ᠬᠥᠯᠥᠨ ᠪᠣᠢᠷ᠄ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ
2025-03-24 09:58:57
ᠵᠣᠬᠢᠶᠠᠭ᠍ᠴᠢ᠄
ᠯᠢ ᠢᠦᠶ ᠵᠦᠸᠸ
ᠣᠩᠱᠢᠭ᠍ᠰᠠᠨ ᠣᠳᠠᠭ᠎ᠠ᠄
★★★☆☆

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠡᠭᠦᠯ ᠬᠤᠷᠢᠶᠠᠬᠤ ᠵᠢᠯ᠎ᠳᠦ᠂ ᠬᠥᠯᠥᠨ ᠪᠣᠢᠷ ᠬᠣᠲᠠ 《ᠲᠠᠪᠤᠨ ᠶᠡᠬᠡ ᠡᠭᠦᠷᠭᠡ》᠂ 《ᠵᠢᠷᠭᠤᠭᠠᠨ ᠢᠨᠵᠧᠨᠧᠷᠢᠩ》 ᠢ᠋ ᠦᠷᠭᠦᠯᠵᠢᠯᠡᠨ ᠠᠬᠢᠭᠤᠯᠬᠤ ᠵᠢᠨ ᠰᠠᠭᠤᠷᠢᠨ ᠳᠡᠭᠡᠷ᠎ᠡ᠂ 《ᠵᠢᠷᠭᠤᠭᠠᠨ ᠠᠵᠢᠯᠯᠠᠭ᠎ᠠ》 ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠥᠷᠭᠡᠳᠭᠡᠬᠦ᠌᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌᠂ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠵᠡᠷᠭᠡ ᠲᠠᠯ᠎ᠠ ᠪᠡᠷ᠎ᠨᠡᠩ ᠰᠠᠢᠨ ᠠᠮᠵᠢᠯᠳᠠ ᠤᠯᠬᠤ ᠪᠡᠷ ᠴᠢᠷᠮᠠᠢᠵᠤ᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠪᠤᠢ᠃

ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ ᠵᠢᠨ ᠵᠢᠯᠤᠭᠤᠳᠤᠯᠭ᠎ᠠ ᠪᠠ ᠵᠣᠷᠢᠭ᠍ᠵᠢᠭᠤᠯᠤᠯ ᠳᠣᠣᠷ᠎ᠠ᠂ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ ᠳᠡᠭᠡᠷ᠎ᠡ ᠤᠷᠤᠭ᠍ᠰᠢᠯᠠᠵᠤ ᠪᠠᠢᠭ᠎ᠠ ᠬᠥᠯᠥᠨ ᠪᠤᠢ᠌ᠷ ᠳᠠᠬᠢᠨᠲᠠ ᠬᠤᠷᠳᠤ ᠨᠠᠮᠠᠨ ᠠᠵᠢᠯᠯᠠᠵᠤ ᠬᠦᠴᠦᠯᠡᠨ ᠴᠢᠷᠮᠠᠢᠵᠦ ᠡᠬᠢᠯᠡᠯ᠎ᠠ᠃

ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ ᠪᠣᠯ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ 《ᠬᠠᠲᠠᠭᠤ ᠲᠤᠯᠭᠠᠭᠤᠷᠢᠯᠠᠯ》 ᠮᠥᠨ᠃ 2025 ᠣᠨ᠎ᠳᠤ᠂ ᠬᠥᠯᠥᠨ ᠪᠣᠢᠷ ᠬᠣᠲᠠ 《ᠲᠠᠪᠤᠨ ᠶᠡᠬᠡ ᠡᠭᠦᠷᠭᠡ》 ᠶ᠋ᠢ ᠭᠦᠨᠵᠡᠭᠡᠢᠷᠡᠭᠦᠯᠦᠨ ᠪᠣᠳᠠᠲᠠᠢᠵᠢᠭᠤᠯᠵᠤ᠂ ᠰᠠᠭᠤᠷᠢ ᠵᠢ ᠲᠠᠯᠪᠢᠬᠤ᠂ ᠠᠯᠤᠰ ᠬᠡᠲᠦ᠍᠎ᠳᠦ ᠠᠱᠢᠭ᠍ᠲᠠᠶ᠂ ᠨᠥᠭᠡᠴᠡ ᠬᠦᠴᠦᠨ᠎ᠢ ᠨᠡᠮᠡᠭ᠌ᠳᠡᠭᠦᠯᠬᠦ᠌ ᠨᠢᠭᠡ ᠪᠦᠯᠦᠭ ᠴᠢᠬᠤᠯᠠ ᠶᠡᠬᠡ ᠲᠥᠷᠥᠯ ᠵᠦᠶ᠋ᠯ᠎ᠢ ᠲᠥᠯᠥᠪᠵᠢᠭᠦᠯᠦᠨ ᠬᠡᠷᠡᠭ᠌ᠵᠢᠭᠦᠯᠬᠦ ᠪᠡᠷ ᠪᠤᠢ᠃ ᠪᠦᠬᠦ᠌ ᠬᠣᠲᠠ᠎ᠳᠤ ᠬᠣᠲᠠ᠎ᠶ᠋ᠢᠨ ᠲᠡᠰ᠎ᠤᠨ ᠭᠣᠣᠯᠳᠠᠯᠭ᠎ᠠ᠎ᠲᠠᠶ ᠲᠥᠷᠦᠯ ᠵᠦᠢᠯ᠎ᠢ 493 ᠬᠡᠷᠡᠭ᠌ᠵᠢᠭᠦᠯᠬᠦ᠌ ᠪᠡᠷ ᠲᠥᠯᠥᠪᠯᠡᠵᠦ᠍᠂ ᠶᠡᠷᠦᠩᠬᠡᠢ ᠪᠡᠯᠡ ᠣᠷᠣᠭᠤᠯᠤᠯᠲᠠ 1694.5 ᠳ᠋ᠦᠩᠱᠢᠭᠤᠷ ᠲᠥᠭᠥᠷᠢᠭ ᠲᠦ᠍ ᠬᠦᠷᠴᠦ᠂ ᠵᠢᠯ᠎ᠦᠨ ᠳᠣᠲᠣᠷ᠎ᠠ 614.7 ᠳ᠋ᠦᠩᠱᠢᠭᠤᠷ ᠲᠥᠭᠥᠷᠢᠭ ᠪᠡᠯᠡ ᠣᠷᠣᠭᠤᠯᠬᠤ᠎ᠪᠠᠷ ᠲᠥᠯᠥᠪᠯᠡᠵᠦ᠍ ᠪᠤᠢ᠃

ᠡᠲᠡᠭᠡᠷ ᠭᠤᠤᠯᠳᠠᠯᠭ᠎ᠠ᠎ᠲᠠᠶ ᠲᠥᠷᠥᠯ ᠵᠦᠶ᠋ᠯ᠎ᠨᠢ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠦᠨ ᠪᠤᠯᠪᠠᠰᠤᠷᠠᠭᠤᠯᠬᠤ᠂ ᠰᠣᠶᠣᠯ ᠵᠢᠭᠤᠯᠴᠢᠯᠠᠯ ᠪᠣᠯᠤᠨ ᠰᠠᠭᠤᠷᠢ ᠲᠥᠬᠥᠭᠡᠷᠦᠮᠵᠢ ᠵᠡᠷᠭᠡ ᠬᠦᠷᠢᠶᠡᠨ᠎ᠳᠦ ᠲᠥᠪᠯᠡᠷᠡᠵᠦ᠍᠂ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠲᠡᠶ ᠲᠤᠯᠭᠠᠭᠤᠷᠢᠯᠠᠯ ᠬᠠᠩᠭᠠᠬᠤ ᠪᠤᠯᠤᠨ᠎ᠠ᠃

