ᠠᠨᠠᠷ ᠎ᠤᠨ ᠦᠷ᠎ᠡ ᠰᠢᠭ ᠨᠢᠬᠲᠠᠷᠠᠵᠦ ᠠᠮᠵᠢᠯᠲᠠ᠎ᠶᠢᠨ ᠱᠢᠨ᠎ᠡ ᠬᠠᠭᠤᠳᠠᠰᠤ᠎ᠶ᠋ᠢ ᠪᠢᠴᠢᠭᠯᠡᠶ᠎ᠠ
2025-03-06 10:25:39
ᠵᠣᠬᠢᠶᠠᠭ᠍ᠴᠢ᠄
ᠠᠨ ᠬᠤᠸᠠ ᠢ
ᠣᠩᠱᠢᠭ᠍ᠰᠠᠨ ᠣᠳᠠᠭ᠎ᠠ᠄
★★★☆☆

《ᠪᠣᠲᠠᠲᠠᠢ ᠨᠠᠷᠢᠯᠢᠬ ᠠᠵᠢᠯ᠎ᠢ ᠢᠯᠡᠭᠦᠬᠡᠨ ᠬᠢᠵᠦ᠍᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠬᠴᠠᠯᠠᠬᠣ᠎ᠶ᠋ᠢ ᠡᠳᠦᠷ ᠲᠤᠳᠤᠮ᠎ᠤᠨ ᠠᠵᠢᠯ᠎ᠳᠠᠭᠠᠨ ᠠᠭᠤᠰᠣᠯᠴᠠᠭᠣᠯᠣᠨ᠎ᠠ》

《ᠦᠨᠳᠦᠰᠦᠲᠡᠨ᠎ᠨᠦᠭᠦᠳ ᠎ᠤᠨ ᠤᠯᠠᠨ ᠲᠦᠮᠡᠨ ᠤ᠋ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠠᠡᠭ ᠪᠦᠷᠢᠨ ᠲᠦᠬᠦᠷᠵᠢᠭᠰᠡᠨ ᠨᠡᠢᠭᠡᠮ᠎ᠤᠨ ᠨᠥᠬᠦᠴᠡᠯ᠎ᠢ ᠡᠭᠦᠳᠴᠤ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ》᠃

……

ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ  ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠤ ᠣᠷᠣᠨ᠎ᠤ ᠡᠯ᠎ᠡ ᠵᠦᠢᠯ᠎ᠤᠨ ᠠᠵᠢᠯ᠎ᠤᠨ ᠭᠤᠣᠯ ᠰᠢᠵᠢᠮ ᠪᠣᠯᠣᠨ᠎ᠠ᠃ ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠥᠪᠥᠷ ᠮᠣᠩᠭᠣᠯ᠎ᠤᠨ ᠲᠥᠯᠥᠭᠡᠯᠡᠭ᠌ᠴᠢ ᠭᠡᠱᠢᠭᠦᠳ᠎ᠤᠨ ᠦᠭᠡ᠎ᠶᠢᠨ ᠰᠡᠵᠢᠬᠦᠷ ᠵᠣᠭᠣᠬ᠎ᠤᠨ ᠰᠡᠳᠦᠪ ᠨᠢ ᠡᠨᠡ ᠲᠣᠬᠠᠢ ᠶᠠᠷᠢᠯᠴᠠᠬᠣ ᠶᠣᠮ᠃

