ᠤᠯᠠᠭᠠᠨᠬᠠᠳᠠ᠄ ᠪᠦᠬᠦ ᠠᠵᠤ ᠦᠢᠯᠡᠰ᠎ᠤᠨ ᠬᠡᠯᠬᠢᠶ᠎ᠡ ᠪᠡᠷ 《ᠳᠤᠮᠳᠠᠳᠤ ᠤᠯᠤᠰ᠎ᠤᠨ ᠦᠩᠭᠡᠲᠦ ᠲᠡᠮᠦᠷᠯᠢᠭ᠎ᠤᠨ ᠨᠤᠲᠤᠭ》 ᠵᠢᠡᠨ ᠬᠦᠴᠦᠷᠬᠡᠭᠵᠢᠭᠦᠯᠦᠨᠡᠮ
2025-03-31 09:44:57
ᠵᠣᠬᠢᠶᠠᠭ᠍ᠴᠢ᠄
ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

3 ᠰᠠᠷ᠎ᠠ᠎ᠶ᠋ᠢᠨ 10᠎ᠤ᠋ ᠡᠳᠦᠷ᠂ ᠤᠯᠠᠭᠠᠨᠬᠠᠳᠠ᠎ᠶ᠋ᠢᠨ ᠵᠶ᠋ᠢ ᠯᠦᠩ ᠱᠢᠵᠢᠷ ᠠᠯᠲᠠᠨ᠎ᠤ ᠠᠭᠤᠷᠬᠠᠶ᠎ᠶ᠋ᠢᠨ ᠦᠢᠯᠡᠰ᠎ᠤᠨ ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠱᠢᠶᠠᠩᠭᠠᠩ᠎ᠤᠨ ᠬᠤᠯᠪᠣᠭᠠᠲᠤ ᠠᠷᠠᠯᠵᠢᠶᠠᠨ᠎ᠤ ᠭᠠᠵᠠᠷ᠎ᠲᠦ ᠰᠲ᠋ᠣᠺ ᠵᠢᠡᠨ ᠵᠠᠬ᠎ᠠ ᠳᠡᠯᠭᠡᠭᠦᠷ ᠲᠤ᠌ ᠠᠮᠵᠢᠯᠲᠠ ᠲᠠᠢ ᠭᠠᠷᠭᠠᠵᠤ᠂ ᠪᠥᠬᠦ᠌ ᠤᠯᠤᠰ᠎ᠤᠨ ᠭᠤᠷᠪᠠᠳᠤᠭᠠᠷ 《A + H》 ᠰᠲ᠋ᠣᠺ᠎ᠵᠢᠡᠨ ᠵᠠᠬ᠎ᠠ ᠳᠡᠯᠭᠡᠭᠦᠷ᠎ᠲᠤ ᠭᠠᠷᠭᠠᠭᠰᠠᠨ ᠰᠢᠵᠢᠷ ᠠᠯᠲᠠᠨ᠎ᠤ ᠺᠤᠮᠫᠠᠨᠢ ᠪᠤᠯᠤᠭᠰᠠᠨ ᠪᠦᠭᠡᠳ ᠥᠪᠥᠷ ᠮᠣᠩᠭᠤᠯ᠎ᠤᠨ ᠠᠩᠬᠠᠳᠠᠭᠴᠢ 《A + H》 ᠰᠲ᠋ᠣᠺ᠎ᠵᠢᠡᠨ ᠵᠠᠬ᠎ᠠ ᠳᠡᠯᠭᠡᠭᠦᠷ᠎ᠲᠤ ᠭᠠᠷᠭᠠᠭᠰᠠᠨ ᠺᠣᠮᠫᠠᠨᠢ ᠪᠣᠯᠤᠭᠰᠠᠨ ᠪᠠᠢᠨ᠎ᠠ᠃

ᠡᠨᠡ ᠨᠢ ᠤᠯᠠᠭᠠᠨᠬᠠᠳᠠ᠎ᠶ᠋ᠢᠨ 《ᠡᠬᠢ ᠪᠠᠶᠠᠯᠢᠭ᠎ᠤᠨ ᠬᠥᠷᠥᠩᠭᠡ》 ᠶ᠋ᠢᠨ ᠬᠤᠣᠰ ᠬᠦᠷᠳᠦ᠍᠎ᠪᠠᠷ ᠬᠥᠳᠡᠯᠭᠡᠭᠦᠷ ᠪᠣᠯᠭᠠᠭ᠍ᠰᠠᠨ ᠠᠵᠤ ᠦᠢᠯᠡᠰ᠎ᠤᠨ ᠳᠠᠪᠱᠢᠯᠲᠠ᠎ᠶ᠋ᠢᠨ ᠵᠠᠮ᠎ᠢ ᠵᠢᠩᠬᠢᠨᠢ᠎ᠪᠠᠷ ᠡᠬᠢᠯᠡᠭᠦᠯᠦᠭ᠌ᠰᠡᠨ᠎ᠢ ᠬᠠᠷᠠᠭᠤᠯᠵᠤ ᠪᠠᠢᠨ᠎ᠠ᠂ ᠡᠨᠡ ᠬᠦ᠌ ᠵᠠᠬ᠎ᠠ ᠳᠡᠯᠭᠡᠭᠦᠷ᠎ᠲᠤ ᠭᠠᠷᠭᠠᠭᠰᠠᠨ ᠪᠠᠶᠠᠷ᠎ᠤᠨ ᠴᠢᠮᠡᠭᠡ᠎ᠵᠢᠨ ᠠᠷᠤ᠎ᠳᠤ ᠤᠯᠠᠭᠠᠨᠬᠠᠳᠠ᠎ᠶ᠋ᠢᠨ 《ᠠᠭᠤᠷᠬᠠᠢ ᠬᠠᠢᠬᠤ ᠱᠢᠪᠲᠤᠯᠤᠯᠲᠠ᠎ᠶ᠋ᠢᠨ ᠠᠵᠢᠯᠯᠠᠭ᠎ᠠ》 ᠶ᠋ᠢᠨ ᠬᠦᠴᠦᠲᠡᠢ ᠲᠤᠯᠭᠠᠭᠤᠷᠢᠯᠠᠯ ᠪᠤᠢ᠃

ᠤᠯᠠᠭᠠᠨᠬᠠᠳᠠ ᠬᠤᠲᠠ ᠠᠭᠤᠷᠬᠠᠢ᠎ᠪᠦᠲᠦᠬᠦ ᠭᠠᠵᠠᠷ ᠱᠢᠨᠵᠢᠯᠡᠭᠡᠨ᠎ᠤ ᠳᠠᠪᠠᠭᠤᠯᠢᠭ ᠨᠥᠬᠦᠴᠡᠯ ᠪᠣᠯᠣᠨ ᠡᠬᠢ ᠪᠠᠶᠠᠯᠢᠭ᠎ᠤᠨ ᠯᠤᠲᠤ ᠶᠡᠭᠡ ᠳᠠᠯᠳᠠ ᠬᠦᠴᠦᠨ᠎ᠲᠠᠢ᠂ ᠡᠭᠦᠨ᠎ᠳᠤ ᠤᠮᠠᠷᠠᠲᠤ ᠬᠡᠰᠡᠭ᠎ᠤᠨ 《ᠶᠡᠭᠡ ᠬᠢᠩᠭᠠᠨ ᠳᠠᠪᠠᠭᠠᠨ᠎ᠤ ᠳᠤᠮᠳᠠ ᠡᠮᠦᠨ᠎ᠡ ᠬᠡᠰᠡᠭ᠎ᠤᠨ ᠣᠯᠠᠨ ᠲᠡᠮᠦᠷᠯᠢᠭ᠎ᠤᠨ ᠠᠭᠤᠷᠬᠠᠢ᠎ᠶ᠋ᠢᠨ ᠪᠦᠰᠡ》᠂ ᠳᠤᠮᠳᠠ ᠬᠡᠰᠡᠭ᠎ᠤᠨ 《ᠱᠣᠷᠣᠩ ᠭᠤᠣᠯ᠎ᠤᠨ ᠰᠠᠪᠠ ᠭᠠᠵᠠᠷ᠎ᠤᠨ ᠵᠡᠰ ᠬᠠᠷ᠎ᠠ ᠲᠤᠭᠤᠯᠭ᠎ᠠ ᠴᠠᠢᠷ ᠮᠥᠩᠭᠦ ᠮᠣᠯᠢᠪᠳᠧᠨ ᠵᠡᠷᠭᠡ ᠣᠯᠠᠨ ᠲᠡᠮᠦᠷᠯᠢᠭ᠎ᠤᠨ ᠠᠭᠤᠷᠬᠠᠢ᠎ᠶ᠋ᠢᠨ ᠪᠦᠰᠡ》᠂ ᠡᠮᠦᠨᠡᠲᠦ ᠬᠡᠰᠡᠭ᠎ᠤᠨ 《ᠤᠮᠠᠷᠠᠲᠤ ᠣᠷᠣᠨ᠎ᠤ ᠭᠠᠵᠠᠷ᠎ᠤᠨ ᠳᠡᠨᠵᠢᠨ᠎ᠤ ᠤᠮᠠᠷᠠᠳᠤ ᠬᠡᠰᠡᠭ᠎ᠤᠨ ᠠᠯᠲᠠ ᠮᠥᠩᠭᠦ ᠲᠡᠮᠦᠷ ᠵᠡᠰ᠎ᠤᠨ ᠣᠯᠠᠨ ᠲᠡᠮᠦᠷᠯᠢᠭ᠎ᠤᠨ ᠠᠭᠤᠷᠬᠠᠢ᠎ᠶ᠋ᠢᠨ ᠪᠦᠰᠡ》 ᠵᠡᠷᠭᠡ 3 ᠴᠢᠬᠤᠯᠠ ᠠᠭᠤᠷᠬᠠᠢ ᠪᠦᠲᠦᠬᠦ᠌ ᠪᠦᠰᠡ ᠲᠠᠢ ᠪᠠᠢᠵᠤ᠂ ᠪᠦᠬᠦ᠌ ᠤᠯᠤᠰ᠎ᠤᠨ ᠴᠣᠷ᠎ᠤᠨ ᠭᠠᠭ᠍ᠴᠠ 《ᠥᠩᠭᠡᠲᠦ ᠲᠡᠮᠦᠷᠯᠢᠭ᠎ᠤᠨ ᠨᠤᠲᠤᠭ》 ᠵᠢᠡᠷ ᠨᠡᠷᠡᠯᠡᠭ᠌ᠳᠡᠭ᠌ᠰᠡᠨ ᠣᠷᠣᠨ᠎ᠤ ᠲᠡᠰ᠎ᠤᠨ ᠬᠤᠲᠠ ᠪᠣᠯᠵᠠᠢ᠃ ᠪᠦᠬᠦ᠌ ᠬᠤᠲᠠ᠎ᠳᠤ ᠣᠳᠣ ᠨᠢᠭᠡᠨᠲᠡ 86 ᠠᠭᠤᠷᠬᠠᠢ᠎ᠵᠢᠨ ᠲᠥᠷᠥᠯ ᠵᠦᠢᠯ ᠪᠣᠯᠣᠨ 1600 ᠭᠠᠷᠤᠢ ᠬᠦᠳᠡᠷ᠎ᠤᠨ ᠬᠡᠪᠲᠡᠰᠢ ᠵᠢ ᠢᠯᠡᠷᠡᠬᠦᠯᠵᠤ᠂ ᠠᠭᠤᠷᠬᠠᠢ᠎ᠶ᠋ᠢᠨ ᠡᠬᠢ ᠪᠠᠶᠠᠯᠢᠭ᠎ᠤᠨ ᠠᠵᠤ ᠠᠬᠤᠢ᠎ᠶ᠋ᠢᠨ ᠥᠷᠲᠡᠭ ᠨᠢ 5 ᠲᠦᠮᠡᠨ ᠳ᠋ᠦᠩᠱᠢᠭᠤᠷ ᠲᠦᠭᠦᠷᠢᠭ᠎ᠢ ᠳᠠᠪᠠᠪᠠ᠃

2023 ᠣᠨ᠎ᠳ᠋ᠤ ᠤᠯᠤᠰ᠎ᠠ᠋ᠴᠠ ᠰᠢᠨ᠎ᠡ ᠨᠢᠭᠡ ᠡᠭᠡᠯᠵᠢ᠎ᠶᠢᠨ ᠠᠭᠤᠷᠬᠠᠢ ᠬᠠᠢᠬᠤ ᠪᠠᠢᠯᠳᠤᠬᠤ ᠪᠣᠳᠣᠯᠭ᠎ᠠ᠎ᠶᠢᠨ ᠰᠢᠪᠲᠤᠯᠤᠯᠲᠠ᠎ᠵᠢᠨ ᠠᠵᠢᠯᠯᠠᠭ᠎ᠠ᠎ᠶᠢ ᠡᠬᠢᠯᠡᠭᠦᠯᠪᠡ᠃ ᠤᠯᠤᠰ᠎ᠤᠨ ᠥᠩᠭᠡᠲᠦ ᠲᠡᠮᠦᠷᠯᠢᠭ᠎ᠤᠨ ᠪᠠᠢᠯᠳᠤᠬᠤ ᠪᠣᠳᠣᠯᠭ᠎ᠠ᠎ᠶ᠋ᠢᠨ ᠴᠢᠬᠤᠯᠠ ᠡᠬᠢ ᠪᠠᠶᠠᠯᠢᠭ᠎ᠤᠨ ᠵᠠᠯᠭᠠᠮᠵᠢ᠎ᠵᠢᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠤᠯᠠᠭᠠᠨᠬᠠᠳᠠ ᠬᠤᠲᠠ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠨ᠂ 《ᠡᠬᠢ ᠪᠠᠶᠠᠯᠢᠭ᠎ᠢ ᠪᠠᠲᠤᠯᠠᠬᠤ᠂ ᠪᠣᠯᠪᠠᠰᠤᠷᠠᠭᠤᠯᠤᠨ ᠴᠤᠭ᠍ᠯᠠᠷᠠᠭᠤᠯᠬᠤ᠂ ᠨᠠᠷᠢᠯᠢᠭ ᠡᠳ᠋ᠱᠢᠭᠦᠯᠬᠦ᠂ ᠪᠥᠬᠦ᠌ ᠬᠡᠯᠬᠢᠶ᠎ᠡ᠎ᠪᠠᠷ ᠬᠥᠭ᠌ᠵᠢᠭᠦᠯᠬᠦ᠌》 ᠠᠷᠭ᠎ᠠ ᠵᠠᠮ ᠵᠢᠡᠷ 《ᠬᠠᠢᠨ ᠱᠢᠨᠵᠢᠯᠡᠵᠦ᠍ ᠰᠣᠩᠭᠤᠨ ᠪᠣᠯᠪᠠᠰᠤᠷᠠᠭᠤᠯᠵᠤ ᠡᠳ᠋ᠱᠢᠭᠦᠯᠬᠦ᠌》 ᠵᠢ ᠨᠢᠭᠡ ᠴᠣᠭ᠍ᠴᠠᠵᠢᠭᠤᠯᠤᠭ᠍ᠰᠠᠨ ᠬᠥᠭ᠌ᠵᠢᠯᠲᠡ᠎ᠳᠤ ᠠᠩᠬᠠᠷᠤᠯ᠎ᠢᠶᠠᠨ ᠲᠥᠪᠯᠡᠷᠡᠭᠦᠯᠦᠨ ᠪᠥᠬᠦ᠌ ᠲᠠᠯ᠎ᠠ᠎ᠪᠠᠷ ᠬᠦᠴᠦᠯᠡᠵᠦ᠍᠂ 《ᠳᠤᠮᠳᠠᠳᠤ ᠤᠯᠤᠰ᠎ᠤᠨ ᠥᠩᠭᠡᠲᠦ ᠲᠡᠮᠦᠷᠯᠢᠭ᠎ᠤᠨ ᠨᠤᠲᠤᠭ》᠎ᠢ᠋ ᠪᠥᠲᠥᠭᠡᠨ ᠪᠠᠢᠭᠤᠯᠬᠤ᠎ᠪᠠᠷ ᠴᠢᠷᠮᠠᠢᠵᠠᠢ᠃

— ᠳᠡᠭᠡᠳᠦ ᠤᠷᠤᠰᠬᠠᠯ᠎ᠳᠤ ᠤᠯᠠᠭᠠᠨᠬᠠᠳᠠ ᠬᠤᠳᠠ ᠠᠭᠤᠷᠬᠠᠢ᠎ᠶ᠋ᠢᠨ ᠦᠢᠯᠡᠰ᠎ᠤᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠭᠠᠵᠠᠷ ᠱᠢᠨᠵᠢᠯᠡᠭᠡᠨ᠎ᠤ ᠪᠠᠢᠴᠠᠭᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠬᠤ᠂ ᠠᠵᠢᠯ᠎ᠤᠨ ᠦᠷᠳᠡᠭᠡ᠎ᠶ᠋ᠢ ᠢᠳᠡᠪᠬᠢᠲᠡᠢ ᠪᠠᠢᠭᠤᠯᠬᠤ᠂ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠬᠠᠢᠨ ᠪᠠᠢᠴᠠᠭᠠᠬᠤ᠎ᠶ᠋ᠢ ᠦᠷᠭᠦᠯᠵᠢᠯᠡᠨ ᠴᠢᠩᠭᠠᠳᠭᠠᠬᠤ᠂ ᠭᠤᠣᠯᠳᠠᠯᠭ᠎ᠠ᠎ᠲᠠᠢ ᠲᠦᠷᠦᠯ ᠵᠦᠢᠯ᠎ᠤᠨ ᠪᠦᠳᠦᠭᠡᠨ ᠪᠠᠢᠭᠤᠯᠤᠯᠲᠠ᠎ᠶ᠋ᠢ ᠪᠦᠬᠦ᠌ ᠬᠦᠴᠦᠨ᠎ᠢᠶᠠᠷ᠎ᠳᠡᠮᠵᠢᠬᠦ᠂ ᠠᠭᠤᠷᠬᠠᠢ᠎ᠶ᠋ᠢ ᠰᠡᠷᠭᠦᠭᠡᠨ ᠵᠠᠰᠠᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠵᠤ᠂ ᠪᠦᠬᠦ᠌ ᠬᠤᠳᠠ᠎ᠶ᠋ᠢᠨ ᠠᠭᠤᠷᠬᠠᠢ᠎ᠶ᠋ᠢᠨ ᠦᠢᠯᠡᠰ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠪᠠ᠃

— ᠳᠤᠮᠳᠠ ᠤᠷᠤᠰᠬᠠᠯ ᠎ᠳᠤ  ᠠᠭᠤᠷᠬᠠᠢ᠎ᠶ᠋ᠢᠨ ᠡᠬᠢ ᠪᠠᠶᠠᠯᠢᠭ᠎ᠢ ᠨᠠᠷᠢᠯᠢᠭ ᠭᠦᠨᠵᠡᠭᠡᠢ ᠡᠳ᠋ᠱᠢᠭᠦᠯᠬᠦ᠌᠎ᠶ᠋ᠢ ᠢᠳᠡᠪᠬᠢᠲᠡᠢ ᠠᠬᠢᠭᠤᠯᠵᠤ᠂ ᠳᠠᠭᠠᠭᠤᠯᠤᠭᠴᠢ ᠠᠵᠤ ᠠᠬᠤᠢᠯᠠᠯ᠎ᠢ ᠣᠷᠣᠭᠤᠯᠤᠨ ᠠᠪᠴᠢᠷᠠᠬᠤ ᠪᠠ ᠪᠤᠢᠵᠢᠭᠤᠯᠬᠤ᠎ᠪᠠᠷ ᠳᠠᠮᠵᠢᠭᠤᠯᠵᠤ᠂ ᠨᠢᠭᠡ ᠪᠦᠯᠦᠭ ᠥᠩᠭᠡᠲᠦ ᠲᠡᠮᠦᠷᠯᠢᠭ ᠬᠠᠢᠯᠤᠭᠤᠯᠬᠤ᠂ ᠱᠢᠨ᠎ᠡ ᠮᠠᠲ᠋ᠧᠷᠢᠶᠠᠯ ᠪᠣᠯᠪᠠᠰᠤᠷᠠᠭᠤᠯᠬᠤ ᠵᠡᠷᠭᠡ ᠲᠦᠷᠦᠯ ᠵᠦᠢᠯ᠎ᠢ ᠬᠡᠷᠡᠭᠵᠢᠭᠦᠯᠦᠨ᠂ ᠠᠭᠤᠷᠬᠠᠢ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠠᠩᠬᠠᠨ᠎ᠤ ᠦᠢᠯᠡᠳᠬᠦᠨ ᠪᠠᠢᠭ᠍ᠰᠠᠨ᠎ᠠᠴᠠ ᠥᠨᠳᠥᠷ ᠨᠡᠮᠡᠯᠲᠡ ᠦᠷᠳᠡᠭ᠎ᠪᠦᠬᠦᠢ ᠦᠢᠯᠡᠳᠬᠦᠨ ᠲᠡᠢᠰᠢ ᠬᠤᠪᠢᠷᠠᠭᠤᠯᠬᠤ᠎ᠶ᠋ᠢ ᠠᠬᠢᠭᠤᠯᠪᠠ᠃

