ᠬᠥᠯᠥᠨ ᠪᠤᠢ᠌ᠷ ᠦᠨᠡᠨᠴᠢ ᠢᠲᠡᠭᠡᠮᠵᠢ᠎ᠵᠢᠨ ᠬᠡᠷᠡᠯ ᠬᠢᠯᠪᠠᠭ᠎ᠠ ᠪᠡᠷ ᠬᠥᠭ᠌ᠵᠢᠯᠲᠡ᠎ᠶ᠋ᠢᠨ ᠵᠠᠮ᠎ᠢ ᠬᠡᠷᠡᠯᠳᠦᠬᠦᠯᠦᠨ᠎ᠡ
2025-03-31 10:14:02
ᠵᠣᠬᠢᠶᠠᠭ᠍ᠴᠢ᠄
ᠯᠢ ᠱᠢᠨ ᠵᠢᠶᠦ᠋ᠨ
ᠣᠩᠱᠢᠭ᠍ᠰᠠᠨ ᠣᠳᠠᠭ᠎ᠠ᠄
★★★☆☆

ᠬᠥᠯᠥᠨ ᠪᠣᠢᠷ ᠬᠣᠲᠠ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠢᠮᠠᠭᠳᠠ ᠤᠯᠤᠰ ᠲᠥᠷᠥ᠎ᠶ᠋ᠢᠨ ᠡᠭᠦᠷᠭᠡ ᠪᠤᠯᠭᠠᠵᠤ᠂ ᠬᠣᠲᠠ᠎ᠶ᠋ᠢᠨ ᠬᠠᠤᠯᠢ ᠴᠠᠭᠠᠵᠠ᠎ᠶ᠋ᠢᠨ ᠲᠣᠪᠴᠢᠶ᠎ᠠ ᠲᠦᠷᠦᠭᠦᠯᠡᠨ ᠶᠡᠷᠦᠩᠬᠡᠢᠯᠡᠨ ᠠᠳᠭᠤᠵᠤ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ᠂ ᠬᠤᠳᠠᠯᠳᠤᠭᠠᠨ᠎ᠤ ᠶᠠᠪᠤᠳᠠᠯ᠎ᠤᠨ ᠦᠨᠡᠨᠴᠢ ᠢᠲᠡᠭᠡᠮᠵᠢ᠂ ᠨᠡᠢᠭᠡᠮ᠎ᠦᠨ ᠦᠨᠡᠨᠴᠢ ᠢᠲᠡᠭᠡᠮᠵᠢ᠂ ᠬᠠᠤᠯᠢ ᠴᠠᠭᠠᠵᠠ᠎ᠶ᠋ᠢᠨ ᠣᠯᠠᠨ ᠨᠡᠢᠲᠡ᠎ᠶ᠋ᠢᠨ ᠢᠲᠡᠭᠡᠮᠵᠢ ᠵᠡᠷᠭᠡ ᠳᠥᠷᠪᠡᠨ ᠲᠤᠰᠬᠠᠢ ᠲᠦᠷᠦᠯ ᠵᠢᠡᠷ ᠠᠬᠢᠭᠤᠯᠬᠤ ᠳᠤᠭᠤᠢᠯᠠᠩ ᠬᠠᠮᠵᠢᠯᠴᠠᠨ ᠬᠣᠯᠪᠣᠭᠠᠯᠠᠨ ᠬᠥᠳᠡᠯᠦᠯᠴᠡᠵᠦ᠍᠂ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠢᠨᠵᠧᠨᠧᠷᠢᠩ᠎ᠢ ᠪᠠᠲᠤᠲᠠᠶ ᠬᠡᠷᠡᠭ᠌ᠵᠢᠭᠦᠯᠵᠦ᠍᠂ ᠲᠡᠷᠢᠭᠦᠨ᠎ᠦ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠪᠠ᠃

ᠠᠵᠤ ᠠᠬᠤᠢᠯᠠᠯ᠎ᠳᠤ ᠠᠱᠢᠭ ᠬᠦᠷᠲᠡᠭᠡᠨ ᠠᠷᠠᠳ᠎ᠲᠤ ᠠᠱᠢᠭ ᠬᠦᠷᠲᠡᠭᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍ ᠳᠥᠭᠥᠮ ᠳᠥᠲᠡ ᠥᠨᠳᠥᠷ ᠪᠦᠲᠦᠮᠵᠢᠲᠡᠶ ᠵᠠᠰᠠᠭ᠎ᠤᠨ ᠶᠠᠪᠤᠳᠠᠯ᠎ᠤᠨ ᠣᠷᠴᠢᠨ ᠨᠥᠬᠥᠴᠡᠯ᠎ᠢ ᠪᠣᠶ ᠪᠣᠯᠭᠠᠪᠠ

ᠲᠦᠷᠦᠭᠦᠬᠡᠨ ᠣᠷᠴᠣᠨ᠎ᠤ ᠥᠪᠡᠷᠲᠡᠭᠡᠨ ᠵᠠᠰᠠᠬᠤ ᠬᠣᠱᠢᠭᠤᠨ᠎ᠤ ᠰᠠᠭᠤᠭᠠᠯᠢ ᠠᠷᠠᠳ 12345  ᠤᠲᠠᠰᠤ ᠵᠢ ᠤᠳᠠᠰᠤᠳᠠᠵᠤ ᠲᠤᠰᠠᠯᠠᠮᠵᠢ ᠬᠦᠰᠡᠪᠡ᠂ ᠬᠣᠱᠢᠭᠤᠨ᠎ᠤ ᠡᠮ ᠡᠮᠨᠡᠯᠭᠡ᠎ᠶ᠋ᠢᠨ ᠳᠠᠭᠠᠳᠭᠠᠯ᠎ᠤᠨ ᠲᠣᠪᠴᠢᠶ᠎ᠠ ᠠᠵᠢᠯ᠎ᠤᠨ ᠬᠠᠭᠤᠳᠠᠰᠤ᠎ᠶ᠋ᠢ ᠣᠯᠤᠭ᠍ᠰᠠᠨ᠎ᠤ ᠳᠠᠷᠠᠭ᠎ᠠ ᠡᠮ ᠡᠮᠨᠡᠯᠭᠡ᠎ᠶ᠋ᠢᠨ ᠳᠠᠭᠠᠳᠭᠠᠯ᠎ᠤᠨ ᠲᠥᠷᠥ᠎ᠶ᠋ᠢᠨ ᠪᠣᠳᠣᠯᠭ᠎ᠠ᠎ᠳᠤ ᠨᠠᠷᠢᠨ ᠬᠠᠷᠢᠭᠤᠯᠲᠠ ᠥᠭ᠌ᠴᠦ᠂ ᠰᠠᠭᠤᠭᠠᠯᠢ ᠠᠷᠠᠳ᠎ᠢ ᠬᠠᠪᠰᠤᠷᠤᠨ ᠡᠮ ᠡᠮᠨᠡᠯᠭᠡ᠎ᠶ᠋ᠢᠨ ᠳᠠᠭᠠᠳᠭᠠᠯ᠎ᠤᠨ ᠲᠠᠩᠰᠠ ᠲᠠᠢᠯᠬᠤ ᠬᠦᠴᠢᠷ ᠠᠰᠠᠭᠤᠳᠠᠯ᠎ᠢ ᠨᠢ ᠱᠢᠶ᠋ᠳᠪᠦᠷᠢᠯᠡᠵᠦ ᠦᠭᠪᠡ᠃