ᠥᠩᠭᠡᠷᠡᠭ᠌ᠰᠡᠨ ᠨᠢᠭᠡ ᠵᠢᠯ᠎ᠳᠤ᠂ ᠶᠡᠷᠦᠩᠬᠡᠶ ᠱᠦᠵᠢ ᠰᠢ᠎ᠶ᠋ᠢᠨ ᠫᠢᠩ᠎ᠤᠨ ᠵᠢᠭᠠᠭ᠍ᠰᠠᠨ ᠴᠢᠭ᠌ᠯᠡᠯ ᠶᠤᠰᠤᠭᠠᠷ᠂ ᠥᠪᠥᠷ ᠮᠣᠩᠭᠤᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠤᠨ ᠭᠤᠤᠯ ᠱᠢᠵᠢᠮ᠎ᠢ ᠪᠠᠲᠤ ᠡᠵᠡᠮᠳᠡᠵᠦ᠍᠂ ᠪᠥᠬᠦ᠌ ᠣᠷᠣᠨ᠎ᠤ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠲᠠᠢᠴᠢᠯᠠᠨ ᠪᠦᠯᠬᠦᠮᠳᠡᠨ ᠨᠢᠭᠡᠳᠴᠦ᠍᠂ ᠰᠡᠳᠬᠢᠯ ᠨᠢᠭᠡᠲᠦᠨ ᠲᠡᠮᠡᠴᠡᠵᠦ᠍᠂ ᠦᠵᠡᠰᠭᠦᠯᠡᠩᠲᠦ ᠰᠠᠢᠬᠠᠨ ᠥᠪᠥᠷ ᠮᠣᠩᠭᠤᠯ᠎ᠢᠶᠠᠨ ᠬᠠᠮᠲᠤ᠎ᠪᠠᠷ ᠪᠥᠲᠥᠭᠡᠨ ᠪᠠᠢᠭᠤᠯᠣᠬᠰᠠᠨ ᠪᠠᠢᠨ᠎ᠠ᠃ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ 2.6 ᠲᠦᠮᠡᠨ ᠳ᠋ᠦᠩᠱᠢᠭᠤᠷ ᠲᠥᠭᠦᠷᠢᠭ᠎ᠢ ᠳᠠᠪᠠᠵᠤ᠂ ᠪᠥᠬᠦ᠌ ᠤᠯᠤᠰ᠎ᠤᠨ ᠨᠡᠷᠡᠰ᠎ᠤᠨ ᠵᠢᠭ᠍ᠰᠠᠭᠠᠯᠲᠠ᠎ᠳᠤ 20 ᠳ᠋ᠤᠭᠠᠷ᠎ᠲᠤ ᠬᠦᠷᠲᠡᠯ᠎ᠡ ᠳᠡᠭᠡᠭ᠌ᠰᠢᠯᠡᠪᠡ; ᠡᠯᠡᠰᠦᠷᠭᠡᠭᠵᠢᠯ᠎ᠢ ᠰᠡᠷᠭᠡᠢᠯᠡᠨ ᠡᠯᠡᠰᠤ᠎ᠵᠢ ᠵᠠᠰᠠᠬᠤ ᠠᠵᠢᠯ᠎ᠢ 1954 ᠲᠦᠮᠡᠨ ᠮᠥ᠍ ᠪᠡᠶᠡᠯᠡᠭᠦᠯᠵᠦ᠍᠂ ᠪᠦᠬᠦ᠌ ᠤᠯᠤᠰ ᠲᠦ᠍ ᠲᠦᠷᠦᠬᠦᠯᠡᠪᠡ; ᠠᠮᠤ ᠪᠤᠳᠠᠭᠠᠨ᠎ᠤ ᠶᠡᠷᠦᠩᠬᠡᠢ ᠤᠨᠠᠯᠲᠠ 820.1 ᠳ᠋ᠦᠩᠱᠢᠭᠤᠷ ᠵᠢᠩ᠎ᠳᠤ ᠬᠦᠷᠴᠦ᠍᠂ 《ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠣ 》 ᠶ᠋ᠢ ᠪᠡᠶᠡᠯᠡᠭᠦᠯᠪᠡ ᠁ ᠡᠳᠡᠭᠡᠷ ᠬᠢᠯᠠᠯᠵᠠᠬᠰᠠᠨ ᠠᠮᠵᠢᠯᠲᠠ᠎ᠨᠢ ᠥᠪᠥᠷ ᠮᠣᠩᠭᠤᠯ᠎ᠤᠨ ᠱᠢᠨ᠎ᠡ ᠵᠠᠮ ᠨᠡᠭᠡᠭᠡᠵᠤ᠂ ᠲᠣᠮᠲᠠ ᠲᠦᠪᠰᠢᠨ ᠳ᠋ᠦ ᠣᠷᠣᠬᠣ ᠢᠳᠡᠷᠡᠭᠦᠨ ᠠᠯᠬᠤᠭ᠎ᠠ᠎ᠵᠢ ᠲᠡᠮᠳᠡᠭ᠌ᠯᠡᠭ᠌ᠰᠡᠨ᠎ᠢᠶᠠᠷ ᠪᠠᠷᠠᠬᠤ ᠦᠭᠡᠢ᠂  ᠪᠦᠬᠦ᠌ ᠣᠷᠣᠨ᠎ᠢᠶᠠᠷ᠎ᠢᠶᠠᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠳᠤᠮᠳᠠ ᠣᠬᠠᠮᠰᠠᠷ ᠡᠴᠡ ᠪᠠᠨ ᠬᠠᠷᠢᠭᠤᠴᠠᠯᠭ᠎ᠠ ᠡᠭᠦᠷᠭᠡᠯᠡᠨ᠂  ᠰᠡᠳᠭᠢᠯ ᠨᠢᠭᠡᠲᠦᠨ ᠬᠦᠴᠦ᠍᠎ᠪᠠᠨ ᠬᠠᠮᠲᠤᠳᠭᠠᠵᠤ᠂ ᠭᠤᠣᠯ ᠰᠢᠵᠢᠮ᠎ᠤᠨ ᠲᠣᠭᠤᠷᠢᠨ᠎ᠳᠤ ᠡᠯ᠎ᠡ ᠵᠦᠢᠯ᠎ᠤᠨ ᠠᠵᠢᠯ᠎ᠢᠶᠠᠨ ᠰᠠᠢᠲᠤᠷ ᠪᠡᠶᠡᠯᠡᠬᠦᠯᠦᠭᠰᠡᠨ ᠠᠮᠢᠳᠤᠯᠢᠭ ᠦᠢᠯᠡᠳᠦᠯᠭᠡ᠎ᠶ᠋ᠢ ᠭᠡᠷᠡᠴᠢᠯᠡᠭᠰᠡᠨ ᠪᠠᠢᠨ᠎ᠠ᠃

