ᠬᠦᠴᠢᠷ ᠢ᠋ ᠰᠦᠷᠦᠨ ᠡᠷᠡᠮᠡᠬᠡᠢᠯᠡᠨ ᠤᠷᠤᠭᠰᠢᠯᠠᠵᠤ ᠳᠤᠮᠳᠠᠳᠤ ᠤᠯᠤᠰ ᠤ᠋ᠨ ᠮᠠᠶᠢᠭ ᠤ᠋ᠨ ᠤᠳᠤᠬᠢᠴᠢᠯᠠᠯᠲᠠ ᠪᠡᠷ ᠬᠦᠴᠦᠷᠬᠡᠭ ᠤᠯᠤᠰ ᠤ᠋ᠨ ᠪᠦᠲᠦᠭᠡᠨ ᠪᠠᠢᠭᠤᠯᠤᠯᠳᠠ ᠦᠨᠳᠤᠰᠤᠳᠡᠨ ᠤ᠋ ᠰᠡᠷᠬᠦᠨ ᠮᠠᠨᠳᠤᠯᠳᠠ ᠵᠢᠨ ᠠᠭᠤᠤ ᠦᠢᠯᠡᠰ ᠢ᠋ ᠪᠦᠬᠦ ᠲᠠᠯ᠎ᠠ ᠪᠡᠷ ᠠᠬᠢᠭᠤᠯᠬᠤ ᠵᠢᠨ ᠲᠦᠯᠦᠭᠡ ᠴᠦᠬᠦᠷᠡᠰᠢ ᠦᠭᠡᠢ ᠲᠡᠮᠡᠴᠡᠨ᠎ᠠ
2025-03-06 11:21:21
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠵᠠᠰᠠᠭ ᠤ᠋ᠨ  ᠣᠷᠳᠣᠨ  ᠤ᠋   ᠠᠵᠢᠯ  ᠤ᠋ᠨ  ᠢᠯᠡᠳᠭᠡᠯ  ᠢ᠋   ᠵᠢᠷᠤᠭ  ᠵᠢᠡᠷ  ᠲᠠᠢᠯᠬᠤᠢ


2024 ᠣᠨ ᠤ᠋ ᠵᠠᠰᠠᠭ ᠤ᠋ᠨ ᠣᠷᠳᠣᠨ ᠤ᠋ ᠠᠵᠢᠯ ᠤ᠋ᠨ ᠡᠷᠭᠢᠴᠡᠭᠦᠯᠦᠯ

ᠨᠢᠭᠡ   ᠵᠢᠯ   ᠤ᠋ᠨ  ᠲᠤᠷᠰᠢ᠂ ᠭᠠᠳᠠᠭᠠᠳᠤ ᠳᠠᠷᠤᠯᠲᠠ ᠶᠡᠬᠡᠰᠴᠦ᠍ ᠳᠣᠲᠣᠭᠠᠳᠤ ᠵᠢᠨ ᠬᠦᠴᠢᠷᠳᠡᠯ ᠨᠡᠮᠡᠭ᠌ᠳᠡᠭ᠌ᠰᠡᠨ ᠲᠥᠪᠡᠭ ᠪᠤᠳᠤᠯᠢᠶᠠᠨᠲᠠᠢ ᠬᠦᠨᠳᠦ ᠬᠡᠴᠡᠭᠦᠦ ᠪᠠᠢᠳᠠᠯ ᠤ᠋ᠨ ᠡᠮᠦᠨ᠎ᠡ ᠂ ᠰᠢ  ᠵᠢᠨ  ᠫᠢᠩ   ᠨᠥᠬᠦᠷ ᠵᠢᠡᠷ ᠭᠤᠤᠯ   ᠪᠤᠯᠭᠠᠬᠰᠠᠨ ᠨᠠᠮ ᠤ᠋ᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠤᠯᠤᠰ ᠤ᠋ᠨ ᠦᠨᠳᠦᠰᠦᠲᠡᠨ ᠨᠤᠭᠦᠳ ᠤ᠋ᠨ ᠠᠷᠠᠳ ᠲᠦᠮᠡᠨ ᠬᠠᠳᠠᠭᠤᠵᠢᠨ ᠲᠡᠮᠡᠴᠡᠵᠤ᠂ ᠬᠦᠴᠢᠷ ᠢ᠋ ᠲᠤᠭᠤᠯᠤᠨ ᠪᠡᠷᠬᠡ ᠶ᠋ᠢ ᠳᠠᠪᠠᠵᠤ᠂ ᠠᠵᠤ ᠠᠬᠤᠶ ᠵᠢᠨ ᠡᠷᠬᠢᠯᠳᠡ ᠶᠡᠷᠦᠩᠬᠡᠶ ᠳ᠋ᠡᠭᠡᠨ ᠲᠣᠭ᠍ᠲᠠᠭᠤᠨ ᠪᠠᠢᠵᠤ᠂ ᠲᠣᠭ᠍ᠲᠠᠭᠤᠨ ᠤ᠋ ᠳᠤᠮᠳᠠ ᠠᠬᠢᠯᠳᠠ ᠲᠠᠢ ᠪᠤᠯᠵᠤ᠂ ᠪᠦᠬᠦ᠌ ᠵᠢᠯ ᠤ᠋ᠨ ᠠᠵᠤ ᠠᠬᠤᠶ ᠨᠡᠢᠭᠡᠮ ᠤ᠋ᠨ ᠬᠥᠭ᠌ᠵᠢᠯᠲᠡ ᠵᠢᠨ ᠭᠤᠤᠯ  ᠬᠠᠷᠠᠯᠲᠠ ᠡᠭᠦᠷᠭᠡ ᠶ᠋ᠢ ᠤᠷᠤᠭ᠍ᠰᠢᠲᠠᠶ ᠪᠡᠶᠡᠯᠡᠬᠦᠯᠦᠨ᠂ ᠴᠢᠨᠠᠷ  ᠰᠠᠢᠲᠠᠶ   ᠬᠥᠭ᠌ᠵᠢᠯᠲᠡ ᠶ᠋ᠢ ᠯᠠᠪᠳᠠᠭᠤᠨ ᠪᠠᠲᠤᠲᠠᠶ ᠠᠬᠢᠭᠤᠯᠵᠤ᠂ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠯᠠᠪᠳᠠᠭᠤᠨ ᠬᠥᠭ᠌ᠵᠢᠬᠦᠯᠵᠦ᠍᠂ ᠮᠠᠨ ᠤ᠋ ᠤᠯᠤᠰ ᠤ᠋ᠨ ᠠᠵᠤ ᠠᠬᠤᠶ ᠵᠢᠨ ᠪᠣᠳᠠᠲᠤ ᠬᠦᠴᠦᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠪᠣᠳᠠᠲᠤ ᠬᠦᠴᠦᠨ᠂ ᠤᠯᠤᠰ ᠤ᠋ᠨ ᠶᠡᠷᠦᠩᠬᠡᠶ ᠬᠦᠴᠦᠨ ᠦᠷᠭᠦᠯᠵᠢᠯᠡᠨ ᠴᠢᠩᠭᠠᠷᠠᠵᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠯᠠᠪᠳᠠᠭᠤᠨ  ᠪᠠᠳᠤ  ᠱᠢᠨ᠎ᠠ ᠠᠯᠬᠤᠮ ᠢ᠋  ᠠᠯᠬᠤᠵᠤ᠂  ᠪᠢᠳᠡᠨ ᠤ᠋ ᠱᠢᠨ᠎ᠡ ᠴᠠᠭ   ᠦᠶ᠎ᠡ  ᠱᠢᠨ᠎ᠡ    ᠠᠶᠠᠨ  ᠵᠠᠮ ᠳ᠋ᠤ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠢ᠋ ᠪᠦᠬᠦ᠌ ᠲᠠᠯ᠎ᠠ ᠪᠡᠷ ᠪᠦᠲᠦᠭᠡᠨ ᠪᠠᠢᠭᠤᠯᠬᠤ ᠡᠷᠡᠰ ᠵᠤᠷᠢᠭ ᠪᠠ ᠢᠲᠡᠭᠡᠯ ᠵᠣᠷᠢᠭ ᠢ᠋ ᠨᠡᠩ ᠢᠯᠡᠬᠦᠦ ᠪᠠᠲᠤᠳᠭᠠᠪᠠ᠃

《 ᠲᠣᠭ᠍ᠲᠠᠭᠤᠨ 》 ᠪᠠᠢᠳᠠᠯ ᠪᠠᠬᠢᠵᠢᠨ ᠦᠷᠭᠦᠯᠵᠢᠯᠡᠪᠡ

 ᠤᠯᠤᠰ ᠤ᠋ᠨ ᠳᠣᠲᠣᠭᠠᠳᠤ ᠵᠢᠨ ᠦᠢᠯᠡᠳᠪᠦᠷᠢᠯᠡᠯ ᠤ᠋ᠨ ᠶᠡᠷᠦᠩᠬᠡᠢ ᠥᠷᠲᠡᠭ 134.9  ᠲᠦᠮᠡᠨ ᠳ᠋ᠦᠩᠱᠢᠭᠤᠷ ᠲᠥᠭᠦᠷᠢᠭ ᠲᠤ᠌ ᠬᠦᠷᠴᠦ᠍᠂ 5% ᠪᠡᠷ ᠨᠡᠮᠡᠭ᠌ᠳᠡᠨ᠂ ᠳᠡᠯᠡᠬᠡᠢ ᠵᠢᠨ ᠠᠵᠤ ᠠᠬᠤᠶ ᠵᠢᠨ ᠨᠡᠮᠡᠭ᠌ᠳᠡᠯ ᠳ᠋ᠤ ᠦᠵᠡᠭᠦᠯᠬᠦ᠌ ᠬᠤᠪᠢ ᠨᠡᠮᠡᠷᠢ ᠵᠢᠨ ᠨᠤᠷᠮ᠎ᠠ ᠶ᠋ᠢ 30% ᠣᠷᠴᠢᠮ ᠳ᠋ᠤ ᠪᠠᠳᠤᠯᠠᠪᠠ᠃ ᠬᠤᠲᠠ ᠪᠠᠯᠭᠠᠰᠤᠨ ᠳ᠋ᠤ ᠠᠵᠢᠯ ᠤᠯᠤᠭ᠍ᠰᠠᠨ ᠬᠦᠮᠦᠨ ᠱᠢᠨ᠎ᠡ ᠪᠡᠷ  1256 ᠲᠦᠮᠨ ᠨᠡᠮᠡᠭ᠌ᠳᠡᠵᠤ᠂ ᠬᠤᠲᠠ ᠪᠠᠯᠭᠠᠰᠤᠨ ᠤ᠋ ᠪᠠᠢᠴᠠᠭᠠᠭ᠍ᠰᠠᠨ ᠠᠵᠢᠯ ᠠᠯᠳᠠᠯᠲᠠ ᠵᠢᠨ ᠨᠣᠷᠮ᠎ᠠ ᠳᠤᠮᠳᠠᠴᠢ ᠪᠡᠷ 5.1% ᠪᠣᠯᠵᠤ᠂ ᠰᠠᠭᠤᠭᠠᠯᠢ ᠠᠷᠠᠳ ᠤ᠋ᠨ ᠬᠡᠷᠡᠭ᠌ᠯᠡᠭᠡ ᠵᠢᠨ ᠦᠨ᠎ᠡ 0.2% ᠵᠢᠡᠷ ᠥᠰᠪᠡ᠃ ᠭᠠᠳᠠᠭᠠᠳᠤ ᠭᠤᠪᠢᠭᠤᠯᠭ᠎ᠠ ᠵᠢᠨ ᠨᠥᠭᠡᠴᠡ 3.2 ᠲᠦᠮᠡᠨ ᠳ᠋ᠦᠩᠱᠢᠭᠤᠷ ᠳ᠋ᠣᠯᠯᠠᠷ ᠢ᠋ ᠳᠠᠪᠠᠪᠠ᠃ ᠰᠠᠭᠤᠭᠠᠯᠢ ᠠᠷᠠᠳ ᠤ᠋ᠨ ᠬᠥᠮᠦᠨ ᠳᠤᠮᠳᠠᠴᠢ ᠵᠢᠨ ᠡᠵᠡᠮᠳᠡᠵᠦ᠍ ᠪᠣᠯᠬᠤ ᠣᠷᠣᠯᠭ᠎ᠠ 5.1% ᠪᠡᠷ ᠪᠣᠳᠠᠲᠠᠶ ᠨᠡᠮᠡᠭ᠌ᠳᠡᠪᠡ᠃

《 ᠤᠷᠤᠭ᠍ᠰᠢᠯᠠᠬᠤ 》 ᠠᠯᠬᠤᠭ᠎ᠠ ᠢᠳᠡᠷᠭᠡᠭ ᠪᠠᠳᠤ ᠪᠠᠢᠨ᠎ᠠ

ᠠᠮᠤ ᠪᠤᠳᠠᠭᠠᠨ ᠤ᠋ ᠤᠨᠠᠯᠲᠠ ᠠᠩᠬ᠎ᠠ ᠤᠳᠠᠭ᠎ᠠ 1.4 ᠲᠦᠮᠡᠨ ᠳ᠋ᠦᠩᠱᠢᠭᠤᠷ ᠵᠢᠩ ᠤ᠋ᠨ ᠱᠢᠨ᠎ᠡ ᠳᠡᠭ᠌ᠲᠡᠷ ᠲᠤ᠌ ᠭᠠᠷᠴᠤ᠌᠂ ᠳᠡᠭᠡᠳᠦ ᠮᠡᠷᠭᠡᠵᠢᠯ ᠤ᠋ᠨ ᠦᠢᠯᠡᠳᠬᠦ᠌ ᠦᠢᠯᠡᠰ᠂ ᠲᠣᠨᠣᠭ᠍ᠯᠠᠯ ᠦᠢᠯᠡᠳᠬᠦ᠌ ᠦᠢᠯᠡᠰ ᠤ᠋ᠨ ᠨᠡᠮᠡᠭ᠌ᠳᠡᠯ ᠥᠷᠲᠡᠭ ᠲᠣᠰ ᠲᠣᠰ 8.9%  ᠪᠠ  7.7% ᠪᠡᠷ ᠨᠡᠮᠡᠭ᠌ᠳᠡᠵᠦ᠍᠂ ᠱᠢᠨ᠎ᠡ ᠡᠨᠧᠷᠭᠢ ᠵᠢᠨ ᠮᠠᠱᠢᠨ ᠲᠡᠷᠭᠡᠨ ᠤ᠋ ᠵᠢᠯ ᠤ᠋ᠨ ᠦᠢᠯᠡᠳᠪᠤᠷᠢᠯᠡᠯ ᠤ᠋ᠨ ᠬᠡᠮᠵᠢᠶ᠎ᠠ 1300 ᠲᠦᠮᠡ ᠶ᠋ᠢ ᠳᠠᠪᠠᠪᠠ᠃ ᠮᠡᠳᠡᠭᠡ ᠵᠠᠩᠭᠢ ᠳᠠᠮᠵᠢᠭᠤᠯᠬᠤ ᠵᠥᠭᠡᠯᠡᠨ ᠲᠣᠨᠤᠭ ᠪᠠ ᠮᠡᠳᠡᠭᠡ ᠵᠠᠩᠭᠢ ᠵᠢᠨ ᠮᠡᠷᠭᠡᠵᠢᠯ ᠤ᠋ᠨ ᠦᠢᠯᠡᠴᠢᠯᠡᠭᠡᠨ ᠤ᠋ ᠦᠢᠯᠡᠰ᠂ ᠲᠦᠷᠢᠶᠡᠰᠦᠯᠡᠯ ᠪᠠ ᠬᠤᠳᠠᠯᠳᠤᠭᠠᠨ ᠤ᠋ ᠶᠠᠪᠤᠳᠠᠯ ᠤ᠋ᠨ ᠦᠢᠯᠡᠴᠢᠯᠡᠭᠡᠨ ᠤ᠋ ᠦᠢᠯᠡᠰ ᠤ᠋ᠨ ᠨᠡᠮᠡᠭ᠌ᠳᠡᠯ ᠥᠷᠲᠡᠭ ᠲᠣᠰ ᠲᠣᠰ 10.9% ᠪᠠ 10.4% ᠪᠡᠷ ᠨᠡᠮᠡᠭ᠌ᠳᠡᠪᠡ᠃ ᠱᠢᠨ᠎ᠡ ᠶ᠋ᠢ ᠡᠭᠦᠳᠬᠦ᠌ ᠴᠢᠳᠠᠪᠤᠷᠢ ᠱᠢᠨ᠎ᠡ ᠳᠡᠭᠡᠭ᠌ᠰᠢᠯᠡᠯᠲᠡ ᠲᠠᠢ ᠪᠣᠯᠵᠤ ᠂ ᠬᠤᠷᠠᠮᠠᠯ ᠴᠠᠬᠢᠯᠭᠠᠨ ᠬᠡᠯᠬᠢᠶ᠎ᠡ ᠂ ᠵᠤᠬᠢᠶᠠᠮᠠᠯ ᠤᠶᠤᠯᠢᠭ᠂ ᠺᠸᠠᠨ᠋ᠲ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠡᠷᠭᠡ ᠬᠦᠷᠢᠶᠡᠨ ᠳ᠋ᠤ ᠱᠢᠨ᠎ᠡ ᠦᠷ᠎ᠡ ᠪᠦᠲᠦᠭᠡᠯ ᠣᠯᠪᠠ ᠃《ᠴᠠᠩ ᠧ ᠵᠢᠷᠭᠤᠳᠤᠭᠠᠷ》 ᠬᠥᠮᠦᠨ ᠲᠥᠷᠥᠯᠬᠢᠲᠡᠨ ᠤ᠋ ᠠᠩᠬ᠎ᠠ ᠤᠳᠠᠭ᠎ᠠ ᠰᠠᠷᠠᠨ ᠪᠥᠮᠪᠥᠷᠴᠡᠭ ᠤ᠋ᠨ ᠠᠷᠤ ᠲᠠᠯ᠎ᠠ ᠡᠴᠡ ᠦᠯᠢᠭᠡᠷ ᠠᠪᠴᠤ᠌ ᠪᠤᠴᠠᠵᠤ ᠢᠷᠡᠬᠦ᠌ ᠶ᠋ᠢ ᠪᠡᠶᠡᠯᠡᠭᠦᠯᠦᠨ᠂《ᠬᠦᠰᠡᠯ ᠡᠷᠡᠮᠡᠯᠵᠡᠯ》ᠨᠡᠷᠡᠮᠵᠢᠲᠦ ᠶᠡᠭᠡ ᠲᠠᠯᠠᠢ ᠳ᠋ᠤ ᠥᠷᠥᠮᠳᠡᠨ ᠬᠠᠢᠬᠤ ᠣᠩᠭᠤᠴᠠ ᠶ᠋ᠢ ᠪᠠᠢᠭᠤᠯᠤᠨ ᠪᠦᠳᠦᠬᠡᠬᠡᠳ ᠵᠢᠭ᠍ᠰᠠᠭᠠᠯ ᠳ᠋ᠤ ᠣᠷᠣᠭᠤᠯᠪᠠ᠃ ᠮᠡᠷᠭᠡᠵᠢᠯ ᠤ᠋ᠨ ᠭᠡᠷ᠎ᠡ ᠵᠢᠨ ᠠᠷᠠᠯᠵᠢᠶ᠎ᠠ ᠲᠤᠬᠢᠷᠠᠭ᠍ᠰᠠᠨ ᠲᠤᠭ᠎ᠠ 11.2% ᠵᠢᠡᠷ ᠨᠡᠮᠡᠭ᠌ᠳᠡᠪᠡ᠃ ᠲᠤᠰᠭᠠᠶ ᠣᠷᠣᠨ ᠤ᠋ ᠲᠠᠰ ᠵᠢᠴᠢ ᠲᠡᠭᠦᠨ ᠡᠴᠡ ᠳᠡᠭᠡᠭ᠌ᠰᠢᠬᠢ ᠬᠤᠲᠠ ᠵᠢᠨ ᠵᠢᠵᠢᠭ ᠮᠥᠬᠦᠯᠢᠭ᠌ᠲᠦ ᠪᠣᠳᠠᠰ(PM2.5)ᠤ᠋ᠨ ᠳᠤᠮᠳᠠᠴᠢ ᠥᠳᠭᠡᠴᠡ 2.7% ᠪᠡᠷ ᠪᠠᠭᠤᠷᠠᠵᠤ᠂ ᠴᠠᠪᠡᠷ ᠠᠭᠠᠷᠳᠤ ᠡᠳᠦᠷ ᠤ᠋ᠨ ᠲᠤᠭ᠎ᠠ ᠵᠢᠨ ᠬᠠᠷᠢᠴᠠᠯ 87.2% ᠪᠣᠯᠤᠨ ᠳᠡᠭᠡᠭ᠌ᠰᠢᠯᠡᠪᠡ᠃ ᠭᠠᠵᠠᠷ ᠤ᠋ᠨ ᠭᠠᠳᠠᠷᠭᠤ ᠵᠢᠨ ᠤᠰᠤᠨ ᠤ᠋ ᠴᠢᠨᠡᠷ ᠤ᠋ᠨ ᠱᠢᠯᠢᠳᠡᠭ ᠰᠠᠢᠨ ᠤᠰᠤᠨ ᠣᠭ᠍ᠲᠣᠯᠤᠭᠠᠰᠤ ᠵᠢᠨ ᠬᠠᠷᠢᠴᠠᠯ ᠢ᠋ 90.4% ᠪᠣᠯᠲᠠᠯ᠎ᠠ ᠳᠡᠭᠡᠭ᠌ᠰᠢᠯᠡᠭᠦᠯᠪᠠ᠃ ᠨᠢᠭᠡᠴᠢ ᠤᠯᠤᠰ ᠤ᠋ᠨ ᠳᠣᠲᠣᠭᠠᠳᠤ ᠵᠢᠨ ᠦᠢᠯᠡᠳᠪᠦᠷᠢᠯᠡᠯ ᠤ᠋ᠨ ᠶᠡᠷᠤᠩᠬᠡᠢ ᠦᠷᠲᠡᠭ ᠤ᠋ᠨ ᠡᠨᠧᠷᠭᠢ ᠵᠢᠨ ᠬᠤᠷᠣᠭ᠍ᠳᠠᠭᠤᠯᠤᠯ ᠤ᠋ᠨ ᠪᠠᠭᠤᠷᠠᠯᠲᠠ ᠵᠢᠨ ᠬᠡᠮᠵᠢᠶ᠎ᠡ 3% ᠶ᠋ᠢ ᠲᠠᠪᠠᠪᠠ᠃ ᠳᠠᠬᠢᠯᠳᠠ ᠡᠨᠧᠷᠭᠢ ᠵᠢᠨ ᠱᠢᠨ᠎ᠠ ᠪᠡᠷ ᠨᠡᠮᠡᠭ᠌ᠳᠡᠭ᠌ᠰᠡᠨ ᠮᠠᠱᠢᠨ ᠴᠤᠭ᠍ᠴᠠᠯᠡᠪᠤᠷᠢ ᠵᠢᠨ ᠬᠡᠪᠴᠢᠶ᠎ᠠ 3.7 ᠳ᠋ᠦᠩᠱᠢᠭᠤᠷ ᠺᠢᠯᠣᠸᠠᠲ ᠲᠤ᠌ ᠬᠦᠷᠪᠡ᠃ ᠦᠢᠯᠡᠳᠬᠦ᠌ ᠦᠢᠯᠡᠰ ᠤ᠋ᠨ ᠬᠦᠷᠢᠶᠡᠨ ᠳ᠋ᠠᠬᠢ ᠭᠠᠳᠠᠭᠠᠳᠤ ᠪᠡᠯᠡ ᠵᠢᠨ ᠵᠠᠬ᠎ᠠ ᠳᠡᠯᠬᠡᠬᠦᠷ ᠲᠤ᠌ ᠣᠷᠣᠬᠤ ᠵᠥᠪᠱᠢᠶᠡᠷᠡᠯ ᠤ᠋ᠨ ᠬᠢᠵᠠᠭᠠᠷᠯᠠᠬᠤ ᠠᠷᠭ᠎ᠠ ᠬᠡᠮᠵᠢᠶ᠎ᠡ ᠶ᠋ᠢ ᠪᠦᠬᠦᠨ ᠢ᠋ ᠬᠦᠴᠦᠨ ᠦᠭᠡᠢ ᠪᠤᠯᠭᠠᠪᠠ ᠃

ᠨᠢᠭᠡ ᠵᠢᠯ ᠤ᠋ᠨ ᠲᠤᠷᠰᠢ᠂ ᠪᠢᠳᠡ ᠰᠢ ᠵᠢᠨ ᠫᠢᠩ ᠤ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠰᠢ ᠵᠢᠨ ᠫᠢᠩ ᠨᠥᠬᠦᠷ ᠵᠢᠡᠷ ᠭᠤᠤᠯ ᠪᠤᠯᠭᠠᠭᠰᠠᠨ ᠨᠠᠮ ᠤ᠋ᠨ ᠲᠥᠪ ᠬᠣᠷᠢᠶ᠎ᠠ ᠵᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶ᠋ᠢ ᠡᠷᠡᠰ ᠬᠠᠮᠠᠭᠠᠯᠠᠵᠤ ᠂ ᠨᠠᠮ ᠤ᠋ᠨ ᠤᠳᠤᠷᠢᠳᠤᠯᠭ᠎ᠠ ᠶ᠋ᠢ ᠵᠠᠰᠠᠭ ᠤ᠋ᠨ ᠣᠷᠳᠣᠨ ᠤ᠋ ᠠᠵᠢᠯ ᠤ᠋ᠨ ᠡᠯ᠎ᠡ ᠲᠠᠯ᠎ᠠ ᠪᠦᠬᠦ᠌ ᠶᠠᠪᠤᠴᠠ ᠳ᠋ᠤ ᠲᠤᠭᠤᠱᠢᠯᠠᠭᠤᠯᠤᠨ᠂ ᠨᠠᠮ ᠤ᠋ᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ᠋ ᠲᠥᠪ ᠬᠣᠷᠢᠶ᠎ᠠ ᠵᠢᠨ ᠬᠤᠶᠠᠳᠤᠭᠠᠷ ᠂ ᠭᠤᠷᠪᠠᠳᠤᠭᠠᠷ ᠪᠥᠬᠦᠳᠡ ᠬᠤᠷᠠᠯ ᠤ᠋ᠨ ᠵᠣᠷᠢᠭ ᠰᠠᠨᠠᠭ᠎ᠠ ᠶ᠋ᠢ ᠪᠦᠬᠦ᠌ ᠲᠠᠯ᠎ᠠ ᠪᠡᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ ᠤ᠋ᠨ ᠲᠥᠪ ᠬᠣᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠶᠣᠰᠣᠭᠠᠷ ᠭᠤᠤᠯᠳᠠᠭᠤ ᠳᠣᠤᠷᠠᠬᠢ ᠠᠵᠢᠯ ᠤ᠋ᠳ ᠢ᠋ ᠬᠢᠪᠡ᠃


ᠨᠢᠭᠡ ᠳ᠋ᠤ᠂ ᠴᠠᠭ ᠪᠤᠯᠤᠨ ᠪᠠᠢᠳᠠᠯ ᠎ᠢ ᠠᠶᠠᠲᠠᠨ  ᠬᠤᠷᠸ᠎ᠠ ᠲᠤᠬᠢᠷᠠᠭᠤᠯᠤᠯ ᠡᠵᠡᠮᠳᠡᠯ ᠢ᠋ ᠴᠢᠩᠭᠠᠳᠭᠠᠬᠤ ᠪᠠ ᠡᠨᠡ ᠲᠠᠯ᠎ᠠ ᠪᠡᠷ ᠱᠢᠨ᠎ᠡ ᠶ᠋ᠢ ᠡᠭᠦᠳᠴᠦ᠍᠂ ᠠᠵᠤ ᠠᠬᠤᠶ ᠵᠢᠨ ᠰᠡᠷᠬᠦᠵᠤ ᠰᠠᠢᠵᠢᠷᠠᠬᠤ ᠶ᠋ᠢ ᠠᠬᠢᠭᠤᠯᠪᠠ

ᠦᠶᠡᠯᠡᠯ ᠦᠭ᠌ᠰᠦᠬᠦᠯᠦᠨ ᠲᠣᠬᠢᠷᠠᠭᠤᠯᠤᠯᠲᠠ ᠬᠢᠬᠦ ᠪᠡᠨ ᠴᠢᠩᠭᠠᠳᠭᠠᠨ᠂ ᠳᠣᠪᠤᠢᠮ᠎ᠠ ᠠᠰᠠᠭᠤᠳᠠᠯ ᠤ᠋ᠳ ᠲᠤ᠌ ᠠᠩᠬᠠᠷᠤᠯ ᠵᠢᠡᠨ ᠲᠦᠪᠯᠡᠷᠡᠬᠦᠯᠦᠨ ᠬᠠᠨᠳᠤᠯᠭᠠᠲᠤ ᠴᠢᠨᠠᠷᠲᠠᠶ ᠪᠡᠷ ᠠᠷᠭ᠎ᠠ ᠪᠣᠳᠣᠯᠭ᠎ᠠ ᠬᠡᠷᠡᠭ᠌ᠵᠢᠭᠦᠯᠵᠤ᠂ ᠬᠠᠳᠠᠭᠠᠯᠠᠯᠲᠠ ᠪᠣᠯᠤᠨ ᠨᠡᠮᠡᠭ᠌ᠳᠡᠯ ᠲᠥᠷᠥ ᠵᠢᠨ ᠪᠣᠳᠣᠯᠭ᠎ᠠ ᠶ᠋ᠢ ᠨᠠᠢᠳᠠᠪᠤᠷᠢᠵᠢᠭᠤᠯᠬᠤ ᠶ᠋ᠢ ᠴᠢᠩᠭ᠎ᠠ ᠠᠳᠭᠤᠨ᠂ ᠬᠡᠷᠡᠭ᠌ᠴᠡᠭᠡ ᠵᠢᠨ ᠨᠡᠯᠢᠶᠡᠳ ᠲᠦᠷᠭᠡᠨ ᠡᠷᠬᠢᠵᠦ᠍ ᠰᠠᠢᠵᠢᠷᠠᠬᠤ ᠶ᠋ᠢ ᠠᠬᠢᠭᠤᠯᠵᠤ᠂ ᠦᠢᠯᠡᠳᠪᠦᠷᠢᠯᠡᠯ ᠤ᠋ᠨ ᠨᠡᠮᠡᠭ᠌ᠳᠡᠯ ᠲᠦᠷᠭᠡᠳᠤᠨ᠂ ᠵᠠᠬ᠎ᠠ ᠳᠡᠯᠭᠡᠭᠦᠷ ᠤ᠋ᠨ ᠵᠢᠱ᠌ᠢᠯᠲᠡ ᠢᠯᠡᠳᠲᠡ ᠰᠠᠢᠵᠢᠷᠠᠵᠤ᠂ ᠪᠦᠬᠦ᠌ ᠵᠢᠯ ᠤ᠋ᠨ ᠠᠵᠤ ᠠᠬᠤᠶ ᠵᠢᠨ ᠡᠷᠬᠢᠯᠳᠡ ᠳ᠋ᠤ ᠡᠮᠦᠨᠡᠬᠢ ᠬᠤᠭᠤᠴᠠᠭᠠᠨ ᠳ᠋ᠤ ᠰᠠᠢᠨ᠂ ᠳᠤᠮᠳᠠ ᠬᠤᠭᠤᠴᠠᠭᠠᠨ ᠳ᠋ᠤ ᠠᠨᠠᠢ᠂ ᠰᠡᠭᠦᠯ ᠤ᠋ᠨ ᠬᠤᠭᠤᠴᠠᠭᠠᠨ ᠳ᠋ᠤ ᠰᠡᠷᠬᠦᠭ᠌ᠰᠡᠨ ᠪᠠᠢᠳᠠᠯ ᠢᠯᠡᠷᠡᠪᠡ᠃ ᠡᠳ᠋ ᠤ᠋ᠨ ᠵᠠᠰᠠᠭ ᠵᠣᠭᠤᠰᠣᠨ ᠤ᠋ ᠲᠥᠷᠥ ᠵᠢᠨ ᠪᠣᠳᠣᠯᠭ᠎ᠠ ᠶ᠋ᠢ ᠬᠦᠴᠦᠲᠡᠶ ᠬᠡᠷᠡᠭ᠌ᠵᠢᠭᠦᠯᠵᠦ᠍᠂ ᠵᠠᠷᠤᠯᠭ᠎ᠠ ᠵᠢᠨ ᠬᠡᠪᠴᠢᠶ᠎ᠡ ᠶ᠋ᠢ ᠥᠷᠭᠡᠳᠭᠡᠨ᠂ ᠭᠤᠤᠯᠳᠠᠯᠭ᠎ᠠ ᠲᠠᠢ ᠬᠦᠷᠢᠶᠡᠨ ᠤ᠋ ᠡᠳ᠋ ᠤ᠋ᠨ ᠬᠦᠴᠦᠨ ᠤ᠋ ᠪᠠᠲᠤᠯᠠᠭ᠎ᠠ ᠶ᠋ᠢ ᠴᠢᠩᠭᠠᠳᠭᠠᠵᠤ᠂ ᠬᠠᠳᠠᠭᠠᠯᠠᠮᠵᠢ ᠵᠢᠨ ᠪᠡᠯᠡᠳᠭᠡᠯ ᠮᠥᠩᠭᠦ ᠵᠢᠨ ᠨᠤᠷᠮ᠎ᠠ ᠪᠠ ᠲᠦᠷᠦ᠍ ᠵᠢᠨ ᠪᠤᠳᠤᠯᠭ᠎ᠠ ᠵᠢᠨ ᠴᠢᠨᠠᠷᠳᠠᠢ ᠬᠦᠤ ᠮᠦᠡᠭ᠌ᠬᠦ ᠵᠢᠨ ᠨᠤᠷᠮ᠎ᠠ ᠶ᠋ᠢ ᠬᠤᠶᠠᠷ ᠤᠳᠠᠭ᠎ᠠ ᠪᠠᠭᠤᠷᠠᠭᠤᠯᠵᠤ᠂ ᠨᠡᠢᠭᠡᠮ ᠤ᠋ᠨ ᠪᠡᠯᠡ ᠬᠤᠷᠠᠮᠳᠤᠭᠤᠯᠭ᠎ᠠ ᠵᠢᠨ ᠥᠪᠡᠷ ᠤ᠋ᠨ ᠦᠷᠲᠡᠭ ᠢ᠋ ᠤᠯᠠᠮ ᠨᠢᠭᠡ ᠠᠯᠬᠤᠮ ᠪᠠᠭᠤᠷᠠᠭᠤᠯᠪᠠ ᠃ ᠪᠦᠲᠦᠮᠵᠢᠲᠡᠶ ᠬᠡᠷᠡᠭ᠌ᠴᠡᠭᠡ ᠶ᠋ᠢ ᠥᠷᠭᠡᠳᠭᠡᠬᠦ᠌ ᠲᠣᠭᠤᠷᠢᠨ ᠳ᠋ᠤ《ᠨᠢᠭᠡ ᠴᠢᠬᠤᠯᠠ ᠨᠢᠬᠡ ᠭᠤᠤᠯᠳᠠᠯᠭ᠎ᠠ》 ᠵᠢᠨ ᠪᠠᠢᠭᠤᠯᠤᠯᠲᠠ ᠶ᠋ᠢ ᠯᠠᠪᠳᠠᠭᠤᠨ ᠪᠠᠲᠤᠲᠠᠶ ᠠᠬᠢᠭᠤᠯᠵᠤ᠂ 《ᠱᠢᠨᠡᠳᠭᠡᠬᠦ᠌ ᠪᠡ ᠰᠤᠯᠢᠬᠤ》 ᠠᠵᠢᠯ ᠢ᠋ ᠬᠦᠴᠦᠯᠡᠨ ᠳᠡᠮᠵᠢᠵᠦ᠍ ᠂ ᠲᠤᠨᠤᠭ ᠲᠦᠬᠦᠬᠡᠷᠦᠮᠵᠢ ᠬᠤᠳᠠᠯᠳᠤᠨ ᠠᠪᠬᠤ ᠪᠡᠯᠡ ᠣᠷᠣᠭᠤᠯᠤᠯᠲᠠ 15.7% ᠪᠠᠷ ᠨᠡᠮᠡᠭ᠌ᠳᠡᠨ ᠂ ᠭᠡᠷ ᠤ᠋ᠨ ᠴᠠᠬᠢᠯᠭᠠᠨ ᠬᠡᠷᠡᠭ᠌ᠰᠡᠯ ᠤ᠋ᠨ ᠲᠥᠷᠥᠯ ᠤ᠋ᠨ ᠲᠠᠸᠠᠷ ᠤ᠋ᠨ ᠵᠢᠵᠢᠭ᠌ᠯᠡᠨ ᠬᠤᠳᠠᠯᠳᠤᠭ᠍ᠰᠠᠨ ᠬᠡᠮᠵᠢᠶ᠎ᠠ 12.3% ᠪᠠᠷ ᠨᠡᠮᠡᠭ᠌ᠳᠡᠪᠡ᠃ ᠭᠡᠷ ᠭᠠᠵᠠᠷ ᠤ᠋ᠨ ᠬᠥᠷᠥᠩᠭᠡ ᠵᠢᠨ ᠵᠠᠬ᠎ᠠ ᠳᠡᠯᠭᠡᠭᠦᠷ ᠤ᠋ᠨ ᠪᠠᠭᠤᠷᠠᠯᠳᠠ ᠶ᠋ᠢ ᠵᠣᠭ᠍ᠰᠣᠭᠠᠨ ᠲᠣᠭ᠍ᠲᠠᠭᠤᠨ ᠪᠠᠢᠳᠠᠯ ᠳ᠋ᠤ ᠤᠷᠤᠭᠤᠯᠬᠤ ᠶ᠋ᠢ ᠠᠬᠢᠭᠤᠯᠵᠤ ᠂ ᠣᠷᠣᠨ ᠰᠠᠭᠤᠴᠠ ᠵᠢᠨ ᠵᠢᠭᠡᠯᠡᠯᠭᠡ ᠵᠢᠨ ᠬᠦᠦ ᠮᠦᠩᠬᠦ᠌ ᠵᠢᠨ ᠨᠤᠷᠮ᠎ᠠ ᠪᠠ ᠠᠩᠬ᠎ᠠ ᠲᠤᠱᠢᠶᠠᠬᠤ ᠬᠠᠷᠢᠴᠠᠯ ᠢ᠋ ᠪᠠᠭᠤᠷᠠᠭᠤᠯᠤᠭ᠍ᠰᠠᠨ ᠵᠢᠡᠷ ᠰᠠᠭᠤᠭᠠᠯᠢ ᠠᠷᠠᠳ ᠤ᠋ᠨ ᠬᠠᠳᠠᠭᠠᠯᠠᠯᠳᠠ ᠣᠷᠣᠨ ᠰᠠᠭᠤᠴᠠ ᠵᠢᠨ ᠵᠢᠭᠡᠯᠡᠯᠭᠡ ᠵᠢᠨ ᠬᠦᠤ ᠮᠥᠩᠭᠦ ᠵᠢᠨ ᠵᠢᠯ ᠤ᠋ᠨ ᠵᠠᠷᠤᠯᠭ᠎ᠠ ᠶ᠋ᠢ ᠪᠠᠷᠤᠭ 1500 ᠳ᠋ᠦᠩᠱᠢᠭᠤᠷ ᠲᠥᠭᠦᠷᠢᠭ ᠪᠠᠭᠠᠰᠭᠠᠵᠤ᠂ ᠠᠷᠠᠯᠵᠢᠶᠠᠯᠠᠬᠤ ᠭᠤᠭ᠍ᠴᠤᠭ᠎ᠠ ᠵᠢᠨ ᠭᠠᠢᠯᠢ ᠰᠦᠢᠳᠭᠡᠯ ᠤ᠋ᠨ ᠲᠦᠪᠱᠢᠨ ᠢ᠋ ᠳᠣᠷᠣᠭ᠍ᠰᠢᠯᠠᠭᠤᠯᠤᠨ᠂ ᠬᠡᠷ ᠪᠠᠢᠱᠢᠩ ᠢ᠋ ᠪᠠᠳᠤᠳᠠᠢ ᠲᠤᠱᠢᠶᠠᠬᠤ ᠠᠵᠢᠯ ᠢ᠋ ᠯᠠᠪᠳᠠᠭᠤᠨ ᠪᠠᠲᠤ ᠠᠬᠢᠭᠤᠯᠪᠠ᠃ ᠬᠥᠷᠥᠩᠭᠡ ᠵᠢᠨ ᠵᠠᠬ᠎ᠠ ᠳᠡᠯᠭᠡᠭᠦᠷ ᠢ᠋ ᠢᠳᠡᠪᠬᠢᠲᠡᠢ ᠲᠣᠭ᠍ᠲᠠᠪᠤᠷᠢᠵᠢᠭᠤᠯᠤᠨ᠂ ᠰᠠᠭᠤᠷᠢ ᠴᠢᠨᠠᠷᠲᠠᠶ ᠳᠦᠷᠢᠮ ᠢ᠋ ᠲᠦᠷᠬᠡᠳᠬᠡᠨ ᠲᠡᠭᠦᠯᠳᠡᠷᠵᠢᠭᠦᠯᠵᠦ᠍ ᠂ ᠬᠠᠷᠢᠯᠴᠠᠨ ᠰᠣᠯᠢᠬᠤ ᠳ᠋ᠤ ᠲᠦᠬᠦᠮ ᠦᠵᠡᠭᠦᠯᠬᠦ᠌᠂ ᠰᠲ᠋ᠤᠺ ᠵᠢᠡᠨ ᠡᠭᠡᠭᠦᠯᠦᠨ ᠬᠤᠳᠠᠯᠳᠤᠨ ᠠᠪᠴᠤ᠌ ᠬᠤᠪᠢ ᠪᠡᠨ ᠨᠡᠮᠡᠵᠦ᠍ ᠡᠵᠡᠮᠱᠢᠬᠦ᠌ ᠳ᠋ᠤ ᠲᠠᠬᠢᠨ ᠵᠢᠭᠡᠯᠡᠯᠭᠡ ᠲᠠᠯᠪᠢᠬᠤ ᠵᠡᠷᠭᠡ ᠪᠠᠭᠠᠵᠢ ᠶ᠋ᠢ ᠡᠭᠦᠳᠦᠨ ᠪᠠᠢᠭᠤᠯᠵᠤ᠂ ᠵᠠᠬ᠎ᠠ ᠳᠡᠯᠭᠡᠭᠦᠷ ᠤ᠋ᠨ ᠬᠥᠭ᠌ᠵᠢᠶᠡᠨᠲᠤ ᠬᠡᠮᠵᠢᠶ᠎ᠡ ᠶ᠋ᠢ ᠳᠡᠭᠡᠭ᠌ᠰᠢᠯᠡᠭᠦᠯᠪᠡ᠃ ᠨᠢᠭᠡ ᠯᠡ ᠤᠳᠠᠭ᠎ᠠ ᠳᠡᠭᠡᠷ᠎ᠡ ᠣᠷᠣᠨ ᠨᠤᠲᠤᠭ ᠤ᠋ᠨ ᠲᠤᠰᠭᠠᠶ ᠵᠦᠢᠯ ᠤ᠋ᠨ ᠥᠷᠢ ᠥᠭ᠌ᠴᠡᠭᠡ ᠵᠢᠨ ᠬᠢᠵᠠᠭᠠᠷ ᠲᠤᠭ᠎ᠠ ᠶ᠋ᠢ 6 ᠲᠦᠮᠡᠨ ᠳ᠋ᠦᠩᠱᠢᠭᠤᠷ ᠲᠥᠭᠦᠷᠢᠭ ᠨᠡᠮᠡᠭ᠌ᠳᠡᠬᠦᠯᠤᠨ ᠬᠠᠳᠠᠭᠠᠯᠠᠯᠳᠠ ᠳᠠᠯᠳᠠ ᠥᠷᠢ ᠥᠭ᠌ᠴᠡᠭᠡ ᠶ᠋ᠢ ᠰᠣᠯᠢᠪᠠ᠃ ᠣᠷᠣᠨ ᠨᠤᠲᠤᠭ ᠤ᠋ᠨ ᠳᠤᠮᠳᠠ ᠪᠠᠭ᠎ᠠ ᠮᠥᠩᠭᠦᠨ ᠭᠦᠢᠯᠭᠡᠭᠡᠨ ᠤ᠋ ᠪᠠᠢᠭᠤᠯᠤᠮᠵᠢ ᠵᠢᠨ ᠥᠭᠡᠷᠡᠴᠢᠯᠡᠯᠲᠡ ᠬᠢᠵᠦ᠍ ᠲᠦᠭ᠌ᠰᠢᠬᠦᠷᠢ ᠶ᠋ᠢ ᠠᠷᠢᠯᠭᠠᠬᠤ ᠶ᠋ᠢ ᠯᠠᠪᠳᠠᠭᠤᠨ ᠳᠤᠬᠢᠳᠠᠢ ᠠᠬᠢᠭᠤᠯᠪᠠ᠃

ᠬᠤᠶᠠᠷ ᠲᠤ᠌᠂  ᠡᠷᠡᠰ ᠭᠤᠢᠪᠢᠰᠢ ᠦᠭᠡᠢ ᠪᠡᠷ ᠥᠭᠡᠷᠡᠴᠢᠯᠡᠯᠲᠡ ᠶ᠋ᠢ ᠪᠦᠬᠦ᠌ ᠲᠠᠯ᠎ᠠ ᠪᠡᠷ ᠭᠦᠨᠵᠡᠭᠡᠢᠷᠡᠭᠦᠯᠤᠨ ᠨᠡᠭᠡᠭᠡᠯᠲᠡ ᠶ᠋ᠢ ᠥᠷᠭᠡᠳᠭᠡᠵᠦ᠍᠂ ᠬᠥᠭ᠌ᠵᠢᠯᠲᠡ ᠵᠢᠨ ᠳᠣᠲᠣᠭᠠᠳᠤ ᠬᠥᠳᠡᠯᠭᠡᠭᠦ ᠬᠦᠴᠦᠨ ᠢ᠋ ᠴᠢᠩᠭᠠᠳᠭᠠᠪᠠ

ᠪᠦᠬᠦ᠌ ᠤᠯᠤᠰ ᠤ᠋ᠨ ᠨᠢᠭᠡᠳᠦᠯᠲᠡᠶ ᠵᠠᠬ᠎ᠠ ᠳᠡᠯᠭᠡᠭᠦᠷ ᠢ᠋ ᠬᠠᠷᠱᠢᠯᠠᠬᠤ ᠲᠤᠬ᠍ᠳᠠᠭᠠᠯ ᠪᠤᠯᠤᠨ ᠬᠢᠳᠠᠯ ᠢ᠋ ᠴᠡᠪᠡᠷᠯᠡᠨ ᠲᠢᠭ᠌ᠯᠡᠬᠦ᠌ ᠪᠠ ᠬᠥᠴᠤᠨ ᠦᠭᠡᠢ ᠪᠤᠯᠭᠠᠵᠤ᠂ ᠭᠤᠤᠯᠴᠢ ᠥᠷᠢᠰᠥᠯᠳᠦᠭᠡᠨ ᠤ᠋ ᠬᠢᠨᠠᠨ ᠪᠠᠢᠴᠠᠭᠠᠬᠤ ᠳᠦᠷᠢᠮ ᠢ᠋ ᠲᠣᠭ᠍ᠲᠠᠭᠠᠨ ᠬᠡᠷᠡᠭ᠌ᠵᠢᠭᠦᠯᠵᠦ᠍᠂ ᠣᠷᠣᠨ ᠨᠤᠲᠤᠭ ᠤ᠋ᠨ ᠠᠷᠠᠯᠵᠢᠶᠡᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠶ᠋ᠢ ᠵᠢᠷᠤᠮᠵᠢᠭᠤᠯᠬᠤ ᠠᠷᠭ᠎ᠠ ᠬᠡᠮᠵᠢᠶ᠎ᠡ ᠶ᠋ᠢ ᠨᠡᠢᠲᠡᠯᠡᠪᠡ᠃ ᠤᠯᠤᠰ ᠤ᠋ᠨ ᠥᠮᠴᠢᠯᠡᠯᠳᠤ ᠠᠵᠤ ᠠᠬᠤᠢᠯᠠᠯ ᠤ᠋ᠨ ᠥᠭᠡᠷᠡᠴᠢᠯᠡᠯᠲᠡ ᠶ᠋ᠢ ᠭᠦᠨᠵᠡᠭᠡᠢᠷᠡᠭᠦᠯᠵᠦ᠍᠂ ᠤᠯᠤᠰ ᠤ᠋ᠨ ᠥᠮᠴᠢᠯᠡᠯᠳᠤ ᠠᠵᠤ ᠠᠬᠤᠶ ᠵᠢᠨ ᠪᠠᠢᠷᠢᠯᠠᠭᠤᠯᠤᠯᠳᠠ ᠶ᠋ᠢ ᠦᠷᠭᠦᠯᠵᠢᠯᠡᠨ ᠱᠢᠯᠢᠳᠡᠭ᠌ᠵᠢᠭᠦᠯᠪᠠ᠃ ᠠᠷᠠᠳ ᠡᠴᠡ ᠡᠵᠡᠩᠨᠡᠭ᠌ᠰᠡᠨ ᠠᠵᠤ ᠠᠬᠤᠶ ᠶ᠋ᠢ ᠠᠬᠢᠭᠤᠯᠬᠤ ᠬᠠᠤᠯᠢ ᠵᠢᠨ ᠲᠥᠰᠦᠯ ᠢ᠋ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠪᠠᠢᠩᠭᠤ ᠵᠢᠨ ᠬᠤᠷᠢᠶ᠎ᠠ ᠳ᠋ᠤ ᠳᠡᠪᠱᠢᠭᠦᠯᠦᠨ ᠬᠢᠨᠠᠨ ᠶᠠᠷᠢᠯᠴᠠᠭᠤᠯᠵᠤ᠂ ᠠᠷᠠᠳ ᠡᠴᠡ ᠡᠵᠡᠩᠨᠡᠭ᠌ᠰᠡᠨ ᠠᠵᠤ ᠠᠬᠤᠶ ᠵᠢᠨ ᠬᠥᠭ᠌ᠵᠢᠯᠲᠡ ᠵᠢᠨ ᠣᠷᠴᠢᠨ ᠨᠥᠬᠦᠴᠡᠯ ᠢ᠋ ᠰᠠᠢᠵᠢᠷᠠᠭᠤᠯᠪᠠ᠃ ᠭᠠᠳᠠᠭᠠᠳᠤ ᠠᠷᠠᠯᠵᠢᠶᠠᠨ ᠤ᠋ ᠱᠢᠨ᠎ᠡ ᠨᠡᠮᠡᠭ᠌ᠳᠡᠯ ᠤ᠋ᠨ ᠴᠡᠭ ᠢ᠋ ᠢᠳᠡᠪᠬᠢᠲᠡᠶ ᠥᠷᠭᠡᠳᠭᠡᠵᠦ᠍᠂ ᠭᠠᠳᠠᠭᠠᠳᠤ ᠤᠷᠤᠭᠤᠯᠤᠯᠲᠠ ᠭᠠᠷᠭᠠᠯᠲᠠ ᠵᠢᠨ ᠪᠦᠲᠦᠴᠡ ᠶ᠋ᠢ ᠲᠠᠰᠤᠷᠠᠯᠳᠠ ᠦᠭᠡᠢ ᠱᠢᠯᠢᠳᠡᠭ᠌ᠵᠢᠭᠦᠯᠦᠭ᠌ᠰᠡᠨ ᠵᠢᠡᠷ ᠠᠵᠤ ᠠᠬᠤᠶ ᠵᠢᠨ ᠨᠡᠮᠡᠭ᠌ᠳᠡᠯ ᠳ᠋ᠤ ᠦᠵᠡᠭᠦᠯᠬᠦ᠌ ᠭᠠᠳᠠᠭᠠᠳᠤ ᠠᠷᠠᠯᠵᠢᠶᠠᠨ ᠤ᠋ ᠭᠠᠳᠠᠭᠠᠳᠤ ᠭᠠᠷᠭᠠᠯᠲᠠ ᠵᠢᠨ ᠬᠤᠪᠢ ᠨᠡᠮᠡᠷᠢ ᠲᠠᠬᠡᠭᠰᠢᠯᠡᠪᠡ᠃ ᠬᠢᠯᠢ ᠠᠯᠤᠰᠯᠠᠭ᠍ᠰᠠᠨ ᠦᠢᠯᠡᠴᠢᠯᠡᠭᠡᠨ ᠤ᠋ ᠠᠷᠠᠯᠵᠢᠶ᠎ᠠ ᠵᠢᠨ ᠨᠠᠵᠠᠭᠠᠶ ᠲᠠᠯ᠎ᠠ ᠵᠢᠨ ᠲᠣᠳᠣᠷᠬᠠᠶ ᠬᠠᠭᠤᠳᠠᠰᠤ ᠶ᠋ᠢ ᠪᠦᠬᠦ᠌ ᠲᠠᠯ᠎ᠠ ᠪᠡᠷ ᠬᠡᠷᠡᠭ᠌ᠵᠢᠭᠦᠯᠪᠠ᠃ ᠥᠷᠲᠡᠭ ᠨᠡᠮᠡᠭ᠌ᠳᠡᠯ ᠤ᠋ᠨ ᠴᠠᠬᠢᠯᠭᠠᠨ ᠬᠤᠯᠪᠣᠭ᠎ᠠ᠂ ᠠᠮᠢᠳᠤ ᠪᠣᠳᠠᠰ ᠤ᠋ᠨ ᠮᠡᠷᠭᠡᠵᠢᠯ᠂  ᠲᠤᠰᠠᠭᠠᠷ ᠪᠡᠯᠡᠳᠦ ᠡᠮᠨᠡᠯᠭᠡ ᠵᠢᠨ ᠬᠤᠷᠢᠶ᠎ᠠ ᠵᠢᠨ ᠨᠡᠭᠡᠭᠡᠯᠳᠡ ᠬᠢᠬᠦ᠌ ᠲᠤᠷᠱᠢᠯᠳᠠ ᠥᠷᠨᠢᠭᠦᠯᠪᠠ᠃ ᠭᠠᠭ᠍ᠴᠠ ᠲᠠᠯ᠎ᠠ ᠡᠴᠡ ᠨᠡᠭᠡᠭᠡᠯᠲᠡ ᠬᠢᠬᠦ᠌ ᠡᠷᠴᠢᠮ ᠵᠢᠡᠨ ᠴᠢᠩᠭᠠᠷᠠᠭᠤᠯᠵᠤ᠂ ᠳᠤᠮᠳᠠᠳᠤ ᠤᠯᠤᠰ᠎ᠯᠤᠭ᠎ᠠ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ ᠭᠦᠭ᠌ᠵᠢᠯᠲᠡ ᠪᠡᠷ ᠬᠠᠮᠤᠭ ᠤ᠋ᠨ ᠳᠣᠷᠦᠶ ᠤᠯᠤᠰ ᠤ᠋ᠳ ᠤ᠋ᠨ ᠦᠢᠯᠡᠳᠬᠦᠨ ᠳ᠋ᠤ ᠪᠦᠬᠦ᠌ ᠲᠠᠯ᠎ᠠ ᠪᠡᠷ ᠪᠣᠭᠤᠮᠲᠠ ᠵᠢᠨ ᠭᠠᠢᠯᠢ ᠥᠯᠥ᠍ ᠬᠤᠷᠢᠶᠠᠬᠤ ᠬᠠᠷᠠᠭᠠᠯᠵᠠᠯ ᠦᠵᠡᠭᠦᠯᠪᠠ᠃ ᠭᠠᠭ᠍ᠴᠠ ᠲᠠᠯ᠎ᠠ ᠡᠴᠡ ᠸᠢᠰᠠ ᠦᠯᠤ ᠲᠠᠮᠠᠭᠠᠯᠠᠬᠤ ᠤᠯᠤᠰ ᠤ᠋ᠨ ᠬᠡᠪᠴᠢᠶ᠎ᠡ ᠶ᠋ᠢ ᠥᠷᠭᠡᠳᠭᠡᠵᠦ᠍᠂ ᠬᠢᠯᠢ ᠪᠡᠷ ᠥᠩᠭᠡᠷᠡᠬᠦ᠌ ᠳ᠋ᠤ ᠸᠢᠰᠠ ᠦᠯᠤ ᠲᠠᠮᠠᠭᠠᠯᠠᠬᠤ ᠬᠢᠯᠢ ᠵᠢᠨ ᠳᠣᠲᠣᠷ᠎ᠠ ᠰᠠᠭᠠᠲᠠᠬᠤ ᠴᠠᠭ ᠢ᠋ 240 ᠴᠠᠭ ᠪᠣᠯᠭᠠᠨ ᠤᠷᠲᠤᠳᠭᠠᠬ᠍ᠰᠠᠨ ᠵᠢᠡᠷ ᠬᠢᠯᠢ ᠳ᠋ᠤ ᠣᠷᠣᠬᠤ ᠵᠢᠭᠤᠯᠴᠢᠯᠠᠯ ᠦᠷᠭᠦᠯᠵᠢᠯᠡᠨ ᠰᠠᠢᠵᠢᠷᠠᠪᠠ᠃ 《ᠨᠢᠭᠡ ᠪᠦᠰᠡ ᠨᠢᠭᠡ ᠵᠠᠮ》 ᠢ᠋ ᠴᠢᠨᠠᠷ ᠰᠠᠢᠲᠠᠢ ᠬᠠᠮᠲᠤ ᠪᠡᠷ ᠪᠦᠳᠦᠬᠡᠨ ᠪᠠᠢᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠨᠢᠭᠡ ᠪᠦᠯᠦᠭ ᠴᠢᠬᠤᠯᠠ ᠶᠡᠭᠡ ᠢᠨᠵᠧᠨᠧᠷᠢᠩ᠂ ᠠᠷᠠᠳ ᠤ᠋ᠨ ᠠᠮᠢᠳᠤᠷᠠᠯ ᠤ᠋ᠨ ᠲᠥᠷᠥᠯ ᠵᠤᠢᠯ  ᠢ᠋ ᠯᠠᠪᠳᠠᠭᠤᠨ ᠵᠢᠡᠷ ᠬᠡᠷᠡᠭ᠌ᠵᠢᠭᠦᠯᠪᠡ᠃

ᠭᠤᠷᠪᠠ ᠳ᠋ᠤ᠂  ᠱᠢᠨ᠎ᠡ ᠶ᠋ᠢ ᠡᠭᠦᠳᠬᠦ᠌ ᠪᠡᠷ ᠬᠥᠭ᠌ᠵᠢᠯᠲᠡ ᠵᠢᠨ ᠬᠥᠳᠡᠯᠭᠡᠭᠦᠷ ᠪᠣᠯᠭᠠᠬᠤ ᠶ᠋ᠢ ᠶᠡᠭᠡ ᠪᠡᠷ ᠠᠬᠢᠭᠤᠯᠵᠤ᠂ ᠠᠵᠤ ᠦᠢᠯᠡᠰ ᠤ᠋ᠨ ᠪᠦᠲᠦᠴᠡ ᠶ᠋ᠢ ᠱᠢᠯᠢᠳᠡᠭ᠌ᠵᠢᠭᠦᠯᠦᠨ ᠲᠡᠰ ᠳᠡᠪᠱᠢᠭᠦᠯᠬᠦ᠌ ᠶ᠋ᠢ ᠠᠬᠢᠭᠤᠯᠪᠠ

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠦᠴᠦᠷᠬᠡᠭ ᠤᠯᠤᠰ ᠤ᠋ᠨ ᠪᠦᠲᠦᠭᠡᠨ ᠪᠠᠢᠭᠤᠯᠤᠯᠲᠠ ᠶ᠋ᠢ ᠠᠬᠢᠭᠤᠯᠵᠤ᠂ ᠤᠯᠤᠰ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠴᠢᠬᠤᠯᠠ ᠶᠡᠭᠡ ᠲᠤᠰᠭᠠᠶ ᠲᠥᠷᠥᠯ ᠵᠤᠢᠯ  ᠢ᠋ ᠪᠦᠬᠦ᠌ ᠲᠠᠯ᠎ᠠ ᠪᠡᠷ ᠡᠬᠢᠯᠡᠭᠦᠯᠦᠨ ᠬᠡᠷᠡᠭ᠌ᠵᠢᠭᠦᠯᠵᠦ᠍᠂ ᠴᠢᠬᠤᠯᠠ ᠶᠡᠭᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠰᠠᠭᠤᠷᠢ ᠲᠥᠬᠦᠭᠡᠷᠦᠮᠵᠢ ᠵᠢᠨ ᠱᠢᠰᠲ᠋ᠧᠮ ᠢ᠋ ᠲᠦᠷᠭᠡᠳᠬᠡᠨ ᠲᠡᠭᠦᠯᠳᠡᠷᠵᠢᠭᠦᠯᠵᠦ᠍᠂ ᠱᠢᠨ᠎ᠡ ᠶ᠋ᠢ ᠡᠭᠦᠳᠬᠦ᠌ ᠣᠷᠦ᠋ᠢᠯᠠᠭ᠍ᠰᠠᠨ ᠴᠢᠳᠠᠪᠤᠷᠢᠲᠠᠨ ᠢ᠋ ᠬᠥᠮᠦᠵᠢᠭᠦᠯᠬᠦ᠌ ᠶ᠋ᠢ ᠴᠢᠩᠭᠠᠳᠭᠠᠪᠠ᠃ ᠠᠵᠤ ᠦᠢᠯᠡᠳᠪᠦᠷᠢ ᠵᠢᠨ ᠠᠵᠤ ᠠᠬᠤᠶ ᠵᠢᠨ ᠡᠷᠬᠢᠯᠳᠡ ᠵᠢ ᠲᠣᠭ᠍ᠲᠠᠪᠤᠷᠢᠵᠢᠭᠤᠯᠤᠨ᠂ ᠦᠢᠯᠡᠳᠬᠦ᠌ ᠦᠢᠯᠡᠰ ᠤ᠋ᠨ ᠮᠡᠷᠭᠡᠵᠢᠯ ᠤ᠋ᠨ ᠥᠭᠡᠷᠡᠴᠢᠯᠡᠯᠲᠡ ᠬᠢᠵᠦ᠍ ᠲᠡᠰ ᠳᠡᠪᠱᠢᠬᠦ ᠶ᠋ᠢ ᠠᠬᠢᠭᠤᠯᠵᠤ᠂ ᠦᠢᠯᠡᠳᠬᠦ᠌ ᠦᠢᠯᠡᠰ ᠤ᠋ᠨ ᠪᠡᠯᠡ ᠣᠷᠣᠭᠤᠯᠤᠯᠲᠠ ᠶ᠋ᠢ 9.2% ᠵᠢᠡᠷ ᠨᠡᠮᠡᠭ᠌ᠳᠡᠭᠦᠯᠪᠡ᠃ ᠨᠢᠭᠡ ᠪᠦᠯᠦᠭ ᠤᠯᠤᠰ ᠤ᠋ᠨ ᠲᠡᠰ ᠤ᠋ᠨ ᠲᠡᠷᠢᠭᠦᠨ ᠤ᠋ ᠦᠢᠯᠡᠳᠬᠦ᠌ ᠦᠢᠯᠡᠰ ᠤ᠋ᠨ ᠪᠦᠯᠦᠭᠵᠢᠯ ᠢ᠋ ᠱᠢᠨ᠎ᠡ ᠪᠡᠷ ᠪᠤᠢᠵᠢᠭᠤᠯᠵᠤ᠂ ᠬᠤᠳᠠᠯᠳᠤᠭᠠᠨ ᠤ᠋ ᠰᠠᠨᠰᠠᠷ ᠤ᠋ᠨ ᠠᠶᠠᠯᠠᠯ᠂ ᠳᠣᠬᠢᠭᠤᠷ ᠲᠤᠯᠤᠭᠠᠨ ᠤᠳᠤ ᠵᠢᠨ ᠱᠢᠰᠲ᠋ᠧᠮ ᠤ᠋ᠨ ᠬᠡᠷᠡᠭ᠌ᠯᠡᠭᠡ᠂ ᠱᠢᠨ᠎ᠡ ᠬᠡᠯᠪᠡᠷᠢ ᠵᠢᠨ ᠡᠨᠧᠷᠭᠢ ᠬᠠᠳᠠᠭᠠᠯᠠᠯᠲᠠ ᠵᠡᠷᠭᠡ ᠱᠢᠨ᠎ᠡ ᠪᠡᠷ ᠬᠥᠭ᠌ᠵᠢᠭ᠌ᠰᠡᠨ ᠠᠵᠤ ᠦᠢᠯᠡᠰ ᠦᠳᠲᠡᠷ ᠲᠦᠷᠭᠡᠨ ᠬᠥᠭ᠌ᠵᠢᠪᠡ᠃ ᠣᠷᠴᠢᠨ ᠲᠤᠭᠤᠷᠢᠨ ᠤ᠋ ᠬᠠᠮᠠᠭᠠᠯᠠᠯᠲᠠ᠂ ᠠᠮᠤᠷ ᠲᠦᠪᠱᠢᠨ ᠵᠡᠷᠭᠡ ᠠᠯᠪᠠᠳᠠᠯᠭ᠎ᠠ ᠵᠢᠨ ᠴᠢᠨᠠᠷᠲᠠᠶ ᠤᠯᠤᠰ ᠤ᠋ᠨ ᠪᠠᠷᠢᠮᠵᠢᠶ᠎ᠠ ᠶ᠋ᠢ ᠲᠣᠭ᠍ᠲᠠᠭᠠᠬ᠍ᠰᠠᠨ ᠪᠠ ᠵᠠᠰᠠᠨ ᠲᠤᠭ᠍ᠳᠠᠭᠠᠪᠠ᠃ ᠳ᠋ᠢᠵᠢᠲ᠋ᠠᠯ ᠳᠤᠮᠳᠠᠳᠤ ᠤᠯᠤᠰ ᠤ᠋ᠨ ᠪᠦᠳᠦᠭᠡᠨ ᠪᠠᠢᠭᠤᠯᠤᠯᠲᠠ ᠶ᠋ᠢ ᠲᠦᠷᠭᠡᠳᠭᠡᠵᠦ᠍᠂ ᠳ᠋ᠢᠵᠢᠲ᠋ᠠᠯ ᠠᠵᠤ ᠠᠬᠤᠶ ᠵᠢᠨ ᠭᠤᠤᠯᠯᠠᠬᠤ ᠠᠵᠤ ᠦᠢᠯᠡᠰ ᠤ᠋ᠨ ᠨᠡᠮᠡᠭ᠌ᠳᠡᠯ ᠦᠷᠳᠡᠭ ᠤ᠋ᠨ ᠤᠯᠤᠰ ᠤ᠋ᠨ ᠳᠣᠲᠣᠭᠠᠳᠤ ᠵᠢᠨ ᠦᠢᠯᠡᠳᠪᠦᠷᠢᠯᠡᠯ ᠤ᠋ᠨ ᠶᠡᠷᠤᠩᠬᠡᠢ ᠦᠷᠳᠡᠭ ᠲᠡᠬᠢ ᠡᠵᠡᠯᠡᠬᠦ᠌ ᠬᠤᠪᠢ ᠵᠢᠨ ᠵᠢᠩ 10% ᠣᠷᠴᠢᠮ ᠳ᠋ᠤ ᠬᠦᠷᠴᠠᠢ᠃

