ᠨᠢᠭᠡ ᠭᠣᠣᠯ ᠰᠢᠵᠢᠮ ᠎ᠢ ᠲᠣᠭᠣᠰᠢᠳᠠᠢ ᠨᠠᠢᠲᠠᠪᠣᠷᠢᠵᠢᠭᠣᠯᠤᠨ᠎ᠠ — ᠡᠨᠡ ᠪᠣᠯ ᠪᠦᠯᠬᠦᠮᠳᠠᠨ ᠤᠷᠤᠬᠰᠢᠯᠠᠭ᠎ᠠ ᠦᠪᠦᠷ ᠮᠣᠩᠭᠣᠯ
2025-03-06 10:15:25
ᠵᠣᠬᠢᠶᠠᠭ᠍ᠴᠢ᠄
ᠯᠢ ᠼᠦᠨ ᠰᠢᠶᠠ
ᠣᠩᠱᠢᠭ᠍ᠰᠠᠨ ᠣᠳᠠᠭ᠎ᠠ᠄
★★★☆☆

ᠥᠩ ᠱᠢᠮᠡᠯᠢᠭ ᠬᠥᠳᠡᠭᠡ  ᠲᠠᠯ᠎ᠠ ᠮᠢᠩᠭᠠᠨ ᠭᠠᠵᠠᠷ ᠨᠡᠯᠡᠢᠵᠦ ᠮᠠᠯᠴᠢᠳ᠎ᠤᠨ ᠲᠠᠭᠣᠣ ᠬᠠᠩᠬᠢᠨᠠᠨ᠎ᠠ; ᠦᠨᠢᠷ ᠪᠠᠶᠠᠯᠢᠬ ᠶ᠋ᠢᠡᠷ ᠭᠠᠢᠬᠠᠬᠲᠠᠬᠰᠠᠨ ᠡᠨᠡ ᠨᠣᠲᠣᠬ ᠲᠦ᠍ ᠠᠭᠣᠲᠠᠯᠣᠭᠠᠳ ᠪᠠᠷᠠᠰᠢ ᠦᠭᠡᠢ 《ᠰᠠᠯᠬᠢ》᠂ 《ᠭᠡᠷᠡᠯ》 ᠎ᠤ᠋ᠨ ᠡᠬᠢ ᠪᠠᠶᠠᠯᠢᠬ ᠲᠠᠢ; ᠦᠯᠵᠡᠢ ᠵᠢᠷᠭᠠᠯ ᠶ᠋ᠢᠡᠷ ᠪᠢᠯᠬᠠᠬᠰᠠᠨ ᠠᠮᠣᠭᠤᠯᠠᠩᠲᠣ ᠣᠷᠣᠨ ᠳ᠋ᠦ ᠦᠨᠳᠦᠰᠦᠲᠡᠨ ᠪᠦᠯᠬᠦᠮᠳᠡᠵᠦ᠂ ᠨᠡᠢᠭᠡᠮ ᠲᠣᠬᠲᠠᠭᠣᠨ ᠁ ᠡᠨᠡ ᠪᠣᠯ ᠥᠪᠥᠷ ᠮᠣᠩᠭᠣᠯ᠂ 2400 ᠲᠦᠮᠡᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠤ ᠬᠠᠮᠲᠤ᠎ᠶ᠋ᠢᠨ ᠭᠡᠷ ᠣᠷᠣᠨ ᠪᠢᠯᠡ᠃

ᠡᠨᠡ ᠵᠢᠯ᠎ᠤᠨ ᠪᠦᠬᠦ᠌ ᠤᠯᠤᠰ᠎ᠤᠨ ᠬᠤᠶᠠᠷ ᠬᠤᠷᠠᠯ᠎ᠤᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠬᠴᠠᠯᠠᠬᠣ᠎ᠪᠠᠷ ᠭᠤᠣᠯ ᠱᠢᠵᠢᠮ ᠪᠣᠯᠭᠠᠨ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠦᠨᠳᠦᠰᠦᠲᠡᠨ᠎ᠤ ᠪᠦᠯᠬᠦᠮᠳᠡᠯ ᠲᠠᠪᠱᠢᠯᠳᠠ᠎ᠶ᠋ᠢᠨ ᠦᠢᠯᠡᠰ ᠎ᠢ ᠲᠠᠰᠤᠷᠠᠯᠲᠠ ᠦᠭᠡᠢ ᠠᠬᠢᠭᠤᠯᠤᠨ᠂ ᠦᠨᠳᠦᠰᠦᠲᠡᠨ ᠎ᠤ ᠭᠠᠵᠠᠷ ᠣᠷᠣᠨ᠎ᠤ ᠣᠳᠣᠬᠢᠴᠢᠯᠠᠬᠤ ᠪᠦᠳᠦᠭᠡᠨ ᠪᠠᠢᠭᠤᠯᠤᠯᠲᠠ᠎ᠶ᠋ᠢᠨ ᠠᠯᠬᠤᠭ᠎ᠠ ᠎ᠶ᠋ᠢ ᠲᠦᠷᠭᠡᠳᠭᠡᠬᠦ᠌ ᠬᠡᠷᠡᠭ᠌ᠲᠡᠢ ᠭᠡᠵᠦ᠍ ᠳᠤᠷᠠᠳᠪᠠ᠃

ᠳᠤᠮᠳᠠᠳᠤ ᠎ᠶ᠋ᠢᠨ ᠦᠨᠳᠦᠰᠦᠲᠡᠨ ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠣᠯ ᠱᠢᠵᠢᠮ᠎ᠲᠠᠢ ᠨᠢᠭ᠍ᠲᠠ ᠤᠶᠠᠯᠳᠤᠭᠤᠯᠤᠨ᠂ ᠥᠪᠥᠷ ᠮᠣᠩᠭᠤᠯ ᠰᠡᠳᠭᠢᠯ ᠵᠢᠡᠨ ᠨᠢᠭᠡᠳᠭᠡᠨ ᠬᠦᠴᠦ᠍᠎ᠪᠠᠨ ᠬᠠᠮᠲᠤᠳᠭᠠᠵᠤ᠂ ᠠᠵᠤ ᠠᠬᠤᠢ ᠨᠡᠢᠭᠡᠮ᠎ᠤᠨ ᠬᠥᠭ᠌ᠵᠢᠯᠲᠡ᠎ᠶ᠋ᠢᠨ ᠡᠯ᠎ᠡ ᠲᠠᠯ᠎ᠠ᠎ᠶᠢᠨ ᠠᠵᠢᠯ᠎ᠢ ᠰᠠᠢᠲᠤᠷ ᠬᠢᠵᠦ᠍᠂ ᠦᠨᠳᠦᠰᠦᠲᠡᠨ᠎ᠨᠦᠭᠦᠳ᠎ᠤᠨ ᠬᠥᠪᠡᠬᠦᠳ ᠦᠬᠢᠳ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠭᠡᠬᠦ ᠡᠨᠡ ᠬᠦ᠌ ᠲᠤᠭ ᠎ᠢ ᠣᠯᠠᠮ ᠭᠡᠷᠡᠯ ᠭᠢᠯᠪᠠᠭ᠎ᠠ ᠰᠠᠴᠤᠷᠠᠭᠤᠯᠬᠣ ᠪᠣᠯᠣᠨ᠎ᠠ᠃

ᠦᠨᠳᠦᠰᠦ᠎ᠪᠠᠨ ᠪᠡᠬᠢᠵᠢᠬᠦᠯᠤᠨ ᠬᠠᠮᠲᠣ ᠪᠡᠷ ᠤᠷᠤᠭ᠍ᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠤᠨ᠎ᠠ

ᠳᠤᠮᠳᠠᠳᠤ᠎ᠶ᠋ᠢᠨ ᠦᠨᠳᠦᠰᠦᠲᠡᠨ ᠎ᠤ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠬᠴᠠᠯᠠᠵᠦ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠬᠣ ᠳ᠋ᠦ ᠰᠣᠶᠣᠯ᠎ᠤᠨ ᠲᠤᠯᠭᠠᠭᠤᠷᠢᠯᠠᠨ ᠳᠠᠭᠠᠭᠤᠯᠬᠣ ᠪᠣᠯ ᠵᠠᠩᠭᠢᠯᠠᠭ᠎ᠠ᠎ᠶ᠋ᠢᠨ ᠦᠢᠯᠡᠳᠦᠯ ᠦᠵᠡᠭᠦᠯᠵᠦ᠍ ᠪᠠᠢᠲᠠᠬ᠃

ᠲᠦᠷᠦᠭᠦᠬᠡᠨ᠂ ᠥᠪᠥᠷ ᠮᠣᠩᠭᠤᠯ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ ᠥᠷᠨᠢᠭᠦᠯᠵᠦ᠍᠂ ᠤᠮᠠᠷᠠᠲᠤ ᠬᠢᠯᠢ᠎ᠶ᠋ᠢᠨ ᠰᠣᠶᠣᠯ᠎ᠤᠨ ᠲᠥᠷᠥᠯ ᠲᠡᠮᠳᠡᠭ᠌᠎ᠢ ᠦᠷᠭᠦᠯᠵᠢᠯᠡᠨ ᠮᠠᠨᠲᠣᠭᠣᠯᠬᠣ᠎ᠪᠠᠷ ᠳᠤᠷᠠᠳᠪᠠ᠃ ᠪᠥᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠤ ᠭᠡᠱᠢᠭᠦᠨ᠂ ᠱᠢᠯᠢ᠎ᠶ᠋ᠢᠨ ᠭᠤᠤᠯ ᠠᠢᠮᠠᠭ᠎ᠤᠨ ᠰᠥᠨᠢᠳ ᠵᠡᠭᠦᠨ ᠬᠤᠱᠢᠭᠤᠨ᠎ᠤ ᠤᠯᠠᠭᠠᠨᠮᠥ᠋ᠴᠢᠷ᠎ᠤᠨ ᠳᠠᠷᠤᠭ᠎ᠠ ᠠᠯᠳᠠᠨᠳᠠᠯᠠᠢ᠄ 《ᠤᠳᠭ᠎ᠠ ᠤᠷᠠᠯᠢᠭ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠡᠷ ᠠᠵᠢᠯ᠎ᠤᠨ ᠭᠤᠤᠯ ᠱᠢᠵᠢᠮ ᠪᠣᠯᠭᠠᠵᠤ᠂ ᠨᠠᠩ ᠣᠯᠠᠨ ᠱᠢᠯᠢᠳᠡᠭ ᠤᠳᠭ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠦᠲᠦᠭᠡᠵᠦ᠂ ᠤᠮᠠᠷᠠᠲᠤ ᠬᠢᠯᠢ᠎ᠶ᠋ᠢᠨ ᠰᠣᠶᠣᠯ᠎ᠤᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠍᠂ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠭᠦᠨᠵᠡᠭᠡᠢᠷᠡᠭᠦᠯᠵᠦ᠍᠂ ᠨᠠᠮ᠎ᠤᠨ ᠲᠠᠭᠤᠨ ᠪᠠ ᠬᠠᠢᠷ᠎ᠠ ᠬᠠᠯᠠᠮᠵᠢ᠎ᠶ᠋ᠢ ᠳᠠᠮᠵᠢᠭᠤᠯᠣᠨ᠎ᠠ》 ᠬᠡᠵᠣ ᠶᠠᠷᠢᠵᠦ ᠪᠠᠢᠯ᠎ᠠ᠃

ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ ᠠᠵᠢᠯ᠎ᠤᠨ ᠭᠤᠣᠯ ᠱᠢᠵᠢᠮ᠎ᠤᠨ ᠲᠣᠭᠤᠷᠢᠨ᠎ᠳᠤ ᠨᠢᠬᠲᠠ ᠣᠶᠠᠯᠲᠣᠨ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠳᠤᠭᠡᠨ ᠪᠠᠢᠭᠤᠯᠬᠤ ᠲᠤᠬᠠᠢ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶ᠋ᠢᠨ ᠲᠣᠭ᠍ᠲᠠᠭᠠᠯ ᠵᠢᠴᠢ 28 ᠵᠣᠷᠪᠣᠰ ᠠᠷᠭ᠎ᠠ ᠬᠡᠮᠵᠢᠶ᠎ᠡ᠎ᠶ᠋ᠢ ᠭᠦᠨᠵᠡᠭᠡᠢ ᠨᠠᠢᠳᠠᠪᠤᠷᠢᠵᠢᠭᠤᠯᠵᠤ᠂ 《ᠨᠠᠮ᠎ᠤᠨ ᠠᠴᠢ᠎ᠳᠤ  ᠲᠠᠯᠠᠷᠬᠠᠵᠤ᠂ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠬᠤ》 ᠤᠯᠠᠨ ᠲᠦᠮᠡᠨᠴᠢ ᠬᠥᠮᠦᠵᠢᠯ ᠎ᠢ ᠪᠠᠢᠩᠭᠤᠰᠢᠭᠤᠯᠤᠨ ᠥᠷᠨᠢᠭᠦᠯᠵᠦ᠍ ᠬᠦᠮᠦᠰ᠎ᠤᠨ ᠰᠡᠳᠬᠢᠯ ᠳ᠋ᠦ ᠨᠡᠩ ᠬᠠᠲᠠᠩᠰᠢᠭᠣᠯᠣᠨ᠎ᠠ᠃

ᠥᠪᠥᠷ ᠮᠣᠩᠭᠤᠯ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠨᠤᠯ᠎ᠤᠨ ᠰᠤᠳᠤᠯᠭᠠᠨ ᠲᠠᠢᠯᠪᠤᠷᠢᠯᠠᠯᠲᠠ᠎ᠶ᠋ᠢ ᠭᠦᠨᠵᠡᠭᠡᠢᠷᠡᠭᠦᠯᠬᠦ᠌ ᠲᠠᠯ᠎ᠠ ᠪᠠᠷ ᠬᠦᠴᠦ᠍ ᠲᠠᠯᠪᠢᠵᠤ ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠤᠬᠠᠭᠤᠯᠭ᠎ᠠ ᠬᠥᠮᠦᠵᠢᠯ᠎ᠤᠨ ᠪᠠᠢᠩᠭᠤᠵᠢᠭ᠍ᠰᠠᠨ ᠲᠣᠭ᠍ᠲᠠᠴᠠ᠎ᠶ᠋ᠢ ᠪᠦᠷᠢᠨᠱᠢᠬᠦᠯᠬᠦ᠌ ᠲᠠᠯ᠎ᠠ᠎ᠪᠠᠷ ᠪᠣᠳᠠᠲᠤ ᠦᠷ᠎ᠡ ᠪᠦᠲᠦᠮᠵᠢ ᠤᠯᠪᠠ —

ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠬᠴᠠᠯᠠᠬᠣ ᠰᠤᠳᠤᠯᠭᠠᠨ᠎ᠤ ᠰᠠᠭᠤᠷᠢᠨ ᠤ᠋ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠰᠤᠳᠤᠯᠭᠠᠨ (ᠪᠤᠢᠵᠢᠭᠤᠯᠬᠤ) ᠰᠠᠭᠤᠷᠢᠨ ᠭᠠᠵᠠᠷ 8 ᠪᠠᠢᠭ᠍ᠰᠠᠨ᠎ᠠᠴᠠ 19 ᠪᠣᠯᠭᠠᠨ ᠨᠡᠮᠡᠭ᠌ᠳᠡᠭᠦᠯᠪᠡ;

ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠡᠷᠴᠢᠮ᠎ᠶ᠋ᠢᠡᠨ ᠴᠢᠩᠭᠠᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ᠎ᠶ᠋ᠢᠨ ᠭᠤᠷᠪᠠᠨ ᠲᠦᠷᠦᠯ᠎ᠤᠨ ᠬᠢᠴᠢᠶᠡᠯ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦᠨ᠎ᠢ ᠪᠦᠷᠬᠦᠬᠦᠯᠬᠦ᠌᠎ᠶ᠋ᠢ ᠪᠡᠶᠡᠯᠡᠭᠦᠯᠪᠡ;

ᠡᠯ᠎ᠡ ᠱᠠᠲᠤᠨ᠎ᠤ ᠵᠠᠭᠤᠴᠢᠯᠠᠭᠤᠷ᠎ᠤᠨ᠎ᠬᠢᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠬᠴᠠᠯᠠᠬᠣ ᠬᠠᠮᠢᠶ᠎ᠠ ᠪᠦᠬᠦᠢ ᠲᠤᠰᠭᠠᠢ ᠪᠤᠯᠤᠩ ᠨᠡᠭᠡᠭᠡᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠥᠮᠦᠵᠢᠭᠦᠯᠦᠨ ᠵᠢᠯᠣᠭᠤᠳᠴᠤ᠌ 《ᠲᠠᠪᠤᠨ ᠬᠠᠮᠲᠤ᠎ᠶ᠋ᠢᠨ ᠲᠠᠨᠢᠯᠲᠠ》 ᠎ᠶ᠋ᠢ ᠴᠢᠩᠭᠠᠷᠠᠭᠣᠯᠪᠠ ᠁

ᠤᠷᠢᠬᠠᠨ ᠰᠠᠯᠬᠢ ᠦᠭ᠌ᠭᠢᠶᠡᠮᠦᠷ ᠬᠤᠷ᠎ᠠ ᠦᠢ ᠲᠦᠮᠡᠨ ᠪᠣᠲᠠᠰ᠎ᠢ ᠣᠮᠲᠠᠯᠠᠬᠣᠶ᠎ᠠ ᠴᠢᠮᠡᠭᠡ ᠠᠨᠢᠷ ᠦᠭᠡᠢ ᠮᠡᠲᠦ᠂ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠣ᠎ᠶᠢᠨ ᠲᠠᠨᠢᠯᠲᠠ᠎ᠶᠢᠨ ᠰᠡᠳᠭᠢᠯᠭᠡ ᠪᠣᠯᠣᠨ ᠣᠮᠤᠭ ᠪᠠᠭ᠍ᠠᠳᠤᠯᠲᠤ ᠰᠡᠳᠭᠢᠯᠭᠡ ᠲᠠᠰᠤᠷᠠᠯᠲᠠ ᠦᠭᠡᠢ ᠴᠢᠩᠭᠠᠷᠠᠵᠤ᠂ ᠱᠢᠨ᠎ᠡ ᠠᠶᠠᠨ ᠵᠠᠮ᠎ᠳᠤ ᠡᠷᠡᠯᠬᠡᠭ᠌ᠯᠡᠨ ᠤᠷᠤᠭ᠍ᠰᠢᠯᠠᠵᠦ᠂ ᠱᠢᠨ᠎ᠡ ᠴᠠᠭ ᠦᠶ᠎ᠡ᠎ᠳᠤ ᠭᠠᠪᠢᠶ᠎ᠠ ᠪᠠᠢᠭᠤᠯᠬᠤ ᠣᠮᠣᠬ ᠰᠦᠯᠳᠡ ᠪᠠᠲᠠᠷᠠᠭᠣᠨ᠃

ᠡᠨᠡ ᠵᠢᠯ᠂ ᠥᠪᠥᠷ ᠮᠣᠩᠭᠤᠯ ᠳᠤᠮᠳᠠᠳᠤ᠎ᠶ᠋ᠢᠨ ᠦᠨᠳᠦᠰᠦᠲᠡᠨ᠎ᠤ ᠲᠡᠦᠬᠡ ᠪᠣᠯᠤᠨ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠨᠤᠯ᠎ᠤᠨ ᠰᠤᠳᠤᠯᠭᠠᠨ ᠪᠣᠯᠤᠨ ᠤᠬᠠᠭᠤᠯᠤᠨ ᠲᠠᠢᠯᠪᠤᠷᠢᠯᠠᠬᠤ ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ ᠴᠢᠳᠠᠮᠵᠢ ᠣᠨᠴᠠᠯᠢᠭ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ᠎ᠢ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠂ ᠦᠢᠯᠡᠳᠦᠯ ᠴᠢᠳᠠᠪᠤᠷᠢ᠎ᠶ᠋ᠢ ᠪᠠᠳᠠᠷᠠᠭᠤᠯᠬᠣ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ ᠦᠢᠯᠡᠳᠦᠯᠭᠡ᠎ᠶ᠋ᠢᠨ ᠰᠠᠭᠤᠷᠢᠨ ᠭᠠᠵᠠᠷ᠎ᠤᠨ ᠱᠢᠰᠲ᠋ᠧᠮ᠎ᠢ ᠪᠠᠢᠭᠤᠯᠵᠤ᠂  ᠤᠮᠠᠷᠠᠲᠤ ᠬᠢᠯᠢ᠎ᠶ᠋ᠢᠨ ᠰᠣᠶᠣᠯ᠎ᠤᠨ ᠣᠨᠴᠠᠯᠢᠭ᠎ᠲᠠᠢ ᠰᠣᠶᠣᠯ᠎ᠤᠨ ᠲᠦᠷᠦᠯ ᠲᠡᠮᠳᠡᠭ᠎ᠢ ᠢᠳᠡᠪᠬᠢᠲᠡᠢ ᠱᠣᠭᠣᠵᠦ ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠡᠳᠭᠢᠯ ᠵᠢᠷᠦᠬᠡᠨ ᠳ᠋ᠦ ᠬᠠᠲᠠᠩᠰᠢᠭᠣᠯᠣᠨ᠎ᠠ᠃

