ᠦᠬᠠᠶ ᠬᠣᠲᠠ ᠠᠵᠤ ᠠᠬᠤᠢᠯᠠᠯ ᠳ᠋ᠤ ᠲᠥᠷᠥ ᠶ᠋ᠢᠨ ᠪᠣᠳᠣᠯᠭ᠎ᠠ ᠶ᠋ᠢᠨ ᠠᠰᠢᠭ ᠢ᠋ ᠰᠢᠭᠤᠳ ᠡᠳ᠋ᠯᠡᠬᠦᠯᠬᠦ ᠪᠠ ᠠᠵᠤ ᠠᠬᠤᠢᠯᠠᠯ ᠤ᠋ᠨ ᠬᠦᠰᠡᠯ ᠱᠠᠭᠠᠷᠳᠠᠯᠭ᠎ᠠ ᠵᠢ ᠲᠦᠷᠭᠡᠨ ᠬᠦᠢᠴᠡᠳᠭᠡᠬᠦ ᠲᠣᠭ᠍ᠲᠠᠴᠠ ᠵᠢ ᠬᠡᠷᠡᠭ᠌ᠵᠢᠭᠦᠯᠵᠦ ᠪᠤᠢ
2025-03-25 09:41:37
ᠵᠣᠬᠢᠶᠠᠭ᠍ᠴᠢ᠄
ᠬᠤᠤ ᠪᠢᠶᠤᠤ
ᠣᠩᠱᠢᠭ᠍ᠰᠠᠨ ᠣᠳᠠᠭ᠎ᠠ᠄
★★★☆☆

3 ᠰᠠᠷ᠎ᠠ ᠶ᠋ᠢᠨ 17  ᠤ᠋ ᠡᠳᠦᠷ᠂ ᠰᠤᠷᠪᠤᠯᠵᠢᠯᠠᠭ᠍ᠴᠢ ᠦᠬᠠᠶ ᠶ᠋ᠢᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠶ᠋ᠯᠡᠰ ᠤ᠋ᠨ ᠨᠡᠭᠡᠭᠡᠯᠲᠡ ᠶ᠋ᠢᠨ ᠣᠷᠣᠨ ᠤ᠋ ᠳᠤᠤᠷ᠎ᠠ ᠨᠡᠭᠦᠷᠡᠰᠦᠲᠥ᠋ᠷᠥᠭ᠌ᠴᠢᠲᠦ ᠠᠵᠤ ᠦᠶ᠋ᠯᠡᠰ ᠤ᠋ᠨ ᠬᠦᠷᠢᠶᠡᠯᠡᠩ ᠳ᠋ᠤ ᠪᠠᠢᠭ᠎ᠠ ᠥᠪᠥᠷ ᠮᠣᠩᠭᠣᠯ ᠤ᠋ᠨ ᠱᠢᠤᠸᠠᠨ ᠬᠤᠸᠠ ᠱᠢᠨ᠎ᠡ ᠡᠨᠧᠷᠭᠢ ᠶ᠋ᠢᠨ ᠬᠢᠵᠠᠭᠠᠷᠲᠤ ᠺᠣᠮᠫᠠᠨᠢ ᠶ᠋ᠢᠨ ᠭᠦᠸᠧ ᠱᠢᠤᠸᠠᠨ ᠠᠵᠤ ᠦᠶ᠋ᠯᠡᠳᠪᠦᠷᠢ ᠶ᠋ᠢᠨ ᠬᠦᠷᠢᠶᠡᠯᠡᠩ ᠲᠣᠭᠣᠷᠢᠭ ᠤ᠋ᠨ ᠪᠣᠬᠢᠷᠲᠤᠯ ᠥᠬᠡᠶ ᠴᠠᠬᠢᠯᠭᠠᠨ ᠬᠠᠩᠭᠠᠬᠤ 30 ᠲᠦᠮᠡᠨ ᠺᠢᠯᠦᠸᠠᠲ ᠤ᠋ᠨ ᠬᠡᠷᠡᠯᠴᠢ ᠴᠡᠨᠡᠭ ᠢ᠋ᠶ᠋ᠡᠷ ᠴᠠᠬᠢᠯᠭᠠᠨ ᠭᠠᠷᠭᠠᠬᠤ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠶ᠋ᠢᠨ ᠠᠬᠤᠶ ᠲᠠᠯᠠᠪᠠᠶ ᠳ᠋ᠤ ᠬᠦᠷᠪᠡᠯ᠂ ᠠᠵᠢᠯᠴᠢᠳ ᠶᠠᠭᠠᠷᠠᠯᠲᠠᠢ ᠠᠵᠢᠯᠯᠠᠵᠠᠭᠠᠵᠤ᠂  ᠲᠡᠷᠢ ᠲᠡᠭᠰᠢᠬᠡᠨ ᠵᠢᠭᠰᠠᠭᠠᠭᠳᠠᠭᠰᠠᠨ ᠬᠡᠷᠡᠯᠴᠢ ᠴᠡᠨᠡᠭ ᠢ᠋ᠶ᠋ᠡᠷ ᠴᠠᠬᠢᠯᠭᠠᠨ ᠭᠠᠷᠭᠠᠬᠤ ᠬᠠᠪᠲᠠᠰᠤ ᠨᠤᠭᠤᠤᠨ ᠨᠠᠷᠠᠨ᠎ᠤ ᠭᠡᠷᠡᠯ᠎ᠳᠤ ᠬᠢᠯᠡᠯᠵᠠᠨ ᠬᠠᠷᠠᠬᠳᠠᠨ᠎ᠠ᠃

ᠲᠣᠰ ᠲᠥᠷᠥᠯ ᠵᠦᠶ᠋ᠯ ᠢ᠋ 2024 ᠣᠨ ᠤ᠋ 3 ᠰᠠᠷ᠎ᠠ ᠳ᠋ᠤ ᠡᠬᠢᠯᠡᠨ ᠪᠠᠢᠭᠤᠯᠵᠤ᠂ ᠶᠡᠷᠦᠩᠬᠡᠶ ᠪᠠᠯᠠ ᠣᠷᠣᠭᠤᠯᠤᠯᠲᠠ ᠨᠢ 14 ᠳ᠋ᠦᠩᠱᠢᠭᠤᠷ ᠰᠢᠬᠠᠮ ᠲᠥᠭᠥᠷᠢᠭ ᠲᠦ᠍ ᠬᠦᠷᠴᠦ᠂ ᠶᠡᠷᠦᠩᠬᠡᠶ ᠲᠠᠯᠠᠪᠠᠶ ᠨᠢ ᠪᠠᠷᠤᠭ 812.5 ᠲᠦᠮᠡᠨ ᠲᠡᠭ᠌ᠰᠢ ᠳᠥᠷᠪᠡᠯᠵᠢᠨ ᠮᠧᠲ᠋ᠷ᠂ ᠵᠢᠯ ᠤ᠋ᠨ ᠴᠠᠬᠢᠯᠭᠠᠨ ᠭᠠᠷᠭᠠᠬᠤ ᠬᠡᠮᠵᠢᠶ᠎ᠡ ᠨᠢ 5 ᠳ᠋ᠦᠩᠱᠢᠭᠤᠷ ᠺᠢᠯᠦᠸᠠᠲ ᠴᠠᠭ᠎ᠲᠤ ᠬᠥᠷᠬᠥ᠌ ᠪᠥᠭᠡᠳ 12 ᠲᠦᠮᠡᠨ ᠺᠢᠯᠦᠸᠠᠲ / 48 ᠲᠦᠮᠡᠨ ᠺᠢᠯᠦᠸᠠᠲ ᠴᠠᠭ ᠤ᠋ᠨ ᠴᠠᠬᠢᠯᠭᠠᠨ ᠬᠢᠮᠢ ᠶ᠋ᠢᠨ ᠡᠨᠧᠷᠭᠢ ᠬᠠᠳᠠᠭᠠᠯᠠᠬᠤ ᠱᠢᠰᠲ᠋ᠧᠮ ᠢ᠋ ᠲᠥᠬᠥᠷᠵᠢᠭᠦᠯᠦᠨ ᠪᠥᠲᠥᠭᠡᠨ ᠪᠠᠢᠭᠤᠯᠬᠤ ᠪᠤᠯᠤᠨ᠎ᠠ᠃

