ᠪᠣᠬᠢᠷᠲᠤᠯ ᠥᠬᠡᠢ ᠬᠦᠭᠵᠢᠯᠲᠡ ᠵᠢᠨ ᠵᠠᠮ ᠳᠡᠭᠡᠷᠡᠬᠢ 《ᠲᠡᠮᠡᠴᠡᠯ》 ᠤ᠋ᠨ ᠵᠤᠷᠢᠭ ᠪᠠ 《ᠰᠢᠪᠲᠤᠯᠤᠯᠲᠠ》 ᠵᠢᠨ ᠬᠦᠴᠦᠨ
2025-03-29 11:57:11
ᠵᠣᠬᠢᠶᠠᠭ᠍ᠴᠢ᠄
ᠲᠡᠭᠦᠰᠪᠢᠯᠢᠭ
ᠣᠩᠱᠢᠭ᠍ᠰᠠᠨ ᠣᠳᠠᠭ᠎ᠠ᠄
★★★☆☆

3 ᠰᠠᠷ᠎ᠠ᠎ᠶᠢᠨ 27᠎ᠤ᠋ ᠡᠳᠦᠷ᠂ ᠰᠤᠷᠪᠤᠯᠵᠢᠯᠠᠭᠴᠢ ᠪᠠᠶᠨᠨᠨᠠᠭᠤᠷ ᠬᠤᠲᠠ᠎ᠶᠢᠨ ᠭᠠᠭᠴᠠᠮᠤᠳᠤ ᠬᠢᠯᠢ᠎ᠶᠢᠨ ᠪᠤᠭᠤᠮᠳᠠ᠎ᠳᠤ ᠬᠦᠷᠬᠦ᠎ᠳᠤ 5 ᠰᠠᠤᠷᠢ ᠠᠴᠢᠶ᠎ᠠ ᠲᠦᠭᠦᠷᠡᠩ ᠨᠡᠭᠦᠷᠡᠰᠦ ᠲᠡᠭᠡᠭᠡᠪᠦᠷᠢᠯᠡᠭᠰᠡᠨ ᠴᠣ ᠰᠢᠨ᠎ᠡ ᠬᠦᠨᠳᠦ ᠠᠴᠢᠶᠠᠨ᠎ᠤ᠋ ᠴᠠᠬᠢᠯᠭᠠᠨ ᠬᠦᠳᠡᠯᠭᠡᠭᠦᠷᠳᠤ ᠮᠠᠰᠢᠨ ᠲᠡᠷᠭᠡ ᠬᠤᠢᠨ᠎ᠠ ᠬᠤᠢᠨ᠎ᠠ ᠡᠴᠡ ᠴᠤᠪᠤᠷᠠᠨ ᠪᠤᠭᠤᠮᠳᠠ ᠦᠩᠭᠡᠷᠡᠵᠦ ᠪᠠᠢᠯ᠎ᠠ᠃

《ᠡᠳᠡᠭᠡᠷ ᠰᠢᠨ᠎ᠡ ᠡᠨᠧᠷᠬᠢ᠎ᠶᠢᠨ ᠲᠡᠭᠡᠭᠡᠪᠦᠷᠢ᠎ᠶᠢᠨ ᠮᠠᠰᠢᠨ᠎ᠢ 3 ᠰᠠᠷ᠎ᠠ᠎ᠶᠢᠨ ᠲᠤᠮᠳᠠᠴᠢ ᠪᠡᠷ ᠠᠰᠢᠭᠯᠠᠯᠲᠠ᠎ᠳᠤ ᠤᠷᠤᠭᠤᠯᠵᠠᠢ᠂ ᠡᠨᠡ ᠨᠢ ᠭᠠᠭᠴᠠᠮᠣᠳᠣ ᠬᠢᠯᠢ᠎ᠶᠢᠨ ᠪᠣᠭᠣᠮᠲᠠ ᠰᠢᠨ᠎ᠡ ᠡᠨᠧᠷᠬᠢ᠎ᠶᠢᠨ ᠲᠡᠭᠡᠭᠡᠪᠦᠷᠢ᠎ᠶᠢᠨ ᠮᠠᠰᠢᠨ᠎ᠢᠶᠡᠷ ᠬᠢᠯᠢ ᠠᠯᠤᠰᠯᠠᠨ ᠪᠠᠷᠠᠭ᠎ᠠ ᠣᠷᠣᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶ᠋ᠢᠨ ᠬᠦᠷᠢᠶᠡᠨ᠎ᠳᠤ ᠳᠠᠬᠢᠨ ᠰᠢᠨ᠎ᠡ ᠠᠮᠵᠢᠯᠲᠠ᠎ᠳ᠋ᠤ᠌ ᠬᠦᠷᠦᠭᠰᠡᠨ᠎ᠢ᠋ ᠬᠠᠷᠠᠭᠤᠯᠵᠤ ᠪᠠᠢᠨ᠎ᠠ》 ᠭᠡᠮᠡᠨ ᠭᠠᠭᠴᠠᠮᠣᠳᠣ ᠬᠢᠯᠢ᠎ᠶᠢᠨ ᠪᠣᠭᠣᠮᠲᠠ᠎ᠶ᠋ᠢᠨ ᠨᠠᠮ᠎ᠤ᠋ᠨ ᠠᠵᠢᠯ᠎ᠤ᠋ᠨ ᠬᠣᠷᠢᠶᠠᠨ᠎ᠤ ᠱᠦᠵᠢ᠂ ᠬᠠᠮᠢᠶᠠᠷᠤᠯᠲᠠ᠎ᠶ᠋ᠢᠨ ᠵᠥᠪᠯᠡᠯ᠎ᠦ᠋ᠨ ᠡᠷᠬᠢᠯᠡᠭᠴᠢ ᠣᠷᠭᠢᠯ ᠲᠠᠨᠢᠯᠴᠠᠭᠤᠯᠤᠯ᠎ᠠ᠃