ᠰᠠᠭᠤᠷᠢ᠎ᠪᠠᠨ ᠪᠠᠲᠤᠳᠭᠠᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠣᠨ᠎ᠠ

ᠶᠠᠩᠭᠠᠷ᠎ᠤᠨ ᠲᠣᠭ᠍ᠯᠠᠯᠲᠠ ᠰᠣᠨᠢᠷᠬᠠᠵᠦ᠂ ᠠᠮᠲᠠᠲᠤ ᠭᠣᠯᠢᠷ ᠬᠣᠭᠣᠯᠠ᠎ᠶᠢ ᠵᠣᠭᠣᠬᠯᠠᠨ᠂ ᠦᠨᠦᠲᠦᠷ᠎ᠤᠨ ᠵᠣᠯ ᠵᠢᠷᠭᠠᠯᠲᠤ ᠠᠮᠢᠳᠤᠷᠠᠯ᠎ᠢᠶᠠᠨ ᠲᠡᠯᠭᠡᠨ ᠶᠠᠷᠢᠯᠴᠠᠨ᠎ᠠ ᠁ ᠪᠢᠯᠢᠭ᠎ᠤᠨ ᠣᠯᠠᠷᠢᠯ᠎ᠤᠨ ᠬᠣᠶᠠᠷ ᠰᠠᠷ᠎ᠠ᠎ᠶᠢᠨ ᠰᠢᠨ᠎ᠠ᠎ᠵᠢᠨ ᠬᠣᠶᠠᠷ᠎ᠤᠨ ᠡᠳᠦᠷ ᠬᠥᠬᠡᠬᠣᠲᠠ᠎ᠶᠢᠨ ᠢᠦᠢᠴᠢᠤᠸᠠᠨ ᠲᠣᠭᠣᠷᠢᠭ᠎ᠤ᠋ᠨ ᠴᠢᠩ ᠴᠢᠤᠸᠠᠨ ᠵᠡᠭᠡᠯᠢ᠎ᠶᠢᠨ ᠨᠡᠢᠭᠡᠮ ᠲᠣᠭᠣᠷᠢᠭ ᠪᠠᠶᠠᠯᠢᠭ ᠰᠠᠢᠬᠠᠨ ᠠᠵᠢᠯᠯᠠᠭ᠎ᠠ ᠥᠷᠨᠢᠭᠦᠯᠵᠦ᠍᠂ ᠰᠠᠭᠤᠭᠠᠯᠢ ᠠᠷᠠᠳ ᠨᠢᠭᠡ ᠲᠠᠩᠬᠢᠮ᠎ᠳ᠋ᠤ ᠴᠤᠭ᠍ᠯᠠᠷᠠᠨ ᠪᠠᠶᠠᠷ᠎ᠤᠨ ᠡᠳᠦᠷ ᠶ᠋ᠢᠡᠨ ᠦᠩᠭᠡᠷᠡᠬᠦᠯᠦᠨ᠎ᠡ᠃

ᠨᠡᠢᠭᠡᠮ ᠲᠣᠭᠤᠷᠢᠭ᠎ᠤᠨ ᠰᠠᠭᠤᠭᠠᠯᠢ ᠠᠷᠠᠳ ᠸᠠᠩ ᠨᠠᠰᠣᠲᠠᠨ᠄ 《ᠮᠠᠨ᠎ᠤ ᠨᠡᠢᠭᠡᠮ ᠲᠣᠭᠤᠷᠢᠭ ᠪᠣᠯ ᠳᠠᠷᠤᠢ ᠨᠢᠭᠡᠨ ᠬᠠᠯᠠᠭᠤᠨ ᠲᠣᠲᠣᠨᠣ ᠲᠣᠮᠣ ᠭᠡᠷ ᠪᠦᠯᠢ ᠮᠥᠨ᠂ ᠬᠥᠷᠰᠢ ᠰᠠᠭᠠᠬᠠᠯᠲᠠ᠎ᠲᠠᠢ᠎ᠪᠠᠨ ᠬᠡᠵᠢᠶᠡᠲᠡ ᠡᠶ᠎ᠡ ᠨᠠᠢᠷᠲᠠᠢ ᠨᠢᠭᠡ ᠭᠡᠷ᠎ᠤᠨ ᠬᠥᠮᠦᠨ ᠱᠢᠭ ᠬᠠᠷᠢᠯᠴᠠᠲᠠᠬ !》 ᠭᠡᠵᠦ᠍ ᠪᠠᠶᠠᠷ ᠲᠠᠢ ᠶᠠᠷᠢᠨ᠎ᠠ᠃

ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠦᠨᠳᠦᠰᠦᠲᠡᠨ᠎ᠤ ᠪᠦᠯᠬᠦᠮᠳᠡᠯ᠎ᠢ ᠴᠢᠩᠭᠠᠳᠭᠠᠬᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠳᠭᠠᠬᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ ᠵᠠᠢᠯᠠᠰᠢ ᠦᠭᠡᠢ ᠵᠠᠮ ᠮᠥᠨ᠃

ᠵᠠᠯᠠᠭᠤᠴᠤᠳ ᠪᠠᠭᠠᠴᠤᠳ᠎ᠤᠨ ᠬᠦᠮᠦᠵᠢᠯ᠎ᠢ ᠪᠠᠲᠣ ᠡᠵᠡᠮᠳᠡᠵᠦ᠍᠂ ᠥᠪᠥᠷ ᠮᠣᠩᠭᠤᠯ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠎ᠶ᠋ᠢ ᠭᠦᠨᠵᠡᠭᠡᠶ ᠬᠡᠷᠡᠭ᠌ᠵᠢᠭᠦᠯᠪᠡ᠃ 2024 ᠣᠨ᠎ᠳᠤ᠂ ᠪᠥᠬᠦ᠌ ᠣᠷᠣᠨ᠎ᠤ ᠡᠯ᠎ᠡ ᠱᠠᠲᠤᠨ᠎ᠤ ᠦᠨᠳᠦᠰᠦᠲᠡᠨ᠎ᠤ ᠠᠵᠢᠯ᠎ᠤᠨ ᠰᠠᠯᠠᠭ᠎ᠠ ᠮᠥᠴᠢᠷ᠎ᠤ᠋ᠨ ᠬᠢᠨ ᠬᠣᠯᠪᠣᠬᠲᠠᠯ ᠪᠥᠬᠦᠶ ᠡᠯ᠎ᠡ ᠰᠠᠯᠠᠭ᠎ᠠ ᠮᠥᠴᠢᠷ᠎ᠲᠠᠢ ᠬᠠᠮᠵᠢᠯᠴᠠᠨ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭᠠᠴᠤᠳ᠎ᠤᠨ ᠶᠠᠪᠤᠯᠴᠠᠭ᠎ᠠ ᠰᠣᠯᠢᠯᠴᠠᠭᠠᠨ᠎ᠤ ᠠᠵᠢᠯᠯᠠᠭ᠎ᠠ᠎ᠶ᠋ᠢ 2000 ᠲᠠᠯᠠᠪᠠᠶ ᠤᠳᠠᠭ᠎ᠠ ᠥᠷᠨᠢᠭᠦᠯᠵᠦ᠍᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭᠠᠴᠤᠳ᠎ᠢ 100 ᠲᠦᠮᠡ ᠱᠢᠬᠠᠮ ᠬᠥᠮᠦᠨ ᠤᠳᠠᠭ᠎ᠠ ᠬᠠᠮᠤᠷᠴᠤ᠌᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭᠠᠴᠤᠳ᠎ᠤᠨ ᠬᠠᠷᠢᠯᠴᠠᠨ ᠣᠢᠯᠠᠭᠠᠯᠴᠠᠬᠤ᠂ ᠬᠠᠷᠢᠯᠴᠠᠨ ᠬᠦᠨᠳᠦᠳᠭᠡᠬᠦ᠂ ᠬᠠᠷᠢᠯᠴᠠᠨ ᠰᠤᠷᠤᠯᠴᠠᠬᠤ᠎ᠶ᠋ᠢ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠤᠯᠠᠮ ᠨᠢᠭᠡ ᠠᠯᠬᠤᠮ ᠪᠠᠲᠤᠳᠭᠠᠪᠠ᠃

ᠣᠳᠣᠬᠠᠨ ᠪᠣᠯᠲᠠᠯ᠎ᠠ᠂ ᠥᠪᠥᠷ ᠮᠣᠩᠭᠤᠯ᠎ᠤᠨ 95 ᠭᠠᠵᠠᠷ ᠣᠷᠣᠨ ᠪᠠ ᠨᠢᠭᠡᠴᠢ ᠪᠥᠬᠦ᠌ ᠤᠯᠤᠰ᠎ᠤᠨ ᠦᠨᠳᠦᠰᠦᠲᠡᠨ ᠎ᠤ ᠪᠦᠯᠬᠦᠮᠳᠡᠯ ᠳᠠᠪᠱᠢᠯᠲᠠ ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠵᠢᠱ᠌ᠢᠶ᠎ᠡ ᠦᠵᠡᠭᠦᠯᠬᠦ᠌ ᠨᠢᠭᠡᠴᠢ᠎ᠪᠠᠷ ᠨᠡᠷᠡᠢᠳᠦᠭ᠌ᠳᠡᠵᠦ᠍᠂ 229 ᠬᠠᠮᠲᠤ ᠨᠡᠢᠲᠡ ᠪᠥᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠠᠮᠲᠤ ᠨᠡᠢᠲᠡ᠎ᠶ᠋ᠢᠨ ᠢᠷᠠᠭᠤ ᠠᠯᠳᠠᠷ᠎ᠢ ᠭᠥᠷᠳᠡᠵᠦ᠍᠂ 251ᠬᠤᠪᠢ ᠬᠥᠮᠦᠨ ᠪᠥᠬᠦ᠌ ᠤᠯᠤᠰ᠎ᠤᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ᠎ᠤ ᠢᠷᠠᠭᠤ ᠠᠯᠳᠠᠷ᠎ᠢ ᠭᠥᠷᠳᠡᠪᠡ᠃

ᠱᠢᠨ᠎ᠡ ᠠᠶᠠᠨ᠎ᠤ ᠭᠠᠷᠤᠭ᠎ᠠ ᠳᠡᠭᠡᠷ᠎ᠡ᠂ ᠥᠪᠥᠷ ᠮᠣᠩᠭᠤᠯ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠤ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠤᠨ ᠲᠠᠰ ᠳᠡᠪᠱᠢᠭ᠌ᠰᠡᠨ ᠬᠡᠪ᠎ᠢ ᠪᠥᠬᠦ᠌ ᠬᠦᠴᠦᠨ᠎ᠢᠶᠠᠷ᠎ᠢᠶᠠᠨ ᠪᠣᠶ ᠪᠣᠯᠭᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠷᠢᠯᠴᠠᠨ ᠰᠢᠬᠢᠳᠭᠡᠯ ᠮᠠᠶᠢᠭ᠎ᠤᠨ ᠬᠦᠭᠵᠢᠯᠲᠡ᠎ᠶᠢᠨ ᠲᠦᠯᠦᠪᠯᠡᠭᠡ᠂ ᠵᠠᠯᠠᠭᠣᠴᠣᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠂ ᠵᠢᠭᠤᠯᠴᠢᠯᠠᠯ᠎ᠢᠶᠠᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠥᠯᠥᠪᠯᠡᠭᠡ ᠵᠡᠷᠭᠡ 100 ᠱᠢᠯᠢᠳᠡᠭ ᠲᠥᠷᠥᠯ ᠵᠦᠢᠯ᠎ᠢ ᠱᠢᠨ᠎ᠡ᠎ᠶᠢ ᠡᠭᠦᠳᠦᠨ ᠬᠡᠷᠡᠭ᠌ᠵᠢᠭᠦᠯᠵᠦ᠍᠂ 《ᠭᠤᠷᠪᠠᠨ ᠵᠦᠢᠯ᠎ᠤᠨ ᠲᠥᠯᠥᠪᠯᠡᠭᠡ》 ᠶ᠋ᠢᠨ ᠥᠪᠥᠷ ᠮᠣᠩᠭᠤᠯ᠎ᠤᠨ ᠲᠦᠷᠦᠯ ᠲᠡᠮᠳᠡᠭ᠌ᠲᠦ᠍᠎ᠶ᠋ᠢ ᠬᠦᠴᠦᠯᠡᠨ ᠡᠭᠦᠳᠴᠦ᠍᠂ ᠬᠤᠲᠠ᠎ᠶ᠋ᠢᠨ ᠦᠨᠳᠦᠰᠦᠲᠡᠨ᠎ᠤ ᠠᠵᠢᠯ᠎ᠤᠨ ᠱᠢᠨ᠎ᠡ᠎ᠶ᠋ᠢ ᠡᠭᠦᠳᠬᠦ᠌ ᠠᠷᠭ᠎ᠠ ᠬᠡᠮᠵᠢᠶ᠎ᠡ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠤᠨ᠎ᠠ᠃

