᠬᠤᠪᠢᠷᠠᠭᠤᠯᠵᠤ ᠪᠣᠯᠬᠤ ᠦᠶ᠋ᠯᠡᠳᠪᠦᠷᠢᠯᠡᠯ᠎ᠦᠨ ᠱᠤᠭᠤᠮ ᠪᠠᠢᠵᠤ᠂《ᠡᠯᠡᠰᠦᠨ ᠴᠥᠯ 》 ᠡᠴᠡ《ᠬᠡᠷᠡᠯᠴᠢ ᠴᠡᠨᠡᠭ᠎ᠦᠨ ᠡᠯᠡᠰᠦ》ᠵᠢ ᠰᠢᠷᠭᠠᠭᠠᠨ ᠠᠪᠬᠤ  ᠮᠡᠷᠭᠡᠵᠢᠯ᠎ᠦᠨ ᠪᠣᠭᠣᠮᠢ ᠎ᠶ᠋ᠢ ᠱᠢᠪᠲᠤᠯᠵᠤ᠂ ᠴᠠᠬᠢᠭᠤᠷᠲᠤ ᠡᠯᠡᠰᠦᠨ᠎ᠦ ᠦᠶ᠋ᠯᠡᠳᠬᠦᠨ᠎ᠢ ᠳᠡᠭᠡᠳᠦ ᠳᠡᠰᠵᠢᠭᠦᠯᠬᠦ᠎ᠶ᠋ᠢ ᠪᠡᠶᠡᠯᠡᠭᠦᠯᠦᠨ᠂ ᠦᠶ᠋ᠯᠡᠳᠬᠦᠨ᠎ᠦ ᠨᠡᠮᠡᠯᠲᠡ ᠥᠷᠲᠡᠭ᠎ᠢ ᠳᠡᠭᠡᠭ᠌ᠰᠢᠯᠡᠭᠦᠯᠵᠦ᠍᠂ ᠴᠠᠬᠢᠭᠤᠷᠲᠤ ᠡᠯᠡᠰᠦᠨ᠎ᠦ ᠠᠵᠤ ᠦᠶ᠋ᠯᠡᠰ᠎ᠦᠨ ᠬᠡᠯᠬᠢᠶ᠎ᠡ᠎ᠶ᠋ᠢ ᠤᠯᠠᠮ ᠨᠢᠭᠡ ᠠᠯᠬᠤᠮ ᠤᠷᠲᠤᠳᠭᠠᠭᠰᠠᠨ ᠪᠠᠢᠨ᠎ᠠ᠃

ᠳᠤᠮᠳᠠᠳᠤ ᠤᠯᠤᠰ᠎ᠤᠨ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠲᠦᠩᠯᠢᠶᠣᠤ᠎ᠶ᠋ᠢᠨ ᠴᠠᠬᠢᠭᠤᠷᠳᠤ ᠡᠯᠡᠰᠦ᠎ᠶ᠋ᠢᠨ ᠠᠵᠤ ᠦᠶ᠋ᠯᠡᠳᠪᠦᠷᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠭᠠᠨᠵᠤᠭ᠎ᠠ᠎ᠳᠡᠬᠢ ᠡᠯᠡᠰᠦᠨ ᠠᠭᠤᠷᠬᠠᠶ᠎ᠶ᠋ᠢᠨ ᠳᠠᠷᠤᠭ᠎ᠠ ᠢᠦᠶ ᠱ᠌ᠢ ᠴᠢᠤᠸᠠᠨ᠄《2025 ᠣᠨ᠎ᠳᠤ ᠮᠠᠨ᠎ᠤ ᠺᠣᠮᠫᠠᠨᠢ ᠵᠢᠱ᠌ᠢᠯᠲᠡ᠎ᠪᠡᠷ 5.5 ᠳ᠋ᠦᠩᠱᠢᠭᠤᠷ ᠲᠥᠭᠥᠷᠢᠭ ᠎ᠦᠨ ᠦᠶ᠋ᠯᠡᠳᠬᠦᠨ᠎ᠦ ᠥᠷᠲᠡᠭ᠎ᠢ ᠪᠡᠶᠡᠯᠡᠭᠦᠯᠬᠦ᠌᠎ᠶ᠋ᠢᠨ ᠬᠠᠮᠲᠤ 2026 