ᠲᠤᠬᠠᠢ᠎ᠶ᠋ᠢᠨ ᠲᠠᠯᠠᠪᠠᠢ᠎ᠳ᠋ᠤ᠌᠂ ᠤᠷᠠᠳ ᠪᠣᠭᠣᠮᠲᠠ᠎ᠶ᠋ᠢᠨ ᠠᠵᠢᠯᠲᠠᠳ ᠰᠢᠨ᠎ᠡ ᠡᠨᠧᠷᠭᠢ᠎ᠶ᠋ᠢᠨ ᠲᠡᠭᠡᠭᠡᠪᠦᠷᠢ᠎ᠶᠢᠨ ᠮᠠᠰᠢᠨ᠎ᠳ᠋ᠦ᠍ ᠰᠠᠭᠠᠳ ᠥᠬᠡᠢ ᠵᠠᠮ ᠨᠡᠭᠡᠭᠡᠵᠦ᠂ ᠪᠠᠰᠠ ᠡᠯᠧᠺᠲ᠋ᠷᠣᠨ ᠮᠠᠰᠢᠨ ᠲᠡᠷᠭᠡᠨ᠎ᠦ᠌ ᠺᠠᠷᠲ ᠨᠠᠭᠠᠵᠦ᠂ ᠪᠣᠭᠣᠮᠲᠠ᠎ᠪᠠᠷ ᠥᠩᠭᠡᠷᠡᠬᠦ ᠭᠠᠷᠳᠠᠮ᠎ᠢ᠋ ᠲᠦᠷᠭᠡᠨ ᠪᠥᠭᠡᠳ ᠤᠷᠤᠭᠰᠢᠲᠠᠢ ᠭᠦᠢᠴᠡᠳᠬᠡᠵᠦ᠂︽ᠣᠶᠤᠨᠲᠤ ᠪᠣᠭᠣᠮᠲᠠ︾ ᠪᠡᠷ ᠠᠦ᠋ᠲ᠋ᠤ᠋ ᠪᠡᠷ ᠦᠩᠭᠡᠷᠡᠭᠦᠯᠬᠦ᠎ᠵᠢ ᠪᠡᠶᠡᠯᠡᠭᠦᠯᠬᠦ᠎ᠳᠤ ᠨᠦᠭᠦᠴᠡᠯ ᠬᠠᠩᠭᠠᠪᠠ᠃ ᠡᠭᠦᠨ᠎ᠦ᠌ ᠬᠠᠮᠲᠤ᠂ ᠪᠣᠭᠣᠮᠲᠠ᠎ᠶ᠋ᠢᠨ ᠰᠠᠯᠠᠭ᠎ᠠ ᠮᠥᠴᠢᠷ ᠪᠠᠰᠠ ᠲᠡᠷᠭᠡ᠂ ᠪᠠᠷᠠᠭᠠᠨ᠎ᠳ᠋ᠤ᠌ ᠤᠷᠢᠳ ᠵᠢᠡᠷ ᠶᠠᠪᠤᠭᠤᠯᠬᠤ᠂ ᠤᠷᠢᠳ ᠵᠢᠡᠷ ᠪᠠᠢᠴᠠᠭᠠᠨ ᠰᠢᠯᠭᠠᠬᠤ ᠵᠡᠷᠭᠡ ᠲᠠᠯ᠎ᠠ ᠪᠡᠷ ᠳᠥᠭᠥᠮ ᠦᠵᠡᠭᠦᠯᠵᠦ᠂ ᠰᠠᠭᠠᠳ ᠥᠬᠡᠢ ᠨᠡᠪᠲᠡᠷᠡᠬᠦ ᠵᠠᠮ᠎ᠤᠨ ᠤᠷᠤᠭᠰᠢᠲᠠᠢ ᠶᠠᠪᠤᠭᠳᠠᠬᠤ᠎ᠶ᠋ᠢ ᠪᠥᠬᠥ ᠬᠦᠴᠦᠨ᠎ᠢ᠋ᠶ᠋ᠡᠷ ᠪᠠᠲᠤᠯᠠᠪᠠ᠃ ᠲᠤᠰ ᠪᠦᠯᠦᠭ ᠰᠢᠨ᠎ᠡ ᠡᠨᠧᠷᠭᠢ᠎ᠶ᠋ᠢᠨ ᠲᠡᠭᠡᠭᠡᠪᠦᠷᠢ᠎ᠶᠢᠨ ᠮᠠᠰᠢᠨ ᠲᠡᠷᠭᠡ ᠨᠡᠢᠲᠡ 43 ᠰᠠᠤᠷᠢ ᠪᠠᠢᠵᠤ᠂ ᠲᠤᠰᠬᠠᠢᠯᠠᠨ ᠭᠠᠳᠠᠭᠠᠳᠤ᠎ᠠ᠋ᠴᠠ ᠣᠷᠣᠭᠤᠯᠬᠤ ᠨᠡᠭᠦᠷᠡᠰᠦᠨ᠎ᠤ ᠤᠬᠤᠷ ᠵᠠᠮ᠎ᠤᠨ ᠲᠡᠭᠡᠭᠡᠪᠦᠷᠢ᠎ᠳᠤ ᠵᠤᠷᠢᠭᠤᠯᠪᠠ᠃

《ᠰᠢᠨ᠎ᠡ ᠡᠨᠧᠷᠭᠢ᠎ᠶ᠋ᠢᠨ ᠲᠡᠭᠡᠭᠡᠪᠦᠷᠢ᠎ᠶᠢᠨ ᠮᠠᠰᠢᠨ ᠲᠡᠷᠭᠡ ᠵᠢ ᠤᠯᠠᠮᠵᠢᠯᠠᠯᠲᠤ ᠲᠣᠰᠣ ᠰᠢᠲᠠᠭᠠᠬᠤ ᠮᠠᠰᠢᠨ ᠲᠡᠷᠭᠡ ᠲᠠᠢ ᠬᠠᠷᠢᠴᠠᠭᠤᠯᠪᠠᠯ᠂ ᠡᠨᠧᠷᠭᠢ᠎ᠶ᠋ᠢᠨ ᠬᠣᠷᠣᠭᠳᠠᠯ᠎ᠢ ᠭᠤᠷᠪᠠᠨ᠎ᠤ᠋ ᠬᠣᠶᠠᠷ ᠬᠤᠪᠢ ᠪᠡᠷ ᠪᠠᠭᠤᠷᠠᠭᠤᠯᠵᠤ᠂ ᠥᠪᠡᠷ᠎ᠦ᠋ᠨ ᠥᠷᠲᠡᠭ᠎ᠢ᠋ᠶ᠋ᠡᠷ ᠳᠣᠣᠷ᠎ᠠ᠂ ᠲᠠᠭᠠᠭᠠᠴᠠ ᠨᠢ ᠶᠡᠬᠡ᠂ ᠬᠥᠳᠡᠯᠭᠡᠬᠦ ᠬᠦᠴᠦᠨ ᠨᠢ ᠶᠡᠬᠡ᠂ ᠤᠶᠤᠨᠴᠢᠯᠠᠭᠰᠠᠨ ᠵᠡᠷᠭᠡ ᠣᠯᠠᠨ ᠲᠠᠯ᠎ᠠ᠎ᠶ᠋ᠢᠨ ᠳᠠᠪᠠᠭᠤᠯᠢᠭ ᠲᠠᠯ᠎ᠠ᠎ᠲᠠᠢ》 ᠭᠡᠵᠦ ᠤᠷᠠᠳ᠎ᠤ᠋ᠨ ᠳᠤᠮᠳᠠᠳᠤ ᠬᠤᠰᠢᠭᠤᠨ᠎ᠤ᠋ ᠴᠧᠩ ᠶᠤᠸᠠᠨ ᠠᠷᠠᠯᠵᠢᠶᠠᠨ᠎ᠤ᠋ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢ ᠳᠠᠭᠠᠭᠠᠮᠠᠯ ᠰᠢᠦᠢ ᠰᠢᠶᠠᠩ ᠴᠧᠩ ᠶᠠᠷᠢᠪᠠ᠃