— ᠳᠣᠣᠷ᠎ᠠ ᠤᠷᠤᠰᠬᠠᠯ ᠎ᠳᠤ ᠠᠵᠤ ᠦᠢᠯᠡᠰ᠎ᠤᠨ ᠬᠡᠯᠬᠢᠶ᠎ᠡ᠎ᠶ᠋ᠢ ᠬᠦᠴᠦᠯᠡᠨ ᠤᠷᠲᠤᠳᠭᠠᠵᠤ᠂ ᠡᠷᠬᠢᠯᠲᠡᠲᠦ ᠠᠵᠤ ᠠᠬᠤᠢ᠎ᠶ᠋ᠢ ᠬᠥᠭ᠌ᠵᠢᠭᠦᠯᠵᠦ᠍᠂ ᠦᠯᠡᠳᠡᠭ᠌ᠳᠡᠯ ᠬᠦᠳᠡᠷ᠎ᠢ ᠶᠡᠷᠦᠩᠬᠡᠢᠯᠡᠨ ᠠᠱᠢᠭ᠍ᠯᠠᠬᠤ᠂ ᠠᠭᠤᠷᠬᠠᠢ᠎ᠶ᠋ᠢᠨ ᠠᠮᠢ ᠠᠬᠤᠢ᠎ᠶ᠋ᠢ ᠰᠡᠷᠭᠦᠭᠡᠬᠦ᠌ ᠵᠡᠷᠭᠡ ᠲᠦᠷᠦᠯ ᠵᠦᠢᠯ᠎ᠢ ᠬᠡᠷᠡᠭᠵᠢᠭᠦᠯᠬᠦ ᠪᠠᠷ ᠳᠠᠮᠵᠢᠭᠤᠯᠵᠤ᠂ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠱᠢᠭ᠍ᠯᠠᠬᠤ ᠪᠠ ᠣᠷᠴᠢᠨ ᠲᠣᠭᠤᠷᠢᠨ᠎ᠤ ᠦᠷᠭᠦᠯᠵᠢᠯᠡᠬᠦ᠌ ᠬᠥᠭ᠌ᠵᠢᠯᠲᠡ᠎ᠶ᠋ᠢ ᠪᠡᠶᠡᠯᠡᠭᠦᠯᠦᠨ᠎ᠡ᠃ ᠡᠭᠦᠨ᠎ᠦ ᠬᠠᠮᠲᠤ᠂ ᠠᠭᠤᠷᠬᠠᠶ᠎ᠶ᠋ᠢᠨ ᠦᠢᠯᠡᠰ᠎ᠦᠨ ᠡᠬᠢ ᠪᠠᠶᠠᠯᠢᠭ᠎ᠤᠨ ᠳᠠᠪᠠᠭᠤᠯᠢᠭ᠎ᠲᠤ ᠲᠦᠱᠢᠭ᠌ᠯᠡᠨ᠂ ᠱᠢᠨ᠎ᠡ ᠮᠠᠲ᠋ᠧᠷᠢᠶᠠᠯ᠂ ᠱᠢᠨ᠎ᠡ ᠡᠨᠧᠷᠭᠢ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠲᠤᠬᠰᠠᠨ  ᠠᠵᠤ ᠦᠢᠯᠡᠰ᠎ᠢ ᠬᠥᠭ᠌ᠵᠢᠭᠦᠯᠵᠦ᠍᠂ ᠠᠵᠤ ᠦᠢᠯᠡᠰ᠎ᠦᠨ ᠪᠦᠲᠦᠴᠡ᠎ᠶ᠋ᠢ ᠱᠢᠯᠢᠳᠡᠭ᠌ᠵᠢᠭᠦᠯᠦᠨ ᠳᠡᠰ ᠳᠡᠪᠱᠢᠭᠦᠯᠬᠦ᠌᠎ᠶ᠋ᠢ ᠠᠬᠢᠭᠤᠯᠪᠠ᠃

ᠳᠡᠯᠡᠬᠡᠢ᠎ᠶ᠋ᠢᠨ ᠬᠠᠮᠤᠭ᠎ᠤᠨ ᠶᠡᠭᠡ ᠯᠢᠲ᠋ᠢ᠎ᠶ᠋ᠢᠨ ᠭᠢᠯᠲᠠᠭᠠᠨᠠᠭᠤᠷ ᠬᠡᠯᠪᠡᠷᠢᠲᠦ ᠯᠢᠲ᠋ᠢ᠎ᠶ᠋ᠢᠨ ᠠᠭᠤᠷᠬᠠᠢ ᠪᠤᠯᠬᠤ ᠸᠧᠢ ᠯᠠ ᠰᠸ ᠲᠥᠸᠸ ᠲᠣᠮᠣ ᠬᠡᠯᠪᠡᠷᠢ᠎ᠶ᠋ᠢᠨ ᠯᠢᠲ᠋ᠢ ᠤᠯᠠᠨ ᠲᠡᠮᠦᠷᠯᠢᠭ᠎ᠤᠨ ᠠᠭᠤᠷᠬᠠᠢ᠂ ᠠᠽᠢᠶ᠎ᠠ ᠲᠢᠪ᠎ᠤᠨ ᠬᠠᠮᠤᠭ᠎ᠤᠨ ᠲᠣᠮᠣ ᠮᠦᠩᠭᠦᠨ᠎ᠤ ᠠᠭᠤᠷᠬᠠᠢ ᠪᠤᠯᠬᠤ ᠬᠤᠤᠰ ᠵᠢᠶᠠᠨ ᠽᠢ ᠱᠠᠨ᠎ᠤ ᠮᠦᠩᠭᠦ ᠣᠯᠠᠨ ᠲᠡᠮᠦᠷᠯᠢᠭ᠎ᠤᠨ ᠠᠭᠤᠷᠬᠠᠢ᠂ ᠬᠠᠲᠤᠨ ᠭᠤᠣᠯ᠎ᠠᠴᠠ ᠤᠮᠠᠷᠠᠱᠢᠬᠢ ᠬᠠᠮᠤᠭ᠎ᠤᠨ ᠲᠣᠮᠣ ᠴᠠᠭᠠᠨ ᠲᠤᠭᠤᠯᠭ᠎ᠠ ᠲᠡᠮᠦᠷ᠎ᠤᠨ ᠬᠦᠳᠡᠷ᠎ᠤᠨ ᠬᠡᠪᠲᠡᠰᠢ ᠪᠤᠯᠬᠤ ᠬᠤᠨᠭᠭᠤ ᠵᠢᠨ ᠲᠠᠪᠠᠭ᠎ᠠ ᠵᠢᠨ ᠬᠠᠮᠤᠭ᠎ᠤᠨ ᠲᠣᠮᠣ ᠲᠡᠮᠦᠷᠯᠢᠭ ᠬᠦᠳᠡᠷ᠎ᠤᠨ ᠬᠡᠪᠲᠡᠰᠢ᠂ ᠤᠮᠠᠷᠠᠳᠤ ᠤᠷᠤᠨ᠎ᠤ ᠬᠠᠮᠤᠭ᠎ᠤᠨ ᠲᠤᠮᠤ ᠸᠤᠯᠹᠷᠠᠮ ᠤᠯᠠᠨ ᠲᠡᠮᠦᠷᠯᠢᠭ᠎ᠤᠨ ᠠᠭᠤᠷᠬᠠᠢ ᠪᠤᠯᠬᠤ ᠪᠠᠢ ᠲᠦ ᠶᠢᠩᠽᠢ ᠵᠢᠨ ᠸᠣᠯᠹᠷᠠᠮ ᠣᠯᠠᠨ ᠲᠡᠮᠦᠷᠯᠢᠭ᠎ᠤᠨ ᠠᠭᠤᠷᠬᠠᠢ᠂ ᠬᠦᠬᠡᠮᠦ᠋ᠷᠠᠨ᠎ᠠᠴᠠ ᠤᠮᠠᠷᠠᠱᠢᠬᠢ ᠬᠠᠮᠤᠭ᠎ᠤᠨ ᠶᠡᠭᠡ ᠬᠠᠷ᠎ᠠ ᠲᠤᠭᠤᠯᠭ᠎ᠠ ᠴᠠᠢᠷ᠎ᠤᠨ ᠠᠭᠤᠷᠬᠠᠢ ᠪᠤᠯᠬᠤ ᠪᠠᠶᠠᠨᠨᠠᠭᠤᠷ᠎ᠤᠨ ᠲᠤᠭᠤᠯᠭ᠎ᠠ ᠴᠠᠢᠷ᠎ᠤᠨ ᠠᠭᠤᠷᠬᠠᠢ ᠵᠡᠷᠭᠡ ᠨᠢᠭᠡ ᠪᠦᠯᠦᠭ ᠴᠢᠬᠤᠯᠠ ᠠᠭᠤᠷᠬᠠᠢ ᠵᠢ ᠵᠠᠯᠭᠠᠭ᠎ᠠ᠎ᠪᠠᠷ ᠢᠯᠡᠷᠡᠭ᠌ᠦᠯᠵᠦ᠍᠂ ᠤᠯᠠᠭᠠᠨᠬᠠᠳᠠ᠎ᠶ᠋ᠢᠨ ᠱᠢᠨ᠎ᠡ ᠨᠢᠭᠡ ᠡᠭᠡᠯᠵᠢ᠎ᠶ᠋ᠢᠨ ᠠᠭᠤᠷᠬᠠᠢ ᠬᠠᠢᠬᠤ ᠪᠠᠢᠯᠳᠤᠬᠤ ᠪᠣᠳᠣᠯᠭ᠎ᠠ᠎ᠶ᠋ᠢᠨ ᠠᠵᠢᠯᠯᠠᠭ᠎ᠠ ᠦᠯᠡᠮᠵᠢ ᠦᠷ᠎ᠡ ᠪᠦᠲᠦᠮᠵᠢ ᠣᠯᠵᠠᠢ᠃