ᠬᠥᠯᠥᠨ ᠪᠣᠢᠷ ᠬᠣᠲᠠ᠎ᠶ᠋ᠢᠨ ᠡᠭᠦᠳᠦᠨ ᠪᠠᠢᠭᠤᠯᠤᠭ᠍ᠰᠠᠨ 《 ᠳᠠᠭᠤᠳᠠᠭᠰᠠᠭᠠᠷ ᠬᠠᠷᠢᠭᠤ ᠦᠭᠬᠦ》 ᠲᠦᠷᠦᠯ ᠲᠡᠮᠳᠡᠭ᠌᠎ᠨᠢ ᠠᠵᠤ ᠠᠬᠤᠢᠯᠠᠯ ᠣᠯᠠᠨ ᠲᠦᠮᠡᠨ᠎ᠦ ᠬᠠᠮᠤᠭ᠎ᠡᠴᠡ ᠠᠩᠬᠠᠷᠴᠤ᠌ ᠪᠠᠢᠭ᠎ᠠ ᠬᠠᠯᠠᠮᠱᠢᠯ ᠠᠰᠠᠭᠤᠳᠠᠯ᠂ ᠬᠦᠴᠢᠷ ᠠᠰᠠᠭᠤᠳᠠᠯ ᠎ᠢ ᠬᠦᠴᠦᠯᠡᠨ ᠱᠢᠶ᠋ᠳᠪᠦᠷᠢᠯᠡᠵᠦ᠍ ᠪᠣᠶ᠃ ᠵᠢᠯ᠎ᠦᠨ ᠡᠬᠢᠨ᠎ᠡᠴᠡ ᠨᠠᠭᠠᠰᠢ᠂ 301541 ᠬᠤᠪᠢ ᠬᠦᠰᠡᠯ ᠱᠠᠭᠠᠷᠳᠠᠯᠭ᠎ᠠ᠎ᠶ᠋ᠢ ᠭᠥᠯᠢᠶᠡᠨ ᠠᠪᠴᠤ᠌ ᠱᠢᠶ᠋ᠳᠪᠦᠷᠢᠯᠡᠨ᠂ ᠰᠦᠯᠵᠢᠶᠡᠨ ᠳᠡᠭᠡᠷ᠎ᠠ ᠪᠠ ᠪᠤᠳᠠᠳᠤ ᠴᠤᠭᠴᠠ᠎ᠳᠤ 13 《ᠨᠢᠭᠡ ᠶᠠᠪᠤᠳᠠᠯ᠎ᠢ ᠥᠨᠳᠥᠷ ᠪᠦᠲᠦᠮᠵᠢᠲᠡᠶ᠎ᠪᠡᠷ ᠭᠦᠶ᠋ᠴᠡᠳᠭᠡᠵᠦ᠍ ᠳᠠᠭᠤᠰᠭᠠᠬᠤ》 ᠦᠶ᠋ᠯᠡᠴᠢᠯᠡᠭᠡᠨ᠎ᠦ ᠢᠵᠢ ᠦᠶ᠋ᠯᠡᠴᠢᠯᠡᠭᠡ᠎ᠶ᠋ᠢ ᠵᠡᠷᠭᠡ᠎ᠪᠡᠷ ᠭᠠᠷᠭᠠᠵᠤ᠂  9731 ᠶᠠᠪᠤᠳᠠᠯ᠎ᠢ ᠬᠦᠢᠴᠡᠳᠭᠡᠵᠦ᠂ ᠮᠡᠳᠡᠭᠡ ᠵᠠᠩᠭᠢ᠎ᠶ᠋ᠢ ᠴᠤᠭ᠍ᠯᠠᠭᠤᠯᠤᠨ ᠬᠠᠮᠲᠤ᠎ᠪᠠᠷ ᠡᠳ᠋ᠯᠡᠬᠦ ᠶ᠋ᠢ  ᠥᠷᠭᠡᠳᠭᠡᠵᠦ᠍᠂ ᠨᠡᠢᠲᠡ 54.1 ᠲᠦᠮᠡ ᠭᠠᠷᠤᠶ ᠮᠡᠳᠡᠭᠡ ᠵᠠᠩᠭᠢ᠎ᠶ᠋ᠢ ᠴᠤᠭ᠍ᠯᠠᠭᠤᠯᠪᠠ᠃