ᠡᠨᠡ ᠵᠢᠯ᠎ᠦ᠋ᠨ ᠵᠠᠰᠠᠭ᠎ᠤ᠋ᠨ ᠣᠷᠳᠣᠨ᠎ᠤ᠋ ᠠᠵᠢᠯ᠎ᠤ᠋ᠨ ᠢᠯᠡᠳᠬᠡᠯ᠎ᠳᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠥᠷᠭᠡᠳᠬᠡᠵᠦ᠂ ᠢᠳᠡᠪᠬᠢᠲᠡᠢ ᠪᠡᠷ ᠭᠠᠳᠠᠭᠠᠳᠤ ᠠᠷᠠᠯᠵᠢᠶ᠎ᠠ᠂ ᠭᠠᠳᠠᠭᠠᠳᠤ ᠪᠡᠯᠡ᠎ᠶ᠋ᠢ ᠲᠤᠭᠳᠠᠪᠤᠷᠢᠵᠢᠭᠤᠯᠤᠨ᠎ᠠ ᠭᠡᠵᠦ ᠳᠤᠷᠠᠳᠴᠠᠢ᠃ ᠲᠤᠰ ᠤᠳᠠᠭ᠎ᠠ ᠰᠢᠨ᠎ᠡ ᠡᠨᠧᠷᠭᠢ᠎ᠶ᠋ᠢᠨ ᠲᠡᠭᠡᠭᠡᠪᠦᠷᠢ᠎ᠶᠢᠨ ᠮᠠᠰᠢᠨ ᠲᠡᠷᠭᠡ ᠢᠯᠭᠤᠮ ᠤᠷᠤᠭᠰᠢᠲᠠᠢ ᠬᠢᠯᠢ ᠠᠯᠤᠰᠯᠠᠨ ᠪᠠᠷᠠᠭ᠎ᠠ ᠲᠡᠭᠡᠭᠡᠪᠦᠷᠢᠯᠡᠭᠰᠡᠨ ᠨᠢ ᠭᠠᠳᠠᠭᠠᠳᠤ ᠠᠷᠠᠯᠵᠢᠶ᠎ᠠ᠎ᠪᠠ ᠭᠠᠳᠠᠭᠠᠳᠤ ᠪᠡᠯᠡ᠎ᠶ᠋ᠢ ᠲᠤᠭᠳᠠᠪᠤᠷᠢᠵᠢᠭᠤᠯᠬᠤ ᠲᠦᠷᠦ᠎ᠶᠢᠨ ᠪᠤᠳᠤᠯᠭ᠎ᠠ᠎ᠶᠢᠨ ᠪᠣᠳᠠᠲᠠᠢ ᠦᠢᠯᠡ ᠠᠵᠢᠯᠯᠠᠭ᠎ᠠ ᠪᠣᠯᠬᠤ ᠲᠡᠳᠦᠢ ᠦᠭᠡᠢ᠂ ᠮᠥᠨ᠎ᠴᠤ ᠲᠤᠮᠳᠠᠳᠤ ᠤᠯᠤᠰ᠎ᠤ᠋ᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ᠎ᠶ᠋ᠢ ᠥᠷᠭᠡᠳᠬᠡᠵᠦ᠂ ᠪᠣᠬᠢᠷᠳᠤᠯ ᠦᠭᠡᠢ ᠬᠥᠭᠵᠢᠯᠲᠡ᠎ᠵᠢ ᠠᠬᠢᠭᠤᠯᠤᠭᠰᠠᠨ ᠬᠤᠷᠢᠶᠠᠩᠭᠤᠢ ᠪᠠᠢᠳᠠᠯ ᠪᠤᠯᠤᠨ᠎ᠠ᠃ ᠪᠤᠬᠢᠷᠳᠤᠯ ᠦᠭᠡᠢ ᠮᠡᠷᠭᠡᠵᠢᠯ᠎ᠤᠨ ᠰᠢᠨᠡᠴᠢᠯᠡᠯᠲᠡ ᠪᠣᠯᠤᠨ ᠤᠶᠤᠨᠴᠢ ᠪᠡᠷ ᠪᠣᠭᠣᠮᠲᠠ ᠦᠩᠭᠡᠷᠡᠬᠦᠯᠬᠦ᠎ᠵᠢ ᠠᠭᠤᠰᠤᠯᠴᠠᠭᠤᠯᠬᠤ ᠪᠡᠷ ᠳᠠᠮᠵᠢᠭᠤᠯᠤᠨ᠂ ᠠᠷᠠᠯᠵᠢᠶᠠᠨ᠎ᠤ᠋ ᠦᠷ᠎ᠡ ᠪᠦᠲᠦᠮᠵᠢ᠎ᠶ᠋ᠢ ᠳᠡᠭᠡᠭᠰᠢᠯᠡᠭᠦᠯᠵᠦ᠂ ᠠᠵᠤ ᠠᠬᠤᠢᠯᠠᠯ᠎ᠤᠨ ᠥᠪᠡᠷ᠎ᠦ᠋ᠨ ᠥᠷᠲᠡᠭ᠎ᠢ᠋ ᠪᠠᠭᠤᠷᠠᠭᠤᠯᠤᠭᠰᠠᠨ᠎ᠢᠶᠡᠷ ᠦᠯᠦ ᠪᠠᠷᠠᠮ᠂ ᠳᠡᠯᠡᠬᠡᠢ᠎ᠳᠡᠭᠡᠷ᠎ᠡ ᠲᠤᠮᠳᠠᠳᠤ ᠤᠯᠤᠰ᠎ᠤ᠋ᠨ ᠵᠠᠬ᠎ᠠ ᠲᠡᠯᠭᠡᠭᠦᠷ᠎ᠤᠨ ᠨᠡᠭᠡᠭᠡᠯᠲᠡ᠎ᠶ᠋ᠢᠨ ᠤᠶᠠᠨ ᠬᠠᠳᠠᠨ ᠴᠢᠨᠠᠷ ᠪᠣᠯᠤᠨ ᠪᠣᠬᠢᠷᠳᠤᠯ ᠦᠭᠡᠢ ᠬᠥᠭᠵᠢᠯᠲᠡ᠎ᠶᠢᠨ ᠨᠥᠭᠡᠴᠡ ᠬᠦᠴᠦᠨ᠎ᠢ ᠦᠵᠡᠭᠦᠯᠦᠨ᠂ ᠭᠠᠳᠠᠭᠠᠳᠤ᠎ᠶ᠋ᠢᠨ ᠬᠥᠷᠥᠩᠭᠡ᠎ᠶ᠋ᠢ ᠲᠠᠲᠠᠬᠤ᠂ ᠣᠯᠠᠨ ᠤᠯᠤᠰ᠎ᠤ᠋ᠨ ᠬᠠᠮᠲᠤᠷᠠᠯᠴᠠᠭ᠎ᠠ ᠶ᠋ᠢ ᠭᠦᠨᠵᠡᠭᠡᠢᠷᠡᠭᠦᠯᠬᠦ᠎ᠳ᠋ᠦ᠍ ᠬᠦᠴᠦᠲᠡᠢ ᠲᠤᠯᠭᠠᠭᠤᠷᠢ ᠬᠠᠩᠭᠠᠪᠠ᠃

ᠡᠭᠦᠨ᠎ᠦ᠌ ᠬᠠᠮᠲᠤ᠂ ᠭᠠᠭᠴᠠᠮᠤᠳᠤ ᠬᠢᠯᠢ᠎ᠶᠢᠨ ᠪᠣᠭᠣᠮᠲᠠ᠎ᠶ᠋ᠢᠨ ᠨᠤᠤ ᠡᠯ ᠵᠦᠩ ᠾᠦᠢ ᠪᠣᠭᠣᠮᠲᠠ᠎ᠶ᠋ᠢᠨ ᠬᠢᠨᠠᠯᠲᠠ ᠬᠠᠮᠢᠶᠠᠷᠤᠯᠲᠠ᠎ᠶᠢᠨ ᠲᠣᠭᠣᠷᠢᠭ᠎ᠲᠤ᠌ ᠬᠡᠳᠦᠨ ᠠᠷᠪᠠᠨ AGV ᠵᠢᠯᠣᠭᠣᠴᠢ ᠦᠭᠡᠢ ᠪᠠᠷᠠᠭᠠᠨ᠎ᠤ᠋ ᠮᠠᠰᠢᠨ ᠲᠡᠷᠭᠡ ᠶᠠᠭ ᠲᠤᠰᠬᠠᠢ ᠵᠠᠮ ᠳᠠᠭᠠᠤ ᠥᠨᠳᠥᠷ ᠦᠷ᠎ᠡ ᠪᠦᠲᠦᠮᠵᠢᠲᠡᠢ ᠠᠵᠢᠯᠯᠠᠨ᠎ᠠ᠃ 2024 ᠣᠨ᠎ᠳ᠋ᠤ᠌ ᠲᠤᠰ ᠬᠢᠯᠢ᠎ᠶᠢᠨ ᠪᠣᠭᠣᠮᠲᠠ 4071.59 ᠲᠦᠮᠡᠨ ᠲᠤᠨ᠎ᠤ᠋ ᠪᠠᠷᠠᠭ᠎ᠠ ᠵᠢ ᠪᠣᠭᠣᠮᠲᠠ᠎ᠪᠠᠷ ᠥᠩᠭᠡᠷᠡᠭᠦᠯᠦᠭᠰᠡᠨ ᠲᠡᠮᠳᠡᠭᠯᠡᠯ᠎ᠢ᠋ ᠡᠭᠦᠳᠴᠡᠢ᠂ ᠡᠭᠦᠨ᠎ᠳ᠋ᠦ᠍ AGV ᠵᠢᠯᠤᠭᠤᠴᠢ ᠦᠭᠡᠢ ᠮᠠᠰᠢᠨ ᠲᠡᠷᠭᠡ ᠪᠠᠷ ᠵᠦᠭᠡᠭᠡᠪᠦᠷᠢᠯᠡᠭᠰᠡᠨ ᠬᠡᠮᠵᠢᠶ᠎ᠡ ᠨᠢ 5 ᠲᠦᠮᠡᠨ ᠤᠳᠠᠭ᠎ᠠ᠎ᠶ᠋ᠢ ᠳᠠᠪᠠᠵᠤ᠂ ᠭᠠᠳᠠᠭᠠᠳᠤ ᠡᠴᠡ ᠣᠷᠣᠭᠤᠯᠤᠭᠰᠠᠨ ᠨᠡᠭᠦᠷᠡᠰᠦ᠎ᠶ᠋ᠢ 360 ᠲᠦᠮᠡᠨ ᠲᠤᠨ ᠵᠥᠭᠡᠭᠡᠪᠦᠷᠢᠯᠡᠨ᠂ ᠪᠦᠬᠦ ᠵᠢᠯ᠎ᠦ᠋ᠨ ᠲᠥᠯᠥᠪᠯᠡᠭᠰᠡᠨ ᠵᠥᠭᠡᠭᠡᠪᠦᠷᠢ᠎ᠶ᠋ᠢᠨ ᠬᠦᠴᠦᠨ᠎ᠦ᠌ 36% ᠳ᠋ᠤ᠌ ᠬᠦᠷᠴᠡᠢ᠃