ᠪᠦᠯᠬᠦᠮᠳᠡᠨ ᠲᠡᠮᠡᠴᠡᠵᠦ ᠵᠣᠯ ᠵᠢᠷᠭᠠᠯᠲᠤ ᠠᠮᠢᠳᠤᠷᠠᠯ ᠢ᠋ ᠬᠠᠮᠲᠤ ᠪᠠᠷ ᠡᠳ᠋ᠯᠡᠨ᠎ᠡ

ᠤᠢᠷ᠎ᠠ ᠵᠢᠨ ᠵᠢᠯ ᠡᠴᠡ ᠨᠠᠭᠠᠰᠢ᠂ ᠤᠯᠠᠭᠠᠨᠬᠠᠳᠠ ᠬᠤᠳᠠ ᠵᠢᠨ ᠰᠦᠩᠱᠠᠨ ᠲᠣᠭᠣᠷᠢᠭ ᠤ᠋ᠨ ᠶᠡᠭᠡ ᠰᠦᠮ᠎ᠡ ᠪᠠᠯᠭᠠᠰᠤ ᠵᠢᠨ ᠰᠢᠶᠤᠤ ᠮᠢᠶᠣᠣ ᠽᠢ ᠲᠣᠰᠬᠣᠨ ᠤ᠋ ᠠᠷᠠᠳ ᠰᠡᠳᠬᠢᠯ ᠨᠢᠭᠡᠳᠦᠨ ᠬᠦᠴᠦ ᠪᠡᠨ ᠬᠠᠮᠲᠤᠳᠬᠠᠨ ᠬᠥᠭᠵᠢᠯᠲᠡ ᠵᠢ ᠡᠷᠢᠯᠬᠢᠯᠡᠵᠦ᠂ ᠤᠷᠤᠯᠭ᠎ᠠ ᠪᠠᠨ ᠨᠡᠮᠡᠭᠳᠡᠬᠦᠯᠤᠨ ᠠᠮᠢᠳᠤᠷᠠᠯ᠎ᠵᠢᠡᠨ ᠦᠭᠡᠳᠠ ᠲᠠᠳᠠᠵᠤ ᠪᠠᠶᠠᠵᠢᠯ᠎ᠤᠨ ᠵᠠᠮ ᠎ᠵᠢᠡᠷ ᠵᠤᠷᠢᠬᠳᠠᠢ ᠤᠷᠤᠭᠰᠢᠯᠠᠨ᠎ᠠ᠃ ᠰᠢᠶᠤᠤ ᠮᠢᠶᠣᠣ ᠽᠢ ᠲᠣᠰᠬᠣᠨ ᠴᠦ᠍ ᠪᠦᠬᠦ ᠤᠯᠤᠰ ᠤ᠋ᠨ ᠦᠨᠳᠦᠰᠦᠲᠡᠨ ᠤ᠋ ᠪᠦᠯᠬᠦᠮᠳᠡᠯ ᠲᠠᠪᠰᠢᠯᠳᠠ ᠵᠢᠨ ᠵᠢᠱ᠌ᠢᠢ᠎ᠡ ᠦᠵᠡᠭᠦᠯᠬᠦ ᠨᠢᠭᠡᠴᠢ ᠵᠡᠷᠭᠡ ᠢᠷᠠᠭᠤ ᠠᠯᠳᠠᠷ ᠢ᠋ ᠬᠦᠷᠳᠡᠵᠤ ᠬᠤᠯᠠ ᠤᠢᠷ᠎ᠠ ᠎ᠳᠠᠭᠠᠨ ᠨᠠᠷ᠎ᠠ ᠠᠯᠳᠠᠷ ᠲᠠᠢ ᠪᠤᠯᠵᠠᠢ᠃

ᠠᠮᠤ ᠪᠤᠳᠠᠭᠠᠨ ᠤ᠋ ᠤᠨᠠᠯᠳᠠ 820.1 ᠳ᠋ᠦᠩᠰᠢᠭᠤᠷ ᠵᠢᠩ ᠳ᠋ᠦ ᠬᠦᠷᠴᠦ᠂ 《ᠬᠣᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ 》 ᠵᠢ ᠪᠡᠶᠡᠯᠡᠭᠦᠯᠵᠦ᠂ ᠦᠬᠡᠷ ᠬᠣᠨᠢᠨ ᠮᠢᠬ᠎ᠠ᠂ ᠦᠨᠢᠶᠡᠨ ᠰᠦ ᠵᠢᠨ ᠭᠠᠷᠤᠯᠲᠠ ᠴᠥᠮ ᠪᠥᠬᠥ ᠤᠯᠤᠰ ᠲᠦ᠍ ᠲᠦᠷᠦᠭᠦᠯᠡᠵᠤ᠂ ᠠᠵᠤ ᠦᠢᠯᠡᠳᠪᠦᠷᠢ ᠵᠢᠨ ᠨᠡᠮᠡᠭᠳᠡᠯ ᠥᠷᠲᠡᠭ ᠲᠦᠮᠡᠨ ᠳ᠋ᠦᠩᠰᠢᠭᠤᠷ ᠲᠥᠭᠥᠷᠢᠭ ᠤ᠋ᠨ ᠪᠣᠭᠣᠮᠲᠠ ᠵᠢ ᠳᠠᠪᠠᠵᠤ᠂ ᠵᠢᠭᠤᠯᠴᠢᠯᠠᠯ ᠤ᠋ᠨ ᠦᠢᠯᠡᠰ ᠤ᠋ᠨ ᠣᠷᠣᠯᠭ᠎ᠠ 23.4% ᠪᠠᠷ ᠨᠡᠮᠡᠭᠳᠡᠪᠡ ᠁ 2024 ᠣᠨ ᠳ᠋ᠤ᠂ ᠥᠪᠥᠷ ᠮᠣᠩᠭᠣᠯ ᠤ᠋ᠨ ᠦᠨᠳᠦᠰᠦᠲᠡᠨ ᠨᠤᠭᠦᠳ ᠤ᠋ᠨ ᠺᠠᠳ᠋ᠷ ᠣᠯᠠᠨ ᠲᠦᠮᠡᠨ ᠰᠡᠳᠬᠢᠯ ᠨᠢᠭᠡᠳᠦᠨ ᠬᠦᠴᠦ ᠪᠡᠨ ᠬᠠᠮᠲᠤᠳᠬᠠᠵᠤ᠂ ᠠᠮᠵᠢᠯᠲᠠ ᠪᠦᠲᠦᠮᠵᠢ ᠵᠢᠨ ᠬᠠᠭᠤᠳᠠᠰᠤ ᠪᠠᠨ ᠬᠠᠮᠲᠤ ᠪᠠᠷ ᠲᠤᠰᠢᠶᠠᠵᠤ᠂ ᠰᠢᠨ᠎ᠡ ᠵᠠᠮ ᠨᠡᠭᠡᠭᠡᠵᠤ᠂ ᠳᠤᠮᠳᠠ ᠲᠦᠪᠰᠢᠨ ᠳ᠋ᠤ ᠣᠷᠣᠬᠤ ᠪᠣᠳᠠᠲᠤ ᠠᠯᠬᠤᠮ ᠢ᠋ ᠠᠯᠬᠤᠭᠰᠠᠨ ᠪᠢᠯᠡ᠃