ᠡᠭᠦᠨ᠎ᠡᠴᠡ ᠭᠠᠳᠠᠨ᠎ᠠ᠂ ᠵᠠᠰᠠᠭ ᠵᠠᠬᠢᠷᠭᠠᠨ᠎ᠤ ᠬᠠᠤᠯᠢ ᠬᠡᠷᠡᠭ᠌ᠵᠢᠭᠦᠯᠬᠦ᠌ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠭᠤᠷᠪᠠᠨ ᠵᠢᠯ᠎ᠦᠨ ᠠᠵᠢᠯᠯᠠᠭ᠎ᠠ᠎ᠶ᠋ᠢ ᠥᠷᠨᠢᠭᠦᠯᠵᠦ᠍᠂ ᠪᠠᠭ᠍ᠲᠠᠭᠠᠮᠵᠢᠲᠠᠶ ᠬᠢᠨᠠᠭᠤᠷ ᠪᠣᠯᠭᠣᠮᠵᠢᠲᠠᠶ ᠪᠥᠭᠡᠳ ᠤᠶᠠᠨ ᠬᠠᠲᠠᠨ ᠴᠢᠨᠠᠷᠲᠠᠶ ᠪᠡᠷ ᠬᠠᠤᠯᠢ ᠬᠡᠷᠡᠭ᠌ᠵᠢᠭᠦᠯᠵᠦ᠍᠂ ᠵᠠᠰᠠᠭ ᠵᠠᠬᠢᠷᠭᠠᠨ᠎ᠤ ᠱᠢᠢᠳᠭᠡᠯ ᠲᠣᠷᠭᠠᠭᠤᠯᠢ᠎ᠶ᠋ᠢᠨ 《ᠭᠤᠷᠪᠠᠨ ᠨᠠᠷᠢᠨ ᠲᠠᠩᠰᠠ》 ᠶ᠋ᠢ ᠨᠡᠢᠲᠡ 8634 ᠵᠦᠶ᠋ᠯ ᠪᠠᠢᠭᠤᠯᠵᠤ᠂ 2025 ᠵᠠᠰᠠᠭ ᠵᠠᠬᠢᠷᠭᠠᠨ᠎ᠤ ᠡᠷᠬᠡ᠎ᠶ᠋ᠢᠨ ᠵᠦᠶ᠋ᠯᠡᠰ᠎ᠢ ᠬᠥᠳᠡᠯᠦᠩᠭᠦᠶ᠎ᠪᠡᠷ ᠲᠣᠬᠢᠷᠠᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠱᠢᠨ᠎ᠢᠶᠡᠨ ᠪᠦᠲᠦᠮᠵᠢᠲᠡᠶ ᠳᠡᠭᠡᠭ᠌ᠰᠢᠯᠡᠭᠦᠯᠪᠡ᠃ 《ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠵᠠᠭᠠᠯᠳᠤᠯᠭ᠎ᠠ》 ᠶ᠋ᠢᠨ 18 ᠲᠤᠰᠭᠠᠶ ᠴᠣᠩᠬᠣᠪᠴᠢ ᠨᠡᠭᠡᠭᠡᠵᠦ᠍᠂ ᠠᠷᠠᠯᠵᠢᠶᠠᠴᠢᠨ ᠤᠷᠢᠵᠤ ᠪᠠᠯᠠ ᠮᠦᠨᠭᠬᠦ ᠣᠷᠣᠭᠤᠯᠤᠨ ᠠᠪᠴᠢᠷᠠᠬᠤ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭ᠌ᠴᠡᠭᠡ ᠵᠡᠷᠭᠡ ᠬᠦᠷᠢᠶᠡᠨ᠎ᠳᠡᠬᠢ ᠵᠠᠰᠠᠭ᠎ᠤᠨ ᠣᠷᠳᠣᠨ᠎ᠤ 16 ᠵᠦᠶ᠋ᠯ᠎ᠦᠨ ᠢᠲᠡᠭᠡᠮᠵᠢ ᠠᠯᠳᠠᠭ᠍ᠰᠠᠨ ᠪᠠᠢᠳᠠᠯ᠎ᠳᠤ ᠴᠢᠭ᠌ᠯᠡᠭᠦᠯᠦᠨ ᠴᠡᠭ᠌ᠴᠡᠯᠡᠨ ᠵᠠᠰᠠᠯᠲᠠ ᠬᠢᠵᠦ᠍᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ᠎ᠶ᠋ᠢᠨ ᠦᠵᠡᠯ ᠤᠬᠠᠮᠰᠠᠷ᠎ᠢ ᠳᠡᠭᠡᠭ᠌ᠰᠢᠯᠡᠭᠦᠯᠪᠡ᠃

ᠡᠷᠡᠭᠦᠯ᠎ᠬᠦᠭᠵᠢᠯᠳᠠ ᠳ᠋ᠦ ᠠᠩᠬᠠᠷᠤᠯ᠎ᠢᠶᠠᠨ ᠲᠥᠪᠯᠡᠷᠡᠭᠦᠯᠵᠤ ᠥᠷᠢᠰᠥᠯᠳᠦᠭᠡᠨ ᠡᠮᠬᠢ ᠵᠢᠷᠤᠮ᠎ᠲᠠᠶ ᠵᠠᠬ᠎ᠠ ᠳᠡᠯᠭᠡᠭᠦᠷ᠎ᠦᠨ ᠣᠷᠴᠢᠨ ᠨᠥᠬᠥᠴᠡᠯ᠎ᠢ ᠪᠤᠢ ᠪᠣᠯᠭᠠᠪᠠ

《ᠦᠨᠡᠨᠴᠢ ᠢᠲᠡᠭᠡᠮᠵᠢᠲᠡᠢ ᠵᠠᠰᠠᠭ᠎ᠤᠨ ᠣᠷᠳᠣᠨ 〈ᠬᠡᠯᠡᠭ᠌ᠰᠡᠨ᠎ᠳᠡᠭᠡᠨ ᠰᠠᠭᠤᠵᠤ〉᠂ ᠠᠵᠤ ᠠᠬᠤᠢᠯᠠᠯ᠎ᠢ ᠨᠡᠩ ᠰᠠᠨᠠᠭ᠎ᠠ ᠠᠮᠤᠷ ᠬᠦᠭᠵᠢᠬᠦᠯᠬᠦ ᠬᠡᠷᠡᠭ᠌ᠲᠡᠢ》 ᠭᠡᠵᠦ ᠬᠥᠯᠥᠨ ᠪᠣᠢᠷ ᠬᠣᠲᠠ᠎ᠶ᠋ᠢᠨ ᠬᠠᠤᠯᠢ ᠴᠠᠭᠠᠵᠠ᠎ᠶ᠋ᠢᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠮᠸᠩ ᠴᠢᠩ ᠬᠠᠶ ᠬᠡᠯᠡᠨ᠎ᠡ᠃

