ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠱᠢᠨᠵᠢᠯᠡᠬᠦ᠌ ᠤᠬᠠᠭᠠᠨᠴᠢ᠎ᠪᠠᠷ ᠠᠷᠭ᠎ᠠ ᠪᠣᠳᠣᠯᠭ᠎ᠠ ᠬᠡᠷᠡᠭ᠌ᠵᠢᠭᠦᠯᠵᠦ ᠠᠯᠠᠱᠠ ᠠᠢᠮᠠᠭ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠳᠤᠮᠳᠠ ᠨᠣᠭᠣᠭᠠᠷᠠᠭᠤᠯᠬᠤ ᠪᠠ ᠪᠠᠶᠠᠵᠢᠭᠤᠯᠬᠤ᠎ᠶ᠋ᠢ ᠵᠡᠷᠭᠡ᠎ᠪᠡᠷ ᠪᠡᠶᠡᠯᠡᠭᠦᠯᠬᠦ᠌ ᠵᠠᠮ᠎ᠢ ᠬᠠᠢᠨ ᠰᠦᠪᠡᠭ᠌ᠴᠢᠯᠡᠵᠦ ᠪᠤᠢ
2025-03-28 16:23:36
ᠵᠣᠬᠢᠶᠠᠭ᠍ᠴᠢ᠄
ᠯᠢᠦ ᠬᠤᠩ ᠵᠠᠩ
ᠣᠩᠱᠢᠭ᠍ᠰᠠᠨ ᠣᠳᠠᠭ᠎ᠠ᠄
★★★☆☆

ᠭᠤᠷᠪᠡᠨ ᠰᠠᠷ᠎ᠠ᠎ᠶ᠋ᠢᠨ ᠠᠯᠠᠱᠠ᠎ᠨᠤᠳᠤᠭ ᠲᠸ᠋ ᠤᠷᠢᠬᠠᠨ ᠬᠠᠪᠤᠷ᠎ᠰᠠᠭᠠᠳᠠᠵᠦ᠂ ᠬᠠᠮᠤᠭ ᠪᠤᠳᠠᠰ ᠲᠦᠯᠵᠢᠵᠦ ᠬᠠᠭᠳᠠ ᠵᠢᠨ ᠨᠤᠭᠤᠭ᠎ᠠ ᠴᠤᠬᠤᠢᠵᠤ᠂ ᠶᠠᠭ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠶ᠋ᠢ ᠵᠠᠰᠠᠬᠤ ᠪᠠ ᠮᠣᠳᠣ ᠳᠠᠷᠢᠵᠤ ᠣᠢᠵᠢᠭᠤᠯᠬᠤ ᠰᠠᠢᠬᠠᠨ ᠴᠠᠭ ᠪᠣᠯᠪᠠ᠃

ᠨᠦᠭᠡ ᠮᠠᠯᠳᠠᠨ ᠴᠢᠬᠢ ᠰᠠᠭᠤᠯᠭᠠᠵᠤ᠂ ᠤᠰᠤᠯᠠᠵᠤ ᠲᠤᠭᠳᠠᠪᠦᠷᠢᠵᠢᠭᠤᠯᠤᠨ᠎ᠠ᠃ 3 ᠰᠠᠷ᠎ᠠ᠎ᠶ᠋ᠢᠨ 19 ᠎ᠤ᠋ ᠡᠳᠦᠷ᠂ ᠰᠤᠷᠪᠤᠯᠵᠢᠯᠠᠭ᠍ᠴᠢ ᠠᠯᠠᠱᠠ ᠵᠡᠭᠦᠨ ᠬᠣᠱᠢᠭᠤᠨ᠎ᠤ ᠲᠤᠩᠭᠠᠯᠠᠭ ᠨᠠᠭᠤᠷ ᠭᠠᠴᠠᠭᠠᠨ᠎ᠤ ᠪᠥᠬᠥ᠌ ᠠᠷᠠᠳ᠎ᠤᠨ ᠠᠯᠪᠠᠨ ᠵᠢᠷᠤᠮ᠎ᠤᠨ ᠡᠯᠡᠰᠦ᠎ᠶ᠋ᠢ ᠵᠠᠰᠠᠵᠤ ᠮᠣᠳᠣ ᠳᠠᠷᠢᠬᠤ ᠠᠬᠤᠶ ᠲᠠᠯᠠᠪᠠᠶ᠎ᠳᠤ ᠬᠦᠷᠴᠦ᠍᠂ ᠺᠠᠳ᠋ᠷ ᠠᠵᠢᠯᠲᠠᠨ᠎ᠤ ᠣᠷᠭᠢᠯᠤᠮ᠎ᠠ ᠬᠠᠯᠠᠭᠤᠨ ᠰᠡᠳᠭᠢᠯᠭᠡ᠂ ᠡᠷᠴᠢ ᠵᠣᠷᠢᠭ ᠲᠡᠭᠦᠯᠳᠡᠷ ᠪᠠᠢᠬᠤ ᠎ᠶ᠋ᠢ ᠣᠯᠵᠤ ᠬᠠᠷᠠᠪᠠ᠃ 《ᠡᠨᠡ ᠵᠢᠯ ᠪᠦᠬᠦ᠌ ᠠᠢᠮᠠᠭ᠎ᠵᠢᠠᠷ ᠵᠢᠠᠨ 85.6 ᠲᠦᠮᠡᠨ ᠰᠠᠭᠤᠷᠢ ᠠᠯᠪᠠᠨ ᠵᠢᠷᠤᠮ᠎ᠤᠨ ᠮᠣᠳᠣ ᠲᠠᠷᠢᠬᠤ᠎ᠪᠠᠷ ᠲᠥᠯᠥᠪᠯᠡᠵᠦ᠍ ᠪᠤᠢ᠃ ᠠᠯᠠᠱᠠ ᠵᠡᠭᠦᠨ ᠬᠣᠱᠢᠭᠤ᠂ ᠠᠯᠠᠱᠠ ᠪᠠᠷᠠᠭᠤᠨ ᠬᠣᠱᠢᠭᠤ᠂ ᠡᠵᠡᠨ᠎ᠡ ᠬᠣᠱᠢᠭᠤ ᠪᠠᠰᠠ ᠲᠤᠰ ᠪᠦᠷᠢ ᠬᠡᠪᠴᠢᠶ᠎ᠡ ᠨᠢ 2000 ᠮᠦ᠍᠎ᠡᠴᠡ ᠳᠤᠤᠷ᠎ᠠ ᠦᠭᠡᠢ ᠪᠦᠬᠦ᠌ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ ᠰᠠᠭᠤᠷᠢᠨ ᠪᠠᠢᠭᠤᠯᠵᠤ᠂ ᠬᠤᠶᠠᠷᠬᠤᠳᠳᠤᠭ ᠤ᠋ᠨ ᠠᠮᠢ ᠠᠬᠤᠢ᠎ᠶ᠋ᠢᠨ ᠨᠡᠭᠦᠳᠡᠯ ᠠᠷᠠᠳ᠎ᠤᠨ ᠵᠢᠱ᠌ᠢᠶ᠎ᠡ ᠦᠵᠡᠭᠦᠯᠬᠦ᠌ ᠲᠤᠭᠤᠷᠢᠭ᠂ ᠠᠯᠠᠱᠠ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠭᠡᠭᠡᠯᠲᠡ᠎ᠶ᠋ᠢᠨ ᠲᠤᠭᠤᠷᠢᠭ᠎ᠤᠨ ᠬᠢᠨ ᠬᠡᠪᠴᠢᠶ᠎ᠡ ᠨᠢ 500 ᠮᠦ᠍᠎ᠡᠴᠡ ᠳᠤᠤᠷ᠎ᠠ ᠦᠭᠡᠢ ᠪᠦᠬᠦ᠌ ᠠᠷᠠᠳ᠎ᠤᠨ ᠠᠯᠪᠠᠨ ᠵᠢᠷᠤᠮ᠎ᠤᠨ ᠮᠣᠳᠣ ᠲᠠᠷᠢᠬᠤ ᠰᠠᠭᠤᠷᠢᠨ᠎ᠢ 1 ᠪᠠᠢᠭᠤᠯᠬᠤ᠎ᠪᠠᠷ ᠲᠥᠯᠥᠪᠯᠡᠵᠦ᠍ ᠪᠤᠢ》 ᠭᠡᠵᠦ᠍ ᠠᠯᠠᠱᠠ ᠠᠢᠮᠠᠭ᠎ᠤᠨ ᠣᠶ ᠱᠢᠭᠤᠶ ᠨᠤᠲᠤᠭ ᠪᠡᠯᠴᠢᠭᠡᠷ᠎ᠦᠨ ᠲᠣᠪᠴᠢᠶᠠᠨ᠎ᠤ ᠳᠠᠷᠤᠭ᠎ᠠ ᠲᠥᠪᠱᠢᠨ ᠰᠤᠷᠪᠤᠯᠵᠢᠯᠠᠭ᠍ᠴᠢ᠎ᠳᠤ ᠬᠡᠯᠡᠪᠡ᠃

ᠠᠯᠠᠱᠠ ᠠᠢᠮᠠᠭ᠎ᠤᠨ ᠬᠢᠯᠢ ᠳ᠋ᠤ᠂ ᠲᠩᠷᠢ᠂ ᠪᠠᠳᠠᠢ᠎ᠶ᠋ᠢᠨ ᠵᠢᠷᠠᠨ᠂ ᠤᠯᠠᠭᠠᠨᠪᠤᠬ᠎ᠠ ᠭᠤᠷᠪᠠᠨ ᠶᠡᠬᠡ ᠡᠯᠡᠰᠦᠨ ᠴᠥᠯ ᠬᠥᠨᠳᠡᠯᠢᠰᠴᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠴᠢᠬᠤᠯᠠ ᠪᠦᠷᠢᠯᠳᠦᠬᠦᠨ ᠬᠡᠰᠡᠭ ᠮᠥᠨ᠂ ᠤᠯᠤᠰ᠎ᠤᠨ《ᠭᠤᠷᠪᠠᠨ ᠣᠷᠣᠨ ᠳᠥᠷᠪᠡᠨ ᠪᠦᠰᠡ》 ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠦ ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠯ᠎ᠤᠨ ᠳᠤᠮᠳᠠᠳᠤ ᠤᠷᠤᠨ ᠤᠮᠠᠷᠠᠲᠤ᠎ᠤᠷᠤᠨ ᠤ᠋ ᠡᠯᠡᠰᠦ᠎ᠶ᠋ᠢ ᠰᠡᠷᠭᠡᠢᠯᠡᠬᠦ᠌ ᠪᠦᠰᠡ᠎ᠶ᠋ᠢᠨ ᠭᠤᠤᠯᠳᠠᠯᠭ᠎ᠠ᠎ᠲᠠᠶ ᠵᠠᠰᠠᠯᠲᠠ᠎ᠶ᠋ᠢᠨ ᠣᠷᠣᠨ ᠮᠥᠨ᠂ ᠪᠠᠰᠠ ᠴᠤ᠌ ᠮᠠᠨ᠎ᠤ ᠤᠯᠤᠰ᠎ᠤᠨ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠣᠷᠣᠨ ᠮᠥᠨ᠂ 《ᠤᠮᠠᠷᠠᠲᠤ ᠵᠢᠨ ᠭᠤᠷᠪᠠᠨ ᠤᠷᠤᠨ》 ᠤ᠋ ᠵᠢᠷᠭᠤᠳᠤᠭᠠᠷ ᠬᠤᠭᠤᠴᠠᠭᠠᠨ᠎ᠤ ᠢᠨᠵᠧᠨᠧᠷᠢᠩ᠎ᠳᠦ ᠬᠠᠲᠤᠨ ᠭᠤᠤᠯ᠎ᠤᠨ《 ᠶᠡᠬᠡ ᠲᠤᠬᠤᠢ》 ᠵᠢᠨ ᠤᠷᠤᠨ ᠤ᠋ ᠪᠣᠭᠣᠮᠲᠠ ᠱᠢᠪᠲᠤᠯᠬᠤ ᠳᠠᠢᠯᠠᠯᠳᠤᠭᠠᠨ ᠪᠠ ᠬᠠᠲᠤᠨ ᠭᠤᠤᠯ᠎ᠤᠨ ᠪᠠᠷᠠᠭᠤᠨ ᠬᠣᠩᠭᠢᠯ — ᠲᠠᠺᠯᠢᠮᠠᠺᠠᠨ ᠡᠯᠡᠰᠦᠨ ᠴᠥᠯ᠎ᠦᠨ ᠬᠥᠪᠡᠭᠡᠨ᠎ᠳᠡᠬᠢ ᠬᠣᠷᠢᠭ᠍ᠯᠠᠯᠳᠠ ᠵᠢᠨ ᠳᠠᠢᠯᠠᠯᠳᠤᠭᠠᠨ᠎ᠤ ᠬᠣᠶᠠᠷ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠤ ᠡᠭᠦᠷᠭᠡ᠎ᠶ᠋ᠢ ᠡᠭᠦᠷᠭᠡᠯᠡᠵᠦ᠍ ᠪᠠᠢᠳᠠᠭ᠃ 2 ᠰᠠᠷ᠎ᠠ᠎ᠶ᠋ᠢᠨ 28 ᠎ᠤ᠋ ᠡᠳᠦᠷ ᠲᠣᠰ ᠠᠢᠮᠠᠭ᠎ᠤᠨ 2025 ᠣᠨ᠎ᠤ 《ᠤᠮᠠᠷᠠᠲᠤ ᠵᠢᠨ ᠭᠤᠷᠪᠠᠨ ᠤᠷᠤᠨ》 ᠤ᠋ ᠵᠢᠷᠭᠤᠳᠤᠭᠠᠷ ᠬᠤᠭᠤᠴᠠᠭᠠᠨ᠎ᠤ ᠢᠨᠵᠧᠨᠧᠷᠢᠩ᠎ᠦᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠲᠥᠷᠥᠯ ᠵᠦᠶ᠋ᠯ ᠵᠢᠴᠢ ᠭᠤᠷᠪᠠᠨ ᠶᠡᠬᠡ ᠡᠯᠡᠰᠦᠨ ᠴᠥᠯ᠎ᠦᠨ ᠵᠠᠬ᠎ᠠ᠎ᠶᠢ ᠨᠢ ᠬᠤᠮᠢᠨ ᠵᠠᠰᠠᠬᠤ ᠣᠶ   ᠮᠤᠳᠤ ᠡᠪᠡᠰᠦᠨ᠎ᠤ  ᠪᠦᠰᠡ᠎ᠶ᠋ᠢᠨ ᠬᠠᠮᠲᠤᠷᠠᠭ᠍ᠰᠠᠨ ᠳᠠᠢᠯᠠᠯᠳᠤᠭᠠᠨ ᠡᠬᠢᠯᠡᠬᠦ᠌᠎ᠶ᠋ᠢ ᠳᠠᠭᠠᠯᠳᠤᠨ᠂ ᠲᠣᠰ ᠠᠢᠮᠠᠭ ᠪᠥᠬᠥ᠌ ᠵᠢᠯ᠎ᠦᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ᠂ ᠤᠯᠤᠰ᠎ᠤᠨ ᠨᠤᠲᠤᠭ ᠳᠡᠪᠢᠰᠭᠡᠷ᠎ᠢ ᠨᠣᠭᠣᠭᠠᠷᠠᠭᠤᠯᠬᠤ ᠳᠠᠢᠯᠠᠯᠳᠤᠭᠠᠨ᠎ᠢ ᠡᠬᠢᠯᠡᠭᠦᠯᠪᠡ᠃

ᠤᠯᠤᠰ᠎ᠤᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠭᠤᠤᠯ ᠵᠢᠭ᠍ᠰᠠᠭᠠᠯ᠎ᠤᠨ ᠭᠠᠵᠠᠷ ᠪᠣᠯᠤᠭ᠍ᠰᠠᠨ᠎ᠤ ᠬᠤᠪᠢ᠎ᠳᠤ᠂ ᠠᠯᠠᠱᠠ ᠠᠢᠮᠠᠭ ᠡᠨᠡ ᠵᠢᠯ 《ᠵᠢᠷᠭᠤᠭᠠᠨ ᠢᠨᠵᠧᠨᠧᠷᠢᠩ》 ᠢ᠋ ᠦᠷᠭᠦᠯᠵᠢᠯᠡᠨ ᠬᠡᠷᠡᠭ᠌ᠵᠢᠭᠦᠯᠵᠦ᠍᠂《ᠵᠢᠷᠭᠤᠭᠠᠨ ᠠᠵᠢᠯᠯᠠᠭ᠎ᠠ》 ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂《ᠤᠮᠠᠷᠠᠲᠤ ᠵᠢᠨ ᠭᠤᠷᠪᠠᠨ ᠤᠷᠤᠨ》ᠤ᠋ ᠵᠢᠷᠭᠤᠳᠤᠭᠠᠷ ᠬᠤᠭᠤᠴᠠᠭᠠᠨ᠎ᠤ ᠢᠨᠵᠧᠨᠧᠷᠢᠩ᠎ᠢᠶᠡᠷ ᠵᠢᠯᠣᠭᠣᠳᠤᠮᠵᠢ ᠪᠣᠯᠭᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠱᠢᠰᠲ᠋ᠧᠮ᠎ᠲᠡᠶ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠵᠦ᠍᠂《ᠤᠮᠠᠷᠠᠲᠤ ᠵᠢᠨ ᠭᠤᠷᠪᠠᠨ ᠤᠷᠤᠨ》 ᠤ᠋ ᠵᠢᠷᠭᠤᠳᠤᠭᠠᠷ ᠬᠤᠭᠤᠴᠠᠭᠠᠨ᠎ᠤ ᠢᠨᠵᠧᠨᠧᠷᠢᠩ᠎ᠦᠨ 11 ᠲᠥᠷᠥᠯ ᠵᠦᠶ᠋ᠯ᠎ᠢ ᠠᠬᠢᠭᠤᠯᠬᠤ ᠎ᠪᠠᠷ ᠲᠥᠯᠥᠪᠯᠡᠵᠦ᠍᠂ ᠪᠥᠲᠥᠭᠡᠨ ᠪᠠᠢᠭᠤᠯᠬᠤ ᠡᠭᠦᠷᠭᠡ 343.77 ᠲᠦᠮᠡᠨ ᠮᠤ᠌᠎ᠳᠦ ᠬᠦᠷᠴᠦ᠍᠂ ᠶᠡᠷᠦᠩᠬᠡᠶ ᠪᠠᠯᠠ ᠣᠷᠣᠭᠤᠯᠤᠯᠲᠠ 37.25 ᠳ᠋ᠦᠩᠱᠢᠭᠤᠷ ᠲᠥᠭᠥᠷᠢᠭ᠎ᠲᠦ ᠬᠦᠷᠬᠦ ᠪᠤᠯᠤᠨ᠎ᠠ᠃ 《ᠠᠯᠠᠱᠠ ᠠᠢᠮᠠᠭ᠎ᠤᠨ ᠣᠯᠠᠨ ᠵᠢᠯ᠎ᠦᠨ ᠴᠥᠬᠥᠷᠡᠰᠢ ᠥᠬᠡᠶ ᠴᠢᠷᠮᠠᠢᠯᠭ᠎ᠠ᠎ᠪᠠᠷ ᠳᠡᠮᠵᠢᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠰᠠᠨ ᠲᠠᠯᠠᠪᠠᠶ 1 ᠳ᠋ᠦᠩᠱᠢᠭᠤᠷ ᠱᠢᠬᠠᠮ ᠮᠤ᠌᠎ᠳᠦ ᠬᠦᠷᠴᠡᠶ᠃ ᠢᠯᠠᠩᠭᠤᠶ᠎ᠠ 2024 ᠣᠨ ᠳ᠋ᠤ᠂ 1 ᠵᠢᠯ᠎ᠦᠨ ᠡᠯᠡᠰᠦ ᠵᠠᠰᠠᠭ᠍ᠰᠠᠨ ᠬᠡᠮᠵᠢᠶ᠎ᠡ ᠥᠩᠭᠡᠷᠡᠭ᠌ᠰᠡᠨ 5 ᠵᠢᠯ᠎ᠦᠨ ᠶᠡᠷᠦᠩᠬᠡᠶ ᠬᠡᠮᠵᠢᠶ᠎ᠡ᠎ᠲᠡᠶ ᠲᠡᠩᠴᠡᠵᠦ᠍᠂  ᠭᠤᠷᠪᠠᠨ ᠶᠡᠬᠡ ᠡᠯᠡᠰᠦᠨ ᠴᠥᠯ᠎ᠦᠨ ᠬᠥᠪᠡᠭᠡ ᠵᠠᠬ᠎ᠠ᠎ᠪᠠᠷ ᠨᠢᠭᠡᠨᠲᠡ ᠨᠣᠭᠣᠭᠠᠨ ᠰᠡᠷᠭᠡᠢᠯᠡᠯᠲᠡ᠎ᠶ᠋ᠢᠨ ᠱᠤᠭᠤᠮ ᠪᠠᠢᠭᠤᠯᠵᠤ᠂ ᠪᠦᠰᠡᠯᠡᠯᠲᠡ᠎ᠶ᠋ᠢᠨ ᠪᠠᠢᠳᠠᠯ᠎ᠢ ᠪᠣᠶ ᠪᠣᠯᠭᠠᠪᠠ᠃ ᠡᠨᠡ ᠵᠢᠯ ᠥᠩᠭᠡᠷᠡᠭ᠌ᠰᠡᠨ ᠵᠢᠯ᠎ᠦᠳ᠎ᠦᠨ ᠵᠠᠰᠠᠯᠲᠠ᠎ᠶ᠋ᠢᠨ ᠰᠠᠭᠤᠷᠢᠨ ᠳᠡᠭᠡᠷ᠎ᠡ᠂ ᠪᠦᠰᠡᠯᠡᠯᠲᠡ᠎ᠶ᠋ᠢᠨ ᠬᠠᠮᠤᠭ᠎ᠤᠨ ᠡᠴᠦᠰ᠎ᠦᠨ ᠳᠤᠲᠠᠭᠤᠳᠠᠯ᠎ᠢ ᠨᠥᠬᠥᠪᠥᠷᠢᠯᠡᠵᠦ᠍᠂ 1856 ᠺᠢᠯᠤᠮᠸᠲᠷ᠎ᠤᠨ ᠡᠯᠡᠰᠦᠷᠬᠡᠭᠵᠢᠯ ᠢ᠋ ᠰᠡᠷᠭᠡᠢᠯᠡᠵᠦ᠍ ᠡᠯᠡᠰᠦ᠎ᠶ᠋ᠢ ᠬᠣᠷᠢᠭ᠍ᠯᠠᠬᠤ ᠪᠦᠰᠡ᠎ᠪᠡᠷ ᠭᠤᠷᠪᠠᠨ ᠶᠡᠬᠡ ᠡᠯᠡᠰᠦᠨ ᠴᠦᠯ᠎ᠢ ᠴᠢᠩᠭ᠎ᠠ ᠪᠦᠰᠡᠯᠡᠵᠦ᠍᠂ ᠪᠠᠲᠤ ᠣᠨᠢᠰᠤᠯᠠᠨ᠎ᠡ 》 ᠭᠡᠵᠦ᠍ ᠲᠥᠪᠱᠢᠨ ᠬᠡᠯᠡᠪᠡ᠃       

ᠠᠯᠠᠱᠠ ᠠᠢᠮᠠᠭ ᠤᠯᠠᠨ ᠵᠢᠯ᠎ᠦᠨ ᠲᠤᠷᠱᠢᠬᠢ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠶᠡᠷᠦᠩᠬᠡᠢᠯᠡᠭ᠌ᠰᠡᠨ ᠵᠠᠰᠠᠯᠲᠠ᠎ᠪᠠᠷ ᠳᠠᠮᠵᠢᠨ᠂ 《ᠬᠥᠮᠦᠨ ᠤᠬᠤᠷᠢᠵᠤ ᠨᠣᠭᠣᠭᠠᠷᠠᠭᠤᠯᠤᠯᠲᠠ ᠤᠷᠤᠭ᠍ᠰᠢᠯᠠᠬᠤ᠂ ᠲᠠᠷᠢᠬᠤ ᠲᠡᠵᠢᠭᠡᠬᠦ᠌᠎ᠶ᠋ᠢ ᠤᠶᠠᠯᠳᠤᠭᠤᠯᠬᠤ᠂ ᠱᠢᠨᠵᠢᠯᠡᠬᠦ᠌ ᠤᠬᠠᠭᠠᠨᠴᠢ᠎ᠪᠠᠷ ᠱᠢᠨ᠎ᠡ᠎ᠶ᠋ᠢ ᠡᠭᠦᠳᠬᠦ᠌᠂ ᠡᠪᠡᠳᠴᠢᠨ᠎ᠳᠦᠨᠢ ᠳᠤᠬᠢᠷᠠᠭᠤᠯᠤᠨ ᠠᠷᠭ᠎ᠠ ᠪᠤᠳᠤᠯᠭ᠎ᠠ ᠬᠡᠷᠡᠭ᠌ᠵᠢᠭᠦᠯᠬᠦ᠌᠂ ᠵᠠᠰᠠᠬᠤ ᠪᠡᠷ ᠠᠰᠢᠠᠠᠯᠠᠬᠤ᠎ᠶᠢ ᠠᠬᠢᠭᠤᠯᠬᠤ᠂ ᠠᠰᠢᠠᠠᠯᠠᠬᠤ᠎ᠪᠡᠷ ᠵᠠᠰᠠᠬᠤ᠎ᠶ᠋ᠢ ᠠᠬᠢᠭᠤᠯᠬᠤ᠂ ᠵᠠᠰᠠᠭ᠎ᠤᠨ ᠣᠷᠳᠣᠨ ᠬᠦᠳᠦᠯᠦᠨ ᠳᠠᠭᠠᠭᠤᠯᠬᠤ᠂ ᠨᠡᠢᠭᠡᠮ ᠨᠡᠢᠲᠡ᠎ᠪᠡᠷ᠎ᠢᠶᠡᠨ ᠣᠷᠣᠯᠴᠠᠬᠤ᠂ ᠴᠤᠴᠠᠯᠲᠠ ᠦᠭᠡᠢ ᠪᠠᠷᠢᠮᠲᠠᠯᠠᠬᠤ᠂ ᠴᠥᠬᠥᠷᠡᠰᠢ ᠦᠭᠡᠢ ᠴᠢᠷᠮᠠᠢᠬᠤ 》 ᠴᠦᠯᠯᠡᠷᠭᠡᠭ᠌ᠵᠢᠯ᠎ᠢ ᠵᠠᠰᠠᠬᠤ 《ᠠᠯᠠᠱᠠ᠎ᠶ᠋ᠢᠨ ᠵᠠᠭ᠍ᠪᠤᠷ 》᠎ᠢ᠋ ᠰᠦᠪᠡᠭ᠌ᠴᠢᠯᠡᠨ ᠪᠦᠷᠢᠯᠳᠦᠭᠦᠯᠵᠡᠢ᠃ ᠪᠦᠬᠦ᠌ ᠠᠢᠮᠠᠭ᠎ᠤᠨ ᠠᠮᠢ ᠠᠬᠤᠶ ᠣᠷᠴᠢᠨ ᠲᠣᠭᠣᠷᠢᠨ 《 ᠪᠦᠬᠦᠯᠢ ᠴᠣᠭ᠍ᠴᠠ  ᠪᠡᠷ ᠮᠠᠭᠤᠵᠢᠷᠠᠵᠤ᠂ ᠬᠡᠰᠡᠭ ᠲᠠᠯ᠎ᠠ ᠨᠢ ᠠᠶᠤᠯ ᠶᠡᠬᠡᠲᠡᠶ 》 ᠪᠠᠢᠭ᠍ᠰᠠᠨ᠎ᠡᠴᠡ᠎ᠪᠠᠨ 《ᠪᠦᠬᠦᠯᠢ ᠴᠣᠭ᠍ᠴᠠ ᠪᠡᠷ ᠰᠠᠢᠵᠢᠷᠠᠵᠤ᠂ ᠲᠦᠷᠭᠡᠨ ᠰᠠᠢᠵᠢᠷᠠᠭ᠍ᠰᠠᠨ》 ᠲᠡᠦᠬᠡᠲᠦ ᠴᠢᠨᠠᠷᠲᠠᠶ ᠬᠤᠪᠢᠷᠠᠯᠲᠠ᠎ᠶ᠋ᠢ ᠪᠡᠶᠡᠯᠡᠭᠦᠯᠵᠦ᠍᠂ ᠭᠣᠣᠯᠳᠠᠯᠭ᠎ᠠ᠎ᠲᠠᠶ ᠣᠷᠣᠨ ᠪᠦᠰᠡ ᠨᠢ 《ᠡᠯᠡᠰᠦ ᠤᠷᠤᠭ᠍ᠰᠢᠯᠠᠵᠤ ᠬᠥᠮᠦᠨ ᠤᠬᠤᠷᠢᠬᠤ 》 ᠪᠠᠢᠭ᠍ᠰᠠᠨ᠎ᠡᠴᠡ᠎ᠪᠠᠨ 《 ᠨᠣᠭᠣᠭᠠᠷᠠᠭᠤᠯᠤᠯᠲᠠ ᠤᠷᠤᠭ᠍ᠰᠢᠯᠠᠵᠤ ᠡᠯᠡᠰᠦ ᠤᠬᠤᠷᠢᠭᠰᠠᠨ 》 ᠯᠤᠲᠤ ᠶᠡᠬᠡ ᠬᠤᠪᠢᠷᠠᠯᠲᠠ᠎ᠶ᠋ᠢ ᠪᠡᠶᠡᠯᠡᠭᠦᠯᠪᠡ᠃