ᠬᠥᠭᠵᠢᠯᠲᠡ ᠪᠡᠷ ᠠᠷᠠᠳ ᠤ᠋ᠨ ᠠᠮᠢᠳᠤᠷᠠᠯ ᠢ᠋ ᠠᠬᠢᠭᠤᠯᠵᠤ᠂ ᠠᠷᠠᠳ ᠤ᠋ᠨ ᠠᠮᠢᠳᠤᠷᠠᠯ ᠵᠢᠠᠷ ᠪᠦᠯᠬᠦᠮᠳᠡᠯ ᠢ᠋ ᠠᠬᠢᠭᠤᠯᠤᠨ᠎ᠠ᠃ ᠬᠣᠲᠠ ᠬᠥᠳᠡᠭᠡ ᠵᠢᠨ ᠰᠠᠭᠤᠭᠠᠯᠢ ᠠᠷᠠᠳ ᠤ᠋ᠨ ᠨᠠᠰᠤᠵᠢᠯ ᠤ᠋ᠨ ᠠᠰᠠᠷᠠᠮᠵᠢ ᠵᠢᠨ ᠮᠥᠩᠭᠥ᠂ ᠵᠡᠮᠳᠡᠭᠴᠦᠳ ᠤ᠋ᠨ ᠨᠥᠬᠥᠪᠥᠷᠢ ᠵᠡᠷᠭᠡ 5 ᠵᠦᠢᠯ ᠤ᠋ᠨ ᠪᠠᠷᠢᠮᠵᠢᠶ᠎ᠠ ᠵᠢ ᠳᠡᠭᠡᠭᠰᠢᠯᠡᠭᠦᠯᠵᠦ᠂ ᠠᠷᠠᠳ ᠤ᠋ᠨ ᠠᠮᠢᠳᠤᠷᠠᠯ ᠤ᠋ᠨ ᠦᠨᠳᠦᠰᠦᠨ ᠪᠠᠲᠤᠯᠠᠭ᠎ᠠ ᠵᠢᠨ ᠪᠠᠷᠢᠮᠵᠢᠶ᠎ᠠ ᠵᠢ ᠪᠦᠬᠦᠨ ᠢ᠋ ᠪᠥᠬᠥ ᠤᠯᠤᠰ ᠤ᠋ᠨ ᠳᠤᠮᠳᠠᠴᠢ ᠬᠢᠷᠢ ᠲᠦᠪᠰᠢᠨ ᠳ᠋ᠦ ᠬᠦᠷᠭᠡᠭᠰᠡᠨ ᠪᠠ ᠳᠠᠪᠠᠭᠤᠯᠪᠠ᠃ ᠪᠥᠬᠥ ᠣᠷᠣᠨ ᠤ᠋ 333 ᠡᠮᠴᠢᠯᠡᠭᠡᠨ ᠤ᠋ ᠪᠠᠢᠭᠤᠯᠤᠮᠵᠢ ᠪᠠᠢᠴᠠᠭᠠᠯᠳᠠ ᠵᠢᠨ ᠦᠷ᠎ᠡ ᠳ᠋ᠦᠩ ᠵᠢᠡᠨ ᠬᠠᠷᠢᠯᠴᠠᠨ ᠮᠡᠳᠡᠷᠡᠬᠦ ᠵᠢ ᠪᠡᠶᠡᠯᠡᠭᠦᠯᠪᠡ; ᠰᠢᠶᠠᠩ ᠪᠠᠯᠭᠠᠰᠤᠨ ᠤ᠋ ᠨᠠᠰᠤᠵᠢᠯ ᠤ᠋ᠨ ᠠᠰᠠᠷᠠᠮᠵᠢ ᠵᠢᠨ ᠦᠢᠯᠡᠴᠢᠯᠡᠭᠡᠨ ᠤ᠋ ᠲᠥᠪ ᠪᠠ ᠭᠠᠴᠠᠭ᠎ᠠ ᠲᠣᠰᠬᠣᠨ ᠤ᠋ ᠨᠠᠰᠤᠵᠢᠯ ᠤ᠋ᠨ ᠠᠰᠠᠷᠠᠮᠵᠢ ᠵᠢᠨ ᠦᠢᠯᠡᠴᠢᠯᠡᠭᠡᠨ ᠤ᠋ ᠦᠷᠳᠡᠭᠡ ᠵᠢᠨ ᠪᠦᠷᠬᠦᠴᠡ ᠵᠢᠨ ᠨᠤᠷᠮ᠎ᠠ ᠲᠤᠰ ᠲᠤᠰ 73.3% ᠪᠠ 55.8% ᠳ᠋ᠤ ᠬᠦᠷᠴᠡᠢ ᠁ ᠥᠪᠥᠷ ᠮᠣᠩᠭᠣᠯ ᠠᠷᠠᠳ ᠤ᠋ᠨ ᠠᠮᠢᠳᠤᠷᠠᠯ ᠢ᠋ ᠲᠠᠰᠤᠷᠠᠯᠲᠠ ᠦᠭᠡᠢ ᠰᠠᠢᠵᠢᠷᠠᠭᠤᠯᠵᠤ᠂ ᠬᠥᠮᠦᠰ ᠤ᠋ᠨ ᠰᠡᠳᠬᠢᠯ ᠢ᠋ ᠨᠢᠭᠲᠠᠷᠠᠭᠤᠯᠤᠨ᠂ ᠦᠨᠳᠦᠰᠦᠲᠡᠨ ᠨᠤᠭᠦᠳ ᠤ᠋ᠨ ᠤᠯᠠᠨ ᠲᠦᠮᠡᠨ ᠳ᠋ᠦ ᠣᠳᠣᠬᠢᠴᠢᠯᠠᠯᠲᠠ ᠵᠢᠨ ᠪᠦᠳᠦᠭᠡᠨ ᠪᠠᠢᠭᠤᠯᠤᠯᠲᠠ ᠵᠢᠨ ᠠᠮᠵᠢᠯᠲᠠ ᠪᠦᠲᠦᠮᠵᠢ ᠵᠢ ᠡᠳ᠋ᠯᠡᠭᠦᠯᠵᠤ ᠪᠤᠢ᠃