ᠲᠦᠷᠪᠡ ᠳ᠋ᠤ᠂ ᠬᠤᠳᠠ ᠬᠥᠳᠡᠭᠡ ᠣᠷᠣᠨ ᠪᠦᠰᠡ ᠵᠢᠨ ᠵᠣᠬᠢᠴᠠᠩᠭᠤᠶ ᠬᠥᠭ᠌ᠵᠢᠯᠲᠡ ᠶ᠋ᠢ ᠨᠢᠭᠡᠳᠦᠯᠲᠡᠶ ᠲᠥᠯᠥᠪᠯᠡᠵᠦ᠍᠂ ᠠᠵᠤ ᠠᠬᠤᠶ ᠵᠢᠨ ᠪᠠᠢᠷᠢᠯᠠᠭᠤᠯᠤᠯᠳᠠ ᠶ᠋ᠢ ᠱᠢᠯᠢᠳᠡᠭ᠌ᠵᠢᠭᠦᠯᠪᠠ

ᠱᠢᠨ᠎ᠡ ᠬᠡᠯᠪᠡᠷᠢ ᠵᠢᠨ ᠬᠤᠲᠠ ᠪᠠᠯᠭᠠᠰᠤᠵᠢᠯᠲᠠ ᠵᠢᠨ ᠪᠠᠢᠯᠳᠤᠬᠤ ᠪᠤᠳᠤᠯᠭ᠎ᠠ ᠵᠢᠨ ᠲᠠᠪᠤᠨ ᠵᠢᠯ ᠤ᠋ᠨ ᠠᠵᠢᠯᠯᠠᠭᠠᠨ ᠤ᠋ ᠲᠥᠯᠥᠪᠯᠡᠭᠡ ᠶ᠋ᠢ ᠨᠡᠢᠲᠡᠯᠡᠨ ᠬᠡᠷᠡᠭ᠌ᠵᠢᠭᠦᠯᠵᠦ᠍ ᠂ ᠬᠤᠲᠠ ᠵᠢᠨ ᠱᠢᠨᠡᠴᠢᠯᠡᠯᠲᠡ ᠶ᠋ᠢ ᠯᠠᠪᠳᠠᠭᠤᠨ ᠪᠠᠲᠤᠲᠠᠶ ᠠᠬᠢᠭᠤᠯᠤᠨ ᠂ ᠪᠠᠢᠩᠭᠤ ᠰᠠᠭᠤᠭ᠎ᠠ ᠬᠥᠮᠦᠨ ᠠᠮᠠ ᠵᠢᠨ ᠬᠤᠲᠠ ᠪᠠᠯᠭᠠᠰᠤᠵᠢᠯᠲᠠ ᠵᠢᠨ ᠨᠤᠷᠮ᠎ᠠ 67% ᠪᠤᠯᠵᠤ ᠳᠡᠭᠡᠭ᠌ᠰᠢᠯᠡᠪᠠ᠃ ᠬᠦᠳᠡᠬᠡ ᠠᠵᠤ ᠠᠬᠤᠢ ᠵᠢᠨ ᠰᠠᠭᠤᠷᠢ ᠶ᠋ᠢ ᠴᠥᠬᠦᠷᠡᠰᠢ ᠦᠭᠡᠢ ᠪᠠᠲᠤᠵᠢᠭᠤᠯᠵᠤ᠂ ᠭᠠᠮᠱᠢᠭ ᠢ᠋ ᠰᠡᠷᠭᠡᠢᠯᠡᠵᠦ᠍ ᠭᠠᠮᠱᠢᠭ ᠢ᠋ ᠪᠠᠭᠠᠰᠭᠠᠬᠤ ᠪᠠ ᠶᠡᠷᠦᠩᠬᠡᠢᠯᠡᠭ᠌ᠰᠡᠨ ᠦᠢᠯᠡᠳᠪᠦᠷᠢᠯᠡᠯ ᠤ᠋ᠨ ᠴᠢᠳᠠᠪᠤᠷᠢ ᠶ᠋ᠢ ᠯᠠᠪᠳᠠᠭᠤᠨ ᠵᠢᠡᠷ ᠳᠡᠭᠡᠭ᠌ᠰᠢᠯᠡᠭᠦᠯᠵᠦ᠍ ᠂ ᠬᠥᠳᠡᠭᠡ ᠲᠣᠰᠭᠤᠨ ᠢ᠋ ᠪᠦᠬᠦ᠌ ᠲᠠᠯ᠎ᠠ ᠪᠡᠷ ᠬᠥᠭ᠌ᠵᠢᠭᠦᠯᠦᠨ ᠮᠠᠨᠳᠤᠭᠤᠯᠬᠤ ᠠᠵᠢᠯ ᠱᠢᠨ᠎ᠡ ᠦᠷ᠎ᠡ ᠪᠦᠲᠦᠮᠵᠢ ᠤᠯᠪᠠ᠃ ᠣᠷᠣᠨ ᠪᠦᠰᠡ ᠵᠢᠨ ᠬᠥᠭ᠌ᠵᠢᠯᠲᠡ ᠵᠢᠨ ᠲᠥᠷᠥ ᠵᠢᠨ ᠪᠣᠳᠣᠯᠭ᠎ᠠ ᠨᠤᠭᠤᠳ ᠢ᠋ ᠨᠡᠢᠲᠡᠯᠡᠨ᠂ ᠣᠷᠣᠨ ᠪᠦᠰᠡ ᠵᠢᠨ ᠴᠢᠬᠤᠯᠠ ᠶᠡᠭᠡ ᠲᠥᠷᠥᠯ ᠵᠤᠢᠯ  ᠤ᠋ᠳ ᠢ᠋ ᠬᠡᠷᠡᠭ᠌ᠵᠢᠭᠦᠯᠵᠦ᠍᠂ ᠪᠡᠶᠡᠴᠢ ᠴᠣᠭ᠍ᠴᠠ ᠵᠢᠨ ᠴᠢᠳᠠᠮᠵᠢᠳᠤ ᠣᠷᠣᠨ ᠤ᠋ ᠲᠦᠷᠢᠮ ᠲᠥᠷᠦ᠍ ᠵᠢᠨ ᠪᠣᠳᠣᠯᠭ᠎ᠠ ᠶ᠋ᠢ ᠪᠥᠷᠢᠨᠱᠢᠭᠦᠯᠤᠨ᠂ ᠣᠷᠣᠨ ᠪᠦᠰᠡ ᠶ᠋ᠢ ᠠᠭᠤᠰᠤᠯᠴᠠᠭᠤᠯᠤᠨ ᠬᠥᠭ᠌ᠵᠢᠬᠦᠯᠬᠦ᠌ ᠠᠵᠢᠯ ᠱᠢᠨ᠎ᠡ ᠠᠬᠢᠯᠲᠠ ᠲᠠᠢ ᠪᠣᠯᠪᠠ᠃

ᠲᠠᠪᠤ ᠳ᠋ᠤ᠂ ᠨᠡᠢᠭᠡᠮ ᠤ᠋ᠨ ᠦᠢᠯᠡᠰ ᠢ᠋ ᠢᠳᠡᠪᠬᠢᠲᠡᠶ ᠬᠥᠭ᠌ᠵᠢᠭᠦᠯᠵᠦ᠍᠂ ᠠᠷᠠᠳ ᠤ᠋ᠨ ᠠᠮᠢᠳᠤᠷᠠᠯ ᠤ᠋ᠨ ᠠᠵᠠ ᠵᠢᠷᠭᠠᠯ ᠢ᠋ ᠨᠡᠮᠡᠭ᠌ᠳᠡᠭᠦᠯᠪᠡ

ᠴᠢᠨᠠᠷ ᠰᠠᠢᠲᠠᠶ ᠪᠦᠭᠡᠳ ᠭᠦᠢᠴᠡᠳ ᠠᠵᠢᠯ ᠣᠯᠭᠤᠯᠲᠠ ᠶ᠋ᠢ ᠠᠬᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠶ᠋ᠢ ᠨᠡᠢᠲᠡᠯᠡᠵᠦ᠍᠂ ᠠᠵᠤ ᠠᠬᠤᠢᠯᠠᠯ ᠤ᠋ᠨ ᠠᠵᠢᠯ ᠣᠯᠭᠤᠬᠤ ᠶ᠋ᠢ ᠳᠡᠮᠵᠢᠬᠦ ᠪᠡᠨ ᠴᠢᠩᠭᠠᠳᠭᠠᠨ᠂ ᠶᠡᠭᠡ ᠳᠡᠭᠡᠳᠦ ᠰᠤᠷᠭᠠᠭᠤᠯᠢ ᠲᠡᠭᠦᠰᠦᠭ᠌ᠰᠡᠨ ᠤᠶᠤᠳᠠᠨ᠂ ᠶᠠᠳᠠᠭᠤ ᠡᠴᠡ ᠠᠩᠭᠢᠵᠢᠷᠠᠭ᠍ᠰᠠᠨ ᠬᠥᠮᠦᠨ ᠠᠮᠠ᠂ ᠬᠥᠯᠥᠰᠥᠨ ᠲᠠᠷᠢᠶᠠᠴᠢᠨ ᠵᠡᠷᠭᠡ ᠭᠤᠤᠯᠳᠠᠯᠭ᠎ᠠ ᠲᠠᠢ ᠡᠳᠡᠬᠡᠳ ᠤ᠋ᠨ ᠠᠵᠢᠯ ᠣᠯᠭᠤᠯᠲᠠ ᠶ᠋ᠢ ᠲᠣᠭ᠍ᠲᠠᠭᠤᠨ ᠪᠠᠢᠯᠭᠠᠬᠤ ᠶ᠋ᠢ ᠪᠠᠲᠤᠯᠠᠪᠠ᠃ ᠰᠤᠷᠭᠠᠨ ᠬᠥᠮᠦᠵᠢᠯ ᠤ᠋ᠨ ᠬᠦᠴᠦᠷᠬᠡᠭ ᠤᠯᠤᠰ ᠤ᠋ᠨ ᠪᠦᠲᠦᠭᠡᠨ ᠪᠠᠢᠭᠤᠯᠤᠯᠲᠠ ᠶ᠋ᠢ ᠠᠬᠢᠭᠤᠯᠪᠠ᠃ ᠠᠯᠪᠠᠨ ᠵᠢᠷᠤᠮ ᠤ᠋ᠨ ᠰᠤᠷᠭᠠᠨ ᠬᠥᠮᠦᠵᠢᠯ ᠤ᠋ᠨ ᠱᠠᠲᠤᠨ ᠳ᠋ᠠᠬᠢ ᠭᠡᠷ ᠪᠦᠯᠢ ᠵᠢᠨ ᠠᠮᠢᠳᠤᠷᠠᠯ ᠨᠢ ᠬᠦᠴᠢᠷᠳᠡᠯ ᠲᠠᠢ ᠰᠤᠷᠤᠭ᠍ᠴᠢᠳ ᠤ᠋ᠨ ᠠᠮᠢᠳᠤᠷᠠᠯ ᠤ᠋ᠨ ᠨᠥᠬᠦᠪᠥᠷᠢ ᠵᠢᠨ ᠪᠠᠷᠢᠮᠵᠢᠶ᠎ᠠ ᠶ᠋ᠢ ᠳᠡᠭᠡᠭ᠌ᠰᠢᠯᠡᠭᠦᠯᠪᠠ᠃ ᠤᠯᠤᠰ ᠤ᠋ᠨ ᠰᠤᠷᠤᠯᠭ᠎ᠠ ᠵᠢᠨ ᠱᠠᠩᠨᠠᠯ ᠤ᠋ᠨ ᠮᠥᠩᠭᠦ᠌ ᠪᠠ ᠰᠤᠷᠤᠯᠭ᠎ᠠ ᠵᠢᠨ ᠲᠡᠳᠬᠦᠮᠵᠢ ᠵᠢᠨ ᠮᠥᠩᠭᠦ ᠵᠢᠨ ᠪᠠᠷᠢᠮᠵᠢᠶ᠎ᠠ ᠶ᠋ᠢ ᠳᠡᠭᠡᠭ᠌ᠰᠢᠯᠡᠭᠦᠯᠦᠨ ᠬᠡᠪᠴᠢᠶ᠎ᠡ ᠶ᠋ᠢ ᠨᠢ ᠥᠷᠭᠡᠳᠭᠡᠵᠦ᠍᠂ ᠰᠤᠷᠤᠯᠭ᠎ᠠ ᠵᠢᠨ ᠲᠡᠳᠬᠦᠮᠵᠢ ᠵᠢᠨ ᠵᠢᠭᠡᠯᠡᠯᠭᠡ ᠵᠢᠨ ᠮᠥᠩᠭᠦ ᠶ᠋ᠢ ᠥᠰᠭᠡᠵᠦ᠍ ᠬᠦᠦ ᠮᠥᠩᠭᠦ ᠶ᠋ᠢ ᠨᠢ ᠪᠠᠭᠤᠷᠠᠭᠤᠯᠤᠨ᠂ ᠰᠤᠷᠤᠭ᠍ᠴᠢᠳ ᠲᠤ᠌ 3400 ᠭᠠᠷᠤᠶ ᠲᠦᠮᠡᠡ ᠬᠦᠮᠦᠨ ᠤᠳᠠᠭ᠎ᠠ ᠠᠱᠢᠭ ᠬᠦᠷᠲᠡᠭᠡᠪᠡ᠃《ᠬᠤᠶᠠᠷ ᠢ᠋ ᠬᠥᠡᠭ᠌ᠭᠡᠷᠡᠭᠦᠯᠭᠦ᠌》ᠦᠷ᠎ᠡ ᠪᠦᠲᠦᠭᠡᠯ ᠢ᠋ ᠪᠠᠬᠢᠵᠢᠭᠦᠯᠵᠦ᠍᠂ ᠰᠠᠭᠤᠷᠢ ᠰᠤᠷᠭᠠᠨ ᠬᠥᠮᠦᠵᠢᠯ ᠤ᠋ᠨ ᠠᠮᠢ ᠠᠬᠤᠢ ᠶ᠋ᠢ ᠦᠷᠭᠦᠯᠵᠢᠯᠡᠨ ᠱᠢᠯᠢᠳᠡᠭ᠌ᠵᠢᠭᠦᠯᠪᠠ᠃ ᠡᠮᠴᠢᠯᠡᠭᠡᠨ ᠤ᠋ ᠪᠠᠢᠭᠤᠯᠤᠮᠵᠢ ᠵᠢᠨ ᠪᠠᠢᠴᠠᠭᠠᠭ᠍ᠰᠠᠨ ᠪᠠ ᠱᠢᠯᠭᠠᠨ ᠪᠠᠢᠴᠠᠭᠠᠭ᠍ᠰᠠᠨ ᠦᠷ᠎ᠡ ᠳ᠋ᠦᠩ ᠢ᠋ ᠬᠠᠷᠢᠯᠴᠠᠨ ᠮᠡᠳᠡᠷᠡᠬᠦ᠌ ᠶ᠋ᠢ ᠠᠬᠢᠭᠤᠯᠵᠤ᠂ ᠦᠨᠳᠦᠰᠦᠨ ᠱᠠᠲᠤᠨ ᠤ᠋ ᠤᠵᠢᠭ ᠡᠪᠡᠳᠴᠢᠨ᠂ ᠪᠠᠢᠩᠭᠤ ᠲᠣᠬᠢᠶᠠᠯᠳᠤᠳᠠᠭ ᠡᠪᠡᠳᠴᠢᠨ ᠳ᠋ᠤ ᠬᠡᠷᠡᠭ᠌ᠯᠡᠬᠦ᠌ ᠡᠮ ᠤ᠋ᠨ ᠲᠥᠷᠥᠯ ᠵᠦᠢᠯ ᠢ᠋ ᠥᠷᠭᠡᠳᠭᠡᠪᠠ᠃ ᠭᠤᠤᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ᠋ ᠰᠡᠷᠭᠡᠢᠯᠡᠨ ᠵᠠᠰᠠᠬᠤ ᠠᠵᠢᠯ ᠢ᠋ ᠯᠠᠪᠳᠠᠭᠤᠨ ᠪᠠᠲᠤᠲᠠᠶ ᠰᠠᠢᠲᠤᠷ ᠬᠢᠪᠡ ᠃ ᠠᠵᠢᠯᠲᠠᠨ ᠠᠵᠢᠯᠴᠢᠨ ᠤ᠋ ᠡᠮᠨᠡᠯᠭᠡ ᠵᠢᠨ ᠳᠠᠭᠠᠳᠭᠠᠯ ᠤ᠋ᠨ ᠬᠤᠪᠢ ᠬᠥᠮᠦᠨ ᠤ᠋ ᠲᠠᠩᠰᠠᠨ ᠡᠷᠦᠬᠡ ᠵᠢᠨ ᠬᠠᠷᠢᠯᠴᠠᠨ ᠲᠤᠰᠠᠯᠠᠯᠴᠠᠬᠤ ᠬᠡᠪᠴᠢᠶ᠎ᠡ ᠶ᠋ᠢ ᠥᠷᠭᠡᠳᠭᠡᠪᠡ᠃ ᠬᠤᠲᠠ ᠬᠥᠳᠡᠭᠡ ᠵᠢᠨ ᠰᠠᠭᠤᠭᠠᠯᠢ ᠠᠷᠠᠳ ᠤ᠋ᠨ ᠰᠠᠭᠤᠷᠢ ᠨᠠᠰᠤᠵᠢᠯ ᠤ᠋ᠨ ᠠᠰᠠᠷᠠᠮᠵᠢ ᠵᠢᠨ ᠮᠥᠩᠭᠦ᠌ ᠪᠠ ᠠᠵᠢᠯ ᠡᠴᠡ ᠪᠡᠨ ᠪᠠᠭᠤᠵᠤ ᠠᠮᠠᠷᠠᠭ᠍ᠰᠠᠳ ᠤ᠋ᠨ ᠦᠨᠳᠦᠰᠦᠨ ᠨᠠᠰᠤᠵᠢᠯ ᠤ᠋ᠨ ᠠᠰᠠᠷᠠᠮᠵᠢ ᠵᠢᠨ ᠮᠥᠩᠭᠦ ᠶ᠋ᠢ ᠳᠡᠭᠡᠭ᠌ᠰᠢᠯᠡᠭᠦᠯᠪᠡ᠃ ᠨᠠᠰᠤᠵᠢᠯ ᠤ᠋ᠨ ᠠᠰᠠᠷᠠᠮᠵᠢ ᠵᠢᠨ ᠦᠢᠯᠡᠴᠢᠯᠡᠭᠡᠨ ᠤ᠋ ᠥᠭᠡᠷᠡᠴᠢᠯᠡᠯᠲᠡ ᠶ᠋ᠢ ᠭᠦᠨᠵᠡᠭᠡᠢᠷᠡᠭᠦᠯᠵᠦ᠍᠂ ᠪᠤᠭᠤᠷᠤᠯᠴᠤᠳ ᠤ᠋ᠨ ᠠᠵᠤ ᠠᠬᠤᠶ ᠵᠢᠨ ᠬᠥᠭ᠌ᠵᠢᠯᠲᠡ ᠶ᠋ᠢ ᠠᠬᠢᠭᠤᠯᠬᠤ ᠲᠦᠷᠦ᠍ ᠵᠢᠨ ᠪᠤᠳᠤᠯᠭ᠎ᠠ ᠶ᠋ᠢ ᠲᠣᠭ᠍ᠲᠠᠭᠠᠪᠠ᠃ ᠵᠡᠮᠳᠡᠭ᠌ᠴᠦᠳ ᠤ᠋ᠨ ᠡᠷᠬᠡ ᠠᠱᠢᠭ ᠤ᠋ᠨ ᠪᠠᠲᠤᠯᠠᠭ᠎ᠠ ᠶ᠋ᠢ ᠴᠢᠩᠭᠠᠳᠭᠠᠪᠠ᠃ ᠠᠰᠠᠷᠠᠨ ᠬᠠᠷᠠᠭᠠᠯᠵᠠᠬᠤ ᠨᠥᠬᠦᠪᠥᠷᠢ ᠵᠢᠨ ᠪᠠᠷᠢᠮᠵᠢᠶ᠎ᠠ ᠶ᠋ᠢ ᠳᠡᠭᠡᠭ᠌ᠰᠢᠯᠡᠭᠦᠯᠪᠠ᠃ ᠨᠠᠭᠠᠳᠤ ᠵᠠᠬ᠎ᠠ ᠵᠢᠨ ᠪᠠᠲᠤᠯᠠᠭ᠎ᠠ ᠵᠢᠨ ᠪᠠᠷᠢᠮᠵᠢᠶ᠎ᠠ ᠶ᠋ᠢ ᠲᠣᠭ᠍ᠲᠠᠭᠠᠬᠤ ᠪᠠ ᠲᠣᠬᠢᠷᠠᠭᠤᠯᠬᠤ ᠲᠣᠭ᠍ᠲᠠᠴᠠ ᠶ᠋ᠢ ᠪᠦᠷᠢᠨᠱᠢᠬᠦᠯᠵᠤ᠂ ᠠᠪᠤᠷᠠᠨ ᠲᠤᠰᠠᠯᠠᠬᠤ ᠡᠲᠡᠭᠡᠳ ᠤ᠋ᠨ ᠬᠦᠷᠢᠶ᠎ᠡ ᠬᠡᠪᠴᠢᠶ᠎ᠡ ᠶ᠋ᠢ ᠥᠷᠭᠡᠳᠭᠡᠪᠠ ᠃ ᠬᠦᠴᠢᠷᠳᠡᠯ ᠲᠠᠢ ᠤᠯᠠᠨ ᠲᠦᠮᠡᠨ ᠳ᠋ᠤ ᠨᠢᠭᠡ ᠤᠳᠠᠭ᠎ᠠ ᠵᠢᠨ ᠴᠢᠨᠠᠷᠲᠠᠶ ᠠᠮᠢᠳᠤᠷᠠᠯ ᠤ᠋ᠨ ᠨᠥᠬᠦᠪᠥᠷᠢ ᠣᠯᠭᠤᠵᠤ᠂ 1100 ᠲᠦᠮᠡ ᠭᠠᠷᠤᠶ ᠬᠥᠮᠦᠨ ᠳ᠋ᠤ ᠠᠱᠢᠭ ᠬᠦᠷᠲᠡᠭᠡᠪᠡ᠃ ᠪᠦᠬᠦ᠌ ᠤᠯᠤᠰ ᠤ᠋ᠨ ᠴᠠᠭᠠᠨ ᠰᠠᠷ᠎ᠠ ᠵᠢᠴᠢ ᠳᠤᠷᠠᠰᠭᠠᠯ ᠤ᠋ᠨ ᠡᠳᠦᠷ ᠤ᠋ᠨ ᠴᠢᠯᠥᠭᠡ ᠲᠠᠯᠪᠢᠬᠤ ᠠᠷᠭ᠎ᠠ ᠶ᠋ᠢ ᠲᠡᠭᠦᠯᠳᠡᠷᠵᠢᠬᠦᠯᠪᠡ᠃ ᠰᠣᠶᠣᠯ ᠤ᠋ᠨ ᠦᠢᠯᠡᠰ ᠪᠠ ᠰᠣᠶᠣᠯ ᠤ᠋ᠨ ᠠᠵᠤ ᠦᠢᠯᠡᠰ ᠢ᠋ ᠴᠡᠴᠡᠭ᠌ᠯᠡᠭᠦᠯᠦᠨ ᠬᠥᠭ᠌ᠵᠢᠭᠦᠯᠵᠦ᠍᠂ ᠰᠣᠶᠣᠯ ᠪᠠ ᠵᠢᠭᠤᠯᠴᠢᠯᠠᠯ ᠤ᠋ᠨ ᠵᠠᠬ᠎ᠠ ᠳᠡᠯᠭᠡᠭᠦᠷ ᠢ᠋ ᠦᠷᠭᠦᠯᠵᠢᠯᠡᠨ ᠬᠥᠭ᠌ᠵᠢᠶᠡᠨᠲᠡᠶ ᠪᠣᠯᠭᠠᠪᠠ᠃

ᠵᠢᠷᠭᠤᠭ᠎ᠠ ᠳ᠋ᠤ᠂  ᠠᠮᠢ ᠠᠬᠤᠢ ᠤᠷᠴᠢᠨ ᠲᠤᠭᠤᠷᠢᠨ ᠤ᠋ ᠬᠠᠮᠠᠭᠠᠯᠠᠯᠲᠠ ᠶ᠋ᠢ ᠦᠷᠭᠦᠯᠵᠢᠯᠡᠨ ᠴᠢᠩᠭᠠᠳᠭᠠᠵᠤ᠂ ᠪᠤᠬᠢᠷᠳᠤᠯ ᠦᠬᠡᠢ ᠪᠠᠭ᠎ᠠ ᠨᠡᠭᠦᠷᠡᠰᠦᠲᠥ᠋ᠷᠥᠭ᠌ᠴᠢᠳᠤ ᠬᠥᠭ᠌ᠵᠢᠯᠲᠡ ᠶ᠋ᠢᠨ ᠲᠦᠪᠱᠢᠨ ᠢ᠋ ᠳᠡᠭᠡᠭ᠌ᠰᠢᠯᠡᠭᠦᠯᠪᠡ

ᠠᠮᠢ ᠠᠬᠤᠢ ᠤᠷᠴᠢᠨ ᠲᠤᠭᠤᠷᠢᠨ ᠢ᠋ ᠶᠡᠷᠦᠩᠬᠡᠢᠯᠡᠨ ᠵᠠᠰᠠᠬᠤ ᠶ᠋ᠢ ᠴᠢᠩᠭᠠᠳᠭᠠᠵᠤ᠂ ᠭᠤᠣᠯ ᠪᠣᠯᠬᠤ ᠪᠣᠬᠢᠷᠳᠤᠯ ᠪᠣᠳᠠᠰ ᠭᠠᠳᠠᠭ᠍ᠰᠢᠯᠠᠭᠤᠯᠬᠤ ᠬᠡᠮᠵᠢᠶ᠎ᠡ ᠶ᠋ᠢ ᠦᠷᠭᠦᠯᠵᠢᠯᠡᠨ ᠪᠠᠭᠤᠷᠠᠭᠤᠯᠪᠡ᠃ ᠴᠢᠬᠤᠯᠠ ᠠᠮᠢ ᠠᠬᠤᠶ ᠶ᠋ᠢᠨ ᠱᠢᠰᠲ᠋ᠧᠮ ᠢ᠋ ᠬᠠᠮᠠᠭᠠᠯᠠᠬᠤ ᠪᠠ ᠵᠠᠰᠠᠨ ᠰᠡᠷᠭᠦᠭᠡᠬᠦ᠌ ᠴᠢᠬᠤᠯᠠ ᠶᠡᠭᠡ ᠢᠨᠵᠧᠨᠧᠷᠢᠩ ᠢ᠋ ᠭᠦᠨᠵᠡᠭᠡᠢᠷᠡᠬᠦᠯᠦᠨ ᠬᠡᠷᠡᠭ᠌ᠵᠢᠭᠦᠯᠵᠦ᠍᠂ ᠴᠦᠯᠯᠡᠷᠬᠡᠭᠵᠢᠭ᠌ᠰᠡᠨ᠂ ᠡᠯᠡᠰᠦᠷᠬᠡᠭᠵᠢᠭ᠌ᠰᠡᠨ ᠭᠠᠵᠠᠷ ᠱᠢᠷᠣᠶ ᠶ᠋ᠢᠨ ᠲᠠᠯᠠᠪᠠᠢ ᠵᠢᠨ《ᠬᠤᠶᠠᠷ ᠪᠠᠭᠤᠷᠠᠯᠳᠠ》ᠵᠢ ᠦᠷᠭᠦᠯᠵᠢᠯᠡᠨ ᠪᠡᠶᠡᠯᠡᠭᠦᠯᠪᠡ᠃ ᠭᠤᠤᠯᠳᠠᠯᠭ᠎ᠠ ᠲᠠᠢ ᠠᠵᠢᠯ ᠲᠥᠷᠥᠯ ᠤ᠋ᠨ ᠡᠨᠧᠷᠭᠢ ᠠᠷᠪᠢᠯᠠᠵᠤ ᠨᠡᠭᠦᠷᠡᠰᠦᠲᠥ᠋ᠷᠥᠭ᠌ᠴᠢ ᠶ᠋ᠢᠨ ᠭᠠᠳᠠᠭ᠍ᠰᠢᠯᠠᠭᠤᠯᠤᠯᠳᠠ ᠶ᠋ᠢ ᠪᠠᠭᠤᠷᠠᠭᠤᠯᠬᠤ ᠥᠭᠡᠷᠡᠴᠢᠯᠡᠯᠲᠡ ᠶ᠋ᠢ ᠠᠬᠢᠭᠤᠯᠤᠨ᠂ ᠱᠢᠨ᠎ᠡ ᠡᠨᠧᠷᠭᠢ ᠶ᠋ᠢ ᠨᠡᠭᠡᠭᠡᠨ ᠠᠱᠢᠭ᠍ᠯᠠᠬᠤ ᠶ᠋ᠢ ᠠᠬᠢᠭᠤᠯᠵᠤ᠂ ᠴᠢᠯᠠᠭᠤᠵᠢᠮᠠᠯ ᠪᠤᠰᠤ ᠡᠨᠧᠷᠭᠢ ᠶ᠋ᠢᠨ ᠴᠠᠬᠢᠯᠭᠠᠨ ᠭᠠᠷᠭᠠᠯᠳᠠ ᠵᠢᠨ ᠬᠡᠮᠵᠢᠶ᠎ᠡ ᠶ᠋ᠢᠨ ᠶᠡᠷᠦᠩᠬᠡᠶ ᠴᠠᠬᠢᠯᠭᠠᠨ ᠭᠠᠷᠭᠠᠯᠳᠠ ᠵᠢᠨ ᠬᠡᠮᠵᠢᠶᠡᠨ ᠳ᠋ᠡᠬᠢ ᠡᠵᠡᠯᠡᠬᠦ᠌ ᠬᠤᠪᠢ ᠵᠢᠨ ᠵᠢᠩ 40% ᠳ᠋ᠥ᠍ ᠤᠢ᠍ᠢᠷᠠᠲᠤᠵᠠᠢ᠃ ᠪᠦᠬᠦ᠌ ᠤᠯᠤᠰ ᠤ᠋ᠨ ᠬᠦᠯᠡᠮᠵᠢ ᠶ᠋ᠢᠨ ᠬᠡᠢ ᠭᠠᠳᠠᠭ᠍ᠰᠢᠯᠠᠭᠤᠯᠬᠤ ᠬᠡᠮᠵᠢᠶ᠎ᠡ ᠶ᠋ᠢ ᠰᠠᠢᠨ ᠳᠤᠷ᠎ᠠ ᠡᠴᠡ ᠪᠠᠨ ᠪᠠᠭᠠᠰᠭᠠᠬᠤ ᠠᠷᠠᠯᠵᠢᠶᠠᠨ ᠤ᠋ ᠵᠠᠬ᠎ᠠ ᠳᠡᠯᠭᠡᠭᠦᠷ ᠢ᠋ ᠡᠬᠢᠯᠡᠭᠦᠯᠪᠡ᠃ ᠪᠦᠬᠦ᠌ ᠤᠯᠤᠰ ᠤ᠋ᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ ᠵᠢᠨ ᠠᠷᠠᠯᠵᠢᠶ᠎ᠠ ᠨᠡᠩ ᠬᠥᠭ᠌ᠵᠢᠶᠡᠨᠲᠡᠶ ᠪᠣᠯᠪᠠ᠃

ᠲᠤᠯᠤᠭ᠎ᠠ ᠳ᠋ᠤ᠂  ᠵᠠᠰᠠᠭ ᠤ᠋ᠨ ᠣᠷᠳᠣᠨ ᠤ᠋ ᠪᠠᠢᠭᠤᠯᠤᠯᠲᠠ ᠪᠠ ᠵᠠᠰᠠᠯᠲᠠ ᠵᠢᠨ ᠱᠢᠨ᠎ᠡ ᠶ᠋ᠢ ᠡᠭᠦᠳᠬᠦ᠌ ᠶ᠋ᠢ ᠴᠢᠩᠭᠠᠳᠭᠠᠵᠤ᠂ ᠨᠡᠢᠭᠡᠮ ᠤ᠋ᠨ ᠡᠶ᠎ᠡ ᠵᠣᠬᠢᠴᠠᠯ ᠪᠠ ᠲᠣᠭ᠍ᠲᠠᠭᠤᠨ ᠪᠠᠢᠳᠠᠯ ᠢ᠋ ᠪᠠᠲᠤᠯᠠᠪᠠ