《AGV ᠵᠠᠭᠪᠤᠷ ᠭᠠᠭᠴᠠ ᠤᠳᠠᠭ᠎ᠠ ᠨᠡᠭᠠᠰᠢ ᠴᠠᠭᠠᠰᠢ ᠵᠣᠷᠴᠢᠬᠤ ᠴᠠᠭ᠎ᠢ᠋ 50 ᠮᠢᠨᠦ᠋ᠲ ᠪᠣᠯᠭᠠᠨ ᠪᠣᠭᠣᠨᠢᠰᠬᠠᠵᠤ᠂ ᠪᠣᠭᠣᠮᠲᠠ ᠦᠩᠭᠡᠷᠡᠬᠦ ᠪᠦᠬᠦ ᠦᠷ᠎ᠡ ᠪᠦᠲᠦᠮᠵᠢ᠎ᠶ᠋ᠢ 30% ᠪᠠᠷ ᠳᠡᠭᠡᠭᠰᠢᠯᠡᠭᠦᠯᠵᠡᠢ᠃ ᠣᠳᠣ ᠣᠶᠤᠨᠴᠢᠯᠠᠭᠰᠠᠨ ᠨᠡᠭᠦᠷᠡᠰᠦᠨ᠎ᠤ ᠬᠦᠮᠦᠷᠭᠡ ᠨᠢᠭᠡᠨᠲᠡ ᠲᠣᠨᠣᠭ ᠲᠥᠬᠥᠭᠡᠷᠦᠮᠵᠢ ᠤᠭᠰᠠᠷᠠᠬᠤ ᠰᠢᠪᠲᠤᠯᠤᠯᠲᠠ᠎ᠶ᠋ᠢᠨ ᠱᠠᠲᠤᠨ᠎ᠳ᠋ᠤ᠌ ᠣᠷᠣᠵᠤ᠂ ᠵᠢᠱ᠌ᠢᠯᠲᠡ᠎ᠪᠡᠷ ᠡᠨᠡ ᠵᠢᠯ ᠠᠰᠢᠭᠯᠠᠯᠲᠠ᠎ᠳ᠋ᠤ᠌ ᠣᠷᠣᠭᠰᠠᠨ᠎ᠤ᠋ ᠳᠠᠷᠠᠭ᠎ᠠ AGV ᠲᠡᠭᠡᠭᠡᠪᠦᠷᠢ ᠨᠡᠭᠦᠷᠡᠰᠦ ᠲᠡᠭᠡᠭᠡᠵᠦ ᠪᠠᠭᠤᠯᠭᠠᠬᠤ᠎ᠳᠤ ᠦᠴᠦᠬᠡᠨ᠎ᠴᠤ ᠬᠦᠯᠢᠶᠡᠬᠦ ᠬᠡᠷᠡᠭ ᠦᠭᠡᠢ ᠪᠤᠯᠵᠤ᠂ ᠵᠢᠯ᠎ᠦ᠋ᠨ ᠪᠣᠭᠣᠮᠲᠠ᠎ᠪᠠᠷ ᠥᠩᠭᠡᠷᠡᠬᠦ ᠴᠢᠳᠠᠪᠤᠷᠢ ᠨᠢ1000 ᠲᠦᠮᠡᠨ ᠲᠤᠨ᠎ᠤ᠋ ᠳᠡᠰ᠎ᠢ᠋ ᠳᠠᠪᠠᠬᠤ ᠪᠣᠯᠤᠨ᠎ᠠ》 ᠭᠡᠵᠦ ᠥᠪᠥᠷ ᠮᠣᠩᠭᠣᠯ᠎ᠤ᠋ᠨ ᠨᠤᠤ ᠡᠯ ᠵᠦᠩ ᠾᠦᠢ ᠪᠠᠷᠠᠭᠠᠨ᠎ᠤ᠋ ᠭᠦᠢᠯᠭᠡᠭᠡᠨ᠎ᠦ᠌ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠢ ᠳᠠᠭᠠᠭᠠᠮᠠᠯ ᠸᠠᠩ ᠪᠦᠸᠧ ᠲᠠᠨᠢᠯᠴᠠᠭᠤᠯᠵᠤ ᠪᠠᠢᠯ᠎ᠠ᠃

ᠣᠢᠯᠠᠭᠠᠭᠰᠠᠨ᠎ᠢ᠋ᠶ᠋ᠠᠷ᠂ ᠡᠨᠡ ᠵᠢᠯ ᠲᠤᠰ ᠬᠣᠲᠠ ᠪᠠᠶᠠᠨᠨᠠᠭᠤᠷ︵ᠭᠠᠭᠴᠠᠮᠣᠳᠣ︶ ᠤ᠋ᠨ ᠡᠬᠡ ᠬᠠᠭᠤᠷᠠᠢ᠎ᠶ᠋ᠢᠨ ᠬᠢᠯᠢ᠎ᠶ᠋ᠢᠨ ᠪᠣᠭᠣᠮᠲᠠ ᠮᠠᠶᠢᠭ᠎ᠤ᠋ᠨ ᠤᠯᠤᠰ᠎ᠤ᠋ᠨ ᠪᠠᠷᠠᠭᠠᠨ᠎ᠤ᠋ ᠭᠦᠢᠯᠭᠡᠭᠡᠨ᠎ᠦ᠌ ᠬᠦᠢᠰᠦ᠎ᠶ᠋ᠢᠨ ᠪᠦᠲᠦᠭᠡᠨ ᠪᠠᠢᠭᠤᠯᠤᠯᠲᠠ᠎ᠶ᠋ᠢ ᠠᠬᠢᠭᠤᠯᠵᠤ᠂ ᠬᠢᠯᠢ᠎ᠶ᠋ᠢᠨ ᠠᠷᠠᠳ᠎ᠤ᠋ᠨ ᠵᠠᠬ᠎ᠠ᠎ᠶ᠋ᠢᠨ ᠠᠷᠠᠯᠵᠢᠶ᠎ᠠ᠎ᠶ᠋ᠢᠨ ᠣᠷᠣᠨ ᠵᠡᠷᠭᠡ ᠲᠥᠷᠥᠯ ᠵᠦᠢᠯ᠎ᠦ᠋ᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠬᠡᠵᠦ᠂ ᠪᠣᠭᠣᠮᠲᠠ᠎ᠪᠠᠷ ᠥᠩᠭᠡᠷᠡᠬᠦ ᠪᠠᠷᠠᠭᠠᠨ᠎ᠤ᠋ ᠬᠡᠮᠵᠢᠶ᠎ᠡ᠎ᠶ᠋ᠢ ᠦᠷᠭᠦᠯᠵᠢᠯᠡᠨ ᠨᠡᠮᠡᠭᠳᠡᠭᠦᠯᠦᠨ᠂ ᠭᠠᠳᠠᠭᠠᠳᠤ ᠡᠴᠡ ᠣᠷᠣᠭᠤᠯᠬᠤ ᠡᠬᠢ ᠪᠠᠶᠠᠯᠢᠭ᠎ᠢ᠋ ᠨᠠᠷᠢᠯᠢᠭ ᠭᠦᠨᠵᠡᠭᠡᠢ ᠡᠳ᠋ᠰᠢᠭᠦᠯᠬᠦ᠎ᠶ᠋ᠢ ᠴᠢᠷᠮᠠᠢᠨ ᠪᠡᠶᠡᠯᠡᠭᠦᠯᠦᠨ᠎ᠡ᠃ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ᠋ ᠭᠠᠯᠲᠤ ᠲᠡᠷᠭᠡ᠎ᠶ᠋ᠢᠨ ᠪᠠᠭᠲᠠᠭᠠᠮᠵᠢ᠎ᠶ᠋ᠢ ᠥᠷᠭᠡᠳᠬᠡᠨ ᠦᠷ᠎ᠡ ᠠᠰᠢᠭ᠎ᠢ᠋ ᠨᠡᠮᠡᠭᠳᠡᠭᠦᠯᠬᠦ᠎ᠶ᠋ᠢ ᠠᠬᠢᠭᠤᠯᠵᠤ᠂ ᠳᠤᠮᠳᠠᠳᠤ ᠤᠯᠤᠰ᠎ᠤ᠋ᠨ ᠬᠢᠯᠢ ᠠᠯᠤᠰᠯᠠᠭᠰᠠᠨ ᠡᠯᠧᠺᠲ᠋ᠷᠣᠨ ᠬᠤᠳᠠᠯᠳᠤᠭᠠᠨ᠎ᠤ᠋ ᠶᠠᠪᠤᠳᠠᠯ᠎ᠤ᠋ᠨ ᠶᠡᠷᠦᠩᠬᠡᠢᠯᠡᠭᠰᠡᠨ ᠲᠤᠷᠰᠢᠯᠲᠠ᠎ᠶ᠋ᠢᠨ ᠣᠷᠣᠨ᠎ᠢ᠋ ᠢᠳᠡᠪᠬᠢᠲᠡᠢ ᠪᠠᠢᠭᠤᠯᠵᠤ᠂ ᠲᠠᠷᠢᠶᠠᠯᠠᠩ᠎ᠤ᠋ᠨ ᠪᠦᠲᠦᠭᠡᠭᠳᠡᠬᠦᠨ᠂ ᠳᠡᠭᠡᠳᠦ ᠰᠢᠨ᠎ᠡ ᠮᠡᠷᠭᠡᠵᠢᠯ᠎ᠤᠨ ᠮᠠᠰᠢᠨ ᠴᠠᠬᠢᠯᠭᠠᠨ᠂ ᠲᠡᠷᠭᠡ ᠬᠥᠰᠬᠡ᠎ᠶ᠋ᠢᠨ ᠭᠠᠳᠠᠭᠠᠳᠤ ᠭᠠᠷᠭᠠᠯᠲᠠ᠎ᠶ᠋ᠢᠨ ᠬᠡᠪᠴᠢᠶ᠎ᠡ᠎ᠶ᠋ᠢ ᠦᠷᠭᠡᠳᠭᠡᠨ᠂ ᠭᠠᠳᠠᠭᠠᠳᠤ ᠠᠷᠠᠯᠵᠢᠶᠠᠨ᠎ᠤ᠋ ᠭᠠᠳᠠᠭᠠᠳᠤ᠎ᠡᠴᠡ ᠣᠷᠣᠭᠤᠯᠵᠤ ᠭᠠᠳᠠᠭᠠᠳᠤ᠎ᠳᠤ ᠭᠠᠷᠭᠠᠬᠤ ᠶᠡᠷᠦᠩᠬᠡᠢ ᠬᠡᠮᠵᠢᠶ᠎ᠡ᠎ᠶ᠋ᠢ 6% ᠣᠷᠴᠢᠮ ᠨᠡᠮᠡᠭᠳᠡᠭᠦᠯᠬᠦ᠎ᠪᠡᠷ ᠴᠢᠷᠮᠠᠢᠨ᠎ᠠ᠃

《ᠵᠠᠰᠠᠭ᠎ᠤ᠋ᠨ ᠤᠷᠳᠤᠨ᠎ᠤ ᠳᠡᠮᠵᠢᠯᠭᠡ ᠪᠣᠯᠤᠨ ᠠᠬᠢᠭᠤᠯᠤᠯ ᠵᠢᠡᠷ ᠭᠠᠭᠴᠠᠮᠤᠳᠤ ᠬᠢᠯᠢ᠎ᠶᠢᠨ ᠪᠣᠭᠣᠮᠲᠠ ᠪᠣᠬᠢᠷᠳᠤᠯ ᠦᠭᠡᠢ ᠪᠤᠳᠠᠰ᠎ᠤᠨ ᠭᠦᠢᠯᠭᠡᠭᠡ ᠵᠡᠷᠭᠡ ᠬᠦᠷᠢᠶᠡᠨ᠎ᠳ᠋ᠤ᠌ ᠨᠡᠩ ᠣᠯᠠᠨ ᠳᠠᠪᠠᠯᠲᠠ᠎ᠶ᠋ᠢᠨ ᠴᠢᠨᠠᠷᠲᠠᠢ ᠠᠮᠵᠢᠯᠲᠠ ᠤᠯᠵᠤ᠂ ᠥᠨᠳᠥᠷ ᠲᠦᠪᠰᠢᠨ᠎ᠪᠦᠬᠦᠢ ᠭᠠᠳᠠᠭᠠᠳᠤ ᠨᠡᠭᠡᠭᠡᠯᠲᠡ ᠵᠢᠴᠢ ᠤᠷᠤᠨ ᠪᠦᠰᠡ᠎ᠶᠢᠨ ᠠᠵᠤ ᠠᠬᠤᠢ᠎ᠶᠢᠨ ᠦᠷᠭᠦᠯᠵᠢᠯᠡᠬᠦ ᠬᠥᠭᠵᠢᠯᠲᠡ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠬᠦ ᠪᠣᠯᠤᠨ᠎ᠠ》 ᠭᠡᠵᠦ ᠣᠷᠭᠢᠯ ᠢᠯᠡᠳᠬᠡᠪᠡ᠃

︽ᠲᠡᠮᠡᠴᠡᠬᠦ︾ᠪᠠ︽ᠰᠢᠪᠲᠤᠯᠬᠤ︾ ᠶ᠋ᠢᠨ ᠤᠷᠤᠭᠰᠢᠯᠠᠯᠲᠠ᠎ᠶ᠋ᠢᠨ ᠠᠢᠵᠠᠮ ᠲᠤᠮᠳᠠ ᠪᠠᠶᠠᠨᠨᠠᠭᠤᠷ ᠬᠣᠲᠠ︽ᠰᠠᠢᠨ ᠭᠠᠷᠤᠭ᠎ᠠ︾ᠡᠴᠡ ᠡᠬᠢᠯᠡᠬᠦ ᠪᠡᠷ ᠬᠦᠴᠦᠯᠡᠨ ᠴᠢᠷᠮᠠᠢᠵᠤ᠂ ᠬᠥᠭᠵᠢᠯᠲᠡ᠎ᠶ᠋ᠢᠨ ᠰᠢᠨ᠎ᠡ ᠠᠮᠵᠢᠯᠲᠠ ᠵᠦᠭ ᠲᠡᠮᠡᠦᠯᠦᠨ᠎ᠡ᠃