ᠡᠨᠡ ᠵᠢᠯ  ᠪᠥᠬᠥ᠌ ᠤᠯᠤᠰ᠎ᠤᠨ ᠢᠲᠡᠭᠡᠮᠵᠢ᠎ᠶ᠋ᠢᠨ ᠮᠡᠳᠡᠭᠡ ᠵᠠᠩᠭᠢ᠎ᠶ᠋ᠢ ᠬᠠᠮᠲᠤ᠎ᠪᠠᠷ ᠡᠳ᠋ᠯᠡᠬᠦ᠌ ᠲᠠᠪᠴᠠᠩ᠎ᠳᠤ ᠲᠦᠱᠢᠭ᠌ᠯᠡᠨ ᠪᠥᠬᠥ᠌ ᠬᠣᠲᠠ᠎ᠳᠤ 1540 ᠲᠦᠮᠡᠨ ᠵᠤᠷᠪᠤᠰ ᠮᠡᠳᠡᠭᠡ ᠵᠠᠩᠭᠢ ᠴᠤᠭ᠍ᠯᠠᠭᠤᠯᠤᠨ ᠬᠠᠮᠲᠤ᠎ᠪᠠᠷ ᠡᠳ᠋ᠯᠡᠬᠦ ᠵᠢ ᠪᠡᠶᠡᠯᠡᠬᠦᠯᠵᠦ᠍᠂ 86ᠦᠨᠡᠨᠴᠢ ᠢᠲᠡᠭᠡᠮᠵᠢ᠎ᠶ᠋ᠢᠨ ᠵᠢᠱ᠌ᠢᠶ᠎ᠡ ᠦᠵᠡᠭᠦᠯᠬᠦ᠌ ᠠᠵᠤ ᠠᠬᠤᠢᠯᠠᠯ᠂ 15000 ᠭᠠᠷᠤᠶ ᠦᠨᠡᠨᠴᠢ ᠢᠲᠡᠭᠡᠮᠵᠢ᠎ᠶ᠋ᠢᠨ ᠪᠠᠷᠢᠮᠵᠢᠶ᠎ᠠ᠎ᠳᠤ ᠭᠦᠷᠦᠭ᠌ᠰᠡᠨ ᠠᠵᠤ ᠠᠬᠤᠢᠯᠠᠯ᠂ 30 ᠲᠦᠷᠦᠭᠦᠦ ᠪᠦᠯᠦᠭ᠎ᠦᠨ 《ᠰᠣᠶᠣᠯ ᠵᠢᠭᠤᠯᠴᠢᠯᠠᠯ᠎ᠤᠨ ᠦᠨᠡᠨᠴᠢ ᠢᠲᠡᠭᠡᠮᠵᠢ᠎ᠶ᠋ᠢᠨ ᠵᠢᠱ᠌ᠢᠶ᠎ᠡ ᠦᠵᠡᠭᠦᠯᠬᠦ᠌ ᠨᠢᠭᠡᠴᠢ》 ᠵᠢ ᠲᠠᠨᠢᠯᠴᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠳᠤᠮᠳᠠ ᠪᠠᠭ᠎ᠠ ᠠᠵᠤ ᠠᠬᠤᠢᠯᠠᠯ᠎ᠤᠨ ᠪᠠᠯᠠ ᠬᠤᠷᠠᠮᠳᠤᠭᠤᠯᠭ᠎ᠠ᠎ᠶ᠋ᠢᠨ ᠶᠡᠷᠦᠩᠬᠡᠢᠯᠡᠭ᠌ᠰᠡᠨ ᠢᠲᠡᠭᠡᠮᠵᠢ᠎ᠶ᠋ᠢᠨ ᠦᠶ᠋ᠯᠡᠴᠢᠯᠡᠭᠡᠨ᠎ᠦ ᠲᠠᠪᠴᠠᠩ ᠵᠢᠴᠢ ᠬᠥᠯᠥᠨ ᠪᠣᠢᠷ ᠬᠣᠲᠠ᠎ᠶ᠋ᠢᠨ ᠢᠲᠡᠭᠡᠮᠵᠢᠲᠦ ᠲᠥᠬᠥᠮ ᠵᠢᠭᠡᠯᠡᠯᠭᠡ᠎ᠶ᠋ᠢᠨ ᠲᠠᠪᠴᠠᠩ᠎ᠢᠶᠠᠷ ᠲᠠᠮᠵᠢᠨ 87 ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢ ᠰᠠᠭᠤᠷᠢᠰᠢᠭᠤᠯᠵᠤ᠂ 123 ᠮᠥᠩᠭᠥᠨ ᠭᠦᠶ᠋ᠯᠭᠡᠭᠡᠨ᠎ᠦ ᠦᠢᠯᠡᠳᠬᠦᠨ᠎ᠢ ᠨᠡᠢᠲᠡᠯᠡᠵᠦ᠍᠂ 10.28 ᠳ᠋ᠦᠩᠱᠢᠭᠤᠷ ᠲᠥᠭᠥᠷᠢᠭ᠎ᠦᠨ ᠵᠢᠭᠡᠯᠡᠯᠭᠡ ᠲᠠᠯᠪᠢᠪᠠ᠃ 《ᠬᠤᠶᠠᠷ ᠪᠢᠴᠢᠭ᠎ᠢ ᠬᠦᠷᠭᠡᠬᠦ᠌》 ᠲᠦᠷᠢᠮ᠎ᠢ ᠪᠠᠢᠭᠤᠯᠵᠤ᠂ ᠠᠵᠤ ᠠᠬᠤᠢᠯᠠᠯ᠎ᠢ ᠬᠠᠪᠰᠤᠷᠤᠨ 650 ᠵᠤᠷᠪᠤᠰ ᠢᠲᠡᠭᠡᠮᠵᠢ᠎ᠶ᠋ᠢ ᠨᠢ ᠰᠡᠷᠬᠦᠭᠡᠵᠦ᠂ ᠣᠨ᠎ᠤ ᠮᠡᠳᠡᠭᠦᠯᠦᠯᠲᠡ ᠪᠠ ᠢᠲᠡᠭᠡᠮᠵᠢ᠎ᠶ᠋ᠢ ᠨᠢ ᠰᠡᠷᠭᠦᠭᠡᠬᠦ᠌ 《ᠣᠷᠣᠯᠠᠨ ᠭᠦᠶ᠋ᠴᠡᠳᠭᠡᠬᠦ᠌》 ᠴᠡᠭ᠎ᠢ 117 ᠪᠠᠢᠭᠤᠯᠵᠤ᠂ ᠨᠡᠢᠲᠡ 11243 ᠡᠷᠦᠬᠡ ᠡᠵᠡᠩᠨᠡᠯᠲᠡ᠎ᠶ᠋ᠢᠨ ᠭᠤᠤᠯ ᠴᠣᠭ᠍ᠴᠠ᠎ᠳᠤ ᠣᠨ᠎ᠤ ᠮᠡᠳᠡᠭᠦᠯᠦᠯᠲᠡ᠎ᠶ᠋ᠢ ᠵᠠᠷᠯᠠᠨ ᠨᠡᠢᠲᠡᠯᠡᠬᠦ᠌᠎ᠶ᠋ᠢ ᠪᠡᠶᠡᠯᠡᠭᠦᠯᠵᠦ᠍᠂ 2007 ᠡᠷᠦᠬᠡ ᠡᠵᠡᠩᠨᠡᠯᠲᠡ᠎ᠶ᠋ᠢᠨ ᠭᠤᠤᠯ ᠴᠣᠭ᠍ᠴᠠ ᠰᠦᠯᠵᠢᠶᠡᠨ ᠳᠡᠭᠡᠷ᠎ᠡ ᠢᠲᠡᠭᠡᠮᠵᠢ᠎ᠪᠠᠨ ᠰᠡᠷᠭᠦᠭᠡᠬᠦ᠌ ᠭᠤᠶᠤᠴᠢᠯᠠᠯ ᠲᠤᠱᠢᠶᠠᠪᠠ᠃

ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠤ  ᠠᠮᠠᠯᠠᠯᠳᠠ ᠪᠠᠨ ᠪᠡᠶᠡᠯᠡᠭᠦᠯᠬᠦ᠌ ᠨᠡᠢᠭᠡᠮ᠎ᠦᠨ ᠣᠷᠴᠢᠨ ᠲᠣᠭᠣᠷᠢᠨ᠎ᠢ ᠪᠣᠶ ᠪᠣᠯᠭᠠᠪᠠ

《ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢᠨ ᠰᠠᠨᠠᠭᠠᠴᠢᠯᠠᠭ᠎ᠠ᠎ᠶ᠋ᠢᠨ ᠪᠢᠴᠢᠭ》 ᠢ᠋ ᠨᠡᠢᠲᠡᠯᠡᠬᠦ᠌᠎ᠪᠡᠷ ᠲᠠᠮᠵᠢᠨ ᠳᠤᠮᠳᠠᠳᠤ ᠪᠠᠭ᠎ᠠ ᠰᠤᠷᠭᠠᠭᠤᠯᠢ᠎ᠶ᠋ᠢ ᠵᠣᠬᠢᠶᠠᠨ ᠪᠠᠢᠭᠤᠯᠤᠨ ᠤᠷᠠᠨ ᠪᠢᠴᠢᠯᠭᠡ ᠤᠷᠠᠨ ᠵᠢᠷᠤᠭ᠂ ᠡᠬᠡ ᠪᠢᠴᠢᠭ ᠡᠯᠰᠡᠬᠦ᠌ ᠵᠡᠷᠭᠡ ᠠᠵᠢᠯᠯᠠᠭ᠎ᠠ᠎ᠶ᠋ᠢ 2830 ᠭᠠᠷᠤᠶ ᠲᠠᠯᠠᠪᠤᠷ᠂ ᠤᠷᠠᠨ ᠰᠠᠢᠬᠠᠨ᠎ᠤ ᠲᠣᠭ᠍ᠯᠠᠯᠲᠠ᠂ ᠶᠠᠷᠢᠶ᠎ᠠ ᠢᠯᠡᠳᠭᠡᠯ᠎ᠦᠨ ᠤᠷᠤᠯᠳᠤᠭᠠᠨ ᠵᠡᠷᠭᠡ᠎ᠵᠢ 508 ᠲᠠᠯᠠᠪᠠᠢ ᠥᠷᠨᠢᠭᠦᠯᠵᠦ᠍᠂ 13.2 ᠲᠦᠮᠡᠨ ᠪᠠᠭ᠍ᠰᠢ ᠰᠤᠷᠤᠭ᠍ᠴᠢᠳ ᠬᠠᠮᠲᠤ᠎ᠪᠠᠷ ᠣᠷᠣᠯᠴᠠᠨ᠂ ᠦᠨᠡᠨᠴᠢ ᠢᠲᠡᠭᠡᠮᠵᠢ᠎ᠶ᠋ᠢᠨ ᠬᠥᠮᠦᠵᠢᠯ᠎ᠢ ᠤᠯᠠᠮ ᠨᠢᠭᠡ ᠠᠯᠬᠤᠮ ᠭᠦᠨᠵᠡᠭᠡᠢᠷᠡᠭᠦᠯᠪᠡ᠃ 《ᠢᠲᠡᠭᠡᠮᠵᠢ ᠠᠯᠳᠠᠭ᠍ᠰᠠᠨ᠎ᠢ ᠢᠯᠡᠴᠢᠯᠡᠬᠦ᠌ ᠲᠠᠪᠴᠠᠩ》 ᠲᠡᠭᠡᠷ᠎ᠡ ᠬᠠᠤᠯᠢ ᠵᠢ ᠬᠦᠨᠳᠦ ᠨᠣᠴᠢᠲᠠᠶ ᠵᠥᠷᠢᠴᠡᠵᠦ᠍ ᠢᠲᠡᠭᠡᠮᠵᠢ ᠪᠡᠨ ᠠᠯᠳᠠᠭ᠍ᠰᠠᠨ 798 ᠠᠵᠤ ᠠᠬᠤᠢᠯᠠᠯ᠎ᠢ ᠢᠯᠡᠴᠢᠯᠡᠵᠦ᠍᠂ ᠥᠨᠳᠥᠷ ᠬᠡᠷᠡᠭ᠌ᠯᠡᠭᠡ᠎ᠶ᠋ᠢ ᠬᠢᠵᠠᠭᠠᠷᠯᠠᠬᠤ ᠠᠷᠭ᠎ᠠ ᠬᠡᠮᠵᠢᠶ᠎ᠡ᠎ᠵᠢ 7592 ᠤᠳᠠᠭ᠎ᠠ ᠠᠪᠴᠤ᠌᠂ ᠢᠲᠡᠭᠡᠮᠵᠢ ᠠᠯᠳᠠᠭ᠍ᠰᠠᠨ ᠭᠦᠶ᠋ᠴᠡᠳᠭᠡᠭ᠌ᠳᠡᠭ᠌ᠴᠢ ᠳ᠋ᠤ 《ᠨᠢᠭᠡ ᠭᠠᠵᠠᠷ ᠬᠠᠤᠯᠢ ᠵᠥᠷᠢᠴᠡᠪᠡᠯ ᠭᠠᠵᠠᠷ ᠪᠣᠯᠭᠠᠨ᠎ᠳᠤ ᠬᠢᠵᠠᠭᠠᠷᠯᠠᠭ᠍ᠳᠠᠬᠤ》 ᠬᠠᠮᠲᠤᠷᠠᠭ᠍ᠰᠠᠨ ᠵᠠᠯᠬᠠᠭᠠᠨ ᠴᠡᠭᠡᠷᠯᠡᠭᠦᠯᠬᠦ᠌ ᠲᠣᠭ᠍ᠲᠠᠴᠠ᠎ᠶ᠋ᠢ ᠬᠡᠷᠡᠭ᠌ᠵᠢᠭᠦᠯᠵᠦ᠍᠂ 18 ᠪᠦᠯᠦᠭ ᠤᠳᠠᠭ᠎ᠠ ᠬᠤᠪᠢᠶᠠᠨ 9530 ᠬᠥᠮᠦᠨ᠎ᠢ ᠱᠢᠭ᠌ᠰᠢᠨ ᠪᠠᠢᠴᠠᠭᠠᠪᠠ᠃