ᠣᠨ ᠎ᠳᠤ ᠬᠡᠷᠡᠯᠴᠢ ᠴᠡᠨᠡᠭ ᠎ᠦᠨ ᠡᠯᠡᠰᠦᠨ᠎ᠦ ᠬᠣᠶᠠᠳᠤᠭᠠᠷ ᠬᠤᠭᠤᠴᠠᠭᠠᠨ᠎ᠤ ᠲᠥᠷᠥᠯ ᠵᠦᠶ᠋ᠯ᠎ᠢ ᠪᠠᠯᠠ ᠣᠷᠣᠭᠤᠯᠤᠨ ᠪᠥᠲᠥᠭᠡᠨ ᠪᠠᠢᠭᠤᠯᠵᠤ᠂ ᠪᠦᠬᠦᠢᠯᠡ ᠴᠠᠬᠢᠭᠤᠷᠳᠤ ᠡᠯᠡᠰᠦᠨ᠎ᠦ ᠠᠵᠢᠯ ᠲᠥᠷᠥᠯ᠎ᠦᠨ ᠮᠡᠷᠭᠡᠵᠢᠯ᠎ᠦᠨ ᠱᠢᠨᠡᠴᠢᠯᠡᠯᠲᠡ ᠰᠣᠯᠢᠭ᠍ᠳᠠᠯ᠎ᠳᠤ ᠬᠦᠴᠦᠨ ᠨᠡᠮᠡᠷᠢᠯᠡᠬᠦ᠌᠎ᠪᠡᠷ ᠲᠥᠯᠥᠪᠯᠡᠵᠦ᠍ ᠪᠠᠢᠨ᠎ᠠ 》 ᠭᠡᠪᠡ᠃

ᠲᠦᠩᠯᠢᠶᠣᠤ ᠬᠣᠲᠠ 《ᠲᠥᠷᠥᠯ ᠵᠦᠶ᠋ᠯ᠎ᠢᠶᠡᠷ ᠭᠤᠤᠯ ᠪᠣᠯᠭᠠᠬᠤ》 ᠤᠢᠯᠠᠭᠠᠭᠳᠠᠬᠤᠨ᠎ᠢ ᠪᠠᠷᠢᠮᠲᠠᠯᠠᠵᠤ᠂ ᠴᠢᠬᠤᠯᠠ ᠶᠡᠬᠡ ᠲᠥᠷᠥᠯ ᠵᠦᠶ᠋ᠯ᠎ᠢ ᠤᠬᠠᠭᠠᠯᠠᠨ ᠲᠥᠯᠥᠪᠯᠡᠬᠦ ᠠᠵᠢᠯᠯᠠᠭ᠎ᠠ᠎ᠪᠠᠷ ᠵᠢᠯᠣᠭᠣᠳᠤᠮᠵᠢ ᠪᠣᠯᠭᠠᠨ᠂ ᠲᠥᠷᠥᠯ ᠵᠦᠶ᠋ᠯ᠎ᠢ ᠲᠥᠰᠦᠪᠯᠡᠨ ᠵᠣᠬᠢᠶᠠᠨ ᠪᠠᠢᠭᠤᠯᠤᠨ ᠠᠬᠢᠭᠤᠯᠬᠤ᠎ᠶ᠋ᠢ ᠪᠥᠬᠥ᠌ ᠲᠠᠯ᠎ᠠ ᠎ᠪᠠᠷ ᠰᠠᠢᠵᠢᠷᠠᠭᠤᠯᠵᠤ᠂ ᠠᠵᠤ ᠦᠶ᠋ᠯᠡᠰ᠎ᠢ ᠪᠣᠢᠵᠢᠭᠤᠯᠬᠤ᠎ᠶ᠋ᠢ ᠠᠳᠭᠤᠬᠤ᠎ᠶ᠋ᠢ ᠳᠣᠪᠣᠢᠯᠭᠠᠨ᠂ ᠠᠵᠢᠯ᠎ᠤᠨ ᠲᠣᠭ᠍ᠲᠠᠴᠠ᠎ᠶ᠋ᠢ ᠲᠡᠭᠦᠯᠳᠡᠷᠵᠢᠭᠦᠯᠦᠨ ᠲᠥᠰᠦᠪᠯᠡᠬᠦ᠌᠎ᠶ᠋ᠢ ᠠᠬᠢᠭᠤᠯᠵᠦ᠂ ᠲᠥᠷᠥᠯ ᠵᠦᠶ᠋ᠯ᠎ᠦᠨ ᠡᠮᠦᠨᠡᠬᠢ ᠬᠤᠭᠤᠴᠠᠭ᠎ᠠ ᠵᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠠᠳᠬᠤᠵᠦ᠂ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠦᠶ᠋ᠯᠡᠴᠢᠯᠡᠭᠡ ᠪᠠᠲᠤᠯᠠᠭ᠎ᠠ᠎ᠶ᠋ᠢ ᠴᠢᠩᠭᠠᠳᠭᠠᠵᠤ᠂ ᠠᠷᠠᠯᠵᠢᠶᠠᠴᠢᠨ ᠤᠷᠢᠵᠤ ᠪᠠᠯᠠ ᠮᠦᠨᠭᠭᠦ ᠣᠷᠣᠭᠤᠯᠤᠨ ᠠᠪᠴᠢᠷᠠᠬᠤ ᠪᠠ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢᠨ ᠦᠷ᠎ᠡ ᠪᠦᠲᠦᠮᠵᠢ᠎ᠶ᠋ᠢ ᠦᠨᠡᠨ ᠬᠦ᠌ ᠳᠡᠭᠡᠭ᠌ᠰᠢᠯᠡᠭᠦᠯᠪᠡ᠃ 2025 ᠣᠨ᠎ᠳᠤ᠂ ᠲᠦᠩᠯᠢᠶᠣᠤ ᠬᠣᠲᠠ 500 ᠭᠠᠷᠤᠶ ᠭᠤᠤᠯᠳᠠᠯᠭ᠎ᠠ᠎ᠲᠠᠶ ᠲᠥᠷᠥᠯ ᠵᠦᠶ᠋ᠯ᠎ᠢ ᠠᠵᠢᠯ ᠡᠬᠢᠯᠡᠭᠦᠯᠦᠨ ᠰᠡᠷᠭᠦᠭᠡᠵᠦ᠍᠂ ᠪᠠᠯᠠ ᠣᠷᠣᠭᠤᠯᠤᠯᠲᠠ᠎ᠶ᠋ᠢ 600 ᠳ᠋ᠦᠩᠱᠢᠭᠤᠷ ᠲᠥᠭᠥᠷᠢᠭ᠎ᠡᠴᠡ ᠳᠠᠪᠠᠭᠤᠯᠬᠤ᠎ᠪᠠᠷ ᠴᠢᠷᠮᠠᠢᠵᠤ ᠪᠤᠢ᠃

ᠲᠦᠩᠯᠢᠶᠣᠤ ᠬᠣᠲᠠ᠎ᠶ᠋ᠢᠨ ᠲᠥᠷᠥᠯ ᠵᠦᠶ᠋ᠯ ᠎ᠤᠨ  ᠨᠠᠷᠢᠨ ᠳᠠᠨᠭᠰᠠᠨ᠎ᠳᠤ᠂ ᠳᠡᠭᠡᠳᠦ ᠳᠡᠰᠵᠢᠭᠦᠯᠬᠦ᠂ ᠤᠶᠤᠨᠴᠢᠯᠠᠬᠤ᠂ ᠪᠣᠬᠢᠷᠲᠤᠯ ᠥᠭᠡᠢᠵᠢᠭᠦᠯᠬᠦ ᠣᠨᠴᠠᠯᠢᠭ ᠡᠳᠦᠷ ᠢᠷᠡᠬᠦᠶ᠎ᠡ ᠢᠯᠡ ᠲᠣᠳᠣ ᠪᠣᠯᠪᠠ᠃

 3 ᠰᠠᠷ᠎ᠠ᠎ᠶ᠋ᠢᠨ 14 ᠎ᠤ᠋ ᠡᠳᠦᠷ᠂ ᠲᠦᠩᠯᠢᠶᠣᠤ ᠬᠣᠲᠠ᠎ᠶ᠋ᠢᠨ ᠵᠠᠰᠠᠭ᠎ᠤᠨ ᠣᠷᠳᠣᠨ᠂ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠤ ᠵᠠᠰᠠᠭ᠎ᠤᠨ ᠣᠷᠳᠣᠨ ᠪᠣᠯᠤᠨ ᠵᠧᠩ ᠫᠢᠩ ᠵᠠᠮ ᠬᠥᠭᠥᠷᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠤᠪᠢᠴᠠᠭᠠᠲᠦ ᠬᠢᠵᠠᠭᠠᠷᠲᠤ ᠺᠣᠮᠫᠠᠨᠢ᠂ ᠴᠠᠬᠢᠯᠭᠠᠨ ᠮᠥᠬᠥᠯᠢᠭ᠎ᠦᠨ ᠢᠨᠲ᠋ᠧᠷ ᠰᠦᠯᠵᠢᠶ᠎ᠠ᠎ᠶᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ 《ᠪᠣᠬᠢᠷᠲᠤᠯ ᠥᠬᠡᠶ ᠡᠨᠧᠷᠭᠢ᠂ ᠣᠶᠤᠨᠴᠢ ᠪᠤᠳᠤᠯᠲᠠ᠎ᠶᠢᠨ ᠬᠦᠴᠦᠨ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠬᠡᠷᠡᠭ᠌ᠯᠡᠭᠡ 》 ᠎ᠶ᠋ᠢᠨ ᠬᠠᠮᠵᠢᠯᠴᠠᠬᠤ ᠠᠵᠤ ᠦᠶ᠋ᠯᠡᠰ᠎ᠦᠨ ᠬᠦᠷᠢᠶᠡᠯᠡᠩ᠎ᠦᠨ ᠲᠥᠷᠥᠯ ᠵᠦᠶ᠋ᠯ᠎ᠦᠨ ᠭᠡᠷ᠎ᠡ ᠲᠣᠭ᠍ᠲᠠᠬᠤ ᠶᠣᠰᠣᠯᠠᠯ ᠶᠠᠪᠤᠭᠤᠯᠪᠠ᠃ ᠲᠣᠰ ᠲᠥᠷᠥᠯ ᠵᠦᠶ᠋ᠯ᠎ᠢ ᠵᠧᠩ ᠫᠢᠩ ᠵᠠᠮ ᠬᠥᠭᠥᠷᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠤᠪᠢᠴᠠᠭᠠᠲᠦ ᠬᠢᠵᠠᠭᠠᠷᠲᠤ ᠺᠣᠮᠫᠠᠨᠢ᠂ ᠴᠠᠬᠢᠯᠭᠠᠨ ᠮᠥᠬᠥᠯᠢᠭ᠎ᠦᠨ ᠢᠨᠲ᠋ᠸᠷ ᠰᠦᠯᠵᠢᠶ᠎ᠡ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠬᠠᠮᠲᠤ᠎ᠪᠠᠷ ᠪᠥᠲᠥᠭᠡᠨ ᠪᠠᠢᠭᠤᠯᠵᠤ᠂ ᠬᠣᠷᠴᠢᠨ ᠵᠡᠭᠦᠨ ᠭᠠᠷᠤᠨ ᠬᠣᠢᠲᠤ ᠬᠣᠱᠢᠭᠤᠨ᠎ᠳᠤ ᠪᠣᠬᠢᠷᠲᠤᠯ ᠥᠬᠡᠶ ᠡᠨᠧᠷᠭᠢ᠎ᠪᠡᠷ ᠬᠥᠳᠡᠯᠭᠡᠭᠦᠷ ᠪᠣᠯᠭᠠᠭ᠍ᠰᠠᠨ᠂ ᠣᠶᠤᠨᠴᠢ ᠪᠤᠳᠤᠯᠲᠠ᠎ᠶᠢᠨ ᠬᠦᠴᠦᠨ᠂ ᠵᠣᠬᠢᠶᠠᠮᠠᠯ ᠣᠶᠤᠨ ᠴᠢᠳᠠᠪᠤᠷᠢ᠎ᠶ᠋ᠢᠨ ᠬᠡᠷᠡᠭ᠌ᠯᠡᠭᠡ᠎ᠶ᠋ᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠴᠢᠨᠠᠷᠲᠠᠶ ᠠᠵᠤ ᠦᠶ᠋ᠯᠡᠰ᠎ᠦᠨ ᠰᠠᠭᠤᠷᠢᠨ ᠎ᠢ ᠪᠥᠲᠥᠭᠡᠨ ᠪᠠᠢᠭᠤᠯᠬᠤ ᠪᠤᠯᠤᠨ᠎ᠠ᠃ ᠲᠥᠷᠥᠯ ᠵᠦᠶ᠋ᠯ ᠪᠠᠢᠭᠤᠯᠤᠭ᠍ᠳᠠᠭ᠍ᠰᠠᠨ᠎ᠤ ᠳᠠᠷᠠᠭ᠎ᠠ᠂ 《ᠡᠨᠧᠷᠭᠢ — ᠪᠤᠳᠤᠯᠲᠠ᠎ᠶᠢᠨ ᠬᠦᠴᠦᠨ — ᠬᠡᠷᠡᠭ᠌ᠯᠡᠭᠡ》 ᠎ᠶ᠋ᠢᠨ ᠪᠥᠬᠥ᠌ ᠬᠡᠯᠬᠢᠶᠡᠨ᠎ᠦ ᠬᠠᠮᠵᠢᠯᠴᠠᠨ ᠬᠥᠭ᠌ᠵᠢᠬᠦ᠌ ᠱᠢᠨ᠎ᠡ᠎ᠶ᠋ᠢ ᠡᠭᠦᠳᠦᠭᠰᠡᠨ ᠵᠠᠭ᠍ᠪᠤᠷ᠎ᠢ ᠪᠦᠷᠢᠯᠳᠦᠭᠦᠯᠵᠦ᠍᠂ ᠲᠦᠩᠯᠢᠶᠣᠤ ᠬᠣᠲᠠ᠎ᠶ᠋ᠢᠨ ᠪᠣᠬᠢᠷᠲᠤᠯ ᠥᠬᠡᠶ ᠪᠤᠳᠤᠯᠲᠠ᠎ᠶᠢᠨ ᠬᠦᠴᠦᠨ ᠵᠢᠴᠢ ᠲᠣᠭᠠᠴᠢᠯᠠᠭ᠍ᠰᠠᠨ ᠠᠵᠤ ᠠᠬᠤᠶ᠎ᠶ᠋ᠢᠨ ᠬᠥᠭ᠌ᠵᠢᠯᠲᠡ᠎ᠳᠦ ᠬᠦᠴᠦᠲᠡᠶ ᠬᠥᠳᠡᠯᠭᠡᠬᠦ᠌ ᠡᠨᠧᠷᠭᠢ ᠨᠡᠮᠡᠷᠢᠯᠡᠬᠦ᠌ ᠪᠣᠯᠤᠨ᠎ᠠ᠃

 2025 ᠣᠨ ᠪᠣᠯ《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ ᠶ᠋ᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ᠌ 《ᠠᠷᠪᠠᠨ ᠲᠠᠪᠤᠳᠤᠭᠠᠷ ᠲᠠᠪᠤᠨ ᠵᠢᠯ 》᠎ᠤ᠋ᠨ ᠲᠥᠯᠥᠪᠵᠢᠭᠦᠯᠭᠡ᠎ᠶ᠋ᠢᠨ ᠪᠡᠯᠡᠳᠭᠡᠯ ᠵᠢᠯ ᠮᠥᠨ᠃ ᠲᠦᠩᠯᠢᠶᠣᠤ ᠬᠣᠲᠠ ᠠᠵᠤ ᠠᠬᠤᠶ᠎ᠶ᠋ᠢᠨ ᠡᠷᠬᠢᠯᠳᠡ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠢᠬᠤᠯᠠ ᠶᠡᠬᠡ ᠲᠥᠷᠥᠯ ᠵᠦᠶ᠋ᠯ᠎ᠦᠨ《ᠠᠬᠢᠯᠳᠠ》 ᠪᠡᠷ ᠠᠵᠤ ᠠᠬᠤᠶ᠎ᠶ᠋ᠢᠨ ᠬᠥᠭ᠌ᠵᠢᠯᠲᠡ᠎ᠶ᠋ᠢᠨ《ᠲᠣᠭ᠍ᠲᠠᠭᠤᠨ 》 ᠎ᠢ᠋ ᠲᠤᠯᠭᠠᠭᠤᠷᠢᠯᠠᠵᠤ᠂ ᠴᠢᠬᠤᠯᠠ ᠶᠡᠬᠡ ᠲᠥᠷᠥᠯ ᠵᠦᠶ᠋ᠯ᠎ᠢ ᠲᠤᠰᠭᠠᠶ ᠵᠦᠢᠯ᠎ᠢᠶᠡᠷ ᠠᠬᠢᠭᠤᠯᠬᠤ ᠲᠦᠷᠢᠮ᠎ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠪᠠ᠃ ᠾᠦᠸᠸ ᠳᠦ ᠱᠢᠨ᠎ᠡ ᠮᠠᠲ᠋ᠧᠷᠢᠶᠠᠯ᠎ᠤᠨ 60 ᠲᠦᠮᠡᠨ ᠲᠣᠨ ᠎ᠤ ᠱᠢᠨ᠎ᠡ ᠮᠠᠶᠢᠭ᠎ᠤᠨ ᠴᠣᠨᠣᠭᠠᠯᠲᠠ᠎ᠶ᠋ᠢᠨ ᠠᠷᠭ᠎ᠠ ᠲᠤᠢᠯ᠂ 20 ᠲᠦᠮᠡᠨ ᠲᠣᠨ᠎ᠤ ᠹᠠᠯᠠᠨ᠂ 200 ᠲᠦᠮᠡᠨ ᠲᠣᠨ᠎ᠤ ᠴᠢᠳᠭᠤᠯᠲᠠ᠎ᠶ᠋ᠢᠨ ᠲᠣᠨᠣᠭᠯᠠᠯ᠂ ᠮᠸᠢ ᠬᠤᠸᠠ ᠵᠢᠨ 25 ᠲᠦᠮᠡᠨ ᠲᠣᠨ᠎ᠤ ᠮᠠᠭᠠᠵᠢ ᠱᠢᠪᠲᠦᠷᠲᠦ ᠬᠦᠴᠢᠯ ᠵᠡᠷᠭᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠬᠤ᠎ᠵᠢᠨ ᠲᠤᠭᠤᠷᠢᠨ ᠳ᠋ᠤ᠂ ᠤᠯᠠᠮᠵᠢᠯᠠᠯᠲᠤ ᠠᠵᠤ ᠦᠢᠯᠡᠰ᠎ᠢ ᠳᠡᠰ ᠳᠡᠪᠱᠢᠭᠦᠯᠦᠨ ᠥᠭᠡᠷᠡᠴᠢᠯᠡᠵᠦ᠍᠂ ᠠᠵᠤ ᠦᠢᠯᠡᠰ᠎ᠦᠨ ᠬᠡᠯᠬᠢᠶ᠎ᠠ᠎ᠶᠢᠨ ᠬᠥᠭ᠌ᠵᠢᠯᠲᠡ᠎ᠶ᠋ᠢᠨ ᠡᠷᠴᠢ ᠵᠣᠷᠢᠭ᠎ᠢ ᠳᠡᠭᠡᠭ᠌ᠰᠢᠯᠡᠭᠦᠯᠦᠨ᠂ ᠱᠢᠨ᠎ᠡ᠎ᠪᠡᠷ ᠮᠠᠨᠳᠤᠭᠰᠠᠨ ᠠᠵᠤ ᠦᠢᠯᠡᠰ ᠎ᠢ ᠲᠦᠷᠭᠡᠳᠭᠡᠨ ᠬᠥᠭ᠌ᠵᠢᠭᠦᠯᠵᠦ᠍᠂ ᠠᠵᠤ ᠠᠬᠤᠢ᠎ᠶ᠋ᠢᠨ ᠨᠡᠮᠡᠭ᠌ᠳᠡᠯ᠎ᠤᠨ ᠱᠢᠨ᠎ᠡ ᠬᠥᠳᠡᠯᠭᠡᠭᠦᠷ ᠎ᠢ ᠢᠳᠡᠪᠬᠢᠲᠡᠢ ᠪᠣᠢᠵᠢᠭᠤᠯᠤᠨ᠂ ᠢᠷᠡᠭᠡᠳᠦᠢ᠎ᠶ᠋ᠢᠨ ᠠᠵᠤ ᠦᠢᠯᠡᠰ᠎ᠲᠸ᠋ ᠪᠠᠢᠷᠢᠯᠠᠭᠤᠯᠤᠯᠳᠠ ᠬᠢᠵᠦ᠂ ᠠᠵᠤ ᠦᠶ᠋ᠯᠡᠳᠪᠦᠷᠢ᠎ᠶ᠋ᠢᠨ ᠬᠥᠭ᠌ᠵᠢᠯᠲᠡ᠎ᠶ᠋ᠢᠨ ᠠᠱᠢᠭ᠍ᠲᠠᠢ ᠪᠠᠢᠷᠢ᠎ᠶ᠋ᠢ ᠡᠵᠡᠯᠡᠨ᠎ᠡ᠃ ᠲᠡᠷᠡᠴᠢᠯᠡᠨ ᠪᠣᠬᠢᠷᠲᠤᠯ ᠦᠭᠡᠢ ᠪᠤᠳᠤᠯᠲᠠ᠎ᠶᠢᠨ ᠬᠦᠴᠦᠨ᠎ᠦ ᠠᠵᠤ ᠦᠢᠯᠡᠰ᠎ᠢ ᠲᠦᠷᠭᠡᠳᠬᠡᠨ ᠬᠥᠭ᠌ᠵᠢᠭᠦᠯᠵᠦ᠍᠂ ᠤᠢᠷ᠎ᠠ ᠤᠭᠲᠠᠷᠭᠤᠢ᠎ᠶᠢᠨ ᠠᠵᠤ ᠠᠬᠤᠢ᠎ᠶ᠋ᠢᠨ ᠳᠠᠯᠳᠠ ᠬᠦᠴᠦᠨ᠎ᠢ ᠠᠭᠤᠳᠠᠯᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠲᠡᠢᠰᠢ ᠬᠡᠯᠪᠡᠷᠢ᠎ᠪᠠᠨ ᠬᠤᠪᠢᠷᠠᠭᠤᠯᠬᠤ᠎ᠶ᠋ᠢ ᠭᠦᠨᠵᠡᠭᠡᠢᠷᠡᠭᠦᠯᠵᠦ᠍᠂ ᠪᠣᠬᠢᠷᠲᠤᠯ ᠦᠭᠡᠢ ᠦᠢᠯᠡᠳᠬᠦ᠌ ᠱᠢᠰᠲ᠋ᠧᠮ᠎ᠢ ᠪᠦᠬᠦ᠌ ᠬᠦᠴᠦᠨ᠎ᠢᠶᠡᠷ᠎ᠢᠶᠡᠨ ᠪᠠᠢᠭᠤᠯᠤᠨ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号