ᠵᠠᠯᠠᠨ ᠠᠢᠯ ᠬᠤᠳᠠ᠎ᠳᠤ᠂ ᠪᠠᠷᠠᠭᠠᠨ᠎ᠤ ᠲᠡᠭᠡᠭᠡᠪᠦᠷᠢ᠎ᠶ᠋ᠢᠨ ᠭᠠᠯᠲᠤ ᠲᠡᠷᠭᠡ᠎ᠨᠦᠭᠦᠳ ᠬᠥᠯᠥᠨ ᠪᠤᠢ᠌ᠷ᠎ᠤᠨ  ᠹᠦ᠋ ᠹᠸᠩ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠪᠠᠷᠠᠭᠠᠨ᠎ᠤ ᠲᠠᠯᠠᠪᠠᠢ᠎ᠡᠴᠡ ᠮᠣᠷᠳᠠᠵᠤ᠂ ᠠᠵᠤ ᠠᠬᠤᠢᠯᠠᠯ᠎ᠤᠨ ᠦᠢᠯᠡᠳᠪᠦᠷᠢᠯᠡᠭ᠌ᠰᠡᠨ ᠴᠠᠷᠳᠠᠭᠤᠯ᠂ ᠠᠮᠤᠨ ᠱᠢᠪᠲᠦᠷᠲᠦ ᠬᠦᠴᠢᠯ᠂ ᠠᠮᠤᠨ ᠱᠢᠪᠲᠦᠷᠲᠦ ᠬᠦᠴᠢᠯ᠎ᠦᠨ ᠨᠠᠲ᠋ᠷᠢ᠂ ᠲᠠᠯᠠᠰᠲᠤ ᠦᠵᠦᠮ᠎ᠦᠨ ᠱᠢᠬᠢᠷ᠂ ᠰᠦᠮᠢᠨ ᠬᠦᠴᠢᠯ ᠵᠡᠷᠭᠡ ᠦᠢᠯᠡᠳᠬᠦᠨ᠎ᠢ ᠪᠦᠬᠦ᠌ ᠤᠯᠤᠰ᠎ᠤᠨ ᠡᠯ᠎ᠡ ᠭᠠᠵᠠᠷ ᠪᠣᠯᠤᠨ 130 ᠭᠠᠷᠤᠢ ᠤᠯᠤᠰ ᠪᠣᠯᠤᠨ ᠭᠠᠵᠠᠷ ᠣᠷᠣᠨ᠎ᠳᠤ ᠬᠦᠷᠭᠡᠨ᠎ᠠ᠃ ᠡᠨᠡ ᠵᠢᠯ᠎ᠦᠨ ᠲᠦᠷᠦᠭᠦᠦ ᠬᠣᠶᠠᠷ ᠰᠠᠷ᠎ᠠ᠎ᠳᠤ᠂ ᠡᠨᠡᠬᠦ᠌ ᠪᠥᠬᠥ᠌ ᠪᠥᠮᠪᠥᠷᠴᠡᠭ᠎ᠦᠨ ᠬᠠᠮᠤᠭ᠎ᠤᠨ ᠲᠣᠮᠣ ᠠᠮᠤᠨ ᠱᠢᠪᠲᠦᠷᠲᠦ ᠬᠦᠴᠢᠯ ᠦᠶ᠋ᠯᠡᠳᠪᠦᠷᠢᠯᠡᠬᠦ᠌ ᠪᠠ ᠰᠤᠳᠤᠯᠤᠨ ᠨᠡᠭᠡᠭᠡᠬᠦ᠌ ᠰᠠᠭᠤᠷᠢᠨ ᠨᠢ ᠡᠷᠳᠡᠨᠢ ᠱᠢᠰᠢ᠎ᠶ᠋ᠢ 50 ᠲᠦᠮᠡᠨ ᠲᠣᠨ ᠪᠣᠯᠪᠠᠰᠤᠷᠠᠭᠤᠯᠵᠤ᠂ ᠠᠳᠠᠯᠢ ᠬᠤᠭᠤᠴᠠᠭᠠᠨ᠎ᠤ᠎ᠬᠢ᠎ᠡᠴᠡ 21.9% ᠪᠠᠷ ᠨᠡᠮᠡᠭ᠌ᠳᠡᠪᠡ᠃

ᠬᠥᠯᠥᠨ ᠪᠣᠢᠷ᠎ᠤᠨ ᠵᠡᠭᠦᠨ ᠬᠣᠢᠲᠤ᠎ᠶ᠋ᠢᠨ ᠹᠦ᠋ ᠹᠧᠩ ᠺᠣᠮᠫᠠᠨᠢ᠎ᠶ᠋ᠢᠨ 2023 ᠣᠨ᠎ᠡᠴᠡ ᠡᠬᠢᠯᠡᠨ ᠬᠡᠷᠡᠭ᠌ᠵᠢᠭᠦᠯᠦᠭ᠌ᠰᠡᠨ ᠭᠤᠷᠪᠠᠳᠤᠭᠠᠷ ᠬᠤᠭᠤᠴᠠᠭᠠᠨ᠎ᠤ ᠲᠥᠷᠥᠯ ᠵᠦᠶ᠋ᠯ᠎ᠦᠨ ᠶᠡᠷᠦᠩᠬᠡᠶ ᠪᠠᠯᠠ ᠣᠷᠣᠭᠤᠯᠤᠯᠲᠠ᠎ᠨᠢ 95 ᠳ᠋ᠦᠩᠱᠢᠭᠤᠷ ᠲᠥᠭᠥᠷᠢᠭ᠎ᠲᠦ ᠬᠦᠷᠴᠦ᠍᠂ ᠬᠣᠶᠠᠳᠤᠭᠠᠷ ᠬᠡᠰᠡᠭ᠎ᠦᠨ ᠢᠨᠵᠧᠨᠧᠷᠢᠩ᠎ᠢ ᠣᠲᠣ ᠶᠠᠭ ᠪᠠᠴᠢᠮ ᠪᠥᠲᠥᠭᠡᠨ ᠪᠠᠢᠭᠤᠯᠵᠤ ᠪᠤᠢ᠃ ᠡᠨᠡ ᠵᠢᠯ᠎ᠦᠨ ᠡᠴᠦᠰ᠎ᠢᠶᠡᠷ ᠲᠦᠷᠦᠯ ᠵᠦᠢᠯ ᠪᠦᠬᠦᠨ᠎ᠢᠶᠡᠷ᠎ᠢᠶᠡᠨ ᠪᠠᠢᠭᠤᠯᠤᠭ᠍ᠳᠠᠭ᠍ᠰᠠᠨ᠎ᠤ ᠲᠠᠷᠠᠭ᠎ᠠ᠂ ᠹᠦ᠋ ᠹᠸᠩ ᠪᠦᠯᠦᠭ᠌ᠯᠡᠯ᠎ᠦᠨ ᠵᠠᠯᠠᠨ ᠠᠢᠯ ᠬᠤᠳᠠ᠎ᠳᠤ ᠣᠷᠣᠭᠤᠯᠤᠭ᠍ᠰᠠᠨ ᠶᠡᠷᠦᠩᠬᠡᠢ ᠪᠡᠯᠡ ᠣᠷᠣᠭᠤᠯᠤᠯᠲᠠ 200 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠵᠤ ᠠᠬᠤᠢᠯᠠᠯ᠎ᠤᠨ ᠵᠢᠯ᠎ᠦᠨ ᠡᠷᠳᠡᠨᠢ ᠱᠢᠰᠢ ᠡᠳ᠋ᠱᠢᠭᠦᠯᠬᠦ᠌ ᠬᠡᠮᠵᠢᠶ᠎ᠡ 300 ᠲᠦᠮᠡᠨ ᠲᠣᠨ᠎ᠢ ᠳᠠᠪᠠᠵᠤ᠂ ᠵᠢᠯ᠎ᠦᠨ ᠠᠵᠤ ᠦᠢᠯᠡᠳᠪᠦᠷᠢ᠎ᠶ᠋ᠢᠨ ᠦᠢᠯᠡᠳᠬᠦᠨ᠎ᠦ ᠶᠡᠷᠦᠩᠬᠡᠢ ᠦᠷᠳᠡᠭ 120 ᠳ᠋ᠦᠩᠱᠢᠭᠤᠷ ᠲᠥᠭᠥᠷᠢᠭ᠎ᠢ ᠳᠠᠪᠠᠵᠤ᠂ ᠪᠣᠬᠢᠷᠲᠤᠯ ᠦᠭᠡᠢ᠂ ᠪᠠᠭ᠎ᠠ ᠨᠡᠭᠦᠷᠡᠰᠦᠲᠥ᠋ᠷᠥᠭ᠌ᠴᠢᠲᠦ᠂ ᠡᠷᠬᠢᠯᠳᠡᠳᠦ᠂ ᠦᠷᠭᠦᠯᠵᠢᠯᠡᠬᠦ᠌ ᠬᠥᠭ᠌ᠵᠢᠯᠲᠡ᠎ᠶ᠋ᠢᠨ ᠡᠷᠳᠡᠨᠢ ᠱᠢᠰᠢ᠎ᠶ᠋ᠢᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢ ᠪᠦᠷᠢᠯᠳᠦᠭᠦᠯᠬᠦ᠌ ᠪᠣᠯᠤᠨ᠎ᠠ᠃

ᠬᠥᠯᠥᠨ ᠪᠤᠢ᠌ᠷ᠎ᠤᠨ ᠵᠡᠭᠦᠨ ᠬᠣᠢᠲᠤ᠎ᠶ᠋ᠢᠨ ᠹᠦ᠋ ᠹᠸᠩ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠰᠦᠨ ᠴᠢᠨ ᠪᠥᠸᠧ᠂ ᠮᠠᠨ᠎ᠤ ᠠᠵᠤ ᠠᠬᠤᠢᠯᠠᠯ ᠪᠦᠬᠦ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠹᠦ᠋ ᠹᠸᠩ᠎ᠤᠨ ᠭᠤᠷᠪᠠᠳᠤᠭᠠᠷ ᠬᠤᠭᠤᠴᠠᠭᠠᠨ᠎ᠤ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠰᠠᠢᠲᠤᠷ ᠬᠢᠵᠦ᠍᠂ ᠦᠢᠯᠡᠳᠬᠦᠨ᠎ᠦ ᠨᠡᠮᠡᠯᠲᠡ ᠦᠷᠳᠡᠭ ᠪᠣᠯᠤᠨ ᠠᠵᠤ ᠠᠬᠤᠢᠯᠠᠯ᠎ᠤᠨ ᠭᠣᠣᠯᠯᠠᠬᠤ ᠦᠷᠢᠰᠦᠯᠳᠦᠬᠦ᠌ ᠴᠢᠳᠠᠪᠤᠷᠢ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠠᠵᠤ ᠠᠬᠤᠢᠯᠠᠯ᠎ᠤᠨ ᠬᠥᠭ᠌ᠵᠢᠯᠲᠡ᠎ᠶ᠋ᠢ ᠨᠡᠩ ᠪᠣᠬᠢᠷᠲᠤᠯ ᠦᠭᠡᠢ᠂ ᠨᠡᠩ ᠣᠷᠴᠢᠨ ᠲᠣᠭᠣᠷᠢᠨ᠎ᠢ ᠬᠠᠮᠠᠭᠠᠯᠠᠬᠤ ᠪᠤᠯᠭᠠᠵᠤ᠂ ᠤᠮᠠᠷᠠᠲᠤ ᠬᠢᠯᠢ᠎ᠶ᠋ᠢᠨ ᠡᠬᠡ ᠭᠠᠵᠠᠷ᠎ᠲᠤ ᠳᠡᠯᠡᠬᠡᠢ᠎ᠶ᠋ᠢᠨ ᠲᠡᠰ᠎ᠤᠨ ᠡᠷᠳᠡᠨᠢ ᠱᠢᠰᠢ᠎ᠶ᠋ᠢ ᠨᠠᠷᠢᠯᠢᠭ ᠡᠳ᠋ᠱᠢᠭᠦᠯᠬᠦ᠌ ᠲᠤᠮᠤ ᠠᠵᠤ ᠠᠬᠤᠢᠯᠠᠯ᠎ᠢ ᠴᠣᠭ᠍ᠴᠠᠯᠠᠨ᠎ᠠ ᠭᠡᠪᠡ᠃

ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠠᠵᠢᠯᠯᠠᠭ᠎ᠠ ᠵᠢ ᠥᠷᠨᠢᠭᠦᠯᠬᠦ᠌ ᠪᠣᠯ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠬᠤ᠂ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠬᠦ᠌ ᠴᠢᠬᠤᠯᠠ ᠭᠠᠷᠳᠠᠴᠠ ᠮᠥᠨ᠃

ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠬᠦ᠌ ᠠᠵᠢᠯᠯᠠᠭ᠎ᠠ᠎ᠶ᠋ᠢᠨ ᠲᠤᠬᠠᠶ᠂ ᠡᠨᠡ ᠵᠢᠯ ᠬᠥᠯᠥᠨ ᠪᠣᠢᠷ ᠬᠣᠲᠠ᠎ᠶᠢᠨ ᠲᠤᠳᠤᠭᠠᠲᠦ ᠎ᠳᠠᠭᠠᠨ ᠬᠤᠰᠢᠭᠤ ᠱᠢᠶᠠᠨ᠎ᠤ ᠬᠡᠪᠴᠢᠶᠡᠨ᠎ᠦ ᠡᠬᠢ ᠪᠠᠶᠠᠯᠢᠭ᠎ᠢ ᠨᠡᠢᠳᠭᠡᠬᠦ᠌᠂ ᠬᠢᠯᠢ᠎ᠶᠢᠨ ᠪᠣᠭᠣᠮᠲᠠ ᠬᠢᠭᠡᠳ ᠬᠢᠯᠢ᠎ᠶᠢᠨ ᠪᠣᠭᠣᠮᠲᠠ᠎ᠶ᠋ᠢᠨ ᠪᠤᠰᠤ ᠬᠣᠱᠢᠭᠤ ᠬᠣᠲᠠ ᠲᠣᠭᠣᠷᠢᠭ᠎ᠤᠨ ᠬᠠᠷᠢᠯᠴᠠᠨ ᠰᠠᠭᠤᠷᠢᠨ ᠪᠣᠯᠬᠤ ᠬᠢᠯᠢ ᠬᠢᠵᠠᠭᠠᠷ᠎ᠤᠨ ᠬᠠᠷᠢᠯᠴᠠᠨ ᠬᠦᠳᠡᠯᠦᠯᠴᠡᠬᠦ᠌᠎ᠶ᠋ᠢ ᠠᠬᠢᠭᠤᠯᠬᠤ᠎ᠶ᠋ᠢ ᠭᠤᠤᠯᠳᠠᠯᠭ᠎ᠠ᠎ᠲᠠᠶ ᠠᠳᠭᠤᠨ᠎ᠠ; ᠣᠷᠣᠨ᠎ᠤ ᠳᠣᠲᠣᠷ᠎ᠠ ᠵᠡᠭᠦᠨ ᠬᠣᠢᠲᠤ ᠣᠷᠣᠨ᠎ᠢ ᠬᠥᠭ᠌ᠵᠢᠭᠦᠯᠦᠨ ᠮᠠᠨᠳᠤᠭᠤᠯᠬᠤ ᠶᠡᠷᠦᠩᠬᠡᠶ ᠪᠠᠢᠷᠢᠯᠠᠭᠤᠯᠤᠯᠲᠠ ᠳᠤᠤᠷ᠎ᠠ ᠥᠪᠥᠷ ᠮᠣᠩᠭᠣᠯ᠎ᠤᠨ ᠵᠡᠭᠦᠨ ᠬᠡᠰᠡᠭ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠭᠤᠤᠯᠳᠠᠯᠭ᠎ᠠ᠎ᠲᠠᠶ ᠠᠳᠭᠤᠨ᠎ᠠ; ᠤᠯᠤᠰ᠎ᠤᠨ ᠳᠣᠲᠣᠭᠠᠳᠤ᠎ᠳᠤ ᠪᠡᠭᠡᠵᠢᠩ ᠥᠪᠥᠷ ᠮᠣᠩᠭᠣᠯ᠎ᠤᠨ ᠪᠥᠬᠥ᠌ ᠲᠠᠯ᠎ᠠ᠎ᠶ᠋ᠢᠨ ᠬᠠᠮᠵᠢᠯᠴᠠᠭ᠎ᠠ᠎ᠶ᠋ᠢ ᠭᠤᠤᠯᠳᠠᠯᠭ᠎ᠠ᠎ᠲᠠᠶ ᠠᠳᠭᠤᠨ᠎ᠠ; ᠣᠯᠠᠨ ᠤᠯᠤᠰ᠎ᠤᠨ ᠲᠠᠯ᠎ᠠ᠎ᠳᠤ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠦᠲᠦᠭᠡᠨ ᠪᠠᠢᠭᠤᠯᠤᠯᠲᠠ᠎ᠶ᠋ᠢ ᠭᠤᠤᠯᠳᠠᠯᠭ᠎ᠠ᠎ᠲᠠᠶ ᠠᠳᠭᠤᠨ᠎ᠠ ᠭᠡᠵᠦ᠍ ᠳᠤᠷᠠᠳᠤᠨ ᠭᠠᠷᠭᠠᠪᠠ᠃