2024 ᠣᠨ᠎ᠤ ᠡᠴᠦᠰ ᠪᠣᠯᠲᠠᠯ᠎ᠠ᠂ ᠠᠯᠠᠱᠠ ᠠᠢᠮᠠᠭ ᠨᠡᠢᠲᠡ 9603.45 ᠭᠠᠷᠤᠶ ᠲᠦᠮᠡᠨ ᠮᠥ᠍ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢ ᠶᠡᠷᠦᠩᠬᠡᠢᠯᠡᠨ ᠵᠠᠰᠠᠵᠤ᠂ ᠡᠭᠦᠨ᠎ᠳᠦ 2552.63 ᠲᠦᠮᠡᠨ ᠮᠥ᠍ ᠣᠢᠵᠢᠭᠤᠯᠵᠤ᠂ 10.73 ᠲᠦᠮᠡᠨ ᠮᠥ᠍ ᠡᠯᠡᠰᠦ᠎ᠶ᠋ᠢ ᠲᠣᠭ᠍ᠲᠠᠪᠤᠷᠢᠵᠢᠭᠤᠯᠵᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠭᠰᠠᠨ ᠲᠠᠯᠠᠪᠠᠢ 115.99 ᠲᠦᠮᠡᠨ ᠮᠥ᠍ ᠳ᠋ᠦ ᠬᠦᠷᠴᠦ᠂ 6924.1 ᠲᠦᠮᠡᠨ ᠮᠥ᠍ ᠳ᠋ᠦ ᠪᠡᠯᠴᠢᠭᠡᠷᠯᠡᠭᠦᠯᠬᠦ᠎ᠶ᠋ᠢ ᠵᠣᠭ᠍ᠰᠣᠭᠠᠵᠤ ᠪᠡᠯᠴᠢᠭᠡᠷ᠎ᠢ ᠰᠡᠷᠭᠦᠭᠡᠪᠡ᠃ ᠪᠥᠬᠥ᠌ ᠠᠢᠮᠠᠭ ᠎ᠤᠨ ᠨᠤᠲᠤᠭ ᠪᠡᠯᠴᠢᠭᠡᠷ ᠪᠠ ᠣᠶ ᠱᠢᠭᠤᠶ᠎ᠶ᠋ᠢᠨ ᠡᠬᠢ ᠪᠠᠶᠠᠯᠢᠭ᠎ᠤᠨ ᠶᠡᠷᠦᠩᠬᠡᠶ ᠲᠠᠯᠠᠪᠠᠶ ᠲᠣᠰ ᠲᠣᠰ 13552.05 ᠲᠦᠮᠡᠨ ᠮᠥ᠍ ᠪᠠ 3012.05 ᠲᠦᠮᠡᠨ ᠮᠤ᠌᠎ᠳᠦ ᠬᠦᠷᠴᠦ᠍᠂ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ ᠠᠢᠮᠠᠭ ᠪᠠᠢᠭᠤᠯᠤᠭ᠍ᠳᠠᠭ᠍ᠰᠠᠨ ᠡᠬᠢᠨ᠎ᠦ ᠦᠶ᠎ᠡ᠎ᠶ᠋ᠢᠨ 2.96% ᠪᠠᠢᠭ᠍ᠰᠠᠨ᠎ᠡᠴᠡ᠎ᠪᠠᠨ ᠨᠡᠮᠡᠭ᠌ᠳᠡᠭᠡᠳ ᠣᠲᠣ 8.42% ᠪᠣᠯᠵᠣ᠂ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ 15% ᠬᠥᠷᠬᠥ᠌ ᠥᠬᠡᠶ ᠪᠠᠢᠭ᠍ᠰᠠᠨ᠎ᠡᠴᠡ᠎ᠪᠠᠨ ᠣᠳᠣᠬᠠᠨ᠎ᠤ 23.18% ᠎ᠳ᠋ᠤ ᠬᠦᠷᠴᠡᠶ᠃ ᠭᠤᠷᠪᠠᠨ ᠶᠡᠬᠡ ᠡᠯᠡᠰᠦᠨ ᠴᠥᠯ᠎ᠦᠨ  ᠨᠡᠢᠯᠡᠬᠦ᠌  ᠬᠠᠨᠳᠤᠰᠢ᠎ᠶ᠋ᠢ ᠠᠮᠵᠢᠯᠲᠠ᠎ᠲᠠᠶ ᠬᠣᠷᠢᠭ᠍ᠯᠠᠵᠤ᠂ ᠲᠩᠷᠢ ᠡᠯᠡᠰᠦᠨ ᠴᠥᠯ᠎ᠦᠨ ᠵᠡᠭᠦᠨ ᠡᠮᠦᠨ᠎ᠡ ᠵᠠᠬ᠎ᠠ ᠪᠠ ᠤᠯᠠᠭᠠᠨᠪᠤᠬ᠎ᠠ ᠡᠯᠡᠰᠦᠨ ᠴᠥᠯ᠎ᠦᠨ ᠪᠠᠷᠠᠭᠤᠨ ᠡᠮᠦᠨ᠎ᠡ ᠵᠠᠬ᠎ᠠ᠎ᠳᠤ ᠬᠣᠶᠠᠷ ᠵᠤᠷᠪᠤᠰ ᠶᠡᠷᠦᠩᠬᠡᠶ ᠣᠷᠳᠣ ᠨᠢ 460 ᠺᠢᠯᠣᠮᠧᠲ᠋ᠷ᠂ ᠥᠷᠭᠡᠨ ᠨᠢ 3 — 20 ᠺᠢᠯᠣᠮᠧᠲ᠋ᠷ᠎ᠤᠨ ᠲᠣᠮᠣ ᠬᠡᠯᠪᠡᠷᠢ᠎ᠶ᠋ᠢᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠬᠤᠷᠢᠭᠯᠠᠬᠤ《 ᠵᠠᠬ᠎ᠠ᠎ᠵᠢ ᠨᠢ ᠬᠤᠮᠢᠨ ᠵᠠᠰᠠᠬᠤ᠌ 》 ᠪᠣᠰᠣᠭ᠎ᠠ ᠴᠣᠭ᠍ᠴᠠᠲᠤ ᠬᠠᠯᠬᠠᠪᠴᠢ ᠣᠶ ᠡᠪᠡᠰᠦᠨ ᠪᠦᠰᠡ᠎ᠶ᠋ᠢ ᠪᠣᠶ ᠪᠣᠯᠭᠠᠵᠤ᠂ 《ᠨᠣᠭᠣᠭᠠᠨ ᠪᠦᠰᠡ ᠪᠡᠷ ᠰᠢᠷᠭᠠᠯ ᠡᠯᠡᠰᠤ᠎ᠶᠢ ᠨᠤᠭᠲᠤᠯᠬᠤ 》 ᠰᠦᠷᠯᠢᠭ ᠰᠠᠢᠬᠠᠨ ᠦᠵᠡᠮᠵᠢ᠎ᠶ᠋ᠢ ᠪᠦᠷᠢᠯᠳᠤᠬᠦᠯᠪᠡ᠃

