ᠨᠤᠭᠤᠭᠠᠷᠠᠭᠤᠯᠤᠯᠳᠠ ᠵᠢ ᠤᠳᠠᠭᠠᠨ ᠲᠠᠭᠠᠭᠠᠮᠠᠭᠠᠢ ᠪᠠᠷᠢᠮᠳᠠᠯᠠᠬᠤ ᠬᠡᠷᠡᠭᠳᠡᠢ
2025-03-07 16:35:15
ᠵᠣᠬᠢᠶᠠᠭ᠍ᠴᠢ᠄
ᠵᠢᠢ ᠬᠠᠢ ᠶᠠᠩ
ᠣᠩᠱᠢᠭ᠍ᠰᠠᠨ ᠣᠳᠠᠭ᠎ᠠ᠄
★★★☆☆

ᠰᠠᠢᠨ ᠰᠠᠢᠬᠠᠨ ᠠᠮᠢ ᠠᠬᠤᠢ ᠤᠷᠴᠢᠨ ᠲᠤᠭᠤᠷᠢᠨ ᠪᠤᠯ ᠠᠷᠠᠳ ᠤ᠋ᠨ ᠠᠮᠢᠳᠤᠷᠠᠯ ᠳ᠋ᠸ᠋ ᠨᠡᠢᠳᠡᠮ ᠠᠰᠢᠬ ᠬᠦᠷᠳᠡᠬᠡᠬᠦ  ᠪᠤᠶᠠᠨ ᠬᠡᠰᠢᠭ ᠮᠦᠨ᠃ ᠡᠨᠡ ᠵᠢᠯ ᠤ᠋ᠨ ᠪᠦᠬᠦ ᠤᠯᠤᠰ ᠤ᠋ᠨ ᠬᠤᠶᠠᠷ ᠬᠤᠷᠠᠯ ᠲᠡᠭᠡᠷ᠎ᠡ ᠠᠮᠢ ᠠᠬᠤᠢ᠂ ᠪᠤᠬᠢᠷᠳᠤᠯ ᠦᠬᠡᠢ᠂ ᠪᠠᠭ᠎ᠠ ᠨᠡᠬᠦᠷᠡᠰᠤᠳᠦ᠋ᠷᠦᠭ᠌ᠴᠢᠳᠤ ᠵᠡᠷᠬᠡ  ᠶᠠᠷᠢᠶᠠᠨ ᠤ᠋ ᠰᠡᠳᠦᠪ ᠨᠡᠢᠳᠡᠮ ᠤ᠋ᠨ ᠠᠩᠬᠠᠷᠤᠯ ᠎ᠢ ᠲᠠᠳᠠᠪᠠ᠃ ᠵᠠᠰᠠᠬ ᠤ᠋ᠨ ᠤᠷᠳᠤᠨ ᠤ᠋ ᠠᠵᠢᠯ ᠤ᠋ᠨ ᠢᠯᠡᠳᠬᠡᠯ ᠴᠦ᠍ ᠪᠤᠯᠤᠬ᠂ ᠲᠦᠯᠦᠬᠡᠯᠡᠭᠴᠢ ᠬᠡᠰᠢᠬᠦᠨ ᠤ᠋ ᠰᠠᠨᠠᠯ ᠵᠦᠪᠯᠡᠯᠭᠡ ᠰᠠᠨᠠᠯ ᠲᠤᠷᠠᠳᠤᠯᠭ᠎ᠠ ᠴᠦ᠍ ᠪᠤᠯᠤᠬ᠂ ᠠᠮᠢ ᠠᠬᠤᠢ ᠵᠢᠨ ᠬᠠᠮᠠᠭᠠᠯᠠᠯᠳᠠ ᠬᠢᠬᠡᠳ ᠪᠠᠢᠭᠤᠯᠤᠯᠳᠠ ᠲᠠᠢ ᠬᠠᠮᠢᠶ᠎ᠠ ᠪᠦᠬᠦᠢ ᠠᠭᠤᠯᠭ᠎ᠠ ᠤᠯᠠᠨᠳᠠ ᠲᠤᠷᠠᠳᠤᠬᠳᠠᠪᠠ᠃