ᠨᠡᠭᠡᠭᠡᠯᠲᠡ ᠬᠢᠪᠡᠯ ᠲᠠᠪᠰᠢᠯᠳᠠ ᠵᠢ ᠠᠪᠴᠢᠷᠠᠵᠤ᠂ ᠬᠠᠮᠳᠤᠷᠠᠯᠴᠠᠪᠡᠯ ᠰᠠᠶᠢ ᠬᠠᠮᠲᠤ᠎ᠪᠠᠷ ᠠᠱᠢᠭ ᠬᠦᠷᠲᠡᠵᠦ᠍ ᠴᠢᠳᠠᠨ᠎ᠠ᠃ ᠬᠠᠪᠤᠷ ᠡᠬᠢᠯᠡᠮᠡᠭ᠌ᠴᠡ᠂ ᠬᠥᠯᠥᠨ ᠪᠤᠢ᠌ᠷ ᠰᠠᠨᠠᠭᠠᠴᠢᠯᠠᠭ᠎ᠠ᠎ᠡᠴᠡ ᠪᠠᠨ ᠥᠪᠥᠷ ᠮᠣᠩᠭᠣᠯ᠎ᠤᠨ ᠵᠡᠭᠦᠨ ᠬᠡᠰᠡᠭ᠎ᠦᠨ ᠠᠬ᠎ᠠ ᠳᠡᠭᠦᠦ ᠠᠢᠮᠠᠭ ᠬᠤᠳᠠ᠎ᠲᠠᠶ ᠵᠣᠯᠭᠠᠯᠴᠠᠵᠤ᠂ 《ᠰᠠᠢ᠌ᠨ ᠬᠠᠨᠢᠲᠠᠨ》 ᠲᠠᠢ ᠪᠡᠨ ᠭᠠᠷ ᠬᠤᠯᠪᠤᠯᠴᠠᠨ᠂ 《ᠨᠠᠢᠵᠠ᠎ᠶ᠋ᠢᠨ ᠲᠣᠭᠣᠷᠢᠭ》 ᠵᠢᠡᠨ ᠪᠤᠵᠠᠭᠠᠢᠷᠠᠭᠤᠯᠪᠠ᠃

2 ᠰᠠᠷ᠎ᠠ᠎ᠶ᠋ᠢᠨ 21 ᠤ᠋ ᠡᠳᠦᠷ᠂ ᠬᠥᠯᠥᠨ ᠪᠣᠢᠷ ᠬᠣᠲᠠ᠂ ᠬᠢᠩᠭᠠᠨ ᠠᠢᠮᠠᠭ ᠪᠣᠯᠤᠨ ᠥᠪᠥᠷ ᠮᠣᠩᠭᠣᠯ᠎ᠤᠨ ᠣᠶ ᠱᠢᠭᠤᠶ᠎ᠶ᠋ᠢᠨ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ ᠬᠣᠶᠠᠷ ᠭᠠᠵᠠᠷ ᠭᠤᠷᠪᠠᠨ ᠲᠠᠯ᠎ᠠ᠎ᠶ᠋ᠢᠨ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌ ᠶᠠᠷᠢᠯᠴᠠᠬᠤ ᠬᠤᠷᠠᠯ ᠬᠤᠷᠠᠯᠳᠤᠭᠤᠯᠵᠤ᠂ ᠣᠨᠴᠠ ᠥᠨᠳᠥᠷ ᠬᠦᠴᠦᠳᠡᠯᠲᠦ ᠪᠤᠬᠢᠷᠳᠤᠯ ᠦᠭᠡᠢ ᠴᠠᠬᠢᠯᠭᠠᠨ᠎ᠢ ᠪᠡᠭᠡᠵᠢᠩ᠎ᠳᠦ ᠣᠷᠣᠭᠤᠯᠵᠤ  ᠭᠠᠳᠠᠭ᠍ᠰᠢ ᠬᠦᠷᠭᠡᠬᠦ᠌ ᠵᠠᠮ ᠱᠤᠭᠤᠮ᠂ ᠤᠯᠠᠭᠠᠨᠬᠤᠳᠠ ᠷᠠᠱᠢᠶᠠᠨ ᠬᠠᠢᠯᠠᠷ ᠮᠠᠨᠵᠤᠤᠷ᠎ᠤᠨ ᠤᠢᠷ᠎ᠠ ᠤᠬᠳᠠᠷᠭᠤᠢ ᠵᠢᠨ ᠵᠢᠭᠤᠯᠴᠢᠯᠠᠯ᠎ᠤᠨ ᠲᠥᠪᠯᠡᠷᠡᠭ᠌ᠰᠡᠨ ᠣᠷᠣᠨ᠎ᠤ ᠪᠥᠲᠥᠭᠡᠨ ᠪᠠᠢᠭᠤᠯᠤᠯᠲᠠ ᠵᠡᠷᠭᠡ ᠴᠢᠬᠤᠯᠠ ᠶᠡᠬᠡ ᠢᠨᠵᠧᠨᠧᠷᠢᠩ᠎ᠦᠨ ᠲᠤᠬᠠᠶ ᠬᠠᠮᠲᠤᠷᠠᠯᠴᠠᠭᠠᠨ᠎ᠤ ᠬᠠᠮᠲᠤ᠎ᠶ᠋ᠢᠨ ᠲᠠᠨᠢᠯᠲᠠ᠎ᠲᠠᠶ ᠪᠣᠯᠪᠠ᠃ ᠭᠤᠷᠪᠠᠨ ᠲᠠᠯ᠎ᠠ᠎ᠪᠠᠷ᠎ᠢᠶᠠᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ ᠵᠢ ᠨᠢᠭᠡ ᠴᠤᠬ᠍ᠴᠠᠵᠢᠭᠤᠯᠤᠨ ᠬᠠᠮᠠᠭᠠᠯᠠᠵᠤ ᠰᠡᠷᠭᠦᠭᠡᠬᠦ᠌᠂ ᠵᠢᠨ ᠵᠢᠶᠠᠩ ᠭᠸᠤ ᠵᠢᠭᠤᠯᠴᠢᠯᠠᠯ ᠤ᠋ᠨ ᠠᠮᠠᠷᠠᠯᠲᠠ᠎ᠶ᠋ᠢᠨ ᠣᠷᠣᠨ᠎ᠢ ᠨᠡᠭᠡᠭᠡᠨ ᠬᠥᠭ᠌ᠵᠢᠭᠦᠯᠬᠦ᠌ ᠵᠡᠷᠭᠡ ᠲᠤᠯᠤᠭᠠᠨ ᠶᠡᠬᠡ ᠬᠠᠮᠲᠤᠷᠠᠯᠴᠠᠭᠠᠨ᠎ᠤ ᠲᠦᠷᠦᠯ ᠵᠦᠢᠯ᠎ᠢ ᠪᠦᠬᠦ᠌ ᠬᠦᠴᠦᠨ᠎ᠢᠶᠡᠷ᠎ᠢᠶᠡᠨ ᠠᠬᠢᠭᠤᠯᠵᠤ᠂ ᠤᠮᠠᠷᠠᠲᠤ ᠬᠢᠯᠢ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠣᠰᠣᠭ᠎ᠠ ᠴᠤᠬ᠍ᠴᠠᠵᠢᠭᠤᠯᠤᠨ ᠬᠠᠮᠠᠭᠠᠯᠠᠬᠤ ᠱᠢᠰᠲᠸᠮ᠎ᠢ ᠬᠠᠮᠵᠢᠯᠴᠠᠨ ᠪᠠᠢᠭᠤᠯᠪᠠ᠃

ᠮᠥᠨ ᠴᠦ᠍ ᠡᠨᠡ ᠬᠠᠪᠤᠷ᠂ ᠬᠥᠯᠥᠨ ᠪᠤᠢ᠌ᠷ ᠬᠤᠳᠠ᠂ ᠬᠢᠩᠭᠠᠨ ᠠᠢᠮᠠᠭ ᠪᠣᠯᠤᠨ ᠬᠤᠸᠠ ᠨᠸᠩ ᠥᠪᠥᠷ ᠮᠣᠩᠭᠣᠯ᠎ᠤᠨ ᠵᠡᠭᠦᠨ ᠬᠡᠰᠡᠭ᠎ᠦᠨ ᠡᠨᠧᠷᠭᠢ᠎ᠶ᠋ᠢᠨ ᠬᠢᠵᠠᠭᠠᠷᠲᠤ ᠺᠣᠮᠫᠠᠨᠢ ᠭᠤᠷᠪᠠᠨ ᠲᠠᠯ᠎ᠠ᠎ᠪᠠᠷ᠎ᠢᠶᠠᠨ ᠭᠡᠷ᠎ᠡ ᠲᠣᠭ᠍ᠲᠠᠵᠤ᠂ ᠬᠥᠯᠥᠨ ᠪᠤᠢ᠌ᠷ ᠬᠤᠳᠠ ᠪᠣᠯᠤᠨ ᠬᠢᠩᠭᠠᠨ ᠠᠢᠮᠠᠭ᠎ᠤᠨ 《ᠪᠤᠬᠢᠷᠳᠤᠯ ᠦᠭᠡᠢ ᠴᠠᠬᠢᠯᠭᠠᠨ᠎ᠢ ᠪᠡᠭᠡᠵᠢᠩ᠎ᠳᠦ ᠣᠷᠣᠭᠤᠯᠬᠤ》 ᠴᠠᠬᠢᠯᠭᠠᠨ ᠬᠦᠴᠦᠨ᠎ᠢ ᠭᠠᠳᠠᠭ᠍ᠰᠢ ᠬᠦᠷᠭᠡᠬᠦ᠌ ᠵᠠᠮ ᠱᠤᠭᠤᠮ᠂ ᠱᠢᠨ᠎ᠡ ᠡᠨᠧᠷᠭᠢ᠎ᠶ᠋ᠢᠨ ᠲᠤᠮᠤ ᠰᠠᠭᠤᠷᠢᠨ᠂ ᠢᠯᠴᠢ᠎ᠶ᠋ᠢᠨ ᠴᠠᠬᠢᠯᠭᠠᠨ ᠵᠢᠴᠢ ᠤᠰᠤ ᠲᠠᠲᠠᠵᠤ ᠡᠨᠧᠷᠭᠢ ᠬᠠᠳᠠᠭᠠᠯᠠᠬᠤ ᠵᠡᠷᠭᠡ ᠲᠦᠷᠦᠯ ᠵᠦᠢᠯ᠎ᠢ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠳᠦ ᠣᠷᠣᠭᠤᠯᠬᠤ᠎ᠶ᠋ᠢ ᠬᠠᠮᠲᠤ᠎ᠪᠠᠷ ᠠᠬᠢᠭᠤᠯᠵᠤ᠂ ᠲᠦᠷᠦᠯ ᠵᠦᠢᠯ᠎ᠢ ᠡᠬᠢᠯᠡᠭᠦᠯᠦᠨ ᠬᠡᠷᠡᠭ᠌ᠵᠢᠭᠦᠯᠬᠦ᠌᠎ᠳᠦ ᠴᠢᠬᠤᠯᠠ ᠪᠦᠬᠦᠢ ᠨᠥᠬᠥᠴᠡᠯ ᠪᠦᠷᠢᠯᠳᠦᠭᠦᠯᠵᠦ᠍ ᠥᠭ᠌ᠴᠡᠢ᠃ ᠡᠬᠢ ᠪᠠᠶᠠᠯᠢᠭ᠎ᠢ ᠨᠡᠢᠳᠭᠡᠬᠦ᠌ ᠪᠠ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌᠎ᠪᠡᠷ ᠳᠠᠮᠵᠢᠨ᠂ ᠬᠣᠶᠠᠷ ᠭᠠᠵᠠᠷ᠎ᠤᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠴᠢᠨᠠᠷ ᠰᠠᠢᠲᠠᠢ ᠬᠥᠭ᠌ᠵᠢᠯᠲᠡ᠎ᠶ᠋ᠢ ᠬᠠᠮᠲᠤ᠎ᠪᠠᠷ ᠠᠬᠢᠭᠤᠯᠪᠠ᠃