ᠨᠠᠮ ᠤ᠋ᠨ ᠲᠥᠪ ᠬᠣᠷᠢᠶ᠎ᠠ ᠵᠢᠨ ᠨᠠᠮ ᠢ᠋ ᠪᠦᠬᠦ᠌ ᠲᠠᠯ᠎ᠠ ᠪᠠᠷ ᠴᠢᠩᠭ᠎ᠠ ᠵᠠᠰᠠᠬᠤ ᠪᠠᠢᠯᠳᠤᠬᠤ ᠪᠣᠳᠣᠯᠭ᠎ᠠ ᠶ᠋ᠢᠨ ᠪᠠᠢᠷᠢᠯᠠᠭᠤᠯᠤᠯᠲᠠ ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ ᠤ᠋ᠨ ᠲᠥᠪ ᠬᠣᠷᠢᠶ᠎ᠠ ᠵᠢᠨ ᠨᠠᠢ᠍ᠮᠠᠨ ᠵᠤᠷᠪᠤᠰ ᠲᠣᠭ᠍ᠲᠠᠭᠠᠯ ᠤ᠋ᠨ ᠵᠣᠷᠢᠭ ᠰᠠᠨᠠᠭ᠎ᠠ ᠶ᠋ᠢ ᠴᠢᠩᠭ᠎ᠠ ᠨᠠᠢᠳᠠᠪᠤᠷᠢᠵᠢᠭᠤᠯᠤᠨ᠂ ᠨᠠᠮ ᠤ᠋ᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ ᠢ᠋ ᠯᠠᠪᠳᠠᠭᠤᠨ ᠪᠠᠲᠤᠲᠠᠶ ᠥᠷᠨᠢᠭᠦᠯᠵᠦ᠍᠂ ᠬᠡᠯᠪᠡᠷᠢᠴᠢ ᠦᠵᠡᠯ ᠢ᠋ ᠶᠡᠭᠡ ᠪᠠᠷ ᠴᠡᠭ᠌ᠴᠡᠯᠡᠨ ᠵᠠᠰᠠᠵᠤ᠂ ᠦᠨᠳᠦᠰᠦᠨ ᠱᠠᠲᠤᠨ ᠤ᠋ ᠳᠠᠷᠤᠭᠠᠰᠤ ᠵᠢ ᠦᠨᠡᠨ ᠬᠦ᠌ ᠬᠥᠩᠭᠡᠷᠡᠭᠦᠯᠤᠨ ᠂ ᠤᠯᠠᠨ ᠲᠦᠮᠡᠨ ᠤ᠋ ᠳᠡᠷᠭᠡᠳᠡᠬᠢ ᠲᠥᠪ ᠪᠤᠰᠤ ᠰᠤᠷᠲᠠᠯ ᠢ᠋ ᠭᠦᠨᠵᠡᠭᠡᠶ ᠵᠠᠰᠠᠵᠤ᠂ ᠨᠠᠮ ᠤ᠋ᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠢᠭᠤᠯᠤᠯᠲᠠ ᠪᠣᠯᠣᠨ ᠢᠯᠵᠢᠷᠠᠯ ᠢ᠋ ᠡᠰᠡᠷᠭᠦᠴᠡᠬᠦ᠌ ᠲᠡᠮᠡᠴᠡᠯ ᠢ᠋ ᠦᠷᠭᠦᠯᠵᠢᠯᠡᠨ ᠴᠢᠩᠭᠠᠳᠭᠠᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠵᠢ ᠭᠦᠨᠵᠡᠭᠡᠢᠷᠡᠬᠦᠯᠦᠨ ᠠᠬᠢᠭᠤᠯᠪᠡ᠃ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠪᠠᠢᠩᠭᠤ ᠵᠢᠨ ᠬᠤᠷᠢᠶ᠎ᠠ ᠳ᠋ᠤ 19 ᠬᠤᠪᠢ ᠬᠠᠤᠯᠢ ᠴᠠᠭᠠᠵᠠ ᠵᠢᠨ ᠰᠠᠨᠠᠯ ᠵᠥᠪᠯᠡᠯᠭᠡ ᠵᠢ ᠬᠢᠨᠠᠨ ᠶᠠᠷᠢᠯᠴᠠᠭᠤᠯᠬᠤ ᠪᠠᠷ ᠳᠡᠪᠱᠢᠭᠦᠯᠵᠦ᠍ ᠂ 28 ᠬᠤᠪᠢ ᠵᠠᠰᠠᠭ ᠵᠠᠬᠢᠷᠭᠠᠨ ᠤ᠋ ᠬᠠᠤᠯᠢ ᠲᠣᠭ᠍ᠲᠠᠭᠠᠯ ᠢ᠋ ᠲᠣᠭ᠍ᠲᠠᠭᠠᠭ᠍ᠰᠠᠨ ᠪᠤᠶᠤ ᠵᠠᠰᠠᠨ ᠲᠤᠭ᠍ᠲᠠᠭᠠᠪᠠ᠃ ᠤᠬᠠᠮᠰᠠᠷ ᠡᠴᠡ ᠪᠠᠨ ᠬᠠᠤᠯᠢ ᠶᠣᠰᠣᠭᠠᠷ ᠬᠢᠨᠠᠯᠲᠠ ᠵᠢ ᠬᠦᠯᠢᠶᠡᠪᠡ᠃ ᠠᠷᠠᠳ ᠤ᠋ᠨ ᠲᠥᠯᠥᠭᠡᠯᠡᠭ᠌ᠴᠢᠳ ᠤ᠋ᠨ ᠶᠡᠭᠡ ᠬᠤᠷᠠᠯ ᠤ᠋ᠨ ᠲᠥᠯᠥᠭᠡᠯᠡᠭ᠌ᠴᠢᠳ ᠤ᠋ᠨ ᠰᠠᠨᠠᠭᠤᠯᠭ᠎ᠠ ᠪᠠ ᠤᠯᠤᠰ ᠲᠦᠷᠦ᠍ ᠶ᠋ᠢᠨ ᠵᠥᠪᠯᠡᠯᠭᠡᠨ ᠤ᠋ ᠭᠡᠱᠢᠭᠦᠳ ᠤ᠋ᠨ ᠰᠠᠨᠠᠯ ᠳᠤᠷᠠᠳᠤᠯᠭ᠎ᠠ ᠵᠢ ᠬᠢᠨᠠᠮᠠᠭᠠᠶ ᠱᠢᠢᠳᠪᠦᠷᠢᠯᠡᠪᠡ᠃ ᠵᠠᠰᠠᠭ ᠵᠠᠬᠢᠷᠭᠠᠨ ᠤ᠋ ᠬᠠᠤᠯᠢ ᠬᠡᠷᠡᠭ᠌ᠵᠢᠭᠦᠯᠦᠯᠲᠡ ᠳ᠋ᠤ ᠬᠢᠨᠠᠯᠲᠠ ᠲᠠᠯᠪᠢᠬᠤ ᠪᠠᠨ ᠴᠢᠩᠭᠠᠳᠭᠠᠵᠤ᠂ ᠠᠵᠤ ᠠᠬᠤᠢᠯᠠᠯ ᠳ᠋ᠤ ᠬᠤᠯᠪᠣᠭ᠍ᠳᠠᠬᠤ ᠵᠠᠰᠠᠭ ᠵᠠᠬᠢᠷᠭᠠᠨ ᠤ᠋ ᠪᠠᠢᠴᠠᠭᠠᠯᠲᠠ ᠶ᠋ᠢ ᠵᠢᠷᠤᠮᠵᠢᠭᠤᠯᠪᠠ᠃《ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ᠋ ᠪᠦᠲᠦᠭᠡᠬᠦ᠌》ᠬᠤᠶᠠᠷ ᠪᠦᠯᠦᠭ ᠭᠤᠤᠯᠳᠠᠯᠭ᠎ᠠ ᠲᠠᠢ ᠵᠦᠢᠯᠡᠰ ᠤ᠋ᠨ ᠲᠣᠲᠣᠷᠬᠠᠢ ᠬᠠᠭᠤᠳᠠᠰᠤ ᠶ᠋ᠢ ᠨᠡᠢᠲᠡᠯᠡᠵᠦ᠍ ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡᠨ ᠤ᠋ ᠴᠢᠳᠠᠪᠤᠷᠢ ᠵᠢ ᠪᠦᠬᠦᠯᠢ ᠴᠣᠭ᠍ᠴᠠ ᠪᠠᠷ ᠨᠢ ᠳᠡᠭᠡᠭ᠌ᠰᠢᠯᠡᠭᠦᠯᠬᠦ᠌ ᠶ᠋ᠢ ᠠᠬᠢᠭᠤᠯᠪᠠ ᠃ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠶᠡᠷᠦᠩᠬᠡᠢᠯᠡᠭ᠌ᠰᠡᠨ ᠱᠢᠪᠠᠳᠠᠨ ᠪᠠᠢᠴᠠᠭᠠᠯᠲᠠ ᠥᠷᠨᠢᠭᠦᠯᠪᠡ᠃ ᠨᠡᠢᠭᠡᠮ ᠤ᠋ᠨ ᠵᠠᠰᠠᠯᠲᠠ ᠶ᠋ᠢᠨ ᠲᠠᠯ᠎ᠠ ᠪᠠᠷ ᠱᠢᠨ᠎ᠡ ᠵᠢ ᠡᠭᠦᠳᠴᠦ᠍ ᠲᠡᠭᠦᠯᠳᠡᠷᠵᠢᠭᠦᠯᠪᠡ᠃ ᠵᠥᠷᠢᠴᠡᠯ ᠵᠠᠭᠤᠷᠠᠯᠳᠤᠭᠠᠨ ᠢ᠋ ᠵᠢᠭᠰᠠᠭᠠᠨ ᠪᠠᠢᠴᠠᠭᠠᠵᠤ ᠱᠢᠢᠳᠪᠦᠷᠢᠯᠡᠬᠦ᠌ ᠠᠵᠢᠯ ᠢ᠋ ᠴᠢᠩᠭᠠᠳᠭᠠᠵᠤ᠂ ᠵᠠᠬᠢᠳᠠᠯ ᠰᠤᠷᠪᠤᠯᠵᠢᠯᠠᠯ ᠤ᠋ᠨ ᠠᠵᠢᠯ ᠢ᠋ ᠬᠠᠤᠯᠢ ᠪᠠᠷ ᠵᠠᠰᠠᠬᠤ ᠵᠢ ᠠᠬᠢᠭᠤᠯᠪᠠ᠃ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ ᠪᠠ ᠠᠶᠤᠯᠬᠦᠢ ᠦᠢᠯᠡᠳᠪᠦᠷᠢᠯᠡᠯ ᠢ᠋ ᠴᠢᠩᠭᠠᠷᠠᠭᠤᠯᠵᠤ᠂ ᠱᠢᠲᠠᠮᠠᠬᠠᠶ ᠬᠡᠶ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠵᠡᠷᠭᠡ ᠵᠢᠨ ᠠᠮᠤᠷ ᠲᠦᠪᠱᠢᠨ ᠤ᠋ ᠬᠡᠮ ᠰᠤᠭᠤᠭ ᠢ᠋ ᠪᠥᠬᠦ᠌ ᠬᠡᠯᠬᠢᠶᠡᠨ ᠳ᠋ᠤᠨᠢ ᠲᠤᠰᠭᠠᠶ ᠵᠦᠢᠯ ᠵᠢᠡᠷ ᠴᠡᠭ᠌ᠴᠡᠯᠡᠨ ᠵᠠᠰᠠᠬᠤ ᠠᠵᠢᠯ ᠥᠷᠨᠢᠭᠦᠯᠪᠡ᠃ ᠦᠶᠡᠷ ᠤᠰᠤᠲᠤᠯ᠂ ᠲᠠᠢᠹᠧᠩ ᠰᠠᠯᠬᠢ᠂ ᠭᠠᠵᠠᠷ ᠬᠥᠳᠡᠯᠦᠯᠲᠡ ᠵᠡᠷᠭᠡ ᠪᠠᠢᠭᠠᠯᠢ ᠶ᠋ᠢᠨ ᠭᠠᠮᠱᠢᠭ ᠢ᠋ ᠪᠦᠲᠦᠮᠵᠢᠲᠡᠶ ᠰᠡᠷᠭᠡᠢᠯᠡᠨ ᠠᠷᠭᠠᠴᠠᠭᠠᠪᠡ ᠃ ᠤᠯᠤᠰ ᠤ᠋ᠨ ᠠᠮᠤᠷ ᠲᠦᠪᠱᠢᠨ ᠤ᠋ ᠱᠢᠰᠲ᠋ᠧᠮ ᠢ᠋ ᠲᠡᠭᠦᠯᠳᠡᠷᠵᠢᠭᠦᠯᠪᠡ᠃ ᠬᠡᠲᠦᠷᠡᠮᠡᠬᠡᠶ ᠬᠡᠷᠡᠭ ᠪᠠ ᠬᠡᠳᠦᠷᠡᠮᠡᠬᠡᠢ ᠬᠡᠷᠡᠭ ᠶᠠᠪᠤᠳᠠᠯ ᠭᠠᠷᠬᠤ ᠶ᠋ᠢ ᠴᠢᠩᠭ᠎ᠠ ᠰᠡᠷᠭᠡᠢᠯᠡᠨ᠂ ᠬᠠᠷ᠎ᠠ ᠬᠤᠤᠷᠳᠠᠢ ᠶᠠᠯᠠᠲᠤ ᠠᠵᠢᠯᠯᠠᠭ᠎ᠠ ᠵᠢ ᠬᠠᠤᠯᠢ ᠶᠣᠰᠣᠭᠠᠷ ᠴᠢᠩᠭ᠎ᠠ ᠱᠢᠢᠳᠭᠡᠵᠦ᠍᠂ ᠠᠷᠠᠳ ᠣᠯᠠᠨ ᠤ᠋ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠱᠢᠨ ᠪᠠ ᠨᠡᠢᠭᠡᠮ ᠤ᠋ᠨ ᠲᠣᠭ᠍ᠲᠠᠭᠤᠨ ᠪᠠᠢᠳᠠᠯ ᠢ᠋ ᠪᠥᠬᠦ᠌ ᠬᠦᠴᠦᠨ ᠵᠢᠡᠷ ᠵᠢᠡᠨ ᠪᠠᠲᠤᠯᠠᠪᠠ ᠃

ᠥᠩᠭᠡᠷᠡᠭ᠌ᠰᠡᠨ ᠨᠢᠭᠡ ᠵᠢᠯ ᠳ᠋ᠤ ᠣᠯᠤᠭ᠍ᠰᠠᠨ ᠠᠮᠵᠢᠯᠲᠠ ᠪᠦᠲᠦᠮᠵᠢ ᠵᠢᠨ ᠦᠨᠳᠦᠰᠦᠨ ᠱᠢᠯᠲᠠᠭᠠᠨ ᠨᠢ ᠶᠡᠷᠦᠩᠬᠡᠢ ᠱᠦᠵᠢ ᠰᠢ ᠵᠢᠨ ᠫᠢᠩ ᠡᠴᠡ ᠠᠶᠠᠯᠠᠯ ᠵᠠᠮᠴᠢᠯᠠᠨ ᠴᠢᠭ᠌ᠯᠡᠯ ᠢ᠋ ᠡᠵᠡᠮᠳᠡᠭ᠌ᠰᠡᠨ ᠳ᠋ᠤ ᠪᠤᠢ᠂ ᠰᠢ ᠵᠢᠨ ᠫᠢᠩ ᠤ᠋ᠨ ᠱᠢᠨ᠎ᠡ ᠴᠠᠭ ᠥᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠥᠬᠦᠢ ᠨᠡᠢᠭᠡᠮ ᠵᠢᠷᠤᠮ ᠤ᠋ᠨ ᠦᠵᠡᠯ ᠰᠠᠨᠠᠭᠠᠨ ᠤ᠋ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠳ᠋ᠤ ᠪᠤᠢ᠂ ᠡᠨᠡ ᠪᠤᠯ ᠰᠢ ᠵᠢᠨ ᠫᠢᠩ ᠨᠥᠬᠦᠷ ᠵᠢᠡᠷ ᠭᠤᠤᠯ ᠪᠤᠯᠭᠠᠭᠰᠠᠨ ᠨᠠᠮ ᠤ᠋ᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠵᠢᠨ ᠦᠷ᠎ᠡ ᠳ᠋ᠦᠩ ᠮᠥᠨ ᠂ ᠪᠦᠬᠦ᠌ ᠨᠠᠮ ᠪᠦᠬᠦ᠌ ᠴᠡᠷᠢᠭ ᠪᠦᠬᠦ᠌ ᠤᠯᠤᠰ ᠤ᠋ᠨ ᠦᠨᠳᠦᠰᠦᠲᠡᠨ ᠨᠤᠭᠦᠳ ᠤ᠋ᠨ ᠠᠷᠠᠳ ᠲᠦᠮᠡᠨ ᠤ᠋ ᠪᠦᠯᠬᠦᠮᠳᠡᠨ ᠲᠡᠮᠡᠴᠡᠭ᠌ᠰᠡᠨ ᠤ᠋ ᠦᠷ᠎ᠡ ᠳ᠋ᠦᠩ ᠮᠥᠨ᠃


2025ᠤᠨ᠎ᠤ ᠤ᠋ ᠠᠵᠤ ᠠᠬᠤᠶ ᠨᠡᠢᠭᠡᠮ ᠤ᠋ᠨ ᠬᠥᠭ᠌ᠵᠢᠯᠲᠡ ᠵᠢᠨ ᠶᠡᠷᠦᠩᠬᠡᠶ ᠱᠠᠭᠠᠷᠳᠠᠯᠭ᠎ᠠ ᠪᠠ ᠲᠦᠷᠦ᠍ ᠵᠢᠨ ᠪᠤᠳᠤᠯᠭ᠎ᠠ ᠵᠢᠨ ᠬᠠᠨᠳᠤᠰᠢ 


ᠡᠨᠡ ᠵᠢᠯ ᠪᠣᠯ 《 ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠡᠴᠦᠰ ᠤ᠋ᠨ ᠵᠢᠯ ᠪᠣᠯᠤᠨ᠎ᠠ᠃ ᠵᠠᠰᠠᠭ ᠤ᠋ᠨ ᠣᠷᠳᠣᠨ ᠤ᠋  ᠠᠵᠢᠯ   ᠢ᠋   ᠰᠠᠢᠲᠤᠷ   ᠬᠢᠬᠦ᠌   ᠳ᠋ᠤ᠂ ᠰᠢ ᠵᠢᠨ ᠫᠢᠩ ᠨᠥᠬᠦᠷ ᠵᠢᠡᠷ ᠭᠤᠤᠯ ᠪᠤᠯᠭᠠᠭᠰᠠᠨ ᠨᠠᠮ ᠤ᠋ᠨ ᠲᠥᠪ ᠬᠣᠷᠢᠶ᠎ᠠ ᠵᠢᠨ ᠪᠠᠳᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ ᠤ᠋ᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤ᠋ᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ᠋ ᠲᠥᠪ ᠬᠣᠷᠢᠶ᠎ᠠ ᠵᠢᠨ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤ᠋ᠨ ᠵᠣᠷᠢᠭ ᠰᠠᠨᠠᠭ᠎ᠠ ᠵᠢ ᠪᠦᠬᠦ᠌ ᠲᠠᠯ᠎ᠠ ᠪᠠᠷ ᠲᠤᠭᠤᠱᠢᠯᠠᠭᠤᠯᠤᠨ ᠨᠠᠢᠳᠠᠪᠤᠷᠢᠵᠢᠭᠤᠯᠵᠤ ᠂ ᠲᠤᠬ᠍ᠲᠠᠭᠤᠨ ᠤ᠋ ᠲᠤᠮᠳᠠ ᠠᠬᠢᠯᠳᠠ ᠲᠠᠢ ᠪᠠᠢᠯᠭᠠᠬᠤ ᠠᠵᠢᠯ ᠤ᠋ᠨ ᠶᠡᠷᠦᠩᠬᠡᠢ ᠬᠦᠭ ᠠᠶᠠᠰ ᠢ᠋ ᠪᠠᠷᠢᠮᠲᠠᠯᠠᠨ᠂ ᠱᠢᠨ᠎ᠡ ᠬᠥᠭ᠌ᠵᠢᠯᠲᠡ ᠵᠢᠨ ᠣᠢᠯᠠᠭᠠᠭ᠍ᠳᠠᠬᠤᠨ ᠢ᠋ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ ᠶ᠋ᠢᠨ ᠪᠠᠢᠷᠢᠱᠢᠯ ᠢ᠋ ᠲᠦᠷᠭᠡᠳᠬᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ ᠵᠢ ᠯᠠᠪᠳᠠᠭᠤᠨ ᠪᠠᠲᠤᠲᠠᠶ ᠠᠬᠢᠭᠤᠯᠤᠨ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ᠌ ᠲᠠᠯ᠎ᠠ ᠪᠠᠷ ᠭᠦᠨᠵᠡᠭᠡᠢᠷᠡᠭᠦᠯᠵᠤ᠂ ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠲᠡ ᠵᠢ ᠥᠷᠭᠡᠳᠭᠡᠨ᠂ ᠣᠳᠣᠬᠢᠴᠢᠯᠠᠭ᠍ᠰᠠᠨ ᠠᠵᠤ ᠦᠢᠯᠡᠰ ᠤ᠋ᠨ ᠱᠢᠰᠲ᠋ᠧᠮ ᠢ᠋ ᠪᠠᠢᠭᠤᠯᠵᠤ᠂ ᠬᠥᠭ᠌ᠵᠢᠯᠲᠡ ᠪᠣᠯᠤᠨ ᠠᠮᠤᠷ ᠲᠦᠪᠱᠢᠨ ᠢ᠋ ᠨᠡᠩ ᠰᠠᠢᠨ ᠨᠢᠭᠡᠳᠦᠯᠲᠡᠶ ᠲᠥᠯᠥᠪᠯᠡᠨ᠂ ᠨᠡᠩ ᠢᠳᠡᠪᠬᠢᠲᠡᠶ ᠪᠦᠬᠡᠳ ᠪᠦᠳᠦᠮᠵᠢᠳᠠᠢ ᠬᠤᠷᠸ᠎ᠠ ᠲᠥᠷᠥ ᠵᠢᠨ ᠪᠣᠳᠣᠯᠭ᠎ᠠ ᠵᠢ ᠬᠡᠷᠡᠭ᠌ᠵᠢᠭᠦᠯᠵᠤ ᠂ ᠤᠯᠤᠰ ᠤ᠋ᠨ ᠳᠣᠲᠣᠭᠠᠳᠤ ᠶ᠋ᠢᠨ ᠬᠡᠷᠡᠭ᠌ᠴᠡᠭᠡ ᠶ᠋ᠢ ᠥᠷᠭᠡᠳᠭᠡᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠶ᠋ᠢ ᠡᠭᠦᠳᠬᠦ᠌ ᠪᠠ ᠠᠵᠤ ᠦᠢᠯᠡᠰ ᠤ᠋ᠨ ᠱᠢᠨ᠎ᠡ ᠵᠢ ᠡᠭᠦᠳᠬᠦ᠌ ᠶ᠋ᠢ ᠠᠭᠤᠰᠤᠯᠴᠠᠭᠤᠯᠤᠨ ᠬᠥᠭ᠌ᠵᠢᠬᠦᠯᠬᠦ᠌ ᠵᠢ ᠠᠬᠢᠭᠤᠯᠵᠤ᠂ ᠲᠠᠸᠠᠷ ᠤ᠋ᠨ ᠪᠠᠢᠱᠢᠩ ᠤ᠋ᠨ ᠵᠠᠬ᠎ᠠ ᠳᠡᠯᠭᠡᠭᠦᠷ ᠰᠲ᠋ᠣᠺ ᠤ᠋ᠨ ᠵᠠᠬ᠎ᠠ ᠳᠡᠯᠭᠡᠭᠦᠷ ᠢ᠋ ᠲᠣᠭ᠍ᠲᠠᠪᠤᠷᠢᠵᠢᠭᠤᠯᠤᠨ᠂ ᠭᠤᠣᠯᠳᠠᠯᠭ᠎ᠠ ᠲᠠᠢ ᠬᠦᠷᠢᠶᠡᠨ ᠳ᠋ᠠᠬᠢ ᠠᠶᠤᠯ ᠲᠦᠭ᠌ᠰᠢᠭᠦᠷᠢ ᠪᠠ ᠭᠠᠳᠠᠨᠠᠬᠢ ᠶ᠋ᠢᠨ ᠳᠠᠭᠠᠷᠢᠯᠲᠠ ᠵᠢ ᠰᠡᠷᠭᠡᠢᠯᠡᠨ ᠠᠷᠢᠯᠭᠠᠵᠤ ᠂ ᠵᠢᠱ᠌ᠢᠯᠲᠡ ᠵᠢ ᠲᠣᠭ᠍ᠲᠠᠪᠤᠷᠢᠵᠢᠭᠤᠯᠤᠨ ᠠᠮᠢᠵᠢᠷᠠᠯ ᠤ᠋ᠨ ᠬᠦᠴᠦᠨ ᠢ᠋ ᠬᠥᠭ᠌ᠵᠢᠭᠡᠵᠦ᠍᠂ ᠠᠵᠤ ᠠᠬᠤᠢ ᠵᠢᠨ ᠦᠷᠭᠦᠯᠵᠢᠯᠡᠨ ᠰᠡᠷᠭᠦᠨ ᠰᠠᠢᠵᠢᠷᠠᠬᠤ ᠵᠢ ᠠᠬᠢᠭᠤᠯᠤᠨ᠂ ᠠᠷᠠᠳ ᠲᠦᠮᠡᠨ ᠤ᠋ ᠠᠮᠢᠳᠤᠷᠠᠯ ᠤ᠋ᠨ ᠲᠦᠪᠱᠢᠨ ᠢ᠋ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠨᠡᠢᠭᠡᠮ ᠤ᠋ᠨ ᠡᠶ᠎ᠡ ᠵᠣᠬᠢᠴᠠᠯ ᠪᠠ ᠲᠣᠭ᠍ᠲᠠᠭᠤᠨ ᠪᠠᠢᠳᠠᠯ ᠢ᠋ ᠪᠠᠲᠤᠯᠠᠨ᠂ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠠᠷᠠᠯᠲᠠ ᠡᠭᠦᠷᠭᠡ ᠶ᠋ᠢ ᠴᠢᠨᠠᠷ ᠰᠠᠢᠲᠠᠶ ᠪᠡᠶᠡᠯᠡᠭᠦᠯᠵᠦ᠍ ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠰᠠᠢᠨ ᠰᠠᠢᠬᠠᠨ ᠡᠬᠢᠯᠡᠯᠲᠡ ᠵᠢ ᠪᠡᠶᠡᠯᠡᠭᠦᠯᠬᠦ᠌ ᠳ᠋ᠤ ᠪᠠᠲᠤ ᠪᠠᠬᠢ ᠰᠠᠭᠤᠷᠢ ᠶ᠋ᠢ ᠲᠠᠯᠪᠢᠵᠤ ᠥᠭ᠌ᠭᠦᠨ᠎ᠠ᠃

ᠡᠨᠡ  ᠵᠢᠯ  ᠤ᠋ᠨ  ᠬᠥᠭ᠌ᠵᠢᠯᠲᠡ ᠵᠢᠨ   ᠭᠤᠤᠯ  ᠵᠢᠱ᠌ᠢᠭ᠌ᠰᠡᠨ ᠬᠠᠷᠠᠯᠲᠠ ᠄ ᠤᠯᠤᠰ ᠤ᠋ᠨ ᠳᠣᠲᠣᠭᠠᠳᠤ ᠶ᠋ᠢᠨ ᠦᠢᠯᠡᠳᠪᠦᠷᠢᠯᠡᠯ ᠤ᠋ᠨ ᠶᠡᠷᠤᠩᠬᠡᠢ ᠦᠷᠲᠡᠭ ᠢ᠋ 5% ᠣᠷᠴᠢᠮ ᠵᠢᠡᠷ ᠨᠡᠮᠡᠭ᠌ᠳᠡᠭᠦᠯᠦᠨ᠎ᠡ; ᠬᠤᠳᠠ ᠪᠠᠯᠭᠠᠰᠤᠨ ᠤ᠋ ᠪᠠᠢᠴᠠᠭᠠᠭ᠍ᠰᠠᠨ ᠠᠵᠢᠯ ᠠᠯᠳᠠᠯᠲᠠ ᠵᠢᠨ ᠨᠤᠷᠮ᠎ᠠ ᠶ᠋ᠢ 5.5% ᠣᠷᠴᠢᠮ ᠪᠠᠢᠯᠭᠠᠵᠤ᠂ ᠬᠤᠳᠠ ᠪᠠᠯᠭᠠᠰᠤᠨ ᠳ᠋ᠤ ᠠᠵᠢᠯ ᠤᠯᠤᠭ᠍ᠰᠠᠨ ᠬᠦᠮᠦᠨ ᠢ᠋ 1200 ᠲᠦᠮᠡ ᠡᠴᠡ ᠳᠡᠭᠡᠭ᠌ᠰᠢ ᠱᠢᠨ᠎ᠡ ᠪᠠᠷ ᠨᠡᠮᠡᠭ᠌ᠳᠡᠭᠦᠯᠦᠨ᠎ᠡ; ᠰᠠᠭᠤᠭᠠᠯᠢ ᠠᠷᠠᠳ ᠤ᠋ᠨ ᠬᠡᠷᠡᠭ᠌ᠯᠡᠭᠡᠨ ᠤ᠋ ᠦᠨ᠎ᠡ ᠵᠢᠨ ᠥᠰᠥᠯᠲᠡ ᠶ᠋ᠢᠨ ᠬᠡᠮᠵᠢᠶ᠎ᠡ ᠶ᠋ᠢ 2% ᠣᠷᠴᠢᠮ ᠪᠠᠢᠯᠭᠠᠨ᠎ᠠ; ᠰᠠᠭᠤᠭᠠᠯᠢ ᠠᠷᠠᠳ ᠤ᠋ᠨ ᠣᠷᠣᠯᠭ᠎ᠠ ᠶ᠋ᠢᠨ ᠨᠡᠮᠡᠭ᠌ᠳᠡᠯ ᠪᠣᠯᠤᠨ ᠠᠵᠤ ᠠᠬᠤᠢ ᠵᠢᠨ ᠨᠡᠮᠡᠭ᠌ᠳᠡᠯ ᠢ᠋ ᠵᠢᠭ᠌ᠳᠡ ᠪᠠᠢᠯᠭᠠᠨ᠎ᠠ; ᠤᠯᠤᠰ ᠤ᠋ᠨ ᠬᠤᠭᠤᠷᠣᠨᠳᠣᠬᠢ ᠣᠷᠣᠯᠭ᠎ᠠ ᠵᠠᠷᠤᠯᠭ᠎ᠠ ᠶ᠋ᠢ ᠦᠨᠳᠦᠰᠦᠨ ᠳ᠋ᠡᠭᠡᠨ ᠲᠡᠩᠴᠡᠭᠦᠷᠢᠲᠡᠶ ᠪᠠᠢᠯᠭᠠᠨ᠎ᠠ; ᠠᠮᠤ ᠪᠤᠳᠠᠭᠠᠨ ᠤ᠋ ᠤᠨᠠᠯᠲᠠ ᠶ᠋ᠢ 1.4 ᠲᠦᠮᠡᠨ ᠳ᠋ᠦᠩᠱᠢᠭᠤᠷ ᠵᠢᠩ ᠣᠷᠴᠢᠮ ᠪᠠᠢᠯᠭᠠᠨ᠎ᠠ; ᠨᠢᠭᠡᠴᠢ ᠤᠯᠤᠰ ᠤ᠋ᠨ ᠳᠣᠲᠣᠭᠠᠳᠤ ᠵᠢᠨ ᠦᠢᠯᠡᠳᠪᠦᠷᠢᠯᠡᠯ ᠤ᠋ᠨ ᠶᠡᠷᠤᠩᠬᠡᠢ ᠦᠷᠲᠡᠭ ᠤ᠋ᠨ ᠡᠨᠧᠷᠭᠢ ᠶ᠋ᠢᠨ ᠬᠤᠷᠣᠭ᠍ᠳᠠᠭᠤᠯᠤᠯ ᠢ᠋ 3% ᠣᠷᠴᠢᠮ ᠵᠢᠡᠷ ᠪᠠᠭᠤᠷᠠᠭᠤᠯᠵᠤ᠂ ᠠᠮᠢ ᠠᠬᠤᠶ ᠣᠷᠴᠢᠨ ᠲᠤᠭᠤᠷᠢᠨ ᠤ᠋ ᠶᠠᠰᠤ ᠴᠢᠨᠠᠷ ᠢ᠋ ᠦᠷᠭᠦᠯᠵᠢᠯᠡᠨ ᠰᠠᠢᠵᠢᠷᠠᠭᠤᠯᠤᠨ᠎ᠠ ᠃