ᠢᠲᠡᠭᠡᠯ ᠠᠯᠳᠠᠭ᠍ᠰᠠᠳ᠎ᠢ ᠬᠣᠯᠪᠣᠭᠠᠯᠠᠨ ᠵᠠᠯᠬᠠᠭᠠᠨ ᠴᠡᠭᠡᠷᠯᠡᠭᠦᠯᠬᠦ᠌ ᠪᠠ ᠢᠲᠡᠭᠡᠯ᠎ᠢ ᠵᠢᠷᠤᠮᠯᠠᠭ᠍ᠰᠠᠳ᠎ᠢ ᠤᠷᠮᠠᠱᠢᠭᠤᠯᠬᠤ ᠲᠣᠭ᠍ᠲᠠᠴᠠ᠎ᠶ᠋ᠢ ᠭᠤᠤᠯᠳᠠᠯᠭ᠎ᠠ᠎ᠲᠠᠶ ᠬᠡᠷᠡᠭ᠌ᠵᠢᠭᠦᠯᠵᠦ᠍᠂ ᠵᠢᠯ᠎ᠦᠨ ᠡᠬᠢᠨ᠎ᠡᠴᠡ ᠨᠠᠭᠠᠰᠢ 288 ᠳᠠᠭᠠᠭᠠᠴᠢᠯᠠᠯᠲᠠ ᠵᠠᠷᠯᠠᠭ᠍ᠴᠢ᠎ᠶ᠋ᠢᠨ ᠢᠲᠡᠭᠡᠮᠵᠢ᠂ 980 ᠳᠠᠭᠠᠭᠠᠴᠢᠯᠠᠯᠲᠠ ᠬᠦᠯᠢᠶᠡᠭ᠌ᠴᠢ᠎ᠶ᠋ᠢᠨ ᠢᠲᠡᠭᠡᠮᠵᠢ᠂ 127 ᠣᠷᠣᠯᠠᠬᠤ ᠪᠠᠢᠭᠤᠯᠤᠮᠵᠢ᠎ᠶ᠋ᠢᠨ ᠢᠲᠡᠭᠡᠮᠵᠢ ᠵᠢ ᠴᠤᠭ᠍ᠯᠠᠭᠤᠯᠤᠨ ᠵᠠᠷᠯᠠᠵᠤ᠂ ᠨᠦᠬᠦᠪᠦᠷᠢ ᠮᠥᠩᠭᠥ᠎ᠶ᠋ᠢ ᠬᠠᠭᠤᠷᠮᠠᠭ᠍ᠯᠠᠨ ᠠᠪᠴᠤ᠌ ᠢᠲᠡᠭᠡᠯ ᠠᠯᠳᠠᠭ᠍ᠰᠠᠨ᠎ᠢ ᠴᠡᠭ᠌ᠴᠡᠯᠡᠨ ᠵᠠᠰᠠᠵᠤ᠂ ᠨᠡᠢᠭᠡᠮ᠎ᠦᠨ ᠠᠪᠤᠷᠠᠨ ᠲᠤᠰᠠᠯᠠᠬᠤ ᠪᠠᠯᠠ ᠮᠥᠩᠭᠥ᠎ᠶ᠋ᠢ 0.4 ᠲᠦᠮᠡᠨ ᠲᠥᠭᠥᠷᠢᠭ ᠨᠡᠬᠡᠮᠵᠢᠯᠡᠨ ᠬᠤᠷᠢᠶᠠᠵᠤ᠂ ᠲᠣᠭ᠍ᠲᠠᠭᠠᠯ᠎ᠠᠴᠠ ᠵᠥᠷᠢᠴᠡᠭ᠌ᠰᠡᠨ ᠪᠣᠯᠪᠠᠰᠤᠷᠠᠯ᠎ᠤᠨ ᠦᠶ᠋ᠯᠡ ᠠᠵᠢᠯᠯᠠᠭ᠎ᠠ᠎ᠶ᠋ᠢ 21 ᠤᠳᠠᠭ᠎ᠠ ᠪᠠᠢᠴᠠᠭᠠᠨ ᠱᠢᠶ᠋ᠳᠪᠦᠷᠢᠯᠡᠪᠡ᠃

《ᠢᠲᠡᠭᠡᠮᠵᠢ ᠵᠢᠨ ᠬᠡᠷᠡᠭᠯᠡᠭᠡ + ᠪᠠᠯᠠ ᠬᠤᠷᠠᠮᠳᠤᠭᠤᠯᠬᠤ ᠵᠢᠭᠡᠯᠡᠯᠭᠡ》᠂ 《ᠬᠤᠪᠢ ᠵᠢᠨ ᠦᠢᠯᠡᠳᠪᠦᠷᠢ ᠬᠤᠳᠠᠯᠳᠤᠭᠠᠨ᠎ᠤ ᠡᠷᠦᠬᠡ᠎ᠶ᠋ᠢᠨ ᠥᠪᠥᠷ ᠮᠣᠩᠭᠣᠯ᠎ᠤᠨ ᠢᠲᠡᠭᠡᠮᠵᠢᠲᠦ ᠵᠢᠭᠡᠯᠡᠯᠭᠡ》ᠵᠢ ᠨᠡᠢᠲᠡ 308 ᠬᠤᠪᠢ 9372 ᠲᠦᠮᠡᠨ ᠲᠥᠭᠥᠷᠢᠭ ᠲᠠᠷᠬᠠᠭᠠᠪᠠ᠃ 《ᠢᠲᠡᠭᠡᠮᠵᠢᠲᠦ ᠳᠦᠭᠦᠮ ᠵᠢᠭᠡᠯᠡᠯᠭᠡ +》 ᠨᠢ ᠨᠢᠭᠡᠨᠲᠡ ᠰᠤᠷᠭᠠᠨ ᠬᠥᠮᠦᠵᠢᠯ᠂ ᠡᠮ ᠡᠮᠨᠡᠯᠭᠡ᠂ ᠵᠢᠭᠤᠯᠴᠢᠯᠠᠯ᠎ᠤᠨ ᠮᠥᠩᠭᠥᠨ ᠭᠦᠶ᠋ᠯᠭᠡᠭᠡ ᠵᠡᠷᠭᠡ 10 ᠭᠠᠷᠤᠶ ᠬᠦᠷᠢᠶ᠎ᠡ᠎ᠶ᠋ᠢ ᠬᠠᠮᠤᠷᠴᠤ᠌᠂ 7 ᠠᠵᠤ ᠠᠬᠤᠢᠯᠠᠯ 《ᠢᠲᠡᠭᠡᠮᠵᠢᠲᠦ ᠳᠦᠭᠦᠮ ᠵᠢᠭᠡᠯᠡᠯᠭᠡ + ᠦᠶ᠋ᠯᠡᠰ ᠪᠤᠰᠬᠠᠬᠤ》 ᠲᠥᠷᠥ᠎ᠶ᠋ᠢᠨ ᠪᠣᠳᠣᠯᠭ᠎ᠠ᠎ᠶ᠋ᠢ ᠭᠥᠷᠳᠡᠵᠦ᠍᠂ 320 ᠭᠠᠷᠤᠶ ᠬᠥᠮᠦᠨ ᠤᠳᠠᠭ᠎ᠠ 《ᠢᠲᠡᠭᠡᠮᠵᠢᠲᠦ ᠵᠢᠭᠤᠯᠴᠢᠯᠠᠯ》 ᠤ᠋ᠨ ᠲᠥᠷᠥ᠎ᠶ᠋ᠢᠨ ᠪᠣᠳᠣᠯᠭ᠎ᠠ᠎ᠶ᠋ᠢ ᠭᠥᠷᠳᠡᠵᠦ᠍᠂ ᠬᠠᠷᠠᠭᠠᠯᠵᠠᠯ᠎ᠤᠨ ᠮᠥᠩᠭᠥ ᠎ᠨᠢ 2.5 ᠲᠦᠮᠡᠨ ᠲᠥᠭᠥᠷᠢᠭ᠎ᠲᠦ ᠬᠦᠷᠴᠡᠶ᠃