2025 ᠣᠨ᠎ᠳᠤ᠂ ᠠᠯᠠᠱᠠ ᠠᠢᠮᠠᠭ ᠥᠪᠥᠷ ᠮᠣᠩᠭᠣᠯ ᠨᠢᠩᠱᠢᠶᠠ᠂ ᠥᠪᠥᠷ ᠮᠣᠩᠭᠣᠯ ᠭᠠᠨᠰᠦ᠎ᠶ᠋ᠢᠨ ᠬᠢᠯᠢ ᠬᠢᠵᠠᠭᠠᠷ᠎ᠤᠨ ᠣᠷᠣᠨ ᠪᠦᠰᠡ᠎ᠶ᠋ᠢᠨ ᠲᠣᠭᠣᠷᠢᠨ᠎ᠳᠤ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠵᠠᠰᠠᠬᠤ ᠲᠥᠷᠥᠯ ᠵᠦᠶ᠋ᠯ᠎ᠢ ᠭᠤᠤᠯᠳᠠᠯᠭ᠎ᠠ᠎ᠲᠠᠶ ᠥᠷᠨᠢᠭᠦᠯᠵᠦ᠍᠂ ᠬᠣᠶᠠᠷ ᠶᠡᠬᠡ ᠰᠠᠭᠤᠷᠢᠨ᠎ᠢ ᠬᠦᠷᠢᠶᠡᠯᠡᠭᠰᠡᠨ ᠬᠠᠯᠬᠠᠪᠴᠢ ᠣᠶ ᠡᠪᠡᠰᠦᠨ᠎ᠤ ᠪᠦᠰᠡ᠎ᠶ᠋ᠢ ᠪᠠᠢᠭᠤᠯᠵᠤ᠂ ᠠᠮᠢ ᠠᠬᠤᠶ᠎ᠶ᠋ᠢᠨ ᠠᠮᠤᠷ ᠲᠦᠪᠱᠢᠨ᠎ᠢ ᠬᠠᠮᠠᠭᠠᠯᠠᠨ᠎ᠠ; ᠪᠠᠳᠠᠶ᠎ᠶ᠋ᠢᠨ ᠵᠢᠷᠠᠨ᠂ ᠲᠩᠷᠢ᠂ ᠤᠯᠠᠭᠠᠨᠪᠤᠬ᠎ᠠ ᠭᠤᠷᠪᠠᠨ ᠶᠡᠬᠡ ᠡᠯᠡᠰᠦᠨ ᠴᠥᠯ᠎ᠦᠨ ᠵᠠᠬ᠎ᠠ᠎ᠶ᠋ᠢ ᠨᠢ ᠬᠤᠮᠢᠨ ᠵᠠᠰᠠᠬᠤ ᠣᠶ ᠱᠢᠭᠤᠶ ᠡᠪᠡᠰᠦᠨ᠎ᠤ ᠪᠦᠰᠡ᠎ᠶ᠋ᠢᠨ ᠪᠥᠲᠥᠭᠡᠨ ᠪᠠᠢᠭᠤᠯᠤᠯᠲᠠ᠎ᠶ᠋ᠢ ᠦᠷᠭᠦᠯᠵᠢᠯᠡᠨ ᠪᠡᠬᠢᠵᠢᠭᠦᠯᠵᠦ᠍᠂ ᠡᠯᠡᠰᠦᠨ ᠴᠥᠯ᠎ᠦᠨ ᠵᠠᠬ᠎ᠠ᠎ᠶ᠋ᠢ ᠨᠢ ᠬᠤᠮᠢᠨ ᠵᠠᠰᠠᠬᠤ ᠬᠣᠭᠣᠰᠣᠨ ᠣᠷᠣᠨ᠎ᠢ ᠨᠥᠬᠥᠪᠥᠷᠢᠯᠡᠵᠦ᠍᠂ ᠭᠤᠷᠪᠠᠨ ᠶᠡᠬᠡ ᠡᠯᠡᠰᠦᠨ ᠴᠥᠯ᠎ᠦᠨ ᠡᠮᠦᠨᠡᠰᠢ ᠳᠦᠷᠢᠨ ᠵᠡᠭᠦᠨᠰᠢ ᠱᠢᠯᠵᠢᠬᠦ᠌᠂ ᠥᠷᠭᠡᠵᠢᠨ ᠨᠡᠢᠯᠡᠬᠦ᠌᠎ᠶᠢ ᠬᠤᠷᠢᠠᠠᠯᠠᠬᠤ ᠪᠤᠯᠤᠨ᠎ᠠ᠃

ᠡᠯᠡᠰᠦᠷᠬᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ ᠳᠤᠮᠳᠠ᠂ ᠠᠯᠠᠱᠠ ᠠᠢᠮᠠᠭ ᠡᠬᠡ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ᠎ᠶ᠋ᠢᠨ ᠲᠣᠭᠣᠷᠢᠨ᠎ᠳᠤ᠂ ᠡᠯᠡᠰᠦᠨ ᠴᠥᠯ᠎ᠦᠨ ᠠᠮᠢ ᠠᠬᠤᠶ᠎ᠶ᠋ᠢᠨ ᠪᠠᠭᠤᠷᠠᠶ ᠲᠠᠯ᠎ᠠ᠎ᠶ᠋ᠢ ᠡᠬᠢ ᠪᠠᠶᠠᠯᠢᠭ᠎ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠵᠠᠭ ᠮᠣᠳᠣ ᠵᠡᠷᠭᠡ ᠡᠯᠡᠰᠦᠨ᠎ᠳᠦ ᠤᠷᠭᠤᠬᠤ ᠡᠯᠪᠡᠭ ᠪᠠᠶᠠᠯᠢᠭ ᠤᠷᠭᠤᠮᠠᠯ᠎ᠤᠨ ᠡᠬᠢ ᠪᠠᠶᠠᠯᠢᠭ᠎ᠲᠤ ᠲᠦᠱᠢᠭ᠌ᠯᠡᠨ᠂ ᠡᠯᠡᠰᠦᠨ ᠴᠥᠯ᠎ᠡᠴᠡ ᠪᠣᠬᠢᠷᠲᠤᠯ ᠥᠬᠡᠶ ᠦᠷ᠎ᠡ ᠠᠱᠢᠭ ᠣᠯᠵᠤ᠂ ᠲᠤᠬᠠᠶ᠎ᠶ᠋ᠢᠨ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠴᠠᠭᠠᠨ ᠭᠣᠶᠣᠣ᠂ ᠤᠯᠠᠭᠠᠨ ᠭᠣᠶᠣᠣ ᠵᠡᠷᠭᠡ ᠤᠨᠴᠠᠯᠢᠭ᠍ᠳᠤ ᠡᠯᠡᠰᠦᠨ᠎ᠦ ᠠᠵᠤ ᠦᠶ᠋ᠯᠡᠰ᠎ᠢ ᠪᠣᠢᠵᠢᠭᠤᠯᠵᠤ᠂ ᠠᠮᠢ ᠠᠬᠤᠶ᠎ᠶ᠋ᠢᠨ ᠵᠠᠰᠠᠯᠲᠠ᠂ ᠣᠷᠴᠢᠨ ᠲᠣᠭᠣᠷᠢᠨ᠎ᠤ ᠬᠠᠮᠠᠭᠠᠯᠠᠯᠲᠠ ᠪᠣᠯᠤᠨ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠬᠠᠮᠲᠤ᠎ᠪᠠᠷ ᠠᠱᠢᠭ ᠭᠥᠷᠳᠡᠬᠦ᠌᠎ᠶ᠋ᠢ ᠪᠡᠶᠡᠯᠡᠭᠦᠯᠪᠡ᠃