《ᠣᠳᠣᠬᠠᠨ ᠳ᠋ᠤ᠂ ᠪᠢᠳᠡ ᠶᠠᠭ ᠲᠤᠯᠬᠤ ᠵᠢᠶᠠᠰᠠ᠂ ᠬᠡᠷᠡᠯᠴᠢ ᠴᠡᠨᠡᠭ ᠤ᠋ᠨ ᠲᠣᠨᠣᠭ᠍ᠯᠠᠯ ᠪᠣᠯᠤᠨ ᠴᠠᠬᠢᠯᠭᠠᠨ ᠬᠡᠷᠡᠭ᠌ᠰᠡᠯ ᠤ᠋ᠨ ᠲᠥᠬᠥᠭᠡᠷᠦᠮᠵᠢ ᠵᠢ ᠤᠭ᠍ᠰᠠᠷᠠᠬᠤ ᠵᠡᠷᠭᠡ ᠠᠵᠢᠯ ᠢ᠋ ᠬᠢᠵᠦ᠍᠂ ᠲᠥᠷᠥᠯ ᠵᠦᠶ᠋ᠯ ᠤ᠋ᠨ ᠪᠦᠬᠦᠯᠢ ᠴᠣᠭ᠍ᠴᠠ ᠶ᠋ᠢᠨ ᠠᠬᠢᠴᠠ 30% ᠵᠢ ᠳᠠᠪᠠᠪᠠ᠃ ᠵᠢᠱ᠌ᠢᠯᠲᠡ ᠪᠡᠷ ᠡᠨᠡ ᠵᠢᠯ ᠤ᠋ᠨ 10 ᠰᠠᠷ᠎ᠠ ᠶ᠋ᠢᠨ ᠰᠡᠭᠦᠯᠴᠢ ᠡᠴᠡ ᠡᠮᠦᠨ᠎ᠡ ᠪᠥᠬᠥ᠌ ᠮᠠᠰᠢᠨ ᠴᠤᠬᠴᠠᠯᠠᠪᠤᠷᠢ ᠵᠢ ᠲᠤᠤᠷ ᠲᠦ᠍ ᠨᠡᠢᠯᠡᠭᠦᠯᠦᠨ ᠴᠠᠬᠢᠯᠭᠠᠨ ᠭᠠᠷᠭᠠᠨ᠎ᠠ 》 ᠭᠡᠵᠦ ᠲᠦᠷᠦᠯ ᠵᠦᠢᠯ ᠤ᠋ᠨ ᠶᠡᠷᠦᠩᠬᠡᠢ ᠬᠢᠨᠠᠭ᠍ᠴᠢ ᠵᠢᠩ ᠶᠠᠨ ᠴᠧᠩ ᠬᠡᠯᠡᠨ᠎ᠠ᠃ ᠲᠠᠨᠢᠯᠴᠠᠭᠤᠯᠤᠭ᠍ᠰᠠᠨ ᠢ᠋ᠶ᠋ᠡᠷ᠂ ᠲᠣᠰ ᠲᠥᠷᠥᠯ ᠵᠦᠶ᠋ᠯ ᠢ᠋ ᠥᠪᠥᠷ ᠮᠣᠩᠭᠣᠯ ᠤ᠋ᠨ ᠭᠦᠸᠧ ᠱᠢᠤᠸᠠᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠶ᠋ᠢᠨ ᠨᠢᠭᠡᠳᠦᠭᠡᠷ ᠬᠤᠭᠤᠴᠠᠭᠠᠨ ᠤ᠋ 10 ᠲᠦᠮᠡᠨ ᠲᠣᠨ ᠯᠢᠲ᠋ᠢ ᠢᠶᠣᠨ ᠳ᠋ᠢᠶᠠᠨ ᡂᠢ ᠶ᠋ᠢᠨ ᠪᠢᠯᠢᠭ ᠲᠤᠢᠯ ᠤ᠋ᠨ ᠮᠠᠲ᠋ᠧᠷᠢᠶᠠᠯ ᠢ᠋ ᠨᠢᠭᠡ ᠴᠣᠭ᠍ᠴᠠᠵᠢᠭᠤᠯᠤᠭ᠍ᠰᠠᠨ ᠦᠶ᠋ᠯᠡᠳᠪᠦᠷᠢᠯᠡᠯ ᠤ᠋ᠨ ᠱᠤᠭᠤᠮ ᠤ᠋ᠨ ᠲᠥᠷᠥᠯ ᠵᠦᠶ᠋ᠯ ᠲᠠᠢ ᠭᠦᠶ᠋ᠴᠡᠳ ᠲᠣᠬᠢᠷᠠᠯᠴᠠᠭᠤᠯᠵᠤ᠂ ᠪᠠᠢᠭᠤᠯᠵᠤ ᠳᠠᠭᠤᠰᠭᠠᠭᠠᠳ ᠠᠱᠢᠭ᠍ᠯᠠᠯᠲᠠ ᠳ᠋ᠤ ᠣᠷᠣᠭᠤᠯᠤᠭ᠍ᠰᠠᠨ ᠤ᠋ ᠳᠠᠷᠠᠭ᠎ᠠ ᠭᠦᠸᠧ ᠱᠢᠤᠸᠠᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠺᠣᠮᠫᠠᠨᠢ ᠳ᠋ᠤ ᠴᠡᠪᠡᠷ ᠴᠠᠬᠢᠯᠭᠠᠨ ᠬᠦᠴᠦᠨ ᠬᠠᠩᠭᠠᠵᠤ᠂ ᠨᠤᠭᠤᠯᠤᠨ ᠪᠤᠳᠤᠪᠠᠯ ᠵᠢᠯ ᠪᠦᠷᠢ ᠨᠡᠭᠦᠷᠡᠰᠦᠲᠥ᠋ᠷᠥᠭ᠌ᠴᠢ ᠶ᠋ᠢᠨ ᠳᠠᠪᠬᠤᠷ ᠢᠰᠦᠯ ᠤ᠋ᠨ ᠭᠠᠳᠠᠭ᠍ᠰᠢᠯᠠᠭᠤᠯᠤᠯᠲᠠ ᠵᠢ ᠪᠠᠷᠤᠭ 40 ᠲᠦᠮᠡᠨ ᠲᠣᠨ ᠪᠠᠭᠠᠰᠭᠠᠵᠤ᠂ ᠨᠡᠭᠦᠷᠡᠰᠦᠨ ᠤ᠋ ᠬᠣᠷᠣᠭ᠍ᠳᠠᠯ ᠢ᠋ ᠪᠠᠷᠤᠭ 16 ᠲᠦᠮᠡᠨ ᠲᠣᠨ ᠪᠠᠭᠠᠰᠭᠠᠬᠤ ᠪᠣᠯᠤᠨ᠎ᠠ ᠃

ᠤᠢ᠍ᠢᠷ᠎ᠡ ᠶ᠋ᠢᠨ ᠡᠳᠦᠷ᠎ᠲᠦ᠂ ᠤᠷᠢᠬᠠᠨ ᠬᠠᠪᠤᠷ ᠰᠠᠭᠠᠳᠠᠬᠤ ᠵᠢ ᠳᠠᠭᠠᠯᠳᠤᠨ᠂ ᠦᠬᠠᠢ ᠬᠤᠳᠠ ᠶ᠋ᠢᠨ ᠭᠠᠵᠠᠷ ᠪᠣᠯᠭᠠᠨ ᠳ᠋ᠤ ᠲᠦᠷᠦᠯ ᠵᠦᠢᠯ ᠤ᠋ᠨ ᠪᠦᠳᠦᠭᠡᠨ ᠪᠠᠢᠭᠤᠯᠤᠯᠲᠠ ᠶᠠᠭᠠᠷᠠᠯᠲᠠᠢ ᠶᠠᠪᠤᠬᠳᠠᠵᠤ ᠡᠬᠢᠯᠡᠯ᠎ᠠ᠄ ᠮᠠᠱᠢᠨ ᠤ᠋ ᠳᠠᠭᠤᠨ ᠭᠦᠨᠭᠭᠢᠨᠡᠬᠦ ᠪᠠᠷᠢᠯᠭ᠎ᠠ ᠶ᠋ᠢᠨ ᠭᠠᠵᠠᠷ᠂ ᠶᠠᠭᠠᠷᠠᠯᠲᠠᠢ ᠠᠵᠢᠯᠯᠠᠵᠤ ᠪᠠᠢᠭ᠎ᠠ ᠠᠵᠢᠯᠴᠢᠨ᠂ ᠨᠠᠭᠠᠰᠢ ᠴᠠᠭᠠᠰᠢ ᠰᠦᠯᠵᠢᠯᠳᠦᠵᠦ᠍ ᠪᠠᠢᠭ᠎ᠠ ᠲᠡᠷᠭᠡ ᠬᠥᠰᠭᠡ᠎ᠨᠦᠭᠦᠳ ᠁ ᠠᠯᠢ ᠤᠯᠠᠨ ᠭᠣᠣᠯᠳᠠᠯᠭ᠎ᠠ ᠲᠠᠢ ᠲᠦᠷᠦᠯ ᠵᠦᠢᠯ ᠨᠢ 《ᠡᠬᠢᠯᠡᠯᠲᠡ ᠳ᠋ᠡᠭᠡᠨ ᠳᠠᠷᠤᠢ ᠱᠢᠢᠳᠪᠦᠷᠢᠲᠦ ᠳᠠᠢᠯᠠᠯᠳᠤᠭᠠᠨ ᠬᠢᠵᠦ᠍᠂  ᠡᠬᠢᠯᠡᠯᠲᠡ ᠳ᠋ᠡᠭᠡᠨ ᠳᠠᠷᠤᠢ ᠱᠢᠪᠲᠤᠯᠤᠯᠲᠠ ᠬᠢᠬᠦ᠌ 》 ᠠᠵᠢᠯ ᠎ᠤᠨ ᠡᠷᠴᠢᠮ ᠎ᠢ ᠪᠠᠷᠢᠮᠳᠠᠯᠠᠵᠤ ᠂ ᠲᠦᠷᠦᠭᠦᠦ  ᠤᠯᠠᠷᠢᠯ  ᠤ᠋ᠨ  《 ᠰᠠᠢ᠌ᠨ ᠡᠬᠢᠯᠡᠯᠲᠡ》 ᠵᠢ ᠪᠡᠶᠡᠯᠡᠭᠦᠯᠵᠦ᠍᠂ 《 ᠪᠦᠬᠦ᠌ ᠵᠢᠯ ᠤ᠋ᠨ ᠰᠠᠢ᠌ᠨ ᠠᠮᠵᠢᠯᠲᠠ ᠤᠯᠬᠤ 》 ᠳ᠋ᠤ ᠰᠠᠨᠠᠭᠠᠴᠢᠯᠠᠭᠠᠲᠤ ᠡᠷᠬᠡ ᠵᠢ ᠤᠯᠬᠤ ᠪᠠᠷ ᠴᠢᠷᠮᠠᠢᠵᠤ ᠪᠠᠢᠨ᠎ᠠ᠃

ᠦᠬᠠᠶ ᠬᠣᠲᠠ 2025 ᠣᠨ ᠳ᠋ᠤ ᠬᠣᠲᠠ ᠶ᠋ᠢᠨ ᠲᠠᠰ ᠤ᠋ᠨ ᠭᠤᠤᠯᠳᠠᠯᠭ᠎ᠠ ᠲᠠᠢ ᠪᠥᠲᠥᠭᠡᠨ ᠪᠠᠢᠭᠤᠯᠤᠯᠲᠠ ᠶ᠋ᠢᠨ ᠲᠥᠷᠥᠯ ᠵᠦᠶ᠋ᠯ ᠢ᠋ 233 ᠬᠡᠷᠡᠭ᠌ᠵᠢᠭᠦᠯᠵᠦ᠍᠂ ᠶᠡᠷᠦᠩᠬᠡᠶ ᠪᠠᠯᠠ ᠣᠷᠣᠭᠤᠯᠤᠯᠲᠠ ᠨᠢ 1170.9 ᠳ᠋ᠦᠩᠱᠢᠭᠤᠷ ᠲᠥᠭᠥᠷᠢᠭ ᠲᠦ᠍ ᠬᠦᠷᠴᠦ᠍᠂ 218.4 ᠳ᠋ᠦᠩᠱᠢᠭᠤᠷ ᠲᠥᠭᠥᠷᠢᠭ ᠤ᠋ᠨ ᠤᠨ ᠤ᠋ ᠪᠠᠯᠠ ᠣᠷᠣᠭᠤᠯᠤᠯᠲᠠ ᠵᠢ ᠪᠡᠶᠡᠯᠡᠭᠦᠯᠬᠦ ᠪᠡᠷ ᠲᠦᠯᠦᠪᠯᠡᠵᠦ ᠪᠤᠢ ᠃ 3 ᠰᠠᠷ᠎ᠠ ᠶ᠋ᠢᠨ ᠳᠤᠮᠳᠠᠴᠢ ᠪᠤᠯᠲᠠᠯ᠎ᠠ ᠰᠢᠨ᠎ᠡ ᠪᠡᠷ ᠠᠵᠢᠯ ᠡᠬᠢᠯᠡᠭᠦᠯᠦᠭᠰᠡᠨ ᠪᠠ ᠠᠵᠢᠯ ᠢ᠋ᠶ᠋ᠡᠨ ᠰᠡᠷᠭᠦᠭᠡᠭᠰᠡᠨ ᠲᠦᠷᠦᠯ ᠵᠦᠢᠯ 192 ᠪᠠᠢᠵᠤ᠂ ᠰᠢᠨ᠎ᠡ ᠪᠡᠷ ᠠᠵᠢᠯ ᠡᠬᠢᠯᠡᠭᠦᠯᠦᠭᠰᠡᠨ ᠪᠠ ᠠᠵᠢᠯ ᠢ᠋ᠶ᠋ᠡᠨ ᠰᠡᠷᠭᠦᠭᠡᠭᠰᠡᠨ ᠨᠣᠷᠮ᠎ᠠ 82.4% ᠳ᠋ᠤ ᠬᠦᠷᠴᠦ᠍᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 22.2% ᠢ᠋ᠶ᠋ᠡᠷ ᠨᠡᠮᠡᠭ᠌ᠳᠡᠪᠡ᠃ ᠱᠢᠨ᠎ᠡ ᠪᠡᠷ ᠪᠠᠢᠭᠤᠯᠤᠭ᠍ᠰᠠᠨ ᠲᠦᠷᠦᠯ ᠵᠦᠢᠯ 95 ᠪᠠᠢᠵᠤ᠂ 1140 ᠵᠦᠶ᠋ᠯ᠎ᠤᠨ ᠡᠮᠦᠨᠡᠬᠢ ᠬᠤᠭᠤᠴᠠᠭᠠᠨ ᠤ᠋ ᠭᠤᠤᠯ ᠭᠦᠢᠴᠡᠳᠭᠡᠬᠦ ᠭᠠᠷᠳᠠᠮ ᠤ᠋ᠨ  951 ᠵᠦᠶ᠋ᠯ ᠢ᠋ ᠨᠢ ᠨᠢᠭᠡᠨᠲᠡ ᠭᠦᠶ᠋ᠴᠡᠳᠭᠡᠨ ᠳᠠᠭᠤᠰᠭᠠᠵᠤ᠂ ᠭᠦᠶ᠋ᠴᠡᠳᠭᠡᠵᠦ᠍ ᠳᠠᠭᠤᠰᠭᠠᠭ᠍ᠰᠠᠨ ᠨᠣᠷᠮ᠎ᠠ 83.4% ᠳ᠋ᠤ ᠬᠦᠷᠴᠦ᠍᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ ᠵᠠᠭᠤᠨ ᠤ᠋ ᠬᠠᠷᠢᠴᠠᠯ ᠢ᠋ᠶ᠋ᠡᠷ 8.4 ᠬᠤᠪᠢ ᠨᠡᠮᠡᠭ᠌ᠳᠡᠪᠡ᠃