ᠮᠥᠨ ᠡᠨᠡ ᠬᠠᠪᠤᠷ᠂ ᠬᠥᠯᠥᠨ ᠪᠤᠢ᠌ᠷ ᠬᠤᠳᠠ ᠪᠣᠯᠤᠨ ᠷᠠᠱᠢᠶᠠᠨ ᠰᠣᠶᠣᠯ ᠵᠢᠭᠤᠯᠴᠢᠯᠠᠯ᠎ᠤᠨ ᠪᠦᠯᠦᠭ᠌ᠯᠡᠯ 50 ᠭᠠᠷᠤᠢ ᠰᠣᠶᠣᠯ ᠵᠢᠭᠤᠯᠴᠢᠯᠠᠯ᠎ᠤᠨ ᠠᠵᠤ ᠠᠬᠤᠢᠯᠠᠯ ᠣᠷᠣᠯᠴᠠᠭ᠍ᠰᠠᠨ ᠵᠢᠭᠤᠯᠴᠢᠯᠠᠯ᠎ᠤᠨ ᠡᠬᠢ ᠪᠠᠶᠠᠯᠢᠭ᠎ᠢ ᠵᠣᠯᠭᠠᠭᠤᠯᠬᠤ ᠶᠠᠷᠢᠯᠴᠠᠬᠤ ᠬᠤᠷᠠᠯ᠎ᠢ ᠡᠷᠬᠢᠯᠡᠪᠡ᠃ ᠶᠠᠷᠢᠯᠴᠠᠨ ᠰᠣᠯᠢᠯᠴᠠᠬᠤ᠎ᠪᠠᠷ ᠳᠠᠮᠵᠢᠨ᠂ ᠬᠣᠶᠠᠷ ᠭᠠᠵᠠᠷ᠎ᠤᠨ ᠬᠢᠨ ᠣᠷᠣᠨ ᠪᠦᠰᠡ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠬᠤ᠂ ᠵᠢᠭᠤᠯᠴᠢᠯᠠᠯ᠎ᠤᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌ ᠪᠠ ᠠᠭᠤᠰᠤᠯᠴᠠᠬᠤ᠎ᠶ᠋ᠢ ᠠᠬᠢᠭᠤᠯᠬᠤ ᠲᠤᠬᠠᠶ ᠬᠠᠮᠲᠤ᠎ᠶ᠋ᠢᠨ ᠲᠠᠨᠢᠯᠲᠠ᠎ᠲᠠᠶ ᠪᠣᠯᠵᠤ᠂ ᠡᠬᠢ ᠪᠠᠶᠠᠯᠢᠭ᠎ᠢ ᠵᠠᠪᠰᠠᠷ ᠦᠭᠡᠶ ᠵᠣᠯᠭᠠᠭᠤᠯᠬᠤ ᠵᠢ ᠵᠤᠷᠢᠪᠠ᠃

ᠬᠥᠯᠥᠨ ᠪᠤᠢ᠌ᠷ ᠬᠤᠳᠠ ᠤᠯᠠᠨ ᠦᠨᠳᠦᠰᠦᠲᠡᠨ ᠲᠥᠪᠯᠡᠷᠡᠨ ᠰᠠᠭᠤᠷᠢᠱᠢᠭ᠍ᠰᠠᠨ ᠣᠷᠣᠨ ᠪᠣᠯᠤᠭ᠍ᠰᠠᠨ᠎ᠤ ᠬᠤᠪᠢ᠎ᠳᠤ᠂ ᠦᠨᠳᠦᠰᠦᠲᠡᠨ᠎ᠨᠦᠭᠦᠳ ᠤᠷᠳᠤ ᠬᠤᠭᠤᠴᠠᠭᠠᠨ᠎ᠤ ᠲᠡᠦᠬᠡᠨ ᠬᠥᠭ᠌ᠵᠢᠯᠲᠡ᠎ᠶ᠋ᠢᠨ ᠶᠠᠪᠤᠴᠠ᠎ᠳᠤ ᠬᠠᠮᠲᠤ᠎ᠶ᠋ᠢᠨ ᠰᠣᠶᠣᠯ᠎ᠤᠨ ᠤᠯᠠᠮᠵᠢᠯᠠᠯ ᠪᠠ ᠦᠷᠳᠡᠭ᠎ᠦᠨ ᠦᠵᠡᠯᠲᠡ᠎ᠶ᠋ᠢ ᠪᠦᠷᠢᠯᠳᠦᠭᠦᠯᠵᠡᠢ᠃ ᠬᠤᠪᠢᠰᠭᠠᠯ᠎ᠤᠨ ᠰᠣᠶᠣᠯ᠂ ᠲᠠᠯ᠎ᠠ ᠨᠤᠲᠤᠭ᠎ᠤᠨ ᠰᠣᠶᠣᠯ᠂ ᠲᠠᠷᠢᠶᠠᠯᠠᠬᠤ ᠰᠣᠶᠣᠯ᠂ ᠬᠢᠯᠢ ᠬᠢᠵᠠᠭᠠᠷ᠎ᠢ ᠬᠠᠮᠠᠭᠠᠯᠠᠬᠤ ᠰᠣᠶᠣᠯ᠂ ᠤᠢ ᠱᠢᠭᠤᠢ᠎ᠶ᠋ᠢᠨ ᠰᠣᠶᠣᠯ ᠡᠨᠡ ᠬᠦ᠌ ᠨᠤᠲᠤᠭ ᠳᠡᠪᠢᠰᠭᠡᠷ ᠳᠡᠭᠡᠷ᠎ᠡ ᠤᠯᠠᠨ ᠡᠱᠢᠵᠢᠨ ᠠᠭᠤᠰᠤᠯᠴᠠᠵᠤ᠂ ᠬᠥᠯᠥᠨ ᠪᠤᠢ᠌ᠷ᠎ᠤᠨ ᠪᠠᠭ᠍ᠲᠠᠭᠠᠮᠵᠢᠲᠠᠢ ᠨᠡᠭᠡᠭᠡᠯᠲᠡᠲᠡᠢ᠂ ᠪᠦᠬᠦᠨ᠎ᠢ ᠪᠠᠭ᠍ᠲᠠᠭᠠᠵᠤ ᠪᠠᠢᠳᠠᠭ᠎ᠢ ᠬᠠᠳᠠᠭᠠᠯᠠᠭ᠍ᠰᠠᠨ ᠥᠪᠡᠷᠮᠢᠴᠡ ᠰᠣᠶᠣᠯ᠎ᠢ ᠪᠦᠷᠢᠯᠳᠦᠬᠦᠯᠪᠡ᠃

ᠤᠢ᠍ᠢᠷ᠎ᠠ᠎ᠶ᠋ᠢᠨ ᠵᠢᠯ᠎ᠳ᠋ᠤ᠂ ᠬᠥᠯᠥᠨ ᠪᠤᠢ᠌ᠷ ᠬᠤᠳᠠ ᠵᠢᠨ ᠬᠢᠨ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠲᠠᠰᠤᠷᠠᠯᠳᠠ ᠦᠭᠡᠢ ᠠᠬᠢᠭᠤᠯᠵᠤ᠂ ᠤᠮᠠᠷᠠᠲᠤ ᠬᠢᠯᠢ᠎ᠶ᠋ᠢᠨ ᠰᠣᠶᠣᠯ᠎ᠤᠨ ᠷᠢᠳᠢ ᠱᠢᠳᠢ ᠪᠣᠯᠤᠨ ᠣᠷᠣᠨ ᠪᠦᠰᠡ᠎ᠶ᠋ᠢᠨ ᠵᠠᠩ ᠦᠢᠯᠡ᠎ᠶ᠋ᠢ ᠢᠯᠡᠷᠡᠭᠦᠯᠦᠭ᠌ᠰᠡᠨ ᠨᠢᠭᠡ ᠪᠦᠯᠦᠭ ᠱᠢᠯᠢᠳᠡᠭ ᠤᠳᠭ᠎ᠠ ᠤᠷᠠᠯᠢᠭ᠎ᠤᠨ ᠪᠦᠲᠦᠭᠡᠯ ᠪᠣᠯᠤᠨ ᠰᠣᠶᠣᠯ᠎ᠢ ᠪᠡᠶᠡᠴᠢᠯᠡᠨ ᠣᠢᠯᠠᠭᠠᠬᠤ ᠪᠦᠲᠦᠭᠡᠭ᠌ᠳᠡᠬᠦᠨ ᠴᠣᠯᠭᠣᠷᠠᠨ ᠭᠠᠷᠴᠤ᠌᠂ ᠠᠷᠠᠳ ᠤᠯᠠᠨ᠎ᠤ ᠤᠶᠤᠨ᠎ᠤ ᠰᠣᠶᠣᠯ᠎ᠤᠨ ᠠᠮᠢᠳᠤᠷᠠᠯ᠎ᠢ ᠪᠠᠶᠠᠯᠢᠭ᠍ᠵᠢᠭᠤᠯᠵᠤ᠂ ᠬᠥᠯᠥᠨ ᠪᠤᠢ᠌ᠷ᠎ᠤᠨ ᠰᠣᠶᠣᠯ᠎ᠢ ᠳᠡᠯᠭᠡᠨ ᠦᠵᠡᠭᠦᠯᠬᠦ᠌ ᠭᠤᠢᠳᠠ ᠰᠠᠢᠬᠠᠨ ᠨᠡᠷ᠎ᠡ᠎ᠶ᠋ᠢᠨ ᠬᠠᠭᠤᠳᠠᠰᠤ ᠪᠣᠯᠵᠠᠢ᠃