ᠠᠯᠠᠱᠠ ᠵᠡᠭᠦᠨ ᠬᠣᠱᠢᠭᠤᠨ᠎ᠤ ᠵᠢᠷᠠᠲᠠᠢ ᠪᠠᠯᠭᠠᠰᠤᠨ᠎ᠤ ᠪᠠᠶᠠᠨ ᠠᠭᠤᠯᠠ ᠭᠠᠴᠡᠭ᠎ᠠ᠎ᠶ᠋ᠢᠨ ᠬᠥᠮᠦᠨ᠎ᠦ ᠬᠦᠴᠦ᠍᠎ᠪᠡᠷ ᠲᠠᠷᠢᠭᠰᠠᠨ ᠵᠠᠭ ᠮᠣᠳᠣᠨ᠎ᠦ ᠤᠢ᠎ᠳᠤ ᠣᠷᠣᠬᠤ᠎ᠳᠤ᠂ ᠢᠭ᠍ᠴᠤ ᠰᠠᠬᠤᠯᠢᠭ ᠵᠠᠭ ᠮᠣᠳᠣᠨ᠎ᠦ ᠤᠢ ᠰᠠᠯᠬᠢᠨ᠎ᠤ ᠠᠶ᠎ᠠ᠎ᠪᠠᠷ ᠨᠠᠢᠭᠤᠵᠤ᠂ ᠡᠯᠡᠰᠦᠨ ᠳᠠᠯᠠᠢ᠎ᠵᠢ ᠠᠮᠢᠵᠢᠷᠠᠯ᠎ᠤᠨ ᠬᠦᠴᠦᠨ᠎ᠵᠢᠡᠷ ᠪᠢᠯᠬᠠᠭᠤᠯᠤᠨ᠎ᠠ᠃ 《 ᠵᠠᠭ ᠮᠣᠳᠣ ᠳᠠᠷᠢᠵᠤ ᠴᠠᠭᠠᠨ ᠭᠣᠶᠣᠣ ᠵᠠᠯᠭᠠᠬᠤ ᠪᠣᠯ ᠰᠠᠢᠨ ᠠᠵᠤ ᠦᠶ᠋ᠯᠡᠰ ᠮᠥᠨ᠂ ᠣᠢᠷ᠎ᠠ᠎ᠶ᠋ᠢᠨ ᠵᠢᠯ᠎ᠳᠦ ᠮᠠᠨ᠎ᠤ ᠭᠠᠴᠡᠭ᠎ᠠ ᠡᠯᠡᠰᠦᠨ᠎ᠦ ᠠᠵᠤ ᠦᠶ᠋ᠯᠡᠰ᠎ᠢ ᠬᠥᠭ᠌ᠵᠢᠭᠦᠯᠬᠦ᠌᠎ᠪᠡᠷ ᠳᠠᠮᠵᠢᠭᠤᠯᠤᠨ᠂ ᠬᠥᠮᠦᠨ᠎ᠦ ᠬᠦᠴᠦ᠍᠎ᠪᠡᠷ 25 ᠲᠦᠮᠡᠨ ᠮᠥ᠍ ᠵᠠᠭ ᠮᠣᠳᠣ ᠳᠠᠷᠢᠵᠤ᠂ ᠪᠠᠰᠠ ᠴᠠᠭᠠᠨ ᠭᠣᠶᠣᠣ ᠪᠣᠷᠣᠯᠠᠭᠤᠯᠬᠤ ᠬᠣᠷᠱᠢᠶ᠎ᠠ ᠪᠠᠢᠭᠤᠯᠵᠤ᠂ ᠡᠯᠡᠰᠦᠷᠬᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠬᠤ ᠪᠠ ᠣᠶ ᠳᠣᠲᠣᠷᠠᠬᠢ ᠠᠵᠤ ᠠᠬᠤᠶ᠎ᠶ᠋ᠢᠨ ᠰᠠᠢᠨ ᠣᠷᠴᠢᠯ᠎ᠢ ᠪᠣᠶ ᠪᠣᠯᠭᠠᠪᠠ᠃ ᠡᠨᠡ ᠵᠢᠯ᠂ ᠪᠢᠳᠡ ᠴᠠᠭᠠᠨ ᠭᠣᠶᠣᠣ ᠲᠠᠷᠢᠬᠤ ᠲᠠᠯᠠᠪᠠᠢ᠎ᠶ᠋ᠢ ᠦᠷᠭᠦᠯᠵᠢᠯᠡᠨ ᠥᠷᠭᠡᠳᠭᠡᠵᠦ᠍᠂ ᠭᠠᠴᠡᠭᠠᠨ᠎ᠤ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠬᠦ᠌ ᠵᠠᠮ᠎ᠢ ᠦᠷᠭᠦᠯᠵᠢᠯᠡᠨ ᠥᠷᠭᠡᠳᠭᠡᠨ᠎ᠡ》 ᠭᠡᠵᠦ᠍ ᠪᠠᠶᠠᠨ ᠠᠭᠤᠯᠠ ᠭᠠᠴᠡᠭᠠᠨ᠎ᠤ ᠨᠠᠮ᠎ᠤᠨ ᠡᠭᠦᠷ᠎ᠦᠨ ᠱᠦᠵᠢ ᠫᠠᠨ ᠳ᠋ᠦᠸᠸ ᠶᠦᠨ ᠬᠡᠯᠡᠪᠡ᠃

ᠠᠯᠠᠱᠠ ᠠᠢᠮᠠᠭ ᠠᠮᠢ ᠠᠬᠤᠶ᠎ᠶ᠋ᠢᠨ ᠵᠠᠰᠠᠯᠲᠠ᠎ᠪᠠᠷ ᠡᠯᠡᠰᠦᠨ᠎ᠦ ᠠᠵᠤ ᠦᠶ᠋ᠯᠡᠰ᠎ᠦᠨ ᠬᠥᠭ᠌ᠵᠢᠯᠲᠡ᠎ᠶ᠋ᠢ ᠳᠠᠢᠴᠢᠯᠠᠬᠤ᠎ᠶ᠋ᠢ ᠪᠠᠷᠢᠮᠲᠠᠯᠠᠵᠤ᠂ ᠣᠳᠣᠬᠠᠨ᠎ᠳᠤ ᠲᠣᠰ ᠠᠢᠮᠠᠭ ᠨᠢᠭᠡᠨᠲᠡ ᠵᠠᠭ ᠮᠣᠳᠣ — ᠴᠠᠭᠠᠨ ᠭᠣᠶᠣᠣ᠂ ᠬᠠᠷᠮᠠᠭ — ᠤᠯᠠᠭᠠᠨ ᠭᠣᠶᠣᠣ᠂ ᠳᠡᠷᠪᠡᠯᠵᠢ᠎ᠵᠢᠨ ᠦᠷ᠎ᠡ ᠲᠡᠭᠦᠭᠦ ᠵᠡᠷᠭᠡ ᠵᠠᠭᠤᠨ ᠲᠦᠮᠡᠨ ᠮᠤ᠌᠎ᠶ᠋ᠢᠨ ᠠᠵᠤ ᠦᠶ᠋ᠯᠡᠰ᠎ᠦᠨ ᠰᠠᠭᠤᠷᠢᠨ ᠎ᠢ 1 ᠪᠠᠢᠭᠤᠯᠵᠤ᠂ 10 ᠎ᠡᠴᠡ 80 ᠲᠦᠮᠡᠨ ᠮᠤ᠌᠎ᠶ᠋ᠢᠨ ᠬᠡᠪᠴᠢᠶ᠎ᠠ ᠲᠠᠢ ᠬᠦᠮᠦᠨ᠎ᠤ ᠬᠦᠴᠦ ᠪᠡᠷ ᠲᠠᠷᠢᠭᠰᠠᠨ ᠵᠠᠭ ᠮᠤᠳᠤ ᠴᠠᠭᠠᠨ ᠭᠣᠶᠣᠣ᠎ᠶ᠋ᠢᠨ ᠠᠵᠤ ᠦᠶ᠋ᠯᠡᠰ᠎ᠦᠨ ᠰᠠᠭᠤᠷᠢᠨ᠎ᠢ 