ᠮᠠᠨ ᠤ᠋ ᠤᠯᠤᠰ ᠤ᠋ᠨ ᠤᠮᠠᠷᠠᠳᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠠᠳᠤ ᠴᠤᠬᠴᠠᠯᠠᠬᠤ ᠪᠤᠯ  ᠦᠪᠦᠷ ᠮᠤᠩᠭᠤᠯ ᠤ᠋ᠨ ᠡᠷᠬᠡᠪᠰᠢ ᠪᠠᠳᠤ ᠴᠡᠬᠡᠵᠢᠯᠡᠬᠦ 《ᠤᠯᠤᠰ ᠤ᠋ᠨ ᠶᠡᠬᠡ ᠶᠠᠪᠤᠳᠠᠯ》 ᠪᠤᠯᠤᠨ᠎ᠠ;  ᠡᠯᠡᠰᠦᠷᠭᠡᠭᠵᠢᠯ ᠎ᠢ ᠰᠡᠷᠬᠡᠢᠯᠡᠨ ᠡᠯᠡᠰᠦ ᠵᠢ ᠵᠠᠰᠠᠬᠤ ᠪᠤᠯ ᠦᠪᠦᠷ ᠮᠤᠩᠭᠤᠯ ᠤ᠋ᠨ ᠠᠮᠢ ᠠᠬᠤᠢ ᠠᠮᠤᠷ ᠲᠦᠪᠰᠢᠨ ᠤ᠋ ᠬᠠᠯᠬᠠᠪᠴᠢ ᠵᠢᠨ ᠪᠠᠢᠭᠤᠯᠤᠯᠳᠠ ᠵᠢ ᠠᠬᠢᠭᠤᠯᠬᠤ ᠴᠢᠬᠤᠯᠠ ᠠᠵᠢᠯ ᠪᠤᠯᠬᠤ ᠶᠤᠮ᠃ 2024 ᠤᠨ ᠳ᠋ᠸ᠋᠂  ᠦᠪᠦᠷ ᠮᠤᠩᠭᠤᠯ 《ᠤᠮᠠᠷᠠᠳᠤ ᠵᠢᠨ ᠭᠤᠷᠪᠠᠨ ᠤᠷᠤᠨ》  ᠤ᠋ ᠢᠨᠵᠸᠨ᠋ᠸᠷᠢᠩ ᠤ᠋ᠨ ᠪᠦᠳᠦᠭᠡᠨ ᠪᠠᠢᠭᠤᠯᠤᠯᠳᠠ ᠵᠢᠨ ᠡᠬᠦᠷᠬᠡ ᠵᠢ 2442 ᠲᠦᠮᠡᠨ ᠮᠤ᠌ ᠲᠠᠭᠤᠰᠬᠠᠵᠤ᠂ ᠪᠦᠬᠦ ᠤᠯᠤᠰ ᠤ᠋ᠨ 45.8% ᠵᠢ ᠡᠵᠡᠯᠡᠪᠡ; ᠡᠯᠡᠰᠦᠷᠭᠡᠭᠵᠢᠯ ᠎ᠢ ᠰᠡᠷᠬᠡᠢᠯᠡᠨ ᠡᠯᠡᠰᠦ ᠵᠢ ᠵᠠᠰᠠᠬᠰᠠᠨ ᠲᠠᠯᠠᠪᠠᠢ ᠨᠢ 1954 ᠲᠦᠮᠡᠨ ᠮᠤ᠌ ᠳ᠋ᠸ᠋ ᠬᠦᠷᠴᠦ᠂ ᠪᠦᠬᠦ ᠤᠯᠤᠰ ᠤ᠋ᠨ ᠲᠡᠷᠢᠬᠦᠨ ᠳ᠋ᠸ᠋ ᠤᠷᠤᠪᠠ᠃ ᠡᠢᠮᠦᠷᠬᠦᠦ ᠠᠮᠵᠢᠯᠳᠠ ᠪᠦᠳᠦᠮᠵᠢ ᠵᠢ ᠤᠯᠤᠬᠰᠠᠨ ᠨᠢ ᠶᠠᠭᠤᠨ ᠳ᠋ᠸ᠋ ᠲᠦᠰᠢᠭᠯᠡᠭᠰᠡᠨ ᠪᠤᠢ ? ᠲᠡᠭᠡᠷ᠎ᠡ ᠲᠤᠤᠷ᠎ᠠ ᠱᠠᠳᠤ ᠪᠡᠷ ᠵᠢᠡᠨ ᠨᠢᠬᠡ ᠯᠡ ᠬᠦᠯᠬᠡ ᠰᠢᠳᠠᠷ᠎ᠠ ᠵᠢᠨ ᠪᠠᠢᠷᠢᠰᠢᠯ᠎ᠢ ᠪᠦᠷᠢᠯᠳᠦᠬᠦᠯᠬᠦ ᠡᠷᠡᠰ ᠴᠢᠩᠭ᠎ᠠ ᠢᠳᠡᠬᠡᠯ ᠪᠢᠰᠢᠷᠡᠯ᠂ ᠲᠦᠷᠬᠡᠨ ᠬᠦᠴᠦᠳᠡᠢ ᠡᠷᠡᠰ ᠰᠢᠭᠤᠷᠬᠠᠢ ᠠᠵᠢᠯᠯᠠᠭ᠎ᠠ᠂ ᠵᠠᠰᠠᠯᠳᠠ ᠵᠢᠨ ᠬᠡᠪ ᠵᠠᠬᠪᠤᠷ᠎ᠤᠨ ᠰᠢᠨ᠎ᠡ  ᠵᠢ  ᠡᠬᠦᠳᠦᠭᠰᠡᠨ ᠳ᠋ᠤ ᠪᠠᠢᠭ᠎ᠠ  ᠶᠤᠮ᠃

ᠨᠤᠮᠢᠨ ᠨᠤᠭᠤᠭᠠᠨ ᠪᠤᠯ ᠦᠪᠦᠷ ᠮᠤᠩᠭᠤᠯ ᠤ᠋ᠨ ᠲᠡᠪᠢᠰᠬᠡᠷ ᠦᠩᠭᠡ ᠪᠠ ᠦᠨ᠎ᠡ ᠦᠷᠳᠡᠭ ᠶᠤᠮ᠃  ᠵᠠᠰᠠᠬ ᠤ᠋ᠨ ᠤᠷᠳᠤᠨ ᠤ᠋ ᠠᠵᠢᠯ ᠤ᠋ᠨ ᠢᠯᠡᠳᠬᠡᠯ ᠳ᠋ᠸ᠋᠂ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠳᠠ ᠵᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠥᠰᠦᠯᠲᠡ ᠵᠢ ᠨᠡᠮᠡᠭᠳᠡᠭᠦᠯᠬᠦ ᠵᠢ ᠬᠠᠮᠵᠢᠯᠴᠠᠭᠤᠯᠤᠨ ᠠᠬᠢᠭᠤᠯᠵᠤ᠂ ᠠᠵᠤ ᠠᠬᠤᠢ ᠨᠡᠢᠬᠡᠮ ᠤ᠋ᠨ ᠬᠦᠭᠵᠢᠯᠳᠡ ᠵᠢᠨ ᠪᠦᠬᠦ ᠲᠠᠯ᠎ᠠ ᠪᠡᠷ ᠪᠤᠬᠢᠷᠳᠤᠯ ᠦᠬᠡᠢ ᠲᠡᠢᠰᠢ ᠬᠡᠯᠪᠡᠷᠢ ᠪᠡᠨ ᠬᠤᠪᠢᠷᠠᠭᠤᠯᠬᠤ ᠵᠢ ᠲᠦᠷᠬᠡᠳᠬᠡᠬᠦ ᠬᠡᠷᠡᠭᠳᠡᠢ ᠬᠡᠵᠦ ᠲᠤᠷᠠᠳᠤᠨ ᠭᠠᠷᠭᠠᠵᠠᠢ᠃ ᠰᠢᠨ᠎ᠡ ᠡᠬᠦᠷᠬᠡ ᠰᠢᠨ᠎ᠡ ᠦᠷᠢᠰᠦᠯᠳᠦᠬᠡᠨ ᠤ᠋ ᠡᠮᠦᠨ᠎ᠡ᠂ ᠦᠪᠦᠷ ᠮᠤᠩᠭᠤᠯ ᠢᠮᠠᠬᠳᠠ ᠠᠮᠢ ᠠᠬᠤᠢ ᠤᠷᠴᠢᠨ ᠲᠤᠭᠤᠷᠢᠨ᠎ᠤ ᠬᠠᠮᠠᠭᠠᠯᠠᠯᠳᠠ  ᠵᠢ ᠲᠡᠷᠢᠬᠦᠨ ᠪᠠᠢᠷᠢᠨ ᠳ᠋ᠸ᠋ ᠲᠠᠯᠪᠢᠵᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠭᠡᠷ ᠡᠯᠡᠰᠦ ᠮᠠᠩᠬ᠎ᠠ ᠵᠢ ᠨᠢᠬᠡ ᠴᠤᠬᠴᠠᠵᠢᠭᠤᠯᠤᠨ ᠬᠠᠮᠠᠭᠠᠯᠠᠬᠤ ᠪᠠ ᠰᠢᠰᠲᠸᠮ ᠲᠠᠢ ᠵᠠᠰᠠᠬᠤ ᠵᠢ ᠨᠢᠬᠡᠳᠦᠯᠳᠡᠢ ᠲᠦᠯᠦᠪᠯᠡᠨ ᠠᠬᠢᠭᠤᠯᠵᠤ᠂  ᠬᠦᠬᠡ ᠤᠬᠳᠠᠷᠭᠤᠢ᠂ ᠬᠦᠬᠡᠮᠳᠦᠭ ᠤᠰᠤ᠂ ᠴᠡᠪᠡᠷ ᠬᠦᠷᠦᠰᠦ ᠵᠢ ᠬᠠᠮᠠᠭᠠᠯᠠᠬᠤ ᠲᠠᠢᠯᠠᠯᠳᠤᠭᠠᠨ ᠎ᠢ ᠬᠠᠮᠵᠢᠯᠴᠠᠭᠤᠯᠤᠨ ᠰᠠᠢᠳᠤᠷ ᠬᠢᠵᠦ᠂ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠨᠡᠩ ᠪᠠᠳᠤ  ᠴᠤᠬᠴᠠᠯᠠᠵᠤ᠂ ᠨᠡᠩ ᠲᠤᠬᠳᠠᠭᠤᠨ ᠪᠠᠢᠯᠭᠠᠬᠤ ᠬᠡᠷᠡᠭᠳᠡᠢ; 《ᠤᠮᠠᠷᠠᠳᠤ ᠵᠢᠨ ᠭᠤᠷᠪᠠᠨ ᠤᠷᠤᠨ》 ᠤ᠋ ᠢᠨᠵᠸᠨ᠋ᠸᠷᠢᠩ ᠤ᠋ᠨ ᠪᠤᠭᠤᠮᠳᠠ ᠰᠢᠪᠳᠤᠯᠬᠤ ᠲᠠᠢᠯᠠᠯᠳᠤᠭᠠᠨ ᠎ᠢ ᠦᠷᠬᠦᠯᠵᠢᠯᠡᠨ ᠰᠠᠢᠳᠤᠷ ᠬᠢᠵᠦ᠂ ᠡᠯᠡᠰᠦᠷᠭᠡᠭᠵᠢᠯ ᠎ᠢ ᠰᠡᠷᠬᠡᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭᠠᠨ ᠬᠡᠷᠡᠯᠴᠢ ᠴᠡᠨᠡᠭ ᠎ᠢ ᠨᠢᠬᠡ ᠴᠤᠬᠴᠠᠵᠢᠭᠤᠯᠬᠤ ᠢᠨᠵᠸᠨ᠋ᠸᠷᠢᠩ ᠎ᠢ ᠦᠷᠬᠦᠯᠵᠢᠯᠡᠨ ᠠᠬᠢᠭᠤᠯᠵᠤ᠂ 《ᠬᠡᠷᠡᠯᠴᠢ ᠴᠡᠨᠡᠭ ᠤ᠋ᠨ ᠤᠷᠳᠤ ᠴᠠᠭᠠᠨ ᠬᠡᠷᠡᠮ》 ᠤ᠋ᠨ ᠪᠠᠢᠭᠤᠯᠤᠯᠳᠠ ᠵᠢᠨ ᠪᠡᠯᠬᠡ ᠲᠡᠮᠳᠡᠭ ᠤ᠋ᠨ ᠴᠢᠨᠠᠷᠳᠠᠢ ᠦᠷ᠎ᠡ ᠪᠦᠳᠦᠬᠡᠯ ᠤᠯᠬᠤ ᠵᠢ ᠠᠬᠢᠭᠤᠯᠬᠤ ᠬᠡᠷᠡᠭᠳᠡᠢ᠃