ᠲᠥᠪ ᠭᠤᠤᠯᠴᠢ᠎ᠪᠠᠷ ᠬᠠᠤᠯᠢ ᠪᠠᠷᠢᠬᠤ ᠳ᠋ᠦ ᠠᠨᠭᠬᠠᠷᠤᠯ᠎ᠵᠢᠡᠨ ᠲᠦᠪᠯᠡᠷᠡᠭᠦᠯᠵᠦ  ᠲᠦᠪ ᠭᠤᠤᠯᠴᠢ ᠬᠠᠤᠯᠢ᠎ᠪᠠᠷ ᠵᠠᠰᠠᠬᠤ ᠣᠷᠴᠢᠨ ᠨᠥᠬᠥᠴᠡᠯ᠎ᠢ ᠪᠣᠶ ᠪᠣᠯᠭᠠᠪᠠ

ᠬᠠᠤᠯᠢ᠎ᠪᠠᠷ ᠵᠠᠰᠠᠬᠤ ᠪᠣᠯ ᠬᠤᠳᠠᠯᠳᠤᠭ᠎ᠠ ᠡᠷᠬᠢᠯᠡᠬᠦ ᠬᠠᠮᠤᠭ᠎ᠤᠨ ᠰᠠᠢ᠌ᠨ ᠣᠷᠴᠢᠨ ᠨᠥᠬᠥᠴᠡᠯ ᠮᠥᠨ᠂ ᠬᠠᠤᠯᠢ ᠪᠠᠷᠢᠬᠤ ᠤᠯᠠᠨ ᠨᠡᠢᠲᠡ᠎ᠶ᠋ᠢᠨ ᠢᠲᠡᠭᠡᠮᠵᠢ ᠨᠢ ᠴᠢᠨᠠᠷ ᠰᠠᠢᠲᠠᠢ ᠬᠥᠭ᠌ᠵᠢᠯᠲᠡ᠎ᠶ᠋ᠢ ᠪᠠᠲᠤᠯᠠᠵᠤ ᠴᠢᠳᠠᠨ᠎ᠠ᠃ ᠬᠥᠯᠥᠨ ᠪᠣᠢᠷ ᠬᠣᠲᠠ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ᠎ᠶ᠋ᠢ ᠵᠢᠷᠤᠮᠵᠢᠭᠤᠯᠬᠤ ᠲᠦᠪᠱᠢᠨ᠎ᠢᠶᠡᠨ ᠦᠷᠭᠦᠯᠵᠢᠯᠡᠨ ᠳᠡᠭᠡᠭ᠌ᠰᠢᠯᠡᠭᠦᠯᠪᠡ᠃ ᠱᠢᠭᠦᠨ ᠲᠠᠰᠤᠯᠤᠯᠲᠠ᠎ᠶ᠋ᠢᠨ ᠶᠠᠪᠤᠴᠠ ᠵᠢᠨ ᠮᠡᠳᠡᠭᠡ ᠵᠠᠩᠭᠢ᠎ᠶ᠋ᠢ ᠪᠦᠲᠦᠮᠵᠢᠲᠡᠢ᠎ᠪᠡᠷ ᠢᠯᠡ ᠪᠣᠯᠭᠠᠭ᠍ᠰᠠᠨ ᠨᠣᠷᠮ᠎ᠠ 99.93%᠎ᠳᠤ ᠬᠦᠷᠴᠦ᠍᠂ ᠬᠠᠤᠯᠢ ᠬᠡᠷᠡᠭ᠌ᠵᠢᠭᠦᠯᠬᠦ᠌ ᠬᠠᠤᠯᠢ ᠪᠠᠷᠢᠬᠤ ᠭᠣᠣᠯᠳᠠᠯᠭ᠎ᠠ᠎ᠲᠠᠶ ᠬᠡᠷᠡᠭ᠎ᠢ 1164 ᠬᠤᠪᠢ ᠦᠨᠡᠯᠡᠨ ᠪᠠᠢᠴᠠᠭᠠᠵᠤ᠂ ᠭᠣᠣᠯᠳᠠᠯᠭ᠎ᠠ᠎ᠲᠠᠶ ᠬᠦᠷᠢᠶᠡᠨ᠎ᠳᠡᠬᠢ  ᠪᠤᠭᠤᠮᠲᠠ ᠰᠢᠪᠲᠤᠯᠬᠤ ᠠᠵᠢᠯᠯᠠᠭ᠎ᠠ᠎ᠳᠤ 7338 ᠬᠤᠪᠢ ᠬᠡᠷᠡᠭ᠎ᠢ ᠭᠦᠢᠴᠡᠳᠭᠡᠨ ᠳᠠᠭᠤᠰᠭᠠᠵᠤ᠂ ᠪᠣᠳᠠᠲᠠᠢ ᠭᠦᠢᠴᠡᠳᠭᠡᠭ᠌ᠰᠡᠨ ᠵᠤᠭᠤᠰ᠎ᠤᠨ ᠬᠡᠮᠵᠢᠶ᠎ᠡ 26.89 ᠳ᠋ᠦᠩᠱᠢᠭᠤᠷ ᠲᠥᠭᠥᠷᠢᠭ᠎ᠲᠦ ᠬᠦᠷᠴᠡᠢ; 《ᠪᠠᠢᠴᠠᠭᠠᠬᠤ ᠬᠣᠷᠢᠶ᠎ᠠ ᠠᠵᠤ ᠠᠬᠤᠢᠯᠠᠯ᠎ᠢ ᠬᠠᠮᠠᠭᠠᠯᠠᠬᠤ》 ᠲᠤᠰᠭᠠᠢ ᠲᠥᠷᠥᠯ᠎ᠦᠨ ᠠᠵᠢᠯᠯᠠᠭᠠᠠ᠎ᠢ ᠦᠷᠨᠢᠬᠦᠯᠵᠦ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠨᠥᠯᠥᠭᠡᠯᠡᠭ᠌ᠰᠡᠨ ᠡᠷᠡᠭᠦᠦ᠍᠎ᠶ᠋ᠢᠨ ᠶᠠᠯᠠᠲᠤ ᠬᠡᠷᠡᠭ᠎ᠢ ᠴᠢᠩᠭ᠎ᠠ ᠱᠢᠢᠳᠭᠡᠵᠦ᠍᠂ 144 ᠬᠤᠪᠢ ᠬᠢᠨᠠᠨ ᠪᠠᠢᠴᠠᠭᠠᠵᠤ ᠪᠠᠷᠢᠪᠴᠢᠯᠠᠬᠤ ᠬᠡᠷᠡᠭ᠎ᠢ ᠬᠦᠯᠢᠶᠡᠨ ᠠᠪᠴᠤ᠌᠂ 42 ᠬᠤᠪᠢ ᠠᠵᠤ ᠠᠬᠤᠢᠯᠠᠯ᠎ᠳ᠋ᠤ ᠬᠣᠯᠪᠣᠭ᠍ᠳᠠᠭ᠍ᠰᠠᠨ ᠭᠣᠮᠣᠳᠠᠯ ᠲᠤᠭᠠᠴᠢᠯᠲᠠ᠎ᠶ᠋ᠢᠨ ᠬᠡᠷᠡᠭ᠎ᠢ ᠬᠦᠯᠢᠶᠡᠨ ᠠᠪᠴᠤ᠌᠂ 37 ᠤᠳᠠᠭᠠᠨ᠎ᠤ ᠠᠵᠤ ᠠᠬᠤᠢᠯᠠᠯ᠎ᠳ᠋ᠤ ᠬᠣᠯᠪᠣᠭ᠍ᠳᠠᠭ᠍ᠰᠠᠨ ᠬᠡᠷᠡᠭ᠎ᠢ ᠢᠯᠡ᠎ᠪᠡᠷ ᠭᠡᠷᠡᠴᠢᠯᠡᠭᠡ ᠰᠣᠨᠣᠰᠭᠤ ᠬᠤᠷᠠᠯ ᠬᠤᠷᠠᠯᠳᠤᠭᠤᠯᠵᠤ᠂ ᠠᠵᠤ ᠠᠬᠤᠢᠯᠠᠯᠲᠠᠳ᠎ᠤᠨ ᠭᠣᠮᠣᠳᠠᠯ ᠲᠣᠭᠠᠴᠢᠬᠤ ᠡᠷᠬᠡ᠂ ᠪᠠᠢᠳᠠᠯ᠎ᠢ ᠣᠢᠯᠠᠭᠠᠬᠤ ᠡᠷᠬᠡ᠂ ᠣᠷᠣᠯᠴᠠᠬᠤ ᠡᠷᠬᠡ᠎ᠶ᠋ᠢ ᠦᠨᠡᠨ᠎ᠬᠦ᠌ ᠪᠠᠲᠤᠯᠠᠪᠠ; 《 ᠺᠦᠨᠯᠦᠨ 2024》 ᠲᠤᠰᠭᠠᠶ ᠠᠵᠢᠯᠯᠠᠭ᠎ᠠ ᠨᠢ ᠮᠡᠳᠡᠯᠭᠡ᠎ᠶ᠋ᠢᠨ ᠥᠮᠴᠢᠯᠡᠯ᠎ᠤᠨ ᠡᠷᠬᠡ᠂ ᠠᠮᠢ ᠠᠬᠤᠶ ᠣᠷᠴᠢᠨ ᠲᠣᠭᠣᠷᠢᠨ᠎ᠤ ᠲᠥᠷᠥᠯ ᠵᠡᠷᠭᠡ᠎ᠳᠦ ᠬᠣᠯᠪᠣᠭ᠍ᠳᠠᠭ᠍ᠰᠠᠨ 223ᠡᠷᠡᠭᠦᠦ᠍᠎ᠶ᠋ᠢᠨ ᠬᠡᠷᠡᠭ᠂ 665 ᠣᠶ ᠱᠢᠭᠤᠶ᠎ᠶ᠋ᠢᠨ ᠵᠠᠰᠠᠭ ᠵᠠᠬᠢᠷᠭᠠᠨ᠎ᠤ ᠬᠡᠷᠡᠭ᠎ᠢ ᠮᠦᠷᠳᠡᠨ ᠢᠯᠡᠷᠡᠭᠦᠯᠪᠡ; ᠬᠠᠤᠯᠢᠴᠢ ᠪᠠ ᠬᠥᠨᠳᠡᠯᠡᠨ᠎ᠡᠴᠡ ᠲᠠᠰᠤᠯᠬᠤ ᠠᠵᠢᠯ ᠲᠥᠷᠥᠯ᠎ᠦᠨ ᠦᠨᠡᠨᠴᠢ ᠢᠲᠡᠭᠡᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ 616 ᠲᠤᠰᠭᠠᠶ ᠪᠠ ᠲᠤᠱᠢᠶᠠᠯ ᠬᠠᠪᠰᠤᠷᠭᠠᠭ᠍ᠰᠠᠨ ᠬᠠᠤᠯᠢᠴᠢ᠎ᠳᠤ ᠦᠨᠡᠨᠴᠢ ᠢᠲᠡᠭᠡᠮᠵᠢ᠎ᠶ᠋ᠢᠨ ᠲᠠᠩᠰᠠ ᠡᠪᠬᠡᠮᠡᠯ᠎ᠢ ᠪᠢᠴᠢᠵᠦ᠍ ᠣᠷᠣᠭᠤᠯᠪᠠ᠃

ᠬᠥᠯᠥᠨ ᠪᠣᠢᠷ 《ᠦᠨᠡᠨᠴᠢ ᠢᠲᠡᠭᠡᠮᠵᠢ᠎ᠶ᠋ᠢᠨ ᠬᠡᠷᠡᠯ ᠭᠢᠯᠪᠠᠭ᠎ᠠ》 ᠪᠠᠷ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢ ᠭᠡᠷᠡᠯᠲᠦᠭᠦᠯᠦᠭ᠌ᠰᠡᠨ ᠪᠥᠭᠡᠳ ᠦᠨᠡᠨᠴᠢ ᠢᠲᠡᠭᠡᠮᠵᠢ᠎ᠶ᠋ᠢᠨ ᠴᠡᠴᠡᠭ᠎ᠢ ᠬᠥᠯᠥᠨ ᠪᠣᠢᠷ᠎ᠤᠨ ᠡᠬᠡ ᠭᠠᠵᠠᠷ᠎ᠲᠤ ᠳᠡᠯᠭᠡᠷᠡᠭᠦᠯᠦᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号