ᠦᠬᠠᠶ ᠬᠣᠲᠠ ᠶ᠋ᠢᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠶ᠋ᠢᠨ ᠵᠥᠪᠯᠡᠯ ᠤ᠋ᠨ ᠬᠠᠮᠢᠶ᠎ᠠ ᠪᠥᠬᠥᠶ ᠬᠠᠷᠢᠭᠤᠴᠠᠯᠭᠠᠲᠠᠨ ᠤ᠋ ᠲᠠᠨᠢᠯᠴᠠᠭᠤᠯᠤᠭ᠍ᠰᠠᠨ ᠢ᠋ᠶ᠋ᠡᠷ᠂ ᠴᠢᠬᠤᠯᠠ ᠶᠡᠬᠡ ᠲᠥᠷᠥᠯ ᠵᠦᠶ᠋ᠯ ᠢ᠋ ᠲᠥᠯᠥᠪᠵᠢᠭᠦᠯᠬᠦ᠌ ᠠᠵᠢᠯᠯᠠᠭ᠎ᠠ ᠵᠢ ᠰᠠᠢᠲᠤᠷ ᠬᠡᠷᠡᠭ᠌ᠵᠢᠭᠦᠯᠬᠦ᠌ ᠶ᠋ᠢᠨ ᠲᠥᠯᠥᠭᠡ᠂ ᠦᠬᠠᠶ ᠬᠣᠲᠠ ᠪᠥᠬᠥ᠌ ᠬᠣᠲᠠ ᠶ᠋ᠢᠨ ᠬᠦᠴᠦᠨ ᠢ᠋ ᠲᠦᠪᠯᠡᠷᠡᠭᠦᠯᠦᠨ ᠲᠥᠷᠥᠯ ᠵᠦᠶ᠋ᠯ ᠢ᠋ ᠲᠦᠷᠭᠡᠨ ᠬᠡᠷᠡᠭᠵᠢᠭᠦᠯᠬᠦ ᠵᠢ ᠪᠠᠲᠤᠯᠠᠵᠤ᠂ ᠵᠢᠱ᠌ᠢᠯᠲᠡ ᠪᠡᠷ ᠡᠨᠡ ᠵᠢᠯ 120 ᠲᠥᠷᠥᠯ ᠵᠦᠶ᠋ᠯ ᠢ᠋ ᠪᠠᠢᠭᠤᠯᠤᠨ ᠳᠠᠭᠤᠰᠭᠠᠵᠤ ᠠᠰᠢᠬᠯᠠᠯᠲᠠ ᠳ᠋ᠤ ᠤᠷᠤᠭᠤᠯᠵᠤ᠂ 391.2 ᠳ᠋ᠦᠩᠱᠢᠭᠤᠷ ᠲᠥᠭᠥᠷᠢᠭ ᠤ᠋ᠨ ᠪᠠᠯᠠ ᠣᠷᠣᠭᠤᠯᠵᠤ᠂ ᠠᠵᠤ ᠦᠶ᠋ᠯᠡᠰ ᠤ᠋ᠨ ᠬᠥᠭ᠌ᠵᠢᠯᠲᠡ᠂ ᠡᠨᠧᠷᠭᠢ᠂ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ᠂ ᠰᠠᠭᠤᠷᠢ ᠲᠥᠬᠥᠭᠡᠷᠦᠮᠵᠢ᠂ ᠨᠡᠢᠭᠡᠮ ᠠᠷᠠᠳ ᠤ᠋ᠨ ᠠᠮᠢᠳᠤᠷᠠᠯ ᠵᠡᠷᠭᠡ ᠶᠢᠰᠦᠨ ᠶᠡᠬᠡ ᠬᠦᠷᠢᠶ᠎ᠡ ᠵᠢ ᠬᠠᠮᠤᠷᠬᠤ ᠪᠤᠯᠤᠨ᠎ᠠ᠃

ᠭᠣᠣᠯᠳᠠᠯᠭ᠎ᠠ ᠲᠠᠢ ᠲᠦᠷᠦᠯ ᠵᠦᠢᠯ ᠤ᠋ᠨ ᠪᠦᠳᠦᠭᠡᠨ ᠪᠠᠢᠭᠤᠯᠤᠯᠲᠠ ᠶ᠋ᠢᠨ ᠶᠠᠪᠤᠴᠠ ᠳ᠋ᠤ᠂ ᠦᠬᠠᠢ ᠬᠤᠳᠠ ᠶ᠋ᠢᠨ 《ᠠᠰᠠᠷᠠᠭ᠍ᠴᠢ ᠮᠠᠶᠢᠭ 》 ᠤ᠋ᠨ ᠦᠢᠯᠡᠴᠢᠯᠡᠭᠡ ᠨᠢ ᠢᠨᠵᠧᠨᠧᠷᠢᠩ ᠤ᠋ᠨ ᠯᠠᠪᠳᠠᠭᠤᠨ ᠢ᠋ᠶ᠋ᠡᠷ ᠤᠷᠤᠭ᠍ᠰᠢᠯᠠᠬᠤ ᠵᠢ ᠠᠬᠢᠭᠤᠯᠬᠤ 《 ᠨᠢᠭᠤᠭ᠍ᠳᠠᠮᠠᠯ ᠬᠥᠳᠡᠯᠭᠡᠭᠦᠷ 》 ᠪᠤᠯᠵᠤ᠂ ᠲᠦᠷᠦᠯ ᠵᠦᠢᠯ ᠢ᠋ ᠬᠢᠨᠠᠨ ᠵᠥᠪᠱᠢᠶᠡᠷᠡᠬᠦ᠌ ᠡᠴᠡ ᠡᠬᠢ ᠪᠠᠶᠠᠯᠢᠭ ᠢ᠋ ᠲᠤᠬᠢᠷᠠᠭᠤᠯᠬᠤ ᠬᠦᠷᠲᠡᠯ᠎ᠡ᠂ ᠬᠦᠴᠢᠷ ᠠᠰᠠᠭᠤᠳᠠᠯ ᠢ᠋ ᠱᠢᠢᠳᠪᠦᠷᠢᠯᠡᠬᠦ᠌ ᠡᠴᠡ ᠪᠦᠬᠦ᠌ ᠶᠠᠪᠤᠴᠠ ᠳ᠋ᠤ ᠦᠢᠯᠡᠴᠢᠯᠡᠬᠦ ᠬᠦᠷᠲᠡᠯ᠎ᠡ᠂ ᠵᠠᠰᠠᠭ ᠤ᠋ᠨ ᠣᠷᠳᠣᠨ ᠤ᠋ ᠰᠠᠯᠠᠭ᠎ᠠ ᠮᠥᠴᠢᠷ ᠤ᠋ᠨ ᠳᠣᠲᠣᠨᠣ ᠦᠢᠯᠡᠴᠢᠯᠡᠭᠡ ᠨᠢ 《ᠴᠠᠭ ᠤ᠋ᠨ ᠬᠤᠷ᠎ᠠ》 ᠱᠢᠭ᠋ ᠢ᠋ᠶ᠋ᠡᠷ ᠠᠵᠤ ᠠᠬᠤᠢᠯᠠᠯ ᠤ᠋ᠨ ᠬᠦᠴᠢᠷ ᠵᠣᠪᠠᠭᠤᠷᠢ ᠵᠢ ᠱᠢᠢᠳᠪᠦᠷᠢᠯᠡᠵᠦ᠍᠂ ᠠᠷᠠᠯᠵᠢᠶᠠᠴᠢᠨ ᠤᠷᠢᠬᠤ ᠲᠦᠷᠦᠯ ᠵᠦᠢᠯ ᠢ᠋ ᠡᠷᠲᠡᠬᠡᠨ ᠨᠠᠢᠳᠠᠪᠤᠷᠢᠵᠢᠭᠤᠯᠵᠤ᠂ ᠱᠢᠨ᠎ᠡ ᠪᠡᠷ ᠪᠠᠢᠭᠤᠯᠬᠤ ᠲᠦᠷᠦᠯ ᠵᠦᠢᠯ ᠢ᠋ ᠡᠷᠲᠡᠬᠡᠨ ᠡᠬᠢᠯᠡᠭᠦᠯᠵᠦ᠍᠂ ᠪᠠᠢᠭᠤᠯᠵᠤ ᠪᠠᠢᠭ᠎ᠠ ᠲᠦᠷᠦᠯ ᠵᠦᠢᠯ ᠢ᠋ ᠲᠦᠷᠭᠡᠨ ᠪᠡᠯᠡ ᠣᠷᠣᠭᠤᠯᠵᠤ᠂ ᠪᠠᠷᠢᠯᠭ᠎ᠠ ᠳᠠᠭᠤᠰᠤᠭ᠍ᠰᠠᠨ ᠲᠦᠷᠦᠯ ᠵᠦᠢᠯ ᠢ᠋ ᠲᠦᠷᠭᠡᠨ ᠠᠱᠢᠭ᠍ᠯᠠᠯᠲᠠ ᠳ᠋ᠤ ᠣᠷᠣᠭᠤᠯᠬᠤ ᠵᠢ ᠪᠠᠲᠤᠯᠠᠪᠠ᠃