ᠶᠤᠰᠤ ᠵᠢᠷᠦᠮ᠎ᠢ ᠲᠠᠭᠠᠪᠠᠯ ᠬᠡᠷᠡᠭ ᠶᠠᠪᠤᠳᠠᠯ ᠪᠦᠳᠦᠮᠤᠢ᠃ ᠨᠡᠩ ᠤᠯᠠᠨ ᠬᠦᠮᠦᠨ ᠬᠦᠳᠡᠯᠦᠯᠴᠡᠨ᠂ ᠰᠡᠳᠬᠢᠴᠡ ᠪᠡᠨ ᠨᠡᠬᠡᠬᠡᠯᠳᠡ ᠲᠠᠢ ᠪᠠᠢᠯᠭᠠᠵᠤ᠂  ᠠᠮᠢ ᠠᠬᠤᠢ ᠵᠢᠨ ᠲᠠᠪᠠᠭᠤᠯᠢᠬ ᠎ᠢ ᠬᠦᠭᠵᠢᠯᠳᠡ ᠵᠢᠨ ᠲᠠᠪᠠᠭᠤᠯᠢᠬ ᠪᠤᠯᠭᠠᠨ ᠬᠤᠪᠢᠷᠠᠭᠤᠯᠬᠤ ᠠᠷᠭ᠎ᠠ ᠵᠠᠮ ᠎ᠢ ᠢᠳᠡᠪᠬᠢᠳᠡᠢ ᠪᠡᠷ ᠬᠠᠢᠨ ᠰᠦᠪᠡᠭᠴᠢᠯᠡᠵᠦ᠂  《ᠨᠤᠮᠢᠨ ᠤᠰᠤ ᠬᠦᠬᠡᠮᠳᠦᠭ ᠠᠭᠤᠯᠠ》  ᠬᠢᠬᠡᠳ 《ᠠᠯᠳᠠᠨ ᠠᠭᠤᠯᠠ ᠮᠦᠩᠬᠦᠨ ᠬᠠᠢᠷᠬᠠᠨ》 ᠤ᠋ ᠬᠤᠭᠤᠷᠤᠨᠳᠤᠬᠢ ᠬᠦᠬᠦᠷᠬᠡ ᠵᠢ ᠰᠠᠢᠳᠤᠷ ᠲᠠᠯᠪᠢᠵᠤ᠂ ᠭᠠᠵᠠᠷ ᠤᠷᠤᠨ ᠤ᠋ ᠪᠠᠢᠳᠠᠯ ᠳ᠋ᠠᠭᠠᠨ ᠲᠤᠬᠢᠷᠠᠭᠤᠯᠤᠨ 《ᠦᠵᠡᠰᠬᠦᠯᠡᠩᠳᠦ ᠰᠠᠢᠬᠠᠨ  ᠠᠵᠤ ᠠᠬᠤᠢ》 ᠵᠢ ᠪᠤᠵᠠᠭᠠᠢᠷᠠᠭᠤᠯᠵᠤ᠂ ᠨᠡᠩ ᠤᠯᠠᠨ 《ᠨᠤᠮᠢᠨ ᠤᠰᠤ ᠬᠦᠬᠡᠮᠳᠦᠭ ᠠᠭᠤᠯᠠ ᠵᠢ ᠠᠯᠳᠠᠨ ᠠᠭᠤᠯᠠ ᠮᠦᠩᠬᠦᠨ ᠬᠠᠢᠷᠬᠠᠨ ᠪᠤᠯᠭᠠᠬᠤ》 ᠰᠢᠨ᠎ᠡ ᠭᠠᠢᠬᠠᠮᠰᠢᠬ ᠎ᠢ ᠡᠬᠦᠳᠪᠡᠯ ᠪᠢᠳᠡ ᠰᠠᠶᠢ  ᠠᠮᠢ ᠠᠬᠤᠢ ᠵᠢᠨ ᠦᠷ᠎ᠡ ᠠᠰᠢᠬ ᠎ᠢ ᠨᠡᠩ ᠤᠯᠠᠨ ᠬᠦᠮᠦᠰ ᠲᠦ᠍ ᠬᠦᠷᠳᠡᠬᠡᠵᠦ ᠴᠢᠳᠠᠬᠤ ᠶᠤᠮ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号