ᠶᠤᠸᠠᠨ ᠵᠢᠩ ᠪᠠᠶᠠᠨᠨᠠᠭᠤᠷ᠎ᠤᠨ ᠲᠣᠮᠣ ᠬᠡᠯᠪᠡᠷᠢ᠎ᠶ᠋ᠢᠨ ᠰᠠᠯᠬᠢᠨ ᠬᠦᠴᠦᠨ᠎ᠦ᠌ ᠴᠠᠬᠢᠯᠭᠠᠨ᠎ᠤ᠋ ᠰᠡᠩᠰᠡ ᠦᠢᠯᠡᠳᠬᠦ ᠰᠠᠭᠤᠷᠢᠨ᠎ᠤ᠋ ᠦᠢᠯᠡᠳᠪᠦᠷᠢᠯᠡᠯ᠎ᠦ᠋ᠨ ᠲᠠᠰᠤᠭ᠎ᠲᠤ᠌ ᠠᠦ᠋ᠲ᠋ᠤᠴᠢᠯᠠᠭᠰᠠᠨ ᠰᠢᠯᠭᠠᠨ ᠪᠠᠢᠴᠠᠭᠠᠬᠤ ᠮᠠᠰᠢᠨ ᠬᠥᠮᠦᠨ᠂ AGV ᠵᠥᠭᠡᠭᠡᠪᠦᠷᠢᠯᠡᠬᠦ ᠮᠠᠰᠢᠨ ᠵᠡᠷᠭᠡ ᠳᠡᠭᠡᠳᠦ ᠰᠢᠨ᠎ᠡ ᠮᠡᠷᠭᠡᠵᠢᠯ᠎ᠦ᠋ᠨ ᠲᠣᠨᠣᠭ ᠲᠥᠬᠥᠭᠡᠷᠦᠮᠵᠢ ᠠᠮᠢᠳᠤᠯᠢᠭ᠎ᠢ᠋ᠶ᠋ᠠᠷ ᠠᠵᠢᠯᠯᠠᠨ᠎ᠠ᠃ 3 ᠰᠠᠷ᠎ᠠ᠎ᠶ᠋ᠢᠨ 6᠎ᠤ᠋ ᠡᠳᠦᠷ᠂ ᠲᠤᠰ ᠰᠠᠭᠤᠷᠢᠨ᠎ᠤ᠋ ᠠᠩᠬᠠᠳᠠᠭᠴᠢ ᠵᠠᠭᠤᠨ ᠮᠧᠲ᠋ᠷ᠎ᠦ᠋ᠨ ᠳᠡᠰ᠎ᠦ᠋ᠨ ᠰᠡᠩᠰᠡ ᠵᠢ ᠠᠮᠵᠢᠯᠲᠠ᠎ᠲᠠᠢ᠎ᠦᠢᠯᠡᠳᠪᠦᠷᠢᠯᠡᠵᠦ ᠭᠠᠷᠭᠠᠭᠰᠠᠨ ᠨᠢ ᠪᠠᠶᠠᠨᠨᠠᠭᠤᠷ ᠬᠣᠲᠠ ᠰᠠᠯᠬᠢᠨ ᠬᠦᠴᠦᠨ᠎ᠦ᠌ ᠴᠠᠬᠢᠯᠭᠠᠨ ᠭᠠᠷᠭᠠᠬᠤ ᠪᠦᠬᠦᠢᠯᠡ ᠮᠠᠰᠢᠨ᠎ᠢ ᠦᠢᠯᠡᠳᠪᠦᠷᠢᠯᠡᠬᠦ ᠴᠢᠳᠠᠪᠤᠷᠢ ᠰᠢᠨ᠎ᠡ ᠱᠠᠲᠤᠨ᠎ᠳ᠋ᠤ᠌ ᠳᠡᠪᠰᠢᠨ᠂ ᠪᠠᠷᠠᠭᠤᠨ ᠬᠡᠰᠡᠭ᠎ᠦ᠋ᠨ ᠭᠠᠵᠠᠷ ᠣᠷᠣᠨ᠎ᠤ᠋ ᠬᠡᠳᠦ ᠲᠣᠮᠣ ᠬᠡᠯᠪᠡᠷᠢ᠎ᠶ᠋ᠢᠨ ᠰᠠᠯᠬᠢᠨ ᠬᠦᠴᠦᠨ᠎ᠦ᠌ ᠴᠠᠬᠢᠯᠭᠠᠨ ᠭᠠᠷᠭᠠᠬᠤ ᠲᠣᠨᠣᠭ ᠲᠥᠬᠥᠭᠡᠷᠦᠮᠵᠢ᠎ᠶ᠋ᠢᠨ ᠪᠦᠬᠦᠢᠯᠡ ᠦᠢᠯᠡᠳᠪᠦᠷᠢᠯᠡᠯ᠎ᠤᠨ ᠬᠣᠭᠣᠰᠣᠨ᠎ᠢ᠋ ᠨᠥᠬᠥᠪᠥᠷᠢᠯᠡᠪᠡ᠃

ᠪᠠᠶᠠᠨᠨᠠᠭᠤᠷ ᠬᠣᠲᠠ᠎ᠶ᠋ᠢᠨ ᠲᠣᠨᠣᠭ ᠲᠥᠬᠥᠭᠡᠷᠦᠮᠵᠢ ᠦᠢᠯᠡᠳᠬᠦ ᠭᠣᠣᠯᠳᠠᠯᠭ᠎ᠠ᠎ᠲᠠᠢ ᠲᠥᠷᠥᠯ ᠵᠦᠢᠯ᠎ᠦ᠋ᠨ ᠨᠢᠭᠡ ᠪᠣᠯᠤᠭᠰᠠᠨ᠎ᠤ᠋ ᠬᠤᠪᠢ᠎ᠳ᠋ᠤ᠌᠂ ᠶᠤᠸᠠᠨ ᠵᠢᠩ ᠮᠧᠩ ᠰᠢᠨ ᠪᠦᠯᠦᠭᠯᠡᠯ᠎ᠦ᠋ᠨ ᠪᠠᠶᠠᠨᠨᠠᠭᠤᠷ ᠬᠣᠲᠠ᠎ᠶ᠋ᠢᠨ ᠲᠣᠮᠣ ᠬᠡᠯᠪᠡᠷᠢ᠎ᠶ᠋ᠢᠨ ᠰᠠᠯᠬᠢᠨ ᠬᠦᠴᠦᠨ᠎ᠦ᠌ ᠴᠠᠬᠢᠯᠭᠠᠨ᠎ᠤ᠋ ᠰᠡᠩᠰᠡ ᠦᠢᠯᠡᠳᠬᠦ ᠰᠠᠭᠤᠷᠢᠨ᠎ᠤ᠋ ᠶᠡᠷᠦᠩᠬᠡᠢ ᠪᠡᠯᠡ ᠣᠷᠣᠭᠤᠯᠤᠯᠲᠠ 3 ᠳ᠋ᠦᠩᠰᠢᠭᠤᠷ ᠲᠥᠭᠥᠷᠢᠭ᠎ᠲᠦ᠍ ᠬᠦᠷᠴᠦ᠂ ᠵᠢᠯ᠎ᠳ᠋ᠦ᠍ 400 ᠢᠵᠢ (1200 ᠰᠢᠷᠭᠡᠭ) 100 ᠮᠧᠲ᠋ᠷ᠎ᠡᠴᠡ ᠳᠡᠭᠡᠭᠰᠢᠬᠢ ᠲᠣᠮᠣ ᠬᠡᠯᠪᠡᠷᠢ᠎ᠶ᠋ᠢᠨ ᠨᠡᠢᠯᠡᠮᠡᠯ ᠮᠠᠲ᠋ᠧᠷᠢᠶᠠᠯ᠎ᠤ᠋ᠨ ᠣᠶᠤᠨᠲᠤ ᠰᠡᠩᠰᠡ ᠵᠢᠴᠢ ᠠᠵᠤ ᠦᠢᠯᠡᠰ᠎ᠦ᠋ᠨ ᠲᠥᠬᠥᠷᠵᠢᠭᠦᠯᠬᠦ ᠴᠢᠳᠠᠪᠤᠷᠢ᠎ᠶ᠋ᠢ ᠪᠦᠷᠢᠯᠳᠦᠭᠦᠯᠵᠦ᠂ ᠵᠢᠱ᠌ᠢᠯᠲᠡ᠎ᠪᠡᠷ ᠵᠢᠯ᠎ᠦ᠋ᠨ ᠦᠢᠯᠡᠳᠬᠦᠨ᠎ᠦ᠌ ᠥᠷᠲᠡᠭ ᠨᠢ 10 ᠳ᠋ᠦᠩᠰᠢᠭᠤᠷ ᠲᠥᠭᠥᠷᠢᠭ᠎ᠲᠦ ᠬᠦᠷᠴᠦ᠂ 600 ᠭᠠᠷᠤᠢ ᠬᠥᠮᠦᠨ᠎ᠳ᠋ᠦ᠍ ᠠᠵᠢᠯ ᠣᠯᠭᠣᠨ᠎ᠠ᠃ ᠲᠤᠰ ᠰᠠᠭᠤᠷᠢᠨ 2021 ᠣᠨ᠎ᠳ᠋ᠤ᠌ ᠠᠰᠢᠭᠯᠠᠯᠲᠠ᠎ᠳ᠋ᠤ᠌ ᠣᠷᠣᠭᠤᠯᠤᠭᠰᠠᠨ ᠶᠤᠸᠠᠨ ᠵᠢᠩ ᠮᠧᠩ ᠰᠢᠩ ᠪᠦᠯᠦᠭᠯᠡᠯ᠎ᠦ᠋ᠨ ᠪᠠᠶᠠᠨᠨᠠᠭᠤᠷ᠎ᠤ᠋ᠨ ᠣᠶᠤᠨᠲᠤ ᠰᠠᠯᠬᠢᠨ ᠬᠦᠴᠦᠨ᠎ᠤ ᠴᠠᠬᠢᠯᠭᠠᠨ ᠭᠠᠷᠭᠠᠬᠤ ᠮᠠᠰᠢᠨ᠎ᠤ᠋ ᠭᠣᠣᠯ ᠮᠠᠰᠢᠨ ᠦᠢᠯᠡᠳᠬᠦ ᠰᠠᠭᠤᠷᠢᠨ᠎ᠲᠠᠢ ᠠᠵᠤ ᠦᠢᠯᠡᠰ᠎ᠦ᠋ᠨ ᠬᠠᠷᠢᠯᠴᠠᠨ ᠨᠥᠬᠥᠪᠥᠷᠢᠯᠡᠬᠦ ᠵᠢ ᠪᠡᠶᠡᠯᠡᠭᠦᠯᠦᠨ᠂ ᠪᠦᠬᠦᠯᠢ ᠴᠣᠭᠴᠠ᠎ᠶ᠋ᠢᠨ ᠢᠵᠢ ᠪᠦᠷᠢᠳᠦᠭᠰᠡᠨ ᠦᠢᠯᠡᠳᠪᠦᠷᠢᠯᠡᠬᠦ ᠴᠢᠳᠠᠪᠤᠷᠢ ᠨᠢ 500 ᠢᠵᠢ ᠳ᠋ᠦ ᠬᠦᠷᠴᠦ᠂ 《ᠭᠣᠣᠯ ᠮᠠᠰᠢᠨ + ᠰᠡᠩᠰᠠ》 ᠵᠢᠨ ᠬᠣᠣᠰ ᠬᠡᠯᠬᠢᠶᠡᠨ᠎ᠤ ᠬᠥᠳᠡᠯᠭᠡᠭᠦᠷ ᠲᠤᠤᠷ᠎ᠠ ᠪᠠᠰᠠ ᠾᠧᠨᠠᠨ᠎ᠤ᠋ ᠶᠠᠩ ᠫᠦ ᠰᠡᠩᠰᠡ᠎ᠶᠢᠨ ᠮᠠᠲ᠋ᠧᠷᠢᠶᠠᠯ᠎ᠢ᠋ ᠪᠤᠴᠠᠭᠠᠨ ᠬᠤᠷᠢᠶᠠᠬᠤ ᠵᠡᠷᠭᠡ ᠢᠵᠢ ᠪᠦᠷᠢᠳᠦᠭᠰᠡᠨ ᠠᠵᠤ ᠠᠬᠤᠢᠯᠠᠯ᠎ᠢ ᠪᠠᠶᠠᠨᠨᠠᠭᠤᠷ ᠬᠣᠲᠠ᠎ᠳ᠋ᠤ᠌ ᠲᠠᠲᠠᠨ ᠨᠤᠲᠤᠭᠰᠢᠭᠤᠯᠵᠤ᠂ ᠰᠢᠨ᠎ᠡ ᠡᠨᠧᠷᠭᠢ᠎ᠶ᠋ᠢᠨ ᠲᠣᠨᠣᠭ ᠲᠥᠬᠥᠭᠡᠷᠦᠮᠵᠢ᠎ᠶ᠋ᠢᠨ︽ᠠᠵᠤ ᠦᠢᠯᠡᠰ᠎ᠦ᠋ᠨ ᠬᠣᠯᠪᠣᠭ᠎ᠠ︾ ᠵᠢ ᠠᠩᠬ᠎ᠠ ᠪᠦᠷᠢᠯᠳᠦᠭᠦᠯᠵᠦ᠂ ᠨᠡᠢᠯᠡᠮᠡᠯ ᠮᠠᠲ᠋ᠧᠷᠢᠶᠠᠯ᠎ᠢ᠋ ᠰᠤᠳᠤᠯᠤᠨ ᠨᠡᠭᠡᠭᠡᠬᠦ᠎ᠡᠴᠡ ᠠᠪᠤᠭᠠᠳ ᠣᠶᠤᠨᠴᠢ ᠪᠡᠷ ᠦᠢᠯᠡᠳᠬᠦ ᠬᠦᠷᠲᠡᠯ᠎ᠡ ᠭᠤᠯᠳᠤ ᠬᠡᠯᠬᠢᠶ᠎ᠡ᠎ᠶ᠋ᠢ ᠪᠦᠷᠢᠯᠳᠦᠭᠦᠯᠦᠭᠰᠡᠨ ᠪᠠᠢᠨ᠎ᠠ᠃

︽ᠳᠠᠷᠠᠭᠠᠴᠢ᠎ᠪᠡᠷ ᠪᠢᠳᠡ ᠰᠤᠳᠤᠯᠤᠨ ᠨᠡᠭᠡᠭᠡᠬᠦ᠂ ᠦᠢᠯᠡᠳᠪᠦᠷᠢᠯᠡᠬᠦ᠎ᠡᠴᠡ ᠡᠷᠭᠢᠯᠳᠦᠭᠦᠯᠦᠨ ᠠᠰᠢᠭᠯᠠᠬᠤ ᠬᠦᠷᠲᠡᠯᠡᠬᠢ ᠪᠦᠬᠦ ᠦᠶᠡᠯᠡᠯ᠎ᠦ᠋ᠨ ᠠᠵᠤ ᠦᠢᠯᠡᠰ᠎ᠦ᠋ᠨ ᠠᠮᠢ ᠠᠬᠤᠢ᠎ᠶ᠋ᠢ ᠪᠠᠢᠭᠤᠯᠵᠤ᠂ ᠪᠠᠶᠠᠨᠨᠠᠭᠤᠷ ᠬᠣᠲᠠ᠎ᠶ᠋ᠢ ᠪᠦᠬᠦ ᠤᠯᠤᠰ᠎ᠲᠦ ᠨᠥᠯᠥᠭᠡᠯᠡᠬᠦ ᠬᠦᠴᠦᠨ ᠲᠠᠢ ᠰᠢᠨ᠎ᠡ ᠡᠨᠧᠷᠭᠢ᠎ᠶ᠋ᠢᠨ ᠲᠣᠨᠣᠭ ᠲᠥᠬᠥᠭᠡᠷᠦᠮᠵᠢ᠎ᠶ᠋ᠢᠨ ᠰᠢᠨ᠎ᠡ᠎ᠶ᠋ᠢ ᠡᠭᠦᠳᠬᠦ ᠬᠦᠢᠰᠦ ᠪᠣᠯᠭᠠᠨ ᠲᠡᠰ ᠲᠡᠪᠰᠢᠭᠦᠯᠬᠦ᠎ᠵᠢ ᠲᠦᠯᠬᠢᠨ ᠠᠬᠢᠭᠤᠯᠤᠨ᠎ᠠ︾ᠭᠡᠵᠦ ᠶᠤᠸᠠᠨ ᠵᠢᠩ ᠮᠧᠩ ᠰᠢᠨ ᠪᠦᠯᠦᠭᠯᠡᠯ᠎ᠦ᠋ᠨ ᠨᠡᠭᠡᠭᠡᠨ ᠬᠥᠭᠵᠢᠭᠦᠯᠦᠯᠲᠡ᠎ᠶ᠋ᠢᠨ ᠳᠡᠳ᠋ ᠶᠡᠷᠦᠩᠬᠡᠢ ᠳᠠᠭᠠᠭᠠᠮᠠᠯ᠂ ᠪᠠᠶᠠᠨᠨᠠᠭᠤᠷ᠎ᠤᠨ ᠰᠠᠭᠤᠷᠢᠨ᠎ᠤ᠋ ᠶᠡᠷᠦᠩᠬᠡᠢ ᠳᠠᠭᠠᠭᠠᠮᠠᠯ ᠾᠧᠦ ᠵᠣᠣ ᠶᠦᠨ ᠢᠯᠡᠷᠬᠡᠢᠯᠡᠭᠰᠡᠨ ᠪᠠᠢᠨ᠎ᠠ᠃

