《ᠨᠡᠭᠦᠷᠡᠰᠦᠨ᠎ᠨᠤᠨᠳᠠᠭ》 ᠢ᠋ 《ᠱᠢᠵᠢᠷ ᠠᠯᠳᠠ》 ᠪᠣᠯᠭᠠᠨ᠎ᠠ
2025-03-05 10:08:26
ᠵᠣᠬᠢᠶᠠᠭ᠍ᠴᠢ᠄
ᠼᠦᠢ ᠨᠠᠨ ᠵᠠᠩ ᠺᠦᠶ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠲᠥᠯᠥᠭᠡᠯᠡᠭ᠌ᠴᠢᠳ ᠎ᠦᠨ ᠪᠦᠯᠬᠦᠮ 《 ᠶᠡᠬᠡ ᠬᠡᠮᠵᠢᠶᠡᠨ᠎ᠤ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠠᠱᠢᠭ᠍ᠯᠠᠬᠤ᠎ᠶ᠋ᠢ ᠠᠬᠢᠭᠤᠯᠵᠤ ᠦᠨᠳᠦᠷ ᠬᠥᠩᠭᠡᠨᠴᠠᠭᠠᠨᠳᠤ ᠨᠤᠨᠲᠠᠭ ᠨᠡᠭᠦᠷᠡᠰᠦᠨ᠎ᠦᠨᠡᠰᠦ ᠎ᠶ᠋ᠢᠨ ᠡᠷᠭᠢᠯᠲᠡᠲᠦ ᠠᠵᠤ ᠠᠬᠤᠶ᠎ᠶ᠋ᠢᠨ ᠠᠵᠤ ᠦᠶ᠋ᠯᠡᠰ᠎ᠢ ᠲᠦᠷᠭᠡᠨ ᠬᠥᠭ᠌ᠵᠢᠭᠦᠯᠬᠦ᠌》᠎ᠶ᠋ᠢ ᠪᠥᠬᠥ᠌ ᠪᠦᠯᠬᠦᠮ ᠎ᠦᠨ ᠰᠠᠨᠠᠭᠤᠯᠭ᠎ᠠ ᠪᠣᠯᠭᠠᠨ ᠳᠤᠷᠠᠳᠬᠤ᠎ᠪᠡᠷ ᠪᠤᠢ


 3 ᠰᠠᠷ᠎ᠠ᠎ᠶ᠋ᠢᠨ 3 ᠎ᠤ᠋ ᠡᠳᠦᠷ ᠬᠤᠷᠠᠯᠳᠤᠭᠤᠯᠤᠭ᠍ᠰᠠᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ ᠎ᠦᠨ ᠪᠦᠯᠬᠦᠮ᠎ᠦᠨ ᠪᠥᠬᠥᠳᠡ ᠬᠤᠷᠠᠯ᠎ᠡᠴᠡ 《ᠶᠡᠬᠡ ᠬᠡᠮᠵᠢᠶᠡᠨ᠎ᠤ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠠᠱᠢᠭ᠍ᠯᠠᠬᠤ᠎ᠶ᠋ᠢ ᠠᠬᠢᠭᠤᠯᠵᠤ ᠦᠨᠳᠦᠷ ᠬᠥᠩᠭᠡᠨᠴᠠᠭᠠᠨᠳᠤ ᠨᠤᠨᠲᠠᠭ ᠨᠡᠭᠦᠷᠡᠰᠦᠨ᠎ᠦᠨᠡᠰᠦ᠎ᠶ᠋ᠢᠨ ᠡᠷᠭᠢᠯᠲᠡᠲᠦ ᠠᠵᠤ ᠠᠬᠤᠶ᠎ᠶ᠋ᠢᠨ ᠠᠵᠤ ᠦᠶ᠋ᠯᠡᠰ᠎ᠢ ᠲᠦᠷᠭᠡᠨ ᠬᠥᠭ᠌ᠵᠢᠭᠦᠯᠬᠦ᠌ ᠲᠤᠬᠠᠢ ᠰᠠᠨᠠᠭᠤᠯᠭ᠎ᠠ》 ᠎ᠶ᠋ᠢ ᠥᠪᠥᠷ ᠮᠣᠩᠭᠣᠯ ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦ ᠪᠦᠯᠬᠦᠮ ᠎ᠤᠨ ᠰᠠᠨᠠᠭᠤᠯᠭ᠎ᠠ ᠪᠣᠯᠭᠠᠨ ᠳᠤᠷᠠᠳᠬᠤ ᠎ᠪᠠᠷ ᠲᠣᠭ᠍ᠲᠠᠪᠠ᠃ ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢ ᠭᠦᠢᠴᠡᠳ ᠪᠠᠳᠠᠷᠠᠭᠤᠯᠤᠨ᠂ ᠶᠡᠬᠡ ᠬᠡᠮᠵᠢᠶᠡᠨ᠎ᠤ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠠᠱᠢᠭ᠍ᠯᠠᠬᠤ᠎ᠶ᠋ᠢ ᠠᠬᠢᠭᠤᠯᠵᠤ᠂ ᠦᠨᠳᠦᠷ ᠬᠥᠩᠭᠡᠨᠴᠠᠭᠠᠨᠳᠤ ᠨᠤᠨᠲᠠᠭ ᠨᠡᠭᠦᠷᠡᠰᠦᠨ ᠦᠨᠡᠰᠦ᠎ᠶ᠋ᠢ ᠶᠡᠷᠦᠩᠬᠡᠢᠯᠡᠨ ᠠᠱᠢᠭ᠍ᠯᠠᠬᠤ ᠠᠵᠤ ᠦᠢᠯᠡᠰ᠎ᠢ ᠲᠦᠷᠭᠡᠨ ᠬᠥᠭ᠌ᠵᠢᠭᠦᠯᠬᠦ᠌ ᠨᠢ ᠤᠯᠤᠰ᠎ᠤᠨ ᠬᠥᠩᠭᠡᠨᠴᠠᠭᠠᠨ᠎ᠤ ᠡᠬᠢ ᠪᠠᠶᠠᠯᠢᠭ᠎ᠤᠨ ᠠᠶᠤᠯ ᠦᠭᠡᠶ᠎ᠶ᠋ᠢ ᠪᠠᠲᠤᠯᠠᠬᠤ᠎ᠳᠤ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠠᠴᠢ ᠬᠣᠯᠪᠣᠭ᠍ᠳᠠᠯ᠎ᠲᠠᠶ ᠶᠤᠮ᠃

ᠲᠠᠨᠢᠯᠴᠠᠭᠤᠯᠤᠭ᠍ᠰᠠᠨ᠎ᠢᠶᠠᠷ᠂ ᠶᠡᠬᠡ ᠬᠡᠮᠵᠢᠶᠡᠨ᠎ᠦ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠠᠱᠢᠭ᠍ᠯᠠᠬᠤ᠎ᠶ᠋ᠢ ᠠᠬᠢᠭᠤᠯᠬᠤ᠂ ᠦᠨᠳᠦᠷ ᠬᠥᠩᠭᠡᠨᠴᠠᠭᠠᠨᠳᠤ ᠨᠤᠨᠲᠠᠭ ᠨᠡᠭᠦᠷᠡᠰᠦᠨ᠎ᠦᠨᠡᠰᠦ᠎ᠶ᠋ᠢᠨ ᠡᠷᠭᠢᠯᠲᠡᠳᠦ ᠠᠵᠤ ᠠᠬᠤᠶ᠎ᠶ᠋ᠢᠨ ᠠᠵᠤ ᠦᠶ᠋ᠯᠡᠰ᠎ᠢ ᠬᠥᠭ᠌ᠵᠢᠭᠦᠯᠬᠦ᠌ ᠲᠠᠯ᠎ᠠ᠎ᠪᠠᠷ᠂ ᠥᠪᠥᠷ ᠮᠣᠩᠭᠣᠯ᠎ᠨᠢ ᠲᠥᠷᠥ ᠎ᠶ᠋ᠢᠨ ᠪᠣᠳᠣᠯᠭ᠎ᠠ᠎ᠶ᠋ᠢᠨ ᠳᠠᠪᠠᠭᠤᠯᠢᠭ᠎ᠢᠶᠠᠷ ᠢᠯᠡᠷᠬᠡᠶ ᠪᠦᠭᠡᠳ ᠮᠡᠷᠭᠡᠵᠢᠯ᠎ᠦᠨ ᠪᠣᠭᠣᠮᠲᠠ ᠱᠢᠪᠲᠤᠯᠬᠤ ᠠᠵᠢᠯ ᠱᠢᠪᠲᠤᠯᠤᠯᠲᠠ᠎ᠲᠠᠶ ᠪᠣᠯᠵᠣ᠂ ᠤᠨᠳᠤᠤᠰᠢᠭᠤᠯᠤᠨ ᠠᠱᠢᠭ᠍ᠯᠠᠬᠤ ᠨᠥᠬᠥᠴᠡᠯ᠎ᠨᠢ ᠪᠣᠯᠪᠠᠰᠤᠷᠠᠩᠭᠤᠶ ᠪᠣᠯᠤᠭ᠍ᠰᠠᠨ ᠵᠡᠷᠭᠡ ᠢᠯᠡᠳᠲᠡ ᠳᠠᠪᠠᠭᠤᠯᠢᠭ᠎ᠲᠠᠶ ᠶᠤᠮ᠃ ᠲᠥᠷᠥ᠎ᠶ᠋ᠢᠨ ᠶᠠᠪᠤᠳᠠᠯ᠎ᠤᠨ ᠬᠣᠷᠢᠶ᠎ᠠ᠎ᠶᠢᠨ ᠨᠡᠢᠲᠡᠯᠡᠭ᠌ᠰᠡᠨ 《ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠲᠤᠬᠠᠶ ᠰᠠᠨᠠᠯ》 ᠎ᠳ᠋ᠤ᠂ ᠣᠷᠳᠣᠰ᠎ᠤᠨ ᠨᠤᠨᠲᠠᠭ ᠨᠡᠭᠦᠷᠡᠰᠦᠨ ᠦᠨᠡᠰᠦᠨ᠎ᠡᠴᠡ ᠢᠰᠦᠯᠳᠦᠭ᠌ᠰᠡᠨ ᠬᠥᠩᠭᠡᠨᠴᠠᠭᠠᠨ᠎ᠢ ᠭᠠᠷᠭᠠᠨ ᠠᠪᠴᠤ᠌ ᠶᠡᠷᠦᠩᠬᠡᠢᠯᠡᠨ ᠠᠱᠢᠭ᠍ᠯᠠᠬᠤ ᠰᠠᠭᠤᠷᠢᠨ᠎ᠢ ᠪᠥᠲᠥᠭᠡᠨ ᠪᠠᠢᠭᠤᠯᠬᠤ ᠬᠡᠷᠡᠭᠲᠡᠢ ᠭᠡᠵᠦ ᠲᠤᠳᠤᠷᠬᠠᠢ ᠳᠤᠷᠠᠳᠪᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ  ᠎ᠤᠨ ᠴᠢᠬᠤᠯᠠ ᠡᠨᠧᠷᠭᠢ᠎ᠶᠢᠨ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠦᠲᠦᠭᠡᠨ ᠪᠠᠢᠭᠤᠯᠬᠤ᠎ᠶ᠋ᠢ ᠠᠬᠢᠭᠤᠯᠬᠤ ᠳᠦᠷᠢᠮ》᠎ᠳ᠋ᠤ ᠪᠠᠰᠠ᠂ ᠦᠨᠳᠦᠷ ᠬᠥᠩᠭᠡᠨᠴᠠᠭᠠᠨᠳᠤ ᠨᠤᠨᠲᠠᠭ ᠨᠡᠭᠦᠷᠡᠰᠦᠨ ᠦᠨᠡᠰᠦᠨ᠎ᠡᠴᠡ ᠢᠰᠦᠯᠳᠦᠭ᠌ᠰᠡᠨ ᠬᠥᠩᠭᠡᠨᠴᠠᠭᠠᠨ᠎ᠢ ᠭᠠᠷᠭᠠᠨ ᠠᠪᠬᠤ᠂ ᠬᠥᠩᠭᠡᠨᠴᠠᠭᠠᠨ ᠴᠠᠬᠢᠭᠤᠷ᠎ᠤᠨ ᠬᠠᠢᠯᠤᠰᠢ ᠵᠡᠷᠭᠡ ᠨᠤᠨᠲᠠᠭ ᠨᠡᠭᠦᠷᠡᠰᠦᠨ ᠦᠨᠡᠰᠦ᠎ᠶ᠋ᠢ ᠶᠡᠷᠦᠩᠬᠡᠢᠯᠡᠨ ᠠᠱᠢᠭ᠍ᠯᠠᠬᠤ ᠠᠵᠤ ᠦᠢᠯᠡᠰ ᠎ᠢ ᠵᠣᠷᠢᠭ᠍ᠵᠢᠭᠤᠯᠤᠨ ᠬᠥᠭ᠌ᠵᠢᠭᠦᠯᠵᠦ᠍᠂ ᠤᠯᠤᠰ᠎ᠤᠨ ᠨᠤᠨᠲᠠᠭ ᠨᠡᠭᠦᠷᠡᠰᠦᠨ ᠦᠨᠡᠰᠦ᠎ᠶ᠋ᠢᠨ ᠡᠬᠢ ᠪᠠᠶᠠᠯᠢᠭ᠎ᠢ ᠶᠡᠷᠦᠩᠬᠡᠢᠯᠡᠨ ᠠᠱᠢᠭ᠍ᠯᠠᠬᠤ ᠰᠠᠭᠤᠷᠢᠨ᠎ᠢ ᠪᠦᠲᠦᠭᠡᠨ ᠪᠠᠢᠭᠤᠯᠬᠤ ᠬᠡᠷᠡᠭ᠌ᠲᠡᠶ ᠭᠡᠵᠦ ᠳᠤᠷᠠᠳᠪᠠ᠃ ᠡᠭᠦᠨ᠎ᠦ ᠬᠠᠮᠲᠤ᠂ 20 ᠱᠢᠬᠠᠮ ᠵᠢᠯ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠡᠷᠬᠡ ᠰᠡᠳᠦᠪ᠎ᠢ ᠱᠢᠶ᠋ᠳᠪᠦᠷᠢᠯᠡᠬᠦ᠌᠎ᠪᠡᠷ ᠳᠡᠮᠵᠢᠨ᠂ ᠥᠪᠥᠷ ᠮᠣᠩᠭᠣᠯ ᠨᠤᠨᠲᠠᠭ ᠨᠡᠭᠦᠷᠡᠰᠦᠨ ᠦᠨᠡᠰᠦ᠎ᠶ᠋ᠢ ᠥᠨᠳᠥᠷ ᠥᠷᠲᠡᠭ᠎ᠢᠶᠡᠷ ᠠᠱᠢᠭ᠍ᠯᠠᠬᠤ ᠣᠯᠠᠨ ᠵᠤᠷᠪᠤᠰ ᠪᠣᠯᠤᠮᠵᠢᠲᠠᠶ ᠮᠡᠷᠭᠡᠵᠢᠯ᠎ᠦᠨ ᠱᠤᠭᠤᠮ ᠎ᠢ ᠨᠢᠭᠡᠨᠲᠡ ᠬᠠᠢᠨ ᠰᠦᠪᠡᠭ᠌ᠴᠢᠯᠡᠭ᠌ᠰᠡᠨ ᠪᠥᠭᠡᠳ ᠠᠩᠬ᠎ᠠ ᠠᠯᠬᠤᠮ ᠪᠦᠷᠢᠯᠳᠦᠭᠦᠯᠵᠦ᠍᠂ ᠤᠨᠳᠤᠤᠰᠢᠭᠤᠯᠤᠨ ᠠᠱᠢᠭ᠍ᠯᠠᠬᠤ ᠨᠥᠬᠥᠴᠡᠯ ᠪᠣᠯᠪᠠᠰᠤᠷᠠᠩᠭᠤᠶ ᠪᠣᠯᠤᠭ᠍ᠰᠠᠨ ᠪᠠᠢᠨ᠎ᠠ᠃ ᠡᠭᠦᠨ᠎ᠡᠴᠡ ᠭᠠᠳᠠᠨ᠎ᠠ᠂ ᠣᠷᠳᠣᠰ ᠬᠣᠲᠠ᠎ᠶ᠋ᠢᠨ ᠵᠡᠭᠦᠨᠭᠠᠷ᠎ᠤᠨ ᠨᠡᠭᠦᠷᠡᠰᠦᠨ ᠠᠭᠤᠷᠬᠠᠶ᠎ᠶ᠋ᠢᠨ ᠨᠡᠭᠦᠷᠡᠰᠦ᠂ ᠱᠢᠲᠠᠭᠠᠭ᠍ᠰᠠᠨ᠎ᠤ ᠳᠠᠷᠠᠭᠠᠬᠢ ᠨᠤᠨᠲᠠᠭ ᠨᠡᠭᠦᠷᠡᠰᠦᠨ ᠦᠨᠡᠰᠦᠨ᠎ᠳᠡᠬᠢ ᠢᠰᠦᠯᠳᠦᠭ᠌ᠰᠡᠨ ᠬᠥᠩᠭᠡᠨᠴᠠᠭᠠᠨ᠎ᠤ ᠠᠭᠤᠯᠤᠭ᠍ᠳᠠᠴᠠ ᠨᠢ ᠪᠥᠬᠥ᠌ ᠤᠯᠤᠰ᠎ᠤᠨ ᠨᠤᠨᠲᠠᠭ ᠨᠡᠭᠦᠷᠡᠰᠦᠨ ᠦᠨᠡᠰᠦᠨ᠎ᠦ ᠢᠰᠦᠯᠳᠦᠭ᠌ᠰᠡᠨ ᠬᠥᠩᠭᠡᠨᠴᠠᠭᠠᠨ᠎ᠤ ᠳᠤᠮᠳᠠᠴᠢ ᠠᠭᠤᠯᠤᠭ᠍ᠳᠠᠴᠠ᠎ᠡᠴᠡ ᠬᠣᠯᠠ ᠥᠨᠳᠥᠷ ᠪᠠᠢᠵᠤ᠂ ᠳᠠᠯᠳᠠ ᠢᠰᠦᠯᠳᠦᠭ᠌ᠰᠡᠨ ᠬᠥᠩᠭᠡᠨᠴᠠᠭᠠᠨ᠎ᠤ ᠠᠭᠤᠯᠤᠭ᠍ᠳᠠᠴᠠ ᠨᠢ ᠮᠠᠨ᠎ᠤ ᠤᠯᠤᠰ᠎ᠤᠨ ᠨᠢᠭᠡᠨᠲᠡ ᠬᠠᠢᠨ ᠳᠣᠲᠣᠯᠠᠭ᠍ᠰᠠᠨ ᠬᠥᠩᠭᠡᠨᠴᠠᠭᠠᠨ᠎ᠤ ᠱᠢᠷᠣᠶ᠎ᠶ᠋ᠢᠨ ᠠᠭᠤᠷᠬᠠᠶ᠎ᠶ᠋ᠢᠨ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ᠎ᠶ᠋ᠢᠨ 4 ᠳᠠᠬᠢᠨ ᠢᠯᠡᠭᠦᠦ ᠪᠠᠢᠨ᠎ᠠ᠃

ᠬᠠᠲᠤᠨ ᠭᠤᠤᠯ᠎ᠤᠨ ᠰᠠᠪᠠ ᠭᠠᠵᠠᠷ ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠥᠨᠳᠥᠷ ᠬᠥᠩᠭᠡᠨᠴᠠᠭᠠᠨᠳᠤ ᠨᠤᠨᠲᠠᠭ ᠨᠡᠭᠦᠷᠡᠰᠦᠨ ᠦᠨᠡᠰᠦ᠎ᠶ᠋ᠢᠨ ᠠᠵᠤ ᠦᠶ᠋ᠯᠡᠰ᠎ᠦᠨ ᠡᠷᠡᠭᠦᠯ᠎ᠢᠶᠡᠷ ᠦᠷᠭᠦᠯᠵᠢᠯᠡᠨ ᠬᠥᠭ᠌ᠵᠢᠬᠦ᠌ ᠶ᠋ᠢ ᠠᠬᠢᠭᠤᠯᠬᠤ᠎ᠶ᠋ᠢᠨ ᠲᠤᠰᠠᠳᠠ᠂ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠬᠠᠶᠠᠭ᠍ᠳᠠᠮᠠᠯ ᠪᠤᠳᠠᠰ᠎ᠢ ᠡᠷᠭᠢᠯᠳᠦᠭᠦᠯᠦᠨ ᠠᠱᠢᠭ᠍ᠯᠠᠬᠤ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠤᠭ᠍ᠰᠠᠨ ᠥᠪᠥᠷ ᠮᠣᠩᠭᠣᠯ᠎ᠤᠨ ᠥᠯᠢᠭᠡᠷ ᠳᠠᠭᠤᠷᠢᠶᠠᠯ ᠪᠣᠯᠬᠤ᠂ ᠵᠦᠷᠢᠶᠡᠴᠢᠯᠡᠭ᠌ᠰᠡᠨ ᠠᠵᠤ ᠦᠶ᠋ᠯᠡᠰ᠎ᠦᠨ ᠲᠥᠷᠥ ᠎ᠶ᠋ᠢᠨ ᠪᠣᠳᠣᠯᠭ᠎ᠠ᠎ᠶ᠋ᠢ ᠨᠡᠢᠲᠡᠯᠡᠬᠦ᠌᠂ 《ᠠᠵᠤ ᠦᠶ᠋ᠯᠡᠰ᠎ᠦᠨ ᠪᠦᠲᠦᠴᠡ ᠎ᠶ᠋ᠢ ᠲᠣᠬᠢᠷᠠᠭᠤᠯᠬᠤ ᠵᠢᠯᠣᠭᠣᠳᠭᠤ ᠭᠠᠷᠴᠠᠭ》 ᠎ᠲᠤ᠌ ᠵᠠᠰᠠᠪᠤᠷᠢ ᠣᠷᠣᠭᠤᠯᠬᠤ᠂ ᠡᠬᠢ ᠪᠠᠶᠠᠯᠢᠭ᠎ᠢ ᠬᠠᠮᠠᠭᠠᠯᠠᠬᠤ ᠪᠠ ᠶᠡᠷᠦᠩᠬᠡᠢᠯᠡᠨ ᠠᠱᠢᠭ᠍ᠯᠠᠬᠤ᠎ᠶ᠋ᠢ ᠴᠢᠩᠭᠠᠳᠭᠠᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ᠌ ᠪᠠ ᠦᠷ᠎ᠡ ᠪᠦᠲᠦᠭᠡᠯ᠎ᠢ ᠤᠨᠳᠤᠤᠰᠢᠭᠤᠯᠬᠤ᠎ᠶ᠋ᠢ ᠦᠷᠭᠦᠯᠵᠢᠯᠡᠨ ᠴᠢᠩᠭᠠᠳᠭᠠᠬᠤ ᠵᠡᠷᠭᠡ ᠲᠠᠯ᠎ᠠ᠎ᠪᠠᠷ 《ᠶᠡᠬᠡ ᠬᠡᠮᠵᠢᠶᠡᠨ᠎ᠤ ᠬᠠᠲᠠᠭᠤ ᠪᠡᠶᠡᠲᠦ ᠬᠠᠶᠠᠭ᠍ᠳᠠᠮᠠᠯ ᠪᠣᠳᠠᠰ᠎ᠢ ᠶᠡᠷᠦᠩᠬᠡᠢᠯᠡᠨ ᠠᠱᠢᠭ᠍ᠯᠠᠬᠤ᠎ᠶ᠋ᠢ ᠠᠬᠢᠭᠤᠯᠵᠤ ᠦᠨᠳᠦᠷ ᠬᠥᠩᠭᠡᠨᠴᠠᠭᠠᠨᠳᠤ ᠨᠤᠨᠲᠠᠭ ᠨᠡᠭᠦᠷᠡᠰᠦᠨ᠎ᠦᠨᠡᠰᠦ᠎ᠶ᠋ᠢᠨ ᠡᠷᠭᠢᠯᠲᠡᠲᠦ ᠠᠵᠤ ᠠᠬᠤᠶ᠎ᠶ᠋ᠢᠨ ᠠᠵᠤ ᠦᠶ᠋ᠯᠡᠰ ᠎ᠢ ᠲᠦᠷᠭᠡᠨ ᠬᠥᠭ᠌ᠵᠢᠭᠦᠯᠬᠦ᠌》 ᠎ᠳ᠋ᠤ ᠪᠣᠳᠠᠲᠠᠶ ᠰᠠᠨᠠᠭᠤᠯᠭ᠎ᠠ ᠳᠤᠷᠠᠳᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号