ᠠᠮᠵᠢᠯᠳᠠ ᠪᠦᠳᠦᠮᠵᠢ ᠨᠢ ᠬᠥᠮᠦᠰ ᠤ᠋ᠨ ᠰᠡᠳᠬᠢᠯ ᠢ᠋ ᠬᠦᠪᠴᠢᠯᠡᠨ᠂ ᠬᠠᠷᠠᠯᠲᠠ ᠵᠤᠷᠢᠯᠳᠠ ᠨᠢ ᠬᠥᠮᠦᠰ ᠤ᠋ᠨ ᠤᠷᠮ᠎ᠠ ᠵᠣᠷᠢᠭ ᠢ᠋ ᠬᠥᠭᠵᠢᠭᠡᠨ᠎ᠡ᠃ ᠪᠥᠬᠥ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ᠂ ᠬᠥᠯᠥᠨ ᠪᠣᠢᠷ ᠬᠣᠲᠠ ᠵᠢᠨ ᠬᠠᠢᠯᠠᠷ ᠤ᠋ᠨ ᠬᠣᠶᠠᠳᠤᠭᠠᠷ ᠳᠤᠮᠳᠠᠳᠤ ᠰᠤᠷᠭᠠᠭᠤᠯᠢ ᠵᠢᠨ ᠪᠠᠭᠰᠢ ᠬ᠍ᠣ ᠬᠠᠶ ᠵᠢᠤᠸᠠᠨ ᠬᠡᠷ ᠤ᠋ᠨ ᠠᠬᠠᠮᠠᠳ ᠤ᠋ᠨ ᠪᠣᠯᠪᠠᠰᠤᠷᠠᠯ ᠬᠦᠮᠦᠵᠢᠯ ᠤ᠋ᠨ ᠡᠷᠴᠢᠮ ᠢ᠋ ᠴᠢᠩᠭᠠᠷᠠᠭᠤᠯᠵᠤ ᠬᠡᠷ ᠪᠦᠯᠢ ᠵᠢᠨ ᠬᠥᠮᠦᠵᠢᠯ ᠢ᠋ ᠠᠬᠢᠭᠤᠯᠬᠤ ᠲᠤᠬᠠᠶ ᠰᠠᠨᠠᠭᠤᠯᠭ᠎ᠠ ᠠᠪᠴᠢᠷᠠᠪᠠ︔ ᠪᠥᠬᠥ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠰᠢᠭᠦᠨ᠂ ᠥᠪᠥᠷ ᠮᠣᠩᠭᠣᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠵᠢᠨ ᠴᠠᠭᠠᠨ ᠢᠳᠡᠭᠡᠨ᠎ᠤ ᠦᠢᠯᠡᠰ ᠤ᠋ᠨ ᠳᠡᠭᠡᠳᠦ ᠰᠤᠷᠭᠠᠭᠤᠯᠢ ᠵᠢᠨ ᠵᠠᠬᠢᠷᠤᠯ᠂ ᠴᠠᠭᠠᠨ ᠢᠳᠡᠭᠡᠨ ᠤ᠋ ᠠᠮᠢᠳᠤ ᠪᠣᠳᠠᠰ ᠤ᠋ᠨ ᠮᠡᠷᠭᠡᠵᠢᠯ ᠬᠢᠭᠡᠳ ᠢᠨᠵᠧᠨᠧᠷᠢᠩ ᠤ᠋ᠨ ᠰᠤᠷᠭᠠᠨ ᠬᠥᠮᠦᠵᠢᠯ ᠤ᠋ᠨ ᠬᠡᠯᠳᠡᠰ ᠤ᠋ᠨ ᠭᠣᠤᠯᠳᠠᠯᠭᠠᠳᠤ ᠲᠤᠷᠰᠢᠯᠲᠠ ᠵᠢᠨ ᠲᠠᠰᠤᠭ ᠤ᠋ᠨ ᠳᠡᠳ᠋ ᠡᠷᠬᠢᠯᠡᠭᠴᠢ ᠰᠦᠨ ᡁᠢ ᠬᠣᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ ᠪᠡᠷ ᠬᠥᠳᠡᠯᠭᠡᠭᠦᠷ ᠪᠣᠯᠭᠠᠭᠰᠠᠨ ᠰᠦᠨ ᠬᠦᠴᠢᠯ ᠤ᠋ᠨ ᠪᠠᠺᠲ᠋ᠧᠷᠢ ᠵᠢᠨ ᠠᠵᠤ ᠦᠢᠯᠡᠰ ᠤ᠋ᠨ ᠴᠢᠨᠠᠷ ᠰᠠᠢᠲᠠᠶ ᠬᠥᠭᠵᠢᠯᠲᠡ ᠵᠢᠨ ᠰᠠᠨᠠᠯ ᠳᠤᠷᠠᠳᠤᠯᠭ᠎ᠠ  ᠠᠪᠴᠢᠷᠠᠪᠠ ᠁ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠳᠤ ᠴᠤᠭᠴᠠᠯᠠᠬᠤ ᠠᠵᠢᠯ ᠤ᠋ᠨ ᠭᠣᠣᠯ ᠰᠢᠵᠢᠮ ᠢ᠋ ᠴᠢᠩᠭ᠎ᠠ ᠡᠵᠡᠮᠳᠡᠵᠦ᠂ ᠲᠥᠯᠥᠭᠡᠯᠡᠭᠴᠢᠳ ᠭᠡᠰᠢᠭᠦᠳ ᠤ᠋ᠨ ᠪᠣᠳᠠᠲᠠᠢ ᠵᠢ ᠡᠷᠬᠢᠮᠯᠡᠬᠦ ᠠᠷᠭ᠎ᠠ ᠤᠬᠠᠭᠠᠨ᠂ ᠬᠥᠭᠵᠢᠯᠲᠡ ᠵᠢ ᠡᠷᠢᠯᠬᠢᠯᠡᠬᠦ ᠠᠷᠭ᠎ᠠ ᠪᠤᠳᠤᠯᠭ᠎ᠠ ᠵᠢ ᠳᠡᠪᠰᠢᠭᠦᠯᠵᠦ᠂ ᠠᠵᠤ ᠠᠬᠤᠢ ᠨᠡᠢᠭᠡᠮ ᠤ᠋ᠨ ᠴᠢᠨᠠᠷ ᠰᠠᠢᠲᠠᠢ ᠬᠥᠭᠵᠢᠯᠲᠡ ᠳ᠋ᠦ ᠲᠠᠰᠤᠷᠠᠯᠳᠡ ᠦᠭᠡᠢ ᠤᠶᠤᠨ ᠤᠬᠠᠭᠠᠨ ᠪᠠ ᠬᠦᠴᠦᠨ ᠴᠢᠳᠠᠯ ᠵᠢᠠᠨ ᠡᠷᠭᠦᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号