ᠰᠡᠳᠭᠢᠯ ᠨᠢᠭᠡᠳᠬᠦ ᠲᠣᠲᠣᠮ ᠨᠢᠬᠲᠠᠷᠠᠵᠦ᠂ ᠪᠦᠯᠬᠦᠮᠲᠡᠪᠡᠯ ᠰᠠᠶᠢ ᠬᠣᠯᠠ᠎ᠶᠢᠨ ᠠᠶᠠᠨ ᠳ᠋ᠦ ᠮᠣᠷᠲᠠᠵᠦ ᠴᠢᠲᠠᠮᠣᠢ᠃ ᠡᠨᠡ ᠵᠢᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠳ᠋ᠦ ᠳᠤᠮᠳᠠᠳᠤ᠎ᠶ᠋ᠢᠨ ᠦᠨᠳᠦᠰᠦᠲᠡᠨ ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ᠎ᠪᠠᠷ ᠭᠤᠣᠯ ᠱᠢᠵᠢᠮ ᠪᠣᠯᠭᠠᠬᠤ ᠬᠡᠷᠡᠭ᠌ᠲᠡᠢ ᠭᠡᠵᠦ᠍ ᠳᠠᠬᠢᠨᠲᠠ ᠳᠤᠷᠠᠳᠪᠠ᠃ ᠱᠢᠨ᠎ᠡ ᠡᠭᠦᠷᠭᠡ ᠱᠢᠨ᠎ᠡ ᠬᠠᠷᠢᠭᠣᠴᠠᠯᠭ᠎ᠠ᠎ᠶ᠋ᠢᠨ ᠡᠮᠦᠨ᠎ᠡ᠂ ᠥᠪᠥᠷ ᠮᠣᠩᠭᠤᠯ ᠡᠨᠡ ᠬᠦ᠌ 《ᠵᠠᠪᠠᠯ ᠬᠠᠷᠢᠭᠤᠯᠬᠤ ᠰᠡᠳᠦᠪ》 ᠎ᠢ᠋ ᠬᠡᠷᠬᠢᠨ ᠰᠠᠢᠲᠤᠷ ᠬᠠᠷᠢᠭᠤᠯᠬᠤ ᠪᠣᠶ?  ᠲᠠᠷᠤᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠬᠴᠠᠯᠠᠬᠣ᠎ᠶ᠋ᠢ ᠦᠷᠭᠦᠯᠵᠢᠯᠡᠨ ᠡᠯ᠎ᠡ ᠬᠦᠷᠢᠶ᠎ᠡ ᠴᠠᠷᠠᠭ᠎ᠠ᠂ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠠᠰᠠᠭᠤᠳᠠᠯ᠎ᠢ ᠪᠣᠳᠣᠯᠬᠢᠯᠠᠬᠤ᠂ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠂ ᠠᠵᠢᠯ ᠦᠷᠨᠢᠬᠦᠯᠬᠦ᠎ᠳᠡᠭᠡᠨ ᠨᠢᠭ᠍ᠲᠠ ᠤᠶᠠᠯᠳᠤᠭᠤᠯᠵᠦ᠂ ᠡᠨᠡ ᠬᠦ᠌ ᠭᠤᠣᠯ ᠱᠢᠵᠢᠮ᠎ᠠᠴᠠ ᠥᠴᠦᠬᠡᠨ ᠴᠦ᠍ ᠦᠯᠦ ᠵᠠᠢᠳᠠᠭᠤᠯᠵᠦ᠂ ᠰᠣᠶᠣᠯ᠎ᠢᠶᠠᠷ ᠰᠡᠳᠬᠢᠯ᠎ᠢ ᠣᠮᠲᠠᠯᠠᠨ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠴᠣᠭ᠍ᠴᠠᠯᠠᠵᠤ᠂ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠪᠦᠯᠬᠦᠮᠳᠡᠨ ᠨᠢᠭᠡᠳᠴᠦ᠍ ᠬᠦᠴᠢᠷ᠎ᠢ ᠲᠣᠭᠣᠯᠵᠦ᠂ ᠴᠣᠴᠠᠯᠲᠠ ᠦᠭᠡᠢ ᠴᠢᠷᠮᠠᠢᠨ ᠤᠷᠤᠭ᠍ᠰᠢᠯᠠᠪᠠᠯ ᠰᠠᠶᠢ ᠨᠡᠩ ᠰᠠᠢᠨ ᠰᠠᠢᠬᠠᠨ ᠢᠷᠡᠭᠡᠳᠦᠢ᠎ᠶ᠋ᠢ ᠴᠣᠭ᠍ᠴᠠᠯᠠᠵᠤ᠂ ᠨᠡᠩ ᠠᠭᠤᠤ ᠶᠡᠭᠡ ᠢᠯᠠᠯᠲᠠ᠎ᠶ᠋ᠢ ᠣᠯᠵᠤ ᠴᠢᠳᠠᠬᠣ ᠶᠣᠮ᠃