ᠡᠨᠡ ᠵᠢᠯ ᠤ᠋ᠨ ᠠᠵᠤ ᠠᠬᠤᠢ ᠨᠡᠢᠬᠡᠮ ᠤ᠋ᠨ ᠬᠦᠭᠵᠢᠯᠳᠡ᠎ᠶᠢᠨ ᠲᠦᠷᠦ᠎ᠶᠢᠨ ᠪᠤᠳᠤᠯᠭ᠎ᠠ᠎ᠶᠢᠨ ᠬᠠᠨᠳᠤᠰᠢ᠄ ᠡᠳ᠋ ᠤ᠋ᠨ ᠵᠠᠰᠠᠭ ᠤ᠋ᠨ ᠨᠡᠩ ᠢᠳᠡᠪᠬᠢᠲᠡᠶ ᠲᠦᠷᠦ᠍ ᠵᠢᠨ ᠪᠤᠳᠤᠯᠭ᠎ᠠ ᠵᠢ ᠬᠡᠷᠡᠭ᠌ᠵᠢᠭᠦᠯᠦᠨ᠎ᠡ; ᠵᠣᠬᠢᠰᠲᠠᠶ ᠠᠭᠤᠵᠢᠭᠤ ᠪᠠᠢᠯᠭᠠᠬᠤ ᠵᠣᠭᠤᠰᠣᠨ ᠤ᠋ ᠲᠦᠷᠦ᠍ ᠵᠢᠨ ᠪᠤᠳᠤᠯᠭ᠎ᠠ ᠵᠢ ᠬᠡᠷᠡᠭ᠌ᠵᠢᠭᠦᠯᠦᠨ᠎ᠡ; ᠬᠤᠷᠸ᠎ᠠ ᠲᠥᠷᠥ ᠵᠢᠨ ᠪᠣᠳᠣᠯᠭ᠎ᠠ ᠶ᠋ᠢᠨ ᠠᠷᠠᠳ ᠤ᠋ᠨ ᠠᠮᠢᠳᠤᠷᠠᠯ ᠵᠢᠡᠷ ᠤᠳᠤᠷᠢᠳᠤᠮᠵᠢ ᠪᠤᠯᠭᠠᠬᠤ ᠵᠢ ᠴᠢᠩᠭᠠᠳᠭᠠᠨ᠎ᠠ; ᠬᠠᠮ ᠲᠥᠷᠥ ᠵᠢᠨ ᠪᠣᠳᠣᠯᠭ᠎ᠠ ᠵᠢ ᠰᠠᠢᠲᠤᠷ ᠬᠡᠷᠡᠭ᠌ᠵᠢᠬᠦᠯᠦᠨ᠎ᠡ᠃


2025 ᠣᠨ ᠤ᠋ ᠵᠠᠰᠠᠭ ᠤ᠋ᠨ ᠣᠷᠳᠣᠨ ᠤ᠋ ᠠᠵᠢᠯ ᠤ᠋ᠨ ᠡᠭᠦᠷᠭᠡ


(ᠨᠢᠭᠡ) ᠬᠡᠷᠡᠭ᠌ᠯᠡᠭᠡ ᠵᠢ ᠶᠡᠭᠡ᠎ᠪᠠᠷ ᠬᠥᠭ᠌ᠵᠢᠭᠡᠵᠦ᠍ ᠂ ᠪᠡᠯᠡ ᠣᠷᠣᠭᠤᠯᠤᠯᠲᠠ ᠵᠢᠨ ᠦᠷ᠎ᠡ ᠠᠱᠢᠭ ᠢ᠋ ᠳᠡᠭᠡᠭ᠌ᠰᠢᠯᠡᠭᠦᠯᠦᠨ᠂ ᠤᠯᠤᠰ ᠤ᠋ᠨ ᠳᠣᠲᠣᠭᠠᠳᠤ ᠵᠢᠨ ᠬᠡᠷᠡᠭ᠌ᠴᠡᠭᠡ ᠶ᠋ᠢ ᠪᠦᠬᠦ᠌ ᠲᠠᠯ᠎ᠠ ᠪᠠᠷ ᠥᠷᠭᠡᠳᠭᠡᠨ᠎ᠡ

ᠬᠡᠷᠡᠭ᠌ᠯᠡᠭᠡ ᠵᠢ ᠬᠥᠭ᠌ᠵᠢᠭᠡᠬᠦ᠌ ᠲᠤᠰᠭᠠᠶ ᠠᠵᠢᠯᠯᠠᠭ᠎ᠠ ᠶ᠋ᠢ ᠬᠡᠷᠡᠭ᠌ᠵᠢᠭᠦᠯᠦᠨ᠎ᠡ᠄  ᠬᠡᠷᠡᠭ᠌ᠯᠡᠭᠡ ᠵᠢᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠳᠡᠰ ᠳᠡᠪᠱᠢᠬᠦᠯᠬᠦ᠌ ᠶ᠋ᠢ ᠠᠬᠢᠭᠤᠯᠤᠨ᠎ᠠ ; ᠬᠡᠲᠦ ᠤᠷᠳᠤ ᠬᠤᠭᠤᠴᠠᠭᠠᠨ ᠤ᠋ ᠣᠨᠴᠠᠭᠠᠶ ᠤᠯᠤᠰ ᠤ᠋ᠨ ᠵᠢᠭᠡᠯᠡᠯᠭᠡ ᠶ᠋ᠢ 3000 ᠳ᠋ᠦᠩᠱᠢᠭᠤᠷ ᠲᠥᠭᠦᠷᠢᠭ ᠲᠣᠬᠢᠷᠠᠭᠤᠯᠵᠤ ᠬᠡᠷᠡᠭ᠌ᠯᠡᠭᠡᠨ ᠤ᠋ ᠵᠦᠢᠯ ᠤ᠋ᠨ ᠬᠠᠭᠤᠴᠢᠨ ᠵᠢᠡᠷ ᠱᠢᠨ᠎ᠡ ᠵᠢ ᠰᠣᠯᠢᠬᠤ ᠵᠢ ᠳᠡᠮᠵᠢᠨ᠎ᠡ; ᠳ᠋ᠢᠵᠢᠲ᠋ᠠᠯ᠂ ᠪᠤᠬᠢᠷᠳᠤᠯ ᠦᠬᠡᠢ᠂ ᠤᠶᠤᠯᠢᠭ ᠵᠡᠷᠭᠡ ᠱᠢᠨ᠎ᠡ ᠬᠡᠯᠪᠡᠷᠢ ᠵᠢᠨ ᠬᠡᠷᠡᠭ᠌ᠯᠡᠭᠡ ᠵᠢᠨ ᠬᠥᠭ᠌ᠵᠢᠯᠲᠡ ᠵᠢ ᠲᠦᠷᠭᠡᠳᠭᠡᠨ᠎ᠡ; ᠰᠣᠶᠣᠯ᠂ ᠵᠢᠭᠤᠯᠴᠢᠯᠠᠯ ᠂ ᠪᠡᠶ᠎ᠡ ᠵᠢᠨ ᠲᠠᠮᠢᠷ ᠵᠡᠷᠭᠡ ᠬᠡᠷᠡᠭ᠌ᠯᠡᠭᠡᠨ ᠤ᠋ ᠳᠠᠯᠳᠠ ᠬᠦᠴᠦᠨ ᠢ᠋ ᠪᠠᠳᠠᠷᠠᠭᠤᠯᠤᠨ᠎ᠠ ; ᠭᠠᠢᠯᠢ ᠬᠡᠯᠲᠦᠷᠢᠭᠦᠯᠬᠦ᠌ ᠳᠡᠯᠭᠡᠭᠦᠷ ᠤ᠋ᠨ ᠲᠦᠷᠦ᠍ ᠶ᠋ᠢᠨ ᠪᠤᠳᠤᠯᠭ᠎ᠠ ᠶ᠋ᠢ ᠲᠡᠭᠦᠯᠳᠡᠷᠵᠢᠭᠦᠯᠵᠦ᠍᠂ ᠬᠢᠯᠢ ᠪᠠᠷ ᠣᠷᠣᠵᠤ ᠢᠷᠡᠨ ᠬᠡᠷᠡᠭ᠌ᠯᠡᠭᠡ ᠬᠢᠬᠦ᠌ ᠵᠢ ᠥᠷᠭᠡᠳᠭᠡᠬᠦ᠌ ᠵᠢ ᠠᠬᠢᠭᠤᠯᠤᠨ᠎ᠠ᠃ ᠪᠦᠲᠦᠮᠵᠢᠲᠡᠶ ᠪᠡᠯᠡ ᠣᠷᠣᠭᠤᠯᠤᠯᠲᠠ ᠵᠢ ᠢᠳᠡᠪᠬᠢᠲᠡᠶ ᠥᠷᠭᠡᠳᠭᠡᠨ᠎ᠡ᠄  ᠡᠨᠡ ᠵᠢᠯ ᠲᠥᠪ ᠤ᠋ᠨ ᠲᠥᠰᠦᠪ ᠤ᠋ᠨ ᠳᠣᠲᠣᠷᠠᠬᠢ ᠪᠡᠯᠡ ᠣᠷᠣᠭᠤᠯᠤᠯᠲᠠ ᠶ᠋ᠢ 7350 ᠳ᠋ᠦᠩᠱᠢᠭᠤᠷ ᠲᠥᠭᠦᠷᠢᠭ ᠲᠣᠬᠢᠷᠠᠭᠤᠯᠬᠤ ᠪᠠᠷ ᠲᠥᠯᠥᠪᠯᠡᠵᠦ᠍ ᠪᠠᠢᠨ᠎ᠠ;《ᠨᠢᠭᠡ ᠴᠢᠬᠤᠯᠠ ᠨᠢᠭᠡ ᠭᠤᠤᠯᠳᠠᠯᠭ᠎ᠠ》 ᠵᠢᠨ ᠪᠠᠢᠭᠤᠯᠤᠯᠲᠠ ᠵᠢ ᠨᠡᠩ ᠶᠡᠭᠡ ᠡᠷᠴᠢᠮ ᠵᠢᠡᠷ ᠲᠡᠮᠵᠢᠨ᠎ᠠ; ᠣᠷᠣᠨ ᠨᠤᠲᠤᠭ ᠤ᠋ᠨ ᠵᠠᠰᠠᠭ ᠤ᠋ᠨ ᠣᠷᠳᠣᠨ ᠤ᠋ ᠲᠤᠰᠭᠠᠶ ᠵᠦᠢᠯ ᠤ᠋ᠨ ᠵᠢᠭᠡᠯᠡᠯᠭᠡ ᠵᠢᠨ ᠲᠡᠮᠳᠡᠭ᠌ᠲᠦ᠍ ᠵᠢᠨ ᠬᠠᠮᠢᠶᠠᠷᠤᠯᠲᠠ ᠵᠢᠨ ᠲᠣᠭ᠍ᠲᠠᠴᠠ ᠵᠢ ᠱᠢᠯᠢᠳᠡᠭ᠌ᠵᠢᠭᠦᠯᠤᠨ᠎ᠠ; ᠦᠢᠯᠡᠴᠢᠯᠡᠭᠡᠨ ᠤ᠋ ᠦᠢᠯᠡᠰ ᠤ᠋ᠨ ᠪᠡᠯᠡ ᠣᠷᠣᠭᠤᠯᠤᠯᠲᠠ ᠵᠢᠨ ᠡᠷᠴᠢᠮ ᠢ᠋ ᠴᠢᠩᠭᠠᠷᠠᠭᠤᠯᠦᠨ᠎ᠡ ; ᠠᠷᠠᠳ ᠤ᠋ᠨ ᠪᠡᠯᠡ ᠣᠷᠣᠭᠤᠯᠤᠯᠲᠠ ᠶ᠋ᠢᠨ ᠬᠥᠭ᠌ᠵᠢᠯᠲᠡ ᠵᠢ ᠳᠠᠮᠵᠢᠬᠦ᠌ ᠪᠠ ᠵᠣᠷᠢᠬ᠍ᠵᠢᠭᠤᠯᠤᠨ᠎ᠠ᠃

(ᠬᠤᠶᠠᠷ) ᠭᠠᠵᠠᠷ ᠣᠷᠣᠨ ᠤ᠋ ᠪᠠᠢᠳᠠᠯ ᠳ᠋ᠤᠨᠢ ᠲᠣᠬᠢᠷᠠᠭᠤᠯᠤᠨ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠬᠥᠭ᠌ᠵᠢᠭᠦᠯᠵᠦ᠍᠂ ᠣᠳᠣᠬᠢᠴᠢᠯᠠᠭ᠍ᠰᠠᠨ ᠠᠵᠤ ᠦᠢᠯᠡᠰ ᠤ᠋ᠨ ᠱᠢᠰᠲ᠋ᠧᠮ ᠢ᠋ ᠲᠦᠷᠬᠡᠳᠬᠡᠨ ᠪᠠᠢᠭᠤᠯᠤᠨ᠎ᠠ

ᠱᠢᠨ᠎ᠡ ᠪᠠᠷ ᠮᠠᠨᠳᠤᠭᠰᠠᠨ ᠠᠵᠤ ᠦᠢᠯᠡᠰ᠂ ᠢᠷᠡᠭᠡᠳᠦᠶ ᠵᠢᠨ ᠠᠵᠤ ᠦᠢᠯᠡᠰ ᠢ᠋ ᠪᠤᠢᠵᠢᠭᠤᠯᠤᠨ ᠪᠤᠵᠠᠭᠠᠢᠷᠠᠭᠤᠯᠤᠨ᠎ᠠ᠄  ᠬᠤᠳᠠᠯᠳᠤᠭᠠᠨ ᠤ᠋ ᠰᠠᠨᠰᠠᠷ ᠤ᠋ᠨ ᠠᠶᠠᠯᠠᠯ᠂ ᠤᠢᠷ᠎ᠠ ᠤᠭᠳᠠᠷᠭᠤᠢ ᠵᠢᠨ ᠠᠵᠤ ᠠᠬᠤᠶ ᠵᠡᠷᠭᠡ ᠱᠢᠨ᠎ᠡ ᠪᠠᠷ ᠮᠠᠨᠳᠤᠭᠰᠠᠨ ᠠᠵᠤ ᠦᠢᠯᠡᠰ ᠤ᠋ᠨ ᠠᠮᠤᠷ ᠲᠦᠪᠱᠢᠨ ᠪᠥᠭᠡᠳ ᠡᠷᠡᠭᠦᠯ ᠵᠢᠡᠷ ᠬᠥᠭ᠌ᠵᠢᠬᠦ᠌ ᠵᠢ ᠠᠬᠢᠭᠤᠯᠤᠨ᠎ᠠ; ᠠᠮᠢᠳᠤ ᠪᠣᠳᠠᠰ ᠤ᠋ᠨ ᠦᠢᠯᠡᠳᠬᠦ᠌ ᠦᠢᠯᠡᠰ᠂ ᠺᠸᠠᠨ᠋ᠲ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠂ EAI ᠂ 6G ᠵᠡᠷᠭᠡ ᠢᠷᠡᠭᠡᠳᠦᠶ ᠶ᠋ᠢᠨ ᠠᠵᠤ ᠦᠢᠯᠡᠰ ᠢ᠋ ᠪᠤᠢᠵᠢᠭᠤᠯᠤᠨ᠎ᠠ; ᠠᠩᠬᠠᠨ ᠤ᠋ ᠡᠭᠦᠳᠦᠯᠲᠡ ᠵᠢᠨ ᠴᠢᠨᠠᠷᠲᠠᠢ ᠰᠠᠭᠤᠷᠢ ᠰᠠᠢᠲᠠᠢ ᠠᠵᠤ ᠠᠬᠤᠢᠯᠠᠯ᠂ ᠪᠠᠳᠠᠷᠠᠩᠭᠤᠢ ᠠᠵᠦ᠍ ᠠᠬᠤᠢᠯᠠᠯ ᠤ᠋ᠨ ᠬᠥᠭ᠌ᠵᠢᠯᠲᠡ ᠵᠢ ᠳᠡᠮᠵᠢᠵᠦ᠍᠂ ᠨᠠᠩ ᠣᠯᠠᠨ ᠠᠵᠤ ᠠᠬᠤᠢᠯᠠᠯ ᠢ᠋ ᠱᠢᠨ᠎ᠡ ᠬᠦᠷᠢᠶ᠎ᠡ ᠱᠢᠨ᠎ᠡ ᠤᠷᠤᠯᠳᠤᠭᠠᠨ ᠤ᠋ ᠵᠠᠮ ᠳ᠋ᠤ《ᠬᠤᠷᠳᠤᠳᠭᠠᠯ》 ᠲᠠᠢ ᠪᠤᠯᠭᠠᠨ᠎ᠠ᠃ ᠤᠯᠠᠮᠵᠢᠯᠠᠯᠲᠤ ᠠᠵᠤ ᠦᠢᠯᠡᠰ ᠢ᠋ ᠥᠭᠡᠷᠡᠴᠢᠯᠡᠨ ᠳᠡᠭᠡᠭ᠌ᠰᠢᠯᠡᠭᠦᠯᠬᠦ᠌ ᠶ᠋ᠢ ᠠᠬᠢᠭᠤᠯᠤᠨ᠎ᠠ ᠄ ᠠᠵᠤ ᠦᠢᠯᠡᠰ ᠤ᠋ᠨ ᠰᠠᠭᠤᠷᠢ ᠶ᠋ᠢ ᠳᠠᠬᠢᠨ ᠴᠤᠭ᠍ᠴᠠᠯᠠᠬᠤ ᠪᠠ ᠴᠢᠬᠤᠯᠠ ᠶᠡᠭᠡ ᠮᠡᠷᠭᠡᠵᠢᠯ ᠤ᠋ᠨ ᠲᠣᠨᠣᠭ᠍ᠯᠠᠯ ᠤ᠋ᠨ ᠪᠡᠷᠭᠡ ᠰᠡᠳᠥᠪ ᠢ᠋ ᠱᠢᠢᠳᠪᠤᠷᠢᠯᠡᠬᠦ᠌ ᠶ᠋ᠢ ᠴᠢᠩᠭᠠᠳᠭᠠᠨ᠎ᠠ ; ᠦᠢᠯᠡᠳᠬᠦ᠌ ᠦᠢᠯᠡᠰ ᠤ᠋ᠨ ᠴᠢᠬᠤᠯᠠ ᠶᠡᠭᠡ ᠮᠡᠷᠭᠡᠵᠢᠯ ᠤ᠋ᠨ ᠦᠭᠡᠷᠡᠴᠢᠯᠡᠯᠲᠡ ᠬᠢᠵᠦ᠍ ᠳᠡᠰ ᠳᠡᠪᠱᠢᠬᠦᠯᠬᠦ᠌ ᠪᠠ ᠶᠡᠭᠡ ᠬᠡᠪᠴᠢᠶᠡᠨ ᠤ᠋ ᠲᠤᠨᠤᠭ ᠲᠦᠬᠦᠬᠡᠷᠤᠮᠵᠢ ᠶ᠋ᠢ ᠱᠢᠨᠡᠳᠭᠡᠬᠦ᠌ ᠢᠨᠵᠧᠨᠧᠷᠢᠩ ᠢ᠋ ᠭᠦᠨᠵᠡᠭᠡᠢᠷᠡᠬᠦᠯᠤᠨ ᠬᠡᠷᠡᠭ᠌ᠵᠢᠭᠦᠯᠦᠨ᠎ᠡ ; ᠠᠵᠢᠯ ᠲᠥᠷᠥᠯ ᠢ᠋ ᠣᠢᠯᠠᠭᠠᠬᠤ ᠮᠥᠷᠲᠡᠭᠡᠨ ᠳ᠋ᠢᠵᠢᠲ᠋ᠠᠯᠴᠢᠯᠠᠯᠳᠠ ᠵᠢ ᠦᠢᠯᠠᠭᠠᠬᠤ ᠨᠢᠬᠡ ᠪᠦᠯᠦᠭ ᠦᠢᠯᠡᠴᠢᠯᠡᠭᠡᠨ ᠤ᠋ ᠠᠷᠠᠯᠵᠢᠶᠡᠴᠢᠨ ᠢ᠋ ᠪᠤᠢᠵᠢᠭᠤᠯᠤᠨ᠎ᠠ; ᠦᠢᠯᠡᠳᠬᠦ᠌ ᠦᠢᠯᠡᠰ ᠤ᠋ᠨ 《ᠲᠥᠷᠥᠯ ᠵᠦᠢᠯ ᠢ᠋ ᠨᠡᠮᠡᠭ᠌ᠳᠡᠭᠦᠯᠬᠦ᠂ ᠶᠠᠰᠤ ᠴᠢᠨᠠᠷ ᠢ᠋ ᠳᠡᠭᠡᠭ᠌ᠰᠢᠯᠡᠭᠦᠯᠬᠦ᠂ ᠲᠦᠷᠦᠯ ᠲᠡᠮᠳᠡᠭ ᠢ᠋ ᠡᠭᠦᠳᠬᠦ᠌》 ᠠᠵᠢᠯ ᠢ᠋ ᠭᠦᠨᠵᠡᠭᠡᠢᠷᠡᠬᠦᠯᠤᠨ ᠠᠬᠢᠭᠤᠯᠤᠨ᠎ᠠ᠃ ᠳ᠋ᠢᠵᠢᠲ᠋ᠠᠯ ᠠᠵᠤ ᠠᠬᠤᠢ ᠵᠢᠨ ᠱᠢᠨ᠎ᠡ ᠶ᠋ᠢ ᠡᠭᠦᠳᠬᠦ᠌ ᠠᠮᠢᠵᠢᠷᠠᠯ ᠤ᠋ᠨ ᠬᠦᠴᠦᠨ ᠢ᠋ ᠬᠥᠭ᠌ᠵᠢᠭᠡᠨ᠎ᠡ᠄  《ᠵᠣᠬᠢᠶᠠᠮᠠᠯ ᠣᠶᠤᠯᠢᠬ + 》ᠠᠵᠢᠯᠯᠠᠭ᠎ᠠ ᠶ᠋ᠢ ᠦᠷᠭᠦᠯᠵᠢᠯᠡᠨ ᠠᠬᠢᠭᠤᠯᠤᠨ᠎ᠠ ; ᠲᠣᠮᠣ ᠵᠠᠭ᠍ᠪᠤᠷ ᠢ᠋ ᠥᠷᠭᠡᠨ ᠵᠢᠡᠷ ᠬᠡᠷᠡᠭ᠌ᠯᠡᠬᠦ᠌ ᠵᠢ ᠳᠠᠮᠵᠢᠨ᠎ᠠ; ᠤᠶᠤᠨᠴᠢ ᠰᠦᠯᠵᠢᠶᠡᠨ ᠬᠤᠯᠪᠤᠯᠳᠤᠯᠲᠦ ᠱᠢᠨ᠎ᠡ ᠡᠨᠧᠷᠭᠢ ᠵᠢᠨ ᠮᠠᠱᠢᠨ ᠲᠡᠷᠭᠡ᠂ ᠵᠣᠬᠢᠶᠠᠮᠠᠯ ᠤᠶᠤᠯᠢᠬ ᠭᠠᠷ ᠤᠲᠠᠰᠤ ᠪᠠ ᠺᠣᠮᠫᠢᠦ᠋ᠲ᠋ᠧᠷ᠂ ᠤᠶᠤᠯᠢᠬ ᠮᠠᠱᠢᠨ ᠬᠥᠮᠦᠨ ᠵᠡᠷᠭᠡ ᠱᠢᠨ᠎ᠡ ᠨᠢᠭᠡ ᠦᠶ᠎ᠡ ᠶ᠋ᠢᠨ ᠤᠶᠤᠯᠢᠬ ᠦᠵᠤᠬᠦᠷ ᠵᠢᠴᠢ ᠤᠶᠤᠯᠢᠬ ᠦᠢᠯᠡᠳᠬᠦ᠌ ᠲᠣᠨᠣᠭ᠍ᠯᠠᠯ ᠢ᠋ ᠶᠡᠭᠡ᠎ᠪᠠᠷ ᠬᠥᠭ᠌ᠵᠢᠭᠦᠯᠦᠨ᠎ᠡ ; 5G ᠵᠢ ᠬᠡᠪᠴᠢᠶᠡᠵᠢᠭᠦᠯᠦᠨ ᠬᠡᠷᠡᠭ᠌ᠯᠡᠬᠦ᠌ ᠵᠢ ᠥᠷᠭᠡᠳᠭᠡᠨ᠎ᠠ ᠃

(ᠭᠤᠷᠪᠠ) ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ ᠵᠢᠡᠷ ᠤᠯᠤᠰ ᠵᠢᠡᠨ ᠮᠠᠨᠳᠤᠭᠤᠯᠬᠤ ᠪᠠᠢᠯᠳᠤᠬᠤ ᠪᠤᠳᠤᠯᠭ᠎ᠠ ᠶ᠋ᠢ ᠭᠦᠨᠵᠡᠭᠡᠢᠷᠡᠬᠦᠯᠤᠨ ᠬᠡᠷᠡᠭ᠌ᠵᠢᠭᠦᠯᠵᠦ᠍ ᠂ ᠤᠯᠤᠰ ᠤ᠋ᠨ ᠱᠢᠨ᠎ᠡ ᠵᠢ ᠡᠭᠦᠳᠬᠦ᠌ ᠱᠢᠰᠲ᠋ᠧᠮ ᠤ᠋ᠨ ᠪᠦᠬᠦᠯᠢ ᠴᠣᠭ᠍ᠴᠠ ᠶ᠋ᠢᠨ ᠦᠢᠯᠡᠳᠦᠯ ᠴᠢᠳᠠᠪᠤᠷᠢ ᠶ᠋ᠢ ᠳᠡᠭᠡᠭ᠌ᠰᠢᠯᠡᠭᠦᠯᠦᠨ᠎ᠡ

ᠴᠢᠨᠠᠷ ᠰᠠᠢᠲᠠᠶ ᠰᠤᠷᠭᠠᠨ ᠬᠥᠮᠦᠵᠢᠯ ᠤ᠋ᠨ ᠱᠢᠰᠲ᠋ᠧᠮ ᠢ᠋ ᠲᠦᠷᠭᠡᠳᠬᠡᠨ ᠪᠠᠢᠭᠤᠯᠤᠨ᠎ᠠ ᠄  ᠰᠤᠷᠭᠠᠨ ᠬᠥᠮᠦᠵᠢᠯ ᠤ᠋ᠨ ᠬᠦᠴᠦᠷᠬᠡᠭ ᠤᠯᠤᠰ ᠤ᠋ᠨ ᠪᠦᠲᠦᠭᠡᠨ ᠪᠠᠢᠭᠤᠯᠤᠯᠲᠠ ᠵᠢᠨ ᠭᠤᠷᠪᠠᠨ ᠵᠢᠯ ᠤ᠋ᠨ ᠠᠵᠢᠯᠯᠠᠭ᠎ᠠ ᠵᠢᠨ ᠲᠥᠯᠥᠪᠯᠡᠭᠡ ᠵᠢ ᠲᠣᠭ᠍ᠲᠠᠭᠠᠨ ᠬᠡᠷᠡᠭ᠌ᠵᠢᠭᠦᠯᠦᠨ᠎ᠡ ; ᠱᠢᠨᠵᠢᠯᠡᠭᠡᠨ ᠤ᠋ ᠰᠠᠯᠠᠭ᠎ᠠ ᠵᠢ ᠪᠠᠢᠭᠤᠯᠵᠤ ᠲᠤᠬᠢᠷᠠᠭᠤᠯᠬᠤ ᠲᠣᠭ᠍ᠲᠠᠴᠠ ᠪᠠ ᠴᠢᠳᠠᠪᠤᠷᠢᠲᠠᠨ ᠬᠥᠮᠦᠵᠢᠭᠦᠯᠬᠦ᠌ ᠵᠠᠭ᠍ᠪᠤᠷ ᠢ᠋ ᠲᠡᠭᠦᠯᠳᠡᠷᠵᠢᠭᠦᠯᠦᠨ᠎ᠡ; ᠰᠡᠳᠭᠢᠴᠡ ᠶ᠋ᠢᠨ ᠡᠷᠡᠭᠦᠯ ᠮᠡᠨᠳᠦ᠍ ᠶ᠋ᠢᠨ ᠬᠥᠮᠦᠵᠢᠯ ᠢ᠋ ᠲᠦᠭᠡᠮᠡᠯᠵᠢᠭᠦᠯᠦᠨ᠎ᠡ; ᠪᠠᠭ᠍ᠰᠢ ᠶ᠋ᠢᠨ ᠮᠣᠷᠠᠯ ᠪᠠᠭ᠍ᠰᠢ ᠵᠢᠨ ᠰᠤᠷᠲᠠᠯ ᠤ᠋ᠨ ᠪᠠᠢᠭᠤᠯᠤᠯᠲᠠ ᠪᠠ ᠪᠠᠭ᠍ᠰᠢ ᠶ᠋ᠢᠨ ᠬᠠᠷᠠᠭᠠᠯᠵᠠᠯ ᠤ᠋ᠨ ᠪᠠᠲᠤᠯᠠᠭ᠎ᠠ ᠵᠢ ᠴᠢᠩᠭᠠᠳᠭᠠᠨ᠎ᠠ ; ᠰᠤᠷᠭᠠᠨ ᠬᠥᠮᠦᠵᠢᠯ ᠤ᠋ᠨ ᠲᠤᠮᠤ ᠤᠯᠤᠰ ᠡᠴᠡ ᠰᠤᠷᠭᠠᠨ ᠬᠥᠮᠦᠵᠢᠯ ᠤ᠋ᠨ ᠬᠦᠴᠦᠷᠬᠡᠭ ᠤᠯᠤᠰ ᠲᠡᠢᠰᠢ ᠤᠷᠤᠭ᠍ᠰᠢᠯᠠᠬᠤ ᠶ᠋ᠢ ᠲᠦᠷᠭᠡᠳᠭᠡᠨ᠎ᠠ ᠃ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠢ᠋ ᠪᠡᠶ᠎ᠡ ᠪᠠᠨ ᠳᠠᠭᠠᠭᠠᠵᠤ ᠬᠦᠴᠦᠷᠬᠡᠭ᠌ᠵᠢᠬᠦᠯᠬᠦ᠌ ᠶ᠋ᠢ ᠠᠬᠢᠭᠤᠯᠤᠨ᠎ᠠ ᠄  ᠵᠠᠩᠭᠢᠯᠠᠭ᠎ᠠ ᠶ᠋ᠢᠨ ᠭᠤᠤᠯᠯᠠᠬᠤ ᠮᠡᠷᠭᠡᠵᠢᠯ ᠤ᠋ᠨ ᠪᠡᠷᠭᠡ ᠰᠡᠳᠤᠪ ᠢ᠋ ᠱᠢᠢᠳᠪᠤᠷᠢᠯᠡᠬᠦ᠌ ᠪᠠ ᠬᠤᠱᠢᠭᠤᠷᠠᠯ ᠤ᠋ᠨ ᠴᠢᠨᠠᠷᠲᠠᠶ᠂ ᠨᠤᠷᠠᠭᠠᠯᠳᠠ ᠵᠢᠨ ᠴᠢᠨᠠᠷᠲᠠᠶ ᠮᠡᠷᠭᠡᠵᠢᠯ ᠢ᠋ ᠰᠤᠳᠤᠯᠤᠨ ᠨᠡᠭᠡᠭᠡᠬᠦ᠌ ᠵᠢ ᠴᠢᠩᠭᠠᠳᠬᠠᠨ᠎ᠠ ; ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠵᠠᠷᠤᠯᠭ᠎ᠠ ᠵᠢ ᠰᠠᠭᠤᠷᠢ ᠰᠤᠳᠤᠯᠭᠠᠨ ᠲᠡᠢᠰᠢ ᠬᠡᠯᠪᠠᠢᠯᠭᠡᠬᠦ᠌ ᠶ᠋ᠢ ᠠᠬᠢᠭᠤᠯᠤᠨ᠎ᠠ ; ᠤᠬᠠᠭ᠍ᠳᠠᠬᠤᠨ ᠢ᠋ ᠱᠢᠯᠭᠠᠨ ᠨᠤᠳᠠᠯᠠᠬᠤ᠂ ᠵᠠᠪᠰᠠᠷ ᠤ᠋ᠨ ᠲᠤᠷᠱᠢᠯᠲᠠ ᠪᠠᠷ ᠱᠢᠯᠭᠠᠨ ᠨᠤᠳᠠᠯᠠᠬᠤ ᠪᠠ ᠠᠵᠢᠯ ᠲᠥᠷᠥᠯ ᠤ᠋ᠨ ᠨᠡᠢᠲᠡᠯᠢᠭ ᠴᠢᠨᠠᠷᠲᠠᠶ ᠮᠡᠷᠭᠡᠵᠢᠯ ᠤ᠋ᠨ ᠲᠠᠪᠴᠠᠩ ᠤ᠋ᠨ ᠪᠠᠢᠭᠤᠯᠤᠯᠲᠠ ᠵᠢ ᠲᠦᠷᠭᠡᠳᠭᠡᠨ᠎ᠡ᠃ ᠴᠢᠳᠠᠪᠤᠷᠢᠲᠠᠨ ᠤ᠋ ᠡᠩᠨᠡᠭᠡ ᠵᠢᠨ ᠶᠠᠰᠤ ᠴᠢᠨᠠᠷ ᠢ᠋ ᠪᠥᠬᠦ᠌ ᠲᠠᠯ᠎ᠠ ᠪᠠᠷ ᠳᠡᠭᠡᠭ᠌ᠰᠢᠯᠡᠭᠦᠯᠦᠨ᠎ᠡ ᠄  ᠱᠢᠨ᠎ᠡ ᠵᠢ ᠡᠭᠦᠳᠬᠦ᠌ ᠣᠷᠦ᠋ᠢᠯᠠᠭ᠍ᠰᠠᠨ ᠴᠢᠳᠠᠪᠤᠷᠢᠲᠠᠨ᠂ ᠭᠤᠤᠯᠳᠠᠯᠭ᠎ᠠ ᠲᠠᠢ ᠬᠦᠷᠢᠶᠡᠨ ᠳ᠋ᠤ ᠪᠠᠴᠢᠮ ᠬᠡᠷᠡᠭ᠌ᠰᠡᠬᠦ᠌ ᠲᠤᠳᠠᠭ᠍ᠳᠠᠵᠤ ᠪᠠᠢᠭ᠎ᠠ ᠴᠢᠳᠠᠪᠤᠷᠢᠳᠠᠨ ᠪᠠ ᠤᠷ᠎ᠠ ᠴᠢᠳᠠᠪᠤᠷᠢ ᠰᠠᠢᠳᠠᠢ ᠴᠢᠳᠠᠪᠤᠷᠢᠲᠠᠨ ᠢ᠋ ᠬᠥᠮᠦᠵᠢᠭᠦᠯᠬᠦ᠌ ᠵᠢ ᠴᠢᠩᠭᠠᠳᠭᠠᠨ᠎ᠠ ; ᠲᠡᠷᠢᠭᠦᠨ ᠵᠡᠷᠭᠡ ᠵᠢᠨ ᠠᠵᠤ ᠦᠢᠯᠡᠰ ᠤ᠋ᠨ ᠮᠡᠷᠭᠡᠵᠢᠯ ᠤ᠋ᠨ ᠠᠵᠢᠯᠴᠢᠨ ᠤ᠋ ᠡᠩᠨᠡᠭᠡ ᠵᠢ ᠪᠠᠢᠭᠤᠯᠤᠨ᠎ᠠ ; ᠭᠠᠳᠠᠭᠠᠳᠤ ᠶ᠋ᠢᠨ ᠬᠠᠷᠢᠶ᠎ᠠ ᠲᠠᠢ ᠴᠢᠳᠠᠪᠦᠷᠢᠳᠡᠨ ᠳ᠋ᠤ ᠵᠣᠷᠢᠭᠤᠯᠣᠭ᠍ᠰᠨᠨ ᠦᠢᠯᠡᠴᠢᠯᠡᠭᠡ ᠵᠢ ᠱᠢᠯᠢᠳᠡᠭ᠌ᠵᠢᠭᠦᠯᠦᠨ᠎ᠡ ; ᠴᠢᠳᠠᠪᠤᠷᠢᠲᠠᠨ ᠢ᠋ ᠲᠥᠷᠥᠯ ᠬᠤᠪᠢᠶᠠᠨ ᠦᠨᠡᠯᠡᠬᠦ᠌ ᠥᠭᠡᠷᠡᠴᠢᠯᠡᠯᠲᠡ ᠪᠠ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ ᠤ᠋ᠨ ᠡᠲᠡᠭᠡᠳ ᠤ᠋ᠨ《ᠣᠲᠤᠭ᠎ᠠ ᠵᠢᠩᠰᠠ》 ᠵᠢᠨ ᠵᠠᠰᠠᠯᠲᠠ ᠵᠢ ᠭᠦᠨᠵᠡᠭᠡᠢᠷᠡᠭᠦᠯᠤᠨ᠎ᠠ ᠃

(ᠲᠦᠷᠪᠡ) ᠪᠡᠯᠭᠡ ᠲᠡᠮᠳᠡᠭ ᠤ᠋ᠨ ᠴᠢᠨᠠᠷᠲᠠᠶ ᠥᠭᠡᠷᠡᠴᠢᠯᠡᠯᠲᠡ ᠶ᠋ᠢᠨ ᠠᠷᠭ᠎ᠠ ᠬᠡᠮᠵᠢᠶ᠎ᠡ ᠵᠢ ᠲᠦᠷᠭᠡᠳᠬᠡᠨ ᠨᠠᠢᠳᠠᠪᠤᠷᠢᠵᠢᠭᠤᠯᠬᠤ ᠵᠢ ᠠᠬᠢᠭᠤᠯᠵᠤ ᠂ ᠠᠵᠤ ᠠᠬᠤᠶ ᠶ᠋ᠢᠨ ᠪᠠᠢᠭᠤᠯᠤᠯ ᠤ᠋ᠨ ᠥᠭᠡᠷᠡᠴᠢᠯᠡᠯᠲᠡ ᠶ᠋ᠢᠨ ᠬᠥᠲᠥᠯᠥᠮᠵᠢ ᠶ᠋ᠢᠨ ᠦᠢᠯᠡᠳᠦᠯ ᠢ᠋ ᠨᠡᠩ ᠰᠠᠢᠲᠤᠷ ᠪᠠᠳᠠᠷᠠᠭᠤᠯᠤᠨ᠎ᠠ

ᠡᠯ᠎ᠡ ᠲᠥᠷᠥᠯ ᠤ᠋ᠨ ᠡᠵᠡᠩᠨᠡᠯᠲᠡ ᠶ᠋ᠢᠨ ᠪᠡᠶᠡᠴᠢ ᠴᠣᠭ᠍ᠴᠠ ᠶ᠋ᠢᠨ ᠠᠮᠢᠵᠢᠷᠠᠯ ᠤ᠋ᠨ ᠬᠦᠴᠦᠨ ᠢ᠋ ᠪᠦᠲᠦᠮᠵᠢᠲᠡᠢ ᠬᠥᠭ᠌ᠵᠢᠭᠡᠨ᠎ᠡ ᠄ ᠤᠯᠤᠰ ᠤ᠋ᠨ ᠥᠮᠴᠢᠯᠡᠯᠳᠤ ᠠᠵᠤ ᠠᠬᠤᠢᠯᠠᠯ ᠤ᠋ᠨ ᠥᠭᠡᠷᠡᠴᠢᠯᠡᠯᠲᠡ ᠵᠢ ᠭᠦᠨᠵᠡᠭᠡᠢᠷᠡᠭᠦᠯᠦᠨ ᠳᠡᠭᠡᠭ᠌ᠰᠢᠯᠡᠭᠦᠯᠬᠦ᠌ ᠠᠵᠢᠯᠯᠠᠭ᠎ᠠ ᠵᠢ ᠴᠢᠨᠠᠷ ᠰᠠᠢᠲᠠᠶ ᠪᠡᠶᠡᠯᠡᠭᠦᠯᠦᠨ᠎ᠠ ; ᠠᠷᠠᠳ ᠡᠴᠡ ᠡᠵᠡᠩᠨᠡᠭ᠌ᠰᠡᠨ ᠠᠵᠤ ᠠᠬᠤᠢ ᠶ᠋ᠢᠨ ᠬᠥᠭ᠌ᠵᠢᠯᠲᠡ ᠵᠢ ᠠᠬᠢᠭᠤᠯᠬᠤ ᠲᠥᠷᠥ ᠶ᠋ᠢᠨ ᠪᠣᠳᠣᠯᠭ᠎ᠠ ᠠᠷᠭ᠎ᠠ ᠬᠡᠮᠵᠢᠶ᠎ᠡ ᠵᠢ ᠯᠠᠪᠳᠠᠭᠤᠨ ᠪᠠᠲᠤᠲᠠᠶ ᠨᠠᠢᠳᠠᠪᠤᠷᠢᠵᠢᠭᠤᠯᠤᠨ᠎ᠠ ; ᠬᠤᠪᠢ ᠶ᠋ᠢᠨ ᠦᠢᠯᠡᠳᠪᠦᠷᠢ ᠬᠤᠳᠠᠯᠳᠤᠭᠠᠨ ᠤ᠋ ᠡᠷᠦᠬᠡ ᠶ᠋ᠢᠨ ᠬᠥᠭ᠌ᠵᠢᠯᠲᠡ ᠵᠢ ᠳᠠᠮᠵᠢᠨ᠎ᠠ ; ᠠᠵᠤ ᠠᠬᠤᠢᠯᠠᠯ ᠳ᠋ᠦ ᠬᠤᠯᠪᠣᠭ᠍ᠳᠠᠭ᠍ᠰᠠᠨ ᠬᠠᠤᠯᠢ ᠬᠡᠷᠡᠭ᠌ᠵᠢᠭᠦᠯᠤᠯᠳᠡ ᠵᠢ ᠵᠢᠷᠤᠮᠵᠢᠭᠤᠯᠬᠤ ᠲᠤᠰᠭᠠᠶ ᠠᠵᠢᠯᠯᠠᠭ᠎ᠠ ᠥᠷᠨᠢᠭᠦᠯᠦᠨ᠎ᠠ ; ᠬᠠᠯᠠᠭᠤᠨ ᠲᠤᠯᠠᠭᠠᠨ ᠦᠢᠯᠡᠴᠢᠯᠡᠬᠡ ᠪᠡᠷ ᠠᠵᠤ ᠠᠬᠤᠢᠯᠠᠯ ᠤ᠋ᠨ ᠢᠲᠡᠭᠡᠯ ᠵᠤᠷᠢᠬ ᠢ᠋ ᠨᠡᠮᠡᠭ᠌ᠳᠡᠭᠦᠯᠦᠨ᠎ᠠ ᠃ ᠪᠦᠬᠦ᠌ ᠤᠯᠤᠰ ᠤ᠋ᠨ ᠨᠢᠭᠡᠳᠦᠯᠲᠡᠶ ᠲᠤᠮᠤ ᠵᠠᠬ᠎ᠠ ᠳᠡᠯᠭᠡᠭᠦᠷ ᠤ᠋ᠨ ᠪᠠᠢᠭᠤᠯᠤᠯᠲᠠ ᠵᠢ ᠭᠦᠨᠵᠡᠭᠡᠢᠷᠡᠭᠦᠯᠦᠨ ᠠᠬᠢᠭᠤᠯᠤᠨ᠎ᠠ ᠄  ᠪᠦᠬᠦ᠌ ᠤᠯᠤᠰ ᠤ᠋ᠨ ᠨᠢᠭᠡᠳᠦᠯᠲᠡᠶ ᠲᠣᠮᠣ ᠵᠠᠬ᠎ᠠ ᠳᠡᠯᠭᠡᠭᠦᠷ ᠤ᠋ᠨ ᠪᠠᠢᠭᠤᠯᠤᠯᠲᠠ ᠶ᠋ᠢᠨ ᠵᠢᠯᠣᠭᠤᠳᠤᠮᠵᠢ ᠵᠢ ᠬᠡᠷᠡᠭ᠌ᠵᠢᠭᠦᠯᠦᠨ᠎ᠠ; ᠱᠢᠨ᠎ᠡ ᠬᠡᠪᠯᠡᠯ ᠤ᠋ᠨ ᠵᠠᠬ᠎ᠠ ᠳᠡᠯᠭᠡᠭᠦᠷ ᠲᠦ᠍ ᠣᠷᠣᠬᠤ ᠵᠥᠪᠱᠢᠶᠡᠷᠡᠯ ᠤ᠋ᠨ ᠨᠠᠵᠠᠭᠠᠶ ᠲᠠᠯ᠎ᠠ ᠶ᠋ᠢᠨ ᠲᠣᠳᠣᠷᠬᠠᠶ ᠬᠠᠭᠤᠳᠠᠰᠤ ᠵᠢ ᠵᠠᠰᠠᠨ ᠲᠤᠬ᠍ᠳᠠᠭᠠᠵᠤ ᠨᠡᠢᠲᠡᠯᠡᠨ᠎ᠡ ; ᠢᠲᠡᠭᠡᠮᠵᠢ ᠵᠢ ᠰᠡᠷᠭᠦᠭᠡᠬᠦ᠌ ᠨᠢᠭᠡᠳᠦᠯᠲᠡᠶ ᠲᠦᠷᠢᠮ ᠢ᠋ ᠪᠠᠢᠭᠤᠯᠤᠨ᠎ᠠ; ᠪᠦᠬᠦ᠌ ᠨᠡᠢᠭᠡᠮ ᠤ᠋ᠨ ᠡᠳ᠋ ᠪᠠᠷᠠᠭᠠᠨ ᠤ᠋ ᠭᠦᠢᠯᠭᠡᠭᠡ ᠵᠢᠨ ᠥᠪᠡᠷ ᠤ᠋ᠨ ᠥᠷᠲᠡᠭ ᠢ᠋ ᠪᠠᠭᠤᠷᠠᠭᠤᠯᠬᠤ ᠲᠤᠰᠭᠠᠶ ᠠᠵᠢᠯᠯᠠᠭ᠎ᠠ ᠵᠢ ᠬᠡᠷᠡᠭ᠌ᠵᠢᠭᠦᠯᠦᠨ᠎ᠡ᠃ ᠡᠳ᠋ ᠤ᠋ᠨ ᠵᠠᠰᠠᠭ ᠭᠠᠢᠯᠢ ᠮᠥᠩᠭᠦᠨ ᠭᠦᠢᠯᠭᠡᠭᠡᠨ ᠤ᠋ ᠪᠠᠢᠭᠤᠯᠤᠯ ᠤ᠋ᠨ ᠥᠭᠡᠷᠡᠴᠢᠯᠡᠯᠲᠡ ᠵᠢ ᠭᠦᠨᠵᠡᠭᠡᠢᠷᠡᠭᠦᠯᠦᠨ᠎ᠡ᠄  ᠲᠥᠪ ᠤ᠋ᠨ ᠰᠠᠯᠠᠭ᠎ᠠ ᠮᠥᠴᠢᠷ ᠤ᠋ᠨ ᠲᠡᠭ ᠰᠠᠭᠤᠷᠢᠨ ᠲᠥᠰᠦᠪ ᠤ᠋ᠨ ᠥᠭᠡᠷᠡᠴᠢᠯᠡᠯᠲᠡ ᠶ᠋ᠢᠨ ᠲᠤᠷᠱᠢᠯᠲᠠ ᠵᠢ ᠥᠷᠨᠢᠭᠦᠯᠦᠨ᠎ᠠ ; ᠬᠡᠰᠡᠭ ᠲᠠᠸᠠᠷ ᠤ᠋ᠨ ᠲᠦᠷᠦᠯ ᠤ᠋ᠨ ᠬᠡᠷᠡᠭ᠌ᠯᠡᠭᠡᠨ ᠤ᠋ ᠭᠠᠢᠯᠢ ᠲᠠᠲᠠᠪᠤᠷᠢᠯᠠᠬᠤ ᠭᠤᠭ᠍ᠴᠤᠭ᠎ᠠ ᠵᠢ ᠬᠤᠢᠰᠢ ᠱᠢᠯᠵᠢᠬᠦᠯᠬᠦ᠌ ᠶ᠋ᠢᠨ ᠬᠠᠮᠳᠤ ᠤᠷᠤᠨ ᠨᠤᠳᠤᠭ ᠲᠦ᠍ ᠪᠠᠭᠤᠯᠭᠠᠨ ᠦᠭ᠌ᠬᠦ ᠵᠢ ᠲᠦᠷᠭᠡᠳᠬᠡᠨ ᠠᠬᠢᠭᠤᠯᠤᠨ᠎ᠠ ; ᠤᠷᠲᠤᠪᠲᠤᠷ ᠬᠤᠭᠤᠴᠠᠭᠠᠨ ᠤ᠋ ᠪᠡᠯᠡ ᠮᠥᠩᠭᠦ ᠶ᠋ᠢᠨ ᠵᠠᠬ᠎ᠠ ᠳᠡᠯᠭᠡᠭᠦᠷ ᠲᠦ᠍ ᠣᠷᠣᠬᠤ ᠵᠢ ᠶᠡᠭᠡ ᠪᠡᠷ ᠠᠬᠢᠭᠤᠯᠤᠨ᠎ᠠ; ᠰᠲ᠋ᠣᠺ ᠲᠠᠷᠬᠠᠭᠠᠨ ᠵᠠᠬ᠎ᠠ ᠳᠡᠯᠭᠡᠭᠦᠷ ᠲᠦ᠍ ᠭᠠᠷᠭᠠᠬᠤ ᠪᠠ ᠨᠡᠢᠯᠡᠭᠦᠯᠦᠨ ᠬᠤᠳᠠᠯᠳᠤᠨ ᠠᠪᠴᠤ᠌ ᠲᠠᠬᠢᠨ ᠵᠣᠬᠢᠶᠠᠨ ᠪᠠᠢᠭᠤᠯᠬᠤ ᠲᠦᠷᠢᠮ ᠢ᠋ ᠥᠭᠡᠷᠡᠴᠢᠯᠡᠨ ᠱᠢᠯᠢᠳᠡᠭ᠌ᠵᠢᠭᠦᠯᠦᠨ᠎ᠡ ᠃

(ᠲᠠᠪᠤ)  ᠥᠨᠳᠥᠷ ᠲᠦᠪᠱᠢᠨ ᠪᠦᠬᠦᠢ ᠭᠠᠳᠠᠭᠠᠳᠤ ᠨᠡᠭᠡᠭᠡᠯᠳᠡ ᠵᠢ ᠥᠷᠭᠡᠳᠭᠡᠵᠦ᠍ ᠂ ᠢᠳᠡᠪᠬᠢᠳᠠᠢ ᠪᠡᠷ ᠭᠠᠳᠠᠭᠠᠳᠤ ᠠᠷᠠᠯᠵᠢᠶ᠎ᠠ ᠵᠢ ᠲᠤᠭ᠍ᠳᠠᠭᠤᠨ ᠪᠠᠢᠯᠭᠠᠵᠤ ᠭᠠᠳᠠᠭᠠᠳᠤ ᠪᠡᠯᠡ ᠵᠢ ᠲᠤᠭ᠍ᠳᠠᠭᠤᠨ ᠪᠠᠢᠯᠭᠠᠨ᠎ᠠ

ᠭᠠᠳᠠᠭᠠᠳᠤ ᠠᠷᠠᠯᠵᠢᠶᠠᠨ ᠤ᠋ ᠬᠥᠭ᠌ᠵᠢᠯᠲᠡ ᠵᠢ ᠲᠣᠭ᠍ᠲᠠᠪᠤᠷᠢᠵᠢᠭᠤᠯᠤᠨ᠎ᠠ᠄ ᠠᠵᠤ ᠠᠬᠤᠢᠯᠠᠯ ᠤ᠋ᠨ ᠵᠠᠬᠢᠶᠠᠯᠠᠭ᠎ᠠ ᠵᠢ ᠲᠣᠭ᠍ᠲᠠᠪᠤᠷᠢᠵᠢᠭᠤᠯᠤᠨ ᠵᠠᠬ᠎ᠠ ᠳᠡᠯᠭᠡᠭᠦᠷ ᠢ᠋ ᠥᠷᠭᠡᠳᠭᠡᠬᠦ᠌ ᠵᠢ ᠲᠡᠮᠵᠢᠨ᠎ᠡ; ᠠᠵᠤ ᠠᠬᠤᠢᠯᠠᠯ ᠤ᠋ᠨ ᠬᠢᠯᠢ ᠶ᠋ᠢᠨ ᠭᠠᠳᠠᠨ᠎ᠠ ᠦᠵᠡᠰᠭᠦᠯᠡᠩ ᠳ᠋ᠦ ᠣᠷᠣᠯᠴᠠᠬᠤ ᠪᠠ ᠦᠵᠡᠰᠭᠦᠯᠡᠩ ᠡᠷᠬᠢᠯᠡᠬᠦ᠌ ᠳ᠋ᠦ ᠳᠡᠮᠵᠢᠯᠭᠡ ᠦᠵᠡᠬᠦᠯᠬᠦ᠌ ᠵᠢ ᠴᠢᠩᠭᠠᠳᠭᠠᠨ᠎ᠠ ; ᠭᠠᠳᠠᠭᠠᠳᠤ ᠳ᠋ᠠᠬᠢ ᠬᠥᠮᠥᠷᠭᠡ ᠶ᠋ᠢᠨ ᠪᠦᠳᠤᠭᠡᠨ ᠪᠠᠢᠭᠤᠯᠤᠯᠲᠠ ᠵᠢ ᠴᠢᠩᠭᠠᠳᠭᠠᠨ᠎ᠠ; ᠦᠢᠯᠡᠴᠢᠯᠡᠭᠡ ᠵᠢ ᠭᠠᠳᠠᠭᠠᠳᠤ ᠳ᠋ᠦ ᠭᠠᠷᠭᠠᠬᠤ ᠵᠢ ᠵᠣᠷᠢᠬ᠍ᠵᠢᠭᠤᠯᠤᠨ᠂ ᠴᠢᠨᠠᠷ ᠰᠠᠢᠲᠠᠶ ᠦᠢᠯᠡᠴᠢᠯᠡᠭᠡ ᠵᠢ ᠭᠠᠳᠠᠭᠠᠳᠤ ᠡᠴᠡ ᠣᠷᠣᠭᠤᠯᠬᠤ ᠵᠢ ᠥᠷᠭᠡᠳᠭᠡᠨ᠎ᠡ; ᠭᠠᠳᠠᠭᠠᠳᠤ ᠣᠷᠣᠭᠤᠯᠤᠯᠲᠠ ᠶ᠋ᠢᠨ ᠦᠵᠡᠰᠭᠦᠯᠡᠩ᠂ ᠭᠤᠸᠠᠩᠵᠧᠦ᠍ ᠶ᠋ᠢᠨ ᠠᠷᠠᠯᠵᠢᠶᠠᠨ ᠤ᠋ ᠴᠤᠭ᠍ᠯᠠᠭᠠᠨ᠂ ᠦᠢᠯᠡᠴᠢᠯᠡᠭᠡᠨ ᠤ᠋ ᠠᠷᠠᠯᠵᠢᠶᠠᠨ ᠤ᠋ ᠴᠤᠭ᠍ᠯᠠᠭᠠᠨ᠂ ᠳ᠋ᠢᠵᠢᠲ᠋ᠠᠯ ᠠᠷᠠᠯᠵᠢᠶᠠᠨ ᠤ᠋ ᠴᠤᠭ᠍ᠯᠠᠭᠠᠨ᠂ ᠬᠡᠷᠡᠭ᠌ᠯᠡᠭᠡᠨ ᠤ᠋ ᠵᠦᠢᠯᠡᠰ ᠤ᠋ᠨ ᠦᠵᠡᠰᠭᠦᠯᠡᠩ ᠵᠡᠷᠭᠡ ᠴᠢᠬᠤᠯᠠ ᠶᠡᠭᠡ ᠦᠵᠡᠰᠭᠦᠯᠡᠩ ᠴᠤᠭ᠍ᠯᠠᠭᠠᠨ ᠢ᠋ ᠴᠢᠨᠠᠷ ᠰᠠᠢᠲᠠᠶ ᠰᠠᠢᠲᠤᠷ ᠡᠷᠬᠢᠯᠡᠨ᠎ᠡ᠃ ᠭᠠᠳᠠᠭᠠᠳᠤ ᠶ᠋ᠢᠨ ᠠᠷᠠᠯᠵᠢᠶᠠᠴᠢᠨ ᠤ᠋ ᠪᠡᠯᠡ ᠣᠷᠣᠭᠤᠯᠬᠤ ᠵᠢ ᠶᠡᠭᠡ ᠪᠡᠷ ᠵᠣᠷᠢᠬ᠍ᠵᠢᠭᠤᠯᠤᠨ᠎ᠠ᠄  ᠴᠠᠬᠢᠯᠭᠠᠨ ᠬᠤᠯᠪᠣᠭ᠎ᠠ᠂ ᠡᠮᠴᠢᠯᠡᠬᠡᠨ᠂ ᠰᠤᠷᠭᠠᠨ ᠬᠥᠮᠦᠵᠢᠯ ᠵᠡᠷᠭᠡ ᠬᠦᠷᠢᠶᠡᠨ ᠤ᠋ ᠨᠡᠭᠡᠭᠡᠯᠳᠡ ᠬᠢᠬᠦ᠌ ᠲᠤᠷᠱᠢᠯᠲᠠ ᠵᠢ ᠥᠷᠭᠡᠳᠭᠡᠨ᠎ᠡ; ᠭᠠᠳᠠᠭᠠᠳᠤ ᠶ᠋ᠢᠨ ᠪᠡᠯᠡ ᠣᠷᠣᠭᠤᠯᠤᠭ᠍ᠴᠢ ᠶ᠋ᠢᠨ ᠲᠠᠬᠢᠨ ᠪᠡᠯᠡ ᠣᠷᠣᠭᠤᠯᠤᠯᠲᠠ ᠪᠠᠨ ᠥᠷᠭᠡᠳᠭᠡᠬᠦ᠌ ᠵᠢ ᠵᠣᠷᠢᠬ᠍ᠵᠢᠭᠤᠯᠤᠨ᠎ᠠ;  ᠭᠠᠳᠠᠭᠠᠳᠤ ᠪᠡᠯᠡ ᠶ᠋ᠢᠨ ᠠᠵᠤ ᠠᠬᠤᠢᠯᠠᠯ ᠤ᠋ᠨ ᠡᠯᠧᠮᠧᠨ᠋ᠲ ᠤᠯᠬᠤ᠂ ᠬᠢᠷᠢ ᠴᠢᠳᠠᠯ ᠢ᠋ᠶ᠋ᠠᠨ ᠵᠥᠪᠱᠢᠶᠡᠷᠡᠭᠦᠯᠬᠦ᠂ ᠪᠠᠷᠢᠮᠵᠢᠶ᠎ᠠ ᠲᠣᠭ᠍ᠲᠠᠭᠠᠬᠤ᠂ ᠵᠠᠰᠠᠭ ᠤ᠋ᠨ ᠣᠷᠳᠣᠨ ᠤ᠋ ᠬᠤᠳᠠᠯᠳᠤᠨ ᠠᠪᠬᠤ ᠵᠡᠷᠭᠡ ᠲᠠᠯ᠎ᠠ ᠪᠡᠷ ᠬᠢ ᠠᠷᠠᠳ ᠢᠷᠭᠡᠨ ᠤ᠋ ᠬᠠᠷᠠᠭᠠᠯᠵᠠᠯ ᠢ᠋ ᠦᠨᠡᠨ ᠬᠦ᠌ ᠪᠠᠲᠤᠯᠠᠨ᠎ᠠ;《ᠳᠤᠮᠳᠠᠳᠤ ᠤᠯᠤᠰ ᠲᠦ᠍ ᠪᠡᠯᠡ ᠤᠷᠤᠭᠤᠯᠬᠤ》 ᠲᠦᠷᠦᠯ ᠲᠡᠮᠳᠡᠭ ᠢ᠋ ᠦᠷᠭᠦᠯᠵᠢᠯᠡᠨ ᠪᠣᠶ ᠪᠣᠯᠭᠠᠨ᠎ᠠ᠃ 《ᠨᠢᠭᠡ ᠪᠦᠰᠡ ᠨᠢᠭᠡ ᠵᠠᠮ》 ᠢ᠋ ᠬᠠᠮᠲᠤ ᠪᠡᠷ ᠴᠢᠨᠠᠷ ᠰᠠᠢᠲᠠᠶ ᠪᠡᠷ ᠪᠦᠳᠦᠬᠡᠨ ᠪᠠᠢᠭᠤᠯᠬᠤ ᠵᠢ ᠭᠦᠨᠵᠡᠭᠡᠢᠷᠡᠭᠦᠯᠦᠨ ᠪᠣᠳᠠᠲᠠᠢᠵᠢᠭᠤᠯᠬᠤ ᠵᠢ ᠠᠬᠢᠭᠤᠯᠤᠨ᠎ᠠ ᠄  ᠴᠢᠬᠤᠯᠠ ᠶᠡᠭᠡ ᠪᠡᠯᠭᠡ ᠲᠡᠮᠳᠡᠭ ᠤ᠋ᠨ ᠴᠢᠨᠠᠷᠲᠠᠶ ᠢᠨᠵᠧᠨᠧᠷᠢᠩ ᠪᠠ 《ᠪᠠᠭ᠎ᠠ ᠠᠲᠠᠯ᠎ᠠ ᠰᠠᠢᠬᠠᠨ》 ᠠᠷᠠᠳ ᠤ᠋ᠨ ᠠᠮᠢᠳᠤᠷᠠᠯ ᠤ᠋ᠨ ᠲᠥᠷᠥᠯ ᠵᠤᠢᠯ  ᠤ᠋ᠨ ᠪᠦᠲᠦᠭᠡᠨ ᠪᠠᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ ; ᠳᠤᠮᠳᠠᠳᠤ ᠧᠦ᠋ᠷᠣᠫᠠ ᠶ᠋ᠢᠨ ᠵᠢᠱ᠌ᠢᠶᠡᠨ ᠤ᠋ ᠭᠠᠯᠳᠤ ᠲᠡᠷᠭᠡ ᠶ᠋ᠢᠨ ᠲᠣᠭ᠍ᠲᠠᠭᠤᠨ ᠪᠦᠭᠡᠳ ᠰᠠᠭᠠᠳ ᠦᠭᠡᠢ ᠡᠷᠬᠢᠯᠳᠡ ᠵᠢ ᠪᠠᠲᠤᠯᠠᠨ᠎ᠠ ;  ᠪᠠᠷᠠᠭᠤᠨ ᠪᠠᠶ᠎ᠠ ᠵᠢᠨ ᠭᠠᠵᠠᠷ ᠤᠷᠤᠨ ᠤ᠋ ᠳᠠᠯᠠᠢ ᠪᠠ ᠬᠠᠭᠤᠷᠠᠢ ᠶ᠋ᠢᠨ ᠱᠢᠨ᠎ᠡ ᠵᠠᠮ ᠤ᠋ᠨ ᠪᠦᠲᠦᠭᠡᠨ ᠪᠠᠢᠭᠤᠯᠤᠯᠲᠠ ᠵᠢ ᠲᠦᠷᠭᠡᠳᠭᠡᠨ᠎ᠡ᠃ ᠤᠯᠠᠨ ᠲᠠᠯᠠᠳᠤ ᠬᠤᠶᠠᠷ ᠲᠠᠯᠠᠳᠤ ᠠᠵᠤ ᠠᠬᠤᠢ ᠶ᠋ᠢᠨ ᠬᠠᠮᠳᠤᠷᠠᠯᠴᠠᠭ᠎ᠠ ᠪᠠ ᠣᠷᠣᠨ ᠪᠦᠰᠡ ᠶ᠋ᠢᠨ ᠠᠵᠤ ᠠᠬᠤᠶ ᠶ᠋ᠢᠨ ᠬᠠᠮᠲᠤᠷᠠᠯᠴᠠᠭ᠎ᠠ ᠵᠢ ᠭᠦᠨᠵᠡᠭᠡᠢᠷᠡᠭᠦᠯᠦᠨ᠎ᠡ᠄  ᠪᠦᠬᠦ᠌ ᠪᠥᠮᠪᠥᠷᠴᠡᠭ ᠲᠦ᠍ ᠬᠠᠨᠳᠤᠭᠤᠯᠤᠭ᠍ᠰᠠᠨ ᠥᠨᠳᠥᠷ ᠪᠠᠷᠢᠮᠵᠢᠶᠠᠲᠤ ᠴᠢᠯᠥᠭᠡᠲᠦ ᠠᠷᠠᠯᠵᠢᠶᠠᠨ ᠤ᠋ ᠣᠷᠣᠨ ᠤ᠋ ᠲᠤᠤᠷ ᠢ᠋ ᠦᠷᠭᠦᠯᠵᠢᠯᠡᠨ ᠥᠷᠭᠡᠳᠭᠡᠨ᠎ᠠ ; ᠳᠡᠯᠡᠬᠡᠶ ᠶ᠋ᠢᠨ ᠠᠷᠠᠯᠵᠢᠶᠠᠨ ᠤ᠋ ᠵᠣᠬᠢᠶᠠᠨ ᠪᠠᠢᠭᠤᠯᠤᠯᠲᠠ ᠪᠡᠷ ᠭᠤᠣᠯᠯᠠᠭᠤᠯᠤᠭ᠍ᠰᠠᠨ ᠣᠯᠠᠨ ᠲᠠᠯᠠᠲᠤ ᠠᠷᠠᠯᠵᠢᠶᠠᠨ ᠤ᠋ ᠪᠠᠢᠭᠤᠯᠤᠯ ᠢ᠋ ᠡᠷᠡᠰ ᠬᠠᠮᠠᠭᠠᠯᠠᠵᠤ᠂ ᠡᠯ᠎ᠡ ᠤᠯᠤᠰ᠎ᠯᠤᠭ᠎ᠠ ᠶ᠋ᠢᠨ ᠠᠱᠢᠭ ᠲᠤᠰᠠ ᠶ᠋ᠢᠨ ᠨᠡᠢᠯᠡᠯ ᠴᠡᠭ ᠢ᠋ ᠥᠷᠭᠡᠳᠭᠡᠨ᠂ ᠬᠠᠮᠲᠤ ᠶ᠋ᠢᠨ ᠬᠥᠭ᠌ᠵᠢᠯᠲᠡ ᠵᠢ ᠠᠬᠢᠭᠤᠯᠤᠨ᠎ᠠ ᠃

(ᠵᠢᠷᠭᠤᠭ᠎ᠠ ) ᠭᠤᠤᠯᠳᠠᠯᠭ᠎ᠠ ᠲᠠᠢ ᠬᠦᠷᠢᠶᠡᠨ ᠤ᠋ ᠠᠶᠤᠯ ᠲᠦᠭ᠌ᠰᠢᠭᠦᠷᠢ ᠵᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠱᠢᠰᠲ᠋ᠧᠮ ᠤ᠋ᠨ ᠴᠢᠨᠠᠷᠲᠠᠶ ᠠᠶᠤᠯ ᠲᠦᠭ᠌ᠰᠢᠭᠦᠷᠢ ᠦᠯᠦ᠍ ᠭᠠᠷᠬᠤ ᠬᠤᠷᠢᠭ᠎ᠠ ᠱᠤᠭᠤᠮ ᠢ᠋ ᠪᠠᠲᠤ ᠰᠠᠬᠢᠨ᠎ᠠ