ᠪᠠᠶᠠᠨᠨᠠᠭᠤᠷ ᠬᠣᠲᠠ ᠴᠢᠬᠤᠯᠠ ᠶᠡᠬᠡ ᠲᠥᠷᠥᠯ ᠵᠦᠢᠯ᠎ᠢ᠋ ᠲᠥᠰᠥᠪᠯᠡᠬᠦ ᠠᠵᠢᠯᠯᠠᠭ᠎ᠠ᠎ᠪᠠᠷ ᠬᠥᠲᠥᠯᠦᠮᠵᠢ ᠪᠣᠯᠭᠠᠨ᠂ ᠪᠥᠬᠥ ᠬᠣᠲᠠ᠎ᠶ᠋ᠢᠨ 《ᠲᠥᠷᠥᠯ ᠵᠦᠢᠯ᠎ᠢ᠋ ᠶᠡᠬᠡ ᠪᠡᠷ ᠠᠳᠬᠤᠵᠤ᠂ ᠲᠤᠮᠤ ᠲᠥᠷᠥᠯ ᠵᠦᠢᠯ᠎ᠢ᠋ ᠠᠳᠬᠤᠬᠤ》 ᠬᠥᠭ ᠠᠶᠠᠰ᠎ᠢ᠋ ᠴᠢᠪᠬᠠᠳᠠᠨ᠂ ᠪᠡᠯᠡ ᠣᠷᠣᠭᠤᠯᠤᠯᠲᠠ᠎ᠶ᠋ᠢᠨ ᠡᠷᠴᠢᠮ᠎ᠢ ᠦᠷᠭᠦᠯᠵᠢᠯᠡᠨ ᠴᠢᠩᠭᠠᠷᠠᠭᠤᠯᠵᠤ᠂ ᠪᠥᠬᠥ ᠬᠣᠲᠠ᠎ᠶ᠋ᠢᠨ ᠠᠵᠤ ᠠᠬᠤᠢ ᠨᠡᠢᠭᠡᠮ᠎ᠦ᠋ᠨ ᠴᠢᠨᠠᠷ ᠰᠠᠢᠲᠠᠢ ᠬᠥᠭᠵᠢᠯᠲᠡ᠎ᠳ᠋ᠦ᠍ ᠬᠦᠴᠦᠨ ᠨᠡᠮᠡᠷᠢᠯᠡᠨ᠎ᠡ᠃ ᠡᠨᠡ ᠵᠢᠯ᠂ ᠪᠥᠬᠥ ᠬᠣᠲᠠ 204 ᠴᠢᠬᠤᠯᠠ ᠶᠡᠬᠡ ᠲᠥᠷᠥᠯ ᠵᠦᠢᠯ᠎ᠢ᠋ ᠬᠡᠷᠡᠭᠵᠢᠭᠦᠯᠬᠦ ᠪᠡᠷ ᠲᠥᠯᠥᠪᠯᠡᠵᠦ᠂ 510 ᠳ᠋ᠦᠩᠰᠢᠭᠤᠷ ᠲᠥᠭᠥᠷᠢᠭ᠎ᠡᠴᠡ ᠳᠡᠭᠡᠭᠰᠢᠬᠢ ᠪᠡᠯᠡ ᠣᠷᠣᠭᠤᠯᠤᠯᠲᠠ᠎ᠶ᠋ᠢ ᠪᠡᠶᠡᠯᠡᠭᠦᠯᠵᠦ᠂ ᠣᠳᠣ ᠦᠶ᠎ᠡ᠎ᠶ᠋ᠢᠨ ᠥᠨᠳᠥᠷ ᠪᠦᠲᠦᠮᠵᠢᠲᠦ ᠮᠠᠯ ᠠᠵᠤ ᠠᠬᠤᠢ ᠲᠠᠷᠢᠶᠠᠯᠠᠩ᠂ ᠣᠳᠣ ᠦᠶ᠎ᠡ᠎ᠶ᠋ᠢᠨ ᠲᠣᠨᠣᠭ ᠲᠥᠬᠥᠭᠡᠷᠦᠮᠵᠢ ᠦᠢᠯᠡᠳᠬᠦ᠂ ᠠᠮᠢᠳᠤ ᠪᠣᠳᠠᠰ᠎ᠤ᠋ᠨ ᠡᠮ ᠡᠮᠨᠡᠯᠭᠡ᠂ ᠪᠣᠬᠢᠷᠲᠤᠯ ᠦᠭᠡᠢ ᠨᠡᠭᠦᠷᠡᠰᠦᠲᠥ᠋ᠷᠦᠭᠴᠢ ᠪᠠᠭ᠎ᠠ ᠭᠠᠳᠠᠭᠰᠢᠯᠠᠭᠤᠯᠬᠤ ᠵᠡᠷᠭᠡ 11 ᠬᠦᠷᠢᠶ᠎ᠡ ᠴᠠᠷᠠᠭ᠎ᠠ᠎ᠶ᠋ᠢ ᠬᠠᠮᠤᠷᠴᠠᠢ᠃

ᠰᠢᠨ᠎ᠡ ᠡᠨᠧᠷᠬᠢ᠎ᠶᠢᠨ ᠲᠡᠭᠡᠭᠡᠪᠦᠷᠢ᠎ᠶᠢᠨ ᠮᠠᠰᠢᠨ᠎ᠤ᠋ ᠬᠢᠯᠢ ᠠᠯᠤᠰᠯᠠᠨ ᠪᠠᠷᠠᠭ᠎ᠠ ᠲᠡᠬᠡᠬᠡᠪᠤᠷᠢᠯᠡᠨ ᠰᠢᠪᠲᠤᠯᠤᠯᠲᠠ ᠬᠢᠭᠰᠡᠨ᠎ᠡᠴᠡ ᠰᠢᠨ᠎ᠡ ᠡᠨᠧᠷᠬᠢ᠎ᠶᠢᠨ ᠲᠣᠨᠣᠭ ᠲᠥᠬᠥᠭᠡᠷᠦᠮᠵᠢ᠎ᠶ᠋ᠢᠨ ᠠᠵᠤ ᠦᠢᠯᠡᠳᠪᠦᠷᠢ ᠵᠢᠨ ᠬᠦᠴᠦᠷᠭᠡᠭᠵᠢᠬᠦ ᠬᠦᠷᠲᠡᠯ᠎ᠡ᠂ ᠬᠢᠯᠢ᠎ᠶᠢᠨ ᠪᠣᠭᠣᠮᠲᠠ᠎ᠶ᠋ᠢᠨ ᠣᠶᠤᠨᠴᠢᠯᠠᠭᠰᠠᠨ ᠲᠡᠰ ᠲᠡᠪᠰᠢᠯᠲᠡ᠎ᠡᠴᠡ ᠴᠢᠬᠤᠯᠠ ᠶᠡᠬᠡ ᠲᠦᠷᠦᠯ ᠵᠦᠢᠯ᠎ᠤᠨ ᠪᠦᠬᠦ ᠲᠠᠯ᠎ᠠ᠎ᠶᠢᠨ ᠠᠬᠢᠯᠲᠠ ᠬᠦᠷᠲᠡᠯ᠎ᠡ᠂ ᠪᠠᠶᠠᠨᠨᠠᠭᠤᠷ ᠬᠣᠲᠠ ᠶᠠᠭ 《ᠲᠡᠮᠡᠴᠡᠯ》 ᠤ᠋ᠨ ᠵᠤᠷᠢᠭ ᠵᠢᠡᠨ ᠡᠷᠴᠢᠯᠡᠨ᠂ 《ᠰᠢᠪᠲᠤᠯᠤᠯᠲᠠ》 ᠵᠢᠨ ᠢᠲᠡᠭᠡᠯ ᠵᠢᠡᠨ ᠪᠠᠲᠤᠳᠬᠠᠨ᠂ ᠴᠢᠨᠠᠷ ᠰᠠᠢᠲᠠᠢ ᠬᠦᠭᠵᠢᠯᠲᠡ᠎ᠶᠢᠨ ᠵᠠᠮ ᠲᠡᠭᠡᠷ᠎ᠡ ᠡᠷᠡᠯᠭᠡᠭᠯᠡᠨ ᠤᠷᠤᠭᠰᠢᠯᠡᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号