ᠠᠨᠠᠷ᠎ᠤᠨ ᠴᠡᠴᠡᠭ ᠳᠡᠯᠭᠡᠷᠡᠵᠦ ᠠᠩᠬᠢᠲᠡ ᠪᠦᠯᠬᠦᠮᠲᠡᠯ᠎ᠢ ᠦᠬᠦᠯᠡᠮᠦᠢ᠃ ᠤᠳᠤᠬᠠᠨ ᠳ᠋ᠦ᠂ ᠦᠪᠦᠷ ᠮᠤᠩᠭᠤᠯ᠎ᠤᠨ ᠡᠯ᠎ᠡ ᠭᠠᠵᠠᠷ ᠲᠦ᠍ ᠠᠮᠢᠵᠢᠷᠠᠯ᠎ᠤᠨ ᠬᠦᠴᠦᠨ᠎ᠢᠶᠠᠷ ᠪᠢᠯᠬᠠᠵᠤ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠪᠦᠯᠬᠦᠮᠳᠡᠨ ᠨᠢᠭᠡᠳᠴᠦ᠍ ᠢᠲᠡᠭᠡᠯ ᠲᠦᠬᠦᠷᠡᠩ;ᠢᠷᠡᠭᠡᠳᠦᠢ᠎ᠪᠠᠨ ᠪᠠᠷᠠᠯᠠᠬᠣᠶ᠎ᠠ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠬᠴᠠᠯᠠᠬᠣ᠎ᠶᠢ ᠡᠯ᠎ᠡ ᠬᠦᠷᠢᠶ᠎ᠡ ᠴᠠᠷᠠᠭ᠎ᠠ᠂ ᠪᠦᠬᠦ᠌ ᠶᠠᠪᠤᠴᠠ᠎ᠳᠤ ᠢᠮᠠᠭ᠍ᠲᠠ ᠲᠤᠭᠤᠱᠢᠯᠠᠭᠤᠯᠵᠤ᠂ ᠭᠣᠢᠪᠢᠰᠢ ᠦᠭᠡᠢ ᠬᠡᠷᠡᠭ᠌ᠵᠢᠭᠦᠯᠦᠨ᠂ ᠴᠥᠬᠦᠷᠡᠰᠢ ᠦᠭᠡᠢ ᠴᠢᠷᠮᠠᠢᠪᠠᠯ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ ᠎ᠢ ᠦᠨᠢᠲᠡ ᠦᠩᠭᠡ ᠬᠢᠯᠠᠯᠵᠠᠨ ᠭᠡᠷᠡᠯ ᠰᠠᠴᠤᠷᠠᠭᠣᠯᠵᠤ᠂ ᠤᠮᠠᠷᠠᠲᠤ ᠬᠢᠯᠢ᠎ᠶ᠋ᠢᠨ ᠦᠷᠨᠢᠨ ᠬᠥᠭ᠌ᠵᠢᠭᠰᠡᠨ ᠠᠣᠭ᠎ᠠ ᠭᠠᠢᠬᠠᠮᠰᠢᠬ᠎ᠢ ᠪᠢᠴᠢᠭᠯᠡᠬᠦ ᠨᠢ ᠯᠠᠪᠲᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号