ᠪᠦᠷᠢᠳᠭᠡᠯ᠎ᠢ ᠦᠨᠳᠦᠰᠦᠯᠡᠪᠡᠯ᠂ 2 ᠵᠢᠯ᠎ᠤᠨ ᠬᠤᠭᠤᠴᠠᠭᠠᠨ᠎ᠳᠤ ᠤᠯᠠᠭᠠᠨᠬᠠᠳᠠ ᠬᠤᠲᠠ᠎ᠳᠤ ᠨᠡᠢᠲᠡ 20 ᠲᠣᠨ ᠠᠯᠲᠠ᠂ 5000 ᠲᠣᠨ ᠮᠦᠩᠭᠦ᠂ 40 ᠲᠦᠮᠡᠨ ᠲᠣᠨ ᠵᠡᠰ᠂ 1100 ᠲᠦᠮᠡᠨ ᠲᠣᠨ ᠬᠠᠷ᠎ᠠ ᠲᠤᠭᠤᠯᠭ᠎ᠠ ᠴᠠᠢᠷ᠂ 57 ᠲᠦᠮᠡᠨ ᠳᠤᠨ ᠯᠢᠲ᠋ᠢ ᠢᠰᠦᠯ᠂ 30 ᠲᠦᠮᠡᠨ ᠲᠣᠨ ᠴᠠᠭᠠᠨ ᠲᠤᠭᠤᠯᠭ᠎ᠠ᠂ 100 ᠲᠦᠮᠡᠨ ᠲᠣᠨ ᠬᠠᠢᠯᠤᠭᠤᠷ ᠵᠣᠩᠰᠢ (ᠹᠯᠣᠷᠲᠤ ᠺᠠᠯᠼ) ᠬᠠᠢᠨ ᠢᠯᠡᠷᠡᠬᠦᠯᠵᠦ᠂ ᠠᠯᠲᠠ᠂ ᠮᠥᠩᠭᠦ᠌᠂ ᠵᠡᠰ᠂ ᠲᠤᠭᠤᠯᠭ᠎ᠠ᠂ ᠴᠠᠢᠷ ᠵᠡᠷᠭᠡ ᠠᠭᠤᠷᠬᠠᠢ᠎ᠶ᠋ᠢᠨ ᠲᠥᠷᠥᠯ ᠵᠦᠢᠯ ᠨᠢ ᠨᠢᠭᠡᠨᠲᠡ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠡᠬᠢ ᠲᠥᠯᠥᠪᠵᠢᠭᠦᠯᠭᠡ᠎ᠪᠠᠨ ᠤᠷᠢᠳᠴᠢᠯᠠᠨ ᠳᠠᠪᠠᠭᠤᠯᠤᠨ ᠪᠡᠶᠡᠯᠡᠭᠦᠯᠪᠡ᠃

2025 ᠣᠨ᠎ᠤ ᠱᠢᠨ᠎ᠡ ᠨᠢᠭᠡ ᠡᠭᠡᠯᠵᠢ᠎ᠶ᠋ᠢᠨ ᠠᠭᠤᠷᠬᠠᠶ ᠬᠠᠢᠬᠤ ᠪᠠᠢᠯᠳᠤᠬᠤ ᠪᠣᠳᠣᠯᠭ᠎ᠠ᠎ᠶ᠋ᠢᠨ ᠠᠵᠢᠯᠯᠠᠭ᠎ᠠ᠎ᠶ᠋ᠢᠨ ᠶᠡᠭᠡ ᠬᠥᠱᠢᠭᠡ᠎ᠨᠡᠭᠡᠬᠡᠭᠳᠡᠬᠦ ᠵᠢ ᠳᠠᠭᠠᠯᠳᠤᠨ᠂ ᠤᠯᠠᠭᠠᠨᠬᠠᠳᠠ ᠪᠠᠰᠠ ᠰᠢᠨ᠎ᠡ ᠬᠠᠷᠠᠯᠲᠠ ᠲᠤᠭᠲᠠᠭᠠᠵᠠᠢ᠄ ᠨᠢᠭᠡ ᠪᠦᠯᠦᠭ᠎ᠢ ᠱᠢᠯᠢᠳᠡᠭ᠌ᠵᠢᠬᠦᠯᠦᠨ ᠬᠤᠳᠠᠯᠳᠤᠵᠤ᠂  ᠨᠢᠭᠡ ᠪᠦᠯᠦᠭ᠎ᠢ ᠰᠢᠯᠵᠢᠭᠦᠯᠦᠨ ᠠᠭᠤᠷᠬᠠᠢ ᠨᠡᠭᠡᠭᠡᠬᠦ ᠵᠢ ᠠᠬᠢᠭᠤᠯᠵᠤ᠂ ᠨᠢᠭᠡ ᠪᠦᠯᠦᠭ᠎ᠢ ᠱᠢᠯᠢᠳᠡᠭ᠌ᠵᠢᠭᠦᠯᠦᠨ ᠨᠡᠢᠳᠭᠡᠵᠦ᠍᠂  ᠨᠢᠭᠡ ᠪᠦᠯᠦᠭ᠎ᠢ ᠠᠭᠤᠷᠬᠠᠢ ᠬᠠᠢᠵᠤ ᠬᠠᠳᠠᠭᠠᠯᠠᠭᠳᠠᠴᠠ ᠵᠢ ᠨᠡᠮᠡᠭᠳᠡᠭᠦᠯᠵᠦ᠂ ᠨᠢᠭᠡ ᠪᠦᠯᠦᠭ᠎ᠢ ᠰᠡᠷᠭᠦᠭᠡᠨ ᠠᠰᠢᠭᠯᠠᠯᠲᠠ ᠳ᠋ᠤ ᠤᠷᠤᠭᠤᠯᠵᠤ᠂ ᠨᠢᠭᠡ ᠪᠦᠯᠦᠭ᠎ᠢ ᠬᠠᠭᠠᠬᠤ 《ᠵᠢᠷᠭᠤᠭᠠᠨ ᠨᠢᠭᠡ ᠪᠦᠯᠦᠭ》᠎ᠤ᠋ᠨ ᠬᠥᠭ᠌ᠵᠢᠯᠲᠡ᠎ᠶ᠋ᠢᠨ ᠠᠷᠭ᠎ᠠ ᠬᠡᠮᠵᠢᠶ᠎ᠡ᠎ᠶ᠋ᠢ ᠠᠪᠴᠤ᠌᠂ 2027 ᠣᠨ᠎ᠤ ᠡᠴᠦᠰ ᠲᠦ᠍ ᠪᠦᠬᠦ᠌ ᠬᠤᠳᠠ᠎ᠶ᠋ᠢᠨ ᠠᠭᠤᠷᠬᠠᠢ᠎ᠶ᠋ᠢᠨ ᠦᠢᠯᠡᠰ᠎ᠤᠨ ᠵᠢᠯ᠎ᠤᠨ ᠦᠢᠯᠡᠳᠬᠦᠨ᠎ᠤ ᠦᠷᠳᠡᠭ᠎ᠢ 2000 ᠳ᠋ᠦᠩᠱᠢᠭᠤᠷ ᠲᠥᠭᠦᠷᠢᠭ᠎ᠲᠤ ᠬᠦᠷᠭᠡᠨ᠎ᠡ᠃