ᠤᠳᠠ ᠶ᠋ᠢᠨ ᠲᠤᠬᠤᠢ ᠲᠣᠭᠣᠷᠢᠭ ᠤ᠋ᠨ ᠵᠢᠨ ᠬ᠍ᠦ ᠲᠤᠰᠠᠭᠠᠷ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶ᠋ᠢᠨ ᠲᠦᠷᠦᠯ ᠵᠦᠢᠯ ᠳ᠋ᠤ᠂ 40 ᠸᠠᠭᠣᠨ ᠬᠡᠯᠪᠡᠷᠢᠲᠦ ᠪᠠᠷᠠᠭᠠᠨ ᠤ᠋ ᠲᠡᠷᠭᠡ ᠰᠢᠭ ᠲᠤᠮᠤ ᠬᠡᠯᠪᠡᠷᠢ ᠶ᠋ᠢᠨ ᠹᠣᠰᠹᠣᠷ ᠬᠦᠴᠢᠯ ᠤ᠋ᠨ ᠲᠡᠮᠦᠷ ᠯᠢᠲ᠋ᠢ ᠳ᠋ᠢᠶᠠᠨ ᡂᠢ ᠶ᠋ᠢᠨ ᠬᠥᠮᠥᠷᠭᠡ ᠲᠡᠷᠢ ᠲᠡᠭ᠌ᠰᠢ ᠵᠢᠭ᠍ᠰᠠᠵᠤ᠂ ᠪᠣᠬᠢᠷᠲᠤᠯ ᠦᠭᠡᠢ ᠴᠠᠬᠢᠯᠭᠠᠨ ᠡᠨᠧᠷᠭᠢ ᠵᠢ ᠲᠦᠭᠦᠷᠡᠲᠡᠯ᠎ᠡ ᠠᠴᠢᠶᠠᠯᠠᠪᠠ᠃ ᠬᠡᠳᠦᠨ ᠰᠠᠷ᠎ᠠ ᠶ᠋ᠢᠨ ᠡᠮᠦᠨ᠎ᠡ᠂ ᠡᠨᠡ ᠬᠡᠰᠡᠭ ᠭᠠᠵᠠᠷ ᠮᠦᠨ ᠯᠡ ᠨᠢᠭᠡ ᠬᠡᠰᠡᠭ ᠠᠲᠠᠷ ᠭᠠᠵᠠᠷ ᠪᠠᠢᠵᠠᠶ ᠭᠡᠰᠡᠨ ᠢ᠋ ᠲᠦᠰᠦᠭᠡᠯᠡᠭᠦᠶ᠎ᠡ ᠪᠡᠷᠬᠡ᠃

  2024 ᠣᠨ ᠤ᠋ 8 ᠰᠠᠷ᠎ᠠ ᠳ᠋ᠤ᠂ ᠵᠢᠨ ᠬ᠍ᠦ ᠲᠤᠰᠠᠭᠠᠷ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶ᠋ᠢᠨ ᠲᠦᠷᠦᠯ ᠵᠦᠢᠯ ᠵᠢᠩᠬᠢᠨᠢ ᠪᠡᠷ ᠠᠵᠢᠯ ᠡᠬᠢᠯᠡᠪᠡ ; 11 ᠰᠠᠷ᠎ᠠ ᠳ᠋ᠤ᠂ ᠲᠥᠷᠥᠯ ᠵᠦᠶ᠋ᠯ ᠤ᠋ᠨ ᠪᠠᠷᠢᠯᠭ᠎ᠠ ᠶ᠋ᠢᠨ 98%  ᠵᠢ ᠪᠡᠶᠡᠯᠡᠭᠦᠯᠵᠦ᠍᠂ ᠭᠤᠤᠯ ᠬᠤᠪᠢᠰᠭᠠᠬᠤ ᠲᠥᠬᠥᠭᠡᠷᠦᠮᠵᠢ ᠵᠢ ᠡᠬᠢᠯᠡᠨ ᠣᠷᠣᠭᠤᠯᠪᠠ ;12 ᠰᠠᠷ᠎ᠠ ᠳ᠋ᠤ᠂ ᠲᠥᠷᠥᠯ ᠵᠦᠶ᠋ᠯ ᠢ᠋ ᠪᠥᠬᠥ᠌ ᠮᠠᠰᠢᠨ ᠴᠤᠬᠴᠠᠯᠠᠪᠤᠷᠢ ᠵᠢ ᠲᠤᠤᠷ ᠲᠦ᠍ ᠨᠡᠢᠯᠡᠭᠦᠯᠬᠦ᠌ ᠵᠢ ᠤᠷᠤᠭ᠍ᠰᠢᠲᠠᠶ ᠪᠡᠶᠡᠯᠡᠭᠦᠯᠪᠡ᠃ 《 ᠡᠢᠮᠦ ᠬᠤᠷᠳᠤᠨ ᠭᠡᠵᠦ᠍ ᠪᠣᠳᠣᠵᠤ ᠣᠯᠤᠭ᠍ᠰᠠᠨ ᠦᠭᠡᠢ! 4 ᠰᠠᠷ᠎ᠠ ᠳ᠋ᠤ 4 ᠳ᠋ᠦᠩᠱᠢᠭᠤᠷ ᠭᠠᠷᠤᠢ ᠲᠥᠭᠥᠷᠢᠭ ᠤ᠋ᠨ ᠪᠡᠯᠡ ᠣᠷᠣᠭᠤᠯᠤᠯᠲᠠ ᠵᠢ ᠪᠡᠶᠡᠯᠡᠭᠦᠯᠵᠡᠢ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤ᠋ᠨ ᠬᠢᠨ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ ᠎ᠳ᠋ᠤ ᠠᠨᠭᠬᠠᠷᠤᠯ᠎ᠵᠢᠡᠨ ᠲᠦᠪᠯᠡᠷᠡᠬᠦᠯᠵᠤ᠂ ᠦᠢᠯᠡᠴᠢᠯᠡᠭᠡ ᠪᠡᠷ ᠠᠬᠢᠭᠤᠯᠤᠬᠰᠠᠨ ᠪᠤᠯᠬᠤᠷ ᠲᠦᠷᠦᠯ ᠵᠦᠢᠯ ᠤ᠋ᠨ ᠪᠦᠳᠦᠭᠡᠨ ᠪᠠᠢᠭᠤᠯᠤᠯᠲᠠ ᠡᠷᠴᠢᠮᠳᠠᠢ ᠶᠠᠪᠤᠭᠳᠠᠪᠠ》 ᠭᠡᠵᠦ᠍ ᠵᠢᠨ ᠬ᠍ᠦ ᠲᠤᠰᠠᠭᠠᠷ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶ᠋ᠢᠨ ᠲᠦᠷᠦᠯ ᠵᠦᠢᠯ ᠤ᠋ᠨ ᠬᠠᠷᠢᠭᠤᠴᠠᠯᠭᠠᠲᠠᠨ ᠮᠠ ᠶᠦᠩ ᠱᠢᠨ ᠬᠡᠯᠡᠯ᠎ᠠ᠃