ᠬᠥᠯᠥᠨ ᠪᠣᠢᠷ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡ᠎ᠶ᠋ᠢ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂ ᠰᠣᠶᠣᠯ᠎ᠤᠨ ᠳᠠᠮᠵᠢᠭᠤᠯᠭ᠎ᠠ᠎ᠶ᠋ᠢᠨ ᠱᠢᠨ᠎ᠡ ᠵᠠᠭ᠍ᠪᠤᠷ᠂ ᠱᠢᠨ᠎ᠡ ᠦᠵᠡᠭᠳᠡᠯ  ᠪᠠᠢᠳᠠᠯ᠎ᠢ ᠪᠣᠶ ᠪᠣᠯᠭᠠᠪᠠ᠃ ᠲᠡᠦᠬᠡ᠎ᠶ᠋ᠢᠨ ᠮᠦᠽᠧᠶ᠂ ᠤᠯᠠᠭᠠᠨᠮᠥ᠋ᠴᠢᠷ᠎ᠦᠨ ᠣᠷᠳᠣᠨ ᠵᠡᠷᠭᠡ ᠪᠠᠢᠭᠤᠯᠤᠬᠳᠠᠵᠤ᠌᠂ ᠬᠣᠲᠠ ᠬᠥᠳᠡᠭᠡ᠎ᠶ᠋ᠢᠨ ᠦᠨᠳᠦᠰᠦᠨ ᠱᠠᠲᠤᠨ᠎ᠤ ᠣᠯᠠᠨ ᠨᠡᠢᠲᠡ᠎ᠶ᠋ᠢᠨ ᠰᠣᠶᠣᠯ᠎ᠤᠨ ᠲᠤᠨᠤᠭ ᠲᠥᠬᠥᠭᠡᠷᠦᠮᠵᠢ᠎ᠶ᠋ᠢᠨ ᠲᠤᠤᠷ ᠲᠠᠰᠤᠷᠠᠯᠲᠠ ᠥᠬᠡᠶ ᠲᠡᠭᠦᠯᠳᠡᠷᠵᠢᠵᠦ᠍᠂ ᠤᠮᠠᠷᠠᠲᠤ ᠬᠢᠯᠢ᠎ᠶ᠋ᠢᠨ ᠰᠣᠶᠣᠯ᠎ᠢ ᠠᠷᠠᠳ ᠣᠯᠠᠨ᠎ᠤ ᠠᠮᠢᠳᠤᠷᠠᠯ᠎ᠳᠤ ᠠᠭᠤᠰᠭᠠᠨ ᠣᠷᠣᠭᠤᠯᠵᠤ᠂ ᠬᠥᠮᠦᠰ᠎ᠦᠨ ᠣᠶᠤᠨ᠎ᠤ ᠠᠮᠢᠳᠤᠷᠠᠯ᠎ᠤᠨ ᠴᠢᠬᠤᠯᠠ ᠱᠢᠮ᠎ᠡ ᠲᠡᠵᠢᠭᠡᠯ ᠪᠣᠯᠭᠠᠪᠠ᠃

2 ᠰᠠᠷ᠎ᠠ᠎ᠶ᠋ᠢᠨ 26᠎ᠤ᠋ ᠡᠳᠦᠷ᠂ 《ᠡᠨᠡ ᠪᠣᠯ ᠬᠥᠯᠥᠨ ᠪᠣᠢᠷ》 ᠭᠡᠬᠦ᠌ ᠲᠣᠮᠣ ᠬᠡᠯᠪᠡᠷᠢ᠎ᠶ᠋ᠢᠨ ᠪᠦᠷᠢᠨ ᠵᠠᠭᠤᠴᠢᠯᠠᠭᠤᠷ᠎ᠤᠨ ᠳᠠᠮᠵᠢᠭᠤᠯᠭ᠎ᠠ᠎ᠶ᠋ᠢᠨ ᠠᠵᠢᠯᠯᠠᠭ᠎ᠠ ᠡᠬᠢᠯᠡᠪᠡ᠃ ᠪᠦᠷᠢᠨ ᠵᠠᠭᠤᠴᠢᠯᠠᠭᠤᠷ᠎ᠤᠨ ᠵᠢᠭ᠍ᠰᠠᠭᠠᠯ᠎ᠳᠤ ᠲᠦᠱᠢᠭ᠌ᠯᠡᠨ᠂ ᠡᠷᠬᠡ ᠰᠦᠷᠲᠦ ᠲᠠᠪᠴᠠᠩ᠎ᠢᠶᠠᠷ ᠳᠡᠮᠵᠢᠨ᠂ ᠬᠠᠮᠲᠤᠷᠠᠯᠴᠠᠬᠰᠠᠨ ᠲᠠᠯ᠎ᠠ ᠪᠤᠯᠬᠤ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ ᠨᠢᠭᠡ ᠪᠦᠯᠦᠭ ᠰᠢᠯᠢᠳᠡᠭ᠂ ᠤᠯᠠᠮᠵᠢᠯᠠᠭ᠍ᠳᠠᠨ ᠲᠠᠷᠬᠠᠵᠤ ᠳᠡᠢᠯᠬᠦ᠌᠂ ᠤᠯᠠᠮᠵᠢᠯᠠᠭ᠍ᠳᠠᠨ ᠦᠯᠡᠳᠡᠵᠦ᠍ ᠳᠡᠢᠯᠬᠦ᠌ ᠰᠣᠶᠣᠯ᠎ᠤᠨ ᠰᠣᠳᠣᠨ ᠪᠦᠲᠦᠭᠡᠯ᠎ᠢ ᠵᠤᠬᠢᠶᠠᠨ ᠪᠦᠳᠦᠬᠡᠵᠤ᠂ ᠳᠣᠲᠣᠭᠠᠳᠤ᠎ᠳᠠᠭᠠᠨ ᠬᠥᠯᠥᠨ ᠪᠣᠢᠷ᠎ᠤᠨ ᠬᠦᠴᠦᠨ᠎ᠢ ᠨᠢᠭ᠍ᠲᠠᠷᠠᠭᠤᠯᠵᠤ᠂ ᠭᠠᠳᠠᠭ᠍ᠰᠢ ᠬᠥᠯᠥᠨ ᠪᠣᠢᠷ᠎ᠤᠨ ᠳᠦᠷᠢ ᠲᠥᠷᠬᠦ᠌᠎ᠶ᠋ᠢ ᠳᠡᠯᠭᠡᠨ ᠦᠵᠡᠭᠦᠯᠵᠦ᠍᠂ ᠱᠢᠨ᠎ᠡ ᠴᠠᠭ ᠦᠶ᠎ᠡ᠎ᠶ᠋ᠢᠨ ᠬᠥᠯᠥᠨ ᠪᠣᠢᠷ᠎ᠤᠨ 《ᠤᠮᠠᠷᠠᠲᠤ ᠬᠢᠯᠢ᠎ᠶ᠋ᠢᠨ ᠰᠣᠶᠣᠯ》 ᠤ᠋ᠨ ᠤᠨᠴᠠᠯᠢᠬ᠍ᠳᠤ ᠲᠥᠷᠥᠯ ᠲᠡᠮᠳᠡᠭ᠎ᠦᠨ ᠱᠢᠨ᠎ᠡ ᠥᠨᠳᠥᠷᠯᠢᠭ᠎ᠢ ᠴᠣᠭ᠍ᠴᠠᠯᠠᠪᠠ᠃