9 ᠪᠠᠢᠭᠤᠯᠵᠤ᠂ ᠪᠠᠢᠭᠠᠯᠢᠯᠢᠭ ᠬᠠᠷᠮᠠᠭ᠎ᠢ 3878 ᠲᠦᠮᠡᠨ ᠮᠥ᠍ ᠪᠢᠲᠡᠭᠦᠮᠵᠢᠯᠡᠨ ᠪᠣᠢᠵᠢᠭᠤᠯᠵᠤ ᠬᠠᠮᠠᠭᠠᠯᠠᠨ ᠰᠡᠷᠭᠦᠭᠡᠵᠦ᠍᠂ ᠨᠡᠢᠲᠡ 1026 ᠲᠦᠮᠡᠨ ᠮᠥ᠍ ᠵᠠᠭ ᠮᠣᠳᠣ᠎ᠵᠢ ᠬᠦᠮᠦᠨ᠎ᠤ ᠬᠦᠴᠦ ᠪᠡᠷ ᠳᠠᠷᠢᠵᠤ᠂ 151.3 ᠲᠦᠮᠡᠨ ᠮᠥ᠍ ᠴᠠᠭᠠᠨ ᠭᠣᠶᠣᠣ ᠪᠤᠯᠤᠨ 52 ᠲᠦᠮᠡᠨ ᠮᠥ᠍ ᠤᠯᠠᠭᠠᠨ ᠭᠣᠶᠣᠣ ᠳᠠᠷᠢᠵᠤ᠂ ᠵᠢᠯ᠎ᠳᠦ 1 ᠲᠦᠮᠡ ᠭᠠᠷᠤᠶ ᠲᠣᠨ ᠴᠠᠭᠠᠨ ᠭᠣᠶᠣᠣ ᠪᠠ 5900 ᠲᠣᠨ ᠤᠯᠠᠭᠠᠨ ᠭᠣᠶᠣᠣ ᠦᠶ᠋ᠯᠡᠳᠪᠦᠷᠢᠯᠡᠪᠡ᠃ ᠪᠥᠬᠥ᠌ ᠠᠢᠮᠠᠭ᠎ᠤᠨ ᠣᠶ ᠱᠢᠭᠤᠶ ᠡᠪᠡᠰᠦᠨ᠎ᠦ ᠠᠵᠤ ᠦᠶ᠋ᠯᠡᠰ᠎ᠦᠨ ᠦᠶ᠋ᠯᠡᠳᠬᠦᠨ᠎ᠦ ᠶᠡᠷᠦᠩᠬᠡᠶ ᠥᠷᠲᠡᠭ 1999.5 ᠳ᠋ᠦᠩᠱᠢᠭᠤᠷ ᠲᠥᠭᠥᠷᠢᠭ᠎ᠲᠦ ᠬᠦᠷᠴᠦ᠍᠂ ᠣᠶ ᠱᠢᠭᠤᠶ ᠡᠪᠡᠰᠦᠨ᠎ᠦ ᠠᠵᠤ ᠦᠶ᠋ᠯᠡᠰ ᠡᠷᠭᠢᠯᠡᠵᠦ᠍ ᠪᠠᠢᠭ᠎ᠠ ᠮᠠᠯᠴᠢᠨ ᠲᠠᠷᠢᠶᠠᠴᠢᠨ 3 ᠲᠦᠮᠡ ᠭᠠᠷᠤᠶ ᠬᠥᠮᠦᠨ᠎ᠳᠦ ᠬᠦᠷᠴᠦ᠍᠂ ᠡᠷᠦᠬᠡ ᠲᠤᠮᠳᠠᠴᠢ᠎ᠶ᠋ᠢᠨ ᠵᠢᠯ᠎ᠦᠨ ᠣᠷᠣᠯᠭ᠎ᠠ 3 — 5 ᠲᠦᠮᠡᠨ ᠲᠥᠭᠥᠷᠢᠭ᠎ᠲᠦ ᠬᠦᠷᠴᠦ᠍᠂ ᠵᠠᠷᠢᠮ ᠨᠢᠭᠡ ᠪᠦᠯᠦᠭ ᠮᠠᠯᠵᠢᠬᠤ ᠲᠠᠷᠢᠶᠠᠯᠠᠬᠤ ᠡᠷᠦᠬᠡ ᠵᠢᠨ ᠵᠢᠯ᠎ᠤᠨ ᠤᠷᠤᠯᠭ᠎ᠠ 10 — 30 ᠲᠦᠮᠡᠨ ᠲᠥᠭᠥᠷᠢᠭ᠎ᠲᠦ ᠬᠦᠷᠴᠦ᠍ ᠪᠣᠶ᠃

《ᠡᠨᠡ ᠵᠢᠯ᠂ ᠠᠯᠠᠱᠠ ᠠᠢᠮᠠᠭ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠵᠠᠮ ᠳᠡᠭᠡᠷ᠎ᠡ᠂ ᠴᠤᠴᠠᠯᠲᠠ ᠦᠭᠡᠢ ᠴᠢᠷᠮᠠᠢᠬᠤ ᠬᠠᠷᠢᠭᠤᠴᠠᠯᠭ᠎ᠠ ᠡᠭᠦᠷᠭᠡᠯᠡᠯ᠎ᠵᠢᠡᠷ ᠡᠯᠡᠰᠦᠷᠬᠡᠭ᠌ᠵᠢᠯ ᠎ᠢ ᠰᠡᠷᠭᠡᠢᠯᠡᠨ ᠡᠯᠡᠰᠦ ᠎ᠵᠢ ᠵᠠᠰᠠᠬᠤ ᠳᠠᠢᠯᠠᠯᠳᠤᠭᠠᠨ᠎ᠢ ᠰᠠᠢᠲᠤᠷ ᠬᠢᠵᠦ᠍᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ ᠎ᠶ᠋ᠢᠨ ᠠᠮᠤᠷ ᠲᠦᠪᠱᠢᠨ ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠠᠯᠠᠱᠠ᠎ᠶ᠋ᠢᠨ ᠬᠠᠷᠢᠭᠤᠯᠲᠠ᠎ᠶ᠋ᠢᠨ ᠬᠠᠭᠤᠳᠠᠰᠤ ᠎ᠶ᠋ᠢ ᠰᠠᠢᠲᠤᠷ ᠪᠢᠴᠢᠭ᠌ᠯᠡᠵᠦ᠍᠂ ᠡᠯᠡᠰᠦ᠎ᠶᠢ ᠵᠠᠰᠠᠵᠤ ᠠᠱᠢᠭ ᠬᠦᠷᠲᠡᠬᠦ᠂ ᠡᠯᠡᠰᠦ ᠎ᠶ᠋ᠢ ᠠᠱᠢᠭ᠍ᠯᠠᠨ ᠬᠥᠭ᠌ᠵᠢᠭᠦᠯᠬᠦ᠌᠂ ᠡᠯᠡᠰᠦ᠎ᠶ᠋ᠢ ᠲᠦᠱᠢᠭ᠌ᠯᠡᠨ ᠪᠠᠶᠠᠵᠢᠬᠤ ᠬᠠᠮᠲᠤ᠎ᠪᠠᠷ ᠠᠱᠢᠭ ᠬᠦᠷᠳᠡᠬᠦ᠌ ᠵᠠᠮ ᠎ᠢ ᠰᠦᠪᠡᠭ᠌ᠴᠢᠯᠡᠨ ᠭᠠᠷᠭᠠᠨ᠎ᠠ》 ᠭᠡᠵᠦ ᠲᠦᠪᠱᠢᠨ ᠢᠯᠡᠳᠭᠡᠪᠡ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号