2 ᠰᠠᠷ᠎ᠠ᠎ᠶ᠋ᠢᠨ 28᠎ᠤ᠋ ᠡᠳᠦᠷ᠂ ᠭᠦᠨ ᠭᠠᠵᠠᠷ᠎ᠤᠨ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠤᠨ ᠴᠢᠬᠤᠯᠠ ᠶᠡᠭᠡ ᠲᠤᠰᠭᠠᠢ ᠲᠦᠷᠦᠯ ᠵᠦᠢᠯ ᠪᠤᠯᠬᠤ ᠶᠡᠭᠡ ᠬᠢᠩᠭᠠᠨ ᠳᠠᠪᠠᠭᠠᠨ᠎ᠤ ᠣᠷᠣᠨ᠎ᠤ ᠴᠢᠬᠤᠯᠠ ᠶᠡᠭᠡ ᠭᠠᠵᠠᠷ ᠱᠢᠨᠵᠢᠯᠡᠭᠡᠨ᠎ᠤ ᠬᠡᠷᠡᠭ ᠶᠠᠪᠤᠳᠠᠯ ᠬᠢᠭᠡᠳ ᠴᠠᠭᠠᠨ ᠲᠤᠭᠤᠯᠭ᠎ᠠ ᠤᠯᠠᠨ ᠲᠡᠮᠦᠷᠯᠢᠭ᠎ᠤᠨ ᠠᠭᠤᠷᠬᠠᠢ ᠪᠦᠲᠦᠭᠰᠡᠨ ᠲᠦᠷᠦᠯ ᠵᠦᠢᠯ᠎ᠢ ᠡᠬᠢᠯᠡᠭᠦᠯᠬᠦ᠌ ᠵᠢᠴᠢ ᠲᠥᠰᠥᠯ᠎ᠤᠨ ᠨᠤᠲᠠᠯᠠᠯᠲᠠ᠎ᠶ᠋ᠢᠨ ᠬᠤᠷᠠᠯ ᠪᠡᠭᠡᠵᠢᠩ᠎ᠳᠤ ᠬᠤᠷᠠᠯᠳᠤᠪᠠ᠃ ᠲᠣᠰ ᠲᠥᠷᠥᠯ ᠵᠦᠢᠯ 《ᠲᠥᠪ — ᠤᠷᠤᠨ ᠨᠤᠲᠤᠭ — ᠠᠵᠤ ᠠᠬᠤᠢᠯᠠᠯ》 ᠤ᠋ᠨ ᠬᠤᠯᠪᠣᠭᠠᠯᠠᠨ ᠵᠢᠱ᠌ᠢᠶ᠎ᠡ ᠦᠵᠡᠭᠦᠯᠬᠦ᠌ ᠲᠥᠷᠥᠯ ᠵᠦᠢᠯ ᠪᠣᠯᠤᠭ᠍ᠰᠠᠨ᠎ᠤ ᠬᠤᠪᠢ᠎ᠳᠤ᠂ ᠳᠤᠮᠳᠠᠳᠤ ᠤᠯᠤᠰ᠎ᠤᠨ ᠭᠠᠵᠠᠷ ᠱᠢᠨᠵᠢᠯᠡᠭᠡᠨ᠎ᠤ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠢᠶᠠᠷ ᠲᠦᠷᠦᠭᠦᠯᠡᠭᠦᠯᠦᠨ᠂ 12 ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠂ 7 ᠠᠭᠤᠷᠬᠠᠶ᠎ᠶ᠋ᠢᠨ ᠠᠵᠤ ᠠᠬᠤᠢᠯᠠᠯ ᠪᠠ ᠤᠯᠠᠭᠠᠨᠬᠠᠳᠠ ᠬᠤᠲᠠ᠎ᠶ᠋ᠢᠨ ᠵᠠᠰᠠᠭ᠎ᠤᠨ ᠣᠷᠳᠣᠨ ᠬᠠᠮᠲᠤ᠎ᠪᠠᠷ ᠬᠡᠷᠡᠭ᠌ᠵᠢᠭᠦᠯᠵᠦ᠍᠂ ᠭᠤᠤᠯᠳᠠᠭᠤ ᠤᠯᠠᠭᠠᠨᠬᠠᠳᠠ ᠬᠤᠲᠠ᠎ᠶ᠋ᠢᠨ ᠬᠤᠢᠲᠤ ᠬᠡᠰᠡᠭ᠎ᠲᠤ ᠥᠷᠨᠢᠭᠦᠯᠵᠦ ᠪᠤᠯᠤᠨ᠎ᠠ᠃ ᠲᠤᠰ ᠲᠥᠷᠥᠯ ᠵᠦᠢᠯ᠎ᠢ ᠡᠬᠢᠯᠡᠭᠦᠯᠦᠭ᠌ᠰᠡᠨ᠎ᠨᠢ ᠤᠯᠠᠭᠠᠨᠬᠠᠳᠠ ᠬᠤᠲᠠ᠎ᠶ᠋ᠢᠨ 2025 ᠣᠨ᠎ᠤ ᠠᠭᠤᠷᠬᠠᠶ ᠬᠠᠢᠬᠤ ᠱᠢᠪᠲᠤᠯᠤᠯᠲᠠ᠎ᠶ᠋ᠢᠨ ᠠᠵᠢᠯᠯᠠᠭ᠎ᠠ ᠪᠥᠬᠦ᠌ ᠲᠠᠯ᠎ᠠ᠎ᠪᠠᠷ ᠡᠬᠢᠯᠡᠭᠰᠡᠨ᠎ᠢ ᠬᠠᠷᠠᠭᠤᠯᠵᠤ ᠪᠠᠢᠨ᠎ᠠ᠃

3 ᠰᠠᠷ᠎ᠠ᠎ᠶ᠋ᠢᠨ 6᠎ᠤ᠋ ᠡᠳᠦᠷ ᠬᠤᠷᠠᠯᠳᠤᠭ᠍ᠰᠠᠨ 《ᠠᠷᠪᠠᠨ ᠶᠡᠭᠡ ᠠᠵᠢᠯᠯᠠᠭ᠎ᠠ》 ᠶ᠋ᠢ ᠭᠦᠨᠵᠡᠭᠡᠢ ᠬᠡᠷᠡᠭ᠌ᠵᠢᠭᠦᠯᠵᠦ᠍᠂ ᠤᠯᠠᠭᠠᠨᠬᠠᠳᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠱᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠢᠲᠡᠯᠡᠬᠦ᠌ ᠬᠤᠷᠠᠯ᠎ᠤᠨ 《ᠠᠭᠤᠷᠬᠠᠢ ᠬᠠᠢᠬᠤ ᠱᠢᠪᠲᠤᠯᠤᠯᠲᠠ᠎ᠶ᠋ᠢᠨ ᠠᠵᠢᠯᠯᠠᠭ᠎ᠠ》 ᠶ᠋ᠢᠨ ᠲᠤᠰᠭᠠᠢ ᠬᠤᠷᠠᠯ ᠳᠡᠭᠡᠷ᠎ᠡ ᠤᠯᠠᠭᠠᠨᠬᠠᠳᠠ ᠬᠤᠳᠠ ᠠᠭᠤᠷᠬᠠᠢ ᠬᠠᠢᠬᠤ ᠱᠢᠪᠲᠤᠯᠤᠯᠲᠠ᠎ᠶ᠋ᠢᠨ ᠠᠵᠢᠯᠯᠠᠭ᠎ᠠ᠎ᠶ᠋ᠢᠨ ᠡᠯ᠎ᠡ ᠵᠦᠢᠯ᠎ᠤᠨ ᠡᠭᠦᠷᠭᠡ᠎ᠪᠠᠨ ᠨᠠᠷᠢᠨ ᠲᠠᠨᠢᠯᠴᠠᠭᠤᠯᠪᠠ᠄ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠠᠵᠠᠷ ᠱᠢᠨᠵᠢᠯᠡᠭᠡᠨ᠎ᠤ ᠬᠠᠢᠨ ᠱᠢᠨᠵᠢᠯᠡᠬᠦ᠌ ᠰᠠᠭᠤᠷᠢ ᠮᠥᠩᠭᠦ᠎ᠶ᠋ᠢᠨ 20 ᠲᠥᠷᠥᠯ ᠵᠦᠢᠯ᠎ᠢ ᠬᠡᠷᠡᠭ᠌ᠵᠢᠭᠦᠯᠵᠦ᠍᠂ 20 ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠤᠨ ᠣᠷᠣᠨ᠎ᠤ ᠵᠠᠬ᠎ᠠ ᠳᠡᠯᠭᠡᠭᠦᠷᠴᠢᠯᠡᠨ ᠱᠢᠯᠵᠢᠭᠦᠯᠦᠨ ᠬᠤᠳᠠᠯᠳᠤᠬᠤ᠎ᠶ᠋ᠢ ᠪᠡᠶᠡᠯᠡᠭᠦᠯᠦᠨ᠎ᠡ; ᠬᠡᠱᠢᠭ᠌ᠲᠡᠨ ᠬᠤᠱᠢᠭᠤᠨ᠎ᠤ ᠸᠸᠢ ᠯᠠ ᠰᠸ ᠲᠦᠸᠸ ᠯᠢᠲ᠋ᠢ᠎ᠵᠢᠨ ᠠᠭᠤᠷᠬᠠᠶ ᠵᠡᠷᠭᠡ 44 ᠲᠥᠷᠥᠯ ᠵᠦᠢᠯ᠎ᠤᠨ ᠠᠭᠤᠷᠬᠠᠶ ᠮᠠᠯᠲᠠᠬᠤ ᠦᠨᠡᠮᠯᠡᠯ ᠣᠯᠬᠤ᠎ᠶ᠋ᠢ ᠠᠬᠢᠭᠤᠯᠦᠨ᠎ᠡ; ᠤᠯᠠᠭᠠᠨᠳᠠᠪᠠᠭ᠎ᠠ ᠵᠢᠨ ᠠᠭᠤᠷᠬᠠᠢ᠎ᠶ᠋ᠢᠨ ᠣᠷᠣᠨ ᠵᠡᠷᠭᠡ 22 ᠭᠤᠣᠯᠳᠠᠯᠭ᠎ᠠ᠎ᠲᠠᠢ ᠠᠭᠤᠷᠬᠠᠢ᠎ᠶ᠋ᠢᠨ ᠣᠷᠣᠨ᠎ᠢ ᠡᠮᠬᠢᠯᠡᠨ ᠨᠡᠢᠯᠡᠭᠦᠯᠬᠦ᠌ ᠠᠵᠢᠯ᠎ᠢ ᠠᠬᠢᠭᠤᠯᠤᠨ᠎ᠠ; ᠣᠯᠠᠨᠬᠤᠸᠠ ᠵᠢᠨ ᠮᠣᠯᠢᠪᠳᠧᠨ᠎ᠤ ᠠᠭᠤᠷᠬᠠᠢ᠂ ᠬᠤᠨᠭᠭᠤ ᠵᠢᠨ ᠲᠠᠪᠠᠭ᠎ᠠ ᠵᠢᠨ ᠲᠡᠮᠦᠷ᠎ᠤᠨ ᠠᠭᠤᠷᠬᠠᠢ ᠵᠡᠷᠭᠡ ᠬᠠᠭᠤᠴᠢᠨ ᠠᠭᠤᠷᠬᠠᠢ᠎ᠶ᠋ᠢᠨ 《ᠠᠭᠤᠷᠬᠠᠢ᠎ᠠᠴᠠ ᠠᠭᠤᠷᠬᠠᠢ ᠬᠠᠢᠬᠤ》᠂ ᠭᠦᠨ ᠭᠠᠵᠠᠷ ᠡᠴᠡ ᠠᠭᠤᠷᠬᠠᠢ ᠬᠠᠢᠬᠤ᠎ᠶ᠋ᠢ ᠵᠣᠷᠢᠭ᠍ᠵᠢᠭᠤᠯᠵᠤ᠂ ᠠᠭᠤᠷᠬᠠᠢ᠎ᠶ᠋ᠢᠨ ᠭᠠᠷᠤᠯᠲᠠ᠎ᠶ᠋ᠢᠨ ᠬᠠᠳᠠᠭᠠᠯᠠᠭ᠍ᠳᠠᠴᠠ᠎ᠶ᠋ᠢ ᠨᠡᠮᠡᠭ᠌ᠳᠡᠭᠦᠯᠦᠨ᠂ ᠡᠬᠢ ᠪᠠᠶᠠᠯᠢᠭ᠎ᠤᠨ ᠥᠪᠡᠷ᠎ᠢ᠎ᠪᠠᠨ ᠬᠠᠩᠭᠠᠬᠤ ᠨᠤᠷᠮ᠎ᠠ᠎ᠶ᠋ᠢ ᠳᠡᠭᠡᠭ᠌ᠰᠢᠯᠡᠭᠦᠯᠦᠨ᠎ᠡ ᠁

《2025 ᠣᠨ᠎ᠳᠤ ᠤᠯᠠᠭᠠᠨᠬᠠᠳᠠ ᠬᠤᠲᠠ᠎ᠶ᠋ᠢᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠠᠵᠠᠷ ᠱᠢᠨᠵᠢᠯᠡᠭᠡᠨ᠎ᠤ ᠬᠠᠢᠨ ᠰᠢᠨᠵᠢᠯᠡᠬᠦ ᠰᠠᠭᠤᠷᠢ ᠮᠥᠩᠭᠦ᠎ᠶ᠋ᠢᠨ ᠲᠥᠷᠥᠯ ᠵᠦᠢᠯ᠂ ᠠᠭᠤᠷᠬᠠᠢ᠎ᠶ᠋ᠢᠨ ᠠᠵᠤ ᠠᠬᠤᠢᠯᠠᠯ᠎ᠤᠨ ᠬᠠᠢᠨ ᠰᠢᠨᠵᠢᠯᠡᠬᠦ ᠲᠥᠷᠥᠯ ᠵᠦᠢᠯ᠎ᠳᠤ 8 ᠳ᠋ᠦᠩᠱᠢᠭᠤᠷ ᠲᠥᠭᠦᠷᠢᠭ᠎ᠤᠨ ᠬᠠᠢᠨ ᠰᠢᠨᠵᠢᠯᠡᠬᠦ ᠪᠡᠯᠡ ᠮᠥᠩᠭᠦ ᠵᠠᠷᠤᠴᠠᠭᠤᠯᠬᠤ ᠪᠡᠷ ᠪᠤᠢ᠃ ᠪᠦᠬᠦ᠌ ᠬᠤᠲᠠ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠢ ᠠᠭᠤᠷᠬᠠᠢ᠎ᠶ᠋ᠢᠨ ᠭᠠᠷᠤᠯᠲᠠ ᠪᠠ ᠳᠠᠪᠠᠭᠤᠯᠢᠭ ᠠᠭᠤᠷᠬᠠᠢ᠎ᠶ᠋ᠢᠨ ᠭᠠᠷᠤᠯᠲᠠ᠎ᠶ᠋ᠢ ᠨᠡᠮᠡᠭ᠌ᠳᠡᠭᠦᠯᠬᠦ᠌᠎ᠪᠠᠷ ᠴᠢᠷᠮᠠᠢᠵᠤ᠂ ᠪᠦᠬᠦ᠌ ᠵᠢᠯ᠎ᠳᠤ 16 ᠲᠣᠨ ᠠᠯᠲᠠ᠂ 4000 ᠲᠣᠨ ᠮᠥᠩᠭᠦ᠌᠂ 24 ᠲᠦᠮᠡᠨ ᠲᠣᠨ ᠵᠡᠰ᠂ 24 ᠲᠦᠮᠡᠨ ᠲᠣᠨ ᠬᠠᠷ᠎ᠠ ᠲᠤᠭᠤᠯᠭ᠎ᠠ᠂ 240 ᠲᠦᠮᠡᠨ ᠲᠣᠨ ᠴᠠᠢᠷ᠂ 200 ᠲᠦᠮᠡᠨ ᠲᠣᠨ ᠯᠢᠲ᠋ᠢ᠎ᠶ᠋ᠢᠨ ᠢᠰᠦᠯ᠂ 13 ᠲᠦᠮᠡᠨ ᠲᠣᠨ ᠬᠠᠢᠯᠤᠭᠤᠷ ᠵᠣᠩᠰᠢ᠎ᠨᠡᠮᠡᠭ᠌ᠳᠡᠭᠦᠯᠬᠦ᠌᠎ᠪᠠᠷ ᠴᠢᠷᠮᠠᠢᠨ᠎ᠠ》 ᠭᠡᠵᠦ ᠤᠯᠠᠭᠠᠨᠬᠠᠳᠠ ᠬᠣᠲᠠ᠎ᠶ᠋ᠢᠨ ᠪᠠᠢᠭᠠᠯᠢ ᠵᠢᠨ ᠡᠬᠢ ᠪᠠᠶᠠᠯᠢᠭ᠎ᠤᠨ ᠲᠣᠪᠴᠢᠶᠠᠨ᠎ᠤ ᠡᠬᠢ ᠪᠠᠶᠠᠯᠢᠭ᠎ᠤᠨ ᠨᠥᠭᠡᠴᠡ᠎ᠶ᠋ᠢ ᠡᠮᠬᠢᠳᠭᠡᠬᠦ᠌ ᠲᠥᠪ᠎ᠦᠨ ᠳᠡᠳ᠋ ᠡᠷᠬᠢᠯᠡᠭ᠌ᠴᠢ ᠵᠠᠩ ᠱ᠌ᠢ ᠡᠸ᠋ ᠬᠡᠯᠡᠪᠡ᠃

ᠪᠠᠢᠯᠳᠤᠬᠤ ᠪᠣᠳᠣᠯᠭ᠎ᠠ᠎ᠶ᠋ᠢᠨ ᠪᠠᠢᠷᠢᠱᠢᠭᠤᠯᠤᠯᠲᠠ᠎ᠠᠴᠠ ᠣᠨᠣᠪᠴᠢᠲᠠᠶ ᠠᠷᠭ᠎ᠠ ᠪᠣᠳᠣᠯᠭ᠎ᠠ ᠬᠡᠷᠡᠭ᠌ᠵᠢᠭᠦᠯᠬᠦ᠌ ᠬᠦᠷᠲᠡᠯ᠎ᠡ᠂ ᠤᠯᠠᠭᠠᠨᠬᠠᠳᠠ ᠠᠭᠤᠷᠬᠠᠶ ᠬᠠᠢᠬᠤ ᠦᠶ᠋ᠯᠡᠳᠦᠯᠭᠡ᠎ᠶ᠋ᠢᠨ ᠠᠤᠭ᠎ᠠ ᠲᠥᠰᠦᠪ ᠵᠢᠡᠨ ᠨᠢᠭᠡᠨᠲᠡ ᠵᠢᠷᠤᠭᠯᠠᠵᠤ᠂ ᠪᠥᠬᠦ᠌ ᠬᠤᠲᠠ᠎ᠶ᠋ᠢᠨ ᠬᠡᠪᠴᠢᠶᠡᠨ᠎ᠳᠤ ᠠᠬᠢᠭᠤᠯᠵᠤ᠂ ᠥᠨᠳᠥᠷ ᠪᠦᠲᠦᠮᠵᠢᠲᠡᠶ ᠨᠠᠢᠳᠠᠪᠤᠷᠢᠵᠢᠭᠤᠯᠤᠨ᠂ 《ᠳᠤᠮᠳᠠᠳᠤ ᠤᠯᠤᠰ᠎ᠤᠨ ᠥᠩᠭᠡᠲᠦ ᠲᠡᠮᠦᠷᠯᠢᠭ᠎ᠤᠨ ᠨᠤᠲᠤᠭ》 ᠤ᠋ᠨ ᠲᠦᠷᠦᠯ ᠲᠡᠮᠲᠡᠭ᠎ᠢ᠎ᠪᠠᠬᠢᠵᠢᠭᠦᠯᠬᠦ᠌᠎ᠳᠤ ᠪᠠᠲᠤ ᠰᠠᠭᠤᠷᠢ ᠲᠠᠯᠪᠢᠵᠤ᠂ ᠳᠤᠮᠳᠠᠳᠤ ᠤᠯᠤᠰ᠎ᠤᠨ 《ᠪᠣᠬᠢᠷᠲᠤᠯ ᠥᠬᠡᠶ ᠯᠢᠲ᠋ᠢ᠎ᠵᠢᠨ ᠬᠤᠲᠠ》᠂ 《ᠤᠮᠠᠷᠠᠲᠤ᠎ᠶ᠋ᠢᠨ ᠴᠠᠭᠠᠨ ᠲᠤᠭᠤᠯᠭ᠎ᠠ᠎ᠵᠢᠨ ᠬᠤᠲᠠ》 ᠵᠢ ᠪᠥᠬᠦ᠌ ᠬᠦᠴᠦᠨ᠎ᠢᠶᠠᠷ᠎ᠴᠣᠭ᠍ᠴᠠᠯᠠᠬᠤ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠵᠤ ᠪᠠᠢᠨ᠎ᠠ᠃ ᠡᠢᠨ ᠬᠦ᠌ ᠤᠯᠠᠭᠠᠨᠬᠠᠳᠠ᠎ᠡᠬᠢ ᠪᠠᠶᠠᠯᠢᠭ᠎ᠤ᠋ᠨ ᠲᠣᠮᠣ ᠬᠣᠲᠠ᠎ᠠ᠋ᠴᠠ ᠠᠵᠤ ᠠᠬᠤᠢ᠎ᠶᠢᠨ ᠬᠦᠴᠦᠷᠬᠡᠭ ᠬᠣᠲᠠ ᠵᠦᠭ ᠢᠳᠡᠷᠡᠭᠦᠨ ᠠᠯᠬᠤᠭ᠎ᠠ ᠪᠡᠷ ᠤᠷᠤᠭ᠍ᠱᠢᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号