ᠭᠡᠷ ᠭᠠᠵᠠᠷ ᠤ᠋ᠨ ᠬᠥᠷᠥᠩᠭᠡ ᠶ᠋ᠢᠨ ᠵᠠᠬ᠎ᠠ ᠳᠡᠯᠭᠡᠭᠦᠷ ᠤ᠋ᠨ ᠪᠠᠭᠤᠷᠠᠯᠲᠠ ᠵᠢ ᠵᠣᠭ᠍ᠰᠣᠭᠠᠵᠤ ᠲᠣᠭ᠍ᠲᠠᠭᠤᠨ ᠪᠠᠢᠳᠠᠯ ᠳ᠋ᠦ ᠤᠷᠤᠭᠤᠯᠬᠤ ᠵᠢ ᠦᠷᠭᠦᠯᠵᠢᠯᠡᠨ ᠬᠦᠴᠦᠯᠡᠨ ᠠᠬᠢᠭᠤᠯᠤᠨ᠎ᠠ ᠄  ᠵᠠᠢᠯᠠᠰᠢ ᠦᠭᠡᠢ ᠴᠢᠨᠠᠷᠲᠠᠢ ᠪᠠ ᠰᠠᠢᠵᠢᠷᠠᠭᠤᠯᠬᠤ ᠴᠢᠨᠠᠷᠲᠠᠶ ᠣᠷᠣᠨ ᠰᠠᠭᠤᠴᠠ ᠶ᠋ᠢᠨ ᠬᠡᠷᠡᠭ᠌ᠴᠡᠭᠡ ᠶ᠋ᠢᠨ ᠳᠠᠯᠳᠠ ᠬᠦᠴᠦᠨ ᠢ᠋ ᠭᠦᠢᠴᠡᠳ ᠰᠤᠯᠠᠯᠠᠨ ᠭᠠᠷᠭᠠᠨ᠎ᠠ; ᠠᠮᠤᠷ ᠲᠦᠪᠱᠢᠨ᠂ ᠲᠠᠭᠠᠯᠠᠮᠵᠢᠲᠠᠶ᠂ ᠪᠤᠬᠢᠷᠳᠤᠯ ᠦᠬᠡᠢ᠂ ᠣᠶᠤᠨᠴᠢ 《ᠰᠠᠢᠨ ᠪᠠᠢᠱᠢᠩ》 ᠢ᠋ ᠪᠥᠲᠥᠭᠡᠨ ᠪᠠᠢᠭᠤᠯᠬᠤ ᠵᠢ ᠠᠬᠢᠭᠤᠯᠤᠨ᠎ᠠ᠃ ᠣᠷᠣᠨ ᠨᠤᠲᠤᠭ ᠤ᠋ᠨ ᠵᠠᠰᠠᠭ ᠤ᠋ᠨ ᠣᠷᠳᠣᠨ ᠤ᠋ ᠦᠷᠢ ᠥᠭ᠌ᠴᠡᠭᠡᠨ ᠤ᠋ ᠠᠶᠤᠯ ᠲᠦᠭ᠌ᠰᠢᠭᠦᠷᠢ ᠵᠢ ᠯᠠᠪᠳᠠᠭᠤᠨ ᠳᠤᠬᠢᠳᠠᠢ ᠠᠷᠢᠯᠭᠠᠨ᠎ᠠ ᠄  ᠥᠷᠢ ᠰᠢᠷᠢ ᠵᠢ ᠱᠢᠢᠳᠪᠤᠷᠢᠯᠡᠬᠦ᠌ ᠬᠠᠮ ᠲᠥᠰᠦᠯ ᠢ᠋ ᠲᠡᠭᠦᠯᠳᠡᠷᠵᠢᠭᠦᠯᠦᠨ ᠨᠠᠢᠳᠠᠪᠤᠷᠢᠵᠢᠭᠤᠯᠤᠨ᠎ᠠ᠃ ᠮᠥᠩᠭᠦᠨ ᠭᠦᠢᠯᠭᠡᠭᠡᠨ ᠤ᠋ ᠬᠦᠷᠢᠶᠡᠨ ᠳ᠋ᠠᠬᠢ ᠠᠶᠤᠯ ᠲᠦᠭ᠌ᠰᠢᠭᠦᠷᠢ ᠵᠢ ᠢᠳᠡᠪᠬᠢᠲᠡᠶ ᠰᠡᠷᠭᠡᠢᠯᠡᠨ᠎ᠡ ᠄   ᠣᠷᠣᠨ ᠨᠤᠲᠤᠭ ᠤ᠋ᠨ ᠳᠤᠮᠳᠠ ᠪᠠᠭ᠎ᠠ ᠮᠥᠩᠭᠦᠨ ᠭᠦᠢᠯᠭᠡᠭᠡᠨ ᠤ᠋ ᠪᠠᠢᠭᠤᠯᠤᠮᠵᠢ ᠶ᠋ᠢᠨ ᠠᠶᠤᠯ ᠲᠦᠭ᠌ᠰᠢᠭᠦᠷᠢ ᠵᠢ ᠱᠢᠢᠳᠪᠦᠷᠢᠯᠡᠬᠦ᠌ ᠪᠠ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠭᠦ ᠵᠢ ᠨᠢᠭᠡ ᠴᠣᠭ᠍ᠴᠠᠵᠢᠭᠤᠯᠤᠨ ᠠᠬᠢᠭᠤᠯᠤᠨ᠎ᠠ᠃

(ᠳᠣᠯᠤᠭ᠎ᠠ) ᠬᠦᠳᠡᠬᠡ ᠠᠵᠤ ᠠᠬᠤᠢ ᠬᠥᠳᠡᠭᠡ ᠲᠣᠰᠭᠤᠨ ᠲᠠᠷᠢᠶᠠᠴᠢᠨ ᠤ᠋ ᠠᠵᠢᠯ ᠢ᠋ ᠬᠦᠴᠦᠯᠡᠨ ᠰᠠᠢᠲᠤᠷ ᠠᠳᠭᠤᠵᠤ᠂ ᠬᠥᠳᠡᠭᠡ ᠲᠣᠰᠭᠤᠨ ᠢ᠋ ᠪᠥᠬᠦ᠌ ᠲᠠᠯ᠎ᠠ ᠪᠡᠷ ᠬᠥᠭ᠌ᠵᠢᠭᠦᠯᠦᠨ ᠮᠠᠨᠳᠤᠭᠤᠯᠬᠤ ᠵᠢ ᠭᠦᠨᠵᠡᠭᠡᠢᠷᠡᠬᠦᠯᠦᠨ ᠠᠬᠢᠭᠤᠯᠤᠨ᠎ᠠ

ᠠᠮᠤ ᠪᠤᠳᠠᠭ᠎ᠠ ᠵᠡᠷᠬᠡ ᠴᠢᠬᠤᠯᠠ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠭᠠᠷᠤᠯᠳᠠ ᠵᠢ ᠲᠣᠭ᠍ᠲᠠᠪᠤᠷᠢᠵᠢᠭᠤᠯᠵᠤ ᠬᠠᠩᠭᠠᠯᠭ᠎ᠠ ᠵᠢ ᠪᠠᠲᠤᠯᠠᠬᠤ ᠴᠢᠳᠠᠪᠤᠷᠢ ᠵᠢ ᠦᠷᠭᠦᠯᠵᠢᠯᠡᠨ ᠴᠢᠩᠭᠠᠷᠠᠭᠤᠯᠤᠨ᠎ᠠ᠄ ᠠᠮᠤ ᠪᠤᠳᠠᠭᠠᠨ ᠤ᠋ ᠲᠠᠷᠢᠮᠠᠯ ᠲᠠᠷᠢᠬᠤ ᠲᠠᠯᠠᠪᠠᠢ ᠵᠢ ᠲᠣᠭ᠍ᠲᠠᠪᠤᠷᠢᠵᠢᠭᠤᠯᠤᠨ᠎ᠠ; ᠦᠷ᠎ᠡ ᠶ᠋ᠢᠨ ᠦᠢᠯᠡᠰ ᠢ᠋ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠭᠦᠨᠵᠡᠭᠡᠢᠷᠡᠬᠦᠯᠤᠨ ᠬᠡᠷᠡᠭ᠌ᠵᠢᠭᠦᠯᠦᠨ᠎ᠡ; ᠠᠷᠭ᠎ᠠ ᠪᠤᠳᠤᠯᠭ᠎ᠠ ᠵᠢ ᠶᠡᠷᠦᠩᠬᠡᠢᠯᠡᠨ ᠬᠡᠷᠡᠭ᠌ᠵᠢᠭᠦᠯᠵᠦ᠍ ᠪᠠᠢᠭᠠᠳ ᠠᠮᠤ ᠪᠤᠳᠠᠭ᠎ᠠ ᠵᠡᠷᠬᠡ ᠴᠢᠬᠤᠯᠠ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠨ᠎ᠡ ᠬᠠᠩᠰᠢ ᠵᠢ ᠵᠦᠶ ᠵᠣᠬᠢᠰᠲᠠᠶ ᠲᠦᠪᠱᠢᠨ ᠳ᠋ᠦ ᠪᠠᠢᠯᠭᠠᠬᠤ ᠵᠢ ᠠᠬᠢᠭᠤᠯᠤᠨ᠎ᠠ; ᠲᠥᠪ ᠤ᠋ᠨ ᠨᠢᠭᠡᠳᠦᠯᠲᠡᠶ ᠲᠥᠯᠥᠪᠯᠡᠭ᠌ᠰᠡᠨ ᠠᠮᠤ ᠪᠤᠳᠠᠭᠠᠨ ᠤ᠋ ᠦᠢᠯᠡᠳᠪᠦᠷᠢᠯᠡᠯ ᠪᠣᠷᠣᠯᠠᠭᠤᠯᠭ᠎ᠠ ᠶ᠋ᠢᠨ ᠣᠷᠣᠨ ᠤ᠋ ᠮᠤᠵᠢ ᠶ᠋ᠢᠨ ᠬᠤᠭᠤᠷᠣᠨᠳᠣᠬᠢ ᠠᠱᠢᠭ ᠲᠤᠰᠠ ᠵᠢ ᠬᠦᠨᠳᠡᠯᠡᠨ ᠢ᠋ᠶ᠋ᠠᠷ ᠨᠥᠬᠦᠪᠥᠷᠢᠯᠡᠬᠦ᠌ ᠠᠵᠢᠯ ᠢ᠋ ᠡᠬᠢᠯᠡᠭᠦᠯᠦᠨ᠎ᠠ᠃ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ᠋ ᠥᠴᠦᠬᠡᠨ ᠴᠦ᠍ ᠰᠤᠯᠠᠷᠠᠭᠤᠯᠤᠯ ᠦᠭᠡᠢ ᠪᠡᠷ ᠪᠠᠬᠢᠵᠢᠭᠦᠯᠦᠨ ᠥᠷᠭᠡᠳᠭᠡᠨ᠎ᠡ ᠄ 《ᠭᠤᠷᠪᠠ ᠵᠢ ᠪᠠᠳᠣᠯᠠᠭ᠎ᠠ ᠲᠠᠢ ᠪᠠᠢᠯᠭᠠᠬᠤ》ᠪᠠ ᠤᠤᠭᠤᠬᠤ ᠤᠰᠤᠨ ᠤ᠋ ᠠᠮᠤᠷ ᠲᠦᠪᠱᠢᠨ ᠤ᠋ ᠦᠷ᠎ᠡ ᠪᠦᠲᠦᠭᠡᠯ ᠢ᠋ ᠦᠷᠭᠦᠯᠵᠢᠯᠡᠨ ᠪᠠᠬᠢᠵᠢᠭᠦᠯᠦᠨ ᠳᠡᠭᠡᠭ᠌ᠰᠢᠯᠡᠭᠦᠯᠦᠨ᠎ᠠ; ᠠᠵᠢᠯ ᠣᠯᠭᠤᠯᠲᠠ ᠪᠡᠷ ᠬᠠᠪᠰᠤᠷᠤᠨ ᠲᠡᠳᠬᠦᠬᠦ᠌ ᠡᠷᠴᠢᠮ ᠢ᠋ ᠴᠢᠩᠭᠠᠷᠠᠭᠤᠯᠤᠨ᠎ᠠ; ᠠᠵᠢᠯ ᠣᠯᠭᠤᠬᠤ ᠪᠡᠷ ᠲᠡᠳᠬᠦᠮᠵᠢ ᠵᠢ ᠣᠷᠣᠯᠠᠭᠤᠯᠬᠤ ᠬᠡᠪᠴᠢᠶ᠎ᠡ ᠵᠢ ᠥᠷᠭᠡᠳᠭᠡᠨ᠎ᠡ ; ᠱᠢᠯᠵᠢᠯᠲᠡ ᠶ᠋ᠢᠨ ᠬᠤᠭᠤᠴᠠᠭᠠᠨ ᠤ᠋ ᠳᠠᠷᠠᠭᠠᠬᠢ ᠬᠠᠪᠰᠤᠷᠤᠨ ᠲᠡᠳᠬᠦᠬᠦ᠌ ᠲᠦᠷᠦ᠍ ᠶ᠋ᠢᠨ ᠪᠤᠳᠤᠯᠭ᠎ᠠ ᠶ᠋ᠢᠨ ᠱᠢᠰᠲ᠋ᠧᠮ ᠢ᠋ ᠲᠡᠭᠦᠯᠳᠡᠷᠵᠢᠭᠦᠯᠦᠨ᠎ᠡ᠃ ᠬᠥᠳᠡᠭᠡ ᠲᠣᠰᠭᠤᠨ ᠤ᠋ ᠥᠭᠡᠷᠡᠴᠢᠯᠡᠯᠲᠡ ᠬᠥᠭ᠌ᠵᠢᠯᠲᠡ ᠵᠢ ᠯᠠᠪᠳᠠᠭᠤᠨ ᠪᠠᠲᠤᠲᠠᠶ ᠠᠬᠢᠭᠤᠯᠤᠨ᠎ᠠ ᠄   ᠬᠤᠶᠠᠳᠤᠭᠠᠷ ᠡᠭᠡᠯᠵᠢ ᠶ᠋ᠢᠨ ᠭᠠᠵᠠᠷ ᠱᠢᠷᠣᠶ ᠶ᠋ᠢᠨ ᠳᠠᠭᠠᠭᠠᠴᠢᠯᠠᠯᠲᠠ ᠵᠢ ᠬᠤᠭᠤᠴᠠᠭ᠎ᠠ ᠨᠢ ᠲᠤᠯᠤᠭ᠍ᠰᠠᠨ ᠤ᠋ ᠳᠠᠷᠠᠭ᠎ᠠ ᠳᠠᠬᠢᠭᠠᠳ 30 ᠵᠢᠯ ᠤᠷᠲᠤᠳᠭᠠᠬᠤ ᠲᠤᠷᠱᠢᠯᠲᠠ ᠵᠢ ᠡᠮᠬᠢ ᠵᠢᠷᠤᠮ ᠲᠠᠢ ᠠᠬᠢᠭᠤᠯᠤᠨ᠎ᠠ ; ᠳᠠᠭᠠᠭᠠᠴᠢᠯᠠᠯᠲᠠ ᠶ᠋ᠢᠨ ᠭᠠᠵᠠᠷ ᠱᠢᠷᠤᠢ ᠶ᠋ᠢᠨ ᠡᠵᠡᠩᠨᠡᠯᠲᠡ ᠶ᠋ᠢᠨ ᠡᠷᠬᠡ ᠶ᠋ᠢᠨ ᠬᠦᠢᠯᠬᠡᠬᠡᠨ ᠤ᠋ ᠦᠨ᠎ᠡ ᠬᠠᠩᠰᠢ ᠶ᠋ᠢᠨ ᠪᠦᠷᠢᠯᠳᠦᠬᠦ᠌ ᠲᠣᠭ᠍ᠲᠠᠴᠠ ᠵᠢ ᠲᠡᠭᠦᠯᠳᠡᠷᠵᠢᠭᠦᠯᠦᠨ᠎ᠠ ; ᠬᠥᠳᠡᠭᠡ ᠲᠣᠰᠭᠤᠨ ᠤ᠋ ᠰᠠᠭᠤᠷᠢ ᠲᠥᠬᠦᠭᠡᠷᠦᠮᠵᠢ᠂ ᠤᠯᠠᠨ ᠨᠡᠢᠲᠡ ᠶ᠋ᠢᠨ ᠦᠢᠯᠡᠴᠢᠯᠡᠭᠡ ᠪᠠ ᠣᠷᠣᠱᠢᠨ ᠠᠮᠢᠳᠤᠷᠠᠬᠤ ᠣᠷᠴᠢᠨ ᠨᠥᠬᠦᠴᠡᠯ ᠢ᠋ ᠦᠷᠭᠦᠯᠵᠢᠯᠡᠨ ᠰᠠᠢᠵᠢᠷᠠᠭᠤᠯᠤᠨ᠎ᠠ ᠃

(ᠨᠠᠢ᠍ᠮᠠ) ᠱᠢᠨ᠎ᠡ ᠬᠡᠯᠪᠡᠷᠢ ᠶ᠋ᠢᠨ ᠬᠤᠲᠠ ᠪᠠᠯᠭᠠᠰᠤᠵᠢᠯᠲᠠ ᠪᠠ ᠣᠷᠣᠨ ᠪᠦᠰᠡ ᠶ᠋ᠢᠨ ᠵᠣᠬᠢᠴᠠᠩᠭᠤᠶ ᠬᠥᠭ᠌ᠵᠢᠯᠲᠡ ᠵᠢ ᠠᠬᠢᠭᠤᠯᠵᠤ᠂ ᠬᠥᠭ᠌ᠵᠢᠯᠲᠡ ᠶ᠋ᠢᠨ ᠣᠷᠣᠨ ᠵᠠᠶ ᠶ᠋ᠢᠨ ᠪᠠᠢᠷᠢᠱᠢᠯ ᠢ᠋ ᠤᠯᠠᠮ ᠨᠢᠭᠡ ᠠᠯᠬᠤᠮ ᠱᠢᠯᠢᠳᠡᠭ᠌ᠵᠢᠭᠦᠯᠦᠨ᠎ᠡ

ᠱᠢᠨ᠎ᠡ ᠬᠡᠯᠪᠡᠷᠢ ᠶ᠋ᠢᠨ ᠬᠤᠳᠠ ᠪᠠᠯᠭᠠᠰᠤᠵᠢᠯᠳᠠ ᠶ᠋ᠢᠨ ᠪᠠᠢᠯᠳᠤᠬᠤ ᠪᠤᠳᠤᠯᠭ᠎ᠠ ᠶ᠋ᠢᠨ ᠠᠵᠢᠯᠯᠠᠭ᠎ᠠ ᠵᠢ ᠭᠦᠨᠵᠡᠭᠡᠢᠷᠡᠬᠦᠯᠤᠨ ᠬᠡᠷᠡᠭ᠌ᠵᠢᠭᠦᠯᠦᠨ᠎ᠡ ᠄  ᠪᠠᠢᠩᠭᠤ ᠰᠠᠭᠤᠭ᠎ᠠ ᠭᠠᠵᠠᠷ ᠲᠦ᠍ᠨᠢ ᠦᠨᠳᠦᠰᠦᠨ ᠣᠯᠠᠨ ᠨᠡᠢᠲᠡ ᠶ᠋ᠢᠨ ᠦᠢᠯᠡᠴᠢᠯᠡᠭᠡ ᠬᠠᠩᠭᠠᠬᠤ ᠵᠢ ᠪᠦᠬᠦ᠌ ᠲᠠᠯ᠎ᠠ ᠪᠡᠷ ᠠᠬᠢᠭᠤᠯᠤᠨ᠎ᠠ; ᠨᠥᠬᠦᠴᠡᠯ ᠳ᠋ᠦ ᠨᠡᠢᠴᠡᠬᠦ᠌ ᠲᠠᠷᠢᠶᠠᠯᠠᠩ ᠡᠴᠡ ᠱᠢᠯᠵᠢᠭ᠌ᠰᠡᠨ ᠬᠥᠮᠦᠨ ᠠᠮᠠ ᠵᠢ ᠣᠷᠣᠨ ᠰᠠᠭᠤᠴᠠ ᠶ᠋ᠢᠨ ᠪᠠᠲᠤᠯᠠᠭ᠎ᠠ ᠶ᠋ᠢᠨ ᠱᠢᠰᠲ᠋ᠧᠮ ᠳ᠋ᠦ ᠣᠷᠣᠭᠤᠯᠬᠤ ᠵᠢ ᠠᠬᠢᠭᠤᠯᠤᠨ᠎ᠠ ; ᠬᠤᠲᠠ ᠵᠢ ᠱᠢᠨᠡᠳᠭᠡᠬᠦ᠌ ᠪᠠ ᠬᠤᠲᠠ ᠪᠠᠯᠭᠠᠰᠤᠨ ᠤ᠋ ᠬᠠᠭᠤᠴᠢᠨ ᠰᠠᠭᠤᠭᠠᠯᠢ ᠲᠣᠭᠤᠷᠢᠭ ᠢ᠋ ᠥᠭᠡᠷᠡᠴᠢᠯᠡᠨ ᠵᠠᠰᠠᠬᠤ ᠠᠵᠢᠯ ᠢ᠋ ᠦᠷᠭᠦᠯᠵᠢᠯᠡᠨ ᠠᠬᠢᠭᠤᠯᠤᠨ᠎ᠠ; ᠱᠢᠲᠠᠮᠠᠬᠠᠶ ᠬᠡᠢ᠂ ᠤᠰᠤ ᠬᠠᠩᠭᠠᠬᠤ ᠤᠰᠤ ᠵᠠᠯᠠᠬᠤ᠂ ᠢᠯᠴᠢ ᠂ ᠭᠠᠵᠠᠷ ᠳᠣᠤᠷᠠᠬᠢ ᠲᠠᠮᠵᠢᠭᠤᠯᠬᠤ ᠬᠤᠭᠤᠯᠠᠶ ᠶ᠋ᠢᠨ ᠬᠤᠩᠬᠢᠯ ᠵᠡᠷᠭᠡ ᠵᠢ ᠪᠦᠲᠦᠭᠡᠨ ᠪᠠᠢᠭᠤᠯᠬᠤ ᠪᠠ ᠬᠠᠮᠵᠢᠯᠴᠠᠨ ᠬᠠᠮᠢᠶᠠᠷᠬᠤ ᠵᠢ ᠴᠢᠩᠭᠠᠳᠭᠠᠨ᠎ᠠ᠃ ᠣᠷᠣᠨ ᠪᠦᠰᠡ ᠶ᠋ᠢᠨ ᠪᠠᠢᠯᠳᠤᠬᠤ ᠪᠣᠳᠣᠯᠭ᠎ᠠ ᠵᠢ ᠬᠡᠷᠡᠭ᠌ᠵᠢᠭᠦᠯᠬᠦ᠌ ᠡᠷᠴᠢᠮ ᠢ᠋ ᠴᠢᠩᠭᠠᠷᠠᠭᠤᠯᠤᠨ᠎ᠠ ᠄    ᠣᠷᠣᠨ ᠪᠦᠰᠡ ᠶ᠋ᠢᠨ ᠵᠣᠬᠢᠴᠠᠩᠭᠤᠶ ᠬᠥᠭ᠌ᠵᠢᠯᠲᠡ ᠶ᠋ᠢᠨ ᠪᠠᠢᠯᠳᠤᠬᠤ ᠪᠣᠳᠣᠯᠭ᠎ᠠ᠂ ᠣᠷᠣᠨ ᠪᠦᠰᠡ ᠶ᠋ᠢᠨ ᠴᠢᠬᠤᠯᠠ ᠶᠡᠭᠡ ᠪᠠᠢᠯᠳᠤᠬᠤ ᠪᠣᠳᠣᠯᠭ᠎ᠠ ᠂ ᠪᠡᠶᠡᠴᠢ ᠴᠣᠭ᠍ᠴᠠ ᠶ᠋ᠢᠨ ᠴᠢᠳᠠᠮᠵᠢᠲᠤ ᠣᠷᠣᠨ ᠤ᠋ ᠪᠠᠢᠯᠳᠤᠬᠤ ᠪᠣᠳᠣᠯᠭ᠎ᠠ ᠶ᠋ᠢᠨ ᠲᠠᠪᠬᠤᠴᠠᠯ ᠨᠦᠯᠦᠭᠡᠯᠡᠯ ᠢ᠋ ᠪᠠᠳᠠᠷᠠᠭᠤᠯᠵᠤ᠂ ᠱᠢᠨ᠎ᠡ ᠨᠡᠮᠡᠭ᠌ᠳᠡᠯ ᠤ᠋ᠨ ᠲᠦᠢᠯ ᠢ᠋ ᠢᠳᠡᠪᠬᠢᠲᠡᠶ ᠪᠤᠢᠵᠢᠭᠤᠯᠤᠨ᠎ᠠ ; ᠠᠵᠤ ᠠᠬᠤᠶ ᠶ᠋ᠢᠨ ᠲᠤᠮᠤ ᠮᠤᠵᠢ ᠶ᠋ᠢᠨ ᠬᠦᠨᠳᠦ ᠡᠭᠦᠷᠭᠡ ᠡᠭᠦᠷᠭᠡᠯᠡᠬᠦ᠌ ᠵᠢ ᠳᠠᠮᠵᠢᠨ᠎ᠠ ; ᠪᠤᠰᠤᠳ ᠭᠠᠵᠠᠷ ᠣᠷᠣᠨ ᠤ᠋ ᠬᠢᠨ ᠤ᠋ ᠭᠠᠵᠠᠷ ᠣᠷᠣᠨ ᠤ᠋ ᠪᠠᠢᠳᠠᠯ ᠳ᠋ᠠᠭᠠᠨ ᠲᠣᠬᠢᠷᠠᠭᠤᠯᠤᠨ ᠲᠤᠰ ᠲᠤᠰ ᠤ᠋ᠨ ᠳᠠᠪᠠᠭᠤᠯᠢᠭ ᠢ᠋ᠶ᠋ᠠᠨ ᠪᠠᠳᠠᠷᠠᠭᠤᠯᠬᠤ ᠵᠢ ᠵᠣᠷᠢᠬ᠍ᠵᠢᠭᠤᠯᠤᠨ᠎ᠠ; ᠪᠦᠬᠦ᠌ ᠤᠯᠤᠰ ᠤ᠋ᠨ ᠳᠠᠯᠠᠢ ᠲᠠᠩᠭᠢᠰ ᠤ᠋ᠨ ᠠᠵᠤ ᠠᠬᠤᠶ ᠶ᠋ᠢᠨ ᠬᠥᠭ᠌ᠵᠢᠯᠲᠡ ᠶ᠋ᠢᠨ ᠵᠢᠱ᠌ᠢᠶ᠎ᠡ ᠦᠵᠡᠭᠦᠯᠬᠦ᠌ ᠣᠷᠣᠨ ᠢ᠋ ᠪᠦᠲᠦᠭᠡᠨ ᠪᠠᠢᠭᠤᠯᠤᠨ᠎ᠠ ᠃

(ᠶᠢᠰᠦ) ᠨᠡᠭᠦᠷᠡᠰᠦᠲᠥ᠋ᠷᠥᠭ᠌ᠴᠢ ᠶ᠋ᠢᠨ ᠭᠠᠳᠠᠭ᠍ᠰᠢᠯᠠᠭᠤᠯᠤᠯᠲᠠ ᠵᠢ ᠪᠠᠭᠤᠷᠠᠭᠤᠯᠬᠤ ᠪᠤᠬᠢᠷᠳᠤᠯ ᠢ᠋ ᠪᠠᠭᠠᠰᠭᠠᠬᠤ ᠨᠣᠭᠤᠭᠠᠷᠠᠭᠤᠯᠤᠯᠲᠠ ᠵᠢ ᠥᠷᠭᠡᠳᠭᠡᠬᠦ᠌ ᠠᠵᠦ᠍ ᠠᠬᠤᠢ ᠵᠢ ᠨᠡᠮᠡᠭ᠌ᠳᠡᠬᠦᠯᠬᠦ᠌ ᠵᠢ ᠬᠠᠮᠵᠢᠯᠴᠠᠨ ᠠᠬᠢᠭᠤᠯᠵᠤ ᠂ ᠠᠵᠤ ᠠᠬᠤᠶ ᠨᠡᠢᠭᠡᠮ ᠤ᠋ᠨ ᠬᠥᠭ᠌ᠵᠢᠯᠲᠡ ᠶ᠋ᠢᠨ ᠪᠦᠬᠦ᠌ ᠲᠠᠯ᠎ᠠ ᠶ᠋ᠢᠨ ᠪᠤᠬᠢᠷᠳᠤᠯ ᠦᠬᠡᠢ ᠲᠡᠢᠰᠢ ᠬᠡᠯᠪᠡᠷᠢ ᠪᠠᠨ ᠬᠤᠪᠢᠷᠠᠭᠤᠯᠬᠤ ᠵᠢ ᠲᠦᠷᠭᠡᠳᠭᠡᠨ᠎ᠡ