3 ᠰᠠᠷ᠎ᠠ᠎ᠶ᠋ᠢᠨ 11᠎ᠤ᠋ ᠡᠳᠦᠷ᠂ ᠬᠥᠯᠥᠨ ᠪᠣᠢᠷ ᠬᠣᠲᠠ᠎ᠶ᠋ᠢᠨ ᠨᠠᠮ᠎ᠤᠨ ᠬᠣᠷᠢᠶ᠎ᠠ᠎ᠶ᠋ᠢᠨ ᠤᠬᠠᠭᠤᠯᠬᠤ ᠬᠡᠯᠲᠡᠰ ᠦᠶ᠋ᠯᠡᠳᠦᠯᠭᠡ ᠰᠡᠳᠬᠦᠯ᠎ᠦᠨ ᠬᠣᠷᠢᠶ᠎ᠠ᠎ᠯᠤᠭ᠎ᠠ ᠭᠠᠷ ᠬᠣᠯᠪᠣᠯᠴᠠᠨ᠂ ᠬᠥᠯᠥᠨ ᠪᠣᠢᠷ᠎ᠤᠨ ᠤᠮᠠᠷᠠᠲᠤ ᠬᠢᠯᠢ᠎ᠶ᠋ᠢᠨ ᠰᠣᠶᠣᠯ᠎ᠤᠨ ᠰᠤᠳᠤᠯᠭᠠᠨ᠎ᠢ ᠠᠬᠢᠭᠤᠯᠬᠤ ᠲᠤᠬᠠᠶ ᠬᠡᠷ᠎ᠠ ᠲᠤᠬᠳᠠᠪᠠ᠃ ᠬᠣᠶᠠᠷ ᠲᠠᠯ᠎ᠠ᠎ᠪᠠᠷ᠎ᠢᠶᠠᠨ ᠤᠮᠠᠷᠠᠲᠤ ᠬᠢᠯᠢ᠎ᠶ᠋ᠢᠨ ᠰᠣᠶᠣᠯ᠎ᠢ ᠰᠤᠳᠤᠯᠤᠨ ᠲᠠᠢᠯᠪᠤᠷᠢᠯᠠᠬᠤ᠂ ᠤᠬᠠᠭᠤᠯᠤᠨ ᠳᠡᠯᠭᠡᠷᠡᠭᠦᠯᠬᠦ᠌᠂ ᠱᠢᠨ᠎ᠡ ᠵᠠᠭᠤᠴᠢᠯᠠᠭᠤᠷ᠎ᠤᠨ ᠴᠢᠳᠠᠪᠤᠷᠢᠲᠠᠨ᠎ᠢ ᠬᠠᠮᠲᠤᠷᠠᠨ ᠬᠥᠮᠦᠵᠢᠭᠦᠯᠬᠦ᠌ ᠵᠡᠷᠭᠡ ᠤᠯᠠᠨ ᠬᠦᠷᠢᠶᠡᠨ᠎ᠳᠦ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠍᠂ ᠬᠥᠯᠥᠨ ᠪᠤᠢ᠌ᠷ᠎ᠤᠨ ᠤᠮᠠᠷᠠᠲᠤ ᠬᠢᠯᠢ᠎ᠶ᠋ᠢᠨ ᠰᠣᠶᠣᠯ᠎ᠤᠨ ᠨᠥᠯᠥᠭᠡᠯᠡᠬᠦ᠌ ᠬᠦᠴᠦᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ ᠪᠤᠯᠤᠨ᠎ᠠ᠃

ᠥᠪᠡᠷᠮᠢᠴᠡ ᠳᠠᠪᠠᠭᠤᠯᠢᠭ ᠪᠠᠢᠭᠠᠯᠢ ᠪᠠ ᠰᠣᠶᠣᠯ ᠢᠷᠭᠡᠨᠱᠢᠯ᠎ᠦᠨ ᠡᠬᠢ ᠪᠠᠶᠠᠯᠢᠭ᠎ᠲᠠᠭᠠᠨ ᠲᠦᠱᠢᠭ᠌ᠯᠡᠨ᠂ ᠬᠥᠯᠥᠨ ᠪᠤᠢ᠌ᠷ ᠬᠤᠳᠠ᠎ᠶ᠋ᠢᠨ ᠬᠢᠨ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢᠨ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ 《ᠬᠥᠯᠥᠨ ᠪᠤᠢ᠌ᠷ᠎ᠤᠨ ᠲᠠᠯ᠎ᠠ ᠨᠤᠲᠤᠭ》᠂ 《ᠠᠭᠤᠰᠤᠯᠴᠠᠯ ᠤ᠋ᠨ ᠵᠠᠮ》᠂ 《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ》 ᠵᠡᠷᠭᠡ ᠤᠨᠴᠠᠯᠢᠬ᠍ᠳᠤ ᠲᠦᠷᠦᠯ ᠲᠡᠮᠳᠡᠭ᠎ᠢ ᠨᠠᠷᠢᠯᠢᠭ ᠡᠭᠦᠳᠴᠦ᠍ ᠪᠤᠢ᠃ ᠡᠭᠦᠨ᠎ᠦ ᠵᠡᠷᠭᠡ ᠪᠡᠷ ᠮᠠᠯᠵᠢᠬᠤ ᠲᠠᠷᠢᠶᠠᠯᠠᠬᠤ ᠡᠷᠦᠬᠡ᠎ᠶ᠋ᠢᠨ ᠵᠢᠭᠤᠯᠴᠢᠯᠠᠯ᠂ ᠡᠮᠴᠢᠯᠡᠭᠡ ᠡᠷᠡᠭᠦᠯᠵᠢᠯ ᠰᠤᠪᠢᠯᠠᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ ᠵᠡᠷᠭᠡ ᠵᠢ ᠣᠷᠭᠠᠨᠢᠭ᠎ᠢᠶᠠᠷ ᠵᠢᠭᠤᠯᠴᠢᠯᠠᠯ᠎ᠤᠨ ᠱᠤᠭᠤᠮ᠎ᠳᠤ ᠠᠭᠤᠰᠤᠯᠴᠠᠭᠤᠯᠵᠤ᠂ ᠵᠢᠭᠤᠯᠴᠢᠯᠠᠬᠰᠡᠳ᠎ᠤᠨ ᠠᠳᠠᠯᠢ ᠪᠤᠰᠤ ᠬᠡᠷᠡᠭ᠌ᠴᠡᠭᠡ᠎ᠶ᠋ᠢ ᠬᠠᠩᠭᠠᠵᠤ᠂ ᠬᠡᠷᠡᠭ᠌ᠯᠡᠭᠡᠨ᠎ᠦ ᠳᠠᠯᠳᠠ ᠬᠦᠴᠦᠨ᠎ᠢ ᠪᠥᠬᠥ᠌ ᠲᠠᠯ᠎ᠠ᠎ᠪᠠᠷ ᠬᠥᠭ᠌ᠵᠢᠭᠡᠵᠦ᠍᠂ ᠠᠮᠢ ᠠᠬᠤᠶ᠂ ᠦᠶ᠋ᠯᠡᠳᠪᠦᠷᠢᠯᠡᠯ᠂ ᠠᠮᠢᠳᠤᠷᠠᠯ᠎ᠢ ᠠᠭᠤᠰᠤᠯᠴᠠᠭᠤᠯᠤᠨ ᠬᠥᠭ᠌ᠵᠢᠭᠦᠯᠬᠦ᠌ ᠱᠢᠨ᠎ᠡ ᠠᠷᠭ᠎ᠠ ᠵᠠᠮ᠎ᠢᠶᠠᠷ ᠵᠠᠮᠨᠠᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号