 ᠲᠤᠬᠠᠢ ᠶ᠋ᠢᠨ ᠵᠢᠯ ᠳ᠋ᠤ ᠭᠡᠷ᠎ᠡ ᠲᠣᠭ᠍ᠲᠠᠵᠤ᠂ ᠲᠤᠬᠠᠢ ᠶ᠋ᠢᠨ ᠵᠢᠯ ᠳ᠋ᠤ ᠠᠵᠢᠯ ᠢ᠋ᠶ᠋ᠡᠨ ᠡᠬᠢᠯᠡᠭᠦᠯᠵᠦ᠍᠂ ᠲᠤᠬᠠᠢ ᠶ᠋ᠢᠨ ᠵᠢᠯ ᠳ᠋ᠤ ᠠᠱᠢᠭ᠍ᠯᠠᠯᠲᠠ ᠳ᠋ᠤ ᠣᠷᠣᠭᠤᠯᠪᠠ᠃ ᠡᠨᠡᠬᠦ᠌ ᠴᠠᠭ ᠤ᠋ᠨ ᠬᠦᠰᠦᠨᠦᠭ᠌ᠲᠦ᠍ ᠨᠢ ᠠᠵᠤ ᠠᠬᠤᠢᠯᠠᠯ ᠤ᠋ᠨ ᠦᠬᠠᠶ ᠬᠣᠲᠠ ᠳ᠋ᠤ ᠨᠤᠲᠤᠭ᠍ᠰᠢᠭ᠍ᠰᠠᠨ ᠤ᠋ ᠳᠠᠷᠠᠭᠠᠬᠢ ᠬᠥᠭ᠌ᠵᠢᠯᠲᠡ ᠶ᠋ᠢᠨ ᠬᠤᠷᠳᠤᠴᠠ ᠵᠢ ᠢᠯᠡᠷᠡᠭᠦᠯᠬᠦ ᠪᠦᠭᠡᠳ ᠦᠬᠠᠶ ᠬᠣᠲᠠ ᠶ᠋ᠢᠨ 《 ᠠᠰᠠᠷᠠᠭ᠍ᠴᠢ ᠮᠠᠶᠢᠭ 》  ᠤ᠋ᠨ ᠦᠶ᠋ᠯᠡᠴᠢᠯᠡᠭᠡᠨ ᠤ᠋ ᠦᠷ᠎ᠡ ᠪᠦᠲᠦᠮᠵᠢ ᠵᠢ ᠬᠠᠷᠠᠭᠤᠯᠪᠠ᠃

 ᠤᠳᠤ᠂ ᠦᠬᠠᠶ ᠬᠣᠲᠠ ᠶ᠋ᠢᠨ ᠢᠨᠵᠸᠨ᠋ᠸᠷᠢᠩ ᠤ᠋ᠨ ᠪᠥᠲᠥᠭᠡᠨ ᠪᠠᠢᠭᠤᠯᠤᠯᠲᠠ ᠶ᠋ᠢᠨ ᠲᠥᠷᠥᠯ ᠵᠦᠶ᠋ᠯ ᠤ᠋ᠨ ᠬᠢᠨᠠᠨ ᠵᠥᠪᠱᠢᠶᠡᠷᠡᠬᠦ᠌ ᠵᠦᠶ᠋ᠯᠡᠰ ᠢ᠋ 40 ᠪᠠᠢᠭ᠍ᠰᠠᠨ ᠡᠴᠡ 27 ᠪᠣᠯᠭᠠᠨ ᠴᠣᠮᠬᠠᠳᠭᠠᠵᠤ ᠂ ᠵᠠᠰᠠᠭ ᠤ᠋ᠨ ᠣᠷᠳᠣᠨ ᠤ᠋ ᠪᠠᠯᠠ ᠣᠷᠣᠭᠤᠯᠤᠯᠲᠠ ᠶ᠋ᠢᠨ ᠲᠥᠷᠥᠯ ᠵᠦᠶ᠋ᠯ ᠪᠠ ᠡᠩ ᠤ᠋ᠨ ᠨᠡᠢᠭᠡᠮ ᠤ᠋ᠨ ᠪᠠᠯᠠ ᠣᠷᠣᠭᠤᠯᠤᠯᠲᠠ ᠶ᠋ᠢᠨ ᠲᠥᠷᠥᠯ ᠤ᠋ᠨ ᠪᠥᠲᠥᠭᠡᠨ ᠪᠠᠢᠭᠤᠯᠤᠯᠲᠠ ᠶ᠋ᠢᠨ ᠲᠥᠷᠥᠯ ᠵᠦᠶ᠋ᠯ ᠤ᠋ᠨ ᠬᠢᠨᠠᠨ ᠵᠥᠪᠱᠢᠶᠡᠷᠡᠬᠦ᠌ ᠴᠠᠭ ᠤ᠋ᠨ ᠬᠢᠵᠠᠭᠠᠷ ᠢ᠋ 120 ᠠᠵᠢᠯᠯᠠᠬᠤ ᠡᠳᠦᠷ ᠪᠠᠢᠭ᠍ᠰᠠᠨ ᠡᠴᠡ ᠲᠣᠰ ᠲᠣᠰ 81 ᠪᠠ 68 ᠠᠵᠢᠯᠯᠠᠬᠤ ᠡᠳᠦᠷ ᠪᠣᠯᠭᠠᠨ ᠪᠤᠭᠤᠨᠢᠰᠬᠠᠪᠠ ; 738 ᠵᠦᠶ᠋ᠯ ᠳ᠋ᠤ 《 ᠦᠨᠡᠮᠯᠡᠯ ᠥᠬᠡᠶ ᠪᠡᠷ ᠭᠦᠶ᠋ᠴᠡᠳᠭᠡᠬᠦ᠌ 》  ᠵᠢ ᠪᠡᠶᠡᠯᠡᠭᠦᠯᠵᠦ᠍ ᠂ ᠵᠠᠰᠠᠭ ᠤ᠋ᠨ ᠶᠠᠪᠤᠳᠠᠯ ᠤ᠋ᠨ ᠦᠨᠡᠨᠴᠢ ᠢᠲᠡᠭᠡᠮᠵᠢ ᠶ᠋ᠢᠨ ᠦᠨᠡᠯᠡᠨ ᠵᠢᠱ᠌ᠢᠯᠲᠡ ᠪᠥᠬᠥ᠌ ᠣᠷᠣᠨ ᠤ᠋ ᠲᠦᠷᠦᠬᠦᠨ ᠳ᠋ᠤ ᠵᠢᠬᠰᠠᠭᠠᠬᠳᠠᠪᠠ ; ᠡᠯ᠎ᠡ ᠱᠠᠳᠤ ᠡᠯ᠎ᠡ ᠰᠠᠯᠠᠭ᠎ᠠ ᠮᠥᠴᠢᠷ ᠤ᠋ᠨ ᠬᠢᠨ ᠨᠡᠢ᠌ᠳᠡ 840 ᠪᠡᠯᠡ ᠣᠷᠣᠭᠤᠯᠤᠭ᠍ᠰᠠᠨ ᠠᠵᠤ ᠠᠬᠤᠢᠯᠠᠯ ᠳ᠋ᠤ ᠬᠠᠪᠰᠤᠷᠤᠨ ᠭᠦᠢᠴᠡᠳᠭᠡᠬᠦ᠌ ᠣᠷᠣᠯᠠᠨ ᠭᠦᠢᠴᠡᠳᠭᠡᠬᠦ᠌ ᠦᠢᠯᠡᠴᠢᠯᠡᠭᠡ ᠬᠠᠩᠭᠠᠪᠠ᠃

 ᠡᠨᠡ ᠬᠦ᠌ ᠶᠠᠪᠤᠴᠠ ᠳ᠋ᠤ᠂ ᠦᠬᠠᠶ ᠬᠣᠲᠠ ᠪᠠᠰᠠ ᠴᠢᠬᠤᠯᠠ ᠬᠦᠴᠦᠨ ᠵᠦᠢᠯ ᠢ᠋ ᠲᠥᠷᠥᠯ ᠵᠦᠶ᠋ᠯ ᠳ᠋ᠤ ᠲᠦᠪᠯᠡᠷᠡᠭᠦᠯᠬᠦ ᠵᠢ ᠠᠬᠢᠭᠤᠯᠬᠤ᠂ ᠠᠵᠤ ᠠᠬᠤᠢᠯᠠᠯ ᠳ᠋ᠤ ᠢᠮᠠᠬᠲᠠ ᠦᠢᠯᠡᠴᠢᠯᠡᠬᠦ ᠵᠢ ᠪᠠᠷᠢᠮᠲᠠᠯᠠᠵᠤ᠂ ᠤᠰᠤ ᠂ ᠴᠠᠬᠢᠯᠭᠠᠨ᠂ ᠬᠡᠶ᠂ ᠳᠤᠯᠠᠭᠠᠯᠠᠭ᠎ᠠ ᠵᠡᠷᠭᠡ ᠴᠢᠬᠤᠯᠠ ᠬᠦᠴᠦᠨ ᠵᠦᠢᠯ ᠤ᠋ᠨ ᠪᠠᠲᠤᠯᠠᠭ᠎ᠠ ᠳᠡᠭᠡᠷ᠎ᠡ ᠬᠦᠴᠦ᠍ ᠲᠠᠯᠪᠢᠵᠤ᠂ ᠠᠷᠭ᠎ᠠ ᠪᠦᠬᠦᠨ ᠢ᠋ ᠰᠦᠪᠡᠭ᠌ᠴᠢᠯᠡᠨ ᠠᠵᠤ ᠠᠬᠤᠢᠯᠠᠯ ᠤ᠋ᠨ ᠦᠶ᠋ᠯᠡᠳᠪᠦᠷᠢᠯᠡᠯ ᠡᠵᠡᠩᠨᠡᠯᠲᠡ ᠶ᠋ᠢᠨ ᠬᠡᠷᠡᠭ᠌ᠴᠡᠭᠡ ᠱᠠᠭᠠᠷᠳᠠᠯᠭ᠎ᠠ ᠵᠢ ᠪᠠᠲᠤᠯᠠᠪᠠ᠃