ᠪᠣᠬᠢᠷᠲᠤᠯ ᠢ᠋ ᠰᠡᠷᠭᠡᠢᠯᠡᠨ ᠵᠠᠰᠠᠬᠤ ᠪᠠ ᠠᠮᠢ ᠠᠬᠤᠶ ᠶ᠋ᠢᠨ ᠪᠦᠳᠦᠭᠡᠨ ᠪᠠᠢᠭᠤᠯᠤᠯᠲᠠ ᠵᠢ ᠴᠢᠩᠭᠠᠳᠭᠠᠨ᠎ᠠ ᠄  ᠬᠦᠬᠡ ᠤᠭᠳᠠᠷᠭᠤᠢ ᠂ ᠬᠦᠬᠡᠮᠳᠦᠭ ᠤᠰᠤ ᠂ ᠴᠡᠪᠡᠷ ᠬᠦᠷᠦᠰᠦ ᠵᠢ ᠬᠠᠮᠠᠭᠠᠯᠠᠬᠤ ᠲᠠᠢᠯᠠᠯᠳᠤᠭᠠᠨ ᠢ᠋ ᠦᠷᠭᠦᠯᠵᠢᠯᠡᠨ ᠭᠦᠨᠵᠡᠭᠡᠢᠷᠡᠬᠦᠯᠦᠨ ᠠᠬᠢᠭᠤᠯᠤᠨ᠎ᠠ ; ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠢ᠋ ᠶᠡᠷᠦᠩᠬᠡᠢᠯᠡᠨ ᠵᠠᠰᠠᠬᠤ ᠠᠵᠢᠯᠯᠠᠭ᠎ᠠ ᠶ᠋ᠢᠨ ᠲᠥᠯᠥᠪᠯᠡᠭᠡ ᠲᠣᠭ᠍ᠲᠠᠭᠠᠨ᠎ᠠ;《ᠤᠮᠠᠷᠠᠳᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠡᠯᠭᠡ ᠲᠡᠮᠳᠡᠭ ᠤ᠋ᠨ ᠴᠢᠨᠠᠷᠲᠠᠶ ᠳᠠᠢᠯᠠᠯᠳᠤᠭᠠᠨ ᠤ᠋ ᠴᠢᠬᠤᠯᠠ ᠦᠷ᠎ᠡ ᠪᠦᠲᠦᠭᠡᠯ ᠤᠯᠬᠤ ᠵᠢ ᠠᠬᠢᠭᠤᠯᠤᠨ᠎ᠠ ; ᠦᠵᠡᠰᠭᠦᠯᠡᠩᠲᠦ ᠰᠠᠢᠬᠠᠨ ᠳᠤᠮᠳᠠᠳᠤ ᠤᠯᠤᠰ ᠤ᠋ᠨ ᠲᠦᠷᠦᠭᠦᠯᠡᠬᠦ᠌ ᠣᠷᠣᠨ ᠤ᠋ ᠪᠦᠲᠦᠭᠡᠨ ᠪᠠᠢᠭᠤᠯᠤᠯᠲᠠ ᠵᠢ ᠢᠳᠡᠪᠬᠢᠲᠡᠢ ᠠᠬᠢᠭᠤᠯᠤᠨ᠎ᠠ᠃ ᠪᠤᠬᠢᠷᠳᠤᠯ ᠦᠬᠡᠢ ᠪᠠᠭ᠎ᠠ ᠨᠡᠭᠦᠷᠡᠰᠦᠲᠥ᠋ᠷᠥᠭ᠌ᠴᠢᠳᠤ ᠠᠵᠤ ᠠᠬᠤᠶ ᠵᠢ ᠲᠦᠷᠭᠡᠳᠬᠡᠨ ᠬᠥᠭ᠌ᠵᠢᠭᠦᠯᠦᠨ᠎ᠡ ᠄  ᠪᠤᠬᠢᠷᠳᠤᠯ ᠦᠬᠡᠢ ᠪᠠᠭ᠎ᠠ ᠨᠡᠭᠦᠷᠡᠰᠦᠲᠥ᠋ᠷᠥᠭ᠌ᠴᠢᠳᠤ ᠲᠡᠷᠢᠭᠦᠨ ᠤ᠋ ᠮᠡᠷᠭᠡᠵᠢᠯ ᠤ᠋ᠨ ᠵᠢᠱ᠌ᠢᠶ᠎ᠡ ᠦᠵᠡᠭᠦᠯᠬᠦ᠌ ᠢᠨᠵᠧᠨᠧᠷᠢᠩ ᠢ᠋ ᠭᠦᠨᠵᠡᠭᠡᠢᠷᠡᠬᠦᠯᠦᠨ ᠬᠡᠷᠡᠭ᠌ᠵᠢᠭᠦᠯᠦᠨ᠎ᠠ; ᠡᠨᠧᠷᠭᠢ ᠬᠡᠷᠡᠭ᠌ᠯᠡᠬᠦ᠌ ᠤᠰᠤ ᠬᠡᠷᠡᠭ᠌ᠯᠡᠬᠦ᠌ ᠭᠤᠤᠯᠳᠠᠯᠭ᠎ᠠ ᠲᠠᠢ ᠨᠢᠭᠡᠴᠢ ᠶ᠋ᠢᠨ ᠡᠨᠧᠷᠭᠢ ᠠᠷᠪᠢᠯᠠᠵᠤ ᠤᠰᠤ ᠠᠷᠪᠢᠯᠠᠬᠤ ᠬᠠᠮᠢᠶᠠᠷᠤᠯᠲᠠ ᠵᠢ ᠴᠢᠩᠭᠠᠳᠭᠠᠨ᠎ᠠ; ᠡᠨᠧᠷᠭᠢ ᠶ᠋ᠢᠨ ᠬᠤᠷᠣᠭ᠍ᠳᠠᠭᠤᠯᠤᠯ ᠶᠡᠭᠡᠳᠠᠢ ᠲᠦᠷᠦᠯ ᠵᠤᠢᠯ ᠢ᠋ ᠴᠢᠩᠭ᠎ᠠ ᠬᠦᠴᠦᠲᠡᠶ ᠪᠥᠭᠡᠳ ᠪᠦᠲᠦᠮᠵᠢᠲᠡᠶ ᠪᠡᠷ ᠬᠠᠮᠢᠶᠠᠷᠤᠨ ᠡᠵᠡᠮᠳᠡᠨ᠎ᠡ᠃ ᠨᠡᠭᠦᠷᠡᠰᠦᠲᠥ᠋ᠷᠥᠭ᠌ᠴᠢ ᠶ᠋ᠢᠨ ᠭᠠᠳᠠᠭ᠍ᠰᠢᠯᠠᠭᠤᠯᠤᠯᠲᠠ ᠵᠢ ᠣᠷᠭᠢᠯ ᠬᠡᠮᠵᠢᠭ᠌ᠳᠡᠯ ᠳ᠋ᠦ ᠬᠦᠷᠭᠡᠬᠦ᠂ ᠨᠡᠭᠦᠷᠡᠰᠦᠲᠥ᠋ᠷᠥᠭ᠌ᠴᠢ ᠶ᠋ᠢᠨ ᠭᠠᠳᠠᠭ᠍ᠰᠢᠯᠠᠭᠤᠯᠤᠯᠲᠠ ᠵᠢ ᠰᠠᠭᠠᠷᠮᠠᠭ᠍ᠵᠢᠭᠤᠯᠬᠤ ᠵᠢ ᠢᠳᠡᠪᠬᠢᠲᠡᠢ ᠪᠦᠭᠡᠳ ᠯᠠᠪᠳᠠᠭᠤᠨ ᠳᠤᠬᠢᠳᠠᠢ ᠠᠬᠢᠭᠤᠯᠤᠨ᠎ᠠ ᠄ ᠨᠢᠭᠡ ᠪᠦᠯᠦᠭ ᠨᠡᠭᠦᠷᠡᠰᠦᠲᠥ᠋ᠷᠥᠭ᠌ᠴᠢ ᠦᠯᠦ᠍ ᠭᠠᠳᠠᠬ᠍ᠰᠢᠯᠠᠭᠤᠯᠬᠤ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭ᠌ᠴᠢ ᠦᠯᠦ᠍ ᠭᠠᠳᠠᠬ᠍ᠰᠢᠯᠠᠭᠤᠯᠬᠤ ᠦᠢᠯᠡᠳᠪᠦᠷᠢ ᠵᠢ ᠪᠠᠢᠭᠤᠯᠵᠦ᠂ ᠪᠦᠬᠦ᠌ ᠤᠯᠤᠰ ᠤ᠋ᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠬᠡ ᠵᠢ ᠠᠷᠠᠯᠵᠢᠶᠠᠯᠠᠬᠤ ᠵᠠᠬ᠎ᠠ ᠳᠡᠯᠭᠡᠭᠦᠷ ᠤ᠋ᠨ ᠠᠵᠢᠯ ᠲᠦᠷᠦᠯ ᠤ᠋ᠨ ᠬᠠᠮᠤᠷᠬᠤ ᠬᠡᠪᠴᠢᠶ᠎ᠡ ᠵᠢ ᠥᠷᠭᠡᠳᠭᠡᠨ᠎ᠡ; ᠦᠢᠯᠡᠳᠬᠦᠨ ᠤ᠋ ᠨᠡᠭᠦᠷᠡᠰᠦᠲᠥ᠋ᠷᠥᠭ᠌ᠴᠢ ᠶ᠋ᠢᠨ ᠤᠯᠠ ᠮᠥᠷ ᠤ᠋ᠨ ᠬᠠᠮᠢᠶᠠᠷᠤᠯᠲᠠ ᠶ᠋ᠢᠨ ᠱᠢᠰᠲ᠋ᠧᠮ᠂ ᠨᠡᠭᠦᠷᠡᠰᠦᠲᠥ᠋ᠷᠥᠭ᠌ᠴᠢ ᠶ᠋ᠢᠨ ᠢᠯᠡᠳᠭᠡᠮᠵᠢ ᠳᠡᠮᠳᠡᠭ ᠤ᠋ᠨ ᠭᠡᠷᠡᠴᠢᠯᠡᠯ ᠤ᠋ᠨ ᠳᠦᠷᠢᠮ ᠢ᠋ ᠪᠠᠢᠭᠤᠯᠤᠨ᠎ᠠ ; ᠡᠯᠡᠰᠦ᠂ ᠭᠤᠪᠢ᠂ ᠴᠥᠯ ᠭᠠᠵᠠᠷ ᠤ᠋ᠨ ᠱᠢᠨ᠎ᠡ ᠡᠨᠧᠷᠭᠢ ᠶ᠋ᠢᠨ ᠰᠠᠭᠤᠷᠢᠨ ᠢ᠋ ᠲᠦᠷᠭᠡᠳᠬᠡᠨ ᠪᠠᠢᠭᠤᠯᠤᠨ᠎ᠠ ᠃

(ᠠᠷᠪᠠ) ᠠᠷᠠᠳ ᠤ᠋ᠨ ᠠᠮᠢᠳᠤᠷᠠᠯ ᠢ᠋ ᠪᠠᠲᠤᠯᠠᠨ ᠰᠠᠢᠵᠢᠷᠠᠭᠤᠯᠬᠤ ᠡᠷᠴᠢᠮ ᠢ᠋ᠶ᠋ᠠᠨ ᠴᠢᠩᠭᠠᠷᠠᠭᠤᠯᠵᠤ ᠂ ᠨᠡᠢᠭᠡᠮ ᠤ᠋ᠨ ᠵᠠᠰᠠᠯᠲᠠ ᠶ᠋ᠢᠨ ᠦᠢᠯᠡᠳᠦᠯ ᠴᠢᠳᠠᠪᠤᠷᠢ ᠵᠢ ᠳᠡᠭᠡᠭ᠌ᠰᠢᠯᠡᠭᠦᠯᠦᠨ᠎ᠡ

ᠨᠡᠩ ᠶᠡᠭᠡ ᠡᠷᠴᠢᠮ ᠢ᠋ᠶ᠋ᠠᠷ ᠠᠵᠢᠯ ᠣᠯᠭᠤᠯᠲᠠ ᠵᠢ ᠲᠣᠭ᠍ᠲᠠᠪᠤᠷᠢᠵᠢᠭᠤᠯᠬᠤ ᠪᠠ ᠥᠷᠭᠡᠳᠭᠡᠨ᠎ᠡ ᠄  ᠭᠤᠣᠯᠳᠠᠯᠭ᠎ᠠ ᠲᠠᠢ ᠬᠦᠷᠢᠶ᠎ᠡ ᠂ ᠭᠤᠣᠯᠳᠠᠯᠭ᠎ᠠ ᠲᠠᠢ ᠠᠵᠢᠯ ᠲᠥᠷᠥᠯ ᠂ ᠬᠤᠲᠠ ᠬᠥᠳᠡᠭᠡ ᠶ᠋ᠢᠨ ᠦᠨᠳᠦᠰᠦᠨ ᠱᠠᠲᠤ ᠪᠠ ᠳᠤᠮᠳᠠ ᠪᠠᠭ᠎ᠠ ᠵᠢᠵᠢᠭ ᠠᠵᠤ ᠠᠬᠤᠢᠯᠠᠯ ᠤ᠋ᠨ ᠠᠵᠢᠯ ᠣᠯᠭᠤᠯᠲᠠ ᠵᠢ ᠳᠡᠮᠵᠢᠬᠦ᠌ ᠲᠥᠯᠥᠪᠯᠡᠭᠡ ᠵᠢ ᠬᠡᠷᠡᠭ᠌ᠵᠢᠭᠦᠯᠦᠨ᠎ᠠ;ᠱᠢᠨ᠎ᠡ ᠮᠡᠷᠭᠡᠵᠢᠯ ᠤ᠋ᠨ ᠬᠡᠷᠡᠭ᠌ᠯᠡᠯᠲᠡ ᠪᠠ ᠠᠵᠢᠯ ᠤ᠋ᠨ ᠪᠠᠢᠷᠢ ᠶ᠋ᠢᠨ ᠰᠣᠯᠢᠭ᠍ᠳᠠᠯ ᠢ᠋ ᠰᠠᠢᠲᠤᠷ ᠨᠢᠭᠡᠳᠦᠯᠲᠡᠶ ᠲᠥᠯᠥᠪᠯᠡᠨ ᠂ ᠠᠵᠢᠯ ᠣᠯᠭᠤᠬᠤ ᠱᠢᠨ᠎ᠡ ᠲᠣᠬᠢᠶᠠᠯ ᠢ᠋ ᠡᠭᠦᠳᠤᠨ᠎ᠠ; ᠶᠡᠭᠡ ᠬᠡᠪᠴᠢᠶᠡᠨ ᠤ᠋ ᠠᠵᠢᠯ ᠮᠡᠷᠭᠡᠵᠢᠯ ᠤ᠋ᠨ ᠤᠷ᠎ᠠ ᠴᠢᠳᠠᠪᠤᠷᠢ ᠵᠢ ᠳᠡᠭᠡᠭ᠌ᠰᠢᠯᠡᠭᠦᠯᠬᠦ᠌ ᠪᠣᠯᠪᠠᠰᠤᠷᠠᠭᠤᠯᠤᠯ ᠤ᠋ᠨ ᠠᠵᠢᠯᠯᠠᠭ᠎ᠠ ᠥᠷᠨᠢᠭᠦᠯᠦᠨ᠎ᠠ ; ᠤᠷ᠎ᠠ ᠴᠢᠳᠠᠪᠤᠷᠢ ᠪᠡᠷ ᠤᠳᠤᠷᠢᠳᠤᠮᠵᠢ ᠪᠣᠯᠭᠠᠭ᠍ᠰᠠᠨ ᠴᠠᠯᠢᠩ ᠬᠥᠯᠥᠰᠥ ᠶ᠋ᠢᠨ ᠬᠤᠪᠢᠶᠠᠷᠢᠯᠠᠯᠲᠠ ᠶ᠋ᠢᠨ ᠳᠦᠷᠢᠮ ᠢ᠋ ᠲᠦᠷᠭᠡᠳᠬᠡᠨ ᠪᠠᠢᠭᠤᠯᠤᠨ᠎ᠠ ᠃ ᠦᠨᠳᠦᠰᠦᠨ ᠡᠮᠴᠢᠯᠡᠬᠡᠨ ᠡᠷᠡᠭᠦᠯ ᠬᠠᠮᠠᠭᠠᠯᠠᠯ ᠤ᠋ᠨ ᠦᠢᠯᠡᠴᠢᠯᠡᠭᠡ ᠵᠢ ᠴᠢᠩᠭᠠᠳᠭᠠᠨ᠎ᠠ ᠄ ᠡᠷᠡᠭᠦᠯ ᠮᠡᠨᠳᠦ᠍ ᠵᠢ ᠲᠡᠷᠢᠬᠦᠨ ᠳ᠋ᠦ ᠲᠠᠯᠪᠢᠬᠤ ᠬᠥᠭ᠌ᠵᠢᠯᠳᠡ ᠶ᠋ᠢᠨ ᠪᠠᠢᠯᠳᠤᠬᠤ ᠪᠣᠳᠣᠯᠭ᠎ᠠ ᠵᠢ ᠬᠡᠷᠡᠭ᠌ᠵᠢᠭᠦᠯᠦᠨ᠎ᠠ ; ᠡᠪᠡᠳᠴᠢᠲᠡᠨ ᠢ᠋ᠶ᠋ᠠᠷ ᠭᠤᠣᠯ ᠪᠣᠯᠭᠠᠨ ᠡᠮᠴᠢᠯᠡᠭᠡᠨ ᠤ᠋ ᠦᠢᠯᠡᠴᠢᠯᠡᠭᠡ ᠵᠢ ᠦᠷᠭᠦᠯᠵᠢᠯᠡᠨ ᠰᠠᠢᠵᠢᠷᠠᠭᠤᠯᠤᠨ᠎ᠠ ; ᠡᠮᠴᠢᠯᠡᠬᠡᠨ ᠡᠷᠡᠭᠦᠯ ᠬᠠᠮᠠᠭᠠᠯᠠᠯ ᠤ᠋ᠨ ᠰᠠᠭᠤᠷᠢ ᠵᠢ ᠪᠠᠬᠢᠵᠢᠭᠦᠯᠬᠦ᠌ ᠢᠨᠵᠧᠨᠧᠷᠢᠩ ᠢ᠋ ᠬᠡᠷᠡᠭ᠌ᠵᠢᠭᠦᠯᠦᠨ᠎ᠡ ; ᠰᠠᠭᠤᠭᠠᠯᠢ ᠠᠷᠠᠳ ᠤ᠋ᠨ ᠡᠮᠨᠡᠯᠭᠡ ᠶ᠋ᠢᠨ ᠳᠠᠭᠠᠳᠭᠠᠯ ᠪᠠ ᠦᠨᠳᠦᠰᠦᠨ ᠣᠯᠠᠨ ᠨᠡᠢᠲᠡ ᠶ᠋ᠢᠨ ᠡᠷᠡᠭᠦᠯ ᠬᠠᠮᠠᠭᠠᠯᠠᠯ ᠤ᠋ᠨ ᠦᠢᠯᠡᠴᠢᠯᠡᠭᠡᠨ ᠤ᠋ ᠵᠠᠷᠤᠳᠠᠯ ᠤ᠋ᠨ ᠬᠥᠮᠦᠨ ᠳᠤᠮᠳᠠᠴᠢ ᠶ᠋ᠢᠨ ᠡᠳ᠋ ᠤ᠋ᠨ ᠵᠠᠰᠠᠭ ᠤ᠋ᠨ ᠨᠥᠬᠦᠪᠥᠷᠢ ᠶ᠋ᠢᠨ ᠪᠠᠷᠢᠮᠵᠢᠶ᠎ᠠ ᠵᠢ ᠲᠣᠰ ᠲᠤᠰ ᠲᠠᠬᠢᠭᠠᠳ 30 ᠲᠥᠭᠦᠷᠢᠭ ᠪᠠ 5 ᠲᠥᠭᠦᠷᠢᠭ ᠳᠡᠭᠡᠭ᠌ᠰᠢᠯᠡᠭᠦᠯᠦᠨ᠎ᠡ᠃ ᠨᠡᠢᠭᠡᠮ ᠤ᠋ᠨ ᠪᠠᠲᠤᠯᠠᠭ᠎ᠠ ᠪᠠ ᠦᠢᠯᠡᠴᠢᠯᠡᠭᠡᠨ ᠤ᠋ ᠲᠦᠷᠦ᠍ ᠶ᠋ᠢᠨ ᠪᠤᠳᠤᠯᠭ᠎ᠠ ᠵᠢ ᠲᠡᠭᠦᠯᠳᠡᠷᠵᠢᠭᠦᠯᠦᠨ᠎ᠡ ᠄  ᠬᠤᠲᠠ ᠬᠥᠳᠡᠭᠡ ᠶ᠋ᠢᠨ ᠰᠠᠭᠤᠭᠠᠯᠢ ᠠᠷᠠᠳ ᠤ᠋ᠨ ᠰᠠᠭᠤᠷᠢ ᠨᠠᠰᠤᠵᠢᠯ ᠤ᠋ᠨ ᠠᠰᠠᠷᠠᠮᠵᠢ ᠶ᠋ᠢᠨ ᠮᠥᠩᠭᠦ ᠶ᠋ᠢᠨ ᠨᠠᠭᠠᠳᠤ ᠵᠠᠬ᠎ᠠ ᠶ᠋ᠢᠨ ᠪᠠᠷᠢᠮᠵᠢᠶ᠎ᠠ ᠵᠢ ᠳᠠᠬᠢᠭᠠᠳ 20 ᠲᠥᠭᠦᠷᠢᠭ ᠳᠡᠭᠡᠭ᠌ᠰᠢᠯᠡᠭᠦᠯᠦᠨ᠎ᠠ ; ᠠᠵᠢᠯ ᠡᠴᠡ ᠪᠠᠨ ᠪᠠᠭᠤᠵᠤ ᠠᠮᠠᠷᠠᠭ᠍ᠰᠠᠳ ᠤ᠋ᠨ ᠦᠨᠳᠦᠰᠦᠨ ᠨᠠᠰᠤᠵᠢᠯ ᠤ᠋ᠨ ᠠᠰᠠᠷᠠᠮᠵᠢ ᠶ᠋ᠢᠨ ᠮᠥᠩᠭᠦ ᠵᠢ ᠵᠣᠬᠢᠰᠲᠠᠶ ᠳᠡᠭᠡᠭ᠌ᠰᠢᠯᠡᠭᠦᠯᠦᠨ᠎ᠡ ; ᠨᠡᠢᠭᠡᠮ ᠲᠣᠭᠤᠷᠢᠭ ᠡᠴᠡ ᠳᠠᠮᠵᠢᠬᠦ᠌ ᠨᠠᠰᠤᠲᠠᠢᠴᠤᠳ ᠢ᠋ ᠭᠡᠷ ᠲᠦ᠍ᠨᠢ ᠠᠰᠠᠷᠠᠬᠤ ᠦᠢᠯᠡᠴᠢᠯᠡᠭᠡ ᠵᠢ ᠠᠬᠢᠭᠤᠯᠤᠨ᠎ᠠ ; ᠦᠷᠡᠵᠢᠯ ᠢ᠋ ᠠᠬᠢᠭᠤᠯᠬᠤ ᠲᠥᠷᠥ ᠶ᠋ᠢᠨ ᠪᠣᠳᠣᠯᠭ᠎ᠠ ᠲᠣᠭ᠍ᠲᠠᠭᠠᠨ᠎ᠠ ; ᠬᠠᠦᠯᠢ ᠪᠡᠷ ᠲᠣᠭ᠍ᠲᠠᠭᠠᠭ᠍ᠰᠠᠨ ᠠᠵᠢᠯ ᠡᠴᠡ ᠪᠠᠨ ᠪᠠᠭᠤᠵᠤ ᠠᠮᠠᠷᠠᠬᠤ ᠨᠠᠰᠤ ᠵᠢ ᠠᠭᠠᠵᠢᠮ ᠢ᠋ᠶ᠋ᠠᠷ ᠱᠠᠲᠤᠯᠠᠨ ᠬᠤᠢᠱᠢᠯᠠᠭᠤᠯᠬᠤ ᠥᠭᠡᠷᠡᠴᠢᠯᠡᠯᠲᠡ ᠵᠢ ᠯᠠᠪᠳᠠᠭᠤᠨ ᠳᠤᠬᠢᠳᠠᠢ ᠬᠡᠷᠡᠭ᠌ᠵᠢᠭᠦᠯᠦᠨ᠎ᠡ ; ᠬᠦᠴᠢᠷᠳᠡᠯ ᠲᠠᠢ ᠣᠯᠠᠨ ᠲᠦᠮᠡᠨ ᠤ᠋ ᠦᠨᠳᠦᠰᠦᠨ ᠠᠮᠢᠳᠤᠷᠠᠯ ᠢ᠋ ᠪᠠᠲᠤᠯᠠᠨ᠎ᠠ ᠃ ᠤᠶᠤᠨ ᠤ᠋ ᠪᠣᠯᠪᠠᠰᠤᠨ ᠤ᠋ ᠪᠠᠢᠭᠤᠯᠤᠯᠲᠠ ᠵᠢ ᠴᠢᠩᠭᠠᠳᠭᠠᠨ᠎ᠠ ᠄ ᠠᠷᠠᠳ ᠨᠡᠢᠲᠡ ᠪᠡᠷ ᠢ᠋ᠶ᠋ᠠᠨ ᠨᠤᠮ ᠤᠩᠱᠢᠬᠤ ᠠᠵᠢᠯᠯᠠᠭ᠎ᠠ ᠵᠢ ᠭᠦᠨᠵᠡᠭᠡᠢᠷᠡᠭᠦᠯᠦᠨ᠎ᠡ ; ᠱᠢᠨ᠎ᠡ ᠴᠠᠭ ᠥᠶ᠎ᠡ ᠶ᠋ᠢᠨ ᠰᠦᠯᠵᠢᠶᠡᠨ ᠤ᠋ ᠬᠦᠴᠦᠷᠬᠡᠭ ᠤᠯᠤᠰ ᠤ᠋ᠨ ᠪᠥᠲᠥᠭᠡᠨ ᠪᠠᠢᠭᠤᠯᠤᠯᠲᠠ ᠵᠢ ᠠᠬᠢᠭᠤᠯᠤᠨ᠎ᠠ ; ᠱᠢᠨ᠎ᠡ ᠬᠡᠯᠪᠡᠷᠢ ᠶ᠋ᠢᠨ ᠰᠣᠶᠣᠯ ᠤ᠋ᠨ ᠡᠵᠡᠩᠨᠡᠯᠲᠡ ᠶ᠋ᠢᠨ ᠬᠡᠯᠪᠡᠷᠢ ᠪᠠᠢᠳᠠᠯ ᠢ᠋ ᠲᠦᠷᠭᠡᠳᠬᠡᠨ ᠬᠥᠭ᠌ᠵᠢᠭᠦᠯᠦᠨ᠎ᠡ ; ᠠᠷᠪᠠᠨ ᠲᠠᠪᠤᠳᠤᠭᠠᠷ ᠬᠤᠭᠤᠴᠠᠭᠠᠨ ᠤ᠋ ᠪᠦᠬᠦ᠌ ᠤᠯᠤᠰ ᠤ᠋ᠨ ᠪᠡᠶ᠎ᠡ ᠶ᠋ᠢᠨ ᠲᠠᠮᠢᠷ ᠤ᠋ᠨ ᠴᠤᠭ᠍ᠯᠠᠭᠠᠨ ᠪᠠ ᠠᠷᠪᠠᠨ ᠬᠤᠶᠠᠳᠤᠭᠠᠷ ᠬᠤᠭᠤᠴᠠᠭᠠᠨ ᠤ᠋ ᠳᠡᠯᠡᠬᠡᠶ ᠶ᠋ᠢᠨ ᠪᠡᠶ᠎ᠡ ᠶ᠋ᠢᠨ ᠲᠠᠮᠢᠷ ᠤ᠋ᠨ ᠴᠤᠭ᠍ᠯᠠᠭᠠᠨ ᠢ᠋ ᠰᠠᠢᠲᠤᠷ ᠡᠷᠬᠢᠯᠡᠨ᠎ᠠ; ᠮᠥᠰᠥ᠍ ᠴᠠᠰᠤᠨ ᠤ᠋ ᠬᠥᠳᠡᠯᠭᠡᠭᠡᠨ ᠪᠠ ᠮᠥᠰᠥ᠍ ᠴᠠᠰᠤᠨ ᠤ᠋ ᠠᠵᠤ ᠠᠬᠤᠶ ᠵᠢ ᠢᠳᠡᠪᠬᠢᠲᠡᠶ ᠬᠥᠭ᠌ᠵᠢᠭᠦᠯᠦᠨ᠎ᠡ᠃ ᠤᠯᠤᠰ ᠤ᠋ᠨ ᠠᠮᠤᠷ ᠲᠦᠪᠱᠢᠨ ᠪᠠ ᠨᠡᠢᠭᠡᠮ ᠤ᠋ᠨ ᠲᠣᠭ᠍ᠲᠠᠭᠤᠨ ᠪᠠᠢᠳᠠᠯ ᠢ᠋ ᠬᠠᠮᠠᠭᠠᠯᠠᠨ᠎ᠠ᠄  ᠤᠯᠤᠰ ᠤ᠋ᠨ ᠠᠮᠤᠷ ᠲᠦᠪᠱᠢᠨ ᠢ᠋ ᠬᠠᠮᠠᠭᠠᠯᠠᠬᠤ ᠪᠠᠢᠭᠤᠯᠤᠯ ᠲᠣᠭ᠍ᠲᠠᠴᠠ ᠵᠢ ᠲᠡᠭᠦᠯᠳᠡᠷᠵᠢᠭᠦᠯᠦᠨ᠎ᠠ; ᠦᠨᠳᠦᠰᠦᠨ ᠱᠠᠲᠤᠨ ᠤ᠋ ᠪᠠᠴᠢᠮ ᠪᠠᠢᠳᠠᠯ ᠢ᠋ ᠠᠷᠭᠠᠴᠠᠭᠠᠬᠤ ᠰᠠᠭᠤᠷᠢ ᠪᠠ ᠬᠦᠴᠦᠨ ᠢ᠋ ᠴᠢᠩᠭᠠᠳᠭᠠᠨ᠎ᠠ ; ᠠᠶᠤᠯᠬᠦᠢ ᠦᠢᠯᠡᠳᠪᠦᠷᠢᠯᠡᠯ ᠤ᠋ᠨ ᠦᠨᠳᠦᠰᠦ ᠰᠤᠷᠪᠤᠯᠵᠢ ᠡᠴᠡ ᠨᠢ ᠵᠠᠰᠠᠬᠤ ᠪᠤᠭᠤᠮᠳᠠ ᠰᠢᠪᠳᠤᠯᠬᠤ ᠭᠤᠷᠪᠠᠨ ᠵᠢᠯ ᠤ᠋ᠨ ᠠᠵᠢᠯᠯᠠᠭ᠎ᠠ ᠵᠢ ᠭᠦᠨᠵᠡᠭᠡᠢᠷᠡᠭᠦᠯᠥᠨ ᠬᠡᠷᠡᠭ᠌ᠵᠢᠭᠦᠯᠦᠨ᠎ᠠ; ᠰᠤᠷᠭᠠᠭᠤᠯᠢ ᠶ᠋ᠢᠨ ᠬᠦᠷᠢᠶᠡᠨ ᠤ᠋ ᠰᠤᠷᠤᠭ᠍ᠴᠢᠳ ᠤ᠋ᠨ ᠬᠤᠭᠤᠯᠠ᠂ ᠲᠠᠪᠴᠠᠩ ᠤ᠋ᠨ ᠵᠠᠬᠢᠶᠠᠯᠠᠭ᠎ᠠ ᠶ᠋ᠢᠨ ᠠᠮᠤᠷ ᠲᠦᠪᠱᠢᠨ ᠤ᠋ ᠬᠢᠨᠠᠯᠲᠠ ᠬᠠᠮᠢᠶᠠᠷᠤᠯᠲᠠ ᠵᠢ ᠰᠠᠢᠲᠤᠷ ᠠᠳᠭᠤᠨ᠎ᠠ᠃

ᠡᠨᠡ ᠵᠢᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢ ᠨᠠᠢᠷᠠᠭᠤᠯᠤᠨ ᠵᠣᠬᠢᠶᠠᠬᠤ ᠠᠵᠢᠯ ᠢ᠋ ᠦᠷᠨᠢᠬᠦᠯᠵᠤ᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ ᠶ᠋ᠢᠨ ᠬᠤᠭᠤᠴᠠᠭᠠᠨ ᠳ᠋ᠠᠬᠢ ᠱᠢᠨ᠎ᠡ ᠱᠠᠲᠤ ᠥᠶᠡᠴᠢ ᠴᠢᠨᠠᠷᠲᠠᠶ ᠣᠨᠴᠠᠯᠢᠭ ᠢ᠋ ᠭᠦᠨᠵᠡᠭᠡᠶ ᠵᠠᠳᠠᠯᠤᠨ᠂ ᠬᠥᠭ᠌ᠵᠢᠯᠲᠡ ᠶ᠋ᠢᠨ ᠬᠠᠷᠠᠯᠲᠠ ᠵᠢ ᠱᠢᠨᠵᠢᠯᠡᠬᠦ᠌ ᠤᠬᠠᠭᠠᠨᠴᠢ ᠪᠡᠷ ᠲᠣᠭ᠍ᠲᠠᠭᠠᠵᠤ᠂ ᠴᠢᠬᠤᠯᠠ ᠶᠡᠭᠡ ᠪᠠᠢᠯᠳᠤᠬᠤ ᠪᠣᠳᠣᠯᠭ᠎ᠠ ᠶ᠋ᠢᠨ ᠡᠭᠦᠷᠭᠡ᠂ ᠴᠢᠬᠤᠯᠠ ᠶᠡᠭᠡ ᠲᠥᠷᠥ ᠶ᠋ᠢᠨ ᠪᠣᠳᠣᠯᠭ᠎ᠠ ᠶ᠋ᠢᠨ ᠠᠷᠭ᠎ᠠ ᠬᠡᠮᠵᠢᠶ᠎ᠡ᠂ ᠴᠢᠬᠤᠯᠠ ᠶᠡᠭᠡ ᠪᠠᠷᠢᠯᠭ᠎ᠠ ᠵᠢᠨ ᠲᠦᠷᠦᠯ ᠵᠤᠢᠯ ᠢ᠋ ᠰᠠᠢᠲᠤᠷ ᠤᠬᠠᠭᠠᠯᠠᠨ ᠲᠥᠯᠥᠪᠯᠡᠵᠦ᠍᠂ ᠠᠵᠤ ᠠᠬᠤᠶ ᠨᠡᠢᠭᠡᠮ ᠤ᠋ᠨ ᠬᠥᠭ᠌ᠵᠢᠯᠲᠡ ᠳ᠋ᠦ ᠦᠵᠡᠭᠦᠯᠬᠦ᠌ ᠲᠥᠯᠥᠪᠵᠢᠭᠦᠯᠭᠡ ᠶ᠋ᠢᠨ ᠬᠥᠲᠥᠯᠥᠨ ᠵᠢᠯᠣᠭᠤᠳᠭᠤ ᠥᠢᠯᠡᠳᠦᠯ ᠢ᠋ ᠨᠡᠩ ᠰᠠᠢᠨ ᠪᠠᠳᠠᠷᠠᠭᠤᠯᠤᠨ᠎ᠠ᠃

ᠢᠯᠡᠳᠬᠡᠯ ᠳ᠋ᠦ ᠪᠠᠰᠠ ᠵᠠᠰᠠᠭ ᠤ᠋ᠨ ᠤᠷᠳᠤᠨ ᠤ᠋ ᠦᠪᠡᠷ ᠪᠡᠶ᠎ᠠ ᠵᠢᠨ ᠪᠠᠢᠭᠤᠯᠤᠯᠳᠠ ᠵᠢ ᠴᠢᠩᠭᠠᠳᠬᠠᠬᠤ᠂ ᠦᠨᠳᠦᠰᠦᠳᠡᠨ᠂ ᠱᠠᠰᠢᠨ ᠰᠤᠷᠳᠠᠬᠤᠨ᠂ ᠬᠠᠷᠢᠶᠠᠳᠦ ᠵᠢᠨ ᠶᠠᠪᠤᠳᠠᠯ ᠂ ᠤᠯᠤᠰ ᠤ᠋ᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ᠎ᠶᠢᠨ ᠪᠦᠳᠦᠭᠡᠨ ᠪᠠᠢᠭᠤᠯᠤᠯᠳᠠ᠂ ᠰᠢᠶᠠᠩᠭᠠᠩ᠂ ᠤᠤᠮᠧᠨ ᠤ᠋ ᠬᠦᠭᠵᠢᠯᠳᠡ ᠬᠢᠭᠡᠳ ᠲᠠᠢᠸᠠᠨ ᠬᠤᠭᠤᠯᠠᠢ ᠵᠢᠨ ᠬᠤᠶᠠᠷ ᠬᠦᠪᠡᠬᠡᠨ ᠤ᠋ ᠬᠠᠷᠢᠴᠠᠭ᠎ᠠ ᠵᠢᠴᠢ ᠮᠠᠨ ᠤ᠋ ᠤᠯᠤᠰ ᠤ᠋ᠨ ᠭᠠᠳᠠᠭᠠᠳᠦ ᠶᠠᠪᠤᠳᠠᠯ ᠤ᠋ᠨ ᠲᠦᠷᠦ᠎ᠶᠢᠨ ᠪᠤᠳᠤᠯᠭ᠎ᠠ ᠵᠡᠷᠬᠡ ᠵᠢ ᠲᠤᠳᠤᠷᠬᠠᠢᠯᠠᠨ ᠦᠬᠦᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号