  2024 ᠣᠨ ᠳ᠋ᠤ ᠂ ᠦᠬᠠᠶ ᠬᠣᠲᠠ 324.063 ᠾᠧᠺᠲ᠋ᠠᠷ ᠤ᠋ᠨ ᠱᠢᠨ᠎ᠡ ᠪᠡᠷ ᠨᠡᠮᠡᠭ᠌ᠳᠡᠭ᠌ᠰᠡᠨ ᠪᠥᠲᠥᠭᠡᠨ ᠪᠠᠢᠭᠤᠯᠤᠯᠲᠠ ᠳ᠋ᠤ ᠬᠡᠷᠡᠭ᠌ᠯᠡᠬᠦ᠌ ᠭᠠᠵᠠᠷ ᠤ᠋ᠨ ᠭᠦᠶ᠋ᠴᠡᠳᠭᠡᠯ ᠲᠣᠭ᠎ᠠ ᠵᠢ ᠢᠳᠡᠪᠬᠢᠲᠡᠶ ᠰᠣᠯᠢᠭ᠍ᠰᠠᠨ ᠤ᠋ ᠬᠠᠮᠲᠤ ᠱᠢᠨ᠎ᠡ ᠪᠡᠷ ᠨᠡᠮᠡᠭ᠌ᠳᠡᠭ᠌ᠰᠡᠨ ᠪᠥᠲᠥᠭᠡᠨ ᠪᠠᠢᠭᠤᠯᠤᠯᠲᠠ ᠳ᠋ᠤ ᠬᠡᠷᠡᠭ᠌ᠯᠡᠬᠦ᠌ ᠭᠠᠵᠠᠷ ᠤ᠋ᠨ 75 ᠲᠥᠷᠥᠯ ᠵᠦᠶ᠋ᠯ ᠢ᠋ ᠴᠣᠬᠣᠯᠠᠪᠤᠷᠢᠯᠠᠵᠤ ᠂ ᠶᠡᠷᠦᠩᠬᠡᠶ ᠲᠠᠯᠠᠪᠠᠶ ᠨᠢ 870 ᠾᠧᠺᠲ᠋ᠠᠷ ᠲᠦ᠍ ᠬᠦᠷᠴᠡᠶ᠃ ᠥᠪᠥᠷ ᠮᠣᠩᠭᠣᠯ ᠤ᠋ᠨ ᠪᠣᠷᠣᠲᠣᠬᠣᠶ ᠶ᠋ᠢᠨ ᠤᠰᠤᠯᠠᠯᠲᠠ ᠶ᠋ᠢᠨ ᠣᠷᠣᠨ ᠤ᠋ ᠨᠡᠢᠲᠡ 1000 ᠲᠦᠮᠡᠨ ᠪᠣᠰᠣᠭ᠎ᠠ ᠳᠥᠷᠪᠡᠯᠵᠢᠨ ᠮᠧᠲ᠋ᠷ ᠤ᠋ᠨ ᠤᠰᠤ ᠠᠷᠪᠢᠯᠠᠬᠤ ᠬᠡᠮᠵᠢᠶ᠎ᠡ ᠶ᠋ᠢᠨ ᠭᠦᠶ᠋ᠴᠡᠳᠭᠡᠬᠦ᠌ ᠲᠣᠭ᠎ᠠ ᠵᠢ ᠭᠤᠶᠤᠴᠢᠯᠠᠨ ᠣᠯᠪᠠ ᠃ ᠠᠷᠠᠳ ᠤ᠋ᠨ ᠡᠵᠡᠩᠨᠡᠯᠲᠡ ᠶ᠋ᠢᠨ ᠠᠵᠤ ᠠᠬᠤᠢᠯᠠᠯ ᠤ᠋ᠨ ᠤᠰᠤᠨ ᠤ᠋ ᠡᠷᠬᠡ ᠶ᠋ᠢᠨ ᠠᠷᠠᠯᠵᠢᠶ᠎ᠠ ᠥᠷᠨᠢᠭᠦᠯᠬᠦ᠌ ᠵᠢ ᠵᠢᠯᠣᠭᠣᠳᠴᠤ᠌ ᠂ 《ᠦᠬᠠᠶ ᠬᠣᠲᠠ ᠶ᠋ᠢᠨ ᠤᠰᠤᠨ ᠤ᠋ ᠡᠷᠬᠡ ᠶ᠋ᠢᠨ ᠠᠷᠠᠯᠵᠢᠶ᠎ᠠ ᠶ᠋ᠢᠨ ᠬᠡᠷᠡᠭ᠌ᠵᠢᠭᠦᠯᠬᠦ᠌ ᠠᠷᠭ᠎ᠠ》  ᠵᠢ ᠳᠠᠷᠤᠮᠠᠯᠯᠠᠨ ᠲᠠᠷᠬᠠᠭᠠᠵᠤ᠂ ᠤᠰᠤᠨ ᠤ᠋ ᠡᠷᠬᠡ ᠶ᠋ᠢᠨ ᠠᠷᠠᠯᠵᠢᠶ᠎ᠠ ᠵᠢ ᠨᠡᠢᠲᠡ 16 ᠬᠤᠪᠢ ᠥᠷᠨᠢᠭᠦᠯᠵᠦ᠍᠂ ᠠᠷᠠᠯᠵᠢᠶᠠᠯᠠᠭ᠍ᠰᠠᠨ ᠤᠰᠤᠨ ᠤ᠋ ᠬᠡᠮᠵᠢᠶ᠎ᠡ ᠨᠢ 1765 ᠲᠦᠮᠡᠨ ᠪᠣᠰᠣᠭ᠎ᠠ ᠳᠥᠷᠪᠡᠯᠵᠢᠨ ᠮᠧᠲ᠋ᠷ ᠬᠦᠷᠴᠦ᠂ ᠤᠰᠤᠨ ᠤ᠋ ᠡᠬᠢ ᠪᠠᠶᠠᠯᠢᠭ ᠢ᠋ ᠪᠦᠲᠦᠮᠵᠢᠲᠡᠶ ᠠᠮᠢᠯᠠᠭᠤᠯᠤᠭ᠍ᠰᠠᠨ ᠪᠠᠢᠨ᠎ᠠ᠃

 3 ᠰᠠᠷ᠎ᠠ ᠶ᠋ᠢᠨ 7  ᠤ᠋ ᠡᠳᠦᠷ᠂ ᠦᠬᠠᠶ ᠬᠣᠲᠠ ᠶ᠋ᠢᠨ 2025 ᠣᠨ ᠤ᠋ ᠠᠷᠠᠯᠵᠢᠶᠠᠴᠢᠨ ᠤᠷᠢᠵᠤ ᠪᠠᠯᠠ ᠮᠦᠡᠭᠬᠦ ᠤᠷᠤᠭᠤᠯᠤᠨ ᠠᠪᠴᠢᠷᠠᠬᠤ ᠭᠤᠤᠯᠳᠠᠯᠭ᠎ᠠ ᠲᠠᠢ ᠲᠥᠷᠥᠯ ᠵᠦᠶ᠋ᠯ ᠤ᠋ᠨ ᠲᠥᠪᠯᠡᠷᠡᠭᠦᠯᠦᠨ ᠭᠡᠷ᠎ᠡ ᠲᠣᠭ᠍ᠲᠠᠬᠤ ᠶᠣᠰᠣᠯᠠᠯ ᠳᠡᠭᠡᠷ᠎ᠡ᠂ 23 ᠲᠥᠷᠥᠯ ᠵᠦᠶ᠋ᠯ ᠤ᠋ᠨ ᠭᠡᠷ᠎ᠡ ᠲᠣᠭ᠍ᠲᠠᠵᠤ᠂ ᠭᠡᠷ᠎ᠡ ᠲᠣᠭ᠍ᠲᠠᠭ᠍ᠰᠠᠨ ᠪᠥᠬᠥ᠌ ᠵᠣᠭᠣᠰ ᠤ᠋ᠨ ᠲᠣᠭ᠎ᠠ 164.65 ᠳ᠋ᠦᠩᠱᠢᠭᠤᠷ ᠲᠥᠭᠥᠷᠢᠭ ᠲᠦ᠍ ᠬᠦᠷᠴᠡᠶ᠃ ᠡᠲᠡᠭᠡᠷ ᠲᠥᠷᠥᠯ ᠵᠦᠶ᠋ᠯ ᠨᠢ ᠲᠣᠨᠣᠭ ᠲᠥᠬᠥᠭᠡᠷᠦᠮᠵᠢ ᠦᠶ᠋ᠯᠡᠳᠬᠦ᠌᠂ ᠣᠲᠣ ᠦᠶ᠎ᠡ ᠶ᠋ᠢᠨ ᠨᠡᠭᠦᠷᠡᠰᠦ ᠬᠢᠮᠢ ᠶ᠋ᠢᠨ ᠠᠵᠤ ᠦᠶ᠋ᠯᠡᠳᠪᠦᠷᠢ᠂ ᠲᠡᠮᠦᠷᠯᠢᠭ ᠬᠠᠢᠯᠤᠭᠤᠯᠬᠤ ᠪᠠᠷᠢᠯᠭ᠎ᠠ ᠶ᠋ᠢᠨ ᠮᠠᠲ᠋ᠧᠷᠢᠶᠠᠯ᠂ ᠨᠠᠷᠢᠯᠢᠭ ᠬᠢᠮᠢ ᠶ᠋ᠢᠨ ᠠᠵᠤ ᠦᠶ᠋ᠯᠡᠳᠪᠦᠷᠢ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠣᠲᠣ ᠦᠶ᠎ᠡ ᠶ᠋ᠢᠨ ᠦᠶ᠋ᠯᠡᠴᠢᠯᠡᠭᠡᠨ ᠤ᠋ ᠦᠶ᠋ᠯᠡᠰ᠂ ᠤᠢᠷ᠎ᠠ ᠤᠬᠲᠠᠷᠭᠤᠢ ᠶ᠋ᠢᠨ ᠠᠵᠤ ᠠᠬᠤᠶ ᠵᠡᠷᠭᠡ ᠣᠯᠠᠨ ᠬᠦᠷᠢᠶᠡᠨ ᠳ᠋ᠤ ᠬᠣᠯᠪᠣᠭ᠍ᠳᠠᠵᠤ᠂ ᠦᠬᠠᠶ ᠬᠣᠲᠠ ᠶ᠋ᠢᠨ ᠠᠵᠤ ᠦᠶ᠋ᠯᠡᠰ ᠤ᠋ᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠱᠢᠭᠦᠯᠬᠦ᠌ ᠪᠠ ᠪᠦᠲᠦᠴᠡ ᠵᠢ ᠱᠢᠯᠢᠳᠡᠭ᠌ᠵᠢᠭᠦᠯᠦᠨ ᠲᠣᠬᠢᠷᠠᠭᠤᠯᠬᠤ ᠵᠢ ᠲᠦᠷᠭᠡᠳᠭᠡᠵᠦ᠍᠂ ᠡᠬᠢ ᠪᠠᠶᠠᠯᠢᠭ ᠤ᠋ᠨ ᠬᠡᠯᠪᠡᠷᠢ ᠶ᠋ᠢᠨ ᠬᠣᠲᠠ ᠶ᠋ᠢᠨ ᠬᠡᠯᠪᠡᠷᠢ ᠪᠠᠨ ᠬᠤᠪᠢᠷᠠᠭᠤᠯᠬᠤ ᠳ᠋ᠤ ᠠᠬᠢᠭᠤᠯᠬᠤ ᠦᠢᠯᠡᠳᠤᠯ ᠦᠵᠡᠬᠦᠯᠵᠤ᠂ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠪᠡ᠃ ᠲᠥᠪᠯᠡᠷᠡᠭᠦᠯᠦᠨ ᠭᠡᠷ᠎ᠡ ᠲᠣᠭ᠍ᠲᠠᠬᠤ ᠶᠣᠰᠣᠯᠠᠯ ᠳᠡᠭᠡᠷ᠎ᠡ᠂ ᠦᠬᠠᠶ ᠬᠣᠲᠠ ᠶ᠋ᠢᠨ ᠵᠠᠰᠠᠭ ᠤ᠋ᠨ ᠣᠷᠳᠣᠨ ᠤ᠋ ᠭᠤᠤᠯ ᠬᠠᠷᠢᠭᠤᠴᠠᠯᠭᠠᠲᠠᠨ ᠨᠠᠩ ᠴᠤ᠌ ᠲᠥᠪ ᠴᠢᠩᠭ᠎ᠠ ᠪᠡᠷ ᠣᠪᠣᠷ ᠢ᠋ᠶ᠋ᠡᠨ ᠢᠯᠡᠳᠭᠡᠵᠦ᠍᠂ ᠠᠵᠤ ᠠᠬᠤᠢᠯᠠᠯ ᠢ᠋ ᠲᠡᠳᠭᠦᠬᠦ ᠠᠵᠢᠯᠯᠠᠭ᠎ᠠ ᠵᠢ ᠭᠦᠨᠵᠡᠭᠡᠶ ᠬᠡᠷᠡᠭ᠌ᠵᠢᠭᠦᠯᠵᠦ᠍᠂ ᠠᠵᠤ ᠠᠬᠤᠢᠯᠠᠯ ᠳ᠋ᠤ ᠲᠥᠷᠥ ᠶ᠋ᠢᠨ ᠪᠣᠳᠣᠯᠭ᠎ᠠ ᠶ᠋ᠢᠨ ᠠᠰᠢᠭ ᠢ᠋ ᠰᠢᠭᠤᠳ ᠡᠳ᠋ᠯᠡᠬᠦᠯᠬᠦ ᠪᠠ ᠠᠵᠤ ᠠᠬᠤᠢᠯᠠᠯ ᠤ᠋ᠨ ᠬᠦᠰᠡᠯ ᠱᠠᠭᠠᠷᠳᠠᠯᠭ᠎ᠠ ᠵᠢ ᠲᠦᠷᠭᠡᠨ ᠪᠠᠶᠠᠯᠠᠬᠦᠯᠬᠦ ᠲᠣᠭ᠍ᠲᠠᠴᠠ ᠵᠢ ᠲᠡᠭᠦᠯᠳᠡᠷᠵᠢᠭᠦᠯᠵᠦ᠍᠂ ᠠᠵᠤ ᠠᠬᠤᠢᠯᠠᠯ ᠢ᠋ ᠲᠡᠳᠭᠦᠨ ᠬᠦᠴᠢᠷᠳᠡᠯ ᠢ᠋ ᠨᠢ ᠱᠢᠶ᠋ᠳᠪᠦᠷᠢᠯᠡᠬᠦ᠌ ᠡᠯ᠎ᠡ ᠵᠦᠶ᠋ᠯ ᠤ᠋ᠨ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠠᠢᠲᠤᠷ ᠨᠠᠢᠳᠠᠪᠤᠷᠢᠵᠢᠭᠤᠯᠵᠤ᠂ ᠠᠵᠤ ᠠᠬᠤᠢᠯᠠᠯ ᠢ᠋ ᠢᠲᠡᠭᠡᠯ ᠵᠤᠷᠢᠭ ᠲᠡᠭᠦᠯᠳᠡᠷ ᠢ᠋ᠶ᠋ᠡᠷ ᠦᠬᠠᠢ ᠳ᠋ᠤ ᠪᠡᠯᠡ ᠤᠷᠤᠭᠤᠯᠬᠤ ᠪᠤᠯᠭᠠᠨ᠎ᠠ ᠭᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号